ᠰᠢ ᠶᠢᠨ ᠫᠢᠩ ᠤᠨ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠠᠷᠪᠠᠨ ᠨᠢᠭᠡᠳᠦᠭᠡᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ᠂ ᠳᠤᠮᠳᠠᠳᠤ ᠤᠯᠤᠰ ᠤᠨ ᠵᠣᠬᠢᠶᠠᠯᠴᠢᠳ ᠤᠨ ᠨᠡᠶᠢᠭᠡᠮᠯᠢᠭ ᠤᠨ ᠠᠷᠪᠠᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷᠡᠬᠢ ᠶᠠᠷᠢᠶ᠎ᠠ
ᠨᠡᠶᠢᠲᠡᠯᠡᠭᠰᠡᠨ ᠴᠠᠭ᠄
2021/12/17
      ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠠᠷᠪᠠᠨ ᠨᠢᠭᠡᠳᠦᠭᠡᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ᠂ ᠳᠤᠮᠳᠠᠳᠤ ᠤᠯᠤᠰ ᠤᠨ ᠵᠣᠬᠢᠶᠠᠯᠴᠢᠳ ᠤᠨ ᠨᠡᠶᠢᠭᠡᠮᠯᠢᠭ ᠤᠨ ᠠᠷᠪᠠᠳᠤᠭᠠᠷ ᠤᠳᠠᠭᠠᠨ ᠤ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠬᠢᠯᠡᠯᠲᠡ ᠶᠢᠨ ᠶᠣᠰᠣᠯᠠᠯ ᠳᠡᠭᠡᠷᠡᠬᠢ ᠶᠠᠷᠢᠶ᠎ᠠ                               ︵2021 ᠣᠨ ᠤ 12 ᠳ᠋ᠤᠭᠠᠷ ᠰᠠᠷ᠎ᠠ ᠶᠢᠨ 14 ᠤ ᠡᠳᠦᠷ︶                                                  ᠰᠢ ᠶᠢᠨ ᠫᠢᠩᠲᠥᠯᠥᠭᠡᠯᠡᠭᠴᠢᠳ ᠡ᠂ ᠨᠥᠬᠦᠳ ᠡ᠂ ᠨᠠᠶᠢᠵᠠ ᠨᠠᠷ ᠡ᠄      ᠥᠨᠥᠳᠦᠷ ᠪᠢᠳᠡ ᠠᠳᠡ ᠳᠤᠮᠳᠠᠳᠤ ᠤᠯᠤᠰ ᠤᠨ ᠤᠳᠬ᠎ᠠ ᠵᠣᠬᠢᠶᠠᠯ ᠤᠷᠠᠯᠢᠭ ᠤᠨ ᠬᠢᠨ ᠤ ᠬᠤᠯᠪᠣᠭ᠎ᠠ ᠶᠢᠨ ᠠᠷᠪᠠᠨ ᠨᠢᠭᠡᠳᠦᠭᠡᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ᠂ ᠳᠤᠮᠳᠠᠳᠤ ᠤᠯᠤᠰ ᠤᠨ ᠵᠣᠬᠢᠶᠠᠯᠴᠢᠳ ᠤᠨ ᠨᠡᠶᠢᠭᠡᠮᠯᠢᠭ ᠤᠨ ᠠᠷᠪᠠᠳᠤᠭᠠᠷ ᠤᠳᠠᠭ᠎ᠠ ᠶᠢᠨ ᠪᠦᠬᠦ ᠤᠯᠤᠰ ᠤᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠵᠤ᠂ ᠮᠠᠨ ᠤ ᠤᠯᠤᠰ ᠤᠨ ᠤᠳᠬ᠎ᠠ ᠤᠷᠠᠯᠢᠭ ᠤᠨ ᠴᠡᠴᠡᠭᠯᠡᠯᠲᠡ ᠬᠥᠭᠵᠢᠯᠲᠡ ᠶᠢᠨ ᠶᠡᠭᠡ ᠪᠤᠳᠤᠯᠭ᠎ᠠ ᠶᠢ ᠬᠠᠮᠲᠤ ᠪᠠᠷ ᠵᠥᠪᠯᠡᠬᠦ ᠪᠣᠯᠣᠨ᠎ᠠ᠃      ᠡᠩ ᠲᠡᠷᠢᠭᠦᠨ ᠳᠤ ᠪᠢ ᠨᠠᠮ ᠤᠨ ᠲᠥᠪ ᠬᠤᠷᠢᠶᠠᠨ ᠤ ᠡᠮᠦᠨ᠎ᠡ ᠠᠴᠠ ᠶᠡᠭᠡ ᠬᠤᠷᠠᠯ ᠤᠨ ᠬᠤᠷᠠᠯᠳᠤᠭᠰᠠᠨ ᠳᠤ ᠬᠠᠯᠠᠭᠤᠨ ᠪᠠᠶᠠᠷ ᠬᠦᠷᠭᠡᠵᠦ ᠪᠠᠶᠢᠨ᠎ᠠ︕ ᠪᠦᠬᠦ ᠲᠥᠯᠥᠭᠡᠯᠡᠭᠴᠢ᠂ ᠲᠡᠷᠡᠴᠢᠯᠡᠨ ᠲᠠ ᠨᠠᠷ ᠢᠶᠠᠷ ᠳᠠᠮᠵᠢᠭᠤᠯᠤᠨ ᠪᠦᠬᠦ ᠤᠯᠤᠰ ᠤᠨ ᠥᠷᠭᠡᠨ ᠤᠯᠠᠨ ᠤᠳᠬ᠎ᠠ ᠤᠷᠠᠯᠢᠭ ᠤᠨ ᠬᠢᠨ ᠤ ᠠᠵᠢᠯᠲᠠᠳ ᠲᠤ ᠴᠢᠩ ᠰᠡᠳᠬᠢᠯ ᠤᠨ ᠮᠡᠨᠳᠦᠴᠢᠯᠡᠯ ᠳᠡᠪᠰᠢᠭᠦᠯᠦᠶ᠎ᠡ︕      ᠡᠨᠡ ᠵᠢᠯ ᠪᠣᠯ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠪᠣᠯᠣᠨ᠎ᠠ᠃ ᠵᠠᠭᠤᠨ ᠵᠢᠯ ᠤᠨ ᠠᠶᠠᠨ ᠵᠠᠮ ᠰᠦᠷ ᠳᠠᠯᠠᠶᠢᠴᠠᠲᠠᠢ᠂ ᠵᠠᠭᠤᠨ ᠵᠢᠯ ᠤᠨ ᠲᠤᠷᠰᠢ ᠠᠩᠬᠠᠨ ᠤ ᠵᠣᠷᠢᠯᠲᠠ ᠤᠯᠠᠮ ᠢᠶᠠᠷ ᠪᠠᠲᠤᠵᠢᠪᠠ᠃ ᠳᠤᠮᠳᠠᠳᠤ ᠤᠯᠤᠰ ᠤᠨ ᠡᠪ ᠬᠠᠮᠲᠤ ᠨᠠᠮ ᠪᠣᠯ ᠳᠡᠭᠡᠳᠦ ᠬᠡᠮᠵᠢᠶᠡᠨ ᠤ ᠰᠣᠶᠣᠯ ᠤᠨ ᠤᠬᠠᠮᠰᠠᠷ ᠲᠠᠢ ᠨᠠᠮ ᠮᠥᠨ᠂ ᠨᠠᠮ ᠤᠨ ᠵᠠᠭᠤᠨ ᠵᠢᠯ ᠤᠨ ᠲᠡᠮᠡᠴᠡᠯ ᠤᠨ ᠶᠠᠪᠤᠴᠠ ᠳᠤ ᠮᠠᠨ ᠤ ᠤᠯᠤᠰ ᠤᠨ ᠰᠣᠶᠣᠯ ᠤᠨ ᠡᠷᠡᠯᠬᠡᠭᠯᠡᠨ ᠤᠷᠤᠭᠰᠢᠯᠠᠭᠰᠠᠨ ᠲᠡᠦᠬᠡ ᠶᠢ ᠨᠢᠭᠲᠠᠷᠠᠭᠤᠯᠵᠤ ᠪᠠᠶᠢᠳᠠᠭ᠃ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ ᠡᠳᠦᠷ ᠠᠴᠠ ᠪᠠᠨ ᠡᠬᠢᠯᠡᠨ ᠦᠨᠳᠦᠰᠦᠲᠡᠨ ᠤ ᠣᠨᠴᠠᠯᠢᠭ  ᠲᠠᠢ᠂ ᠰᠢᠨᠵᠢᠯᠡᠬᠦ ᠤᠬᠠᠭᠠᠨᠴᠢ᠂ ᠤᠯᠠᠨ ᠲᠦᠮᠡᠨᠴᠢ ᠳᠤᠮᠳᠠᠳᠤ ᠶᠢᠨ ᠦᠨᠳᠦᠰᠦᠲᠡᠨ ᠤ ᠰᠢᠨ᠎ᠡ ᠰᠣᠶᠣᠯ ᠢ ᠪᠤᠢ ᠪᠣᠯᠭᠠᠬᠤ ᠶᠠᠪᠤᠳᠠᠯ ᠢ ᠥᠪᠡᠷ ᠤᠨ ᠢᠶᠠᠨ ᠳᠠᠷᠬᠠᠨ ᠡᠭᠦᠷᠭᠡ ᠪᠣᠯᠭᠠᠵᠤ᠂ ᠰᠣᠶᠣᠯ ᠤᠨ ᠪᠠᠶᠢᠭᠤᠯᠤᠯᠲᠠ ᠪᠠ ᠤᠳᠬ᠎ᠠ ᠤᠷᠠᠯᠢᠭ ᠤᠨ ᠴᠡᠴᠡᠭᠯᠡᠯᠲᠡ ᠬᠥᠭᠵᠢᠯᠲᠡ ᠶᠢ ᠢᠳᠡᠪᠬᠢᠲᠡᠶ ᠠᠬᠢᠭᠤᠯᠪᠠ᠃ ᠮᠠᠤ ᠽᠧ ᠳ᠋ᠦᠩ ᠨᠥᠬᠦᠷ ︽ᠰᠢᠨ᠎ᠡ ᠠᠷᠠᠳᠴᠢᠯᠠᠭᠰᠠᠨ ᠶᠣᠰᠣᠨ ᠤ ᠲᠤᠬᠠᠶ︾ ᠭᠡᠳᠡᠭ ᠵᠣᠬᠢᠶᠠᠯ ᠳᠤ ᠪᠠᠨ᠄ ︽ᠮᠠᠨ ᠤ ᠰᠣᠶᠣᠯ ᠤᠨ ᠬᠦᠷᠢᠶᠡᠨ ᠳᠠᠬᠢ ᠵᠣᠷᠢᠯᠭ᠎ᠠ ᠪᠣᠯ ᠳᠤᠮᠳᠠᠳᠤ ᠶᠢᠨ ᠦᠨᠳᠦᠰᠦᠲᠡᠨ ᠨᠦᠭᠦᠳ ᠤᠨ ᠰᠢᠨ᠎ᠡ ᠰᠣᠶᠣᠯ ᠢ ᠪᠤᠢ ᠪᠣᠯᠭᠠᠬᠤ ᠶᠠᠪᠤᠳᠠᠯ ᠮᠥᠨ︾ ᠭᠡᠵᠡᠶ᠃ ᠵᠠᠭᠤᠨ ᠵᠢᠯ ᠤᠨ ᠲᠤᠷᠰᠢ᠂ ᠨᠠᠮ ᠤᠨ ᠤᠳᠤᠷᠢᠳᠤᠯᠭ᠎ᠠ ᠳᠣᠣᠷ᠎ᠠ᠂ ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠳ ᠴᠠᠭ ᠦᠶ᠎ᠡ ᠲᠠᠢ ᠠᠯᠬᠤᠭ᠎ᠠ ᠪᠠᠨ ᠨᠢᠭᠡᠳᠬᠡᠬᠦ ᠶᠢ ᠪᠠᠷᠢᠮᠲᠠᠯᠠᠵᠤ᠂ ᠠᠷᠠᠳ ᠲᠦᠮᠡᠨ ᠲᠠᠢ ᠠᠮᠢᠰᠬᠤᠭ᠎ᠠ ᠪᠠᠨ ᠨᠢᠭᠡᠳᠬᠡᠨ᠂ ᠬᠤᠪᠢ ᠵᠠᠶᠠᠭ᠎ᠠ ᠪᠠᠨ ᠬᠠᠮᠲᠤᠳᠬᠠᠵᠤ᠂ ᠰᠡᠳᠬᠢᠯ ᠵᠢᠷᠦᠬᠡ ᠪᠠᠨ ᠬᠤᠯᠪᠣᠵᠤ᠂ ᠦᠨᠳᠦᠰᠦᠲᠡᠨ ᠤ ᠵᠣᠷᠢᠭ ᠰᠠᠨᠠᠭᠠᠨ ᠤ ᠭᠠᠯ ᠪᠠᠮᠪᠠᠷ ᠢ ᠥᠨᠳᠥᠷ ᠡᠷᠭᠦᠵᠦ ᠂ ᠴᠠᠭ ᠦᠶ᠎ᠡ ᠶᠢᠨ ᠤᠷᠤᠭᠰᠢᠯᠠᠯᠲᠠ ᠶᠢᠨ ᠪᠦᠷᠢᠶ᠎ᠡ ᠶᠢ ᠬᠠᠩᠭᠢᠨᠠᠭᠤᠯᠵᠤ᠂ ᠬᠤᠪᠢᠰᠬᠠᠯ᠂ ᠪᠦᠲᠦᠭᠡᠨ ᠪᠠᠶᠢᠭᠤᠯᠤᠯᠲᠠ ᠪᠠ ᠥᠭᠡᠷᠡᠴᠢᠯᠡᠯᠲᠡ ᠶᠢᠨ ᠦᠢᠯᠡᠰ ᠲᠤ ᠴᠤᠴᠠᠯᠲᠠ ᠦᠭᠡᠶ ᠣᠷᠣᠯᠴᠠᠵᠤ᠂ ᠪᠠᠶᠠᠯᠢᠭ ᠤᠳᠬ᠎ᠠ ᠤᠷᠠᠯᠢᠭ ᠤᠨ ᠬᠡᠯᠪᠡᠷᠢ ᠪᠠᠷ ᠮᠥᠯᠵᠢᠯ ᠳᠠᠷᠤᠯᠠᠯ ᠢ ᠠᠮᠰᠠᠵᠤ ᠪᠠᠶᠢᠭ᠎ᠠ ᠶᠠᠳᠠᠭᠤ ᠵᠦᠳᠡᠭᠦᠦ ᠬᠥᠳᠡᠯᠮᠦᠷᠢᠴᠢᠨ ᠤᠯᠠᠨ ᠲᠦᠮᠡᠨ ᠳᠤ ᠴᠢᠰᠤ ᠤᠷᠤᠰᠬᠠᠨ ᠡᠷᠡᠯᠬᠡᠭᠯᠡᠨ ᠲᠡᠮᠡᠴᠡᠵᠦ᠂ ᠨᠤᠭᠤᠷᠠᠰᠢ ᠦᠭᠡᠢ ᠤᠷᠤᠭᠰᠢᠯᠠᠨ ᠲᠡᠮᠡᠴᠡᠬᠦ ᠶᠢ ᠤᠷᠮᠠᠰᠢᠭᠤᠯᠤᠨ ᠵᠣᠷᠢᠭᠵᠢᠭᠤᠯᠵᠤ᠂ ᠪᠣᠰᠴᠤ ᠵᠣᠭᠰᠣᠭᠰᠠᠨ ᠳᠤᠮᠳᠠᠳᠤ ᠤᠯᠤᠰ ᠤᠨ ᠠᠷᠠᠳ ᠲᠦᠮᠡᠨ ᠳᠤ ᠥᠪᠡᠷ ᠤᠨ ᠬᠦᠴᠦ ᠪᠠᠷ ᠢᠶᠠᠨ ᠳᠡᠭᠵᠢᠷᠡᠬᠦ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ ᠶᠢ ᠤᠷᠮᠠᠰᠢᠭᠤᠯᠤᠨ ᠵᠣᠷᠢᠭᠵᠢᠭᠤᠯᠵᠤ᠂ ᠥᠭᠡᠷᠡᠴᠢᠯᠡᠯᠲᠡ ᠨᠡᠭᠡᠭᠡᠯᠳᠡ ᠶᠢᠨ ᠶᠡᠭᠡ ᠤᠷᠤᠰᠬᠠᠯ ᠳᠤᠮᠳᠠᠬᠢ ᠲᠦᠭ ᠲᠦᠮᠡᠨ ᠠᠷᠠᠳ ᠲᠦᠮᠡᠨ ᠳᠤ ᠦᠵᠡᠯ ᠰᠠᠨᠠᠭ᠎ᠠ ᠪᠠᠨ ᠴᠢᠯᠥᠭᠡᠯᠡᠵᠦ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠬᠤ ᠶᠢ ᠤᠷᠮᠠᠰᠢᠭᠤᠯᠤᠨ ᠵᠣᠷᠢᠭᠵᠢᠭᠤᠯᠵᠤ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠠᠷᠠᠳ ᠲᠦᠮᠡᠨ ᠳᠤ ᠥᠪᠡᠷ ᠢ ᠪᠠᠨ ᠢᠲᠡᠭᠡᠵᠦ ᠥᠪᠡᠷ ᠢ ᠪᠠᠨ ᠬᠦᠴᠦᠷᠬᠡᠭᠵᠢᠭᠦᠯᠬᠦ᠂ ᠲᠥᠪ ᠴᠢᠬᠡᠴᠢ ᠪᠠᠷ ᠰᠢᠨ᠎ᠡ ᠶᠢ ᠡᠭᠦᠳᠬᠦ ᠶᠢ ᠤᠷᠮᠠᠰᠢᠭᠤᠯᠤᠨ ᠵᠣᠷᠢᠭᠵᠢᠭᠤᠯᠵᠤ᠂ ᠠᠷᠠᠳ ᠲᠦᠮᠡᠨ ᠤ ᠬᠦᠴᠦᠨ ᠢ ᠨᠡᠮᠡᠭᠳᠡᠭᠦᠯᠦᠨ᠂ ᠦᠨᠳᠦᠰᠦᠲᠡᠨ ᠤ ᠵᠣᠷᠢᠭ ᠰᠠᠨᠠᠭ᠎ᠠ ᠶᠢ ᠬᠥᠭᠵᠢᠭᠡᠬᠦ ᠳᠤ ᠴᠢᠬᠤᠯᠠ ᠦᠢᠯᠡᠳᠦᠯ ᠦᠵᠡᠭᠦᠯᠪᠡ᠃      ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠳ ᠨᠠᠮ ᠯᠤᠭ᠎ᠠ ᠰᠡᠳᠬᠢᠯ ᠵᠢᠷᠦᠬᠡ ᠪᠠᠨ ᠬᠤᠯᠪᠣᠨ᠂ ᠠᠷᠠᠳ ᠲᠦᠮᠡᠨ ᠯᠤᠭ᠎ᠠ ᠬᠠᠮᠲᠤ ᠪᠠᠷ ᠤᠷᠤᠭᠰᠢᠯᠠᠵᠤ᠂ ᠭᠤᠣᠯᠳᠠᠯᠭ᠎ᠠ ᠶᠢᠨ ᠲᠣᠭᠤᠷᠢᠨ ᠳᠤ ᠶᠡᠭᠡ ᠲᠠᠯ᠎ᠠ ᠳᠤ ᠦᠢᠯᠡᠴᠢᠯᠡᠵᠦ᠂ ᠴᠠᠭ ᠦᠶ᠎ᠡ ᠶᠢᠨ ᠬᠥᠭᠵᠢᠯᠲᠡ ᠶᠢᠨ ᠬᠠᠩᠭᠢᠨᠠᠮ᠎ᠠ ᠲᠠᠭᠤᠨ ᠢ ᠰᠡᠳᠬᠢᠯ ᠤᠨ ᠭᠦᠨ ᠠᠴᠠ ᠪᠠᠨ ᠴᠤᠤᠷᠢᠶᠠᠳᠤᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠭᠠᠯ ᠬᠠᠯᠠᠭᠤᠨ ᠦᠢᠯᠡᠳᠦᠯᠭᠡ ᠶᠢ ᠠᠮᠢᠳᠤᠯᠢᠭ ᠢᠶᠠᠷ ᠮᠠᠭᠲᠠᠨ ᠳᠠᠭᠤᠯᠠᠵᠤ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠲᠡ᠂ ᠤᠳᠬ᠎ᠠ ᠤᠷᠠᠯᠢᠭ ᠤᠨ ᠠᠵᠢᠯᠯᠠᠭ᠎ᠠ᠂ ᠤᠳᠬ᠎ᠠ ᠤᠷᠠᠯᠢᠭ ᠢᠶᠠᠷ ᠠᠷᠠᠳ ᠲᠤ ᠠᠰᠢᠭ ᠬᠦᠷᠲᠡᠭᠡᠬᠦ ᠵᠡᠷᠭᠡ ᠲᠠᠯ᠎ᠠ ᠪᠠᠷ ᠢᠳᠡᠪᠬᠢᠲᠡᠢ ᠬᠤᠪᠢ ᠨᠡᠮᠡᠷᠢ ᠦᠵᠡᠭᠦᠯᠵᠦ᠂ ᠪᠠᠶᠠᠯᠢᠭ ᠦᠷ᠎ᠡ ᠪᠦᠲᠦᠭᠡᠯ ᠣᠯᠵᠠᠢ᠃ ᠢᠯᠠᠩᠭᠤᠶ᠎ᠠ ᠳᠤᠮᠳᠠᠳᠤ ᠤᠯᠤᠰ ᠤᠨ ᠠᠷᠠᠳ ᠲᠦᠮᠡᠨ ᠤ ᠶᠠᠫᠣᠨ ᠢ ᠡᠰᠡᠷᠭᠦᠴᠡᠬᠦ ᠳᠠᠶᠢᠨ ᠵᠢᠴᠢ ᠳᠡᠯᠡᠬᠡᠶ ᠶᠢᠨ ᠹᠠᠱᠢᠰ ᠢ ᠡᠰᠡᠷᠭᠦᠴᠡᠬᠦ ᠳᠠᠶᠢᠨ ᠢᠯᠠᠯᠲᠠ ᠣᠯᠤᠭᠰᠠᠨ 70 ᠵᠢᠯ ᠤᠨ ᠣᠶ᠂ ᠳᠤᠮᠳᠠᠳᠤ ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠠᠶᠢᠭᠤᠯᠤᠭᠳᠠᠭᠰᠠᠨ 90 ᠵᠢᠯ ᠤᠨ ᠣᠶ᠂ ᠥᠭᠡᠷᠡᠴᠢᠯᠡᠯᠲᠡ ᠨᠡᠭᠡᠭᠡᠯᠲᠡ ᠬᠢᠭᠰᠡᠨ 40 ᠵᠢᠯ ᠤᠨ ᠣᠶ ᠂ ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠣᠶ᠂ ᠳᠤᠮᠳᠠᠳᠤ ᠤᠯᠤᠰ ᠤᠨ ᠠᠷᠠᠳ ᠤᠨ ᠰᠠᠶᠢᠨ ᠳᠤᠷ᠎ᠠ ᠶᠢᠨ ᠴᠡᠷᠢᠭ ᠤᠨ ᠠᠮᠧᠷᠢᠺᠠ ᠶᠢ ᠡᠰᠡᠷᠭᠦᠴᠡᠨ ᠰᠣᠯᠣᠩᠭᠤᠰ ᠢ ᠲᠤᠰᠠᠯᠠᠬᠤ ᠪᠠᠷ ᠭᠠᠳᠠᠭᠠᠳᠤ ᠳᠤ ᠭᠠᠷᠴᠤ ᠳᠠᠶᠢᠨ ᠬᠢᠭᠰᠡᠨ 70 ᠵᠢᠯ ᠤᠨ ᠣᠶ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠡᠷᠭᠡ ᠨᠠᠮ ᠪᠠ ᠤᠯᠤᠰ ᠤᠨ ᠴᠢᠬᠤᠯᠠ ᠶᠡᠭᠡ ᠠᠵᠢᠯᠯᠠᠭ᠎ᠠ ᠶᠢᠨ ᠲᠣᠭᠤᠷᠢᠨ ᠳᠤ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ ᠵᠡᠷᠭᠡ ᠴᠢᠬᠤᠯᠠ ᠶᠡᠭᠡ ᠭᠤᠣᠯ ᠰᠡᠳᠦᠪ ᠤᠨ ᠲᠣᠭᠤᠷᠢᠨ ᠳᠤ᠂ ᠰᠢᠨ᠎ᠡ ᠲᠢᠳᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠡᠰᠡᠷᠭᠦᠴᠡᠬᠦ ᠵᠡᠷᠭᠡ ᠬᠦᠨᠳᠦ ᠶᠡᠭᠡ ᠲᠦᠭᠰᠢᠭᠦᠷᠢᠲᠦ ᠥᠷᠢᠰᠥᠯᠳᠦᠭᠡᠨ ᠤ ᠲᠣᠭᠤᠷᠢᠨ ᠳᠤ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠭᠦᠯᠦᠨ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤᠮᠳᠠᠳᠤ ᠶᠢᠨ ᠬᠦᠰᠡᠯ ᠵᠡᠭᠦᠳᠦ ᠶᠢᠨ ᠲᠣᠭᠤᠷᠢᠨ ᠳᠤ᠂ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠳ ᠣᠶᠤᠨ ᠢᠶᠠᠨ ᠰᠢᠪᠬᠠᠨ ᠶᠡᠭᠡ ᠬᠡᠮᠵᠢᠶᠡᠨ ᠤ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ᠂ ᠤᠳᠬ᠎ᠠ ᠤᠷᠠᠯᠢᠭ ᠤᠨ ᠰᠢᠷᠢᠰ ᠠᠵᠢᠯᠯᠠᠭ᠎ᠠ ᠶᠢ ᠥᠷᠨᠢᠭᠦᠯᠵᠦ᠂ ᠬᠥᠮᠦᠰ ᠤᠨ ᠰᠡᠳᠬᠢᠯ ᠢ ᠨᠢᠭᠲᠠᠷᠠᠭᠤᠯᠬᠤ᠂ ᠠᠷᠠᠳ ᠤᠨ ᠰᠡᠳᠬᠢᠯ ᠢ ᠳᠤᠯᠠᠭᠠᠴᠠᠭᠤᠯᠬᠤ᠂ ᠢᠲᠡᠭᠡᠯ ᠵᠣᠷᠢᠭ ᠢ ᠪᠠᠲᠤᠳᠬᠠᠬᠤ ᠵᠡᠷᠭᠡ ᠦᠢᠯᠡᠳᠦᠯ ᠢᠶᠠᠨ ᠪᠠᠳᠠᠷᠠᠭᠤᠯᠪᠠ᠃ ᠤᠳᠬ᠎ᠠ ᠵᠣᠬᠢᠶᠠᠯ᠂ ᠰᠢ ᠵᠦᠴᠦᠭᠡ᠂ ᠺᠢᠨᠣ᠋᠂ ᠲᠧᠯᠸᠢᠰ ᠵᠦᠴᠦᠭᠡ᠂ ᠳᠠᠭᠤᠤ ᠬᠥᠭᠵᠢᠮ᠂ ᠪᠥᠵᠢᠭ᠂ ᠤᠷᠠᠨ ᠵᠢᠷᠤᠭ᠂ ᠭᠡᠷᠡᠯ ᠵᠢᠷᠤᠭ᠂ ᠤᠷᠠᠨ ᠪᠢᠴᠢᠯᠭᠡ᠂ ᠳᠠᠭᠤᠤᠷᠢᠯᠢᠭ᠂ ᠼᠢᠷᠺ᠂ ᠠᠷᠠᠳ ᠤᠨ ᠤᠳᠬ᠎ᠠ ᠤᠷᠠᠯᠢᠭ᠂ ᠤᠳᠬ᠎ᠠ ᠤᠷᠠᠯᠢᠭ ᠤᠨ ᠰᠢᠭᠦᠮᠵᠢ᠂ ᠤᠯᠡᠠ ᠲᠦᠮᠡᠨ ᠤ ᠤᠳᠬ᠎ᠠ ᠤᠷᠠᠯᠢᠭ᠂ ᠤᠷᠠᠯᠢᠭ ᠤᠨ ᠰᠤᠷᠭᠠᠨ ᠬᠥᠮᠦᠵᠢᠯ ᠵᠡᠷᠭᠡ ᠬᠦᠷᠢᠶᠡᠨ ᠳᠤ ᠴᠥᠮ ᠶᠡᠬᠡᠬᠡᠨ ᠲᠡᠪᠰᠢᠯᠳᠠ ᠲᠠᠢ ᠪᠤᠯᠵᠦ᠂ ᠮᠠᠨ ᠤ ᠤᠯᠤᠰ ᠤᠨ ᠤᠳᠬ᠎ᠠ ᠤᠷᠠᠯᠢᠭ ᠤᠨ ᠦᠢᠯᠡᠰ ᠲᠤ ᠤᠢᠩᠭᠡ ᠶᠢᠨ ᠴᠡᠴᠡᠭ ᠢ ᠵᠡᠷᠭᠡ ᠪᠠᠷ ᠳᠡᠯᠭᠡᠷᠡᠭᠦᠯᠵᠦ᠂ ᠥᠷᠨᠢᠭᠦᠨ ᠪᠠᠳᠠᠷᠠᠩᠭᠤᠶ ᠴᠡᠴᠡᠭᠯᠡᠨ ᠬᠥᠭᠵᠢᠭᠦᠯᠬᠦ ᠪᠠᠶᠢᠳᠠᠯ ᠢᠯᠡᠷᠡᠵᠡᠶ᠃      ᠵᠠᠭᠤᠨ ᠵᠢᠯ ᠤᠨ ᠲᠤᠷᠰᠢ᠂ ᠨᠠᠮ ᠠᠴᠠ ᠤᠳᠬ᠎ᠠ ᠤᠷᠠᠯᠢᠭ ᠤᠨ ᠬᠢᠨ ᠤ ᠹᠷᠣᠨᠲ ᠢ ᠤᠳᠤᠷᠢᠳᠤᠨ ᠲᠠᠰᠤᠷᠠᠯᠲᠠ ᠦᠭᠡᠢ ᠬᠠᠶᠢᠨ ᠰᠦᠪᠡᠭᠴᠢᠯᠡᠬᠦ ᠪᠠ ᠦᠢᠯᠡᠳᠦᠯᠭᠡᠵᠢᠭᠦᠯᠵᠦ᠂ ᠮᠠᠷᠺᠰ ᠤᠨ ᠦᠵᠡᠯ ᠢᠶᠠᠷ ᠵᠢᠯᠤᠭᠤᠳᠤᠯᠭ᠎ᠠ ᠪᠣᠯᠭᠠᠭᠰᠠᠨ᠂ ᠳᠤᠮᠳᠠᠳᠤ ᠤᠯᠤᠰ ᠤᠨ ᠤᠯᠤᠰ ᠤᠨ ᠪᠠᠶᠢᠳᠠᠯ ᠪᠣᠯᠣᠨ ᠰᠣᠶᠣᠯ ᠤᠨ ᠤᠯᠠᠮᠵᠢᠯᠠᠯ ᠳᠤ ᠨᠡᠶᠢᠴᠡᠭᠰᠡᠨ᠂ ᠠᠷᠠᠳᠴᠢ ᠴᠢᠨᠠᠷ ᠢ ᠪᠠᠳᠠᠷᠠᠭᠤᠯᠤᠭᠰᠠᠨ ᠤᠳᠬ᠎ᠠ ᠤᠷᠠᠯᠢᠭ ᠤᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠮᠠᠨ ᠤ ᠤᠯᠤᠰ ᠤᠨ ᠤᠳᠬ᠎ᠠ ᠤᠷᠠᠯᠢᠭ ᠤᠨ ᠬᠥᠭᠵᠢᠯ ᠴᠡᠴᠡᠭᠯᠡᠯ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠨ ᠥᠭᠪᠡ᠃      ᠤᠳᠬ᠎ᠠ ᠤᠷᠠᠯᠢᠭ ᠤᠨ ᠦᠢᠯᠡᠰ ᠪᠣᠯ ᠨᠠᠮ ᠪᠠ ᠠᠷᠠᠳ ᠲᠦᠮᠡᠨ ᠤ ᠴᠢᠬᠤᠯᠠ ᠦᠢᠯᠡᠰ ᠮᠥᠨ᠂ ᠤᠳᠬ᠎ᠠ ᠤᠷᠠᠯᠢᠭ ᠤᠨ ᠬᠢᠨ ᠤ ᠹᠷᠣᠨᠲ ᠪᠣᠯ ᠨᠠᠮ ᠪᠠ ᠠᠷᠠᠳ ᠲᠦᠮᠡᠨ ᠤ ᠴᠢᠬᠤᠯᠠ ᠹᠷᠣᠨᠲ ᠮᠥᠨ᠂ ᠥᠷᠭᠡᠨ ᠤᠯᠠᠨ ᠤᠳᠬ᠎ᠠ ᠤᠷᠠᠯᠢᠭ ᠤᠨ ᠠᠵᠢᠯᠳᠠᠨ ᠨᠠᠮ ᠪᠠ ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢ ᠬᠥᠰᠡᠷᠳᠡᠭᠦᠯᠦᠭᠰᠡᠨ ᠦᠭᠡᠢ ᠭᠡᠳᠡᠭ ᠢ ᠦᠢᠯᠡᠳᠦᠯᠭᠡ ᠭᠦᠢᠴᠡᠳ ᠭᠡᠷᠡᠴᠢᠯᠡᠪᠡ᠃ ᠨᠠᠮ ᠪᠠ ᠠᠷᠠᠳ ᠲᠦᠮᠡᠨ ᠲᠠ ᠨᠠᠷ ᠢ ᠬᠡᠷᠡᠭᠰᠡᠵᠦ᠂ ᠲᠠ ᠨᠠᠷ ᠢ ᠢᠲᠡᠭᠡᠵᠦ᠂ ᠲᠠ ᠨᠠᠷ ᠲᠤ ᠲᠠᠯᠠᠷᠬᠠᠵᠤ ᠪᠠᠶᠢᠨ᠎ᠠ︕      ᠲᠥᠯᠥᠭᠡᠯᠡᠭᠴᠢᠳ ᠡ︕ ᠨᠥᠬᠦᠳ ᠡ᠂ ᠨᠠᠶᠢᠵᠠ ᠨᠠᠷ ᠡ︕      ᠰᠣᠶᠣᠯ ᠮᠠᠨᠳᠤᠪᠠᠯ ᠤᠯᠤᠰ ᠮᠠᠨᠳᠤᠵᠤ᠂ ᠰᠣᠶᠣᠯ ᠬᠦᠴᠦᠷᠬᠡᠭᠵᠢᠪᠡᠯ ᠦᠨᠳᠦᠰᠦᠲᠡᠨ ᠬᠦᠴᠦᠷᠬᠡᠭᠵᠢᠨ᠎ᠡ᠃ ᠤᠳᠤ ᠦᠶ᠎ᠡ ᠶᠢᠨ ᠳᠤᠮᠳᠠᠳᠤ ᠤᠯᠤᠰ ᠤᠨ ᠠᠭᠤᠯᠠ ᠤᠰᠤ ᠰᠦᠷᠯᠢᠭ ᠰᠠᠶᠢᠬᠠᠨ᠂ ᠠᠷᠠᠳ ᠲᠦᠮᠡᠨ ᠣᠮᠤᠭ ᠲᠡᠭᠦᠯᠳᠡᠷ᠂ ᠢᠷᠡᠭᠡᠳᠦᠶ ᠭᠡᠭᠡᠨ ᠰᠠᠷᠠᠭᠤᠯ ᠶᠤᠮ᠃ ᠴᠠᠭ ᠦᠶ᠎ᠡ ᠮᠠᠨ ᠤ ᠤᠯᠤᠰ ᠤᠨ ᠤᠳᠬ᠎ᠠ ᠤᠷᠠᠯᠢᠭ ᠤᠨ ᠴᠡᠴᠡᠭᠯᠡᠯ ᠬᠥᠭᠵᠢᠯ ᠳᠤ ᠤᠷᠢᠳ ᠡᠮᠦᠨ᠎ᠡ ᠪᠠᠶᠢᠭ᠎ᠠ ᠦᠭᠡᠢ ᠥᠷᠭᠡᠨ ᠠᠭᠤᠳᠠᠮ ᠲᠠᠪᠴᠠᠩ ᠬᠠᠩᠭᠠᠵᠤ ᠥᠭᠪᠡ᠃ ᠨᠡᠶᠢᠭᠡᠮ ᠵᠢᠷᠤᠮ ᠤᠨ ᠤᠳᠬ᠎ᠠ ᠤᠷᠠᠯᠢᠭ ᠤᠨ ᠴᠡᠴᠡᠭᠯᠡᠯ ᠬᠥᠭᠵᠢᠯ ᠢ ᠠᠬᠢᠭᠤᠯᠵᠤ᠂ ᠨᠡᠶᠢᠭᠡᠮ ᠵᠢᠷᠤᠮᠲᠤ ᠰᠣᠶᠣᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠳᠤ ᠥᠷᠭᠡᠨ ᠤᠯᠠᠨ ᠤᠳᠬ᠎ᠠ ᠤᠷᠠᠯᠢᠭ ᠤᠨ ᠠᠵᠢᠯᠳᠠᠨ ᠵᠠᠶᠢᠯᠠᠭᠤᠯᠵᠤ ᠪᠣᠯᠤᠰᠢ ᠦᠭᠡᠢ ᠬᠦᠨᠳᠦ ᠡᠭᠦᠷᠭᠡ ᠶᠢ ᠡᠭᠦᠷᠭᠡᠯᠡᠵᠦ᠂ ᠶᠡᠭᠡ ᠦᠢᠯᠡᠰ ᠢ ᠪᠦᠲᠦᠭᠡᠬᠦ ᠬᠡᠷᠡᠭᠲᠡᠢ᠃      ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠨ ᠰᠣᠶᠣᠯ ᠤᠨ ᠤᠬᠠᠮᠰᠠᠷ ᠢᠶᠠᠨ ᠴᠢᠩᠭᠠᠳᠬᠠᠵᠤ᠂ ᠰᠣᠶᠣᠯ ᠤᠨ ᠢᠲᠡᠭᠡᠯ ᠢᠶᠠᠨ ᠪᠠᠲᠤᠳᠬᠠᠵᠤ᠂ ᠬᠤᠷᠴᠠ ᠴᠢᠩᠭ᠎ᠠ ᠲᠡᠦᠬᠡ ᠶᠢᠨ ᠰᠠᠨᠠᠭᠠᠴᠢᠯᠠᠭᠠᠲᠤ ᠵᠣᠷᠢᠭ ᠰᠠᠨᠠᠭ᠎ᠠ ᠪᠠᠷ ᠨᠡᠶᠢᠭᠡᠮ ᠵᠢᠷᠤᠮᠲᠤ ᠰᠣᠶᠣᠯ ᠤᠨ ᠬᠦᠴᠦᠷᠬᠡᠭ ᠤᠯᠤᠰ ᠤᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠶ ᠣᠷᠣᠯᠴᠠᠵᠤ᠂ ᠠᠷᠠᠳ ᠲᠦᠮᠡᠨ ᠳᠤ ᠦᠢᠯᠡᠴᠢᠯᠡᠬᠦ᠂ ᠨᠡᠶᠢᠭᠡᠮ ᠵᠢᠷᠤᠮ ᠳᠤ ᠦᠢᠯᠡᠴᠢᠯᠡᠬᠦ ᠴᠢᠭᠯᠡᠯ ᠢ ᠪᠠᠷᠢᠮᠲᠠᠯᠠᠵᠤ᠂ ᠥᠩᠭᠡ ᠶᠢᠨ ᠴᠡᠴᠡᠭ ᠢ ᠵᠡᠷᠭᠡ ᠪᠠᠷ ᠳᠡᠯᠭᠡᠷᠡᠭᠦᠯᠵᠦ᠂ ᠡᠷᠳᠡᠮᠲᠡᠨ ᠮᠡᠷᠭᠡᠳ ᠢ ᠴᠢᠯᠥᠭᠡᠲᠡᠶ ᠶᠠᠷᠢᠯᠴᠠᠭᠤᠯᠬᠤ ᠴᠢᠭᠯᠡᠯ ᠢ ᠪᠠᠷᠢᠮᠲᠠᠯᠠᠵᠤ᠂ ᠪᠦᠲᠦᠭᠡᠯᠴᠢ ᠴᠢᠨᠠᠷᠲᠠᠢ ᠪᠠᠷ ᠤᠯᠠᠷᠢᠭᠤᠯᠤᠨ᠂ ᠰᠢᠨ᠎ᠡ ᠶᠢ ᠡᠭᠦᠳᠬᠦ ᠴᠢᠨᠠᠷᠲᠠᠶ ᠪᠠᠷ ᠬᠥᠭᠵᠢᠭᠦᠯᠬᠦ ᠶᠢ ᠪᠠᠷᠢᠮᠲᠠᠯᠠᠵᠤ᠂ ᠲᠤᠭ ᠢ ᠥᠨᠳᠥᠷ ᠮᠠᠨᠳᠤᠭᠤᠯᠬᠤ᠂ ᠠᠷᠠᠳ ᠤᠨ ᠰᠡᠳᠬᠢᠯ ᠢ ᠨᠢᠭᠲᠠᠷᠠᠭᠤᠯᠬᠤ᠂ ᠰᠢᠨ᠎ᠡ ᠬᠥᠮᠦᠨ ᠢ ᠬᠥᠮᠦᠵᠢᠭᠦᠯᠬᠦ᠂ ᠰᠣᠶᠣᠯ ᠢ ᠮᠠᠨᠳᠤᠭᠤᠯᠬᠤ᠂ ᠳᠦᠷᠢ ᠲᠥᠷᠬᠦ ᠶᠢ ᠢᠯᠡᠷᠡᠭᠦᠯᠬᠦ ᠡᠭᠦᠷᠭᠡ ᠬᠠᠷᠢᠭᠤᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠦᠨᠳᠦᠰᠦ ᠰᠠᠭᠤᠷᠢ ᠶᠢ ᠪᠣᠶᠢᠵᠢᠭᠤᠯᠤᠨ ᠪᠠᠬᠢᠵᠢᠭᠦᠯᠵᠦ ᠰᠦᠭ ᠰᠦᠨᠡᠰᠦ ᠶᠢ ᠱᠣᠭᠤᠨ ᠪᠦᠲᠦᠭᠡᠬᠦ ᠲᠠᠯ᠎ᠠ ᠪᠠᠷ ᠰᠢᠨ᠎ᠡ ᠬᠠᠷᠢᠭᠤᠴᠠᠯᠭ᠎ᠠ ᠡᠭᠦᠷᠭᠡᠯᠡᠯ ᠢᠶᠠᠨ ᠢᠯᠡᠷᠡᠭᠦᠯᠵᠦ᠂ ᠲᠥᠪ ᠶᠣᠰᠣ ᠶᠢ ᠰᠠᠬᠢᠨ ᠰᠢᠨ᠎ᠡ ᠶᠢ ᠡᠭᠦᠳᠬᠦ ᠳᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠶᠣᠰᠣ ᠰᠤᠷᠲᠠᠬᠤᠨ ᠢ ᠪᠠᠳᠠᠷᠠᠭᠤᠯᠤᠨ ᠪᠡᠶ᠎ᠡ ᠪᠠᠨ ᠵᠠᠰᠠᠬᠤ ᠲᠠᠯ᠎ᠠ ᠪᠠᠷ ᠰᠢᠨ᠎ᠡ ᠳᠦᠷᠢ ᠳᠦᠷᠬᠦ ᠶᠢ ᠪᠣᠢ ᠪᠣᠯᠭᠠᠵᠤ᠂ ᠬᠦᠴᠦᠷᠬᠡᠭᠵᠢᠬᠦ ᠪᠠᠷ ᠬᠦᠴᠦᠯᠡᠨ ᠴᠢᠷᠮᠠᠶᠢᠬᠤ᠂ ᠲᠥᠪ ᠶᠣᠰᠣ ᠲᠦᠭᠡᠮᠡᠯ ᠬᠡᠰᠢᠭ ᠪᠦᠬᠦᠢ ᠰᠣᠶᠣᠯ ᠤᠨ ᠡᠭᠦᠳᠦᠯᠲᠡ ᠪᠠᠷ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠰᠢᠨ᠎ᠡ ᠳᠦᠷᠢ ᠳᠦᠷᠬᠦ ᠶᠢ ᠢᠯᠡᠷᠡᠭᠦᠯᠵᠦ᠂ ᠳᠤᠮᠳᠠᠳᠤ ᠶᠢᠨ ᠰᠣᠶᠣᠯ ᠤᠨ ᠭᠡᠷᠡᠯ ᠰᠠᠴᠤᠷᠠᠩᠭᠤᠢ ᠰᠢᠨ᠎ᠡ ᠠᠮᠵᠢᠯᠲᠠ ᠶᠢ ᠴᠣᠭᠴᠠᠯᠠᠵᠤ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤᠮᠳᠠᠳᠤ ᠶᠢᠨ ᠬᠦᠰᠡᠯ ᠵᠡᠭᠦᠳᠦ ᠶᠢ ᠲᠡᠷᠭᠡᠯᠰᠢᠭᠦᠯᠬᠦ ᠳᠤ ᠦᠷᠳᠡᠭ ᠤᠨ ᠬᠦᠳᠦᠯᠦᠨ ᠵᠢᠯᠣᠭᠤᠳᠬᠤ ᠬᠦᠴᠦᠷᠬᠡᠭ ᠶᠡᠭᠡ ᠬᠦᠴᠦᠨ᠂ ᠰᠣᠶᠣᠯ ᠤᠨ ᠨᠢᠭᠲᠠᠷᠠᠭᠤᠯᠬᠤ ᠬᠦᠴᠦᠨ᠂ ᠤᠶᠤᠨ ᠰᠠᠨᠠᠭᠠᠨ ᠤ ᠲᠦᠯᠬᠢᠭᠴᠢ ᠬᠦᠴᠦᠨ ᠢ ᠬᠠᠩᠭᠠᠬᠤ ᠬᠡᠷᠡᠭᠲᠡᠢ᠃      ᠠᠳᠡ ᠪᠢ ᠲᠠ ᠪᠦᠬᠦᠨ ᠳᠤ ᠬᠡᠳᠦᠨ ᠲᠠᠯ᠎ᠠ ᠶᠢᠨ ᠬᠦᠰᠡᠯ ᠲᠠᠯᠪᠢᠶ᠎ᠠ᠃      ᠨᠢᠭᠡᠳᠦᠭᠡᠷ ᠲᠤ᠂ ᠥᠷᠭᠡᠨ ᠤᠯᠠᠨ ᠤᠳᠬ᠎ᠠ ᠤᠷᠠᠯᠢᠭ ᠤᠨ ᠬᠢᠨ ᠤ ᠠᠵᠢᠯᠲᠠᠨ ᠦᠨᠳᠦᠰᠦᠲᠡᠨ ᠤ ᠰᠡᠷᠭᠦᠨ ᠮᠠᠨᠳᠤᠯᠲᠠ ᠶᠢ ᠪᠡᠶᠡᠯᠡᠭᠦᠯᠬᠦ ᠠᠭᠤᠤ ᠦᠢᠯᠡᠰ ᠲᠠᠢ ᠰᠡᠳᠬᠢᠯ ᠵᠢᠷᠦᠬᠡ ᠪᠠᠨ ᠬᠤᠯᠪᠣᠵᠤ᠂ ᠰᠢᠨ᠎ᠡ ᠴᠠᠭ ᠦᠶ᠎ᠡ ᠰᠢᠨ᠎ᠡ ᠠᠶᠠᠨ ᠤ ᠠᠤᠭ᠎ᠠ ᠰᠦᠷᠯᠢᠭ ᠦᠵᠡᠭᠳᠡᠯ ᠢ ᠣᠷᠭᠢᠯᠤᠮ᠎ᠠ ᠰᠡᠳᠬᠢᠯ ᠢᠶᠠᠷ ᠵᠢᠷᠤᠭᠯᠠᠬᠤ ᠶᠢ ᠬᠦᠰᠡᠵᠦ ᠪᠠᠶᠢᠨ᠎ᠠ᠃ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠪᠣᠯ ᠤᠢᠢᠷ᠎ᠠ ᠦᠶ᠎ᠡ ᠠᠴᠠ ᠨᠠᠭᠠᠰᠢᠬᠢ ᠳᠤᠮᠳᠠᠳᠤ ᠤᠯᠤᠰ ᠤᠨ ᠠᠷᠠᠳ ᠲᠦᠮᠡᠨ ᠪᠣᠯᠤᠨ ᠳᠤᠮᠳᠠᠳᠤ ᠶᠢᠨ ᠦᠨᠳᠦᠰᠦᠲᠡᠨ ᠤ ᠬᠠᠮᠤᠭ ᠤᠨ ᠠᠭᠤᠤ ᠶᠡᠭᠡ ᠬᠦᠰᠡᠯ ᠮᠥᠨ᠃ ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠮᠠᠷᠺᠰ ᠤᠨ ᠦᠵᠡᠯ ᠤᠨ ᠦᠨᠳᠦᠰᠦᠨ ᠤᠭ ᠶᠣᠰᠣ ᠶᠢ ᠳᠤᠮᠳᠠᠳᠤ ᠤᠯᠤᠰ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠲᠠᠢ ᠤᠶᠠᠯᠳᠤᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠢ ᠪᠦᠯᠬᠦᠮᠳᠡᠭᠦᠯᠦᠨ ᠳᠠᠭᠠᠭᠤᠯᠵᠤ ᠡᠨᠡ ᠬᠦ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠬᠥᠮᠦᠨ ᠲᠥᠷᠥᠯᠬᠢᠲᠡᠨ ᠤ ᠬᠥᠭᠵᠢᠯᠲᠡ ᠶᠢᠨ ᠲᠡᠦᠬᠡᠨ ᠳᠡᠭᠡᠷᠡᠬᠢ ᠰᠦᠷ ᠳᠠᠯᠠᠶᠢᠴᠠᠲᠠᠢ ᠭᠠᠶᠢᠬᠠᠮᠰᠢᠭᠲᠤ ᠵᠢᠷᠤᠭ ᠢ ᠵᠢᠷᠤᠭᠯᠠᠵᠤ᠂ ᠳᠤᠮᠳᠠᠳᠤ ᠶᠢᠨ ᠦᠨᠳᠦᠰᠦᠲᠡᠨ ᠤ ᠬᠡᠳᠦᠨ ᠮᠢᠩᠭᠠᠨ ᠵᠢᠯ ᠤᠨ ᠲᠡᠦᠬᠡᠨ ᠳᠠᠬᠢ ᠬᠠᠮᠤᠭ ᠤᠨ ᠠᠤᠭ᠎ᠠ ᠲᠤᠤᠯᠢᠰ ᠢ ᠪᠢᠴᠢᠭᠯᠡᠭᠰᠡᠨ ᠪᠠᠶᠢᠨ᠎ᠠ᠃ ᠤᠳᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠠᠪᠤᠳᠠᠯ ᠪᠤᠴᠠᠰᠢ ᠦᠭᠡᠢ ᠲᠡᠦᠬᠡᠨ ᠠᠬᠢᠴᠠ ᠳᠤ ᠣᠷᠣᠭᠠᠳ ᠪᠠᠶᠢᠨ᠎ᠠ᠃ ᠪᠢᠳᠡ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠬᠠᠷᠠᠯᠲᠠ ᠶᠢ ᠪᠡᠶᠡᠯᠡᠭᠦᠯᠬᠦ ᠳᠤ ᠲᠡᠦᠬᠡ ᠶᠢᠨ ᠠᠯᠢ ᠴᠤ ᠦᠶ᠎ᠡ ᠠᠴᠠ ᠢᠯᠡᠭᠦᠦ ᠣᠶᠢᠷᠠᠬᠠᠨ ᠂ ᠨᠡᠩ ᠢᠯᠡᠭᠦᠦ ᠢᠲᠡᠭᠡᠯ ᠵᠣᠷᠢᠭ ᠪᠠ ᠬᠦᠴᠦᠨ ᠴᠢᠳᠠᠯ ᠲᠠᠢ ᠪᠣᠯᠵᠠᠶ᠂ ᠡᠭᠦᠨ ᠤ ᠬᠠᠮᠲᠤ ᠪᠠᠰᠠ ᠡᠷᠬᠡᠪᠰᠢ ᠨᠡᠩ ᠬᠠᠲᠠᠭᠤ ᠪᠡᠷᠬᠡ᠂ ᠨᠡᠩ ᠰᠢᠷᠭᠠᠭᠤ ᠬᠠᠲᠠᠭᠤᠵᠢᠯᠲᠠᠶ ᠴᠢᠷᠮᠠᠶᠢᠯᠭ᠎ᠠ ᠭᠠᠷᠭᠠᠬᠤ ᠪᠠᠷ ᠪᠡᠯᠡᠬᠡᠨ ᠪᠠᠶᠢᠬᠤ ᠬᠡᠷᠡᠭᠲᠡᠶ᠃      ᠰᠣᠶᠣᠯ ᠪᠣᠯ ᠦᠨᠳᠦᠰᠦᠲᠡᠨ ᠤ ᠤᠶᠤᠨ ᠰᠠᠨᠠᠭᠠᠨ ᠤ ᠠᠮᠢᠨ ᠰᠤᠳᠠᠰᠤ ᠮᠥᠨ᠂ ᠤᠳᠬ᠎ᠠ ᠤᠷᠠᠯᠢᠭ ᠪᠣᠯ ᠴᠠᠭ ᠦᠶ᠎ᠡ ᠶᠢᠨ ᠪᠦᠷᠢᠶ᠎ᠡ ᠮᠥᠨ᠃ ᠡᠷᠲᠡᠨ ᠤ ᠮᠡᠷᠭᠡᠳ ᠤᠨ ᠬᠡᠯᠡᠭᠰᠡᠨᠴᠢᠯᠡᠨ᠄ ︽ᠪᠢᠴᠢᠭ ᠤᠨ ᠬᠥᠮᠦᠨ ᠪᠣᠯᠪᠠᠰᠤ ᠶᠣᠰᠣ ᠰᠤᠷᠲᠠᠬᠤᠨ ᠢ ᠨᠡᠪᠲᠡᠷᠡᠭᠦᠯᠬᠦ ᠵᠡᠪᠰᠡᠭ ᠪᠤᠯᠠᠢ᠃︾ ᠰᠢᠨ᠎ᠡ ᠴᠠᠭ ᠦᠶ᠎ᠡ ᠰᠢᠨ᠎ᠡ ᠠᠶᠠᠨ ᠵᠠᠮ ᠪᠣᠯ ᠤᠳᠤ ᠦᠶ᠎ᠡ ᠶᠢᠨ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠲᠡᠦᠬᠡᠨ ᠣᠷᠣᠨ ᠪᠠᠶᠢᠷᠢ ᠮᠥᠨ᠃ ᠥᠷᠭᠡᠨ ᠤᠯᠠᠨ ᠤᠳᠬ᠎ᠠ ᠤᠷᠠᠯᠢᠭ ᠤᠨ ᠬᠢᠨ ᠤ ᠠᠵᠢᠯᠲᠠᠨ ᠦᠨᠳᠦᠰᠦᠲᠡᠨ ᠤ ᠰᠡᠷᠭᠦᠨ ᠮᠠᠨᠳᠤᠯᠲᠠ ᠶᠢᠨ ᠴᠠᠭ ᠦᠶ᠎ᠡ ᠶᠢᠨ ᠭᠤᠣᠯ ᠰᠡᠳᠦᠪ ᠢ ᠭᠦᠨᠵᠡᠭᠡᠶ ᠡᠵᠡᠮᠳᠡᠵᠦ᠂ ᠠᠮᠢᠳᠤᠷᠠᠬᠤᠢ ᠶᠢᠨ ᠬᠥᠭᠡᠭᠡᠴᠡᠯᠳᠦᠯ᠂ ᠤᠷᠠᠯᠢᠭ ᠤᠨ ᠠᠮᠢ ᠨᠠᠰᠤ ᠪᠠᠨ ᠤᠯᠤᠰ ᠣᠷᠣᠨ ᠤ ᠢᠷᠡᠭᠡᠳᠦᠶ᠂ ᠦᠨᠳᠦᠰᠦᠲᠡᠨ ᠤ ᠬᠤᠪᠢ ᠵᠠᠶᠠᠭ᠎ᠠ᠂ ᠠᠷᠠᠳ ᠲᠦᠮᠡᠨ ᠤ ᠬᠦᠰᠡᠯ ᠡᠷᠡᠮᠡᠯᠵᠡᠯ ᠲᠠᠢ ᠨᠢᠭᠲᠠ ᠤᠶᠠᠯᠳᠤᠭᠤᠯᠵᠤ᠂ ᠰᠣᠶᠣᠯ ᠢᠶᠠᠷ ᠦᠢᠯᠡᠰ ᠢ ᠮᠠᠨᠳᠤᠭᠤᠯᠬᠤ᠂ ᠰᠣᠶᠣᠯ ᠢᠶᠠᠷ ᠦᠨᠳᠦᠰᠦ ᠶᠢ ᠪᠣᠶᠢᠵᠢᠭᠤᠯᠬᠤ᠂ ᠰᠣᠶᠣᠯ ᠢᠶᠠᠷ ᠬᠦᠰᠡᠯ ᠢ ᠬᠥᠪᠥᠷᠡᠭᠦᠯᠬᠦ ᠪᠠ ᠰᠣᠶᠣᠯ ᠢᠶᠠᠷ ᠰᠦᠭ ᠰᠦᠨᠡᠰᠦ ᠶᠢ ᠱᠤᠭᠤᠵᠤ᠂ ᠤᠳᠬ᠎ᠠ ᠤᠷᠠᠯᠢᠭ ᠤᠨ ᠡᠭᠦᠳᠦᠨ ᠪᠦᠲᠦᠭᠡᠯᠲᠡ ᠶᠢ ᠦᠨᠳᠦᠰᠦᠲᠡᠨ ᠤ ᠰᠡᠷᠭᠦᠨ ᠮᠠᠨᠳᠤᠯᠲᠠ ᠶᠢᠨ ᠲᠡᠦᠬᠡᠨ ᠳᠡᠭᠡᠷ᠎ᠡ ᠪᠢᠴᠢᠭᠯᠡᠵᠦ᠂ ᠠᠷᠠᠳ ᠲᠦᠮᠡᠨ ᠤ ᠲᠡᠮᠡᠴᠡᠯ ᠤᠨ ᠠᠶᠠᠨ ᠤ ᠳᠤᠮᠳᠠ ᠪᠢᠴᠢᠭᠯᠡᠬᠦ ᠬᠡᠷᠡᠭᠲᠡᠶ᠃      ᠵᠠᠭᠤᠨ ᠵᠢᠯ ᠤᠨ ᠲᠤᠷᠰᠢ᠂ ᠳᠤᠮᠳᠠᠳᠤ ᠤᠯᠤᠰ ᠤᠨ ᠡᠪ ᠬᠠᠮᠲᠤ ᠨᠠᠮ ᠳᠤᠮᠳᠠᠳᠤ ᠤᠯᠤᠰ ᠤᠨ ᠠᠷᠠᠳ ᠲᠦᠮᠡᠨ ᠢ ᠤᠳᠤᠷᠢᠳᠤᠨ ᠰᠢᠷᠭᠠᠭᠤ ᠬᠠᠲᠠᠭᠤᠵᠢᠯᠲᠠᠢ ᠲᠡᠮᠡᠴᠡᠵᠦ᠂ ᠪᠣᠰᠴᠤ ᠵᠣᠭᠰᠣᠬᠤ ᠠᠴᠠ ᠪᠠᠶᠠᠵᠢᠬᠤ ᠪᠠ ᠬᠦᠴᠦᠷᠬᠡᠭᠵᠢᠬᠦ ᠬᠦᠷᠲᠡᠯᠡᠬᠢ ᠠᠭᠤᠤ ᠶᠡᠭᠡ ᠦᠰᠦᠷᠦᠯᠲᠡ ᠶᠢ ᠤᠭᠲᠤᠨ ᠠᠪᠴᠢᠷᠠᠵᠤ᠂ ᠴᠠᠭ ᠦᠶ᠎ᠡ ᠠᠴᠠ ᠬᠤᠴᠣᠷᠣᠩᠭᠤᠢ ᠪᠠᠶᠢᠭᠰᠠᠨ ᠠᠴᠠ ᠴᠠᠭ ᠦᠶ᠎ᠡ ᠶᠢ ᠳᠠᠭᠠᠭᠰᠠᠨ ᠪᠠ ᠴᠠᠭ ᠦᠶ᠎ᠡ ᠶᠢ ᠬᠦᠳᠦᠯᠦᠨ ᠳᠠᠭᠠᠭᠤᠯᠤᠭᠰᠠᠨ ᠠᠭᠤᠤ ᠶᠡᠭᠡ ᠳᠠᠪᠠᠯᠲᠠ ᠶᠢ ᠤᠭᠲᠤᠨ ᠠᠪᠴᠢᠷᠠᠵᠤ᠂ ᠬᠥᠮᠦᠨ ᠲᠥᠷᠥᠯᠬᠢᠲᠡᠨ ᠤ ᠲᠡᠦᠬᠡᠨ ᠳᠡᠭᠡᠷᠡᠬᠢ ᠲᠩᠷᠢ ᠭᠠᠵᠠᠷ ᠢ ᠳᠣᠩᠰᠣᠯᠭᠠᠭᠰᠠᠨ᠂ ᠴᠢᠳᠬᠦᠷ ᠰᠠᠬᠢᠭᠤᠯᠰᠤᠨ ᠢ ᠤᠶᠠᠷᠠᠭᠤᠯᠤᠭᠰᠠᠨ ᠠᠭᠤᠤ ᠶᠡᠭᠡ ᠲᠡᠦᠬᠡᠨ ᠦᠨᠡᠨ ᠢ ᠡᠭᠦᠳᠴᠡᠢ᠃ ᠥᠷᠭᠡᠨ ᠣᠯᠠᠨ ᠤᠳᠬ᠎ᠠ ᠤᠷᠠᠯᠢᠭ ᠤᠨ ᠬᠢᠨ ᠤ ᠠᠵᠢᠯᠲᠠᠨ ᠶᠡᠭᠡ ᠲᠡᠦᠬᠡ ᠶᠢᠨ ᠦᠵᠡᠯᠲᠡ᠂ ᠶᠡᠭᠡ ᠴᠠᠭ ᠦᠶ᠎ᠡ ᠶᠢᠨ ᠦᠵᠡᠯᠲᠡ ᠶᠢ ᠪᠤᠶ ᠪᠣᠯᠭᠠᠵᠤ᠂ ᠦᠵᠡᠬᠦ ᠨᠢᠳᠦᠨ ᠳᠤ ᠪᠠᠨ ᠮᠢᠩᠭᠠᠨ ᠮᠥᠷᠡᠨ ᠶᠢ ᠪᠠᠭᠲᠠᠭᠠᠵᠤ᠂ ᠬᠡᠭᠦᠳᠡᠭ ᠴᠡᠭᠡᠵᠢᠨ ᠳᠤ ᠪᠠᠨ ᠪᠣᠮᠠᠨ ᠴᠡᠷᠢᠭ ᠢ ᠪᠠᠶᠢᠷᠢᠯᠠᠭᠤᠯᠵᠤ᠂ ᠲᠡᠦᠬᠡ ᠶᠢᠨ ᠠᠬᠢᠴᠠ ᠪᠣᠯᠤᠨ ᠴᠠᠭ ᠦᠶ᠎ᠡ ᠶᠢᠨ ᠶᠡᠭᠡ ᠬᠠᠨᠳᠤᠰᠢ ᠶᠢ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠮᠢᠩᠭᠠᠨ ᠣᠨ ᠤ ᠯᠤᠲᠤ ᠶᠡᠭᠡ ᠬᠤᠪᠢᠷᠠᠯᠲᠠ ᠶᠢ ᠲᠤᠰᠬᠠᠵᠤ᠂ ᠵᠠᠭᠤᠨ ᠵᠢᠯ ᠤᠨ ᠲᠤᠷᠰᠢᠬᠢ ᠳᠤᠮᠳᠠᠳᠤ ᠤᠯᠤᠰ ᠤᠨ ᠬᠥᠮᠦᠨ ᠤ ᠶᠢᠷᠲᠢᠨᠴᠦ ᠶᠢᠨ ᠲᠥᠪ ᠶᠣᠰᠣ ᠶᠢ ᠢᠯᠡᠷᠡᠭᠦᠯᠵᠦ᠂ ᠤᠯᠤᠰ ᠢᠶᠠᠨ ᠬᠠᠶᠢᠷᠠᠯᠠᠬᠤ ᠦᠵᠡᠯ ᠢᠶᠠᠷ ᠭᠤᠣᠯ ᠪᠣᠯᠭᠠᠭᠰᠠᠨ ᠦᠨᠳᠦᠰᠦᠲᠡᠨ ᠤ ᠵᠣᠷᠢᠭ ᠰᠠᠨᠠᠭ᠎ᠠ ᠪᠣᠯᠤᠨ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠪᠠᠷ ᠭᠤᠣᠯ ᠪᠣᠯᠭᠠᠭᠰᠠᠨ ᠴᠠᠭ ᠦᠶ᠎ᠡ ᠶᠢᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠠᠮ ᠪᠠᠶᠢᠭᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠴᠤᠭ ᠪᠠᠳᠠᠷᠠᠩᠭᠤᠢ ᠴᠠᠭ ᠦᠶ᠎ᠡ ᠶᠢᠨ ᠭᠤᠣᠯ ᠬᠦᠭ ᠠᠶᠠᠰ ᠢ ᠴᠢᠪᠬᠠᠳᠠᠬᠤ ᠬᠡᠷᠡᠭᠲᠡᠢ᠃      ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠪᠣᠯ ᠳᠤᠮᠳᠠᠳᠤ ᠤᠯᠤᠰ ᠤᠨ ᠠᠷᠠᠳ ᠲᠦᠮᠡᠨ ᠤ ᠰᠢᠨ᠎ᠡ ᠰᠢᠯᠭᠠᠯᠲᠠ ᠪᠠ ᠥᠷᠢᠰᠥᠯᠳᠦᠭᠡᠨ ᠤ ᠳᠤᠮᠳᠠ ᠭᠡᠭᠡᠨ ᠰᠠᠷᠠᠭᠤᠯ ᠢᠷᠡᠭᠡᠳᠦᠢ ᠶᠢ ᠴᠣᠭᠴᠠᠯᠠᠨ ᠪᠠᠶᠢᠭᠤᠯᠵᠤ ᠪᠠᠶᠢᠭ᠎ᠠ ᠴᠠᠭ ᠦᠶ᠎ᠡ ᠪᠣᠯᠤᠨ᠎ᠠ᠂ ᠮᠥᠨ ᠴᠦ ᠳᠤᠮᠳᠠᠳᠤ ᠤᠯᠤᠰ ᠤᠨ ᠠᠷᠠᠳ ᠲᠦᠮᠡᠨ ᠤ ᠴᠢᠷᠮᠠᠶᠢᠨ ᠲᠡᠮᠡᠴᠡᠵᠦ ᠰᠠᠶᠢᠨ ᠰᠠᠶᠢᠬᠠᠨ ᠠᠮᠢᠳᠤᠷᠠᠯ ᠢ ᠴᠣᠭᠴᠠᠯᠠᠨ ᠪᠠᠶᠢᠭᠤᠯᠬᠤ ᠴᠠᠭ ᠦᠶ᠎ᠡ ᠪᠣᠯᠤᠨ᠎ᠠ᠃ ︽ᠥᠨᠳᠥᠷ ᠲᠤ ᠠᠪᠠᠷᠢᠪᠠᠰᠤ ᠰᠡᠳᠬᠢᠯ ᠠᠭᠤᠵᠢᠷᠠᠵᠤ᠂ ᠤᠷᠤᠰᠬᠠᠯ ᠳᠤ ᠣᠶᠢᠷᠠᠳᠪᠠᠰᠤ ᠰᠠᠨᠠᠭ᠎ᠠ ᠬᠤᠯᠠᠳᠠᠮᠤᠢ︾ ᠭᠡᠳᠡᠭᠴᠢᠯᠡᠨ ᠥᠷᠭᠡᠨ ᠣᠯᠠᠨ ᠤᠳᠬ᠎ᠠ ᠤᠷᠠᠯᠢᠭ ᠤᠨ ᠬᠢᠨ ᠤ ᠠᠵᠢᠯᠲᠠᠨ ᠴᠠᠭ ᠦᠶ᠎ᠡ ᠶᠢᠨ ᠠᠯᠬᠤᠮ ᠢ ᠰᠠᠯᠤᠯ ᠦᠭᠡᠶ ᠳᠠᠭᠠᠵᠤ᠂ ᠴᠠᠭ ᠦᠶ᠎ᠡ ᠠᠴᠠ ᠤᠷᠠᠯᠢᠭ ᠢ ᠣᠶᠢᠯᠠᠭᠠᠵᠤ᠂ ᠤᠷᠠᠯᠢᠭ ᠤᠨ ᠡᠭᠦᠳᠦᠨ ᠪᠦᠲᠦᠭᠡᠯᠲᠡ ᠶᠢ ᠲᠦᠭ ᠲᠦᠮᠡᠨ ᠠᠷᠠᠳ ᠲᠦᠮᠡᠨ ᠤ ᠠᠭᠤᠤ ᠶᠡᠭᠡ ᠲᠡᠮᠡᠴᠡᠯ ᠵᠦᠭ ᠴᠢᠯᠦᠭᠡᠯᠡᠵᠦ᠂ ᠪᠠᠶᠠᠯᠢᠭ ᠰᠠᠶᠢᠬᠠᠨ ᠨᠡᠶᠢᠭᠡᠮ ᠤᠨ ᠠᠮᠢᠳᠤᠷᠠᠯ ᠵᠦᠭ ᠴᠢᠭᠯᠡᠭᠦᠯᠵᠦ᠂ ᠴᠠᠭ ᠦᠶ᠎ᠡ ᠶᠢᠨ ᠬᠤᠪᠢᠷᠠᠯᠲᠠ᠂ ᠳᠤᠮᠳᠠᠳᠤ ᠤᠯᠤᠰ ᠤᠨ ᠲᠠᠪᠰᠢᠯᠳᠠ᠂ ᠠᠷᠠᠳ ᠲᠦᠮᠡᠨ ᠤ ᠬᠦᠰᠡᠯ ᠱᠠᠭᠠᠷᠳᠠᠯᠭ᠎ᠠ ᠶᠢᠨ ᠳᠤᠮᠳᠠ ᠠᠴᠠ ᠭᠤᠣᠯ ᠰᠡᠳᠦᠪ ᠢ ᠰᠢᠷᠭᠠᠭᠠᠨ ᠪᠣᠯᠪᠠᠰᠤᠷᠠᠭᠤᠯᠵᠤ᠂ ᠰᠲ᠋ᠢᠯᠢ ᠰᠡᠳᠦᠪ ᠢ ᠴᠤᠬᠤᠯᠠᠪᠤᠷᠢᠯᠠᠵᠤ᠂ ᠳᠤᠮᠳᠠᠳᠤ ᠶᠢᠨ ᠲᠡᠦᠬᠡ ᠶᠢᠨ ᠭᠤᠸ᠎ᠠ ᠰᠠᠶᠢᠬᠠᠨ᠂ ᠠᠭᠤᠯᠠ ᠤᠰᠤᠨ ᠤ ᠭᠤᠸ᠎ᠠ ᠰᠠᠶᠢᠬᠠᠨ᠂ ᠰᠣᠶᠣᠯ ᠤᠨ ᠭᠤᠸ᠎ᠠ ᠰᠠᠶᠢᠬᠠᠨ ᠢ ᠳᠡᠯᠭᠡᠨ ᠦᠵᠡᠭᠦᠯᠵᠦ᠂ ᠳᠤᠮᠳᠠᠳᠤ ᠤᠯᠤᠰ ᠤᠨ ᠠᠷᠠᠳ ᠲᠦᠮᠡᠨ ᠤ ᠲᠡᠮᠡᠴᠡᠯ ᠤᠨ ᠵᠣᠷᠢᠭ᠂ ᠡᠭᠦᠳᠦᠨ ᠪᠦᠲᠦᠭᠡᠯᠲᠡ ᠶᠢᠨ ᠬᠦᠴᠦᠨ᠂ ᠬᠥᠭᠵᠢᠯᠲᠡ ᠶᠢᠨ ᠦᠷ᠎ᠡ ᠪᠦᠲᠦᠭᠡᠯ ᠢ ᠤᠶᠠᠩᠭᠠᠯᠠᠵᠤ᠂ ᠰᠢᠨ᠎ᠡ ᠴᠠᠭ ᠦᠶ᠎ᠡ ᠶᠢᠨ ᠤᠶᠤᠨ ᠰᠠᠨᠠᠭᠠᠨ ᠤ ᠠᠭᠤᠷ ᠠᠮᠢᠰᠬᠤᠯ ᠢ ᠪᠦᠬᠦ ᠲᠠᠯ᠎ᠠ ᠪᠠᠷ ᠳᠡᠯᠭᠡᠨ ᠦᠵᠡᠭᠦᠯᠬᠦ ᠬᠡᠷᠡᠭᠲᠡᠢ᠃      ᠬᠤᠶᠠᠳᠤᠭᠠᠷ ᠲᠤ᠂ ᠥᠷᠭᠡᠨ ᠤᠯᠠᠨ ᠤᠳᠬ᠎ᠠ ᠤᠷᠠᠯᠢᠭ ᠤᠨ ᠬᠢᠨ ᠤ ᠠᠵᠢᠯᠲᠠᠨ ᠠᠷᠠᠳ ᠲᠦᠮᠡᠨ ᠤ ᠵᠣᠭᠰᠣᠯᠲᠠ ᠶᠢ ᠪᠠᠲᠤ ᠰᠠᠬᠢᠵᠤ᠂ ᠦᠶ᠎ᠡ ᠤᠯᠠᠷᠢᠨ ᠤᠨᠲᠠᠷᠠᠰᠢ ᠦᠭᠡᠢ ᠠᠷᠠᠳ ᠲᠦᠮᠡᠨ ᠤ ᠲᠤᠤᠯᠢᠰ ᠢ ᠪᠢᠴᠢᠭᠯᠡᠬᠦ ᠶᠢ ᠬᠦᠰᠡᠵᠦ ᠪᠠᠶᠢᠨ᠎ᠠ᠃ ᠠᠷᠠᠳ ᠲᠦᠮᠡᠨ ᠠᠴᠠ ᠢᠷᠡᠯᠳᠡ ᠲᠠᠢ᠂ ᠠᠷᠠᠳ ᠲᠦᠮᠡᠨ ᠤ ᠲᠥᠯᠥᠭᠡ ᠦᠢᠯᠡᠴᠢᠯᠡᠬᠦ᠂ ᠠᠷᠠᠳ ᠲᠦᠮᠡᠨ ᠤ ᠪᠣᠯᠭᠠᠬᠤ ᠪᠣᠯ ᠨᠡᠶᠢᠭᠡᠮ ᠵᠢᠷᠤᠮ ᠤᠨ ᠤᠳᠬ᠎ᠠ ᠤᠷᠠᠯᠢᠭ ᠤᠨ ᠦᠨᠳᠦᠰᠦᠨ ᠵᠣᠭᠰᠣᠯᠲᠠ ᠪᠣᠯᠣᠨ᠎ᠠ᠂ ᠮᠥᠨ ᠴᠤ ᠨᠡᠶᠢᠭᠡᠮ ᠵᠢᠷᠤᠮ ᠤᠨ ᠤᠳᠬ᠎ᠠ ᠤᠷᠠᠯᠢᠭ ᠤᠨ ᠴᠡᠴᠡᠭᠯᠡᠨ ᠬᠥᠭᠵᠢᠬᠦ ᠬᠦᠳᠡᠯᠭᠡᠭᠴᠢ ᠬᠦᠴᠦᠨ ᠪᠣᠯᠣᠨ᠎ᠠ᠃ ᠥᠷᠭᠡᠨ ᠤᠯᠠᠨ ᠤᠳᠬ᠎ᠠ ᠤᠷᠠᠯᠢᠭ ᠤᠨ ᠬᠢᠨ ᠤ ᠠᠵᠢᠯᠲᠠᠨ ᠠᠷᠠᠳ ᠲᠦᠮᠡᠨ ᠢᠶᠠᠷ ᠭᠤᠣᠯ ᠪᠣᠯᠭᠠᠭᠰᠠᠨ ᠵᠣᠬᠢᠶᠠᠨ ᠪᠦᠲᠦᠭᠡᠬᠦ ᠤᠳᠤᠷᠢᠳᠤᠮᠵᠢ ᠶᠢ ᠪᠠᠷᠢᠮᠲᠠᠯᠠᠵᠤ᠂ ᠠᠷᠠᠳ ᠲᠦᠮᠡᠨ ᠢ ᠵᠢᠷᠦᠬᠡ ᠰᠡᠳᠬᠢᠯ ᠤᠨ ᠢᠶᠠᠨ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠡᠰᠡᠬᠦ ᠪᠠᠷ ᠤᠷᠠᠯᠢᠭ ᠢ ᠰᠢᠯᠭᠠᠬᠤ ᠬᠠᠮᠤᠭ ᠤᠨ ᠳᠡᠭᠡᠳᠦ ᠪᠠᠷᠢᠮᠵᠢᠶ᠎ᠠ ᠪᠣᠯᠭᠠᠵᠤ᠂ ᠨᠡᠩ ᠤᠯᠠᠨ ᠠᠷᠠᠳ ᠲᠦᠮᠡᠨ ᠤ ᠰᠣᠶᠣᠯ ᠤᠨ ᠬᠡᠷᠡᠭᠴᠡᠭᠡ ᠶᠢ ᠬᠠᠩᠭᠠᠬᠤ ᠪᠠ ᠠᠷᠠᠳ ᠲᠦᠮᠡᠨ ᠤ ᠤᠶᠤᠨ ᠰᠠᠨᠠᠭᠠᠨ ᠤ ᠬᠦᠴᠦᠨ ᠢ ᠨᠡᠮᠡᠭᠳᠡᠭᠦᠯᠬᠦ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠵᠦ᠂ ᠤᠳᠬ᠎ᠠ ᠤᠷᠠᠯᠢᠭ ᠤᠨ ᠥᠨᠢᠷ ᠴᠡᠴᠡᠭ ᠤᠨ ᠬᠦᠷᠢᠶᠡᠯᠡᠩ ᠢ ᠡᠭᠦᠷᠢᠳᠡ ᠠᠷᠠᠳ ᠲᠦᠮᠡᠨ ᠤ ᠲᠥᠯᠥᠭᠡ ᠴᠡᠴᠡᠭᠯᠡᠭᠦᠯᠬᠦ ᠬᠡᠷᠡᠭᠲᠡᠶ᠃      ᠠᠷᠠᠳ ᠲᠦᠮᠡᠨ ᠪᠣᠯ ᠲᠡᠦᠬᠡ ᠶᠢᠨ ᠡᠭᠦᠳᠦᠨ ᠪᠦᠲᠦᠭᠡᠭᠴᠢ ᠮᠥᠨ᠂ ᠪᠠᠰᠠ ᠴᠤ ᠴᠠᠭ ᠦᠶ᠎ᠡ ᠶᠢᠨ ᠡᠭᠦᠳᠦᠨ ᠪᠦᠲᠦᠭᠡᠭᠴᠢ ᠮᠥᠨ᠃ ᠠᠷᠠᠳ ᠲᠦᠮᠡᠨ ᠤ ᠰᠦᠷ ᠳᠠᠯᠠᠶᠢᠴᠠᠲᠠᠢ ᠲᠡᠮᠡᠴᠡᠯ ᠤᠨ ᠳᠤᠮᠳᠠ᠂ ᠲᠡᠦᠬᠡ ᠶᠢ ᠡᠭᠦᠳᠦᠨ ᠪᠦᠲᠦᠭᠡᠬᠦ ᠣᠷᠭᠢᠯᠤᠮ᠎ᠠ ᠪᠠᠭ᠋ᠠᠳᠤᠮ᠎ᠠ ᠬᠠᠭᠤᠳᠠᠰᠤ ᠶᠢ ᠭᠠᠵᠠᠷ ᠪᠣᠯᠭᠠᠨ ᠳᠤ ᠪᠢᠴᠢᠭᠯᠡᠵᠦ ᠪᠠᠶᠢᠳᠠᠭ ᠂ ᠡᠭᠦᠨ ᠢ ᠬᠤᠷᠠᠮᠳᠤᠭᠤᠯᠤᠨ ᠨᠡᠶᠢᠯᠡᠭᠦᠯᠪᠡᠯ ᠳᠠᠷᠤᠢ ᠠᠷᠠᠳ ᠲᠦᠮᠡᠨ ᠲᠤᠤᠯᠢᠰ ᠪᠣᠯᠬᠤ ᠶᠤᠮ᠃ ᠠᠷᠠᠳ ᠲᠦᠮᠡᠨ ᠪᠣᠯ ᠤᠳᠬ᠎ᠠ ᠤᠷᠠᠯᠢᠭ ᠤᠨ ᠡᠭᠡ ᠮᠥᠨ᠃ ᠤᠳᠬ᠎ᠠ ᠵᠣᠬᠢᠶᠠᠯ ᠤᠷᠠᠯᠢᠭ ᠤᠨ ᠪᠤᠶᠢᠵᠢᠯᠲᠠ ᠨᠢ ᠠᠷᠠᠳ ᠲᠦᠮᠡᠨ ᠤ ᠰᠢᠮ᠎ᠡ ᠲᠡᠵᠢᠭᠡᠯ ᠠᠴᠠ ᠰᠠᠯᠵᠤ ᠴᠢᠳᠠᠬᠤ ᠦᠭᠡᠢ᠂ ᠠᠷᠠᠳ ᠲᠦᠮᠡᠨ ᠤ ᠳᠤᠮᠳᠠ ᠠᠯᠢᠪᠠ ᠤᠳᠬ᠎ᠠ ᠵᠣᠬᠢᠶᠠᠯ ᠤᠷᠠᠯᠢᠭ ᠤᠨ ᠠᠪᠤᠭᠠᠳ ᠪᠠᠷᠠᠰᠢ ᠦᠭᠡᠢ᠂ ᠬᠡᠷᠡᠭᠯᠡᠭᠡᠳ ᠳᠠᠭᠤᠰᠤᠰᠢ ᠦᠭᠡᠢ ᠡᠯᠪᠡᠭ ᠳᠡᠯᠪᠡᠭ ᠡᠬᠢ ᠰᠤᠷᠪᠤᠯᠵᠢ ᠪᠠᠶᠢᠳᠠᠭ᠃ ᠤᠳᠬ᠎ᠠ ᠤᠷᠠᠯᠢᠭ ᠨᠢ ᠠᠷᠠᠳ ᠲᠦᠮᠡᠨ ᠤ ᠲᠡᠦᠬᠡ ᠶᠢ ᠡᠭᠦᠳᠦᠨ ᠪᠦᠲᠦᠭᠡᠬᠦ ᠠᠭᠤᠤ ᠶᠡᠭᠡ ᠠᠬᠢᠴᠠ ᠶᠢ ᠬᠠᠮᠤᠭ ᠤᠨ ᠣᠷᠭᠢᠯᠤᠮ᠎ᠠ ᠰᠡᠳᠬᠢᠯᠭᠡ ᠪᠠᠷ ᠮᠠᠭᠲᠠᠨ ᠳᠠᠭᠤᠯᠠᠵᠤ᠂ ᠠᠯᠢᠪᠠ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠲᠥᠯᠥᠭᠡ ᠲᠡᠮᠡᠴᠡᠭᠴᠢ᠂ ᠠᠷᠠᠳ ᠲᠦᠮᠡᠨ ᠤ ᠲᠥᠯᠥᠭᠡ ᠠᠮᠢ ᠪᠡᠶ᠎ᠡ ᠪᠠᠨ ᠵᠣᠷᠢᠭᠤᠯᠤᠭᠰᠠᠨ ᠪᠠᠭᠠᠲᠤᠷᠴᠤᠳ ᠢ ᠬᠠᠮᠤᠭ ᠤᠨ ᠭᠦᠨ ᠰᠡᠳᠬᠢᠯᠭᠡ ᠲᠠᠢ ᠪᠠᠷ ᠮᠠᠭᠲᠠᠨ ᠰᠠᠶᠢᠰᠢᠶᠠᠬᠤ ᠬᠡᠷᠡᠭᠲᠡᠶ᠃      ᠮᠣᠣ ᠳ᠋ᠦᠨ ᠬᠡᠯᠡᠬᠦ ᠳᠤ ᠪᠠᠨ᠄ ︽ᠲᠤᠭᠤᠵᠢᠰ ᠤᠨ ᠵᠣᠬᠢᠶᠠᠯ ᠪᠢᠴᠢᠳᠡᠭ ᠬᠥᠮᠦᠨ ᠥᠷᠭᠡᠨ ᠳᠡᠯᠭᠡᠷ ᠠᠮᠢᠳᠤᠷᠠᠯ ᠤᠨ ᠲᠤᠷᠰᠢᠯᠭ᠎ᠠ ᠪᠠᠶᠢᠬᠤ ᠬᠡᠷᠡᠭᠲᠡᠶ ᠪᠠᠷ ᠪᠠᠷᠠᠬᠤ ᠦᠭᠡᠢ᠂ ᠪᠣᠯᠪᠠᠰᠤᠷᠠᠯ ᠬᠦᠷᠲᠡᠭᠰᠡᠨ ᠲᠠᠷᠢᠬᠢ ᠲᠣᠯᠣᠭᠠᠶ ᠲᠠᠢ ᠪᠠᠶᠢᠵᠤ᠂ ᠲᠡᠷᠡ ᠬᠦ ᠪᠤᠳᠤᠯᠢᠶᠠᠨᠲᠠᠶ ᠨᠡᠶᠢᠭᠡᠮ ᠤᠨ ᠦᠵᠡᠭᠳᠡᠯ ᠢ ᠵᠠᠳᠠᠯᠵᠤ ᠴᠢᠳᠠᠬᠤ ᠬᠡᠷᠡᠭᠲᠡᠶ︾ ᠭᠡᠵᠡᠢ᠃ ᠤᠷᠤᠰ ᠤᠨ ᠵᠣᠬᠢᠶᠠᠯᠴᠢ ᠲᠣᠯᠰᠲ᠋ᠣᠶ ᠬᠡᠯᠡᠬᠦ ᠳᠤ ᠪᠠᠨ᠄ ︽ᠤᠷᠠᠯᠢᠭ ᠪᠣᠯ ᠤᠷᠠᠨ ᠮᠡᠷᠭᠡᠵᠢᠯ ᠪᠢᠰᠢ᠂ ᠲᠡᠷᠡ ᠪᠣᠯ ᠤᠷᠠᠯᠢᠭᠴᠢᠳ ᠤᠨ ᠪᠡᠶ᠎ᠡ ᠪᠠᠷ ᠢᠶᠠᠨ ᠥᠩᠭᠡᠷᠡᠭᠦᠯᠦᠭᠰᠡᠨ ᠬᠠᠶᠢᠷ᠎ᠠ ᠰᠡᠳᠬᠢᠯᠭᠡ ᠶᠢᠨ ᠢᠯᠡᠷᠡᠭᠦᠯᠦᠯ ᠮᠥᠨ︾ ᠭᠡᠵᠡᠶ᠃ ᠠᠮᠢᠳᠤᠷᠠᠯ ᠪᠣᠯ ᠠᠷᠠᠳ ᠲᠦᠮᠡᠨ᠂ ᠠᠷᠠᠳ ᠲᠦᠮᠡᠨ ᠪᠣᠯ ᠳᠠᠷᠤᠶ ᠠᠮᠢᠳᠤᠷᠠᠯ ᠮᠥᠨ ᠃ ᠠᠷᠠᠳ ᠲᠦᠮᠡᠨ ᠪᠣᠯ ᠦᠨᠡᠨ᠂ ᠪᠣᠳᠠᠲᠠᠶ᠂ ᠪᠣᠷᠣᠭᠵᠢᠭᠤᠨ ᠪᠠᠶᠢᠳᠠᠭ᠂ ᠵᠣᠬᠢᠶᠠᠮᠠᠯ ᠳᠦᠷᠢ ᠪᠠᠷ ᠠᠷᠠᠳ ᠲᠦᠮᠡᠨ ᠢ ᠬᠡᠶᠢᠰᠪᠦᠷᠢᠯᠡᠨ ᠵᠣᠬᠢᠶᠠᠵᠤ ᠪᠣᠯᠬᠤ ᠦᠭᠡᠢ᠂ ᠱᠣᠭᠯᠠᠬᠤ ᠣᠪᠣᠷ ᠢᠶᠠᠷ ᠠᠷᠠᠳ ᠲᠦᠮᠡᠨ ᠢ ᠱᠣᠭᠯᠠᠵᠤ ᠪᠣᠯᠬᠤ ᠦᠭᠡᠢ᠂ ᠨᠡᠩ ᠴᠤ ᠮᠠᠭᠤᠰᠢᠶᠠᠭᠰᠠᠨ ᠪᠢᠴᠢᠯᠭᠡ ᠪᠠᠷ ᠠᠷᠠᠳ ᠲᠦᠮᠡᠨ ᠢ ᠮᠠᠭᠤᠰᠢᠶᠠᠵᠤ ᠪᠣᠯᠬᠤ ᠦᠭᠡᠢ ᠃ ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠨ ᠭᠠᠭᠴᠠ ᠬᠦ ᠠᠷᠠᠳ ᠤᠨ ᠳᠤᠮᠳᠠ ᠭᠦᠨᠵᠡᠭᠡᠶᠢᠷᠡᠵᠦ᠂ ᠠᠷᠠᠳ ᠲᠦᠮᠡᠨ ᠤ ᠰᠢᠷᠭᠠᠭᠤ ᠬᠥᠳᠡᠯᠮᠦᠷᠢ ᠶᠢ ᠤᠶᠢᠯᠠᠭᠠᠨ᠂ ᠠᠷᠠᠳ ᠲᠦᠮᠡᠨ ᠤ ᠪᠠᠶᠠᠰᠤᠯ ᠵᠣᠪᠠᠨᠢᠯ ᠡᠮᠭᠡᠨᠢᠯ ᠭᠠᠰᠢᠭᠤᠳᠠᠯ ᠢ ᠲᠠᠨᠢᠵᠤ ᠮᠡᠳᠡᠷᠡᠪᠡᠯ ᠰᠠᠶ᠋ᠢ ᠠᠮᠢᠳᠤᠷᠠᠯ ᠤᠨ ᠮᠥᠨ ᠴᠢᠨᠠᠷ ᠢ ᠲᠤᠭᠤᠰᠢᠲᠠᠯ᠎ᠠ ᠣᠶᠢᠯᠠᠭᠠᠵᠤ᠂ ᠴᠠᠭ ᠦᠶ᠎ᠡ ᠶᠢᠨ ᠠᠮᠢᠨ ᠰᠤᠳᠠᠰᠤ ᠶᠢ ᠡᠵᠡᠮᠰᠢᠨ᠂ ᠠᠷᠠᠳ ᠲᠦᠮᠡᠨ ᠤ ᠰᠡᠳᠬᠢᠯ ᠤᠨ ᠳᠠᠭᠤᠨ ᠢ ᠣᠶᠢᠯᠠᠭᠠᠨ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠭᠦᠨ ᠴᠢᠬᠢᠮᠠᠶ ᠬᠦᠴᠦᠨ ᠴᠢᠳᠠᠯ ᠪᠠ ᠦᠨᠢᠲᠡ ᠶᠢᠨ ᠲᠠᠲᠠᠬᠤ ᠬᠦᠴᠦᠨ ᠲᠠᠢ ᠪᠣᠯᠭᠠᠵᠤ ᠴᠢᠳᠠᠨ᠎ᠠ᠃ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠨ ᠠᠷᠠᠳ ᠲᠦᠮᠡᠨ ᠢ ᠵᠣᠬᠢᠶᠠᠯ ᠪᠦᠲᠦᠭᠡᠯ ᠤᠨ ᠢᠶᠠᠨ ᠭᠤᠣᠯ ᠪᠠᠭᠠᠲᠤᠷ ᠪᠣᠯᠭᠠᠬᠤ ᠪᠠᠷ ᠪᠠᠷᠠᠬᠤ ᠦᠭᠡᠢ᠂ ᠥᠪᠡᠷ ᠤᠨ ᠦᠵᠡᠯ ᠰᠠᠨᠠᠭᠠᠨ ᠤ ᠬᠠᠨᠳᠤᠯᠭ᠎ᠠ ᠪᠠ ᠬᠠᠶᠢᠷ᠎ᠠ ᠰᠡᠳᠬᠢᠯᠭᠡ ᠪᠠᠨ ᠠᠷᠠᠳ ᠲᠦᠮᠡᠨ ᠲᠠᠢ ᠠᠭᠤᠰᠬᠠᠨ ᠨᠢᠭᠡᠳᠬᠡᠵᠦ᠂ ᠰᠠᠨᠠᠭ᠎ᠠ᠂ ᠰᠡᠳᠬᠢᠯᠭᠡ᠂ ᠦᠵᠡᠯ ᠪᠤᠳᠤᠯ ᠢᠶᠠᠨ ᠠᠷᠠᠳ ᠤᠨ ᠳᠤᠮᠳᠠ ᠰᠠᠭᠤᠷᠢᠯᠠᠭᠤᠯᠵᠤ᠂ ᠠᠷᠠᠳ ᠲᠦᠮᠡᠨ ᠲᠠᠢ ᠬᠠᠮᠲᠤ ᠪᠠᠷ ᠴᠠᠭ ᠦᠶ᠎ᠡ ᠶᠢᠨ ᠬᠥᠭ ᠴᠣᠬᠢᠯᠭ᠎ᠠ᠂ ᠠᠮᠢ ᠨᠠᠰᠤᠨ ᠤ ᠭᠡᠷᠡᠯ ᠭᠢᠯᠪᠠᠭ᠎ᠠ ᠶᠢ ᠮᠡᠳᠡᠷᠡᠵᠦ᠂ ᠴᠠᠭ ᠦᠶ᠎ᠡ ᠪᠠ ᠠᠷᠠᠳ ᠲᠦᠮᠡᠨ ᠤ ᠲᠥᠯᠥᠭᠡ ᠮᠠᠭᠲᠠᠨ ᠳᠠᠭᠤᠯᠠᠬᠤ ᠬᠡᠷᠡᠭᠲᠡᠶ᠃      ᠤᠳᠬ᠎ᠠ ᠵᠣᠬᠢᠶᠠᠯ ᠤᠷᠠᠯᠢᠭ ᠨᠢ ᠳᠦᠷᠢ ᠪᠠᠷ ᠪᠦᠲᠦᠭᠡᠭᠳᠡᠵᠦ᠂ ᠰᠣᠩᠭᠤᠳᠠᠭ ᠤᠳᠬ᠎ᠠ ᠤᠷᠠᠯᠢᠭ ᠤᠨ ᠳᠦᠷᠢ ᠨᠢ ᠨᠢᠭᠡᠨ ᠴᠠᠭ ᠦᠶ᠎ᠡ ᠶᠢᠨ ᠤᠳᠬ᠎ᠠ ᠤᠷᠠᠯᠢᠭ ᠤᠨ ᠴᠢᠬᠤᠯᠠ ᠪᠡᠯᠭᠡ ᠲᠡᠮᠳᠡᠭ ᠪᠣᠯᠳᠠᠭ᠃ ᠬᠦᠰᠡᠯ ᠬᠥᠭᠡᠭᠡᠴᠡᠯᠳᠦᠯ ᠲᠠᠢ᠂ ᠡᠷᠳᠡᠮ ᠴᠢᠳᠠᠪᠤᠷᠢ ᠲᠠᠢ ᠤᠳᠬ᠎ᠠ ᠤᠷᠠᠯᠢᠭ ᠤᠨ ᠠᠵᠢᠯᠲᠠᠨ ᠪᠦᠬᠦᠨ ᠠᠮᠢᠳᠤᠷᠠᠯ ᠢ ᠮᠡᠳᠡᠷᠡᠬᠦ ᠴᠢᠳᠠᠪᠤᠷᠢ ᠪᠠᠨ ᠳᠡᠭᠡᠭᠰᠢᠯᠡᠭᠦᠯᠵᠦ᠂ ᠴᠠᠭ ᠦᠶ᠎ᠡ ᠶᠢᠨ ᠵᠣᠷᠢᠭ ᠰᠠᠨᠠᠭ᠎ᠠ ᠶᠢ ᠲᠥᠯᠥᠭᠡᠯᠡᠭᠰᠡᠨ ᠰᠢᠨ᠎ᠡ ᠦᠵᠡᠭᠳᠡᠯ ᠰᠢᠨ᠎ᠡ ᠬᠥᠮᠦᠰ ᠢ ᠲᠠᠰᠤᠷᠠᠯᠲᠠ ᠦᠭᠡᠶ ᠢᠯᠡᠷᠡᠭᠦᠯᠵᠦ᠂ ᠠᠮᠢᠳᠤᠷᠠᠯ ᠠᠴᠠ ᠢᠷᠡᠯᠲᠡ ᠲᠠᠢ ᠮᠥᠷᠲᠡᠭᠡᠨ ᠠᠮᠢᠳᠤᠷᠠᠯ ᠠᠴᠠ ᠳᠠᠪᠠᠭᠰᠠᠨ ᠤᠷᠠᠯᠢᠭ ᠤᠨ ᠡᠭᠦᠳᠦᠨ ᠪᠦᠲᠦᠭᠡᠯᠲᠡ᠂ ᠠᠬᠤᠶᠢᠴᠢ ᠦᠵᠡᠯ ᠪᠠ ᠷᠣᠮᠠᠨᠲ᠋ᠢᠭ ᠦᠵᠡᠯ ᠢ ᠤᠶᠠᠯᠳᠤᠭᠤᠯᠤᠭᠰᠠᠨ ᠭᠤᠸ᠎ᠠ ᠵᠦᠶ ᠶᠢᠨ ᠬᠡᠪ ᠨᠠᠮᠪᠠ ᠪᠠᠷ ᠬᠥᠮᠦᠨ ᠤ ᠰᠣᠨᠢᠷᠬᠠᠯ ᠢ ᠲᠠᠲᠠᠬᠤ᠂ ᠬᠥᠮᠦᠨ ᠤ ᠰᠡᠳᠬᠢᠯ ᠢ ᠬᠥᠳᠡᠯᠭᠡᠬᠦ ᠤᠷᠠᠯᠢᠭ ᠤᠨ ᠳᠦᠷᠢ ᠶᠢ ᠨᠡᠩ ᠣᠯᠠᠨ ᠪᠦᠲᠦᠭᠡᠵᠦ᠂ ᠴᠠᠭ ᠦᠶ᠎ᠡ ᠳᠤ ᠮᠠᠷᠲᠠᠭᠳᠠᠰᠢ ᠦᠭᠡᠶ ᠤᠷᠠᠯᠢᠭ ᠤᠨ ᠰᠣᠩᠭᠤᠳᠠᠭ ᠪᠦᠲᠦᠭᠡᠯ ᠢ ᠦᠯᠡᠳᠡᠭᠡᠬᠦ ᠬᠡᠷᠡᠭᠲᠡᠶ᠃      ︽ᠵᠣᠬᠢᠶᠠᠨ ᠪᠢᠴᠢᠬᠦ ᠶᠢᠨ ᠶᠣᠰᠣᠨ ᠠᠨᠤ ᠲᠥᠪ ᠰᠤᠷᠲᠠᠯ ᠢ ᠤᠬᠠᠭᠤᠯᠤᠨ ᠵᠢᠷᠤᠮ ᠨᠣᠮ ᠢ ᠢᠯᠡᠷᠡᠭᠦᠯᠬᠦ ᠳᠤᠷ ᠠᠮᠤᠢ︾᠃ ᠤᠳᠬ᠎ᠠ ᠤᠷᠠᠯᠢᠭ ᠨᠢ ᠭᠠᠭᠴᠠ ᠬᠦ ᠥᠭᠡᠳᠡᠯᠡᠨ ᠳᠠᠪᠰᠢᠵᠤ᠂ ᠰᠠᠶᠢᠨ ᠰᠠᠶᠢᠬᠠᠨ ᠢ ᠬᠥᠭᠡᠭᠡᠴᠡᠯᠳᠦᠪᠡᠯ ᠰᠠᠶ᠋ᠢ ᠴᠠᠭ ᠦᠶ᠎ᠡ ᠶᠢᠨ ᠪᠦᠷᠢᠶ᠎ᠡ ᠪᠤᠯᠵᠤ ᠴᠢᠳᠠᠨ᠎ᠠ᠃ ᠰᠠᠶᠢᠨ ᠢ ᠡᠷᠬᠢᠮᠯᠡᠪᠡᠯ ᠰᠠᠶ᠋ᠢ ᠰᠠᠶᠢᠬᠠᠨ ᠢ ᠢᠯᠡᠷᠡᠭᠦᠯᠵᠦ ᠴᠢᠳᠠᠨ᠎ᠠ᠃ ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠨ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠥᠭᠡᠳᠡᠯᠡᠨ ᠳᠠᠪᠰᠢᠵᠤ ᠰᠠᠶᠢᠨ ᠰᠠᠶᠢᠬᠠᠨ ᠢ ᠬᠥᠭᠡᠭᠡᠴᠡᠯᠳᠦᠬᠦ ᠰᠢᠯᠢᠳᠡᠭ ᠤᠯᠠᠮᠵᠢᠯᠠᠯ ᠢ ᠪᠠᠳᠠᠷᠠᠭᠤᠯᠵᠤ᠂ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠶᠢ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢᠨ ᠳᠤᠮᠳᠠ ᠠᠮᠢᠳᠤᠯᠢᠭ ᠢᠶᠠᠷ ᠢᠯᠡᠷᠡᠭᠦᠯᠵᠦ᠂ ᠰᠠᠨᠠᠭ᠎ᠠ ᠠᠬᠤᠢ ᠲᠠᠢ᠂ ᠶᠣᠰᠣ ᠮᠣᠷᠠᠯ ᠲᠠᠢ᠂ ᠬᠦᠮᠦᠰ ᠤᠨ ᠰᠣᠨᠢᠷᠬᠠᠯ ᠢ ᠲᠠᠲᠠᠵᠤ ᠴᠢᠳᠠᠬᠤ᠂ ᠡᠷᠡᠭᠦᠯ ᠰᠠᠷᠠᠭᠤᠯ ᠰᠣᠶᠣᠯ ᠤᠨ ᠬᠡᠪ ᠰᠤᠷᠲᠠᠯ ᠢ ᠰᠠᠨᠠᠭᠠᠴᠢᠯᠠᠨ᠂ ᠵᠡᠷᠡᠮᠳᠡᠭ ᠭᠤᠸ᠎ᠠ ᠲᠠᠭᠠᠰᠢᠶᠠᠯ ᠤᠨ ᠬᠡᠯᠪᠡᠷᠢᠯ ᠢ ᠲᠠᠶᠠᠭᠳᠠᠵᠤ᠂ ᠦᠵᠡᠯ ᠰᠠᠨᠠᠭ᠎ᠠ ᠭᠦᠨ ᠭᠦᠨᠵᠡᠭᠡᠶ ᠂ ᠴᠡᠪᠡᠷ ᠪᠣᠷᠣᠭᠵᠢᠭᠤᠨ᠂ ᠢᠳᠡᠷᠡᠭᠦᠨ ᠳᠣᠷᠪᠢᠲᠠᠶ ᠰᠢᠯᠢᠳᠡᠭ ᠪᠦᠲᠦᠭᠡᠯ ᠢᠶᠠᠷ ᠠᠷᠠᠳ ᠲᠦᠮᠡᠨ ᠤ ᠭᠤᠸ᠎ᠠ ᠰᠠᠶᠢᠬᠠᠨ ᠤ ᠦᠵᠡᠯᠲᠡ ᠪᠠ ᠦᠷᠳᠡᠭ ᠤᠨ ᠦᠵᠡᠯᠲᠡ ᠶᠢ ᠬᠥᠮᠦᠵᠢᠭᠦᠯᠵᠦ᠂ ᠠᠷᠠᠳ ᠲᠦᠮᠡᠨ ᠢ ᠤᠶᠤᠨ ᠰᠠᠨᠠᠭᠠᠨ ᠤ ᠠᠮᠢᠳᠤᠷᠠᠯ ᠢ ᠨᠡᠩ ᠲᠡᠭᠦᠯᠳᠡᠷ ᠪᠣᠯᠭᠠᠬᠤ ᠬᠡᠷᠡᠭᠲᠡᠢ᠃      ᠭᠤᠷᠪᠠᠳᠤᠭᠠᠷ ᠲᠤ᠂ ᠥᠷᠭᠡᠨ ᠤᠯᠠᠨ ᠤᠳᠬ᠎ᠠ ᠤᠷᠠᠯᠢᠭ ᠤᠨ ᠠᠵᠢᠯᠳᠠᠨ ᠲᠥᠪ ᠶᠣᠰᠣ ᠶᠢ ᠰᠠᠬᠢᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠴᠠᠭ ᠦᠶ᠎ᠡ ᠶᠢ  ᠲᠠᠭᠠᠨ ᠤᠷᠤᠭᠰᠢᠯᠠᠭᠰᠠᠨ ᠰᠣᠳᠣᠨ ᠪᠦᠲᠦᠭᠡᠯ ᠢᠶᠠᠷ ᠤᠳᠬ᠎ᠠ ᠤᠷᠠᠯᠢᠭ ᠤᠨ ᠰᠢᠨ᠎ᠡ ᠠᠬᠤᠶ ᠪᠠᠶᠢᠳᠠᠯ ᠢ ᠨᠡᠭᠡᠭᠡᠬᠦ ᠶᠢ ᠬᠦᠰᠡᠵᠦ ᠪᠠᠶᠢᠨ᠎ᠠ᠃ ᠨᠢᠭᠡ ᠴᠠᠭ ᠦᠶ᠎ᠡ ᠶᠢᠨ ᠤᠳᠬ᠎ᠠ ᠤᠷᠠᠯᠢᠭ ᠤᠨ ᠠᠮᠵᠢᠯᠲᠠ ᠪᠦᠲᠦᠮᠵᠢ ᠶᠢ ᠦᠨᠡᠯᠡᠬᠦ ᠳᠤ ᠬᠠᠮᠤᠭ ᠤᠨ ᠡᠴᠦᠰ ᠲᠤ ᠵᠣᠬᠢᠶᠠᠯ ᠪᠦᠲᠦᠭᠡᠯ ᠢ ᠨᠢ ᠦᠵᠡᠬᠦ ᠳᠤ᠂ ᠤᠳᠬ᠎ᠠ ᠵᠣᠬᠢᠶᠠᠯᠴᠢ᠂ ᠤᠷᠠᠯᠢᠭᠴᠢᠨ ᠤ ᠠᠮᠢᠳᠤᠷᠠᠬᠤᠶ ᠶᠢᠨ ᠥᠷᠲᠡᠭ ᠢ ᠦᠨᠡᠯᠡᠬᠦ ᠳᠤ ᠪᠠᠰᠠ ᠴᠦ ᠵᠣᠬᠢᠶᠠᠯ ᠪᠦᠲᠦᠭᠡᠯ ᠢ ᠨᠢ ᠦᠵᠡᠬᠦ ᠬᠡᠷᠡᠭᠲᠡᠶ᠃ ᠥᠷᠭᠡᠨ ᠤᠯᠡᠠ ᠤᠳᠬ᠎ᠠ ᠤᠷᠠᠯᠢᠭ ᠤᠨ ᠠᠵᠢᠯᠲᠠᠨ ᠣᠬᠢ ᠶᠢᠨ ᠳᠤᠮᠳᠠ ᠠᠴᠠ ᠰᠣᠳᠣ ᠶᠢ ᠨᠢ ᠡᠷᠢᠵᠦ᠂ ᠵᠣᠷᠢᠭᠲᠠᠶ ᠪᠠᠷ ᠰᠢᠨ᠎ᠡ ᠶᠢ ᠡᠭᠦᠳᠴᠦ᠂ ᠮᠠᠨ ᠤ ᠡᠨᠡ ᠬᠦ ᠠᠭᠤᠤ ᠶᠡᠭᠡ ᠦᠨᠳᠦᠰᠦᠲᠡᠨ᠂ ᠠᠭᠤᠤ ᠶᠡᠭᠡ ᠴᠠᠭ ᠦᠶ᠎ᠡ ᠳᠤ ᠥᠯᠥ ᠣᠰᠣᠯᠳᠠᠬᠤ ᠰᠢᠯᠢᠳᠡᠭ ᠪᠦᠲᠦᠭᠡᠯ ᠢ ᠴᠢᠷᠮᠠᠶᠢᠨ ᠵᠣᠬᠢᠶᠠᠨ ᠪᠦᠲᠦᠭᠡᠬᠦ ᠬᠡᠷᠡᠭᠲᠡᠶ᠃      ᠡᠷᠲᠡᠨ ᠠᠴᠠ ᠡᠳᠦᠭᠡ ᠪᠣᠯᠲᠠᠯ᠎ᠠ᠂ ᠤᠳᠬ᠎ᠠ ᠤᠷᠠᠯᠢᠭ ᠤᠨ ᠰᠢᠯᠢᠳᠡᠭ ᠪᠦᠲᠦᠭᠡᠯ ᠨᠢ ᠦᠵᠡᠯ ᠰᠠᠨᠠᠭᠠᠨ ᠤ ᠠᠭᠤᠯᠭ᠎ᠠ ᠪᠠ ᠤᠷᠠᠯᠢᠭ ᠤᠨ ᠢᠯᠡᠳᠬᠡᠯᠲᠡ ᠶᠢ ᠣᠷᠭᠠᠨᠢᠭ ᠢᠶᠠᠷ ᠨᠢᠭᠡᠳᠬᠡᠭᠰᠡᠨ ᠤ ᠦᠷ᠎ᠡ ᠳ᠋ᠦᠩ ᠪᠣᠯᠬᠤ ᠨᠢ ᠵᠠᠶᠢᠯᠠᠰᠢ ᠦᠭᠡᠢ᠃ ︽ᠶᠣᠰᠣᠨ ᠠᠨᠤ ᠰᠡᠴᠡ ᠲᠠᠢ ᠪᠣᠯᠪᠠᠰᠤ ᠵᠣᠷᠢᠭ ᠭᠤᠣᠯᠴᠢ᠂ ᠵᠣᠷᠢᠭ ᠠᠨᠤ ᠭᠤᠣᠯᠴᠢ ᠪᠣᠯᠪᠠᠰᠤ ᠦᠭᠡᠰ ᠪᠠᠶᠠᠯᠢᠭ᠂ ᠦᠭᠡᠰ ᠢᠨᠤ ᠪᠠᠶᠠᠯᠢᠭ ᠪᠣᠯᠪᠠᠰᠤ ᠵᠣᠬᠢᠶᠠᠯ ᠨᠡᠪᠲᠡᠷᠬᠡᠢ︾ ᠭᠡᠳᠡᠭᠴᠢᠯᠡᠨ ᠭᠠᠭᠴᠠ ᠬᠦ ᠭᠤᠸ᠎ᠠ ᠰᠠᠶᠢᠬᠠᠨ ᠤ ᠦᠨ᠎ᠡ ᠥᠷᠲᠡᠭ ᠢ ᠭᠤᠸ᠎ᠠ ᠰᠠᠶᠢᠬᠠᠨ ᠤ ᠤᠷᠠᠯᠢᠭ ᠲᠤ ᠠᠭᠤᠰᠬᠠᠪᠠᠯ ᠤᠷᠠᠨ ᠪᠦᠲᠦᠭᠡᠯ ᠰᠠᠶ᠋ᠢ ᠰᠦᠭ ᠰᠦᠨᠡᠰᠦ ᠲᠠᠢ ᠪᠣᠯᠵᠤ᠂ ᠦᠵᠡᠯ ᠰᠠᠨᠠᠭ᠎ᠠ ᠪᠣᠯᠣᠨ ᠤᠷᠠᠯᠢᠭ ᠰᠠᠶ᠋ᠢ ᠬᠠᠷᠢᠯᠴᠠᠨ ᠤᠶᠠᠯᠳᠤᠨ ᠬᠠᠷᠢᠯᠴᠠᠨ ᠳᠣᠪᠤᠶᠢᠯᠭᠠᠵᠤ᠂ ᠤᠷᠠᠨ ᠪᠦᠲᠦᠭᠡᠯ ᠰᠠᠶ᠋ᠢ ᠥᠨᠢ ᠤᠳᠠᠭᠠᠨ ᠤᠯᠠᠮᠵᠢᠯᠠᠭᠳᠠᠵᠤ ᠴᠢᠳᠠᠨ᠎ᠠ᠃ ᠶᠠᠰᠤ ᠴᠢᠨᠠᠷ ᠢ ᠳᠡᠭᠡᠭᠰᠢᠯᠡᠭᠦᠯᠬᠦ ᠶᠠᠪᠤᠳᠠᠯ ᠢ ᠤᠳᠬ᠎ᠠ ᠤᠷᠠᠯᠢᠭ ᠤᠨ ᠪᠦᠲᠦᠭᠡᠯ ᠤᠨ ᠠᠮᠢᠨ ᠰᠤᠳᠠᠰᠤ ᠪᠣᠯᠭᠠᠵᠤ᠂ ᠠᠭᠤᠯᠭ᠎ᠠ ᠮᠠᠲ᠋ᠧᠷᠢᠶᠠᠯ ᠰᠣᠩᠭᠤᠬᠤ ᠳᠤ ᠪᠠᠨ ᠴᠢᠩᠭ᠎ᠠ ᠨᠢᠮᠪᠠᠢ ᠪᠠᠶᠢᠵᠤ᠂ ᠦᠵᠡᠯ ᠰᠠᠨᠠᠭ᠎ᠠ ᠶᠢ ᠨᠢ ᠭᠦᠨᠵᠡᠭᠡᠶ ᠠᠭᠤᠳᠠᠯᠵᠤ᠂ ᠤᠷᠠᠯᠢᠭ ᠤᠨ ᠡᠭᠦᠳᠦᠨ ᠪᠦᠲᠦᠭᠡᠯᠲᠡ ᠪᠠᠨ ᠨᠠᠷᠢᠯᠢᠭ ᠪᠠᠶᠢᠯᠭᠠᠵᠤ᠂ ᠤᠷᠠᠨ ᠪᠦᠲᠦᠭᠡᠯ ᠤᠨ ᠤᠶᠤᠨ ᠰᠠᠨᠠᠭᠠᠨ ᠤ ᠡᠨᠧᠷᠭᠢ᠂ ᠰᠣᠶᠣᠯ ᠤᠨ ᠠᠭᠤᠯᠤᠭᠳᠠᠬᠤᠨ᠂ ᠤᠷᠠᠯᠢᠭ ᠤᠨ ᠦᠨ᠎ᠡ ᠦᠷᠳᠡᠭ ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠶ᠃      ᠰᠢᠨ᠎ᠡ ᠶᠢ ᠡᠭᠦᠳᠬᠦ ᠪᠣᠯ ᠤᠳᠬ᠎ᠠ ᠤᠷᠠᠯᠢᠭ ᠤᠨ ᠠᠮᠢ ᠨᠠᠰᠤ ᠮᠥᠨ᠃ ᠵᠣᠬᠢᠶᠠᠯᠴᠢ ᠯᠢᠦ ᠴᠢᠩ ᠬᠡᠯᠡᠬᠦ ᠳᠤ ᠪᠠᠨ᠄ ︽ᠨᠢᠭᠡᠨ ᠵᠣᠬᠢᠶᠠᠯᠴᠢ ᠪᠤᠰᠤᠳ ᠢ ᠳᠠᠭᠤᠷᠢᠶᠠᠬᠤ ᠠᠴᠠ ᠪᠦᠷᠢᠮᠦᠰᠦᠨ ᠰᠠᠯᠤᠭᠰᠠᠨ ᠦᠶ᠎ᠡ ᠳᠤ ᠰᠠᠶ᠋ᠢ ᠡᠬᠢᠯᠡᠨ ᠵᠢᠩᠬᠢᠨᠢ ᠵᠣᠬᠢᠶᠠᠯᠴᠢ ᠪᠣᠯᠳᠠᠭ︾᠂ ︽ᠨᠢᠭᠡ ᠴᠠᠭ ᠦᠶ᠎ᠡ ᠶᠢᠨ ᠤᠳᠬ᠎ᠠ ᠵᠣᠬᠢᠶᠠᠯ ᠳᠤ ᠴᠥᠮ ᠥᠪᠡᠷ ᠤᠨ ᠰᠢᠨ᠎ᠡ ᠪᠢᠴᠢᠯᠭᠡ ᠶᠢᠨ ᠤᠷ᠎ᠠ ᠳᠡᠮ ᠲᠠᠢ ᠪᠠᠶᠢᠳᠠᠭ︾ ᠭᠡᠵᠡᠢ᠃ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠨ ᠤᠷᠢᠳᠤᠰ ᠠᠴᠠ ᠲᠠᠭᠠᠨ ᠰᠤᠷᠤᠯᠴᠠᠵᠤ ᠬᠦᠨᠳᠦᠳᠬᠡᠨ ᠪᠢᠰᠢᠷᠡᠬᠦ ᠰᠡᠳᠬᠢᠯᠭᠡ ᠪᠠᠶᠢᠬᠤ ᠬᠡᠷᠡᠭᠲᠡᠶ᠂ ᠨᠡᠩ ᠴᠤ ᠤᠷᠢᠳᠤᠰ ᠠᠴᠠ ᠴᠢᠷᠮᠠᠶᠢᠨ ᠳᠠᠪᠠᠵᠤ ᠢᠯᠠᠯᠲᠠ ᠤᠯᠬᠤ ᠰᠡᠳᠬᠢᠯᠭᠡ ᠲᠠᠢ ᠪᠠᠶᠢᠵᠤ᠂ ᠥᠪᠡᠷ ᠤᠨ ᠪᠡᠶ᠎ᠡ ᠪᠠᠨ ᠢᠯᠠᠨ ᠳᠠᠪᠠᠭ᠋ᠤ ᠰᠥᠰᠥ ᠵᠣᠷᠢᠭ ᠢᠶᠠᠨ ᠴᠢᠩᠭᠠᠷᠠᠭᠤᠯᠵᠤ᠂ ᠲᠡᠷᠡ ᠬᠡᠪ ᠢᠶᠠᠷ ᠨᠢ ᠨᠡᠭᠦᠯᠭᠡᠬᠦ᠂ ᠳᠠᠭᠤᠷᠢᠶᠠᠨ ᠳᠠᠭᠠᠬᠤ ᠶᠢ ᠡᠰᠡᠷᠭᠦᠴᠡᠨ ᠬᠤᠷᠢᠭᠯᠠᠵᠤ᠂ ᠨᠡᠩ ᠥᠷᠭᠡᠨ ᠠᠭᠤᠳᠠᠮ ᠵᠣᠬᠢᠶᠠᠨ ᠪᠦᠲᠦᠭᠡᠬᠦ ᠣᠷᠣᠨ ᠵᠠᠶ ᠳᠤ ᠲᠠᠪᠰᠢᠨ ᠣᠷᠣᠬᠤ ᠬᠡᠷᠡᠭᠲᠡᠶ᠃      ᠥᠷᠭᠡᠨ ᠳᠡᠯᠭᠡᠷ ᠭᠦᠨ ᠭᠦᠨᠵᠡᠭᠡᠶ ᠳᠤᠮᠳᠠᠳᠤ ᠶᠢᠨ ᠪᠣᠯᠪᠠᠰᠤᠨ ᠪᠣᠯ ᠳᠤᠮᠳᠠᠳᠤ ᠶᠢᠨ ᠦᠨᠳᠦᠰᠦᠲᠡᠨ ᠤ ᠥᠪᠡᠷᠮᠢᠴᠡ ᠤᠶᠤᠨ ᠰᠠᠨᠠᠭᠠᠨ ᠤ ᠪᠡᠯᠭᠡ ᠲᠡᠮᠳᠡᠭ ᠮᠥᠨ᠂ ᠤᠳᠤ ᠦᠶ᠎ᠡ ᠶᠢᠨ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠦᠨᠳᠦᠰᠦ ᠰᠠᠭᠤᠷᠢ ᠮᠥᠨ᠂ ᠪᠠᠰᠠ ᠴᠤ ᠤᠳᠬ᠎ᠠ ᠤᠷᠠᠯᠢᠭ ᠤᠨ ᠰᠢᠨ᠎ᠡ ᠶᠢ ᠡᠭᠦᠳᠬᠦ ᠶᠢᠨ ᠡᠷᠳᠡᠨᠢᠰ ᠤᠨ ᠰᠠᠩ ᠮᠥᠨ᠃ ᠳᠤᠮᠳᠠᠳᠤ ᠤᠯᠤᠰ ᠤᠨ ᠰᠣᠶᠣᠯ ᠲᠡᠦᠬᠡᠨ ᠠᠴᠠ ᠪᠠᠨ ᠠᠪᠤᠭᠠᠳ ︽ᠡᠷᠢᠨ ᠵᠠᠭᠤᠨ ᠤ ᠰᠢᠯᠦᠭ ᠵᠣᠬᠢᠶᠠᠯ ᠢ ᠰᠢᠩᠭᠡᠭᠡᠨ᠂ ᠮᠢᠩᠭᠠᠨ ᠣᠨ ᠤ ᠰᠣᠩᠭᠤᠳᠠᠭ ᠤᠶᠠᠩᠭ᠎ᠠ ᠶᠢ ᠬᠤᠷᠢᠶᠠᠬᠤ︾ ᠶᠢ ᠡᠷᠬᠢᠮᠯᠡᠭᠰᠡᠭᠡᠷ ᠢᠷᠡᠭᠰᠡᠨ ᠶᠤᠮ᠃ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠤᠨ ᠰᠠᠨᠠᠭ᠎ᠠ ᠦᠵᠡᠯᠲᠡ᠂ ᠰᠣᠶᠣᠯ ᠢᠷᠭᠡᠨᠰᠢᠯ ᠤᠨ ᠵᠣᠷᠢᠭ ᠰᠠᠨᠠᠭ᠎ᠠ᠂ ᠶᠣᠰᠣ ᠰᠤᠷᠲᠠᠬᠤᠨ ᠤ ᠵᠢᠷᠤᠮᠵᠢᠯ ᠢ ᠠᠭᠤᠳᠠᠯᠵᠤ᠂ ᠤᠷᠠᠯᠢᠭ ᠤᠨ ᠪᠦᠲᠦᠭᠡᠯᠴᠢ ᠬᠦᠴᠦᠨ ᠪᠣᠯᠣᠨ ᠳᠤᠮᠳᠠᠳᠤ ᠶᠢᠨ ᠰᠣᠶᠣᠯ ᠤᠨ ᠦᠷᠳᠡᠭ ᠢ ᠠᠭᠤᠰᠤᠯᠴᠠᠭᠤᠯᠵᠤ᠂ ᠳᠤᠮᠳᠠᠳᠤ ᠶᠢᠨ ᠭᠤᠸ᠎ᠠ ᠵᠦᠢ ᠶᠢᠨ ᠵᠣᠷᠢᠭ ᠰᠠᠨᠠᠭ᠎ᠠ ᠪᠣᠯᠣᠨ ᠤᠳᠤ ᠦᠶ᠎ᠡ ᠶᠢᠨ ᠭᠤᠸ᠎ᠠ ᠰᠠᠶᠢᠬᠠᠨ ᠤ ᠬᠥᠭᠡᠭᠡᠴᠡᠯᠳᠦᠯ ᠢ ᠤᠶᠠᠯᠳᠤᠭᠤᠯᠵᠤ᠂ ᠳᠤᠮᠳᠠᠳᠤ ᠶᠢᠨ ᠰᠣᠶᠣᠯ ᠤᠨ ᠠᠮᠢᠵᠢᠷᠠᠯ ᠤᠨ ᠬᠦᠴᠦᠨ ᠢ ᠬᠥᠭᠵᠢᠭᠡᠬᠦ ᠬᠡᠷᠡᠭᠲᠡᠶ᠃ ᠬᠠᠭᠤᠴᠢᠨ ᠢᠶᠠᠨ ᠪᠠᠷᠢᠮᠲᠠᠯᠠᠵᠤ ᠬᠡᠪᠰᠢᠷᠡᠨ ᠵᠣᠭᠰᠣᠩᠭᠤᠶᠢᠷᠠᠬᠤ ᠨᠢ ᠤᠯᠠᠮᠵᠢᠯᠠᠨ ᠵᠠᠯᠭᠠᠮᠵᠢᠯᠠᠭᠰᠠᠨ ᠭᠡᠵᠦ ᠬᠡᠯᠡᠵᠦ ᠴᠢᠳᠠᠬᠤ ᠦᠭᠡᠶ᠂ ᠲᠡᠦᠬᠡ ᠪᠠᠨ ᠲᠠᠰᠤᠳᠠᠭᠤᠯᠵᠤ ᠬᠡᠢ ᠬᠤᠭᠤᠰᠣᠨ ᠢᠶᠠᠷ ᠵᠣᠬᠢᠶᠠᠬᠤ ᠨᠢ ᠰᠢᠨ᠎ᠡ ᠶᠢ ᠡᠭᠦᠳᠦᠭᠰᠡᠨ ᠳᠤ ᠲᠣᠭᠠᠴᠠᠭᠳᠠᠬᠤ ᠦᠭᠡᠶ ᠶᠤᠮ᠃ ᠤᠯᠠᠮᠵᠢᠯᠠᠨ ᠵᠠᠯᠭᠠᠮᠵᠢᠯᠠᠬᠤ ᠪᠠ ᠰᠢᠨ᠎ᠡ ᠶᠢ ᠡᠭᠦᠳᠬᠦ ᠶᠢᠨ ᠬᠠᠷᠢᠴᠠᠭ᠎ᠠ ᠶᠢ ᠡᠵᠡᠮᠳᠡᠵᠦ᠂ ᠡᠷᠲᠡᠨ ᠤ ᠬᠢ ᠶᠢ ᠰᠤᠷᠬᠤ ᠮᠥᠷᠲᠡᠭᠡᠨ ᠡᠷᠲᠡᠨ ᠤ ᠬᠢ ᠳᠤ ᠪᠠᠷᠢᠭᠳᠠᠬᠤ ᠦᠭᠡᠢ᠂ ᠬᠠᠭᠤᠴᠢᠨ ᠳᠥᠷᠢᠮ ᠢ ᠡᠪᠳᠡᠬᠦ ᠮᠥᠷᠲᠡᠭᠡᠨ ᠳᠥᠷᠢᠮ ᠢ ᠵᠥᠷᠢᠴᠡᠬᠦ ᠦᠭᠡᠢ ᠪᠠᠶᠢᠵᠤ᠂ ᠳᠤᠮᠳᠠᠳᠤ ᠶᠢᠨ ᠰᠢᠯᠢᠳᠡᠭ ᠤᠯᠠᠮᠵᠢᠯᠠᠯᠲᠤ ᠰᠣᠶᠣᠯ ᠢ ᠤᠳᠬ᠎ᠠ ᠤᠷᠠᠯᠢᠭ ᠤᠨ ᠰᠢᠨ᠎ᠡ ᠶᠢ ᠡᠭᠦᠳᠬᠦ ᠶᠢᠨ ᠴᠢᠬᠤᠯᠠ ᠡᠬᠢ ᠪᠤᠯᠠᠭ ᠪᠣᠯᠭᠠᠬᠤ ᠬᠡᠷᠡᠭᠲᠡᠶ᠃      ᠥᠨᠥᠳᠦᠷ᠂ ᠡᠯ᠎ᠡ ᠵᠦᠢᠯ ᠤᠨ ᠤᠷᠠᠯᠢᠭ ᠤᠨ ᠰᠠᠯᠠᠭ᠎ᠠ ᠲᠦᠷᠦᠯ ᠬᠠᠷᠢᠯᠴᠠᠨ ᠠᠭᠤᠰᠤᠯᠴᠠᠨ ᠨᠡᠪᠲᠡᠷᠡᠯᠴᠡᠵᠦ᠂ ᠡᠯ᠎ᠡ ᠵᠦᠢᠯ ᠤᠨ ᠢᠯᠡᠷᠡᠭᠦᠯᠬᠦ ᠬᠡᠯᠪᠡᠷᠢ ᠰᠣᠯᠪᠢᠴᠠᠨ ᠠᠭᠤᠰᠤᠯᠴᠠᠵᠤ᠂ ᠢᠨᠲ᠋ᠧᠷ ᠰᠦᠯᠵᠢᠶ᠎ᠡ᠂ ᠲᠤᠮᠤ ᠳ᠋ᠠᠶᠢᠲ᠋ᠠ᠂ ᠵᠣᠬᠢᠶᠠᠮᠠᠯ ᠤᠶᠤᠨ ᠵᠡᠷᠭᠡ ᠨᠢ ᠤᠳᠬ᠎ᠠ ᠤᠷᠠᠯᠢᠭ ᠤᠨ ᠬᠡᠯᠪᠡᠷᠢ ᠶᠢᠨ ᠰᠢᠨ᠎ᠡ ᠡᠭᠦᠳᠦᠯᠲᠡ ᠶᠢ ᠪᠤᠢ ᠪᠣᠯᠭᠠᠵᠤ᠂ ᠤᠳᠬ᠎ᠠ ᠤᠷᠠᠯᠢᠭ ᠤᠨ ᠣᠷᠣᠨ ᠵᠠᠢ ᠶᠢ ᠥᠷᠭᠡᠳᠬᠡᠵᠡᠢ᠃ ᠵᠣᠬᠢᠶᠠᠨ ᠪᠦᠲᠦᠭᠡᠬᠦ ᠤᠷ᠎ᠠ ᠮᠡᠷᠭᠡᠵᠢᠯ ᠪᠠ ᠠᠷᠭ᠎ᠠ ᠳᠡᠮ ᠪᠦᠬᠦᠨ ᠨᠢ ᠴᠥᠮ ᠠᠭᠤᠯᠭ᠎ᠠ ᠳᠤ ᠪᠠᠨ ᠦᠢᠯᠡᠴᠢᠯᠡᠳᠡᠭ ᠭᠡᠳᠡᠭ ᠶᠣᠰᠣ ᠶᠢ ᠪᠢᠳᠡ ᠡᠷᠬᠡᠪᠰᠢ ᠮᠡᠳᠡᠬᠦ ᠬᠡᠷᠡᠭᠲᠡᠶ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠥᠭᠵᠢᠯᠲᠡ᠂ ᠲᠧᠭᠨᠢᠭ ᠮᠡᠷᠭᠡᠵᠢᠯ ᠤᠨ ᠰᠢᠨᠡᠴᠢᠯᠡᠯᠲᠡ ᠨᠢ ᠤᠷᠠᠯᠢᠭ ᠤᠨ ᠰᠢᠨ᠎ᠡ ᠢᠯᠡᠳᠬᠡᠯᠲᠡ ᠪᠠ ᠢᠯᠡᠷᠡᠭᠦᠯᠬᠦ ᠠᠷᠭ᠎ᠠ ᠶᠢ ᠠᠪᠴᠢᠷᠠᠬᠤ ᠪᠣᠯᠪᠠᠴᠤ ᠤᠷᠠᠯᠢᠭ ᠤᠨ ᠪᠠᠶᠠᠯᠢᠭ ᠠᠭᠤᠯᠭ᠎ᠠ ᠨᠢ ᠬᠡᠵᠢᠶᠡᠳᠡ ᠠᠮᠢᠳᠤᠷᠠᠯ ᠳᠤ ᠲᠦᠰᠢᠭᠯᠡᠳᠡᠭ᠃ ᠰᠢᠨ᠎ᠡ ᠮᠡᠷᠭᠡᠵᠢᠯ᠂ ᠰᠢᠨ᠎ᠡ ᠠᠷᠭ᠎ᠠ ᠳᠡᠮ ᠢ ᠵᠥᠪ ᠢᠶᠠᠷ ᠬᠡᠷᠡᠭᠯᠡᠨ᠂ ᠵᠣᠬᠢᠶᠠᠨ ᠪᠦᠲᠦᠭᠡᠬᠦ ᠠᠪᠢᠶᠠᠰ ᠪᠢᠯᠢᠭ ᠢᠶᠠᠨ ᠬᠥᠭᠵᠢᠭᠡᠵᠦ᠂ ᠰᠣᠶᠣᠯ ᠤᠨ ᠠᠭᠤᠯᠤᠭᠳᠠᠬᠤᠨ ᠢ ᠪᠠᠶᠠᠯᠢᠭᠵᠢᠭᠤᠯᠤᠨ᠂ ᠦᠵᠡᠯ ᠰᠠᠨᠠᠭ᠎ᠠ ᠬᠠᠶᠢᠷ᠎ᠠ ᠰᠡᠳᠬᠢᠯᠭᠡ ᠪᠠᠨ ᠢᠯᠡᠳᠬᠡᠵᠦ᠂ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠨᠡᠩ ᠢᠯᠡᠭᠦᠦ ᠠᠭᠤᠯᠤᠭᠳᠠᠬᠤᠨ ᠲᠠᠢ᠂ ᠨᠡᠩ ᠢᠯᠡᠭᠦᠦ ᠲᠠᠯᠳᠠ ᠬᠦᠴᠦᠨ ᠪᠠ ᠰᠢᠨ᠎ᠡ ᠠᠬᠤᠶ ᠪᠠᠶᠢᠳᠠᠯ ᠲᠠᠢ ᠪᠣᠯᠭᠠᠬᠤ ᠬᠡᠷᠡᠭᠲᠡᠶ᠃      ᠳᠥᠷᠪᠡᠳᠦᠭᠡᠷ ᠲᠤ᠂ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠨ ᠬᠠᠶᠢᠷ᠎ᠠ ᠰᠡᠳᠬᠢᠯᠭᠡ ᠪᠠ ᠣᠶᠤᠨ ᠬᠦᠴᠦᠨ ᠢᠶᠠᠨ ᠰᠢᠪᠬᠠᠨ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ ᠳᠡᠯᠡᠬᠡᠢ ᠳ᠋ᠠᠬᠢᠨ ᠳᠤ ᠢᠲᠡᠭᠡᠮᠵᠢᠲᠡᠢ᠂ ᠬᠠᠶᠢᠷᠠᠯᠠᠯᠲᠠᠢ᠂ ᠬᠦᠨᠳᠦᠳᠬᠡᠭᠦᠰᠢᠲᠡᠢ ᠳᠤᠮᠳᠠᠳᠤ ᠤᠯᠤᠰ ᠤᠨ ᠲᠦᠷᠢ ᠲᠥᠷᠬᠦ ᠶᠢ ᠢᠯᠡᠷᠡᠭᠦᠯᠬᠦ ᠶᠢ ᠬᠦᠰᠡᠵᠦ ᠪᠠᠶᠢᠨ᠎ᠠ᠃ ᠳᠤᠮᠳᠠᠳᠤ ᠤᠯᠤᠰ ᠤᠨ ᠠᠷᠠᠳ ᠲᠦᠮᠡᠨ ᠲᠡᠦᠬᠡᠨ ᠠᠴᠠ ᠪᠠᠨ ᠠᠪᠤᠭᠠᠳ ᠳᠡᠯᠡᠬᠡᠶ ᠳ᠋ᠠᠬᠢᠨ ᠳᠤ ᠭᠦᠨ ᠵᠤᠵᠠᠭᠠᠨ ᠬᠠᠶᠢᠷ᠎ᠠ ᠰᠡᠳᠬᠢᠯᠭᠡ ᠲᠠᠢ ᠶᠤᠮ᠂ ᠤᠳᠤ ᠦᠶ᠎ᠡ ᠶᠢᠨ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠠᠷᠠᠴᠠ ᠪᠠᠨ ᠳᠡᠯᠡᠬᠡᠶ ᠳ᠋ᠠᠬᠢᠨ ᠳᠤ ᠬᠠᠨᠳᠤᠭᠤᠯᠵᠤ᠂ ᠬᠥᠮᠦᠨ ᠲᠥᠷᠥᠯᠬᠢᠲᠡᠨ ᠳᠤ ᠬᠠᠨᠳᠤᠭᠤᠯᠬᠤ ᠬᠡᠷᠡᠭᠲᠡᠶ᠃ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠨ ᠢᠲᠡᠭᠡᠯ ᠵᠣᠷᠢᠭ ᠪᠠ ᠬᠦᠰᠡᠯ ᠬᠥᠭᠡᠭᠡᠴᠡᠯᠳᠦᠯ ᠲᠠᠢ ᠪᠠᠶᠢᠵᠤ᠂ ᠵᠠᠭᠤᠨ ᠡᠷᠢᠨ ᠤ ᠤᠯᠠᠮᠵᠢᠯᠠᠯ ᠢ ᠵᠠᠯᠭᠠᠮᠵᠢᠯᠠᠵᠤ᠂ ᠤᠳᠤ ᠦᠶ᠎ᠡ ᠶᠢᠨ ᠬᠤᠪᠢᠷᠠᠯᠲᠠ ᠳᠤ ᠵᠣᠬᠢᠴᠠᠵᠤ᠂ ᠳᠤᠮᠳᠠᠳᠤ ᠤᠯᠤᠰ ᠤᠨ ᠭᠤᠸ᠎ᠠ ᠰᠠᠶᠢᠬᠠᠨ ᠤ ᠳᠤᠷ᠎ᠠ ᠰᠣᠨᠢᠷᠬᠠᠯ ᠢ ᠢᠯᠡᠷᠡᠭᠦᠯᠦᠭᠰᠡᠨ᠂ ᠤᠳᠤ ᠦᠶ᠎ᠡ ᠶᠢᠨ ᠳᠤᠮᠳᠠᠳᠤ ᠤᠯᠤᠰ ᠤᠨ ᠦᠷᠳᠡᠭ ᠤᠨ ᠦᠵᠡᠯᠲᠡ ᠶᠢ ᠤᠯᠠᠮᠵᠢᠯᠠᠭᠰᠠᠨ᠂ ᠪᠦᠬᠦ ᠬᠥᠮᠦᠨ ᠲᠥᠷᠥᠯᠬᠢᠲᠡᠨ ᠤ ᠬᠠᠮᠲᠤ ᠶᠢᠨ ᠦᠷᠳᠡᠭ ᠤᠨ ᠬᠥᠭᠡᠭᠡᠴᠡᠯᠳᠦᠯ ᠢ ᠲᠤᠰᠬᠠᠭᠰᠠᠨ ᠨᠡᠩ ᠤᠯᠠᠨ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠬᠦ ᠬᠡᠷᠡᠭᠲᠡᠶ᠃      ᠡᠯ᠎ᠡ ᠤᠯᠤᠰ ᠣᠷᠣᠨ ᠤ ᠠᠷᠠᠳ ᠲᠦᠮᠡᠨ ᠤ ᠠᠬᠤᠶ ᠪᠠᠶᠢᠳᠠᠯ ᠪᠠ ᠬᠤᠪᠢ ᠵᠠᠶᠠᠭ᠎ᠠ ᠮᠠᠰᠢ ᠶᠡᠭᠡ ᠵᠥᠷᠢᠶ᠎ᠡ ᠲᠠᠢ ᠪᠣᠯᠪᠠᠴᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠴᠥᠬᠦᠷᠡᠰᠢ ᠦᠭᠡᠢ ᠬᠥᠭᠡᠭᠡᠴᠡᠯᠳᠦᠯ᠂ ᠬᠤᠪᠢ ᠵᠠᠶᠠᠭ᠎ᠠ ᠪᠠᠨ ᠬᠤᠪᠢᠷᠠᠭᠤᠯᠬᠤ ᠶᠢᠨ ᠲᠥᠯᠥᠭᠡᠨ ᠤ ᠨᠤᠭᠤᠷᠠᠰᠢ ᠦᠭᠡᠢ ᠲᠡᠮᠡᠴᠡᠯ ᠪᠣᠯ ᠨᠢᠭᠡᠳᠦᠯᠲᠡᠶ ᠪᠠᠶᠢᠳᠠᠭ ᠪᠥᠭᠡᠳ ᠬᠠᠮᠤᠭ ᠠᠴᠠ ᠠᠮᠠᠷᠬᠠᠨ ᠲᠠᠭᠠᠰᠢᠶᠠᠭᠳᠠᠳᠠᠭ ᠶᠤᠮ᠃ ᠮᠠᠷᠺᠰ ᠬᠡᠯᠡᠬᠦ ᠳᠤ ᠪᠠᠨ᠄ ︽ᠦᠨᠳᠦᠰᠦᠲᠡᠨ ᠪᠦᠬᠦᠨ ᠤ ᠥᠪᠡᠷ ᠤᠨ ᠢᠶᠠᠨ ᠲᠥᠯᠥᠭᠡ ᠬᠢᠭᠰᠡᠨ ᠶᠠᠪᠤᠳᠠᠯ ᠪᠦᠬᠦᠨ ᠨᠢ ᠴᠥᠮ ᠲᠡᠳᠡᠨ ᠤ ᠬᠥᠮᠦᠨ ᠲᠥᠷᠥᠯᠬᠢᠲᠡᠨ ᠤ ᠨᠡᠶᠢᠭᠡᠮ ᠤᠨ ᠲᠥᠯᠥᠭᠡ ᠬᠢᠭᠰᠡᠨ ᠶᠠᠪᠤᠳᠠᠯ ᠮᠥᠨ︾ ᠭᠡᠵᠡᠶ᠃ ᠰᠢᠷᠭᠠᠭᠤ ᠬᠠᠲᠠᠭᠤᠵᠢᠯᠲᠠᠶ ᠲᠡᠮᠡᠴᠡᠯ ᠤᠨ ᠳᠤᠮᠳᠠ᠂ ᠳᠤᠮᠳᠠᠳᠤ ᠤᠯᠤᠰ ᠤᠨ ᠠᠷᠠᠳ ᠲᠦᠮᠡᠨ ᠪᠤᠴᠠᠯᠲᠠ ᠦᠭᠡᠢ ᠤᠷᠤᠭᠰᠢᠯᠠᠬᠤ ᠡᠷᠴᠢ ᠵᠣᠷᠢᠭ ᠪᠠ ᠰᠥᠰᠥ ᠵᠣᠷᠢᠭ ᠢᠶᠠᠷ᠂ ᠤᠷᠢᠳ ᠡᠮᠦᠨ᠎ᠡ ᠪᠠᠶᠢᠭ᠎ᠠ ᠦᠭᠡᠢ ᠤᠶᠤᠨ ᠤᠬᠠᠭᠠᠨ ᠪᠠ ᠬᠦᠴᠦᠨ ᠴᠢᠳᠠᠯ ᠢᠶᠠᠷ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠢ ᠨᠡᠭᠡᠭᠡᠵᠦ᠂ ᠠᠵᠤ ᠠᠬᠤᠶ ᠶᠢᠨ ᠲᠦᠷᠭᠡᠨ ᠬᠥᠭᠵᠢᠯᠲᠡ ᠪᠠ ᠨᠡᠶᠢᠭᠡᠮ ᠤᠨ ᠤᠷᠳᠤ ᠬᠤᠭᠤᠴᠠᠭ᠎ᠠ ᠪᠠᠷ ᠲᠣᠭᠲᠠᠭᠤᠨ ᠪᠠᠶᠢᠬᠤ ᠬᠤᠶᠠᠷ ᠶᠡᠭᠡ ᠭᠠᠶᠢᠬᠠᠮᠰᠢᠭ ᠢ ᠡᠭᠦᠳᠴᠦ᠂ ᠬᠥᠮᠦᠨ ᠲᠥᠷᠥᠯᠬᠢᠲᠡᠨ ᠤ ᠪᠣᠯᠪᠠᠰᠤᠨ ᠤ ᠰᠢᠨ᠎ᠡ ᠬᠡᠯᠪᠡᠷᠢ ᠪᠠᠶᠢᠳᠠᠯ ᠢ ᠡᠭᠦᠳᠴᠦ᠂ ᠳᠤᠮᠳᠠᠳᠤ ᠤᠯᠤᠰ ᠤᠨ ᠰᠣᠶᠣᠯ ᠤᠨ ᠤᠶᠠᠨ ᠬᠦᠴᠦᠨ ᠢ ᠶᠡᠭᠡ ᠪᠠᠷ ᠳᠡᠭᠡᠭᠰᠢᠯᠡᠭᠦᠯᠪᠡ᠃ ᠳᠡᠯᠡᠬᠡᠢ ᠨᠡᠶᠢᠭᠡᠮ ᠢᠶᠠᠷ ᠢᠶᠠᠨ ᠳᠤᠮᠳᠠᠳᠤ ᠤᠯᠤᠰ ᠤᠨ ᠬᠥᠭᠵᠢᠯᠲᠡ ᠶᠢᠨ ᠵᠠᠮ ᠪᠣᠯᠤᠨ ᠠᠮᠵᠢᠯᠲᠠ ᠶᠢᠨ ᠨᠢᠭᠤᠴᠠ ᠵᠣᠷ ᠢ ᠲᠠᠶᠢᠯᠪᠤᠷᠢᠯᠠᠵᠤ᠂ ᠳᠤᠮᠳᠠᠳᠤ ᠤᠯᠤᠰ ᠤᠨ ᠠᠷᠠᠳ ᠲᠦᠮᠡᠨ ᠤ ᠠᠮᠢᠳᠤᠷᠠᠯ ᠤᠨ ᠬᠤᠪᠢᠷᠠᠯᠲᠠ ᠪᠣᠯᠤᠨ ᠤᠶᠤᠨ ᠰᠠᠨᠠᠭᠠᠨ ᠤ ᠶᠢᠷᠲᠢᠨᠴᠦ ᠶᠢ ᠣᠶᠢᠯᠠᠭᠠᠬᠤ ᠶᠢ ᠬᠦᠰᠡᠵᠦ ᠪᠠᠶᠢᠨ᠎ᠠ᠃      ᠰᠣᠶᠣᠯ ᠢᠶᠠᠷ ᠬᠥᠮᠦᠨ ᠢ ᠤᠬᠠᠭᠠᠷᠠᠭᠤᠯᠪᠠᠯ ᠰᠡᠳᠬᠢᠯ ᠰᠠᠨᠠᠭ᠎ᠠ ᠶᠢ ᠨᠡᠩ ᠨᠢᠭᠲᠠᠷᠠᠭᠤᠯᠵᠤ ᠴᠢᠳᠠᠨ᠎ᠠ︔ ᠤᠷᠠᠯᠢᠭ ᠢᠶᠠᠷ ᠰᠡᠳᠬᠢᠯ ᠢᠶᠠᠨ ᠣᠯᠣᠯᠴᠠᠪᠠᠯ᠂ ᠳᠡᠯᠡᠬᠡᠶ ᠳ᠋ᠠᠬᠢᠨ ᠲᠠᠢ ᠨᠡᠪᠲᠡᠷᠡᠯᠴᠡᠬᠦ ᠳᠤ ᠨᠠᠩ ᠠᠮᠠᠷᠬᠠᠨ ᠪᠠᠶᠢᠳᠠᠭ᠃ ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠨ ᠳᠤᠮᠳᠠᠳᠤ ᠤᠨ ᠨᠤᠲᠤᠭ ᠤᠰᠤᠨ ᠳᠤ ᠪᠠᠨ ᠰᠠᠭᠤᠷᠢᠯᠠᠵᠤ᠂ ᠳᠤᠮᠳᠠᠳᠤ ᠤᠯᠤᠰ ᠤᠨ ᠦᠯᠢᠭᠡᠷ ᠢ ᠰᠠᠶᠢᠲᠤᠷ ᠶᠠᠷᠢᠵᠤ᠂ ᠨᠡᠩ ᠭᠦᠨ ᠬᠠᠷᠠᠭᠠᠰᠤ᠂ ᠨᠡᠩ ᠠᠭᠤᠳᠠᠮᠴᠢ ᠴᠡᠭᠡᠵᠢ᠂ ᠨᠡᠩ ᠢᠲᠡᠭᠡᠯ ᠲᠠᠢ ᠣᠪᠣᠷ ᠢᠶᠠᠷ ᠳᠤᠮᠳᠠᠳᠤ ᠤᠯᠤᠰ ᠤᠨ ᠬᠤᠪᠢᠰᠤᠯᠲᠠ ᠪᠣᠯᠤᠨ ᠳᠤᠮᠳᠠᠳᠤ ᠤᠯᠤᠰ ᠤᠨ ᠵᠣᠷᠢᠭ ᠰᠠᠨᠠᠭ᠎ᠠ ᠶᠢ ᠬᠠᠮᠤᠭ ᠠᠴᠠ ᠢᠯᠡᠭᠦᠦ ᠲᠥᠯᠥᠭᠡᠯᠡᠵᠦ ᠴᠢᠳᠠᠬᠤᠶᠢᠴᠠ ᠰᠡᠳᠦᠪᠯᠡᠬᠦᠨ ᠢ ᠰᠣᠩᠭᠤᠵᠤ᠂ ᠤᠷᠠᠯᠢᠭ ᠪᠠᠷ ᠪᠦᠲᠦᠭᠡᠵᠦ ᠢᠯᠡᠷᠡᠭᠦᠯᠦᠭᠰᠡᠨ᠂ ᠳᠡᠯᠡᠬᠡᠢ ᠳ᠋ᠠᠬᠢᠨ ᠳᠤ ᠮᠡᠳᠡᠷᠡᠭᠳᠡᠭᠰᠡᠨ ᠳᠤᠮᠳᠠᠳᠤ ᠶᠢᠨ ᠰᠣᠶᠣᠯ ᠤᠨ ᠨᠡᠩ ᠣᠯᠠᠨ ᠲᠦᠷᠢ ᠲᠥᠷᠬᠦ ᠶᠢ ᠱᠣᠭᠤᠨ ᠪᠦᠲᠦᠭᠡᠵᠦ᠂ ᠠᠮᠢᠳᠤᠯᠢᠭ ᠪᠣᠳᠠᠲᠠᠢ ᠳᠤᠮᠳᠠᠳᠤ ᠤᠯᠤᠰ ᠢ ᠳᠡᠯᠭᠡᠨ ᠦᠵᠡᠭᠦᠯᠬᠦ ᠪᠠᠷ ᠴᠢᠷᠮᠠᠶᠢᠵᠤ᠂ ᠬᠥᠮᠦᠨ ᠲᠥᠷᠥᠯᠬᠢᠲᠡᠨ ᠤ ᠬᠤᠪᠢ ᠵᠠᠶᠠᠭᠠᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠬᠤ ᠳᠤ ᠰᠢᠨ᠎ᠡ ᠬᠠᠭᠤᠳᠠᠰᠤ ᠶᠢ ᠪᠢᠴᠢᠭᠯᠡᠬᠦ ᠬᠡᠷᠡᠭᠲᠡᠢ᠃      ᠤᠳᠬ᠎ᠠ ᠤᠷᠠᠯᠢᠭ ᠤᠨ ᠦᠨᠳᠦᠰᠦᠲᠡᠨ ᠤ ᠣᠨᠴᠠᠯᠢᠭ ᠰᠢᠨᠵᠢ ᠨᠢ ᠨᠢᠭᠡ ᠦᠨᠳᠦᠰᠦᠲᠡᠨ ᠤ ᠰᠣᠶᠣᠯ ᠤᠨ ᠥᠪᠡᠷᠮᠢᠴᠡ ᠴᠢᠨᠠᠷ ᠢ ᠢᠯᠡᠷᠡᠭᠦᠯᠳᠡᠭ᠃ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠨ ᠳᠤᠮᠳᠠᠳᠤ ᠶᠢᠨ ᠰᠣᠶᠣᠯ ᠤᠨ ᠵᠣᠭᠰᠣᠯᠲᠠ ᠪᠠᠨ ᠪᠠᠲᠤ ᠰᠠᠬᠢᠵᠤ᠂ ᠳᠡᠯᠡᠬᠡᠶ ᠶᠢᠨ ᠡᠯ᠎ᠡ ᠤᠯᠤᠰ ᠤᠨ ᠤᠳᠬ᠎ᠠ ᠵᠣᠬᠢᠶᠠᠯᠴᠢ᠂ ᠤᠷᠠᠯᠢᠭᠴᠢᠳ ᠲᠠᠢ ᠥᠷᠭᠡᠨ ᠰᠣᠯᠢᠯᠴᠠᠭ᠎ᠠ ᠥᠷᠨᠢᠭᠦᠯᠬᠦ ᠬᠡᠷᠡᠭᠲᠡᠶ᠃ ᠦᠨᠳᠦᠰᠦᠲᠡᠨ ᠤ ᠤᠷᠠᠯᠢᠭ ᠤᠨ ᠠᠭᠤᠯᠭ᠎ᠠ ᠪᠣᠯᠣᠨ ᠬᠡᠯᠪᠡᠷᠢ ᠶᠢ ᠬᠥᠭᠵᠢᠭᠦᠯᠬᠦ ᠶᠢ ᠴᠢᠬᠤᠯᠠᠴᠢᠯᠠᠵᠤ᠂ ᠦᠨᠳᠦᠰᠦᠲᠡᠨ ᠤ ᠠᠷᠠᠳ ᠤᠨ ᠤᠳᠬ᠎ᠠ ᠵᠣᠬᠢᠶᠠᠯ ᠤᠷᠠᠯᠢᠭ ᠤᠨ ᠤᠯᠠᠮᠵᠢᠯᠠᠯ ᠢ ᠵᠠᠯᠭᠠᠮᠵᠢᠯᠠᠨ ᠪᠠᠳᠠᠷᠠᠭᠤᠯᠵᠤ᠂ ᠬᠡᠪ ᠨᠠᠮᠪᠠ ᠤᠷᠤᠰᠬᠠᠯ ᠪᠦᠯᠦᠭ᠂ ᠬᠡᠯᠪᠡᠷᠢ ᠶᠠᠩᠵᠤ ᠶᠢ ᠥᠷᠭᠡᠳᠬᠡᠵᠦ᠂ ᠳᠡᠯᠡᠬᠡᠶ ᠶᠢᠨ ᠤᠳᠬ᠎ᠠ ᠵᠣᠬᠢᠶᠠᠯ ᠤᠷᠠᠯᠢᠭ ᠤᠨ ᠬᠦᠷᠢᠶᠡᠨ ᠳᠤ ᠳᠤᠮᠳᠠᠳᠤ ᠤᠯᠤᠰ ᠤᠨ ᠴᠤᠭ ᠰᠦᠯᠳᠡ᠂ ᠳᠤᠮᠳᠠᠳᠤ ᠤᠯᠤᠰ ᠤᠨ ᠬᠡᠪ ᠨᠠᠮᠪᠠ ᠶᠢ ᠢᠯᠡ ᠲᠣᠳᠣ ᠴᠣᠭᠴᠠᠯᠠᠬᠤ ᠬᠡᠷᠡᠭᠲᠡᠶ᠃      ᠲᠠᠪᠤᠳᠤᠭᠠᠷ ᠲᠤ᠂ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠳ ᠲᠥᠪ ᠶᠣᠰᠣ ᠶᠢ ᠪᠠᠳᠠᠷᠠᠭᠤᠯᠬᠤ ᠶᠢ ᠪᠠᠷᠢᠮᠲᠠᠯᠠᠵᠤ᠂ ᠮᠣᠷᠠᠯ ᠡᠷᠳᠡᠮ ᠬᠤᠣᠰᠯᠠᠭᠤᠯᠬᠤ ᠶᠢ ᠬᠥᠭᠡᠭᠡᠴᠡᠯᠳᠦᠬᠦ ᠳᠤᠮᠳᠠ ᠠᠮᠢᠳᠤᠷᠠᠬᠤᠶ ᠶᠢᠨ ᠦᠨ᠎ᠡ ᠦᠷᠳᠡᠭ ᠢᠶᠠᠨ ᠢᠯᠡᠷᠡᠭᠦᠯᠬᠦ ᠶᠢ ᠬᠦᠰᠡᠵᠦ ᠪᠠᠶᠢᠨ᠎ᠠ᠃ ︽ᠣᠮᠤᠭ ᠰᠥᠰᠥ ᠲᠠᠢ ᠪᠠᠶᠢᠪᠠᠰᠤ ᠦᠭᠡ ᠢᠨᠤ ᠴᠢᠭᠡᠴᠢ ᠪᠤᠶᠤ᠂ ᠠᠤᠭ᠎ᠠ ᠵᠣᠷᠢᠭ ᠲᠠᠢ ᠪᠠᠶᠢᠪᠠᠰᠤ ᠶᠠᠷᠢᠶ᠎ᠠ ᠢᠨᠤ ᠢᠳᠡᠷᠡᠭᠦᠨ ᠪᠤᠶᠤ᠂ ᠠᠯᠤᠰ ᠬᠦᠰᠡᠯᠡᠩ ᠲᠠᠢ ᠪᠠᠶᠢᠪᠠᠰᠤ ᠵᠣᠷᠢᠯᠲᠠ ᠢᠨᠤ ᠲᠡᠭᠦᠯᠳᠡᠷ ᠪᠤᠶᠤ︾᠃ ᠤᠳᠬ᠎ᠠ ᠤᠷᠠᠯᠢᠭ ᠨᠢ ᠰᠠᠶᠢᠨ ᠰᠤᠷᠲᠠᠯ ᠢᠶᠠᠷ ᠨᠥᠯᠥᠭᠡᠯᠡᠨ ᠬᠥᠮᠥᠵᠢᠭᠦᠯᠬᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠠᠶᠢᠳᠠᠭ᠃ ᠥᠷᠭᠡᠨ ᠤᠯᠡᠠ ᠤᠳᠬ᠎ᠠ ᠤᠷᠠᠯᠢᠭ ᠤᠨ ᠠᠵᠢᠯᠲᠠᠨ ᠬᠤᠪᠢ ᠬᠥᠮᠦᠨ ᠤ ᠶᠣᠰᠣ ᠰᠤᠷᠲᠠᠬᠤᠨ ᠤ ᠬᠡᠪ ᠪᠣᠯᠪᠠᠰᠤᠷᠠᠯ᠂ ᠨᠡᠶᠢᠭᠡᠮ ᠤᠨ ᠲᠦᠷᠢ ᠲᠥᠷᠬᠦ ᠬᠢᠭᠡᠳ ᠵᠣᠬᠢᠶᠠᠯ ᠪᠦᠲᠦᠭᠡᠯ ᠤᠨ ᠨᠡᠶᠢᠭᠡᠮ ᠤᠨ ᠦᠷ᠎ᠡ ᠪᠦᠲᠦᠮᠵᠢ ᠶᠢ ᠨᠢᠭᠡᠳᠬᠡᠵᠦ᠂ ᠤᠷᠠᠯᠢᠭ ᠤᠨ ᠬᠥᠭᠡᠭᠡᠴᠡᠯᠳᠦᠯ ᠢᠶᠠᠨ ᠪᠠᠲᠤ ᠰᠠᠬᠢᠵᠤ᠂ ᠮᠤᠷᠠᠯ ᠡᠷᠳᠡᠮ ᠬᠤᠣᠰᠯᠠᠭᠤᠯᠬᠤ ᠶᠢ ᠬᠥᠭᠡᠭᠡᠴᠡᠯᠳᠦᠨ᠂ ᠡᠷᠬᠢᠮ ᠳᠡᠭᠡᠳᠦ ᠬᠡᠪ ᠰᠤᠷᠲᠠᠯ ᠪᠠ ᠠᠭᠤᠯᠭ᠎ᠠ ᠴᠢᠨᠠᠷ ᠬᠤᠣᠰᠯᠠᠭᠰᠠᠨ ᠤᠷᠠᠨ ᠪᠦᠲᠦᠭᠡᠯ ᠢᠶᠠᠷ ᠲᠡᠦᠬᠡᠨ ᠳᠡᠭᠡᠷ᠎ᠡ ᠲᠥᠪ ᠰᠤᠷᠲᠠᠯ ᠢ ᠦᠯᠡᠳᠡᠭᠡᠵᠦ᠂ ᠶᠢᠷᠲᠢᠨᠴᠦ ᠶᠢᠨ ᠬᠥᠮᠦᠰ ᠲᠤ ᠡᠷᠬᠢᠮ ᠶᠣᠰᠣ ᠶᠢ ᠤᠯᠠᠮᠵᠢᠯᠠᠵᠤ᠂ ᠬᠤᠪᠢ ᠪᠡᠶ᠎ᠡ ᠳᠤ ᠪᠠᠨ ᠠᠷᠢᠭᠤᠨ ᠨᠡᠷ᠎ᠡ ᠦᠯᠡᠳᠡᠭᠡᠬᠦ ᠪᠠᠷ ᠴᠢᠷᠮᠠᠶᠢᠬᠤ ᠬᠡᠷᠡᠭᠲᠡᠶ᠃      ᠶᠣᠰᠣ ᠮᠤᠷᠠᠯ ᠢᠶᠠᠷ ᠬᠥᠮᠥᠨ ᠢ ᠬᠥᠮᠥᠵᠢᠭᠦᠯᠬᠦ ᠳᠤ ᠡᠷᠬᠡᠪᠰᠢ ᠤᠷᠢᠳ ᠢᠶᠠᠷ ᠥᠪᠡᠷ ᠢ ᠪᠠᠨ ᠬᠦᠮᠦᠵᠢᠭᠦᠯᠬᠦ ᠬᠡᠷᠡᠭᠲᠡᠢ︔ ᠰᠦᠭ ᠰᠦᠨᠡᠰᠦ ᠶᠢ ᠱᠤᠭᠤᠵᠤ ᠦᠨᠳᠦᠰᠦ ᠰᠠᠭᠤᠷᠢ ᠶᠢ ᠪᠣᠶᠢᠵᠢᠭᠤᠯᠬᠤ ᠳᠤ ᠡᠷᠬᠡᠪᠰᠢ ᠤᠷᠢᠳ ᠢᠶᠠᠷ ᠥᠪᠡᠷ ᠢ ᠪᠠᠨ ᠱᠣᠭᠤᠬᠤ ᠬᠡᠷᠡᠭᠲᠡᠢ᠃ ᠲᠡᠦᠬᠡ ᠶᠢᠨ ᠤᠷᠤᠰᠬᠠᠯ ᠳᠤ ᠦᠯᠡᠳᠡᠭᠳᠡᠭᠰᠡᠨ ᠪᠠᠯᠠᠷᠠᠰᠢ ᠦᠭᠡᠶ ᠰᠣᠩᠭᠤᠳᠠᠭ ᠪᠦᠲᠦᠭᠡᠯ ᠤᠳ ᠨᠢ ᠴᠥᠮ ᠵᠣᠬᠢᠶᠠᠯᠴᠢ᠂ ᠤᠷᠠᠯᠢᠭᠴᠢᠨ ᠤ ᠦᠵᠡᠯ ᠪᠣᠳᠣᠯ ᠪᠠ ᠡᠷᠳᠡᠮ ᠰᠣᠶᠣᠯ ᠤᠨ ᠨᠡᠪᠲᠡᠷᠡᠯᠴᠡᠯ᠂ ᠶᠣᠰᠣ ᠮᠣᠷᠠᠯ ᠪᠠ ᠠᠪᠢᠶᠠᠰ ᠴᠢᠳᠠᠪᠤᠷᠢ ᠶᠢᠨ ᠠᠭᠤᠰᠤᠯᠴᠠᠯ᠂ ᠬᠥᠮᠦᠨ ᠴᠢᠨᠠᠷ ᠪᠠ ᠤᠷᠠᠯᠢᠭ ᠤᠨ ᠪᠦᠲᠦᠭᠡᠯ ᠤᠨ ᠨᠢᠭᠡᠳᠦᠯ ᠢ ᠬᠠᠷᠠᠭᠤᠯᠤᠭᠰᠠᠨ ᠶᠤᠮ᠃ ︽ᠳᠡᠯᠡᠬᠡᠶ ᠳ᠋ᠠᠬᠢᠨ ᠳᠤ ᠬᠡᠷᠡᠭᠯᠡᠭᠳᠡᠪᠡᠰᠦ ᠵᠠᠭᠤᠨ ᠳᠡᠪᠲᠡᠷ ᠢᠯᠡᠭᠦᠳᠡᠬᠦ ᠦᠭᠡᠢ᠂ ᠬᠡᠷᠡᠭᠯᠡᠭᠳᠡᠬᠦ ᠦᠭᠡᠢ ᠪᠣᠯᠪᠠᠰᠤ ᠨᠢᠭᠡ ᠪᠦᠯᠦᠭ ᠴᠦ ᠲᠤᠰᠠ ᠦᠭᠡᠢ︾ ᠭᠡᠳᠡᠭᠴᠢᠯᠡᠨ ᠶᠠᠭ ᠡᠭᠦᠨ ᠢ ᠵᠢᠭᠠᠵᠤ ᠪᠤᠢ᠃      ᠤᠳᠬ᠎ᠠ ᠤᠷᠠᠯᠢᠭ ᠤᠨ ᠵᠣᠬᠢᠶᠠᠨ ᠪᠦᠲᠦᠭᠡᠬᠦ ᠠᠵᠢᠯ ᠪᠣᠯ ᠬᠠᠲᠠᠭᠤ ᠪᠡᠷᠬᠡᠰᠢᠶᠡᠯᠲᠡᠶ ᠪᠦᠲᠦᠭᠡᠯᠴᠢ ᠴᠢᠨᠠᠷᠲᠠᠶ ᠠᠵᠢᠯ ᠮᠥᠨ᠃ ᠣᠯᠠᠨ ᠠᠴᠠ ᠬᠡᠲᠦ᠋ᠢᠳᠦᠭᠰᠡᠨ ᠤᠷᠠᠯᠢᠭ ᠤᠨ ᠬᠢᠷᠢ ᠲᠦᠪᠰᠢᠨ ᠢ ᠪᠣᠯᠪᠠᠰᠤᠷᠠᠭᠤᠯᠬᠤ ᠨᠢ ᠨᠢᠭᠡ ᠯᠠ ᠡᠳᠦᠷ ᠤᠨ ᠴᠢᠷᠮᠠᠶᠢᠯᠭ᠎ᠠ ᠪᠠᠷ ᠣᠯᠵᠤ ᠴᠢᠳᠠᠬᠤ ᠦᠭᠡᠢ᠂ ᠬᠠᠷᠢᠨ ᠰᠡᠳᠬᠢᠯ ᠰᠠᠨᠠᠭ᠎ᠠ ᠪᠠᠨ ᠲᠥᠪᠯᠡᠷᠡᠭᠦᠯᠦᠨ᠂ ᠡᠳᠦᠷ ᠰᠦᠨᠢ ᠶᠢ ᠠᠯᠳᠠᠯ ᠦᠭᠡᠢ᠂ ᠤᠳᠠᠭᠠᠨ ᠳᠠᠭᠠᠭᠠᠮᠠᠭᠠᠢ ᠴᠢᠷᠮᠠᠶᠢᠬᠤ ᠬᠡᠷᠡᠭᠲᠡᠢ᠃ ᠬᠡᠷᠪᠡ ᠵᠥᠪᠬᠡᠨ ᠲᠦᠳᠡ ᠵᠠᠮ ᠢ ᠰᠣᠩᠭᠤᠨ᠂ ᠲᠦᠷᠭᠡᠨ ᠪᠣᠯᠪᠠᠰᠤᠷᠠᠬᠤ ᠶᠢ ᠬᠥᠭᠡᠭᠡᠴᠡᠯᠳᠦᠵᠦ᠂ ᠬᠤᠭᠤᠰᠣᠨ ᠨᠡᠷ᠎ᠡ ᠶᠢ ᠬᠥᠭᠡᠭᠡᠴᠡᠯᠳᠦᠵᠦ᠂ ᠨᠢᠭᠡ ᠡᠳᠦᠷ ᠲᠤ ᠨᠡᠷ᠎ᠡ ᠪᠠᠨ ᠮᠠᠨᠳᠤᠭᠤᠯᠬᠤ᠂ ᠨᠢᠭᠡ ᠰᠥᠨᠢ ᠳᠤ ᠭᠡᠨᠡᠳᠲᠡ ᠪᠠᠶᠠᠵᠢᠬᠤ ᠶᠢ ᠬᠥᠭᠡᠭᠡᠴᠡᠯᠳᠦᠪᠡᠯ ᠡᠴᠦᠰ ᠲᠤ ᠪᠠᠨ ᠡᠭᠦᠯᠡ ᠮᠠᠨᠠᠨ ᠮᠡᠲᠦ ᠵᠠᠮᠬᠠᠷᠠᠨ ᠠᠷᠢᠯᠬᠤ ᠪᠣᠯᠣᠨ᠎ᠠ᠃ ᠤᠳᠬ᠎ᠠ ᠤᠷᠠᠯᠢᠭ ᠨᠢ ᠬᠢᠯᠪᠠᠷ ᠣᠶᠢᠯᠠᠭᠠᠮᠵᠢᠲᠠᠶ ᠪᠠᠶᠢᠬᠤ ᠬᠡᠷᠡᠭᠲᠡᠶ᠂ ᠭᠡᠬᠦ ᠳᠤ ᠪᠠᠨ ᠪᠤᠯᠬᠢ᠂ ᠪᠦᠳᠦᠭᠦᠯᠢᠭ᠂ ᠪᠢᠯᠳᠠᠤᠴᠢ ᠪᠠᠶᠢᠵᠤ ᠣᠭᠲᠣ ᠪᠣᠯᠬᠤ ᠦᠭᠡᠢ᠃ ᠤᠳᠬ᠎ᠠ ᠤᠷᠠᠯᠢᠭ ᠨᠢ ᠠᠮᠢᠳᠤᠷᠠᠯ ᠳᠤ ᠦᠨᠳᠦᠰᠦᠯᠡᠭᠰᠡᠨ ᠪᠠᠶᠢᠬᠤ ᠬᠡᠷᠡᠭᠲᠡᠶ᠂ ᠭᠡᠪᠡᠴᠦ ᠮᠠᠭᠤ ᠬᠡᠪ ᠰᠤᠷᠲᠠᠯ ᠢ ᠡᠬᠢᠯᠡᠭᠦᠯᠦᠭᠴᠢ᠂ ᠳᠠᠭᠠᠭᠴᠢ᠂ ᠬᠥᠭᠡᠷᠭᠡᠳᠡᠭᠴᠢ ᠪᠤᠯᠵᠦ ᠤᠬᠳᠦ ᠪᠣᠯᠬᠤ ᠤᠢᠭᠡᠢ᠃ ᠤᠳᠬ᠎ᠠ ᠤᠷᠠᠯᠢᠭ ᠨᠢ ᠰᠢᠨ᠎ᠡ ᠶᠢ ᠡᠭᠦᠳᠬᠦ ᠬᠡᠷᠡᠭᠲᠡᠶ᠂ ᠭᠡᠪᠡᠴᠦ ᠰᠣᠨᠢᠨ ᠰᠡᠪᠡᠭᠦᠨ ᠬᠠᠴᠢᠨ ᠵᠢᠭᠲᠡᠢ᠂ ᠱᠠᠯ ᠳᠡᠮᠡᠢ ᠴᠠᠯᠴᠢᠶ᠎ᠠ ᠪᠠᠶᠢᠵᠤ ᠤᠬᠳᠦ ᠪᠣᠯᠬᠤ ᠤᠢᠭᠡᠢ᠃ ᠤᠳᠬ᠎ᠠ ᠤᠷᠠᠯᠢᠭ ᠨᠢ ᠦᠷ᠎ᠡ ᠨᠥᠯᠥᠭᠡ ᠲᠠᠢ ᠪᠠᠶᠢᠬᠤ ᠬᠡᠷᠡᠭᠲᠡᠶ᠂ ᠭᠡᠪᠡᠴᠦ ᠵᠣᠭᠤᠰ ᠤᠨ ᠨᠦᠬᠡ ᠪᠠᠷ ᠰᠢᠷᠭᠤᠵᠤ᠂ ᠵᠠᠬ᠎ᠠ ᠳᠡᠯᠭᠡᠭᠦᠷ ᠤᠨ ᠪᠤᠭᠤᠯ ᠪᠤᠯᠵᠦ ᠣᠭᠲᠣ ᠪᠣᠯᠬᠤ ᠤᠢᠭᠡᠢ᠃ ᠵᠣᠬᠢᠶᠠᠨ ᠪᠦᠲᠦᠭᠡᠬᠦ ᠳᠤ ᠬᠦᠴᠦ ᠬᠦᠯᠦᠰᠦ ᠣᠷᠣᠭᠤᠯᠬᠤ ᠬᠡᠷᠡᠭᠲᠡᠢ᠂ ᠲᠣᠭᠯᠠᠭᠴᠢ ᠪᠣᠯᠬᠤ ᠳᠤ ᠪᠣᠳᠠᠲᠤ ᠬᠦᠴᠦᠨ ᠳᠤ ᠪᠠᠨ ᠲᠦᠰᠢᠭᠯᠡᠵᠦ᠂ ᠳᠦᠷᠢ ᠲᠥᠷᠬᠦ ᠨᠢ ᠱᠣᠭᠤᠨ ᠪᠦᠲᠦᠭᠡᠬᠦ ᠳᠤ ᠲᠦᠰᠢᠭᠯᠡᠵᠦ᠂ ᠦᠷ᠎ᠡ ᠨᠥᠯᠥᠭᠡ ᠨᠢ ᠴᠢᠨᠠᠷ ᠴᠢᠨᠰᠠᠭ᠎ᠠ ᠳᠤ ᠲᠦᠰᠢᠭᠯᠡᠵᠦ᠂ ᠨᠡᠷ᠎ᠡ ᠠᠯᠳᠠᠷ ᠨᠢ ᠮᠣᠷᠠᠯ ᠤᠷᠠᠯᠢᠭ ᠲᠤ ᠲᠦᠰᠢᠭᠯᠡᠬᠦ ᠬᠡᠷᠡᠭᠲᠡᠢ ᠃ ᠪᠦᠳᠦᠭᠦᠯᠢᠭ ᠳᠣᠣᠷᠠᠳᠤ ᠱᠤᠭ ᠨᠠᠭᠠᠳᠤᠮ᠂ ᠬᠤᠷᠢᠭ᠎ᠠ ᠬᠢᠵᠠᠭᠠᠷ ᠥᠬᠡᠶ ᠳᠤᠷ᠎ᠠ ᠲᠣᠭᠯᠠᠭᠠᠮ᠂ ᠬᠠᠷᠠᠭ᠎ᠠ ᠲᠠᠲᠠᠬᠤ ᠵᠤᠭ᠎ᠠ ᠴᠡᠩᠭᠡᠯ᠂ ᠵᠣᠭᠰᠤᠭ᠎ᠠ ᠵᠢᠯᠣᠭᠤ ᠥᠬᠡᠶ ᠬᠦᠰᠡᠯ ᠪᠣᠳᠣᠯ ᠨᠢ ᠤᠳᠬ᠎ᠠ ᠤᠷᠠᠯᠢᠭ ᠲᠤ ᠬᠤᠤᠷ ᠲᠠᠢ ᠠᠴᠠ ᠪᠢᠰᠢ ᠥᠴᠦᠬᠡᠨ ᠴᠦ ᠠᠰᠢᠭ ᠥᠬᠡᠶ ᠶᠤᠮ︕ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠨ ᠤᠷᠠᠯᠢᠭ ᠢ ᠪᠢᠰᠢᠷᠡᠨ ᠵᠢᠷᠦᠬᠡᠰᠢᠶᠡᠬᠦ ᠰᠡᠳᠬᠢᠯ ᠪᠠ ᠲᠤᠰᠬᠠᠶ ᠮᠡᠷᠭᠡᠵᠢᠯ ᠳᠤ ᠪᠠᠨ ᠦᠨᠡᠨᠴᠢ ᠰᠢᠳᠤᠷᠭᠤ ᠪᠠᠶᠢᠬᠤ ᠰᠡᠳᠬᠢᠯᠭᠡ ᠶᠢ ᠡᠪᠦᠷᠯᠡᠵᠦ᠂ ᠦᠨᠡᠨ ᠬᠦᠴᠦ ᠣᠷᠣᠭᠤᠯᠵᠤ᠂ ᠡᠷᠳᠡᠮ ᠴᠢᠳᠠᠪᠤᠷᠢ ᠪᠠᠨ ᠪᠣᠯᠪᠠᠰᠤᠷᠠᠭᠤᠯᠵᠤ᠂ ᠵᠢᠩᠬᠢᠨᠢ ᠨᠡᠷ᠎ᠡ ᠠᠯᠳᠠᠷ ᠢ ᠬᠥᠭᠡᠭᠡᠴᠡᠯᠳᠦᠬᠦ ᠬᠡᠷᠡᠭᠲᠡᠶ᠃      ᠤᠳᠬ᠎ᠠ ᠤᠷᠠᠯᠢᠭ ᠤᠨ ᠠᠵᠢᠯᠲᠠᠨ ᠤ ᠬᠤᠪᠢ ᠪᠡᠶ᠎ᠡ ᠶᠢᠨ ᠰᠣᠶᠣᠯ ᠪᠣᠯᠪᠠᠰᠤᠷᠠᠯ ᠨᠢ ᠵᠥᠪᠬᠡᠨ ᠲᠡᠭᠦᠨ ᠤ ᠬᠤᠪᠢ ᠶᠢᠨ ᠶᠠᠪᠤᠳᠠᠯ ᠲᠡᠳᠦᠶ ᠪᠢᠰᠢ᠂ ᠤᠳᠬ᠎ᠠ ᠤᠷᠠᠯᠢᠭ ᠤᠨ ᠠᠵᠢᠯ ᠲᠦᠷᠦᠯ ᠤᠨ ᠬᠡᠪ ᠰᠤᠷᠲᠠᠯ ᠤᠨ ᠰᠡᠶᠢᠠ ᠮᠠᠭᠤ ᠨᠢ ᠪᠦᠬᠦ᠋ᠢᠯᠡ ᠰᠣᠶᠣᠯ ᠤᠨ ᠬᠦᠷᠢᠶ᠎ᠡ ᠴᠢᠨᠠᠭᠰᠢᠯᠠᠪᠠᠯ ᠨᠡᠶᠢᠭᠡᠮ ᠤᠨ ᠠᠮᠢᠳᠤᠷᠠᠯ ᠤᠨ ᠠᠮᠢ ᠠᠬᠤᠶ ᠶᠢ ᠨᠥᠯᠥᠭᠡᠯᠡᠬᠦ ᠪᠣᠯᠤᠨ᠎ᠠ᠃ ᠤᠳᠬ᠎ᠠ ᠵᠣᠬᠢᠶᠠᠯᠴᠢ᠂ ᠤᠷᠠᠯᠢᠭᠴᠢᠨ ᠨᠢ ᠨᠡᠶᠢᠭᠡᠮ ᠤᠨ ᠨᠥᠯᠥᠭᠡᠯᠡᠬᠦ ᠬᠦᠴᠦᠨ ᠲᠠᠢ ᠪᠠᠶᠢᠵᠤ᠂ ᠬᠥᠳᠡᠯᠦᠯ ᠪᠠᠷᠢᠯ ᠨᠢᠭᠡᠪᠦᠷᠢ ᠨᠢ ᠴᠥᠮ ᠨᠡᠶᠢᠭᠡᠮ ᠶᠢ ᠨᠥᠯᠥᠭᠡᠯᠡᠳᠡᠭ᠃ ᠥᠷᠭᠡᠨ ᠣᠯᠠᠨ ᠤᠳᠬ᠎ᠠ ᠤᠷᠠᠯᠢᠭ ᠤᠨ ᠠᠵᠢᠯᠲᠠᠳ ᠨᠡᠶᠢᠭᠡᠮ ᠤᠨ ᠨᠥᠯᠥᠭᠡ ᠪᠠᠨ ᠨᠠᠨᠳᠢᠩᠨᠠᠵᠤ᠂ ᠵᠣᠬᠢᠶᠠᠯ ᠪᠦᠲᠦᠭᠡᠯ ᠤᠨ ᠢᠶᠠᠨ ᠨᠡᠶᠢᠭᠡᠮ ᠳᠤ ᠦᠵᠡᠭᠦᠯᠬᠦ ᠦᠢᠯᠡᠳᠦᠯ ᠢ ᠲᠥᠪ ᠬᠢᠨᠠᠮᠠᠭᠠᠶ ᠪᠠᠷ ᠪᠣᠳᠣᠯᠬᠢᠯᠠᠬᠤ ᠬᠡᠷᠡᠭᠲᠡᠶ᠃ ᠨᠢᠭᠡᠨ ᠤᠳᠬ᠎ᠠ ᠤᠷᠠᠯᠢᠭ ᠤᠨ ᠠᠵᠢᠯᠳᠡᠠ ᠬᠡᠷᠪᠡ ᠬᠡᠪ ᠰᠤᠷᠲᠠᠯ ᠨᠢ ᠲᠥᠪ ᠪᠤᠰᠤ ᠪᠠᠶᠢᠪᠠᠯ ᠠᠷᠠᠳ ᠲᠦᠮᠡᠨ ᠬᠦᠯᠢᠶᠡᠬᠦ ᠤᠢᠭᠡᠢ᠂ ᠴᠠᠭ ᠦᠶ᠎ᠡ ᠴᠦ ᠬᠦᠯᠢᠶᠡᠬᠦ ᠤᠢᠭᠡᠢ ᠶᠤᠮ︕ ᠥᠪᠡᠷ ᠢ ᠪᠠᠨ ᠬᠦᠨᠳᠦᠳᠬᠡᠬᠦ ᠦᠭᠡᠢ ᠪᠣᠯ ᠪᠤᠰᠤᠳ ᠤᠨ ᠬᠥᠨᠳᠥᠳᠬᠡᠯ ᠢ ᠣᠯᠵᠤ ᠴᠢᠳᠠᠬᠤ ᠦᠭᠡᠢ ᠶᠤᠮ︕ ᠥᠷᠭᠡᠨ ᠤᠯᠠᠨ ᠤᠳᠬ᠎ᠠ ᠤᠷᠠᠯᠢᠭ ᠤᠨ ᠠᠵᠢᠯᠳᠠᠨ ᠴᠢᠨᠠᠷ ᠴᠢᠨᠰᠠᠭ᠎ᠠ ᠶᠢ ᠡᠷᠬᠢᠮᠯᠡᠵᠦ᠂ ᠬᠡᠪ ᠨᠠᠮᠪᠠ ᠶᠢ ᠡᠷᠬᠢᠮᠯᠡᠵᠦ᠂ ᠬᠠᠷᠢᠭᠤᠴᠠᠯᠭ᠎ᠠ ᠶᠢ ᠡᠷᠬᠢᠮᠯᠡᠵᠦ᠂ ᠤᠬᠠᠮᠰᠠᠷ ᠠᠴᠠ ᠪᠠᠨ ᠬᠠᠤᠯᠢ ᠴᠠᠭᠠᠵᠠ ᠶᠢ ᠵᠢᠷᠤᠮᠯᠠᠵᠤ᠂ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠢ ᠵᠢᠷᠤᠮᠯᠠᠵᠤ᠂ ᠵᠣᠭᠤᠰ ᠮᠥᠩᠭᠦᠨ ᠳᠤ ᠰᠢᠨᠤᠬᠠᠶᠢᠷᠠᠬᠤ ᠦᠵᠡᠯ᠂ ᠵᠢᠷᠭᠠᠨ ᠴᠡᠩᠭᠡᠬᠦ ᠦᠵᠡᠯ᠂ ᠬᠡᠳᠦ ᠬᠤᠪᠢᠨᠴᠢᠷ ᠦᠵᠡᠯ ᠢ ᠤᠬᠠᠮᠰᠠᠷ ᠠᠴᠠ ᠪᠠᠨ ᠡᠰᠡᠷᠭᠦᠴᠡᠨ ᠬᠤᠷᠢᠭᠯᠠᠵᠤ᠂ ᠲᠥᠪ ᠴᠢᠬᠡᠴᠢ ᠬᠥᠮᠦᠨ ᠪᠣᠯᠵᠤ᠂ ᠠᠷᠢᠭᠤᠨ ᠴᠢᠬᠡᠴᠢ ᠪᠠᠷ ᠠᠵᠢᠯ ᠬᠢᠬᠦ ᠬᠡᠷᠡᠭᠲᠡᠶ᠃ ︽ᠬᠥᠮᠥᠰᠬᠡ ᠵᠠᠩᠭᠢᠳᠤᠨ ᠬᠦᠴᠦᠳᠡᠨ ᠳᠤ ᠬᠦᠢᠳᠡᠨ ᠢᠶᠠᠷ ᠬᠠᠨᠳᠤᠵᠤ᠂ ᠬᠠᠷ᠎ᠠ ᠲᠡᠷᠢᠭᠦᠲᠡᠨ ᠳᠤ ᠦᠬᠡᠷ ᠮᠡᠲᠦ ᠵᠢᠳᠬᠦᠬᠦ︾ ᠵᠣᠷᠢᠭ ᠰᠠᠨᠠᠭ᠎ᠠ ᠲᠠᠢ ᠪᠠᠶᠢᠵᠤ᠂ ᠦᠨᠡᠨ ᠰᠠᠶᠢᠨ ᠰᠠᠶᠢᠬᠠᠨ ᠢ ᠮᠠᠭᠲᠠᠨ ᠳᠠᠭᠤᠯᠠᠵᠤ᠂ ᠬᠤᠳᠠᠯ ᠮᠠᠭᠤ ᠮᠠᠭᠤᠬᠠᠶ ᠶᠢ ᠲᠤᠩᠭᠠᠨ ᠰᠢᠭᠦᠮᠵᠢᠯᠡᠬᠦ ᠬᠡᠷᠡᠭᠲᠡᠶ᠃ ᠢᠳᠡᠪᠬᠢ ᠵᠦᠢᠯ ᠢ ᠵᠣᠷᠢᠭᠲᠠᠢ ᠪᠠᠷ ᠪᠢᠴᠢᠭᠯᠡᠨ ᠳᠠᠭᠤᠯᠠᠵᠤ᠂ ᠣᠮᠤᠭ ᠵᠣᠷᠢᠭ ᠲᠡᠭᠦᠯᠳᠡᠷ᠂ ᠰᠤᠷᠲᠠᠯ ᠲᠥᠪ ᠤᠬᠠᠭᠠᠨ ᠰᠠᠷᠠᠭᠤᠯ ᠪᠠᠶᠢᠬᠤ ᠬᠡᠷᠡᠭᠲᠡᠢ᠃ ᠵᠢᠭᠰᠢᠭᠦᠷᠢᠲᠦ ᠶᠠᠪᠤᠳᠠᠯ ᠢ ᠵᠣᠷᠢᠭᠲᠠᠶ ᠪᠠᠷ ᠬᠢᠯᠢᠩᠨᠡᠨ ᠰᠢᠭᠦᠮᠵᠢᠯᠡᠵᠦ᠂ ᠲᠥᠪ ᠶᠣᠰᠣᠨ ᠤ ᠲᠥᠯᠥᠭᠡ ᠲᠡᠷᠢᠭᠦᠨ ᠭᠤᠳᠦ᠋ᠢᠬᠤ ᠦᠭᠡᠢ᠂ ᠨᠤᠭᠤᠷᠠᠰᠢ ᠦᠭᠡᠢ ᠵᠣᠷᠢᠭ ᠬᠦᠴᠦᠨ ᠲᠠᠢ ᠪᠠᠶᠢᠬᠤ ᠬᠡᠷᠡᠭᠲᠡᠶ᠃ ᠠᠵᠢᠯ ᠲᠦᠷᠦᠯ ᠤᠨ ᠰᠤᠷᠲᠠᠯ ᠤᠷᠠᠯᠢᠭ ᠤᠨ ᠶᠣᠰᠣ ᠰᠤᠷᠲᠠᠬᠤᠨ ᠢ ᠪᠠᠳᠠᠷᠠᠭᠤᠯᠵᠤ᠂ ᠤᠳᠬ᠎ᠠ ᠤᠷᠠᠯᠢᠭ ᠤᠨ ᠡᠲᠡᠭᠡᠳ ᠤᠨ ᠰᠠᠶᠢᠨ ᠰᠠᠶᠢᠬᠠᠨ ᠨᠡᠶᠢᠭᠡᠮ ᠤᠨ ᠲᠦᠷᠢ ᠲᠥᠷᠬᠦ ᠶᠢ ᠪᠤᠢ ᠪᠣᠯᠭᠠᠵᠤ᠂ ᠥᠪᠡᠷ ᠢ ᠪᠠᠨ ᠬᠦᠨᠳᠦᠳᠬᠡᠵᠦ ᠥᠪᠡᠷ ᠢ ᠪᠠᠨ ᠬᠠᠶᠢᠷᠠᠯᠠᠬᠤ᠂ ᠬᠠᠷᠢᠯᠴᠠᠨ ᠰᠤᠷᠤᠯᠴᠠᠵᠤ ᠬᠠᠷᠢᠯᠴᠠᠨ ᠲᠣᠯᠢᠯᠠᠬᠤ᠂ ᠠᠷᠢᠭᠤᠨ ᠴᠢᠬᠡᠴᠢ ᠠᠵᠢᠯ ᠲᠦᠷᠦᠯ ᠤᠨ ᠬᠡᠪ ᠰᠤᠷᠲᠠᠯ ᠢ ᠪᠤᠢ ᠪᠣᠯᠭᠠᠬᠤ ᠬᠡᠷᠡᠭᠲᠡᠢ᠃      ᠲᠥᠯᠥᠭᠡᠯᠡᠭᠴᠢᠳ ᠡ︕ ᠨᠥᠬᠦᠳ ᠡ᠂ ᠨᠠᠶᠢᠵᠠ ᠨᠠᠷ ᠡ︕      ᠨᠡᠶᠢᠭᠡᠮ ᠵᠢᠷᠤᠮ ᠤᠨ ᠤᠳᠬ᠎ᠠ ᠤᠷᠠᠯᠢᠭ ᠢ ᠴᠡᠴᠡᠭᠯᠡᠭᠦᠯᠦᠨ ᠬᠥᠭᠵᠢᠭᠦᠯᠵᠦ᠂ ᠨᠡᠶᠢᠭᠡᠮ ᠵᠢᠷᠤᠮ ᠤᠨ ᠰᠣᠶᠣᠯ ᠤᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠳᠤ᠂ ᠨᠠᠮ ᠤᠨ ᠤᠳᠤᠷᠢᠳᠤᠯᠭ᠎ᠠ ᠳᠣᠣᠷ᠎ᠠ᠂ ᠤᠯᠤᠰ ᠢᠶᠠᠨ ᠬᠠᠶᠢᠷᠠᠯᠠᠵᠤ ᠬᠤᠪᠢ ᠨᠡᠮᠡᠷᠢ ᠦᠵᠡᠭᠦᠯᠬᠦ ᠤᠳᠬ᠎ᠠ ᠤᠷᠠᠯᠢᠭ ᠤᠨ ᠠᠵᠢᠯᠳᠠᠨ ᠢ ᠥᠷᠭᠡᠨ ᠢᠶᠠᠷ ᠪᠦᠯᠬᠦᠮᠳᠡᠭᠦᠯᠦᠨ ᠨᠢᠭᠲᠠᠷᠠᠭᠤᠯᠵᠤ᠂ ᠮᠣᠷᠠᠯ ᠡᠷᠳᠡᠮ ᠬᠤᠣᠰᠯᠠᠭᠰᠠᠨ ᠨᠢᠭᠡ ᠪᠥᠯᠥᠭ ᠵᠣᠬᠢᠶᠠᠯᠴᠢ᠂ ᠤᠷᠠᠯᠢᠭᠴᠢᠨ ᠢ ᠬᠦᠮᠦᠵᠢᠭᠦᠯᠬᠦ ᠬᠡᠷᠡᠭᠲᠡᠢ᠃ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠳᠤᠮᠳᠠᠳᠤ ᠤᠯᠤᠰ ᠤᠨ ᠵᠣᠬᠢᠶᠠᠯᠴᠢᠳ ᠤᠨ ᠨᠡᠶᠢᠭᠡᠮᠯᠢᠭ ᠪᠣᠯ ᠨᠠᠮ ᠪᠠ ᠵᠠᠰᠠᠭ ᠤᠨ ᠣᠷᠳᠣᠨ ᠤ ᠤᠳᠬ᠎ᠠ ᠤᠷᠠᠯᠢᠭ ᠤᠨ ᠠᠵᠢᠯᠲᠠᠳ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠮᠥᠨ᠃ 5 ᠵᠢᠯ ᠤᠨ ᠲᠤᠷᠰᠢ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠳᠤᠮᠳᠠᠳᠤ ᠤᠯᠤᠰ ᠤᠨ ᠵᠣᠬᠢᠶᠠᠯᠴᠢᠳ ᠤᠨ ᠨᠡᠶᠢᠭᠡᠮᠯᠢᠭ ︽ᠬᠥᠮᠦᠨ ᠳᠤ ᠴᠢᠭᠯᠡᠭᠦᠯᠦᠭᠰᠡᠨ ᠠᠵᠢᠯ︾ ᠬᠢᠬᠦ ᠡᠨᠡ ᠬᠦ ᠡᠭᠦᠷᠭᠡ ᠲᠠᠢ ᠨᠢᠭᠲᠠ ᠤᠶᠠᠯᠳᠤᠭᠤᠯᠤᠨ᠂ ᠰᠢᠯᠢᠳᠡᠭ ᠪᠦᠲᠦᠭᠡᠯ ᠢ ᠵᠣᠬᠢᠶᠠᠨ ᠪᠦᠲᠦᠭᠡᠬᠦ ᠡᠨᠡ ᠬᠦ ᠭᠤᠣᠯ ᠵᠠᠩᠭᠢᠯᠠᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠡᠭᠦᠷᠭᠡ ᠴᠢᠳᠠᠪᠬᠢ ᠪᠠᠨ ᠰᠢᠯᠢᠳᠡᠭᠵᠢᠭᠦᠯᠵᠦ᠂ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠨ ᠢ ᠪᠦᠯᠬᠦᠮᠳᠡᠭᠦᠯᠦᠨ ᠳᠠᠭᠠᠭᠤᠯᠵᠤ᠂ ᠨᠠᠮ ᠤᠨ ᠦᠭᠡ ᠶᠢ ᠰᠣᠨᠣᠰᠬᠤ᠂ ᠨᠠᠮ ᠢᠶᠠᠨ ᠲᠠᠭᠠᠨ ᠤᠷᠤᠭᠰᠢᠯᠠᠬᠤ᠂ ᠥᠷᠨᠢᠭᠦᠨ ᠪᠠᠳᠠᠷᠠᠩᠭᠤᠢ ᠵᠣᠬᠢᠶᠠᠨ ᠪᠦᠲᠦᠭᠡᠬᠦ ᠪᠠ ᠠᠷᠠᠳ ᠲᠦᠮᠡᠨ ᠳᠤ ᠦᠢᠯᠡᠴᠢᠯᠡᠬᠦ ᠲᠠᠯ᠎ᠠ ᠪᠠᠷ ᠴᠢᠬᠤᠯᠠ ᠦᠢᠯᠡᠳᠦᠯ ᠦᠵᠡᠭᠦᠯᠪᠡ᠃      ᠳᠤᠮᠳᠠᠳᠤ ᠤᠯᠤᠰ ᠤᠨ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠳᠤᠮᠳᠠᠳᠤ ᠤᠯᠤᠰ ᠤᠨ ᠵᠣᠬᠢᠶᠠᠯᠴᠢᠳ ᠤᠨ ᠨᠡᠶᠢᠭᠡᠮᠯᠢᠭ ᠨᠢ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠣᠬᠢᠶᠠᠯᠴᠢᠳ ᠤᠨ ᠨᠡᠶᠢᠭᠡᠮᠯᠢᠭ ᠤᠨ ᠰᠢᠰᠲ᠋ᠧᠮ ᠤᠨ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠪᠠᠳᠠᠷᠠᠭᠤᠯᠵᠤ᠂ ᠠᠵᠢᠯ ᠤᠨ ᠲᠣᠭᠲᠠᠯᠴᠠᠭ᠎ᠠ ᠳᠤ ᠪᠠᠨ ᠰᠢᠨ᠎ᠡ ᠶᠢ ᠡᠭᠦᠳᠴᠦ᠂ ᠰᠢᠨ᠎ᠡ ᠤᠳᠬ᠎ᠠ ᠤᠷᠠᠯᠢᠭ ᠤᠨ ᠵᠣᠬᠢᠶᠠᠨ ᠪᠠᠶᠢᠭᠤᠯᠤᠯᠲᠠ ᠪᠣᠯᠣᠨ ᠰᠢᠨ᠎ᠡ ᠤᠳᠬ᠎ᠠ ᠤᠷᠠᠯᠢᠭ ᠤᠨ ᠬᠦᠮᠦᠰ ᠢ ᠬᠦᠮᠦᠵᠢᠭᠦᠯᠵᠦ ᠬᠥᠲᠥᠯᠥᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠦᠨᠳᠦᠰᠦᠨ ᠱᠠᠲᠤᠨ ᠤ ᠤᠳᠬ᠎ᠠ ᠤᠷᠠᠯᠢᠭ ᠤᠨ ᠠᠵᠢᠯᠲᠠᠨ ᠲᠡᠶᠢᠰᠢ ᠬᠡᠯᠪᠠᠶᠢᠯᠭᠡᠵᠦ᠂ ᠠᠵᠢᠯ ᠦᠢᠯᠡᠰ ᠢᠶᠠᠷ ᠴᠢᠳᠠᠪᠤᠷᠢᠲᠠᠨ ᠢ ᠤᠷᠮᠠᠰᠢᠭᠤᠯᠵᠤ᠂ ᠴᠢᠳᠠᠪᠤᠷᠢᠲᠠᠨ ᠢᠶᠠᠷ ᠠᠵᠢᠯ ᠦᠢᠯᠡᠰ ᠪᠦᠲᠦᠭᠡᠯᠭᠡᠵᠦ᠂ ᠡᠯ᠎ᠡ ᠬᠦᠷᠢᠶ᠎ᠡ ᠴᠠᠷᠠᠭ᠎ᠠ᠂ ᠡᠯ᠎ᠡ ᠲᠡᠰ ᠳᠠᠪᠬᠤᠷᠭ᠎ᠠ ᠂ ᠡᠯ᠎ᠡ ᠲᠠᠯ᠎ᠠ ᠶᠢᠨ ᠤᠳᠬ᠎ᠠ ᠤᠷᠠᠯᠢᠭ ᠤᠨ ᠠᠵᠢᠯᠲᠠᠨ ᠢ ᠥᠷᠭᠡᠨ ᠢᠶᠠᠷ ᠵᠣᠬᠢᠶᠠᠨ ᠪᠠᠶᠢᠭᠤᠯᠤᠨ ᠲᠠᠶᠢᠴᠢᠯᠠᠵᠤ ᠪᠠᠶᠢᠭᠠᠳ ᠨᠠᠮ ᠤᠨ ᠤᠳᠬ᠎ᠠ ᠤᠷᠠᠯᠢᠭ ᠤᠨ ᠦᠢᠯᠡᠰ ᠲᠤ ᠣᠷᠣᠯᠴᠠᠭᠤᠯᠬᠤ ᠬᠡᠷᠡᠭᠲᠡᠢ᠃ ᠤᠳᠬ᠎ᠠ ᠤᠷᠠᠯᠢᠭ ᠤᠨ ᠠᠵᠢᠯᠲᠠᠨ ᠲᠠᠢ ᠦᠨᠡᠨ ᠰᠡᠳᠬᠢᠯ ᠠᠴᠠ ᠪᠠᠨ ᠨᠠᠶᠢᠵᠠᠯᠠᠵᠤ᠂ ᠦᠨᠡᠨ ᠪᠣᠳᠠᠲᠠᠶ ᠠᠵᠢᠯ ᠬᠢᠵᠦ᠂ ᠬᠦᠴᠢᠷᠳᠡᠯ ᠢ ᠨᠢ ᠰᠢᠢᠳᠪᠦᠷᠢᠯᠡᠵᠦ᠂ ᠲᠡᠳᠡᠠ ᠳᠤ ︽ᠤᠳᠬ᠎ᠠ ᠤᠷᠠᠯᠢᠭ ᠤᠨ ᠠᠵᠢᠯᠲᠠᠳ ᠤᠨ ᠭᠡᠷ ᠪᠦᠯᠢ︾ ᠶᠢᠨ ᠬᠠᠶᠢᠷ᠎ᠠ ᠬᠠᠯᠠᠮᠵᠢ ᠶᠢ ᠬᠦᠷᠲᠡᠭᠡᠬᠦ ᠬᠡᠷᠡᠭᠲᠡᠶ᠃ ᠤᠳᠬ᠎ᠠ ᠤᠷᠠᠯᠢᠭ ᠤᠨ ᠡᠲᠡᠭᠡᠳ ᠤᠨ ᠬᠢᠨ ᠤ ᠠᠷᠠᠳ ᠤᠨ ᠪᠦᠯᠬᠦᠮ ᠤᠨ ᠲᠤᠰᠬᠠᠢ ᠮᠡᠷᠭᠡᠵᠢᠯ ᠤᠨ ᠳᠠᠪᠠᠭᠤᠯᠢᠭ ᠢ ᠪᠠᠳᠠᠷᠠᠭᠤᠯᠵᠤ᠂ ᠤᠳᠬ᠎ᠠ ᠵᠣᠬᠢᠶᠠᠯᠴᠢ᠂ ᠤᠷᠠᠯᠢᠭᠴᠢᠨ ᠢ ᠵᠢᠯᠣᠭᠤᠳᠤᠨ ᠲᠤᠰᠬᠠᠢ ᠮᠡᠷᠭᠡᠵᠢᠯ ᠤᠨ ᠬᠢᠷᠢ ᠲᠦᠪᠰᠢᠨ ᠢ ᠨᠢ ᠳᠡᠭᠡᠭᠰᠢᠯᠡᠭᠦᠯᠵᠦ᠂ ᠨᠡᠩ ᠡᠷᠬᠡ ᠰᠦᠷᠲᠦ᠂ ᠤᠯᠠᠨ ᠢ ᠢᠲᠡᠭᠡᠭᠦᠯᠬᠦ ᠬᠦᠴᠦᠨ᠂ ᠨᠥᠯᠥᠭᠡᠯᠡᠬᠦ ᠬᠦᠴᠦᠨ ᠪᠦᠬᠦᠢ ᠤᠳᠬ᠎ᠠ ᠤᠷᠠᠯᠢᠭ ᠤᠨ ᠦᠨᠡᠯᠡᠯᠲᠡ ᠶᠢᠨ ᠲᠣᠭᠲᠠᠯᠴᠠᠭ᠎ᠠ ᠶᠢ ᠪᠠᠶᠢᠭᠤᠯᠵᠤ᠂ ᠠᠵᠢᠯ ᠲᠦᠷᠦᠯ ᠤᠨ ᠦᠢᠯᠡᠴᠢᠯᠡᠭᠡ᠂ ᠠᠵᠢᠯ ᠲᠦᠷᠦᠯ ᠤᠨ ᠬᠠᠮᠢᠶᠠᠷᠤᠯᠲᠠ᠂ ᠠᠵᠢᠯ ᠲᠦᠷᠦᠯ ᠤᠨ ᠥᠪᠡᠷ ᠢ ᠪᠠᠨ ᠱᠠᠭᠠᠷᠳᠠᠬᠤ ᠶᠢ ᠴᠢᠩᠭᠠᠳᠬᠠᠵᠤ᠂ ᠠᠵᠢᠯ ᠲᠦᠷᠦᠯ ᠤᠨ ᠰᠤᠷᠲᠠᠯ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠬᠤ ᠬᠡᠷᠡᠭᠲᠡᠢ᠃      ᠡᠯ᠎ᠡ ᠱᠠᠲᠤᠨ ᠤ ᠨᠠᠮ ᠤᠨ ᠬᠤᠷᠢᠶ᠎ᠠ ᠨᠠᠮ ᠤᠨ ᠤᠨᠤᠯ ᠪᠠ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠭᠤᠰᠢᠯᠠᠭᠤᠯᠵᠤ᠂ ᠤᠳᠬ᠎ᠠ ᠤᠷᠠᠯᠢᠭ ᠤᠨ ᠵᠢᠮ᠎ᠡ ᠶᠣᠰᠣ ᠶᠢ ᠬᠦᠨᠳᠦᠳᠬᠡᠨ ᠵᠢᠷᠤᠮᠯᠠᠵᠤ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠬᠦ᠂ ᠪᠠᠶᠢᠭᠤᠯᠤᠮᠵᠢ ᠶᠢ ᠪᠦᠷᠢᠨᠰᠢᠭᠦᠯᠬᠦ ᠪᠠᠷ ᠳᠠᠮᠵᠢᠭᠤᠯᠵᠤ᠂ ᠲᠠᠰᠤᠷᠠᠯᠲᠠ ᠦᠭᠡᠢ ᠰᠣᠳᠣᠨ ᠪᠦᠲᠦᠭᠡᠯ ᠪᠦᠲᠦᠭᠡᠬᠦ ᠪᠠ ᠴᠢᠳᠠᠪᠤᠷᠢᠲᠠᠨ ᠬᠦᠮᠦᠵᠢᠭᠦᠯᠬᠦ ᠠᠮᠢᠳᠤᠯᠢᠭ ᠪᠠᠶᠢᠳᠠᠯ ᠢ ᠪᠤᠢ ᠪᠣᠯᠭᠠᠬᠤ ᠬᠡᠷᠡᠭᠲᠡᠶ᠃ ᠤᠳᠬ᠎ᠠ ᠤᠷᠠᠯᠢᠭ ᠤᠨ ᠪᠠᠶᠢᠭᠤᠯᠭ᠎ᠠ ᠨᠢᠭᠡᠴᠢ ᠶᠢᠨ ᠤᠳᠤᠷᠢᠳᠬᠤ ᠪᠠᠭ ᠢ ᠰᠠᠶᠢᠲᠤᠷ ᠰᠣᠩᠭᠤᠨ ᠴᠢᠩᠭ᠎ᠠ ᠲᠣᠬᠢᠷᠠᠭᠤᠯᠵᠤ᠂ ᠤᠯᠤᠰ ᠲᠦᠷᠦ ᠶᠢᠨ ᠲᠠᠯ᠎ᠠ ᠪᠠᠷ ᠴᠠᠭᠠᠷᠠᠭᠰᠠᠨ᠂ ᠤᠬᠠᠮᠰᠠᠷ ᠴᠢᠳᠠᠪᠤᠷᠢ ᠬᠤᠣᠰᠯᠠᠭᠰᠠᠨ᠂ ᠤᠳᠬ᠎ᠠ ᠤᠷᠠᠯᠢᠭ ᠤᠨ ᠠᠵᠢᠯ ᠢ ᠣᠶᠢᠯᠠᠭᠠᠭᠰᠠᠨ᠂ ᠤᠳᠬ᠎ᠠ ᠤᠷᠠᠯᠢᠭ ᠤᠨ ᠠᠵᠢᠯᠳᠡᠠ ᠲᠠᠢ ᠨᠢᠭᠲᠠᠷᠠᠨ ᠪᠦᠯᠬᠦᠮᠳᠡᠵᠦ ᠴᠢᠳᠠᠳᠠᠭ ᠺᠠᠳ᠋ᠷ ᠢ ᠤᠳᠤᠷᠢᠳᠬᠤ ᠪᠠᠶᠢᠷᠢᠨ ᠳᠤ ᠳᠡᠪᠰᠢᠭᠦᠯᠬᠦ ᠬᠡᠷᠡᠭᠲᠡᠶ᠃ ᠤᠳᠬ᠎ᠠ ᠤᠷᠠᠯᠢᠭ ᠤᠨ ᠵᠣᠬᠢᠶᠠᠨ ᠪᠦᠲᠦᠭᠡᠯᠭᠡ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠴᠢᠨᠠᠷᠯᠢᠭ ᠤᠳᠬ᠎ᠠ ᠤᠷᠠᠯᠢᠭ ᠤᠨ ᠪᠦᠲᠦᠭᠡᠯ ᠤᠨ ᠬᠠᠩᠭᠠᠯᠭ᠎ᠠ ᠶᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ᠃ ᠮᠠᠷᠺᠰ ᠤᠨ ᠦᠵᠡᠯ ᠤᠨ ᠤᠳᠬ᠎ᠠ ᠤᠷᠠᠯᠢᠭ ᠤᠨ ᠤᠨᠤᠯ ᠪᠠ ᠰᠢᠭᠦᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠴᠤᠭ ᠵᠢᠪᠬᠤᠭ᠎ᠠ ᠪᠠᠨ ᠪᠠᠳᠠᠷᠠᠭᠤᠯᠤᠨ᠂ ᠵᠣᠬᠢᠶᠠᠨ ᠪᠦᠲᠦᠭᠡᠬᠦ ᠶᠢ ᠬᠥᠲᠥᠯᠥᠨ ᠵᠢᠯᠣᠭᠤᠳᠬᠤ᠂ ᠰᠣᠳᠣᠨ ᠪᠦᠲᠦᠭᠡᠯ ᠵᠣᠬᠢᠶᠠᠨ ᠪᠦᠲᠦᠭᠡᠬᠦ᠂ ᠭᠤᠸ᠎ᠠ ᠲᠠᠭᠠᠰᠢᠶᠠᠯ ᠢ ᠳᠡᠭᠡᠭᠰᠢᠯᠡᠭᠦᠯᠬᠦ ᠪᠠ ᠬᠡᠪ ᠰᠤᠷᠲᠠᠯ ᠢ ᠬᠥᠲᠥᠯᠥᠨ ᠳᠠᠭᠠᠭᠤᠯᠬᠤ ᠦᠢᠯᠡᠳᠦᠯ ᠢᠶᠠᠨ ᠪᠠᠳᠠᠷᠠᠭᠤᠯᠬᠤ ᠬᠡᠷᠡᠭᠲᠡᠶ᠃ ᠰᠤᠷᠭᠠᠨ ᠬᠥᠮᠦᠵᠢᠭᠦᠯᠵᠦ ᠬᠥᠲᠥᠯᠥᠨ ᠵᠢᠯᠣᠭᠤᠳᠬᠤ ᠪᠠ ᠶᠡᠷᠦᠩᠬᠡᠶᠢᠯᠡᠨ ᠵᠠᠰᠠᠬᠤ ᠶᠢ ᠵᠡᠷᠭᠡ ᠪᠠᠷ ᠴᠢᠬᠤᠯᠠᠴᠢᠯᠠᠬᠤ᠂ ᠬᠠᠭᠤᠴᠢᠨ ᠢ ᠡᠪᠳᠡᠬᠦ ᠪᠠ ᠰᠢᠨ᠎ᠡ ᠶᠢ ᠪᠤᠢ ᠪᠣᠯᠭᠠᠬᠤ ᠶᠢ ᠬᠤᠣᠰᠯᠠᠭᠤᠯᠤᠨ᠂ ᠠᠷᠭ᠎ᠠ ᠪᠤᠳᠤᠯᠭ᠎ᠠ ᠶᠢ ᠶᠡᠷᠦᠩᠬᠡᠶᠢᠯᠡᠨ ᠬᠡᠷᠡᠭᠵᠢᠭᠦᠯᠬᠦ ᠶᠢ ᠪᠠᠷᠢᠮᠲᠠᠯᠠᠵᠤ᠂ ᠠᠭᠤᠯᠠ ᠨᠢ ᠰᠦᠷᠯᠢᠭ ᠤᠰᠤ ᠨᠢ ᠲᠤᠩᠭᠠᠯᠠᠭ ᠤᠳᠬ᠎ᠠ ᠤᠷᠠᠯᠢᠭ ᠤᠨ ᠠᠮᠢ ᠠᠬᠤᠶ ᠶᠢ ᠪᠦᠳᠦᠭᠡᠨ ᠪᠠᠶᠢᠭᠤᠯᠬᠤ ᠬᠡᠷᠡᠭᠲᠡᠶ᠃      ᠵᠠᠯᠠᠭᠤᠴᠤᠳ ᠪᠣᠯ ᠠᠵᠢᠯ ᠦᠢᠯᠡᠰ ᠤᠨ ᠢᠷᠡᠭᠡᠳᠦᠶ ᠮᠥᠨ᠃ ᠭᠠᠭᠴᠠ ᠬᠦ ᠤᠳᠬ᠎ᠠ ᠤᠷᠠᠯᠢᠭ ᠤᠨ ᠵᠠᠯᠠᠭᠤ ᠠᠵᠢᠯᠲᠠᠨ ᠬᠦᠴᠦᠷᠬᠡᠭᠵᠢᠪᠡᠯ ᠤᠳᠬ᠎ᠠ ᠤᠷᠠᠯᠢᠭ ᠤᠨ ᠦᠢᠯᠡᠰ ᠰᠠᠶ᠋ᠢ ᠲᠠᠰᠤᠷᠠᠯᠲᠠ ᠦᠭᠡᠢ ᠬᠥᠭᠵᠢᠨ ᠳᠠᠪᠰᠢᠬᠤ ᠠᠮᠢᠳᠤᠯᠢᠭ ᠪᠠᠶᠢᠳᠠᠯ ᠲᠠᠢ ᠪᠤᠯᠵᠦ ᠴᠢᠳᠠᠨ᠎ᠠ᠃ ᠴᠢᠳᠠᠪᠤᠷᠢᠲᠠᠨ ᠢ ᠲᠠᠨᠢᠵᠤ᠂ ᠴᠢᠳᠠᠪᠤᠷᠢᠲᠠᠨ ᠢ ᠬᠠᠶᠢᠷᠠᠯᠠᠵᠤ᠂ ᠴᠢᠳᠠᠪᠤᠷᠢᠲᠠᠨ ᠢ ᠬᠦᠨᠳᠦᠳᠬᠡᠵᠦ᠂ ᠴᠢᠳᠠᠪᠤᠷᠢᠲᠠᠨ ᠢ ᠬᠡᠷᠡᠭᠯᠡᠵᠦ᠂ ᠤᠳᠬ᠎ᠠ ᠤᠷᠠᠯᠢᠭ ᠤᠨ ᠵᠠᠯᠠᠭᠤ ᠠᠵᠢᠯᠲᠠᠨ ᠤ ᠲᠥᠪ ᠰᠤᠷᠲᠠᠯ ᠢ ᠰᠠᠬᠢᠵᠤ᠂ ᠳᠠᠷᠳᠠᠩ ᠵᠠᠮ ᠢᠶᠠᠷ ᠵᠠᠮᠨᠠᠬᠤ ᠶᠢ ᠬᠥᠲᠥᠯᠥᠨ ᠵᠢᠯᠣᠭᠤᠳᠴᠤ᠂ ᠲᠡᠳᠡᠨ ᠤ ᠢᠯᠡᠭᠦᠬᠡᠨ ᠰᠢᠨ᠎ᠡ ᠶᠢ ᠡᠭᠦᠳᠴᠦ᠂ ᠰᠣᠳᠣᠨ ᠪᠦᠲᠦᠭᠡᠯ ᠭᠠᠷᠭᠠᠬᠤ ᠶᠢ ᠵᠣᠷᠢᠭᠵᠢᠭᠤᠯᠵᠤ᠂ ᠲᠡᠳᠡᠨ ᠤ ᠵᠣᠷᠢᠭᠲᠠᠢ ᠪᠠᠷ ᠡᠭᠦᠷᠭᠡ ᠡᠭᠦᠷᠭᠡᠯᠡᠵᠦ᠂ ᠭᠤᠣᠯ ᠲᠣᠭᠯᠠᠭᠴᠢ ᠪᠣᠯᠬᠤ ᠶᠢ ᠳᠡᠮᠵᠢᠵᠦ᠂ ᠤᠳᠤ ᠦᠶ᠎ᠡ ᠶᠢᠨ ᠳᠤᠮᠳᠠᠳᠤ ᠤᠯᠤᠰ ᠤᠨ ᠵᠣᠬᠢᠶᠠᠯᠴᠢ᠂ ᠤᠷᠠᠯᠢᠭᠴᠢᠳ ᠢ ᠪᠤᠯᠠᠭ ᠤᠨ ᠤᠰᠤ ᠰᠢᠭ᠋ ᠣᠨᠳᠣᠷᠠᠭᠤᠯᠵᠤ᠂ ᠳᠤᠮᠳᠠᠳᠤ ᠤᠯᠤᠰ ᠤᠨ ᠤᠳᠬ᠎ᠠ ᠤᠷᠠᠯᠢᠭ ᠤᠨ ᠣᠭᠲᠠᠷᠭᠤᠶ ᠶᠢ ᠨᠡᠩ ᠭᠡᠷᠡᠯ ᠰᠠᠴᠤᠷᠠᠩᠭᠤᠢ ᠪᠣᠯᠭᠠᠬᠤ ᠬᠡᠷᠡᠭᠲᠡᠶ᠃      ᠲᠥᠯᠥᠭᠡᠯᠡᠭᠴᠢᠳ ᠡ︕ ᠨᠥᠬᠦᠳ ᠡ᠂ ᠨᠠᠶᠢᠵᠠ ᠨᠠᠷ ᠡ︕      ︽ᠡᠷᠡᠯᠬᠡᠭ ᠪᠦᠷᠭᠦᠳ ᠡᠳᠦᠷᠵᠢᠨ ᠰᠠᠯᠬᠢ ᠲᠠᠢ ᠬᠠᠨᠢᠰᠤᠨ ᠲᠡᠭᠦᠯᠢᠵᠦ᠂ ᠡᠬᠡ ᠳᠡᠯᠡᠬᠡᠢ ᠶᠢᠨ ᠮᠠᠨᠳᠠᠯ ᠳᠤ ᠶᠢᠰᠦᠨ ᠲᠦᠮᠡᠨ ᠭᠠᠵᠠᠷ ᠳᠡᠪᠳᠡᠷᠢᠮᠤᠢ︾᠂ ᠡᠨᠡ ᠪᠣᠯ ᠠᠭᠤᠤ ᠶᠡᠭᠡ ᠰᠢᠯᠦᠭᠴᠢᠨ ᠯᠢ ᠪᠠᠢ ᠵᠠᠯᠠᠭᠤ ᠪᠠᠶᠢᠬᠤ ᠳᠤ ᠪᠠᠨ ᠶᠢᠷᠲᠢᠨᠴᠦ ᠶᠢ ᠲᠣᠭᠤᠷᠢᠵᠤ ᠳᠡᠯᠡᠬᠡᠢ ᠪᠠᠷ ᠠᠶᠠᠯᠠᠬᠤ ᠳᠤ ᠪᠠᠨ ᠪᠢᠴᠢᠭᠰᠡᠨ ᠰᠢᠯᠦᠭ ᠶᠤᠮ᠃ ᠲᠤᠬᠠᠢ ᠶᠢᠨ ᠦᠶ᠎ᠡ ᠳᠤ ᠲᠡᠷᠡ ᠲᠠᠩ ᠤᠯᠤᠰ ᠤᠨ ᠥᠷᠨᠢᠭᠦᠨ ᠪᠠᠳᠠᠷᠠᠩᠭᠤᠢ ᠠᠭᠤᠷ ᠠᠮᠢᠰᠬᠤᠯ ᠢ ᠮᠡᠳᠡᠷᠡᠵᠦ᠂ ᠴᠡᠭᠡᠵᠢᠨ ᠳᠤ ᠨᠢ ᠠᠤᠭ᠎ᠠ ᠵᠣᠷᠢᠭ ᠬᠦᠪᠴᠢᠯᠡᠭᠳᠡᠵᠦ ᠪᠠᠶᠢᠯ᠎ᠠ᠃ ᠥᠨᠥᠳᠦᠷ᠂ ᠳᠤᠮᠳᠠᠳᠤ ᠤᠯᠤᠰ᠂ ᠳᠤᠮᠳᠠᠳᠤ ᠤᠯᠤᠰ ᠤᠨ ᠠᠷᠠᠳ ᠲᠦᠮᠡᠨ᠂ ᠳᠤᠮᠳᠠᠳᠤ ᠶᠢᠨ ᠦᠨᠳᠦᠰᠦᠲᠡᠨ ᠤ ᠢᠷᠡᠭᠡᠳᠦᠶ ᠬᠢᠵᠠᠭᠠᠯᠠᠰᠢ ᠦᠭᠡᠢ ᠥᠷᠭᠡᠨ ᠠᠭᠤᠳᠠᠮ᠃ ᠰᠢᠨ᠎ᠡ ᠴᠠᠭ ᠦᠶ᠎ᠡ ᠨᠢ ᠤᠳᠬ᠎ᠠ ᠤᠷᠠᠯᠢᠭᠴᠢᠳ ᠢ ᠬᠡᠷᠡᠭᠰᠡᠨ᠎ᠡ᠂ ᠮᠥᠨ ᠴᠦ ᠤᠳᠬ᠎ᠠ ᠤᠷᠠᠯᠢᠭᠴᠢᠳ ᠢ ᠬᠥᠮᠦᠵᠢᠭᠦᠯᠵᠦ ᠴᠢᠳᠠᠨ᠎ᠠ︕ ᠰᠢᠨ᠎ᠡ ᠴᠠᠭ ᠦᠶ᠎ᠡ ᠨᠢ ᠤᠳᠬ᠎ᠠ ᠤᠷᠠᠯᠢᠭ ᠤᠨ ᠨᠣᠶᠠᠨ ᠤᠷᠬᠢᠯ ᠢ ᠬᠡᠷᠡᠭᠰᠡᠨ᠎ᠡ᠂ ᠮᠥᠨ ᠴᠦ ᠤᠳᠬ᠎ᠠ ᠤᠷᠠᠯᠢᠭ ᠤᠨ ᠨᠣᠶᠠᠨ ᠤᠷᠬᠢᠯ ᠢ ᠴᠣᠭᠴᠠᠯᠠᠵᠤ ᠴᠢᠳᠠᠨ᠎ᠠ︕ ᠪᠢᠳᠡ ᠡᠨᠡ ᠬᠦ ᠢᠲᠡᠭᠡᠯ ᠵᠣᠷᠢᠭ ᠢᠶᠠᠨ ᠪᠠᠲᠤᠳᠬᠠᠬᠤ ᠬᠡᠷᠡᠭᠲᠡᠶ︕ ᠥᠷᠭᠡᠨ ᠤᠯᠠᠨ ᠤᠳᠬ᠎ᠠ ᠤᠷᠠᠯᠢᠭ ᠤᠨ ᠠᠵᠢᠯᠲᠠᠨ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠴᠠᠭ ᠦᠶ᠎ᠡ ᠪᠠ ᠠᠷᠠᠳ ᠲᠦᠮᠡᠨ ᠤ ᠬᠦᠰᠡᠯ ᠢ ᠦᠯᠦ ᠬᠥᠰᠡᠷᠳᠡᠭᠦᠯᠵᠦ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠳᠤᠮᠳᠠᠳᠤ ᠶᠢᠨ ᠬᠦᠰᠡᠯ ᠵᠡᠭᠦᠳᠦ ᠶᠢ ᠲᠡᠷᠭᠡᠯᠰᠢᠭᠦᠯᠬᠦ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ︕
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ