ᠸᠢᠴᠠᠲ ᠢᠶᠠᠷ ᠲᠣᠭᠠᠴᠠᠭ᠎ᠠ ᠬᠢᠬᠦ ᠳᠤ ᠬᠡᠷᠡᠭᠯᠡᠭᠴᠢᠳ ᠢ ᠮᠡᠬᠡᠯᠡᠭᠳᠡᠬᠦ ᠠᠴᠠ ᠰᠡᠷᠭᠡᠶᠢᠯᠡᠬᠦ  ᠶᠢ ᠰᠠᠨᠠᠭᠤᠯᠬᠤ ᠦᠶᠯᠡᠴᠢᠯᠡᠭᠡᠨ ᠤ ᠴᠢᠳᠠᠮᠵᠢ ᠲᠠᠢ ᠪᠣᠯᠣᠯ᠎ᠠ
ᠨᠡᠶᠢᠲᠡᠯᠡᠭᠰᠡᠨ ᠴᠠᠭ᠄
2021/12/23
       ᠸᠢᠴᠠᠲ ᠢᠶᠠᠷ ᠲᠣᠭᠠᠴᠠᠭ᠎ᠠ ᠬᠢᠬᠦ ᠳᠤ 《 ᠮᠡᠬᠡᠯᠡᠯ  ᠢ  ᠰᠡᠷᠭᠡᠶᠢᠯᠡᠬᠦ  ᠦᠶᠯᠡᠴᠢᠯᠡᠭᠡᠨ  ᠤ  ᠰᠠᠨᠠᠭᠤᠯᠤᠮᠵᠢ 》 ᠶᠢᠨ ᠴᠢᠳᠠᠮᠵᠢ ᠶᠢ ᠵᠢᠩᠬᠢᠨᠢ ᠪᠠᠷ ᠰᠦᠯᠵᠢᠶᠡᠨ ᠳᠤ ᠭᠠᠷᠭᠠᠪᠠ᠃ ᠲᠠᠨᠢᠯᠴᠠᠭᠤᠯᠤᠭᠰᠠᠨ ᠢᠶᠠᠷ᠂ ᠬᠡᠷᠡᠭᠯᠡᠭᠴᠢ ᠲᠣᠭᠠᠴᠠᠭ᠎ᠠ ᠬᠢᠬᠦ  ᠶᠠᠪᠤᠴᠠ ᠳᠤ ᠠᠶᠤᠯ ᠲᠦᠭᠰᠢᠭᠦᠷᠢ ᠲᠤᠯᠭᠠᠷᠠᠬᠤ ᠦᠶ᠎ᠡ ᠳᠤ᠂  ᠲᠣᠭᠠᠴᠠᠭ᠎ᠠ ᠬᠢᠬᠦ ᠠᠴᠠ ᠡᠮᠣᠨ᠎ᠡ《ᠰᠠᠨᠠᠭᠤᠯᠤᠮᠵᠢ  ᠶᠢ  ᠭᠥᠯᠢᠶᠡᠨ ᠰᠣᠨᠣᠰᠬᠤ 》ᠲᠣᠪᠴᠢ ᠭᠠᠷᠴᠤ᠂ ᠴᠠᠭ ᠲᠠᠷᠤᠢ ᠳᠤᠨᠢ ᠦᠶᠯᠡᠴᠢᠯᠡᠭᠡ ᠬᠠᠩᠭᠠᠵᠤ᠂  ᠬᠡᠷᠡᠭᠯᠡᠭᠴᠢ ᠶᠢ  ᠬᠠᠮᠵᠢᠨ  ᠣᠳᠣᠬᠠᠨ  ᠤ ᠠᠷᠠᠯᠵᠢᠶᠠᠨ ᠤ ᠠᠶᠤᠯ ᠲᠦᠭᠰᠢᠭᠦᠷᠢ ᠶᠢ ᠮᠠᠭᠠᠳᠯᠠᠬᠤ ᠶᠢᠨ ᠬᠠᠮᠲᠤ ᠠᠶᠤᠯ ᠲᠦᠭᠰᠢᠭᠦᠷᠢ  ᠶᠢ  ᠪᠦᠲᠦᠮᠵᠢᠲᠡᠶ  ᠰᠡᠷᠡᠮᠵᠢᠯᠡᠭᠦᠯᠵᠦ᠂ ᠬᠡᠷᠡᠭᠯᠡᠭᠴᠢ ᠶᠢᠨ ᠡᠳ᠋ ᠬᠥᠷᠥᠩᠭᠡ ᠶᠢᠨ ᠠᠮᠤᠷ ᠲᠦᠪᠰᠢᠨ ᠢ ᠤᠯᠠᠮ ᠨᠢᠭᠡ ᠠᠯᠬᠤᠮ ᠬᠠᠮᠠᠭᠠᠯᠠᠳᠠᠭ᠃       
ᠢᠷᠡᠯᠲᠡ᠄ ᠠᠷᠠᠳ ᠤᠨ ᠰᠦᠯᠵᠢᠶ᠎ᠡ