| | 12 ᠰᠠᠷ᠎ᠠ ᠶᠢᠨ 11 ᠤ ᠡᠳᠦᠷ ᠠᠴᠠ 12 ᠤᠨ ᠡᠳᠦᠷ ᠪᠣᠯᠲᠠᠯ᠎ᠠ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠣᠷᠣᠯᠠᠭᠴᠢ ᠳᠠᠷᠤᠭ᠎ᠠ | ᠳ᠋ᠦ᠋ ᠬᠤᠢ ᠯᠢᠶᠠᠩ ᠲᠠᠯᠠᠳ ᠬᠤᠰᠢᠭᠤ᠂ ᠬᠠᠩᠭᠢᠨ ᠬᠤᠰᠢᠭᠤ ᠪᠣᠯᠤᠨ ᠡᠵᠡᠨ ᠬᠤᠷᠤᠭ᠎ᠠ ᠬᠤᠰᠢᠭᠤᠨ ᠳᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ᠂ ᠭᠤᠣᠯᠳᠠᠯᠭ᠎ᠠ ᠲᠠᠢ ᠪᠠᠷᠢᠯᠭ᠎ᠠ ᠶᠢ ᠠᠬᠢᠭᠤᠯᠬᠤ᠂ ᠭᠤᠣᠯᠳᠠᠯᠭ᠎ᠠ ᠲᠠᠢ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠠᠢ᠃ | ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠣ᠋ ᠼᠦᠢ ᠹᠠᠩ᠂ ᠬᠤᠲᠠ ᠶᠢᠨ ᠳᠡᠳ᠋ ᠳᠠᠷᠤᠭ᠎ᠠ ᠺᠦᠩ ᠹᠠᠨ ᠹᠸᠢ᠂ | ᠡᠷᠳᠡᠨᠢᠪᠢᠯᠢᠭ ᠲᠣᠰ ᠲᠣᠰ ᠪᠠᠶᠢᠴᠠᠭᠠᠨ ᠰᠤᠳᠤᠯᠤᠯᠲᠠ ᠪᠠ ᠶᠠᠷᠢᠯᠴᠠᠬᠤ ᠬᠤᠷᠠᠯ ᠳᠤ ᠣᠷᠣᠯᠴᠠᠪᠠ᠃ | ᠳ᠋ᠦ᠋ ᠬᠤᠢ ᠯᠢᠶᠠᠩ ᠤᠷᠢᠳ ᠬᠤᠵᠢᠳ ᠳᠠᠯᠠᠳ ᠬᠤᠰᠢᠭᠤᠨ ᠤ ᠸᠠᠩ ᠤᠨ ᠵᠣᠣ ᠪᠠᠯᠭᠠᠰᠤ᠂ ᠬᠠᠩᠭᠢᠨ ᠬᠤᠰᠢᠭᠤᠨ ᠤ ᠲᠤᠭᠤᠢᠢᠳᠠᠯ᠎ᠠ ᠪᠠᠯᠭᠠᠰᠤ᠂ ᠳᠡᠭᠡᠳᠦ | ᠰᠢᠨ᠎ᠡ ᠮᠡᠷᠭᠡᠵᠢᠯ ᠤᠨ ᠬᠦᠷᠢᠶᠡᠯᠡᠩ ᠲᠣᠭᠤᠷᠢᠭ᠂ ᠡᠵᠡᠨ ᠬᠤᠷᠤᠭ᠎ᠠ ᠬᠤᠰᠢᠭᠤᠨ ᠤ ᠮᠧᠩ ᠰᠣ᠋ ᠠᠵᠤ ᠦᠢᠯᠡᠳᠪᠤᠷᠢ ᠶᠢᠨ ᠬᠦᠷᠢᠶᠡᠯᠡᠩ ᠲᠣᠭᠤᠷᠢᠭ ᠲᠤ ᠬᠦᠷᠴᠦ᠂ | ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠠ ᠭᠤᠤᠯᠳᠠᠯᠭ᠎ᠠ ᠲᠠᠢ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ ᠨᠠᠷᠢᠨ ᠣᠶᠢᠯᠠᠭᠠᠵᠤ᠂ | ᠪᠠᠶᠢᠭᠠᠯᠢ ᠶᠢᠨ ᠡᠬᠢ ᠪᠠᠶᠠᠯᠢᠭ ᠪᠠ ᠣᠶ ᠰᠢᠭᠤᠶ ᠡᠪᠡᠰᠦ ᠪᠡᠯᠴᠢᠭᠡᠷ ᠤᠨ ᠬᠠᠤᠯᠢ ᠠᠴᠠ ᠵᠥᠷᠢᠴᠡᠭᠰᠡᠨ ᠵᠢᠷᠤᠭ ᠤᠨ ᠵᠠᠭᠪᠤᠷ ᠢ ᠴᠡᠭᠴᠡᠯᠡᠨ ᠵᠠᠰᠠᠭᠰᠠᠨ ᠪᠠᠶᠢᠳᠠᠯ ᠢ | ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠭᠰᠡᠨ ᠤ ᠬᠠᠮᠳᠤ ᠲᠣᠰ ᠲᠣᠰ ᠶᠠᠷᠢᠯᠴᠠᠬᠤ ᠬᠤᠷᠠᠯ ᠬᠤᠷᠠᠯᠳᠤᠭᠤᠯᠪᠠ᠃ | ᠳ᠋ᠦ᠋ ᠬᠤᠢ ᠯᠢᠶᠠᠩ ᠡᠨᠡ ᠵᠢᠯ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠮᠥᠨ᠂ ᠡᠯ᠎ᠡ ᠲᠦᠷᠦᠯ ᠤᠨ | ᠠᠵᠢᠯ ᠢ ᠰᠠᠶᠢᠲᠤᠷ ᠬᠢᠬᠦ ᠨᠢ ᠴᠢᠬᠤᠯᠠ ᠶᠡᠭᠡ ᠠᠴᠢ ᠬᠤᠯᠪᠣᠭᠳᠠᠯ ᠲᠠᠢ ᠪᠥᠭᠡᠳ ᠴᠢᠬᠤᠯᠠ ᠶᠡᠭᠡ ᠬᠠᠷᠢᠭᠤᠴᠠᠯᠭ᠎ᠠ ᠲᠠᠢ ᠶᠤᠮ᠃ ᠲᠥᠪ ᠤᠨ ᠠᠵᠤ ᠠᠬᠤᠶ ᠶᠢᠨ | ᠠᠵᠢᠯ ᠤᠨ ᠬᠤᠷᠠᠯ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠲᠠ ᠶᠢᠨ | ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠦ᠂ ᠰᠢᠨ᠎ᠡ | ᠬᠥᠭᠵᠢᠯᠲᠡ ᠶᠢᠨ ᠱᠠᠲᠤᠨ ᠳᠤ ᠰᠠᠭᠤᠷᠢᠯᠠᠨ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠵᠦ᠂ ᠪᠠᠶᠢᠯᠳᠤᠬᠤ ᠪᠤᠳᠤᠯᠭ᠎ᠠ ᠶᠢᠨ ᠰᠡᠳᠬᠢᠬᠦᠢ᠂ | ᠰᠢᠨ᠎ᠡ ᠶᠢ ᠡᠭᠦᠳᠬᠦ ᠰᠡᠳᠬᠢᠬᠦᠢ ᠪᠠ ᠬᠤᠷᠢᠭ᠎ᠠ ᠱᠤᠭᠤᠮ ᠤᠨ ᠰᠡᠳᠬᠢᠬᠦᠢ ᠶᠢ ᠴᠢᠩᠭᠠᠳᠬᠠᠵᠤ᠂ ᠲᠣᠭᠲᠠᠭᠤᠨ ᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠤᠮᠳᠠ | ᠤᠷᠤᠭᠰᠢᠯᠠᠬᠤ ᠶᠢ ᠪᠠᠷᠢᠮᠲᠠᠯᠠᠨ᠂ ᠭᠤᠣᠯᠳᠠᠯᠭ᠎ᠠ ᠲᠠᠢ ᠲᠦᠷᠦᠯ ᠵᠦᠢᠯ᠂ ᠭᠤᠣᠯᠳᠠᠯᠭ᠎ᠠ ᠲᠠᠢ ᠠᠵᠢᠯ᠂ ᠭᠤᠣᠯᠳᠠᠯᠭ᠎ᠠ ᠲᠠᠢ ᠪᠠᠷᠢᠯᠭ᠎ᠠ ᠶᠢ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠤᠨ᠂ ᠴᠢᠨᠠᠷ ᠰᠠᠶᠢᠲᠠᠢ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠪᠠᠲᠤ ᠡᠵᠡᠮᠳᠡᠭᠦ ᠬᠡᠷᠡᠭᠲᠠᠢ ᠭᠡᠵᠦ ᠵᠢᠭᠠᠵᠦ ᠭᠠᠷᠭᠠᠪᠠ᠃ | ᠳ᠋ᠦ᠋ ᠬᠤᠢ ᠯᠢᠶᠠᠩ ᠨᠡᠩ ᠥᠨᠳᠥᠷ ᠵᠣᠭᠰᠣᠴᠠ ᠪᠠᠷ ᠠᠮᠢ ᠠᠬᠤᠶ ᠶᠢᠨ ᠬᠠᠮᠠᠭᠠᠯᠠᠯᠲᠠ ᠶᠢ ᠰᠠᠶᠢᠲᠤᠷ ᠠᠳᠬᠤᠨ᠂ ᠬᠠᠲᠤᠨ ᠭᠤᠣᠯ ᠤᠨ ᠰᠠᠪᠠ ᠭᠠᠵᠠᠷ ᠤᠨ ᠠᠮᠢ | ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠬᠤ ᠳᠤ ᠠᠮᠢ ᠠᠬᠤᠶ ᠶᠢᠨ ᠵᠠᠰᠠᠯᠲᠠ ᠶᠢᠨ ᠲᠤᠰᠬᠠᠶ | ᠲᠦᠷᠦᠯ ᠤᠨ ᠲᠥᠯᠥᠪᠵᠢᠭᠦᠯᠭᠡ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠠᠷᠪᠠᠨ ᠶᠡᠭᠡ ᠬᠦᠨᠳᠡᠢ ᠶᠢ ᠶᠡᠷᠦᠩᠬᠡᠶᠢᠯᠡᠨ ᠵᠠᠰᠠᠬᠤ ᠵᠡᠷᠭᠡ ᠭᠤᠤᠯᠳᠠᠯᠭ᠎ᠠ ᠲᠠᠢ ᠠᠮᠢ | ᠠᠬᠤᠶ ᠶᠢᠨ ᠪᠠᠷᠢᠯᠭ᠎ᠠ ᠶᠢ ᠲᠦᠷᠭᠡᠳᠬᠡᠨ ᠠᠬᠢᠭᠤᠯᠵᠤ᠂ ︽ᠤᠰᠤ ᠪᠠᠷ ᠳᠥᠷᠪᠡ ᠶᠢ ᠲᠣᠭᠲᠠᠭᠠᠬᠤ︾ ᠱᠠᠭᠠᠷᠳᠠᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ | ᠭᠤᠤᠯᠳᠠᠯᠭ᠎ᠠ ᠲᠠᠢ ᠠᠵᠢᠯ ᠲᠥᠷᠥᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠵᠤ᠂ ᠡᠨᠧᠷᠭᠢ ᠶᠢᠨ ᠬᠤᠷᠣᠭᠳᠠᠯ᠂ | ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢᠨ ᠪᠥᠬᠦ ᠬᠦᠷᠢᠶ᠎ᠡ ᠴᠠᠷᠠᠭ᠎ᠠ᠂ ᠪᠥᠬᠦ ᠶᠠᠪᠤᠴᠠ ᠶᠢᠨ ᠬᠢᠨᠠᠨ ᠬᠡᠮᠵᠢᠬᠦ ᠬᠠᠮᠢᠶᠠᠷᠤᠯᠲᠠ ᠶᠢ ᠴᠢᠩᠭᠠᠳᠬᠠᠨ᠂ ᠡᠨᠧᠷᠭᠢ | ᠠᠷᠪᠢᠯᠠᠵᠤ ᠨᠡᠭᠦᠷᠡᠰᠦᠲᠥ᠋ᠷᠥᠭᠴᠢ ᠶᠢ ᠪᠠᠭᠤᠷᠠᠭᠤᠯᠬᠤ᠂ ᠨᠣᠭᠤᠭᠠᠷᠠᠭᠤᠯᠤᠯᠲᠠ ᠶᠢ ᠨᠡᠮᠡᠭᠳᠡᠭᠦᠯᠦᠨ ᠬᠤᠷᠣᠭᠳᠠᠯ ᠢ ᠪᠠᠭᠠᠰᠬᠠᠬᠤ ᠠᠵᠢᠯ ᠢ ᠦᠨᠡᠨ ᠬᠦ ᠰᠠᠶᠢᠲᠤᠷ ᠬᠢᠬᠦ | ᠬᠡᠷᠡᠭᠲᠠᠢ᠃ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠶᠢ ᠱᠠᠯᠠᠪᠳᠠᠭᠤᠯᠤᠨ ᠪᠠᠶᠢᠴᠠᠭᠠᠬᠤ᠂ ᠪᠠᠶᠢᠭᠠᠯᠢ ᠶᠢᠨ ᠡᠬᠢ ᠪᠠᠶᠠᠯᠢᠭ ᠢ ᠱᠠᠯᠠᠪᠳᠠᠭᠤᠯᠤᠨ | ᠪᠠᠶᠢᠴᠠᠭᠠᠬᠤ᠂ ᠤᠢ ᠰᠢᠭᠤᠢ ᠡᠪᠡᠰᠦ ᠪᠡᠯᠴᠢᠭᠡᠷ ᠢ ᠲᠤᠰᠬᠠᠢ ᠴᠡᠭᠴᠡᠯᠡᠨ ᠵᠠᠰᠠᠬᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠷᠡᠭ ᠢᠶᠠᠷ | ᠥᠭᠡᠷᠡᠴᠢᠯᠡᠯᠲᠡ ᠶᠢ ᠠᠬᠢᠭᠤᠯᠬᠤ ᠵᠡᠷᠭᠡ ᠬᠦᠷᠢᠶᠡᠨ ᠳᠠᠬᠢ ᠴᠡᠭᠴᠡᠯᠡᠨ ᠵᠠᠰᠠᠯᠲᠠ ᠶᠢ ᠨᠡᠩ ᠶᠡᠭᠡ ᠵᠣᠷᠢᠭ ᠰᠢᠭᠤᠳᠤᠨ ᠰᠠᠶᠢᠲᠤᠷ ᠠᠳᠬᠤᠵᠤ᠂ ᠬᠡᠷᠡᠭ ᠤᠴᠢᠷ ᠠᠴᠠ | ᠵᠠᠶᠢᠯᠠᠬᠤ ᠦᠭᠡᠢ᠂ ᠬᠠᠷᠢᠭᠤᠴᠠᠯᠭ᠎ᠠ ᠪᠠᠨ ᠲᠦᠯᠬᠢᠬᠦ ᠦᠭᠡᠢ ᠪᠠᠷ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠲᠠᠩᠰᠠᠨ ᠠᠴᠠ ᠬᠠᠰᠤᠬᠤ ᠶᠢ ᠲᠦᠷᠭᠡᠳᠬᠡᠨ | ᠠᠬᠢᠭᠤᠯᠵᠤ᠂ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠬᠠᠤᠯᠢ ᠳᠦᠷᠢᠮ ᠢ ᠵᠢᠷᠤᠮᠯᠠᠨ᠂ ᠦᠨᠡᠨ ᠪᠣᠳᠠᠲᠠᠢ | ᠥᠭᠡᠷᠡᠴᠢᠯᠡᠬᠦ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠨᠡᠩ ᠶᠡᠭᠡ ᠡᠷᠴᠢᠮ ᠢᠶᠠᠷ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠠᠵᠤ | ᠦᠢᠯᠡᠰ ᠤᠨ ᠬᠥᠭᠵᠢᠯᠲᠡ ᠶᠢᠨ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠲᠤᠭᠳᠠᠭᠠᠨ᠂ ᠪᠣᠬᠢᠷᠲᠤᠯ ᠦᠭᠡᠢ ᠪᠠᠷ ᠨᠡᠭᠦᠷᠡᠰᠦᠲᠥ᠋ᠷᠥᠭᠴᠢ ᠶᠢ ᠪᠠᠭ᠎ᠠ | ᠭᠠᠳᠠᠭᠰᠢᠯᠠᠭᠤᠯᠬᠤ᠂ ᠬᠡᠯᠬᠢᠶ᠎ᠡ ᠶᠢ ᠤᠷᠲᠤᠳᠬᠠᠨ ᠰᠦᠷᠦᠭᠵᠢᠯ ᠢ ᠬᠦᠴᠦᠷᠬᠡᠭᠵᠢᠭᠦᠯᠬᠦ ᠳᠤ ᠠᠩᠬᠠᠷᠤᠯ ᠢᠶᠠᠨ ᠲᠥᠪᠯᠡᠷᠡᠭᠦᠯᠤᠨ᠂ ᠤᠨᠢᠨ ᠳᠡᠭᠡᠷ᠎ᠡ ᠨᠢ ᠠᠷᠠᠯᠵᠢᠶᠠᠴᠢᠨ | ᠤᠷᠢᠬᠤ ᠶᠢ ᠴᠢᠩᠭᠠᠳᠬᠠᠵᠤ᠂ ᠲᠦᠷᠦᠯ ᠵᠦᠢᠯ ᠢ ᠲᠥᠯᠥᠪᠵᠢᠭᠦᠯᠬᠦ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠦᠨ᠂ ᠨᠢᠭᠡ ᠪᠦᠯᠦᠭ ᠰᠢᠨ᠎ᠡ ᠡᠨᠧᠷᠭᠢ ᠶᠢᠨ ᠪᠦᠬᠦ | ᠠᠵᠤ ᠦᠢᠯᠡᠰ ᠤᠨ ᠬᠡᠯᠬᠢᠶ᠎ᠡ ᠶᠢᠨ ᠲᠦᠷᠦᠯ ᠵᠦᠢᠯ᠂ ᠳᠡᠭᠡᠳᠦ ᠨᠠᠷᠢᠯᠢᠭ ᠣᠨᠴᠠ ᠰᠢᠨ᠎ᠡ ᠬᠡᠯᠬᠢᠶ᠎ᠡ ᠶᠢ ᠤᠷᠳᠤᠳᠬᠠᠨ ᠨᠥᠬᠦᠪᠥᠷᠢᠯᠡᠬᠦ ᠲᠦᠷᠦᠯ ᠵᠦᠢᠯ ᠢ ᠣᠷᠣᠭᠤᠯᠤᠨ | ᠠᠪᠴᠢᠷᠠᠬᠤ ᠪᠠᠷ ᠬᠦᠴᠦᠯᠡᠵᠦ᠂ ᠠᠵᠤ ᠦᠢᠯᠡᠰ ᠤᠨ ᠲᠦᠷᠦᠯ ᠵᠦᠢᠯ ᠤᠨ ᠰᠢᠨ᠎ᠡ ᠶᠢ ᠡᠭᠦᠳᠭᠦ᠂ ᠪᠤᠬᠢᠷᠳᠤᠯ ᠦᠭᠡᠢ ᠪᠠᠷ ᠦᠨ᠎ᠠ ᠴᠡᠨ᠎ᠠ ᠶᠢ ᠨᠢ ᠦᠨᠡᠨ ᠬᠦ | ᠳᠡᠭᠡᠭᠰᠢᠯᠡᠭᠦᠯᠬᠦ ᠬᠡᠷᠡᠭᠲᠡᠢ᠃ ᠨᠡᠩ ᠬᠦᠴᠦᠲᠡᠶ ᠠᠷᠭ᠎ᠠ ᠬᠡᠮᠵᠢᠶ᠎ᠡ ᠪᠠᠷ ᠬᠥᠭᠵᠢᠯᠲᠡ ᠪᠣᠯᠤᠨ ᠠᠷᠠᠳ ᠤᠨ ᠠᠮᠢᠳᠤᠷᠠᠯ ᠢ ᠰᠠᠶᠢᠲᠤᠷ ᠠᠳᠬᠤᠵᠤ᠂ ᠬᠥᠳᠡᠭᠡ ᠲᠣᠰᠬᠤᠨ ᠢ | ᠬᠦᠭᠵᠢᠭᠦᠯᠬᠦ ᠪᠠᠶᠢᠯᠳᠤᠬᠤ ᠪᠣᠳᠣᠯᠭ᠎ᠠ ᠶᠢ ᠭᠦᠨᠵᠡᠭᠡᠶ ᠬᠡᠷᠡᠭᠵᠢᠭᠦᠯᠦᠨ᠂ ︽ᠲᠠᠪᠤ ᠶᠢ ᠬᠥᠭᠵᠢᠭᠦᠯᠦᠨ ᠮᠠᠨᠳᠤᠭᠤᠯᠬᠤ︾ ᠶᠢ ᠨᠢᠭᠡᠳᠦᠯᠲᠡᠶ ᠲᠥᠯᠥᠪᠵᠢᠬᠦᠯᠦᠨ | ᠠᠬᠢᠭᠤᠯᠵᠤ᠂ ᠠᠵᠤ ᠦᠢᠯᠡᠰ ᠢᠶᠠᠷ ᠳᠠᠶᠢᠴᠢᠯᠠᠬᠤ ᠶᠢ ᠴᠢᠩᠭᠠᠷᠠᠭᠤᠯᠤᠨ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠢ ᠬᠠᠮᠲᠤᠷᠠᠨ ᠬᠥᠳᠡᠯᠦᠯᠴᠡᠭᠦᠯᠵᠦ | ᠂ ᠬᠡᠪᠴᠢᠶᠡᠵᠢᠯ ᠲᠠᠢ ᠡᠵᠡᠩᠨᠡᠯᠲᠡ ᠶᠢ ᠵᠤᠬᠢᠰᠳᠠᠢ ᠪᠠᠷ ᠬᠥᠭᠵᠢᠭᠦᠯᠤᠨ᠂ ᠲᠠᠷᠢᠶᠠᠯᠠᠩ ᠮᠠᠯ ᠠᠵᠤ ᠠᠬᠤᠶ ᠶᠢᠨ ᠨᠡᠷᠡᠳᠦ ᠲᠡᠮᠳᠡᠭᠵᠢᠭᠦᠯᠦᠯᠳᠡ ᠶᠢᠨ ᠪᠥᠲᠥᠭᠡᠨ | ᠪᠠᠶᠢᠭᠤᠯᠤᠯᠲᠠ ᠶᠢ ᠴᠢᠩᠭᠠᠳᠬᠠᠵᠤ᠂ ᠣᠲᠣ ᠦᠶ᠎ᠡ ᠶᠢᠨ ᠠᠵᠤ ᠦᠢᠯᠡᠰ ᠤᠨ ᠲᠤᠭᠳᠠᠯᠴᠠᠭ᠎ᠠ᠂ ᠦᠢᠯᠡᠳᠪᠤᠷᠢᠯᠡᠯ ᠤᠨ ᠲᠤᠭᠳᠠᠯᠴᠠᠭ᠎ᠠ᠂ ᠡᠵᠡᠩᠨᠡᠯᠲᠡ ᠶᠢᠨ | ᠲᠤᠭᠳᠠᠯᠴᠠᠭ᠎ᠠ ᠶᠢ ᠲᠦᠷᠭᠡᠳᠬᠡᠨ ᠪᠠᠶᠢᠭᠤᠯᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠳᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠠᠮᠲᠤ ᠪᠠᠷ | ᠪᠠᠶᠠᠵᠢᠬᠤ ᠶᠢ ᠠᠬᠢᠭᠤᠯᠬᠤ ᠬᠡᠷᠡᠭᠲᠠᠢ᠃ ᠨᠡᠩ ᠴᠢᠩᠭ᠎ᠠ ᠱᠠᠭᠠᠷᠳᠠᠯᠭ᠎ᠠ ᠪᠠᠷ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠰᠠᠬᠢᠯᠭ᠎ᠠ | ᠪᠠᠲᠤ ᠪᠠ ᠶᠣᠰᠣ ᠭᠤᠷᠢᠮ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠨ᠂ ᠠᠵᠢᠯ ᠤᠨᠰᠤᠷᠲᠠᠯ ᠢ ᠴᠢᠩᠭᠠᠳᠬᠠᠨ ᠰᠠᠶᠢᠵᠢᠷᠠᠭᠤᠯᠵᠤ᠂ ᠵᠠᠰᠠᠯᠲᠠ ᠶᠢᠨ ᠲᠤᠭᠳᠠᠯᠴᠠᠭ᠎ᠠ | ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢᠨ ᠲᠦᠪᠰᠢᠨ ᠢ ᠳᠡᠭᠡᠭᠰᠢᠯᠡᠭᠦᠯᠦᠨ᠂ ᠠᠶᠤᠯ ᠦᠭᠡᠢ ᠦᠢᠯᠡᠳᠪᠦᠷᠢᠯᠡᠯ᠂ ᠵᠠᠬᠢᠳᠠᠯ ᠰᠤᠷᠪᠤᠯᠵᠢᠯᠠᠯ ᠲᠣᠭᠲᠠᠭᠤᠨ ᠢ | ᠬᠠᠮᠠᠭᠠᠯᠠᠬᠤ ᠪᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠵᠦ᠂ ᠡᠯ᠎ᠡ ᠲᠦᠷᠦᠯ ᠤᠨ ᠠᠵᠢᠯ ᠢ | ᠨᠠᠷᠢᠨ ᠪᠣᠳᠠᠲᠠᠢ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | | | | |