ᠰᠤ᠋ ᠵᠧᠨ ᠫᠢᠩ
ᠨᠡᠶᠢᠲᠡᠯᠡᠭᠰᠡᠨ ᠴᠠᠭ᠄
2021/12/18
       ᠰᠤ᠋ ᠵᠧᠨ ᠫᠢᠩ᠂ ᠡᠷᠡᠭᠲᠡᠢ᠂ ᠬᠢᠲᠠᠳ ᠦᠨᠳᠦᠰᠦᠲᠡᠨ᠂1974 ᠣᠨ ᠤ 4 ᠰᠠᠷ᠎ᠠ ᠳᠤ ᠲᠦᠷᠦᠪᠡ᠂ ᠲᠥᠪ ᠤᠨ ᠨᠠᠮ ᠤᠨ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠠᠰᠫᠢᠷᠠᠨᠲ ᠤᠨ  ᠰᠤᠷᠤᠯᠭ᠎ᠠ ᠶᠢᠨ ᠨᠠᠮᠲᠠᠷ ᠲᠠᠢ᠂ ᠣᠣᠯ ᠨᠤᠲᠤᠭ ᠱᠠᠨ ᠰᠢ ᠹᠦ᠋ ᠭᠸᠦ᠂ ᠲᠦᠷᠦᠭᠰᠡᠨ ᠭᠠᠵᠠᠷ ᠦᠪᠦᠷ ᠮᠤᠩᠭᠤᠯ ᠤᠨ ᠬᠠᠩᠭᠢᠨ ᠬᠤᠰᠢᠭᠤ᠂1991 ᠣᠨ ᠤ12 ᠰᠠᠷ᠎ᠠ ᠳᠤ ᠠᠵᠢᠯ ᠳᠤ ᠭᠠᠷᠴᠤ᠂1999 ᠣᠨ ᠤ 6 ᠰᠠᠷ᠎ᠠ ᠳᠤ ᠡᠪ ᠬᠠᠮᠲᠤ ᠨᠠᠮ ᠳᠤ ᠤᠷᠤᠵᠤ᠂ ᠣᠳᠣ ᠳᠠᠯᠠᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠤᠬᠢᠶᠠᠨ ᠪᠠᠶᠢᠭᠤᠯᠬᠤ ᠬᠡᠯᠲᠡᠰ ᠤᠨ ᠬᠡᠯᠲᠡᠰ ᠤᠨ ᠳᠠᠷᠤᠭ᠎ᠠ   ᠤᠨ ᠲᠤᠰᠢᠶᠠᠯ ᠢ ᠬᠠᠷᠢᠭᠤᠴᠠᠵᠦ ᠪᠠᠶᠢᠨ᠎ᠠ᠃       1991 ᠣᠨ ᠤ12 ᠰᠠᠷ᠎ᠠ —1996 ᠣᠨ ᠤ 7 ᠰᠠᠷ᠎ᠠ ᠪᠤᠯᠲᠠᠯ᠎ᠠ     ᠬᠠᠩᠭᠢᠨ ᠬᠤᠰᠢᠭᠤᠨ ᠤ ᠬᠢᠨᠠᠨ ᠪᠤᠳᠤᠬᠤ ᠲᠤᠪᠴᠢᠶᠠᠨ ᠳᠤ ᠠᠵᠢᠯᠯᠠᠵᠤ᠂1992 ᠣᠨ ᠤ 9 ᠰᠠᠷ᠎ᠠ —1994 ᠣᠨ ᠤ7 ᠰᠠᠷ᠎ᠠ ᠪᠤᠯᠲᠠᠯ᠎ᠠ ᠪᠡᠭᠡᠵᠢᠩ ᠤᠨ ᠮᠠᠰᠢᠨ ᠮᠧᠬᠠᠨᠢᠭ ᠤᠨ ᠠᠵᠤ ᠦᠢᠯᠡᠳᠪᠦᠷᠢ ᠶᠢᠨ ᠬᠠᠮᠢᠶᠠᠷᠤᠯᠲᠠ ᠶᠢᠨ ᠺᠠᠳ᠋ᠷ ᠤᠨ ᠰᠤᠷᠭᠠᠭᠤᠯᠢ ᠶᠢᠨ ᠳᠡᠭᠡᠳᠦ ᠵᠡᠷᠭᠡ ᠵᠢᠨ‌‍ᠲ᠋ᠤᠰᠬᠠᠢ ᠮᠡᠷᠭᠡᠵᠢᠯ ᠤᠨ ᠰᠤᠷᠭᠠᠭᠤᠯᠢ ᠶᠢᠨ ᠡᠳ᠋ ᠤᠨ ᠶᠠᠪᠤᠳᠠᠯ ᠤᠨ ᠨᠢᠭᠲᠠᠯᠠᠨ ᠪᠤᠳᠤᠬᠤ ᠲᠤᠰᠬᠠᠢ ᠮᠡᠷᠭᠡᠵᠢᠯ ᠳᠤ ᠠᠵᠢᠯ ᠠᠴᠠ ᠪᠠᠨ ᠰᠠᠯᠵᠤ ᠰᠤᠷᠤᠯᠴᠠᠪᠠ︔       1996 ᠣᠨ ᠤ 7 ᠰᠠᠷ᠎ᠠ —2000 ᠣᠨ ᠤ 5 ᠰᠠᠷ᠎ᠠ ᠪᠤᠯᠲᠠᠯ᠎ᠠ     ᠦᠪᠦᠷ ᠮᠤᠩᠭᠤᠯ ᠤᠨ ᠣᠷᠳᠣᠰ ᠬᠤᠲᠠ ᠶᠢᠨ ᠳ᠋ᠦᠩᠱᠧᠩ ᠤᠨ ᠣᠷᠣᠢ ᠶᠢᠨ ᠰᠤᠨᠢᠨ ᠤ ᠰᠤᠷᠪᠤᠯᠵᠢᠯᠠᠭᠴᠢ᠂ ᠬᠠᠪᠰᠤᠷᠤᠨ ᠨᠠᠶᠢᠷᠠᠭᠤᠯᠤᠭᠴᠢ ᠪᠠᠷ ᠠᠵᠢᠯᠯᠠᠵᠦ ᠪᠠᠶᠢᠪᠠ︔1999 ᠣᠨ ᠤ 9 ᠰᠠᠷ᠎ᠠ —2001 ᠣᠨ ᠤ 7 ᠰᠠᠷ᠎ᠠ ᠪᠤᠯᠲᠠᠯ᠎ᠠ ᠲᠥᠪ ᠤᠨ ᠨᠠᠮ ᠤᠨ ᠰᠤᠷᠭᠠᠭᠤᠯᠢ ᠶᠢᠨ ᠵᠢᠩᠬᠢᠨᠢ ᠠᠩᠭᠢ ᠶᠢᠨ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠢ ᠰᠤᠷᠤᠯᠴᠠᠪᠠ︔       2000 ᠣᠨ ᠤ 5 ᠰᠠᠷ᠎ᠠ —2008 ᠣᠨ ᠤ12 ᠰᠠᠷ᠎ᠠ ᠪᠤᠯᠲᠠᠯ᠎ᠠ     ᠳ᠋ᠦᠩᠱᠧᠩ ᠲᠤᠭᠤᠷᠢᠭ ᠤᠨ ᠨᠠᠮ ᠤᠨ ᠬᠤᠷᠢᠶᠠᠨ ᠳᠤ ᠠᠵᠢᠯᠯᠠᠵᠤ᠂ 2005 ᠣᠨ ᠤ 6 ᠰᠠᠷ᠎ᠠ ᠳᠤ ᠳ᠋ᠦᠩᠱᠧᠩ ᠲᠤᠭᠤᠷᠢᠭ ᠤᠨ ᠨᠠᠮ ᠤᠨ ᠬᠤᠷᠢᠶᠠᠨ ᠤ ᠰᠤᠷᠠᠭ ᠵᠠᠩᠭᠢ ᠶᠢᠨ ᠰᠤᠳᠤᠯᠭᠠᠨ ᠤ ᠠᠯᠪᠠᠨ ᠭᠡᠷ ᠤᠨ ᠡᠷᠬᠢᠯᠡᠭᠴᠢ ᠪᠠᠷ ᠠᠵᠢᠯᠯᠠᠵᠦ᠂ 2008 ᠣᠨ ᠤ12 ᠰᠠᠷ᠎ᠠ ᠳᠤ ᠵᠢᠩᠬᠢᠨᠢ ᠰᠠᠯᠠᠭᠠᠨ ᠲᠡᠰ ᠤᠨ ᠺᠠᠳ᠋ᠷ ᠪᠣᠯᠪᠠ︔       2008 ᠣᠨ ᠤ 12 ᠰᠠᠷ᠎ᠠ —2016 ᠣᠨ ᠤ1 ᠰᠠᠷ᠎ᠠ ᠪᠤᠯᠲᠠᠯ᠎ᠠ     ᠤᠷᠳᠤᠰ ᠬᠤᠲᠠ ᠶᠢᠨ ᠵᠤᠬᠢᠶᠠᠨ ᠪᠠᠶᠢᠭᠤᠯᠬᠤ ᠬᠡᠯᠲᠡᠰ ᠲᠤ ᠠᠵᠢᠯᠯᠠᠵᠤ᠂ 2010 ᠣᠨ ᠤ3 ᠰᠠᠷ᠎ᠠ ᠳᠤ ᠵᠤᠬᠢᠶᠠᠨ ᠪᠠᠶᠢᠭᠤᠯᠬᠤ ᠬᠤᠶᠠᠳᠣᠭᠠᠷ ᠰᠠᠯᠠᠭᠠᠨ ᠤ ᠵᠢᠩᠬᠢᠨᠢ ᠰᠠᠯᠠᠭᠠᠨ ᠤ ᠵᠤᠬᠢᠶᠠᠨ ᠪᠠᠶᠢᠭᠤᠯᠬᠤ ᠬᠡᠰᠢᠭᠦᠨ ᠪᠤᠯᠵᠦ᠂ 2012 ᠣᠨ ᠤ4 ᠰᠠᠷ᠎ᠠ ᠳᠤ ᠰᠤᠳᠤᠯᠭᠠᠨ ᠤ ᠠᠯᠪᠠᠨ ᠭᠡᠷ ‍ᠦᠨ‌ᠡᠷᠬᠢᠯᠡᠭᠴᠢ ᠪᠠᠷ ᠠᠵᠢᠯᠯᠠᠵᠦ᠂ 2011 ᠣᠨ ᠤ 9 ᠰᠠᠷ᠎ᠠ —2014 ᠣᠨ ᠤ 7 ᠰᠠᠷ᠎ᠠ ᠪᠤᠯᠲᠠᠯ᠎ᠠ ᠲᠥᠪ ᠤᠨ ᠨᠠᠮ ᠤᠨ ᠰᠤᠷᠭᠠᠭᠤᠯᠢ ᠳᠤ ᠠᠰᠫᠢᠷᠠᠨᠲ ᠤᠨ ᠠᠩᠭᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠢ ᠰᠤᠷᠤᠯᠴᠠᠵᠤ᠂ 2013 ᠣᠨ ᠤ 3 ᠰᠠᠷ᠎ᠠ —2013 ᠣᠨ ᠤ 6 ᠰᠠᠷ᠎ᠠ ᠪᠤᠯᠲᠠᠯ᠎ᠠ ᠬᠤᠲᠠ ᠶᠢᠨ ᠠᠷᠪᠠᠨ ᠭᠤᠷᠪᠠᠳᠤᠭᠠᠷ ᠬᠤᠭᠤᠴᠠᠭᠠᠨ ᠤ ᠢᠳᠡᠷ ᠵᠠᠯᠠᠭᠤᠴᠤᠳ ᠤᠨ ᠺᠠᠳ᠋ᠷ ᠤᠨ ᠪᠤᠯᠪᠠᠰᠤᠷᠠᠯ ᠤᠨ ᠠᠩᠭᠢ ᠳᠤ ᠰᠤᠷᠤᠯᠴᠠᠨ᠂2014 ᠣᠨ ᠤ1 ᠰᠠᠷ᠎ᠠ —2014 ᠣᠨ ᠤ12 ᠰᠠᠷ᠎ᠠ ᠪᠤᠯᠲᠠᠯ᠎ᠠ ᠬᠤᠲᠠ ᠶᠢᠨ ᠨᠠᠮ ᠤᠨ ᠬᠤᠷᠢᠶᠠᠨ ᠤ ᠨᠠᠮ ᠤᠨ ᠤᠯᠠᠨ ᠲᠥᠮᠡᠨᠴᠢ ᠱᠤᠭᠤᠮ ᠤᠨ ᠰᠤᠷᠭᠠᠨ ᠬᠦᠮᠦᠵᠢᠯ ᠤᠨ ᠦᠢᠯᠡᠳᠦᠯᠭᠡ ᠶᠢᠨ ᠬᠦᠳᠡᠯᠭᠡᠭᠡᠨ ᠤ ᠠᠷᠪᠠᠨ ᠬᠤᠶᠠᠳᠤᠭᠠᠷ ᠬᠢᠨᠠᠨ ᠵᠢᠯᠤᠭᠤᠳᠬᠤ ᠳᠤᠭᠤᠶᠢᠯᠠᠩ ᠳᠤ ᠠᠵᠢᠯᠯᠠᠵᠤ᠂ ᠬᠤᠯᠪᠤᠭᠠᠨ ᠤ ᠬᠡᠰᠢᠭᠦᠨ ᠢᠶᠠᠷ  ᠠᠵᠢᠯᠯᠠᠵᠦ ᠪᠠᠶᠢᠪᠠ︔       2016 ᠣᠨ ᠤ 1 ᠰᠠᠷ᠎ᠠ —2017 ᠣᠨ ᠤ 6 ᠰᠠᠷ᠎ᠠ ᠪᠤᠯᠲᠠᠯ᠎ᠠ     ᠣᠷᠳᠣᠰ ᠬᠤᠲᠠ ᠶᠢᠨ ᠨᠠᠮ ᠤᠨ ᠬᠤᠷᠢᠶᠠᠨ ᠤ ᠵᠤᠬᠢᠶᠠᠨ ᠪᠠᠶᠢᠭᠤᠯᠬᠤ ᠬᠡᠯᠲᠡᠰ ᠤᠨ ᠳᠡᠳ᠋ ᠭᠠᠵᠠᠷ ᠤᠨ ᠲᠡᠰ ᠤᠨ ᠵᠤᠬᠢᠶᠠᠨ ᠪᠠᠶᠢᠭᠤᠯᠬᠤ ᠬᠡᠰᠢᠭᠦᠨ ᠢᠶᠠᠷ ᠠᠵᠢᠯᠯᠠᠵᠦ ᠪᠠᠶᠢᠪᠠ︔       2017 ᠣᠨ ᠤ 6 ᠰᠠᠷ ᠠᠴᠠ ᠤᠳᠣ ᠪᠣᠯᠲᠠᠯ᠎ᠠ     ᠳᠠᠯᠠᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ᠂ ᠵᠤᠬᠢᠶᠠᠨ ᠪᠠᠶᠢᠭᠤᠯᠬᠤ ᠬᠡᠯᠲᠡᠰ ᠤᠨ ᠬᠡᠯᠲᠡᠰ ᠤᠨ ᠳᠠᠷᠤᠭ᠎ᠠ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠮᠤᠩᠭᠤᠯ ᠰᠦᠯᠵᠢᠶ᠎ᠠ