ᠵᠠᠩ ᠢᠦᠢ ᠪᠢᠨ
ᠨᠡᠶᠢᠲᠡᠯᠡᠭᠰᠡᠨ ᠴᠠᠭ᠄
2021/12/22
   ᠡᠷᠡᠭᠲᠡᠢ᠂ ᠬᠢᠲᠠᠳ ᠦᠨᠳᠦᠰᠦᠲᠡᠨ᠂ 1968 ᠣᠨ ᠤ 5 ᠰᠠᠷ᠎ᠠ ᠳᠤ ᠲᠦᠷᠦᠵᠠᠢ᠂ 1991 ᠣᠨ ᠤ 7 ᠰᠠᠷ᠎ᠠ ᠳᠤ ᠠᠵᠢᠯ ᠳᠤ ᠣᠷᠣᠵᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠤᠳᠤ ᠳᠠᠯᠠᠳ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶᠠᠨ ᠳᠠᠷᠤᠭ᠎ᠠ ᠶᠢᠨ ᠲᠤᠰᠢᠶᠠᠯ ᠢ ᠡᠭᠦᠷᠭᠡᠯᠡᠵᠦ ᠪᠤᠢ᠃    1991. 08 — 1994. 08   ᠳᠠᠯᠠᠳ ᠬᠤᠰᠢᠭᠤᠨ ᠤ ᠤᠤᠯ ᠤᠨ  ᠳ᠋ᠧ ᠱᠧᠩ ᠲᠠᠢ ᠳᠤᠮᠳᠠᠳᠤ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠡᠷᠬᠢᠯᠡᠭᠴᠢ ᠪᠠᠷ ᠠᠵᠢᠯᠯᠠᠵᠦ ᠪᠠᠶᠢᠵᠠᠢ︔    1994.08 — 1996.03   ᠳᠠᠯᠠᠳ ᠬᠤᠰᠢᠭᠤᠨ ᠤ ᠤᠤᠯ ᠤᠨ ᠶᠠᠨ ᠳ᠋ᠢᠶᠠᠨ ᠰᠢᠶᠠᠩ ᠤᠨ ᠳᠤᠮᠳᠠᠳᠤ ᠰᠤᠷᠭᠠᠭᠤᠯᠢ ᠶᠢᠨ ᠵᠠᠬᠢᠷᠤᠯ ᠪᠠᠷ ᠠᠵᠢᠯᠯᠠᠵᠦ ᠪᠠᠶᠢᠵᠠᠢ;    1996. 03 — 1997. 10  ᠳᠠᠯᠠᠳ ᠬᠤᠰᠢᠭᠤᠨ ᠤ ᠰᠤᠷᠭᠠᠨ ᠬᠥᠮᠦᠵᠢᠯ ᠤᠨ ᠳᠤᠪᠴᠢᠶ᠎ᠠ ᠶᠢᠨ ᠠᠵᠢᠯᠲᠠᠨ ᠪᠠᠷ ᠠᠵᠢᠯᠯᠠᠵᠦ ᠪᠠᠶᠢᠵᠠᠢ;   1997.10 — 1998.05   ᠳᠠᠯᠠᠳ ᠬᠤᠰᠢᠭᠤᠨ ᠤ ᠰᠤᠷᠭᠠᠨ ᠬᠥᠮᠦᠵᠢᠯ ᠤᠨ ᠳᠤᠪᠴᠢᠶ᠎ᠠ ᠶᠢᠨ ᠬᠢᠨᠠᠨ ᠵᠢᠯᠣᠭᠤᠳᠬᠤ ᠲᠠᠰᠤᠭ ᠤᠨ ᠡᠷᠬᠢᠯᠡᠭᠴᠢ ᠪᠠᠷ ᠠᠵᠢᠯᠯᠠᠵᠦ ᠪᠠᠶᠢᠵᠠᠢ;  1998.05 — 2004.11  ᠳᠠᠯᠠᠳ ᠬᠤᠰᠢᠭᠤᠨ ᠤ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠵᠠᠬᠢᠷᠤᠯ  ᠪᠠᠷ ᠠᠵᠢᠯᠯᠠᠵᠦ ᠪᠠᠶᠢᠵᠠᠢ; ᠡᠨᠡ‌ᠬᠤᠭᠤᠴᠠᠭᠠᠨ ᠳᠤ᠄  2001.07 — 2004.06 ᠪᠠᠭᠰᠢ ᠶᠢᠨ ᠶᠡᠭᠡ ᠰᠤᠷᠭᠠᠭᠤᠯᠢ ᠶᠢᠨ ᠤᠳᠤ ᠦᠶ᠎ᠡ ᠶᠢᠨ ᠤᠳᠬ᠎ᠠ ᠵᠣᠬᠢᠶᠠᠯ ᠤᠨ ᠲᠤᠰᠬᠠᠢ ᠮᠡᠷᠭᠡᠵᠢᠯ ᠤᠨ ᠠᠩᠭᠢ ᠳᠤ ᠰᠤᠷᠤᠯᠴᠠᠵᠦ ᠪᠠᠶᠢᠵᠠᠢ;  2004.11 — 2007.12   ᠳᠠᠯᠠᠳ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠳᠤᠪᠴᠢᠶ᠎ᠠ  ᠶᠢᠨ ᠳᠡᠳ᠋ ᠳᠠᠷᠤᠭ᠎ᠠ᠂ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠵᠠᠭᠢᠷᠤᠯ ᠤᠨ ᠳᠤᠰᠢᠶᠠᠯ ᠢ ᠬᠠᠪᠰᠤᠷᠭᠠᠨ ᠬᠠᠷᠢᠭᠤᠴᠠᠵᠦ ᠪᠠᠶᠢᠵᠠᠢ;   2007.12 — 2009.12   ᠳᠠᠯᠠᠳ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ ᠤᠨ ᠳᠤᠰᠢᠶᠠᠯ ᠢ ᠬᠠᠷᠢᠭᠤᠴᠠᠵᠦ ᠪᠠᠶᠢᠵᠠᠢ;  2009.12 — 2010.12   ᠳᠠᠯᠠᠳ ᠬᠤᠰᠢᠭᠤᠨ ᠤ ᠨᠠᠮ ᠤᠨ ᠬᠤᠷᠢᠶ᠎ᠡ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠡᠳ᠋ ᠳᠠᠷᠤᠭ᠎ᠠ᠂ ᠪᠠᠶᠢᠭᠤᠯᠭ᠎ᠠ ᠶᠢᠨ ᠨᠠᠮ ᠤᠨ ᠠᠵᠢᠯ ᠤᠨ ᠬᠤᠷᠢᠶ᠎ᠡ ᠶᠢᠨ ᠱᠦᠵᠢ ᠪᠠᠷ ᠠᠵᠢᠯᠯᠠᠵᠦ ᠪᠠᠶᠢᠵᠠᠢ;  2010.12 — 2011.08  ᠳᠠᠯᠠᠳ ᠬᠤᠰᠢᠭᠤᠨ ᠤ ᠹᠧᠩ ᠱᠦᠢ ᠯᠢᠶᠠᠩ ᠬᠠᠮᠢᠶᠠᠷᠤᠯᠲᠠ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠠᠵᠢᠯᠯᠠᠬᠤ  ᠬᠤᠷᠢᠶ᠎ᠡ ᠶᠢᠨ ᠱᠦᠵᠢ ᠪᠠᠷ ᠠᠵᠢᠯᠯᠠᠵᠦ ᠪᠠᠶᠢᠵᠠᠢ;   2011.08 — 2012. 12   ᠳᠠᠯᠠᠳ ᠬᠤᠰᠢᠭᠤᠨ ᠤ ᠹᠧᠩ ᠱᠦᠢ ᠯᠢᠶᠠᠩ ᠬᠠᠮᠢᠶᠠᠷᠤᠯᠲᠠ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠨᠠᠮ ᠤᠨ ᠠᠵᠢᠯᠯᠠᠬᠤ  ᠬᠤᠷᠢᠶ᠎ᠡ ᠶᠢᠨ ᠱᠦᠵᠢ᠂ ᠳᠠᠯᠠᠳ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ  ᠪᠠᠷ ᠠᠵᠢᠯᠯᠠᠵᠦ ᠪᠠᠶᠢᠵᠠᠢ;   2012. 12 — 2015. 06   ᠳᠠᠯᠠᠳ ᠬᠤᠰᠢᠭᠤᠨ ᠤ ᠡᠷᠡᠭᠦᠯ ᠬᠠᠮᠠᠭᠠᠯᠠᠯ ᠤᠨ ᠲᠣᠪᠴᠢᠶᠠᠨ ᠳᠠᠷᠤᠭ᠎ᠠ  ᠪᠠᠷ ᠠᠵᠢᠯᠯᠠᠵᠦ ᠪᠠᠶᠢᠵᠠᠢ;   2015. 06 — 2015. 08   ᠳᠠᠯᠠᠳ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶᠠᠨ ᠳᠠᠷᠤᠭ᠎ᠠ ᠪᠠᠷ ᠠᠵᠢᠯᠯᠠᠵᠦ ᠪᠠᠶᠢᠵᠠᠢ;   2015.08 — 2018.03   ᠳᠠᠯᠠᠳ ᠬᠤᠰᠢᠭᠤᠨ ᠤ ᠰᠤᠷᠭᠠᠨ ᠬᠥᠮᠦᠵᠢᠯ ᠤᠨ ᠳᠤᠪᠴᠢᠶ᠎ᠠ ᠶᠢᠨ ᠨᠠᠮ ᠤᠨ ᠬᠤᠷᠢᠶ᠎ᠡ ᠶᠢᠨ ᠱᠦᠵᠢ᠂ ᠲᠣᠪᠴᠢᠶᠠᠨ ᠳᠠᠷᠤᠭ᠎ᠠ ᠪᠠᠷ ᠠᠵᠢᠯᠯᠠᠵᠦ ᠪᠠᠶᠢᠵᠠᠢ;   2018.03 — 2019.02  ᠳᠠᠯᠠᠳ ᠬᠤᠰᠢᠭᠤᠨ ᠤ ᠰᠤᠷᠭᠠᠨ ᠬᠥᠮᠦᠵᠢᠯ ᠤᠨ ᠳᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠠᠷ ᠠᠵᠢᠯᠯᠠᠵᠦ ᠪᠠᠶᠢᠵᠠᠢ;  2019.02 — 2019.06  ᠳᠠᠯᠠᠳ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠳᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠠᠷ ᠠᠵᠢᠯᠯᠠᠵᠦ ᠪᠠᠶᠢᠵᠠᠢ;   2019.06 — 2021.06   ᠳᠠᠯᠠᠳ ᠬᠤᠰᠢᠭᠤᠨ ᠤ ᠰᠤᠷᠭᠠᠨ ᠬᠥᠮᠦᠵᠢᠯ ᠪᠡᠶ᠎ᠡ ᠲᠠᠮᠢᠷ ᠤᠨ ᠳᠤᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ᠂ ᠰᠤᠷᠭᠠᠨ ᠬᠥᠮᠦᠵᠢᠯ ᠤᠨ ᠠᠵᠢᠯ ᠤᠨ ᠵᠥᠪᠯᠡᠯ ᠤᠨ ᠱᠦᠵᠢ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠪᠠᠷ ᠠᠵᠢᠯᠯᠠᠵᠦ ᠪᠠᠶᠢᠵᠠᠢ;   2021.06 — ᠤᠳᠤ ᠪᠣᠯᠲᠠᠯ᠎ᠠ   ᠳᠠᠯᠠᠳ ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠶᠢᠨ ᠨᠡᠷ᠎ᠡ ᠳᠤᠷᠠᠳᠤᠭᠳᠠᠭᠰᠠᠨ ᠵᠢᠱᠢᠭᠳᠡᠭᠴᠢ᠂ ᠰᠤᠷᠭᠠᠨ ᠬᠥᠮᠦᠵᠢᠯ ᠪᠡᠶ᠎ᠡ ᠲᠠᠮᠢᠷ ᠤᠨ ᠲᠣᠪᠴᠢᠶᠠᠨ ᠳᠠᠷᠤᠭ᠎ᠠ ᠪᠠᠷ ᠠᠵᠢᠯᠯᠠᠵᠦ ᠪᠠᠶᠢᠨ᠎ᠠ᠃
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ