ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠢ ᠦᠨᠡᠨᠬᠦ ᠴᠢᠩᠭᠠᠳᠬᠠᠬᠤ ᠲᠤᠬᠠᠶ ᠪᠠᠴᠢᠮ ᠮᠡᠳᠡᠭᠳᠡᠯ
ᠨᠡᠶᠢᠲᠡᠯᠡᠭᠰᠡᠨ ᠴᠠᠭ᠄
2021/12/2
     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠵᠡᠷᠭᠡ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠮᠠᠨ ᠤ ᠬᠤᠰᠢᠭᠤᠨ ᠤ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂  ᠬᠦᠬᠡ ᠠᠭᠤᠯᠠ ᠬᠦᠬᠡᠮᠳᠤᠭ᠌ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠬᠤ ᠶᠢᠨ ᠳᠤᠰᠠᠳᠠ᠂ ᠣᠳᠣᠬᠠᠨ ᠤ ᠠᠵᠢᠯ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠢ ᠪᠥᠬᠦ ᠲᠠᠯ᠎ᠠ ᠪᠠᠷ ᠰᠠᠶᠢᠲᠤᠷ ᠬᠢᠬᠦ ᠲᠤᠬᠠᠶ ᠳᠤᠤᠷ᠎ᠠ ᠮᠡᠲᠦ  ᠪᠠᠴᠢᠮ ᠮᠡᠳᠡᠭᠳᠡᠯ ᠮᠡᠳᠡᠭᠳᠡᠶ᠎ᠡ᠃     ᠨᠢᠭᠡ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠤᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠦᠨᠡᠨᠬᠦ ᠳᠡᠭᠡᠭᠰᠢᠯᠡᠭᠦᠯᠬᠦ ᠬᠡᠷᠡᠭᠲᠡᠶ     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾ ᠳᠤ ᠡᠰᠢ ᠰᠦᠷᠡᠯ᠂ ᠵᠤᠯᠭᠠᠷᠠᠮᠠᠯ ᠨᠠᠪᠴᠢ ᠵᠡᠷᠭᠡ ᠣᠲᠤᠭ᠎ᠠ ᠲᠣᠭᠤᠰᠣᠨ ᠤ ᠪᠣᠬᠢᠷᠲᠤᠯ ᠡᠭᠦᠰᠭᠡᠬᠦ ᠪᠣᠳᠠᠰ ᠢ ᠵᠠᠳᠠᠭᠠᠶ ᠰᠢᠲᠠᠭᠠᠬᠤ ᠶᠢ ᠴᠠᠭᠠᠵᠠᠯᠠᠨ᠎ᠠ ᠭᠡᠵᠦ ᠲᠣᠳᠣᠷᠬᠠᠶ ᠲᠣᠭᠲᠠᠭᠠᠵᠠᠶ᠃ ᠣᠶᠢᠷ᠎ᠠ ᠳᠤ᠂ ᠤᠯᠤᠰ ᠤᠨ ᠣᠷᠴᠢᠨ ᠲᠤᠭᠤᠷᠢᠨ ᠤ ᠬᠠᠮᠠᠭᠠᠯᠠᠯᠲᠠ ᠶᠢᠨ ᠰᠠᠯᠠᠭ᠎ᠠ ᠮᠥᠴᠢᠷ ᠬᠢᠨᠠᠨ ᠪᠠᠶᠢᠴᠠᠭᠠᠬᠤ ᠪᠠᠷ ᠳᠠᠮᠵᠢᠨ ᠢᠯᠡᠷᠡᠭᠦᠯᠦᠭᠰᠡᠨ ᠨᠢ᠂ ᠮᠠᠨ ᠤ ᠬᠤᠰᠢᠭᠤᠨ ᠤ ᠣᠨᠴᠠ ᠵᠠᠷᠢᠮ ᠭᠠᠵᠠᠷ ᠣᠷᠣᠨ ᠳᠤ ᠡᠰᠢ ᠰᠦᠷᠡᠯ᠂ ᠬᠠᠶᠠᠭᠳᠠᠮᠠᠯ ᠮᠣᠳᠣᠨ ᠰᠠᠯᠠᠭ᠎ᠠ ᠰᠢᠲᠠᠭᠠᠬᠤ ᠵᠡᠷᠭᠡ ᠦᠵᠡᠭᠳᠡᠯ ᠮᠥᠨ ᠬᠦ ᠣᠷᠣᠰᠢᠵᠤ ᠪᠠᠶᠢᠨ᠎ᠠ᠂ ᠢᠯᠠᠩᠭᠤᠶ᠎ᠠ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠰᠢᠯᠲᠠᠭ ᠢᠶᠠᠷ ᠲᠠᠷᠢᠶᠠᠨ ᠭᠠᠵᠠᠷ ᠤᠨ ᠬᠠᠶᠠᠭᠳᠠᠮᠠᠯ ᠴᠢᠬᠢ ᠮᠣᠳᠣ ᠶᠢ ᠰᠢᠳᠠᠭᠠᠵᠦ ᠪᠠᠶᠢᠭ᠎ᠠ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠵᠡᠶ᠃ ᠣᠳᠣᠬᠠᠨ ᠳᠤ᠂ ᠮᠠᠨ ᠤ ᠬᠤᠰᠢᠭᠤ ᠶᠠᠭ ᠬᠠᠪᠤᠷ ᠤᠨ ᠲᠠᠷᠢᠶᠠᠯᠠᠭ᠎ᠠ ᠶᠢᠨ ᠦᠢᠯᠡᠳᠪᠦᠷᠢᠯᠡᠯ ᠤᠨ ᠵᠠᠩᠭᠢᠯᠠᠭ᠎ᠠ ᠶᠢᠨ ᠬᠤᠭᠤᠴᠠᠭᠠᠨ ᠳᠤ ᠪᠠᠶᠢᠵᠦ᠂ ᠡᠰᠢ ᠰᠦᠷᠡᠯ ᠢ ᠰᠢᠲᠠᠭᠠᠬᠤ ᠵᠡᠷᠭᠡ ᠦᠵᠡᠭᠳᠡᠯ ᠲᠦᠢᠯ ᠤᠨ ᠠᠮᠠᠷᠬᠠᠨ ᠡᠭᠦᠰᠳᠡᠭ ᠪᠥᠭᠡᠳ ᠣᠶᠢᠷ᠎ᠠ ᠶᠢᠨ ᠬᠤᠭᠤᠴᠠᠭᠠᠨ ᠳᠤ ᠰᠠᠯᠬᠢ ᠲᠤᠭᠤᠰᠤ ᠲᠠᠢ ᠠᠭᠤᠷ ᠠᠮᠢᠰᠬᠤᠯ ᠣᠯᠠᠨ᠂ ᠰᠠᠯᠬᠢᠨ ᠤ ᠬᠦᠴᠦ ᠨᠡᠯᠢᠶᠡᠳ ᠶᠡᠭᠡ ᠪᠠᠶᠢᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠲᠦᠢᠯ ᠤᠨ ᠠᠮᠠᠷᠬᠠᠨ ᠡᠭᠦᠰᠭᠡᠬᠦ ᠪᠠᠷ ᠪᠠᠷᠠᠬᠤ ᠥᠬᠡᠶ ᠪᠠᠰᠠ ᠬᠦᠨᠳᠦ ᠨᠣᠴᠢᠲᠠᠶ ᠠᠭᠠᠷ ᠮᠠᠨᠳᠠᠯ ᠤᠨ ᠪᠣᠬᠢᠷᠲᠤᠯ ᠢ ᠪᠣᠶ ᠪᠣᠯᠭᠠᠳᠠᠭ ᠪᠣᠯᠬᠤᠷ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠷᠬᠡᠪᠰᠢ ᠲᠠᠨᠢᠯᠲᠠ ᠪᠠᠨ ᠳᠡᠭᠡᠭᠰᠢᠯᠡᠭᠦᠯᠵᠦ᠂ ᠤᠯᠤᠰ ᠲᠥᠷᠥ ᠶᠢᠨ ᠵᠣᠭᠰᠣᠴᠠ ᠪᠠᠨ ᠴᠢᠩᠭᠠᠳᠬᠠᠨ᠂ ᠣᠷᠣᠨ ᠪᠦᠰᠡ ᠶᠢᠨ ᠠᠵᠢᠯ ᠤᠨ ᠪᠣᠳᠠᠲᠤ ᠪᠠᠶᠢᠳᠠᠯ ᠪᠠ ᠪᠠᠶᠢᠭᠤᠯᠭ᠎ᠠ ᠨᠢᠭᠡᠴᠢ ᠶᠢᠨ ᠳᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠠᠷᠭ᠎ᠠ ᠬᠡᠮᠵᠢᠶ᠎ᠡ ᠪᠠᠨ ᠲᠠᠰᠤᠷᠠᠯᠲᠠ ᠥᠬᠡᠶ ᠴᠢᠩᠭᠠᠳᠬᠠᠵᠦ᠂ ᠡᠰᠢ ᠰᠦᠷᠡᠯ ᠢ ᠰᠢᠲᠠᠭᠠᠬᠤ ᠦᠢᠯᠡ ᠠᠵᠢᠯᠯᠠᠭ᠎ᠠ ᠶᠢ ᠡᠷᠡᠰ ᠬᠤᠷᠢᠭᠯᠠᠬᠤ ᠬᠡᠷᠡᠭᠲᠡᠶ᠃     ᠬᠤᠶᠠᠷ᠂ ᠡᠯ᠎ᠡ ᠲᠦᠷᠦᠯ ᠤᠨ ᠠᠵᠢᠯ ᠤᠨ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ     ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠳᠡᠭᠡᠳᠦ ᠱᠠᠲᠤᠨ ᠤ ᠰᠠᠯᠠᠭ᠎ᠠ ᠮᠥᠴᠢᠷ ᠤᠨ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠬᠠᠮᠢᠶ᠎ᠠ ᠪᠥᠬᠦᠶ ᠱᠠᠭᠠᠷᠳᠠᠯᠭ᠎ᠠ ᠶᠢ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠵᠠᠰᠠᠭ ᠤᠨ ᠣᠷᠳᠣᠨ ᠢᠶᠠᠷ ᠭᠤᠤᠯᠯᠠᠭᠤᠯᠤᠭᠰᠠᠨ᠂ ᠰᠠᠯᠠᠭ᠎ᠠ ᠮᠥᠴᠢᠷ ᠤᠳ ᠬᠠᠮᠵᠢᠯᠴᠠᠭᠰᠠᠨ᠂ ᠠᠵᠤ ᠠᠬᠤᠶᠢᠯᠠᠯ ᠢᠶᠠᠷ ᠭᠤᠤᠯ ᠴᠣᠭᠴᠠ ᠪᠣᠯᠭᠠᠭᠰᠠᠨ᠂ ᠲᠠᠷᠢᠶᠠᠴᠢᠳ ᠣᠷᠣᠯᠴᠠᠭᠰᠠᠨ︾ ᠡᠰᠢ ᠰᠦᠷᠡᠯ ᠢ ᠶᠡᠷᠦᠩᠬᠡᠶᠢᠯᠡᠨ‌ᠠᠰᠢᠭᠯᠠᠬᠤ ᠠᠵᠢᠯ ᠤᠨ ᠪᠠᠶᠢᠳᠠᠯ ᠢ ᠪᠤᠢ ᠪᠤᠯᠭᠠᠬᠤ ᠪᠠᠶᠢᠷᠢᠰᠢᠯ ᠢ ᠪᠠᠶᠢᠭᠤᠯᠬᠤ ᠬᠡᠷᠡᠭᠲᠡᠶ᠃ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠤᠨ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠭᠤᠤᠯ ᠤᠳᠤᠷᠢᠳᠤᠯᠭ᠎ᠠ  ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠢ ᠪᠡᠶ᠎ᠡ ᠪᠠᠷ ᠢᠶᠠᠨ ᠳᠣᠭᠢᠷᠠᠭᠤᠯᠤᠨ ᠪᠠᠶᠢᠷᠢᠯᠠᠭᠤᠯᠬᠤ ᠶᠢᠨ ᠬᠠᠮᠲᠤ ᠦᠨᠡᠨᠬᠦ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠢ ᠪᠣᠳᠠᠲᠠᠶ ᠨᠠᠶᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠲᠤᠯᠤᠭᠠᠶᠢᠯᠠᠬᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠤᠨ ᠳᠤᠰᠢᠶᠠᠯ ᠬᠠᠷᠢᠭᠤᠴᠠᠯᠭ᠎ᠠ ᠪᠠᠨ ᠦᠨᠡᠨᠬᠦ ᠰᠠᠶᠢᠲᠤᠷ ᠭᠦᠢᠴᠡᠳᠬᠡᠵᠦ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠤᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠬᠠᠷᠠᠯᠲᠠᠲᠤ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠲᠦᠷᠢᠮ ᠢ ᠰᠠᠶᠢᠲᠤᠷ ᠨᠠᠶᠢᠳᠠᠪᠤᠷᠢᠵᠢᠭᠤᠯᠤᠨ᠂ ︽ᠨᠡᠪᠳᠡᠷᠡᠭᠦᠯᠵᠦ ᠬᠤᠷᠢᠭᠯᠠᠬᠤ ᠶᠢ ᠤᠶᠠᠯᠳᠤᠭᠤᠯᠬᠤ︾᠂ ︽ᠬᠡᠷᠡᠭᠯᠡᠬᠦ ᠪᠠᠷ ᠴᠠᠭᠠᠵᠠᠯᠠᠬᠤ ᠶᠢ ᠠᠬᠢᠭᠤᠯᠬᠤ︾ ᠵᠠᠷᠴᠢᠮ ᠶᠣᠰᠣᠭᠠᠷ᠂ ᠦᠨᠳᠦᠰᠦᠨ ᠱᠠᠲᠤᠨ ᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠤᠰᠤᠨ ᠠᠰᠢᠭᠯᠠᠯᠳᠠ ᠵᠡᠷᠭᠡ ᠪᠠᠶᠢᠭᠤᠯᠤᠮᠵᠢ ᠶᠢᠨ ᠦᠢᠯᠡᠴᠢᠯᠡᠭᠡᠨ ᠤ ᠴᠢᠳᠠᠮᠵᠢ ᠶᠢ ᠬᠦᠢᠴᠡᠳ ᠪᠠᠳᠠᠷᠠᠭᠤᠯᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠢ ᠳᠡᠯᠭᠡᠷᠡᠭᠦᠯᠦᠨ ᠲᠦᠭᠡᠮᠡᠯᠵᠢᠭᠦᠯᠵᠦ᠂ ᠠᠰᠢᠭᠯᠠᠬᠤ ᠵᠠᠮ ᠮᠦᠷ ᠢ ᠥᠷᠭᠡᠳᠬᠡᠨ᠂ ᠡᠰᠢ ᠰᠦᠷᠡᠯ ᠢ ᠬᠤᠷᠢᠶᠠᠨ ᠴᠤᠭᠯᠠᠭᠤᠯᠬᠤ ᠪᠠ ᠶᠡᠷᠦᠩᠬᠡᠶᠢᠯᠡᠨ ᠠᠰᠢᠭᠯᠠᠬᠤ ᠲᠥᠷᠥᠯ ᠵᠦᠢᠯ ᠢ ᠲᠡᠳᠬᠦᠬᠦ ᠡᠷᠴᠢᠮ ᠢᠶᠠᠨ ᠴᠢᠩᠭᠠᠳᠬᠠᠵᠦ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ ᠳᠡᠭᠡᠭᠰᠢᠯᠡᠬᠦᠯᠬᠦ ᠬᠡᠷᠡᠭᠳᠡᠢ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠲᠣᠰ ᠰᠠᠯᠠᠭ᠎ᠠ ᠮᠥᠴᠢᠷ ᠤᠨ ᠢᠶᠠᠨ ᠴᠢᠳᠠᠪᠬᠢ ᠳᠤᠰᠢᠶᠠᠯ ᠬᠠᠷᠢᠭᠤᠴᠠᠯᠭ᠎ᠠ ᠲᠠᠢ ᠪᠠᠨ ᠤᠶᠠᠯᠳᠤᠭᠤᠯᠤᠨ᠂ ᠲᠤᠯᠤᠭᠠᠶᠢᠯᠠᠨ ᠭᠦᠢᠴᠡᠳᠬᠡᠬᠦ ᠰᠠᠯᠠᠭ᠎ᠠ ᠮᠥᠴᠢᠷ ᠯᠦᠭᠡ  ᠬᠠᠷᠢᠯᠴᠠᠵᠦ ᠵᠤᠬᠢᠴᠠᠯᠳᠤᠬᠤ ᠪᠠᠨ ᠴᠢᠩᠭᠠᠳᠬᠠᠨ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠪᠠ ᠶᠡᠷᠦᠩᠬᠡᠶᠢᠯᠡᠨ ᠠᠰᠢᠭᠯᠠᠬᠤ ᠠᠵᠢᠯ ᠢ ᠬᠠᠮᠲᠤᠪᠠᠷ ᠠᠬᠢᠭᠤᠯᠬᠤ ᠬᠡᠷᠡᠭᠲᠡᠶ᠃     ᠭᠤᠷᠪᠠ᠂ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ ᠬᠦᠴᠦᠯᠡᠴᠡ ᠪᠠᠨ ᠴᠢᠩᠭᠠᠳᠬᠠᠬᠤ ᠬᠡᠷᠡᠭᠳᠡᠢ    ᠡᠯ᠎ᠡ ᠰᠤᠮᠤ ᠪᠠᠯᠭᠠᠰᠤ ᠶᠢᠨ ᠭᠤᠤᠯ ᠤᠳᠤᠷᠢᠳᠤᠯᠭ᠎ᠠ ᠪᠣᠯ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠤᠨ᠎ᠠ᠂ ︽ᠰᠤᠮᠤ ᠪᠠᠯᠭᠠᠰᠤ ᠶᠢᠨ ᠤᠳᠤᠷᠢᠳᠤᠯᠭ᠎ᠠ ᠲᠣᠰᠬᠤᠨ ᠢ ᠳᠠᠭᠠᠭᠠᠴᠢᠯᠠᠬᠤ᠂ ᠪᠠᠯᠭᠠᠰᠤ ᠲᠣᠰᠬᠤᠨ ᠤ ᠺᠠᠳ᠋ᠷ ᠲᠠᠷᠢᠶᠠᠨ ᠭᠠᠵᠠᠷ ᠢ ᠳᠠᠭᠠᠭᠠᠴᠢᠯᠠᠬᠤ︾ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠵᠤ᠂ ᠵᠢᠯ ᠪᠦᠷᠢ ᠶᠢᠨ ︽ᠬᠠᠪᠤᠷ ᠤᠨ ᠲᠠᠷᠢᠶᠠᠯᠠᠭ᠎ᠠ︾ ︽ᠵᠣᠨ ᠨᠠᠮᠤᠷ ᠤᠨ ᠬᠤᠷᠢᠶᠠᠯᠲᠠ︾ ᠵᠡᠷᠭᠡ ᠡᠰᠢ ᠰᠦᠷᠡᠯ ᠢ ᠰᠢᠲᠠᠭᠠᠬᠤ ᠣᠷᠭᠢᠯ ᠤᠨ ᠬᠤᠭᠤᠴᠠᠭᠠᠨ ᠳᠤ ︽ᠲᠤᠰᠬᠠᠶ ᠬᠥᠮᠦᠨ᠂ ᠡᠭᠦᠷᠭᠡ ᠬᠠᠷᠢᠭᠤᠴᠠᠯᠭ᠎ᠠ᠂ ᠣᠷᠣᠨ ᠪᠦᠰᠡ᠂ ᠴᠠᠭ ᠬᠤᠭᠤᠴᠠᠭ᠎ᠠ᠂ ᠱᠠᠭᠠᠷᠳᠠᠯᠭ᠎ᠠ ᠲᠣᠭᠲᠠᠭᠠᠬᠤ︾ ᠵᠠᠷᠴᠢᠮ ᠶᠣᠰᠣᠭᠠᠷ᠂ 24 ᠴᠠᠭ ᠪᠠᠷ ᠬᠢᠨᠠᠨ ᠡᠵᠡᠮᠳᠡᠬᠦ ᠶᠢ ᠬᠡᠷᠡᠭᠵᠢᠭᠦᠯᠬᠦ ᠬᠡᠷᠡᠭᠲᠡᠶ᠃ ᠲᠠᠷᠢᠶᠠᠯᠠᠩ ᠮᠠᠯ ᠠᠵᠤ ᠠᠬᠤᠶ᠂ ᠣᠷᠴᠢᠨ ᠲᠣᠭᠤᠷᠢᠨ ᠤ ᠬᠠᠮᠠᠭᠠᠯᠠᠯᠲᠠ᠂ ᠳᠣᠲᠣᠭᠠᠳᠤ ᠶᠢ ᠬᠠᠮᠠᠭᠠᠯᠠᠬᠤ ᠵᠡᠷᠭᠡ ᠰᠠᠯᠠᠭ᠎ᠠ ᠮᠥᠴᠢᠷ ᠤᠳ ᠬᠤᠯᠪᠤᠭᠠᠯᠠᠨ ᠪᠠᠶᠢᠴᠠᠭᠠᠬᠤ ᠳᠤᠭᠤᠶᠢᠯᠠᠩ ᠪᠠᠶᠢᠭᠤᠯᠵᠦ᠂ ᠲᠣᠭᠤᠷᠢᠨ ᠪᠠᠶᠢᠴᠠᠭᠠᠬᠤ᠂ ᠱᠠᠯᠠᠪᠳᠠᠭᠤᠯᠤᠨ ᠪᠠᠶᠢᠴᠠᠭᠠᠬᠤ ᠶᠢ ᠬᠢᠨᠠᠮᠠᠭᠠᠶ ᠵᠣᠬᠢᠶᠠᠨ ᠪᠠᠶᠢᠭᠤᠯᠤᠨ ᠥᠷᠨᠢᠭᠦᠯᠵᠦ᠂ ᠰᠢᠲᠠᠭᠠᠬᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠴᠢᠩᠭ᠎ᠠ ᠪᠠᠶᠢᠴᠠᠭᠠᠨ ᠰᠢᠢᠳᠪᠤᠷᠢᠯᠡᠵᠦ᠂ ᠰᠢᠲᠠᠭᠠᠬᠤ ᠦᠢᠯᠡ ᠠᠵᠢᠯᠯᠠᠭ᠎ᠠ ᠶᠢ ᠣᠯᠵᠤ ᠮᠡᠳᠡᠪᠡᠯ ᠲᠡᠷᠡ ᠳᠠᠷᠤᠶ ᠳᠤᠨᠢ ᠵᠠᠷᠯᠢᠭᠳᠠᠨ ᠵᠣᠭᠰᠣᠭᠠᠬᠤ ᠶᠢᠨ ᠬᠠᠮᠲᠤ᠂ ᠰᠢᠭᠤᠳ ᠬᠠᠷᠢᠭᠤᠴᠠᠯᠭᠠᠳᠠᠨ ᠢ ᠰᠤᠷᠭᠠᠨ ᠬᠥᠮᠦᠵᠢᠭᠦᠯᠬᠦ ᠪᠤᠶᠤ ᠰᠢᠢᠳᠬᠡᠨ ᠲᠣᠷᠭᠠᠬᠤ ᠬᠡᠷᠡᠭᠲᠡᠶ︔ ᠬᠦᠨᠳᠦ ᠶᠡᠭᠡ ᠪᠣᠬᠢᠷᠲᠤᠯ ᠤᠨ ᠡ᠊ᠨᠳᠡᠯ᠂ ᠬᠦᠨᠳᠦ ᠶᠡᠭᠡ ᠡᠳ᠋ ᠬᠦᠷᠦᠩᠭᠡ ᠶᠢᠨ ᠬᠤᠬᠢᠷᠠᠯ ᠭᠠᠷᠭᠠᠭᠰᠠᠨ ᠪᠤᠶᠤ ᠬᠥᠮᠦᠨ ᠢ ᠦᠬᠦᠭᠦᠯᠵᠦ ᠰᠢᠷᠬᠠᠲᠤᠭᠤᠯᠤᠭᠰᠠᠨ ᠪᠤᠯ ᠬᠠᠮᠢᠶ᠎ᠠ ᠪᠦᠬᠦᠢ ᠬᠠᠷᠢᠭᠤᠴᠠᠯᠭᠠᠳᠠᠨ ᠠᠴᠠ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃      ᠲᠥᠷᠪᠡ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠤᠬᠠᠭᠤᠯᠭ᠎ᠠ ᠶᠢᠨ ᠠᠵᠢᠯ ᠢ ᠴᠢᠩᠭᠠᠳᠬᠠᠬᠤ ᠬᠡᠷᠡᠭᠲᠡᠶ      ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ᠂ ᠰᠦᠯᠵᠢᠶ᠎ᠡ᠂ ᠸᠢᠴᠠᠲ᠂ ᠪᠢᠴᠢᠯ ᠪᠦᠷᠭᠡ ᠵᠡᠷᠭᠡ ᠣᠯᠠᠨ ᠨᠡᠶᠢᠲᠡ ᠶᠢᠨ ᠵᠠᠭᠤᠴᠢᠯᠠᠭᠤᠷ ᠤᠨ ᠲᠠᠪᠴᠠᠩ ᠢ ᠬᠦᠢᠴᠡᠳ ᠠᠰᠢᠭᠯᠠᠨ᠂ ᠣᠯᠠᠨ ᠵᠦᠢᠯ ᠤᠨ ᠬᠡᠯᠪᠡᠷᠢ ᠮᠠᠶ᠋ᠢᠭ ᠢ ᠠᠪᠴᠤ ᠪᠠᠶᠢᠭᠠᠳ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠬᠠᠮᠢᠶ᠎ᠠ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠤᠬᠠᠭᠤᠯᠭ᠎ᠠ ᠶᠢᠨ ᠠᠵᠢᠯ ᠢ ᠥᠷᠨᠢᠭᠦᠯᠵᠦ᠂ ᠮᠠᠯᠴᠢᠨ ᠲᠠᠷᠢᠶᠠᠴᠢᠳ ᠢ ᠬᠥᠲᠥᠯᠦᠨ ᠵᠢᠯᠣᠭᠤᠳᠴᠤ ᠦᠵᠡᠯᠲᠡ ᠶᠢ ᠨᠢ ᠬᠤᠪᠢᠷᠠᠭᠤᠯᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠰᠢᠲᠠᠭᠠᠬᠤ ᠶᠢ ᠴᠠᠭᠠᠵᠠᠯᠠᠬᠤ ᠠᠵᠢᠯ ᠳᠤ ᠢᠳᠡᠪᠬᠢᠲᠡᠶ ᠤᠷᠤᠯᠴᠠᠭᠤᠯᠵᠦ᠂ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠬᠤ ᠬᠦᠴᠦᠯᠡᠴᠡ ᠪᠠᠨ ᠴᠢᠩᠭᠠᠳᠬᠠᠬᠤ ᠬᠡᠷᠡᠭᠲᠡᠶ᠃ ᠡᠭᠦᠨ ᠤ ᠬᠠᠮᠲᠤ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠪᠠ ᠶᠡᠷᠦᠩᠬᠡᠶᠢᠯᠡᠨ ᠠᠰᠢᠭᠯᠠᠬᠤ ᠲᠠᠯ᠎ᠠ ᠪᠠᠷ ᠬᠢ ᠵᠥᠪ ᠪᠤᠷᠤᠭᠤ ᠨᠡᠶᠢᠲᠡᠯᠢᠭ ᠵᠢᠱᠢᠶ᠎ᠡ ᠶᠢ ᠤᠬᠠᠭᠤᠯᠬᠤ  ᠬᠦᠴᠦᠯᠡᠴᠡ ᠪᠠᠨ ᠴᠢᠩᠭᠠᠳᠬᠠᠵᠦ᠂ ᠡᠰᠢ ᠰᠦᠷᠡᠯ ᠢ ᠰᠢᠲᠠᠭᠠᠬᠤ ᠶᠢ ᠴᠠᠭᠠᠵᠠᠯᠠᠬᠤ ᠠᠵᠢᠯ ᠢ  ᠪᠦᠬᠦ ᠨᠡᠶᠢᠭᠡᠮ ᠨᠡᠶᠢᠳᠡ ᠶᠢᠨ ᠤᠬᠠᠮᠰᠠᠷᠲᠤ ᠠᠵᠢᠯᠯᠠᠭ᠎ᠠ ᠪᠣᠯᠭᠠᠬᠤ ᠬᠡᠷᠡᠭᠲᠡᠶ᠃                                                      ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                         2021 ᠣᠨ ᠤ 4 ᠰᠠᠷ᠎ᠠ ᠶᠢᠨ 30 ᠤ ᠡᠳᠦᠷ 
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠶᠠᠪᠤᠳᠠᠯ ᠤᠨ ᠮᠤᠩᠭᠤᠯ ᠬᠡᠯᠡᠨ ᠤ ᠰᠦᠯᠵᠢᠶ᠎ᠡ