ᠣᠶ ᠮᠣᠳᠣᠨ ᠤ ᠡᠷᠬᠡ ᠶᠢᠨ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠶ ᠳᠠᠩᠰᠠᠯᠠᠬᠤ ᠠᠵᠢᠯ ᠢ ᠰᠠᠶᠢᠲᠤᠷ ᠬᠢᠬᠦ ᠲᠤᠬᠠᠶ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2021/12/24
ᠡᠯ᠎ᠡ ᠰᠤᠮᠤ ᠪᠠᠯᠭᠠᠰᠤᠨ ᠤ ᠵᠠᠰᠠᠭ ᠤᠨ ᠤᠷᠳᠤᠨ᠂ ᠬᠤᠰᠢᠭᠤᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠦᠴᠢᠷ ᠲᠤ᠄    ᠤᠢ ᠮᠤᠳᠤᠨ ᠤ ᠡᠷᠬᠡ ᠶᠢᠨ ᠦᠯᠦ ᠬᠦᠳᠡᠯᠬᠦ ᠬᠦᠷᠦᠩᠭᠡ ᠶᠢ ᠨᠢᠭᠡᠳᠦᠯᠳᠡᠢ ᠳᠠᠩᠰᠠᠯᠠᠬᠤ ᠠᠵᠢᠯ ᠢ ᠰᠠᠶᠢᠳᠤᠷ ᠬᠢᠬᠦ ᠶᠢᠨ ᠳᠤᠰᠠᠳᠠ᠂  ᠮᠠᠨ ᠤ ᠬᠤᠰᠢᠭᠤᠨ ᠤ ᠤᠢ ᠮᠤᠳᠤᠨ ᠤ ᠦᠯᠦ ᠬᠦᠳᠡᠯᠬᠦ ᠬᠦᠷᠦᠩᠭᠡ ᠶᠢ ᠨᠢᠭᠡᠳᠦᠯᠳᠡᠢ ᠳᠠᠩᠰᠠᠯᠠᠬᠤ ᠠᠵᠢᠯ ᠤᠨ ᠤᠷᠤᠭᠰᠢᠳᠡᠢ ᠶᠠᠪᠤᠭᠳᠠᠬᠤ ᠶᠢ ᠪᠠᠳᠤᠯᠠᠵᠦ᠂  ᠬᠤᠯᠪᠤᠭᠳᠠᠯ ᠪᠦᠬᠦᠢ ᠤᠴᠢᠷ ᠶᠠᠪᠤᠳᠠᠯ ᠢ ᠳᠤᠤᠷᠠᠬᠢ ᠮᠡᠳᠦ ᠮᠡᠳᠡᠭᠳᠡᠶ᠎ᠡ᠄     ᠨᠢᠭᠡ᠂ ᠶᠠᠭᠤ ᠶᠢ ᠤᠢ ᠮᠣᠳᠣᠨ ᠤ ᠡᠷᠬᠡ ᠭᠡᠬᠦ ᠪᠤᠢ︖     ᠤᠢ ᠮᠣᠳᠣᠨ ᠤ ᠡᠷᠬᠡ ᠶᠢ ᠠᠷᠠᠳ ᠨᠡᠶᠢᠳᠡ ᠶᠢᠨ ᠦᠮᠴᠢᠯᠡᠯᠳᠦ ᠤᠢ ᠮᠣᠳᠣᠨ ᠤ ᠡᠷᠬᠡ ᠪᠠ ᠬᠠᠮᠲᠤ ᠶᠢᠨ ᠤᠢ ᠮᠣᠳᠣᠨ ᠤ ᠡᠷᠬᠡ ᠭᠡᠵᠦ ᠬᠤᠪᠢᠶᠠᠨ᠎ᠠ᠃    ᠠᠷᠠᠳ ᠨᠡᠶᠢᠳᠡ ᠶᠢᠨ ᠦᠮᠴᠢᠯᠡᠯᠳᠦ ᠤᠢ ᠮᠣᠳᠣᠨ ᠤ ᠡᠷᠬᠡ ᠭᠡᠳᠡᠭ ᠪᠣᠯ  ᠠᠷᠠᠳ ᠨᠡᠶᠢᠳᠡ ᠶᠢᠨ ᠦᠮᠴᠢᠯᠡᠯᠳᠦ ᠨᠢᠭᠡᠴᠡ ᠶᠢᠨ ᠤᠯᠤᠰ ᠤᠨ ᠥᠮᠴᠢᠯᠡᠯ ᠤᠨ ᠤᠢ ᠰᠢᠭᠤᠶ ᠶᠢ ᠡᠵᠡᠩᠨᠡᠬᠦ ᠡᠷᠬᠡ ᠶᠢ ᠵᠢᠭᠠᠵᠤ ᠪᠠᠶᠢᠨ᠎ᠠ᠂ ᠡᠭᠦᠨ ᠳᠤ ᠤᠯᠤᠰ ᠤᠨ ᠥᠮᠴᠢᠯᠡᠯ ᠤᠨ ᠤᠢ ᠰᠢᠭᠤᠶ ᠶᠢ ᠡᠵᠡᠮᠰᠢᠬᠦ᠂ ᠬᠡᠷᠡᠭᠯᠡᠬᠦ᠂ ᠬᠠᠤᠯᠢ ᠶᠣᠰᠣᠭᠠᠷ ᠠᠰᠢᠭ ᠤᠯᠬᠤ ᠪᠠ ᠬᠠᠤᠯᠢ ᠪᠠᠷ ᠲᠣᠭᠲᠠᠭᠠᠭᠰᠠᠨ ᠬᠡᠪᠴᠢᠶᠠᠨ ᠳᠠᠬᠢ ᠰᠢᠢᠳᠪᠤᠷᠢᠯᠡᠬᠦ ᠡᠷᠬᠡ ᠵᠡᠷᠭᠡ ᠤᠯᠠᠨ ᠵᠦᠢᠯ ᠤᠨ ᠡᠷᠬᠡ ᠴᠢᠳᠠᠮᠵᠢ ᠪᠠᠭᠲᠠᠨ᠎ᠠ᠃     ᠬᠠᠮᠲᠤ ᠶᠢᠨ ᠤᠢ ᠮᠣᠳᠣᠨ ᠤ ᠡᠷᠬᠡ ᠭᠡᠳᠡᠭ ᠪᠣᠯ ᠬᠠᠮᠲᠤ ᠶᠢᠨ ᠥᠮᠴᠢᠯᠡᠯ ᠤᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠤᠶᠤ ᠨᠢᠭᠡᠴᠡ ᠠᠴᠠ ᠤᠢ ᠰᠢᠭᠤᠶ ᠂ ᠤᠢ ᠮᠣᠳᠣ ᠪᠠ ᠰᠢᠭᠤᠶᠢᠲᠤ ᠭᠠᠵᠠᠷ ᠢ ᠡᠵᠡᠮᠰᠢᠬᠦ᠂ ᠬᠡᠷᠡᠭᠯᠡᠬᠦ᠂ ᠠᠰᠢᠭ ᠬᠦᠷᠳᠡᠬᠦ᠂ ᠰᠢᠢᠳᠪᠤᠷᠢᠯᠡᠬᠦ ᠡᠷᠬᠡ ᠶᠢ ᠡᠳ᠋ᠯᠡᠬᠦ ᠶᠢ ᠵᠢᠭᠠᠵᠤ ᠪᠠᠶᠢᠨ᠎ᠠ᠃ ᠬᠠᠤᠯᠢ ᠴᠠᠭᠠᠵᠠ ᠳᠤ ᠲᠣᠭᠲᠠᠭᠠᠭᠰᠠᠨ ᠬᠠᠮᠲᠤ ᠶᠢᠨ ᠦᠮᠴᠢᠯᠡᠯ ᠳᠤ ᠬᠠᠷᠢᠶᠠᠯᠠᠭᠳᠠᠬᠤ ᠤᠢ ᠰᠢᠭᠤᠶ᠂ ᠤᠢ ᠮᠣᠳᠣ ᠪᠠ ᠰᠢᠭᠤᠶᠢᠲᠤ ᠭᠠᠵᠠᠷ᠂ ᠬᠠᠮᠳᠤ ᠶᠢᠨ ᠦᠮᠴᠢᠯᠡᠯ ᠤᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠤᠶᠤ ᠨᠢᠭᠡᠴᠡ ᠤᠢ ᠮᠣᠳᠣᠨ ᠤ ᠡᠷᠬᠡ ᠶᠢ ᠡᠳ᠋ᠯᠡᠨ᠎ᠡ᠃     ᠬᠤᠶᠠᠷ᠂ ᠶᠠᠭᠤ ᠶᠢ ᠤᠢ ᠮᠣᠳᠣᠨ ᠤ ᠡᠷᠬᠡ ᠶᠢᠨ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠭᠡᠬᠦ ᠪᠤᠢ︖     ᠤᠢ ᠮᠣᠳᠣᠨ ᠤ ᠡᠷᠬᠡ ᠶᠢᠨ ᠲᠦᠷᠦᠯ ᠤᠨ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠪᠣᠯ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠰᠠᠯᠠᠭ᠎ᠠ ᠮᠥᠴᠢᠷ ᠡᠷᠬᠡᠲᠦ ᠬᠥᠮᠦᠨ ᠤ ᠭᠤᠶᠤᠴᠢᠯᠠᠯ ᠢ ᠦᠨᠳᠦᠰᠦᠯᠡᠨ᠂ ᠬᠤᠯᠪᠣᠭᠳᠠᠯ ᠪᠦᠬᠦᠢ ᠭᠤᠶᠤᠴᠢᠯᠠᠭᠴᠢ ᠶᠢᠨ ᠤᠢ ᠰᠢᠭᠤᠶ ᠶᠢᠨ ᠡᠬᠢ ᠪᠠᠶᠠᠯᠢᠭ ᠢ ᠨᠡᠭᠡᠭᠡᠨ ᠠᠰᠢᠭᠯᠠᠭᠰᠠᠨ ᠠᠴᠠ ᠪᠣᠯᠤᠭᠰᠠᠨ ᠪᠣᠳᠠᠰ ᠤᠨ ᠡᠷᠬᠡ ᠵᠢᠴᠢ ᠪᠣᠳᠠᠰ ᠤᠨ ᠡᠷᠬᠡ ᠶᠢᠨ ᠬᠤᠪᠢᠷᠠᠯᠲᠠ ᠶᠢᠨ ᠵᠦᠢᠯᠡᠰ ᠢ ᠤᠢ ᠮᠣᠳᠣᠨ ᠤ ᠡᠷᠬᠡ ᠶᠢᠨ ᠲᠠᠩᠰᠠᠯᠠᠯᠳᠠ ᠶᠢᠨ ᠳᠡᠪᠲᠡᠷ ᠲᠤ ᠲᠡᠮᠳᠡᠭᠯᠡᠭᠰᠡᠨ ᠪᠣᠳᠠᠲᠤ ᠬᠡᠷᠡᠭ ᠪᠣᠯᠤᠨ᠎ᠠ᠃     ᠭᠤᠷᠪᠠ᠂ ᠤᠢ ᠮᠣᠳᠣᠨ ᠤ ᠡᠷᠬᠡ ᠶᠢᠨ ᠲᠦᠷᠦᠯ ᠤᠨ ᠦᠯᠦ ᠬᠥᠳᠡᠯᠬᠦ ᠬᠦᠷᠦᠩᠭᠡ ᠶᠢ ᠳᠠᠩᠰᠠᠯᠠᠬᠤ ᠲᠤᠬᠠᠶᠢᠯᠠᠭᠰᠠᠨ ᠠᠵᠢᠯ ᠳᠤ ᠶᠠᠭᠤ ᠶᠠᠭᠤ ᠪᠠᠭᠲᠠᠬᠤ ᠪᠤᠢ︖     ᠤᠢ ᠮᠣᠳᠣᠨ ᠤ ᠡᠷᠬᠡ ᠶᠢᠨ ᠲᠦᠷᠦᠯ ᠤᠨ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠳᠤ ᠤᠢ ᠮᠣᠳᠣᠨ ᠤ ᠡᠷᠬᠡ ᠶᠢ ᠠᠩᠬ᠎ᠠ ᠤᠳᠠᠭ᠎ᠠ ᠳᠠᠩᠰᠠᠯᠠᠬᠤ᠂ ᠰᠢᠯᠵᠢᠭᠦᠯᠬᠦ ᠲᠠᠩᠰᠠᠯᠠᠯᠳᠠ᠂ ᠬᠤᠪᠢᠷᠠᠭᠤᠯᠬᠤ ᠲᠠᠩᠰᠠᠯᠠᠯᠳᠠ᠂ ᠬᠠᠰᠤᠬᠤ ᠲᠠᠩᠰᠠᠯᠠᠯᠳᠠ᠂ ᠠᠳᠠᠯᠢ ᠪᠤᠳᠤ ᠰᠠᠨᠠᠯ ᠤᠨ ᠲᠠᠩᠰᠠᠯᠠᠯᠳᠠ᠂ ᠤᠷᠢᠳᠴᠢᠯᠠᠨ ᠮᠡᠳᠡᠭᠳᠡᠬᠦ ᠲᠠᠩᠰᠠᠯᠠᠯᠳᠠ᠂ ᠪᠠᠶᠢᠴᠠᠭᠠᠨ ᠪᠢᠲᠡᠭᠦᠮᠵᠢᠯᠡᠬᠦ ᠲᠠᠩᠰᠠᠯᠠᠯᠳᠠ᠂ ᠵᠠᠯᠠᠷᠠᠭᠤᠯᠬᠤ ᠲᠠᠩᠰᠠᠯᠠᠯᠳᠠ ᠵᠡᠷᠭᠡ ᠪᠠᠭᠲᠠᠨ᠎ᠠ᠃     ᠲᠦᠷᠪᠡ᠂ ᠤᠢ ᠮᠣᠳᠣᠨ ᠤ ᠡᠷᠬᠡ ᠶᠢᠨ ᠲᠠᠩᠰᠠᠯᠠᠯᠳᠠ ᠶᠢᠨ ᠰᠢᠨᠵᠢ ᠴᠢᠨᠠᠷ ᠨᠢ  ᠶᠠᠭᠤ ᠪᠤᠢ︖     ᠰᠢᠭᠤᠶᠢᠲᠤ ᠭᠠᠵᠠᠷ ᠤᠨ ᠳᠠᠭᠠᠭᠠᠴᠢᠯᠠᠨ ᠡᠵᠡᠩᠨᠡᠬᠦ ᠡᠷᠬᠡ / ᠣᠢ ᠮᠣᠳᠣᠨ ᠤ ᠥᠮᠴᠢᠯᠡᠬᠦ ᠡᠷᠬᠡ᠂ ᠰᠢᠭᠤᠶᠢᠲᠤ ᠭᠠᠵᠠᠷ ᠤᠨ ᠬᠡᠷᠡᠭᠯᠡᠬᠦ ᠡᠷᠬᠡ / ᠣᠢ ᠮᠣᠳᠣᠨ ᠤ ᠥᠮᠴᠢᠯᠡᠬᠦ ᠡᠷᠬᠡ᠂ ᠰᠢᠭᠤᠶᠢᠲᠤ ᠭᠠᠵᠠᠷ ᠤᠨ ᠡᠵᠡᠩᠨᠡᠬᠦ ᠡᠷᠬᠡ / ᠣᠢ ᠮᠣᠳᠣᠨ ᠤ ᠥᠮᠴᠢᠯᠡᠬᠦ ᠡᠷᠬᠡ᠂ ᠰᠢᠭᠤᠶᠢᠲᠤ ᠭᠠᠵᠠᠷ ᠤᠨ ᠡᠵᠡᠩᠨᠡᠬᠦ ᠡᠷᠬᠡ / ᠣᠢ ᠮᠣᠳᠣᠨ ᠤ ᠬᠡᠷᠡᠭᠯᠡᠬᠦ ᠡᠷᠬᠡ᠃     ᠲᠠᠪᠤ᠂ ᠶᠠᠮᠠᠷ ᠬᠦᠮᠦᠰ ︵ᠨᠢᠭᠡᠴᠡ︶ ᠤᠢ ᠰᠢᠭᠤᠶ ᠶᠢᠨ ᠡᠬᠢ ᠪᠠᠶᠠᠯᠢᠭ ᠢ ᠬᠤᠳᠠᠯᠳᠤᠨ ᠠᠪᠴᠤ᠂ ᠲᠦᠷᠢᠶᠡᠰᠦᠯᠡᠵᠦ᠂ ᠳᠠᠭᠠᠭᠠᠴᠢᠯᠠᠵᠤ ᠪᠣᠯᠬᠤ ᠪᠤᠢ︖     ︽ᠤᠢ ᠰᠢᠭᠤᠶ ᠶᠢᠨ ᠦᠢᠯᠡᠰ ᠤᠨ ᠬᠥᠭᠵᠢᠯᠲᠡ ᠶᠢ ᠲᠦᠷᠭᠡᠳᠬᠡᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠳᠦᠷᠦ ᠶᠢᠨ ᠶᠠᠪᠤᠳᠠᠯ ᠤᠨ ᠬᠤᠷᠢᠶᠠᠨ ᠤ ᠲᠣᠭᠲᠠᠭᠠᠯ︾ ᠤᠨ ᠲᠥᠪ ᠲᠠᠷᠬᠠᠭᠠᠭᠰᠠᠨ ﹇2003﹈ 19 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠤᠯᠤᠰ ᠠᠴᠠ ᠡᠯ᠎ᠡ ᠵᠦᠢᠯ ᠤᠨ ᠨᠡᠶᠢᠭᠡᠮ ᠤᠨ ᠪᠡᠶᠡᠴᠢ ᠴᠣᠭᠴᠠ ᠶᠢᠨ ᠥᠮᠴᠢᠯᠡᠯ ᠤᠨ ᠳᠦᠷᠢᠮ ᠠᠯᠤᠰᠯᠠᠨ ᠠᠵᠢᠯ ᠳᠦᠷᠦᠯ ᠠᠯᠤᠰᠯᠠᠵᠤ᠂ ᠭᠠᠵᠠᠷ ᠣᠷᠣᠨ ᠠᠯᠤᠰᠯᠠᠨ ᠪᠡᠯᠡ ᠣᠷᠣᠭᠤᠯᠤᠨ ᠤᠢ ᠰᠢᠭᠤᠶ ᠶᠢᠨ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠤᠨ᠎ᠠ᠃ ᠴᠢᠳᠠᠪᠤᠷᠢ ᠲᠠᠢ ᠲᠠᠷᠢᠶᠠᠴᠢᠨ ᠡᠷᠦᠭᠡ᠂ ᠬᠤᠳᠠ ᠪᠠᠯᠭᠠᠰᠤᠨ ᠤ ᠰᠠᠭᠤᠭᠠᠯᠢ ᠠᠷᠠᠳ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠡᠠ᠂ ᠬᠤᠪᠢ ᠶᠢᠨ ᠡᠵᠡᠩᠨᠡᠭᠰᠡᠨ ᠠᠵᠤ ᠠᠬᠤᠶᠢᠯᠠᠯ ᠤᠨ ᠡᠵᠡᠨ᠂ ᠭᠠᠳᠠᠭᠠᠳᠤ ᠶᠢᠨ ᠪᠡᠯᠠ ᠣᠷᠣᠭᠤᠯᠤᠭᠴᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ ᠪᠠᠶᠢᠭᠤᠯᠭ᠎ᠠ ᠪᠦᠯᠬᠦᠮ ᠤᠨ ᠺᠠᠳ᠋ᠷ ᠠᠵᠢᠯᠳᠡᠠ ᠪᠦᠬᠦᠠ ᠴᠥᠮ ᠭᠠᠭᠴᠠᠭᠠᠷ ᠢᠶᠠᠨ ᠪᠤᠶᠤ ᠬᠤᠷᠰᠢᠵᠦ ᠪᠠᠶᠢᠭᠠᠳ ᠤᠢ ᠰᠢᠭᠤᠶ ᠶᠢᠨ ᠨᠡᠭᠡᠭᠡᠨ ᠬᠥᠭᠵᠢᠭᠦᠯᠦᠯᠲᠡ ᠳᠤ ᠣᠷᠣᠯᠴᠠᠵᠤ᠂ ᠤᠢ ᠰᠢᠭᠤᠶ ᠶᠢᠨ ᠪᠦᠳᠦᠭᠡᠠ ᠪᠠᠶᠢᠭᠤᠯᠤᠯᠲᠠ ᠬᠢᠵᠦ ᠪᠣᠯᠤᠨ᠎ᠠ᠃     ᠵᠢᠷᠭᠤᠭ᠎ᠠ᠂ ᠤᠢ ᠮᠤᠳᠤᠨ ᠤ ᠥᠮᠴᠢᠯᠡᠬᠦ ᠡᠷᠬᠡ ᠪᠤᠶᠤ ᠤᠢ ᠮᠤᠳᠤᠨ ᠤ ᠬᠡᠷᠡᠭᠯᠡᠬᠦ ᠡᠷᠬᠡ ᠶᠢᠨ ᠲᠠᠩᠰᠠᠯᠠᠯᠳᠠ ᠶᠢ ᠲᠤᠰᠠᠭᠠᠷ ᠢᠶᠠᠨ ᠭᠤᠶᠤᠴᠢᠯᠠᠵᠤ ᠪᠣᠯᠤᠨ᠎ᠠ ᠤᠤ︖     ᠬᠠᠷᠢᠭᠤᠯᠲᠠ᠄ ᠪᠣᠯᠬᠤ ᠦᠭᠡᠢ᠃ ᠤᠢ ᠮᠣᠳᠣᠨ ᠤ ᠡᠷᠬᠡ ᠶᠢᠨ ᠲᠠᠩᠰᠠᠯᠠᠯᠳᠠ ᠳᠤ ︽ᠤᠢ ᠰᠢᠭᠤᠶ᠂ ᠭᠠᠵᠠᠷ ᠰᠢᠷᠣᠶ ᠶᠢ ᠨᠢᠭᠡ ᠴᠤᠭᠴᠠᠵᠢᠭᠤᠯᠬᠤ︾ ᠲᠠᠩᠰᠠᠯᠠᠯᠳᠠ ᠶᠢᠨ ᠵᠠᠷᠴᠢᠮ ᠢ ᠵᠢᠷᠤᠮᠯᠠᠵᠦ᠂ ᠤᠢ ᠮᠣᠳᠣᠨ ᠤ ᠥᠮᠴᠢᠯᠡᠬᠦ ᠡᠷᠬᠡ ᠪᠤᠶᠤ ᠤᠢ ᠮᠣᠳᠣᠨ ᠤ ᠬᠡᠷᠡᠭᠯᠡᠬᠦ ᠡᠷᠬᠡ ᠶᠢᠨ ᠲᠠᠩᠰᠠᠯᠠᠯᠳᠠ ᠬᠢᠯᠭᠡᠬᠦ ᠪᠠᠷ ᠲᠤᠰᠠᠭᠠᠷ ᠭᠤᠶᠤᠴᠢᠯᠠᠭᠰᠠᠨ ᠪᠠᠶᠢᠪᠠᠯ᠂ ᠲᠠᠩᠰᠠᠯᠠᠯᠳᠠ ᠶᠢᠨ ᠪᠠᠶᠢᠭᠤᠯᠤᠮᠵᠢ ᠴᠥᠮ ᠬᠥᠯᠢᠶᠡᠨ ᠠᠪᠴᠤ ᠰᠢᠢᠳᠪᠤᠷᠢᠯᠡᠬᠦ ᠦᠭᠡᠢ᠃     ᠲᠤᠯᠤᠭ᠎ᠠ᠂ ᠤᠢ ᠮᠣᠳᠣᠨ ᠤ ᠡᠷᠬᠡ ᠶᠢᠨ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢ ᠬᠡᠷᠬᠢᠨ ᠬᠢᠬᠦ ᠪᠤᠢ︖     ᠭᠤᠶᠤᠴᠢᠯᠠᠭᠴᠢ ᠠᠴᠠ ᠣᠶ ᠮᠣᠳᠣᠨ ᠤ ᠡᠷᠬᠡ ᠶᠢᠨ ᠠᠩᠬᠠᠨ ᠤ ᠳᠡᠩᠰᠡᠯᠡᠯᠲᠡ᠂ ᠬᠤᠪᠢᠷᠠᠭᠤᠯᠬᠤ ᠳᠡᠩᠰᠡᠯᠡᠯᠲᠡ᠂ ᠣᠨᠳᠣᠤ ᠰᠠᠨᠠᠯ ᠵᠡᠷᠭᠡ ᠬᠠᠮᠢᠶ᠎ᠠ ᠪᠥᠬᠦᠶ ᠳᠡᠩᠰᠡᠯᠡᠯᠲᠡ ᠬᠢᠯᠭᠡᠬᠦ ᠪᠠᠷ ᠭᠤᠶᠤᠴᠢᠯᠠᠪᠠᠯ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠳᠤ ᠭᠤᠶᠤᠴᠢᠯᠠᠯ ᠭᠠᠷᠭᠠᠵᠤ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠶ ᠳᠡᠩᠰᠡᠯᠡᠯᠲᠡ ᠶᠢᠨ ᠶᠠᠪᠤᠴᠠ ᠶᠣᠰᠣᠭᠠᠷ᠂ ᠲᠣᠰᠬᠤᠨ᠂ ᠬᠤᠷᠰᠢᠶ᠎ᠠ ᠶᠢ ᠵᠣᠬᠢᠶᠠᠨ ᠪᠠᠶᠢᠭᠤᠯᠤᠨ ᠬᠤᠷᠠᠯ ᠬᠤᠷᠠᠯᠳᠤᠭᠤᠯᠬᠤ ᠶᠢᠨ ᠬᠠᠮᠲᠤ ᠣᠶᠢᠲᠤ ᠭᠠᠵᠠᠷ ᠢ ᠳᠠᠭᠠᠭᠠᠴᠢᠯᠠᠬᠤ᠂ ᠰᠢᠯᠵᠢᠭᠦᠯᠦᠨ ᠥᠭᠬᠦ ᠭᠡᠷ᠎ᠡ ᠲᠣᠭᠲᠠᠵᠤ᠂ ᠬᠥᠷᠰᠢ ᠵᠡᠷᠭᠡᠯᠡᠳᠡᠭᠡ ᠪᠠᠨ ᠵᠣᠬᠢᠶᠠᠨ ᠪᠠᠶᠢᠭᠤᠯᠤᠨ ᠭᠠᠷ ᠤᠨ ᠥᠰᠥᠭ ᠵᠢᠷᠤᠭᠤᠯᠵᠤ ᠨᠤᠲᠠᠯᠠᠭᠤᠯᠤᠨ᠎ᠠ᠃ ᠳᠠᠩᠰᠠᠯᠠᠭᠰᠠᠨ ᠠᠭᠤᠯᠭ᠎ᠠ ᠶᠢ ᠵᠠᠷᠯᠠᠨ ᠨᠡᠶᠢᠲᠡᠯᠡᠵᠦ᠂ ᠵᠠᠷᠯᠠᠭᠰᠠᠨ ᠵᠦᠢᠯ ᠳᠤ ᠰᠠᠨᠠᠯ ᠥᠬᠡᠶ ᠪᠣᠯ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ ᠂ ᠬᠤᠰᠢᠭᠤᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠲᠤ ᠬᠤᠯᠪᠣᠭᠳᠠᠯ ᠪᠥᠬᠦᠶ ᠣᠶ ᠮᠣᠳᠣᠨ ᠤ ᠡᠷᠬᠡ ᠶᠢᠨ ᠳᠡᠩᠰᠡᠯᠡᠯᠲᠡ ᠬᠢᠯᠭᠡᠬᠦ ᠪᠠᠷ ᠭᠤᠶᠤᠴᠢᠯᠠᠨ᠎ᠠ᠃ ᠬᠤᠰᠢᠭᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠭᠥᠯᠢᠶᠡᠨ ᠠᠪᠤᠭᠰᠠᠨ ᠤ ᠳᠠᠷᠠᠭ᠎ᠠ᠂ ᠭᠤᠶᠤᠴᠢᠯᠠᠬᠤ᠂ ᠭᠥᠯᠢᠶᠡᠨ ᠠᠪᠬᠤ᠂ ᠬᠢᠨᠠᠨ ᠬᠠᠷᠭᠤᠭᠤᠯᠬᠤ᠂ ᠦᠨᠡᠮᠯᠡᠯ ᠣᠯᠭᠤᠬᠤ ᠠᠯᠬᠤᠮ ᠳᠠᠷᠠᠭ᠎ᠠ ᠪᠠᠷ ᠨᠥᠬᠦᠴᠡᠯ ᠳᠤ ᠨᠡᠶᠢᠴᠡᠭᠰᠡᠳ ᠲᠤ ᠬᠠᠮᠢᠶ᠎ᠠ ᠪᠥᠬᠦᠶ ᠦᠨᠡᠮᠯᠡᠯ ᠣᠯᠭᠤᠨ᠎ᠠ᠃ ︽ᠤᠢ ᠮᠣᠳᠣᠨ ᠤ ᠥᠮᠴᠢᠯᠡᠬᠦ ᠡᠷᠬᠡ ᠶᠢᠨ ᠦᠨᠡᠮᠯᠡᠯ︾ ᠪᠤᠶᠤ ︽ᠥᠯᠥ ᠬᠥᠳᠡᠯᠬᠦ ᠬᠥᠷᠥᠩᠭᠡ ᠶᠢᠨ ᠥᠮᠴᠢᠯᠡᠬᠦ ᠡᠷᠬᠡ ᠶᠢᠨ ᠦᠨᠡᠮᠯᠡᠯ︾ ᠢᠶᠠᠷ ᠪᠠᠷᠢᠴᠠᠭᠠᠯᠠᠬᠤ ᠲᠠᠩᠰᠠᠯᠠᠯᠳᠠ ᠬᠢᠬᠦ ᢭ ᠲᠤ ᠬᠤᠯᠪᠣᠭᠳᠠᠪᠠᠯ᠂ ᠥᠯᠥ ᠬᠥᠳᠡᠯᠬᠦ ᠬᠥᠷᠥᠩᠭᠡ ᠶᠢᠨ ᠲᠠᠩᠰᠠᠯᠠᠯᠳᠠ ᠶᠢᠨ ᠲᠥᠪ ᠲᠤ ᠬᠦᠷᠴᠦ ᠬᠤᠯᠪᠣᠭᠳᠠᠯ ᠪᠥᠬᠦᠢ ᠲᠠᠩᠰᠠᠯᠠᠯᠳᠠ ᠶᠢᠨ ᠭᠠᠷᠳᠠᠮ ᠭᠦᠢᠴᠡᠳᠬᠡᠬᠦ ᠪᠠᠷ ᠰᠢᠭᠤᠳ ᠭᠤᠶᠤᠴᠢᠯᠠᠨ᠎ᠠ᠃     ᠨᠠᠢᠮᠠ᠂ ᠡᠷᠬᠡᠲᠦ ᠬᠥᠮᠦᠨ ᠤᠢ ᠮᠣᠳᠣᠨ ᠤ ᠡᠷᠬᠡ ᠶᠢᠨ ᠦᠯᠦ ᠬᠥᠳᠡᠯᠬᠦ ᠬᠦᠷᠦᠩᠭᠡ ᠶᠢ ᠳᠠᠩᠰᠠᠯᠠᠭᠤᠯᠬᠤ ᠪᠠᠷ ᠭᠤᠶᠤᠴᠢᠯᠠᠬᠤ ᠳᠤ ᠪᠣᠳᠠᠲᠠᠶ ᠶᠠᠮᠠᠷ ᠶᠠᠮᠠᠷ ᠶᠠᠪᠤᠴᠠ ᠪᠠᠶᠢᠬᠤ ᠪᠤᠢ︖     ᠮᠠᠨ ᠤ ᠬᠤᠰᠢᠭᠤᠨ ᠤ ᠣᠶ ᠮᠣᠳᠣᠨ ᠤ ᠡᠷᠬᠡ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠪᠣᠳᠠᠲᠠᠶ ᠶᠠᠪᠤᠴᠠ ᠪᠣᠯ᠄ ᠭᠤᠶᠤᠴᠢᠯᠠᠭᠴᠢ ᠨᠢ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠳᠤ ᠭᠤᠶᠤᠴᠢᠯᠠᠯ ᠭᠠᠷᠭᠠᠨ᠎ᠠ — ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠩᠬ᠎ᠠ ᠠᠯᠬᠤᠮ ᠭᠥᠯᠢᠶᠡᠨ ᠠᠪᠴᠤ  ᠰᠢᠢᠳᠪᠤᠷᠢᠯᠡᠨ᠎ᠡ — ᠭᠠᠴᠠᠭᠠᠨ ᠤ ᠠᠷᠠᠳ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠤᠨ᠎ᠠ — ᠬᠤᠰᠢᠭᠤᠨ ᠤ ᠣᠶ ᠰᠢᠭᠤᠶ ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠭᠠᠳᠠᠨᠠᠬᠢ ᠠᠵᠢᠯ ᠦᠢᠯᠡᠰ ᠤᠨ ᠡᠷᠬᠡ ᠶᠢᠨ ᠬᠠᠷᠢᠶ᠎ᠠ ᠶᠢ ᠪᠠᠶᠢᠴᠠᠭᠠᠬᠤ ᠪᠠ ᠬᠡᠮᠵᠢᠨ ᠵᠢᠷᠤᠬᠤ — ᠵᠣᠬᠢᠶᠠᠨ ᠪᠠᠶᠢᠭᠤᠯᠵᠤ ᠵᠠᠷᠯᠠᠨ ᠨᠡᠶᠢᠲᠡᠯᠡᠨ᠎ᠡ — ᠣᠶᠢᠲᠤ ᠭᠠᠵᠠᠷ ᠤᠨ ᠳᠠᠭᠠᠭᠠᠴᠢᠯᠠᠯᠲᠠ ᠶᠢᠨ ᠭᠡᠷ᠎ᠡ ᠲᠣᠭᠲᠠᠬᠤ ᠶᠢ ᠵᠣᠬᠢᠶᠠᠨ ᠪᠠᠶᠢᠭᠤᠯᠤᠨ᠎ᠠ — ᠠᠩᠬ᠎ᠠ ᠠᠯᠬᠤᠮ ᠬᠢᠨᠠᠨ ᠬᠠᠷᠭᠤᠭᠤᠯᠬᠤ — ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠳᠠᠬᠢᠨ ᠬᠢᠨᠠᠬᠤ — ᠡᠷᠬᠡᠲᠦ ᠬᠥᠮᠦᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠲᠤ ᠤᠴᠢᠵᠦ ᠭᠤᠶᠤᠴᠢᠯᠠᠨ᠎ᠠ — ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠠᠴᠠ ᠬᠠᠮᠢᠶ᠎ᠠ ᠪᠥᠬᠦᠶ ᠶᠠᠪᠤᠴᠠ ᠶᠢᠨ ᠶᠣᠰᠣᠭᠠᠷ ᠦᠨᠡᠮᠯᠡᠯ ᠣᠯᠭᠤᠨ᠎ᠠ᠃     ᠶᠢᠰᠦ᠂ ᠡᠷᠬᠡᠲᠦ ᠬᠥᠮᠦᠨ ᠨᠢᠭᠡᠨᠲᠡ ᠤᠢ ᠮᠣᠳᠣᠨ ᠤ ᠡᠷᠬᠡ ᠶᠢᠨ ᠦᠨᠡᠮᠯᠡᠯ ᠣᠯᠤᠭᠰᠠᠨ ᠪᠠᠶᠢᠪᠠᠯ᠂ ᠵᠠᠪᠠᠯ ᠦᠯᠦ ᠬᠥᠳᠡᠯᠬᠦ ᠬᠦᠷᠦᠩᠭᠡ ᠶᠢᠨ ᠡᠷᠬᠡ ᠶᠢᠨ ᠦᠨᠡᠮᠯᠡᠯ ᠪᠣᠯᠭᠠᠨ ᠰᠣᠯᠢᠬᠤ ᠴᠢᠬᠤᠯᠠᠳᠠᠢ ᠤᠤ︖     ︽ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠦᠷ ᠬᠡᠷᠡᠭᠵᠢᠭᠦᠯᠬᠦ ᠲᠦᠷᠢᠮ︾ ᠤᠨ 33 ᠳ᠋ᠤᠭᠠᠷ  ᠵᠤᠷᠪᠤᠰ ᠤᠨ ᠲᠣᠭᠲᠠᠭᠠᠯ ᠢ ᠦᠨᠳᠦᠰᠦᠯᠡᠪᠡᠯ᠂ ᠲᠣᠰ ᠲᠦᠷᠢᠮ ᠢ ᠬᠡᠷᠡᠭᠵᠢᠭᠦᠯᠬᠦ ᠠᠴᠠ ᠡᠮᠦᠨ᠎ᠡ ᠬᠠᠤᠯᠢ ᠶᠣᠰᠣᠭᠠᠷ ᠣᠯᠭᠤᠭᠰᠠᠨ ᠡᠯ᠎ᠡ ᠲᠥᠷᠥᠯ ᠤᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠬᠠᠷᠢᠶᠠᠯᠠᠯ ᠤᠨ ᠦᠨᠡᠮᠯᠡᠯ ᠪᠠ ᠦᠶ᠋ᠯᠡᠳᠦᠭᠰᠡᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠳᠡᠪᠲᠡᠷ ᠦᠷᠭᠦᠯᠵᠢᠯᠡᠨ ᠬᠦᠴᠦᠨ ᠲᠠᠢ᠃ ᠭᠠᠭᠴᠠ ᠬᠦ ᠦᠯᠦ ᠬᠥᠳᠡᠯᠬᠦ ᠬᠦᠷᠦᠩᠭᠡ ᠶᠢᠨ ᠡᠷᠬᠡ ᠳᠤ ᠬᠤᠪᠢᠷᠠᠯᠲᠠ ᠭᠠᠷᠬᠤ᠂ ᠰᠢᠯᠵᠢᠬᠦ᠂ ᠵᠠᠯᠠᠷᠠᠭᠤᠯᠬᠤ ᠵᠢᠴᠢ ᠭᠤᠶᠤᠴᠢᠯᠠᠭᠴᠢ ᠠᠴᠠ ᠨᠥᠬᠦᠪᠥᠷᠢᠯᠡᠨ ᠦᠨᠡᠮᠯᠡᠯ ᠠᠪᠬᠤ ᠪᠠᠷ ᠭᠤᠶᠤᠴᠢᠯᠠᠬᠤ ᠦᠶ᠎ᠡ ᠳᠤ᠂ ᠡᠷᠬᠡᠲᠦ ᠬᠥᠮᠦᠨ ᠰᠠᠶ᠋ᠢ ᠦᠯᠦ ᠬᠥᠳᠡᠯᠬᠦ ᠬᠦᠷᠦᠩᠭᠡ ᠶᠢᠨ ᠡᠷᠬᠡ ᠶᠢᠨ ᠦᠨᠡᠮᠯᠡᠯ ᠢ ᠰᠤᠯᠢᠬᠤ ᠴᠢᠬᠤᠯᠠᠳᠠᠢ᠃    ᠠᠷᠪᠠ᠂ ᠤᠢ ᠮᠣᠳᠣᠨ ᠤ ᠡᠷᠬᠡ ᠶᠢᠨ ᠦᠯᠦ ᠬᠥᠳᠡᠯᠬᠦ ᠬᠦᠷᠦᠩᠭᠡ ᠶᠢ ᠳᠠᠩᠰᠠᠯᠠᠭᠤᠯᠬᠤ ᠳᠤ ᠶᠠᠮᠠᠷ ᠶᠠᠮᠠᠷ ᠵᠠᠷᠤᠳᠠᠯ ᠬᠡᠷᠡᠭᠰᠡᠬᠦ ᠪᠤᠢ︖     ︽ᠬᠡᠰᠡᠭ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠯᠲᠠ ᠶᠢ ᠬᠠᠰᠤᠵᠤ ᠭᠡᠯᠳᠦᠷᠢᠭᠦᠯᠬᠦ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠶᠢᠨ ᠲᠤᠬᠠᠶ ᠡᠳ᠋ ᠤᠨ ᠵᠠᠰᠠᠭ ᠤᠨ ᠶᠠᠮᠤᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ᠡᠳ᠋ ᠤᠨ ᠵᠠᠰᠠᠭ ᠭᠠᠶᠢᠯᠢ ︹ 2019 ︺45 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠣᠶ ᠰᠢᠭᠤᠶ᠂ ᠣᠶ ᠮᠣᠳᠣᠨ ᠤ ᠥᠮᠴᠢᠯᠡᠬᠦ ᠡᠷᠬᠡ ᠵᠢᠴᠢ ᠡᠵᠡᠯᠡᠨ ᠬᠡᠷᠡᠭᠯᠡᠭᠰᠡᠨ ᠣᠶᠢᠲᠤ ᠭᠠᠵᠠᠷ ᠤᠨ ᠳᠠᠭᠠᠭᠠᠴᠢᠯᠠᠨ ᠡᠵᠡᠩᠨᠡᠬᠦ ᠡᠷᠬᠡ ᠪᠤᠶᠤ ᠣᠶᠢᠲᠤ ᠭᠠᠵᠠᠷ ᠤᠨ ᠬᠡᠷᠡᠭᠯᠡᠬᠦ ᠡᠷᠬᠡ ᠵᠢᠴᠢ ᠬᠠᠮᠢᠶ᠎ᠠ ᠪᠥᠬᠦᠶ ᠪᠠᠷᠢᠴᠠᠭᠠᠯᠠᠬᠤ ᠡᠷᠬᠡ᠂ ᠭᠠᠵᠠᠷ ᠠᠰᠢᠭᠯᠠᠬᠤ ᠡᠷᠬᠡ ᠶᠢᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠳᠡᠩᠰᠡᠯᠡᠯᠲᠡ ᠶᠢ ᠬᠢᠯᠭᠡᠬᠦ ᠪᠠᠷ ᠭᠤᠶᠤᠴᠢᠯᠠᠬᠤ ᠳᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠰᠦᠢᠳᠬᠡᠯ ᠬᠤᠷᠢᠶᠠᠬᠤ ᠥᠬᠡᠶ᠃                                      ᠳᠠᠯᠠᠳ ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ                                           2021ᠤᠨ ᠤ10 ᠰᠠᠷ᠎ᠠ ᠶᠢᠨ26 ᠤ ᠡᠳᠦᠷ 
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ