ᠳᠠᠯᠠᠳ ᠬᠤᠰᠢᠭᠤ ᠴᠢᠳᠠᠪᠤᠷᠢᠳᠠᠨ ᠤᠷᠢᠨ ᠤᠷᠤᠭᠤᠯᠬᠤ ᠪᠠᠷ ᠪᠤᠢ
ᠨᠡᠶᠢᠲᠡᠯᠡᠭᠰᠡᠨ ᠴᠠᠭ᠄
2021/12/24
120 ᠳᠡᠭᠰᠢ ᠳᠦᠷᠪᠡᠯᠵᠢᠨ ᠮᠧᠲᠷ ᠤᠨ ᠤᠷᠤᠨ ᠰᠠᠭᠤᠴᠠ+8 ᠲᠦᠮᠡᠨ ᠳᠦᠭᠦᠷᠢᠭ ᠤᠨ ᠬᠡᠷ ᠪᠦᠯᠢ ᠪᠠᠨ ᠳᠦᠪᠬᠢᠨᠡᠭᠦᠯᠬᠦ ᠰᠦᠢᠳᠬᠡᠯ               ᠤᠷᠤᠭᠤᠯᠤᠨ ᠠᠪᠴᠢᠷᠠᠬᠤ ᠡᠳᠡᠭᠡᠳ᠄    ᠶᠡᠭᠡ ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠤᠷᠤᠯᠭ᠎ᠠ ᠶᠢᠨ ᠨᠠᠮᠳᠡᠷ ᠲᠠᠢ᠂ ᠤᠯᠤᠰ ᠤᠨ ᠵᠢᠩᠭᠢᠨᠢ ᠤᠷᠤᠨ ᠲᠤᠭ᠎ᠠ ᠲᠠᠢ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ᠂ ᠤᠳᠤ ᠪᠤᠯᠳᠠᠯ᠎ᠠ ᠮᠦᠨ ᠬᠦ ᠵᠢᠭᠠᠨ ᠰᠤᠷᠭᠠᠯᠳᠠ ᠶᠢᠨ ᠨᠢᠭᠡᠳᠦᠭᠡᠷ ᠹᠷᠣᠨᠲ ᠲᠤ ᠠᠵᠢᠯᠯᠠᠵᠦ ᠪᠠᠶᠢᠭ᠎ᠠ ᠨᠡᠷᠡᠳᠦ ᠰᠢᠯᠢᠳᠡᠭ ᠪᠠᠭᠰᠢ ︵ᠰᠤᠷᠭᠠᠭᠴᠢ ᠶᠢ ᠪᠠᠭᠳᠠᠭᠠᠨ᠎ᠠ︶ ᠶᠢ ᠤᠷᠤᠭᠤᠯᠤᠨ ᠠᠪᠴᠢᠷᠠᠨ᠎ᠠ᠃    ᠬᠢᠴᠢᠶᠡᠯ ᠳᠦᠷᠦᠯ᠄    ︵ᠨᠢᠭᠡ︶ ᠦᠨᠳᠦᠷ ᠵᠡᠷᠭᠡ ᠶᠢᠨ ᠳᠤᠮᠳᠠᠳᠤ ᠰᠤᠷᠭᠠᠭᠤᠯᠢ᠄ ᠬᠡᠯᠡ ᠪᠢᠴᠢᠭ᠂ ᠲᠤᠭᠠᠨ ᠤ ᠤᠬᠠᠭᠠᠨ᠂ ᠠᠩᠭ᠍ᠯᠢ ᠬᠡᠯᠡ᠂ ᠶᠠᠫᠤᠨ ᠬᠡᠯᠡ᠂ ᠦᠵᠡᠯ ᠰᠠᠨᠠᠭ᠎ᠠ ᠤᠯᠤᠰ ᠳᠦᠷᠦ᠂ ᠲᠡᠦᠬᠡ᠂ ᠭᠠᠵᠠᠷ ᠵᠦᠢ᠂ ᠹᠢᠽᠢᠺ᠂ ᠠᠮᠢᠳᠤ ᠪᠤᠳᠠᠰ᠂ ᠬᠢᠮᠢ     ︵ᠬᠤᠶᠠᠷ︶ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠄ ᠬᠡᠯᠡ ᠪᠢᠴᠢᠭ᠂ ᠲᠤᠭᠠᠨ ᠤ ᠤᠬᠠᠭᠠᠨ᠂ ᠠᠩᠭ᠍ᠯᠢ ᠬᠡᠯᠡ᠂ ᠶᠤᠰᠤ ᠰᠤᠷᠳᠠᠬᠤᠨ ᠬᠢᠬᠡᠳ ᠬᠠᠦᠯᠢ  ᠪᠠᠷ ᠵᠠᠰᠠᠬᠤ᠂ ᠲᠡᠦᠬᠡ᠂ ᠭᠠᠵᠠᠷ ᠵᠦᠢ᠂ ᠹᠢᠽᠢᠺ᠂ ᠠᠮᠢᠳᠤ ᠪᠤᠳᠠᠰ᠂ ᠬᠢᠮᠢ     ︵ᠭᠤᠷᠪᠠ︶ ᠪᠠᠭ᠎ᠠ ᠰᠤᠷᠭᠠᠭᠤᠯᠢ᠄ ᠬᠡᠯᠡ ᠪᠢᠴᠢᠭ᠂ ᠲᠤᠭᠠᠨ ᠤ ᠤᠬᠠᠭᠠᠨ    ︵ᠳᠦᠷᠪᠡ︶ ᠰᠤᠷᠭᠠᠭᠴᠢ᠄ ᠬᠦᠯ ᠪᠦᠮᠪᠦᠭᠡ᠂ ᠰᠠᠭᠰᠤᠨ ᠪᠦᠮᠪᠦᠭᠡ᠂ ᠤᠮᠪᠠᠯᠳᠠ᠂ ᠫᠢᠩᠫᠠᠩ ᠪᠦᠮᠪᠦᠭᠡ    ᠳᠦᠷᠦ ᠶᠢᠨ ᠪᠤᠳᠤᠯᠭ᠎ᠠ ᠶᠢᠨ ᠬᠠᠷᠠᠭᠠᠯᠵᠠᠯ᠄    ︵ᠨᠢᠭᠡ︶ ᠤᠷᠤᠨ ᠲᠤᠭ᠎ᠠ ᠵᠢᠴᠢ ᠴᠠᠯᠢᠩ ᠤᠯᠭᠤᠮᠵᠢ ᠶᠢᠨ ᠳᠦᠷᠦ ᠶᠢᠨ ᠪᠤᠳᠤᠯᠭ᠎ᠠ᠃ ᠤᠷᠤᠭᠤᠯᠤᠨ ᠠᠪᠴᠢᠷᠠᠭᠰᠠᠨ ᠴᠢᠳᠠᠪᠤᠷᠢᠳᠠᠨ ᠴᠦᠮ ᠠᠵᠢᠯ ᠦᠢᠯᠡᠰ ᠤᠨ ᠤᠷᠤᠨ ᠲᠤᠭ᠎ᠠ ᠶᠢ ᠡᠵᠡᠯᠡᠵᠦ᠂ ᠠᠵᠢᠯ ᠦᠢᠯᠡᠰ ᠤᠨ ᠨᠢᠭᠡᠴᠡ ᠶᠢᠨ ᠠᠵᠢᠯᠳᠠᠨ ᠤ ᠴᠠᠯᠢᠩ ᠤᠯᠭᠤᠮᠵᠢ ᠶᠢ ᠬᠦᠷᠳᠡᠵᠦ᠂ ᠠᠵᠢᠯᠯᠠᠭᠰᠠᠨ ᠵᠢᠯ ᠤᠨ ᠲᠤᠭ᠎ᠠ ᠶᠢ ᠦᠷᠭᠦᠯᠵᠢᠯᠡᠨ ᠪᠤᠳᠤᠵᠦ ᠦᠭᠭᠦᠨ᠎ᠡ᠃    ︵ᠬᠤᠶᠠᠷ︶ ᠤᠯᠤᠰ ᠳᠦᠷᠦ ᠶᠢᠨ ᠬᠠᠷᠠᠭᠠᠯᠵᠠᠯ ᠤᠨ ᠳᠦᠷᠦ ᠶᠢᠨ ᠪᠤᠳᠤᠯᠭ᠎ᠠ᠃ ᠤᠷᠤᠭᠤᠯᠤᠨ ᠠᠪᠴᠢᠷᠠᠭᠰᠠᠨ ᠴᠢᠳᠠᠪᠤᠷᠢᠳᠠᠨ ᠢ ᠪᠡᠯᠡᠳᠬᠡᠯ ᠺᠠᠳ᠋ᠷ ᠤᠨ ᠡᠩᠨᠡᠭᠡ ᠳᠤ ᠤᠷᠤᠭᠤᠯᠤᠨ ᠬᠦᠮᠦᠵᠢᠭᠦᠯᠵᠦ᠂ ᠠᠳᠠᠯᠢ ᠨᠦᠬᠦᠴᠡᠯ ᠤᠨ ᠳᠤᠤᠷ᠎ᠠ ᠤᠳᠤᠷᠢᠳᠬᠤ ᠪᠠᠶᠢᠷᠢᠨ ᠳᠤ ᠤᠷᠢᠳᠠᠪᠡᠷ ᠳᠡᠪᠰᠢᠭᠦᠯᠦᠨ᠎ᠠ᠃    ︵ᠭᠤᠷᠪᠠ︶ ᠭᠡᠷ ᠪᠦᠯᠢ ᠶᠢᠨ ᠬᠢᠨ ᠢ ᠳᠠᠭᠠᠵᠦ ᠰᠢᠯᠵᠢᠭᠦᠯᠬᠦ ᠳᠦᠷᠦ ᠶᠢᠨ ᠪᠤᠳᠤᠯᠭ᠎ᠠ᠃ ᠤᠷᠤᠭᠤᠯᠤᠨ ᠠᠪᠴᠢᠷᠠᠭᠰᠠᠨ ᠴᠢᠳᠠᠪᠤᠷᠢᠳᠠᠨ ᠤ ᠬᠠᠨᠢ ᠨᠦᠬᠦᠷ ᠨᠢ ᠬᠤᠶᠠᠷ ᠭᠠᠵᠠᠷ ᠰᠠᠯᠵᠦ ᠰᠠᠭᠤᠭᠰᠠᠨ ᠠᠴᠠ ᠪᠤᠯᠵᠦ ᠠᠵᠢᠯ ᠰᠢᠯᠵᠢᠬᠦ ᠪᠠᠷ ᠭᠤᠶᠤᠴᠢᠯᠠᠭᠰᠠᠨ ᠪᠦᠭᠡᠳ ᠬᠤᠯᠪᠤᠭᠳᠠᠯ ᠪᠦᠬᠦᠢ ᠳᠦᠷᠦ ᠶᠢᠨ ᠪᠤᠳᠤᠯᠭ᠎ᠠ ᠶᠢᠨ ᠳᠤᠭᠳᠠᠭᠠᠯ ᠳᠤ ᠨᠡᠶᠢᠴᠡᠭᠰᠡᠨ ᠪᠠᠶᠢᠪᠠᠯ᠂ ᠵᠤᠬᠢᠶᠠᠨ ᠪᠠᠶᠢᠭᠤᠯᠤᠯᠳᠠ᠂ ᠬᠦᠮᠦᠨ ᠤ ᠬᠦᠴᠦᠨ ᠤ ᠡᠬᠢ ᠪᠠᠶᠠᠯᠢᠭ ᠨᠡᠶᠢᠬᠡᠮ ᠤᠨ ᠪᠠᠳᠤᠯᠠᠭ᠎ᠠ ᠵᠢᠴᠢ ᠤᠷᠤᠨ ᠲᠤᠭ᠎ᠠ ᠶᠢᠨ ᠬᠠᠮᠢᠶᠠᠷᠤᠯᠳᠠ ᠶᠢᠨ ᠰᠠᠯᠠᠭ᠎ᠠ ᠮᠦᠴᠢᠷ ᠨᠢ ᠳᠦᠷᠦ ᠶᠢᠨ ᠪᠤᠳᠤᠯᠭ᠎ᠠ ᠶᠢᠨ ᠳᠤᠭᠳᠠᠭᠠᠯ ᠤᠨ ᠬᠡᠪᠴᠢᠶᠡᠨ ᠳᠤ ᠪᠠᠶᠢᠪᠠᠯ ᠭᠠᠷᠳᠠᠮ ᠭᠦᠢᠴᠡᠳᠬᠡᠯ ᠤᠨ ᠶᠠᠪᠤᠴᠠ ᠳᠤ ᠳᠦᠭᠦᠮ ᠦᠵᠡᠭᠦᠯᠦᠨ᠎ᠡ᠃     ︵ᠳᠦᠷᠪᠡ︶ ᠠᠮᠢᠳᠤᠷᠠᠯ ᠤᠨ ᠨᠦᠬᠦᠪᠤᠷᠢ ᠪᠤᠯᠤᠨ ᠤᠷᠤᠨ ᠰᠠᠭᠤᠴᠠ ᠶᠢᠨ ᠨᠦᠬᠦᠪᠤᠷᠢ ᠶᠢᠨ ᠳᠦᠷᠦ ᠶᠢᠨ ᠪᠤᠳᠤᠯᠭ᠎ᠠ᠃ ᠳᠤᠷᠰᠢᠨ ᠬᠡᠷᠡᠭᠯᠡᠬᠦ ᠬᠤᠭᠤᠴᠠᠭᠠᠨ  ᠳᠠᠬᠢ ᠴᠠᠯᠢᠩ ᠤᠯᠭᠤᠮᠵᠢ ᠨᠢ ᠰᠤᠷᠭᠠᠭᠤᠯᠢ ᠶᠢᠨ ᠮᠡᠷᠭᠡᠵᠢᠯ ᠤᠨ ᠴᠤᠯᠠ ᠶᠢᠨ ᠠᠵᠢᠯ ᠤᠨ ᠪᠠᠶᠢᠷᠢ ᠶᠢᠨ ᠲᠤᠭ᠎ᠠ ᠳᠤ ᠬᠢᠵᠠᠭᠠᠷᠯᠠᠭᠳᠠᠬᠤ ᠦᠭᠡᠢ᠂ ᠤᠤᠯ ᠤᠨ ᠮᠡᠷᠭᠡᠵᠢᠯ ᠤᠨ ᠴᠤᠯᠠ ᠯᠤᠭ᠎ᠠ ᠬᠠᠷᠠᠭᠠᠯᠵᠠᠭᠰᠠᠨ ᠠᠵᠢᠯ ᠤᠨ ᠪᠠᠶᠢᠷᠢ ᠶᠢᠨ ᠳᠡᠰ ᠤᠨ ᠴᠠᠯᠢᠩ ᠤᠯᠭᠤᠮᠵᠢ ᠬᠦᠷᠳᠡᠨ᠎ᠡ᠃ ᠵᠢᠩᠬᠢᠨᠡᠴᠢᠯᠡᠭᠰᠡᠨ ᠤ ᠳᠠᠷᠠᠭ᠎ᠠ᠂ ᠨᠡᠷᠡᠳᠦ ᠰᠢᠯᠢᠳᠡᠭ ᠪᠠᠭᠰᠢ ︵ᠰᠤᠷᠭᠠᠭᠴᠢ︶ ᠳᠤ 120 ᠳᠡᠭᠰᠢ ᠳᠦᠷᠪᠡᠯᠵᠢᠨ ᠮᠧᠲᠷ ᠤᠨ ᠤᠷᠤᠨ ᠰᠠᠭᠤᠴᠠ ᠵᠢᠴᠢ 8 ᠲᠦᠮᠡᠨ ᠳᠦᠭᠦᠷᠢᠭ ᠤᠨ ᠭᠡᠷ ᠪᠦᠯᠢ ᠪᠠᠨ ᠳᠦᠪᠬᠢᠨᠡᠬᠦᠯᠬᠦ ᠰᠦᠢᠳᠬᠡᠯ ᠦᠭᠭᠦᠨ᠎ᠡ᠃    ᠨᠡᠷ᠎ᠡ ᠮᠡᠳᠡᠭᠦᠯᠬᠦ ᠴᠠᠭ᠄     2021ᠤᠨ ᠤ12 ᠰᠠᠷ᠎ᠠ ᠶᠢᠨ 7 ᠤ ᠡᠳᠦᠷ ᠠᠴᠠ 2022 ᠤᠨ ᠤ 7 ᠰᠠᠷ᠎ᠠ ᠶᠢᠨ1 ᠤ ᠡᠳᠦᠷ ᠤᠨ17᠄ 30 ᠪᠤᠯᠳᠠᠯ᠎ᠠ᠃          
ᠢᠷᠡᠯᠲᠡ᠄ ᠳᠠᠠᠯᠳ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ