︽2021 ᠣᠨ ᠤ ᠳᠠᠯᠠᠳ ᠬᠤᠰᠢᠭᠤᠨ ᠤ ᠲᠠᠷᠢᠶᠠᠨ ᠭᠠᠵᠠᠷ ᠤᠨ ᠰᠢᠮ᠎ᠡ ᠬᠦᠴᠦ ᠶᠢ ᠬᠠᠮᠠᠭᠠᠯᠠᠬᠤ ᠨᠥᠬᠦᠪᠥᠷᠢ ᠶᠢᠨ ᠲᠥᠷᠥᠯ ᠵᠦᠢᠯ  ᠢ ᠬᠡᠷᠡᠭᠵᠢᠭᠦᠯᠬᠦ ᠲᠥᠰᠦᠯ ᠤᠨ ᠲᠤᠬᠠᠶ ᠮᠡᠳᠡᠭᠳᠡᠯ︾ ᠤᠨ ᠳᠤᠪᠴᠢ ᠲᠠᠶᠢᠯᠤᠮᠵᠢ
ᠨᠡᠶᠢᠲᠡᠯᠡᠭᠰᠡᠨ ᠴᠠᠭ᠄
2021/12/24
   2021 ᠣᠨ ᠤ ᠲᠠᠯᠠᠳ ᠬᠤᠰᠢᠭᠤᠨ ᠤ ᠲᠠᠷᠢᠶᠠᠨ ᠭᠠᠵᠠᠷ ᠤᠨ ᠰᠢᠮ᠎ᠡ ᠬᠦᠴᠦ ᠶᠢ ᠬᠠᠮᠠᠭᠠᠯᠠᠬᠤ ᠨᠥᠬᠦᠪᠥᠷᠢ ᠶᠢᠨ ᠲᠥᠷᠥᠯ ᠵᠦᠢᠯ  ᠢ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ〔2021〕47 ᠳ᠋ᠤᠭᠠᠷ ᠲᠣᠭᠠᠲᠤ ︵ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ᠡᠳᠦᠭᠡ ᠬᠤᠯᠪᠣᠭᠳᠠᠯ ᠪᠥᠬᠦᠶ ᠠᠭᠤᠯᠭ᠎ᠠ ᠶᠢᠨ ᠲᠤᠬᠠᠶ ᠳᠣᠤᠷᠠᠬᠢ ᠮᠡᠲᠦ ᠲᠠᠶᠢᠯᠤᠮᠵᠢ ᠬᠢᠶ᠎ᠡ᠄    ᠨᠢᠭᠡ᠂  ᠨᠡᠶᠢᠲᠡᠯᠡᠭᠰᠡᠨ ᠠᠬᠤᠶ ᠪᠠᠶᠢᠳᠠᠯ    ᠰᠢ ᠶᠢᠨ ᠫᠢᠩ ᠶᠡᠷᠦᠩᠬᠡᠶ ᠱᠦᠵᠢ ᠶᠢᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠬᠡᠷᠡᠭᠯᠡᠬᠦ ᠠᠷᠠᠴᠢᠯᠠᠬᠤ ᠶᠢ ᠤᠶᠠᠯᠳᠤᠭᠤᠯᠬᠤ᠂ ᠬᠠᠮᠠᠭᠠᠯᠠᠵᠦ ᠠᠰᠢᠭᠯᠠᠬᠤ᠂ ᠭᠤᠣᠯᠳᠠᠯᠭ᠎ᠠ ᠶᠢ ᠳᠣᠪᠤᠶᠢᠯᠭᠠᠬᠤ᠂ ᠤᠯᠠᠨ ᠵᠦᠢᠯ ᠤᠨ ᠠᠷᠭ᠎ᠠ ᠶᠢ ᠶᠡᠷᠦᠩᠬᠡᠶᠢᠯᠡᠨ ᠬᠡᠷᠡᠭᠯᠡᠬᠦ᠂ ᠵᠠᠰᠠᠭ ᠤᠨ ᠣᠷᠳᠣᠨ ᠬᠥᠲᠥᠯᠥᠨ ᠵᠢᠯᠣᠭᠤᠳᠴᠤ᠂ ᠨᠡᠶᠢᠭᠡᠮ ᠳᠠᠶᠠᠭᠠᠷ ᠣᠷᠣᠯᠴᠠᠬᠤ ᠵᠠᠷᠴᠢᠮ ᠶᠤᠰᠤᠭᠠᠷ᠂ ᠲᠠᠷᠢᠶᠠᠯᠠᠩ ᠤᠨ ︽ᠭᠤᠷᠪᠠᠨ  ᠳᠦᠷᠦᠯ ᠤᠨ ᠨᠥᠬᠦᠪᠥᠷᠢ︾ ᠶᠢ ᠤᠷᠮᠠᠰᠢᠭᠤᠯᠬᠤ ᠴᠢᠨᠠᠷᠲᠠᠶ ᠨᠥᠬᠦᠪᠥᠷᠢ ᠠᠴᠠ ᠴᠢᠳᠠᠮᠵᠢ ᠶᠢᠨ ᠴᠢᠨᠠᠷᠲᠠᠶ ᠨᠥᠬᠦᠪᠥᠷᠢ  ᠳᠡᠶᠢᠰᠢ ᠬᠤᠪᠢᠷᠠᠭᠤᠯᠵᠤ᠂ ᠪᠦᠷᠬᠦᠴᠡ ᠶᠢᠨ ᠴᠢᠨᠠᠷᠲᠠᠶ ᠨᠥᠬᠦᠪᠥᠷᠢ ᠠᠴᠠ ᠭᠤᠭᠴᠤᠭᠠᠳᠤ ᠴᠢᠨᠠᠷᠲᠠᠶ ᠨᠥᠬᠦᠪᠥᠷᠢ   ᠳᠡᠶᠢᠰᠢ ᠬᠤᠪᠢᠷᠠᠭᠤᠯᠵᠤ᠂ ᠨᠥᠬᠦᠪᠥᠷᠢ ᠦᠭᠬᠦ ᠲᠥᠷᠥ ᠶᠢᠨ ᠪᠣᠳᠣᠯᠭ᠎ᠠ ᠶᠢᠨ ᠵᠢᠯᠤᠭᠤᠳᠬᠤ ᠴᠢᠨᠠᠷ᠂ ᠤᠨᠤᠪᠴᠢᠳᠠᠢ ᠴᠢᠨᠠᠷ ᠪᠠ ᠪᠣᠳᠠᠲᠤ ᠦᠷ᠎ᠡ ᠪᠦᠳᠦᠮᠵᠢᠳᠡᠢ ᠴᠢᠨᠠᠷ ᠢ ᠳᠡᠭᠡᠭᠰᠢᠯᠡᠭᠦᠯᠵᠦ᠂ ᠡᠬᠢ ᠪᠠᠶᠠᠯᠢᠭ ᠤᠨ ᠳᠠᠪᠠᠭᠤᠯᠢᠭ ᠲᠠᠭᠠᠨ ᠰᠠᠭᠤᠷᠢᠯᠠᠨ᠂ ᠲᠥᠷᠥ ᠶᠢᠨ ᠪᠣᠳᠣᠯᠭ᠎ᠠ  ᠪᠠᠷ ᠳᠡᠮᠵᠢᠬᠦ ᠪᠠ ᠰᠢᠨᠵᠢᠯᠡᠬᠦ ᠤᠬᠠᠭᠠᠨ ᠮᠡᠷᠭᠡᠵᠢᠯ ᠪᠠᠷ ᠲᠤᠯᠭᠠᠭᠤᠷᠢᠯᠠᠯ ᠪᠤᠯᠭᠠᠬᠤ ᠶᠢ ᠴᠢᠩᠭᠠᠳᠬᠠᠵᠤ᠂ ᠲᠠᠷᠢᠶᠠᠴᠢᠳ ᠢ ᠬᠥᠲᠥᠯᠦᠨ ᠵᠢᠯᠣᠭᠤᠳᠴᠤ ᠲᠠᠷᠢᠶᠠᠨ ᠭᠠᠵᠠᠷ ᠤᠨ ᠰᠢᠮ᠎ᠡ ᠬᠦᠴᠦ ᠶᠢ ᠬᠠᠮᠠᠭᠠᠯᠠᠬᠤ ᠠᠷᠭ᠎ᠠ ᠬᠡᠮᠵᠢᠶ᠎ᠡ ᠠᠪᠴᠦ᠂ ᠲᠠᠷᠢᠶᠠᠯᠠᠩ ᠤᠨ ᠠᠮᠢ ᠠᠬᠤᠶ ᠶᠢᠨ ᠡᠬᠢ ᠪᠠᠶᠠᠯᠢᠭ ᠤᠨ ᠬᠠᠮᠠᠭᠠᠯᠠᠯᠲᠠ ᠶᠢ ᠦᠨᠡᠨ ᠬᠦ ᠴᠢᠩᠭᠠᠳᠬᠠᠵᠦ᠂ ᠲᠠᠷᠢᠶᠠᠨ ᠭᠠᠵᠠᠷ ᠤᠨ ᠰᠢᠮ᠎ᠡ ᠬᠦᠴᠦ ᠶᠢ ᠲᠠᠰᠤᠷᠠᠯᠲᠠ ᠥᠬᠡᠶ ᠰᠠᠶᠢᠵᠢᠷᠠᠭᠤᠯᠤᠨ᠂ ᠠᠮᠤ ᠪᠤᠳᠠᠭᠠᠨ ᠤ ᠦᠢᠯᠡᠳᠪᠤᠷᠢᠯᠡᠯ ᠤᠨ ᠰᠠᠭᠤᠷᠢ ᠶᠢ ᠪᠠᠳᠤᠳᠬᠠᠵᠦ᠂ ᠮᠠᠨ ᠤ ᠬᠤᠰᠢᠭᠤᠨ ᠤ ᠣᠲᠣ ᠦᠶ᠎ᠡ ᠶᠢᠨ ᠲᠠᠷᠢᠶᠠᠯᠠᠩ ᠤᠨ ᠪᠣᠬᠢᠷᠲᠤᠯ ᠥᠬᠡᠶ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃     ᠬᠤᠶᠠᠷ᠂  ᠦᠨᠳᠦᠰᠦᠨ ᠵᠠᠷᠴᠢᠮ   ︵ᠨᠢᠭᠡ︶ ᠲᠠᠷᠢᠶᠠᠨ ᠭᠠᠵᠠᠷ ᠤᠨ ᠰᠢᠮ᠎ᠡ ᠬᠦᠴᠦ ᠶᠢ ᠬᠠᠮᠠᠭᠠᠯᠠᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠲᠣᠭᠲᠠᠪᠤᠷᠢᠲᠤ ᠴᠢᠨᠠᠷ ᠪᠠ ᠦᠷᠭᠦᠯᠵᠢᠯᠡᠬᠦ ᠴᠢᠨᠠᠷ ᠢ ᠪᠠᠲᠤᠯᠠᠭᠰᠠᠨ ᠰᠠᠭᠤᠷᠢᠨ ᠳᠡᠭᠡᠷ᠎ᠡ᠂ ᠨᠥᠬᠦᠪᠥᠷᠢ ᠶᠢᠨ ᠪᠦᠲᠦᠴᠡ ᠶᠢ ᠰᠢᠯᠢᠳᠡᠭᠵᠢᠭᠦᠯᠦᠨ᠂ ᠲᠥᠷᠥ ᠶᠢᠨ ᠪᠣᠳᠣᠯᠭ᠎ᠠ ᠶᠢᠨ ᠦᠢᠯᠡᠳᠦᠯ ᠢ ᠳᠣᠪᠤᠶᠢᠯᠭᠠᠵᠤ᠂ ᠮᠠᠯᠴᠢᠨ ᠲᠠᠷᠢᠶᠠᠴᠢᠳ ᠤᠨ ᠲᠠᠷᠢᠶᠠᠨ ᠭᠠᠵᠠᠷ ᠢ ᠬᠠᠮᠠᠭᠠᠯᠠᠬᠤ ᠢᠳᠡᠪᠬᠢᠵᠢᠯ ᠢ ᠳᠠᠶᠢᠴᠢᠯᠠᠨ᠎ᠠ᠃   ︵ᠬᠤᠶᠠᠷ︶ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠠ ᠡᠳ᠋ ᠤᠨ ᠵᠠᠰᠠᠭ ᠤᠨ ᠲᠣᠪᠴᠢᠶ᠎ᠠ ᠨᠢ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢᠨ ᠲᠥᠰᠦᠯ ᠢ ᠲᠣᠭᠲᠠᠭᠠᠬᠤ ᠶᠢ ᠬᠠᠷᠢᠭᠤᠴᠠᠵᠤ᠂ ᠬᠤᠰᠢᠭᠤᠨ ᠤ ᠵᠠᠰᠠᠭ ᠤᠨ ᠣᠷᠳᠣᠨ ᠳᠤ ᠮᠡᠳᠡᠭᠦᠯᠦᠨ ᠬᠢᠨᠠᠨ ᠳᠤᠭᠳᠠᠭᠠᠭᠰᠠᠨ ᠤ ᠳᠠᠷᠠᠭ᠎ᠠ ᠡᠯ᠎ᠡ ᠰᠤᠮᠤ ᠪᠠᠯᠭᠠᠰᠤᠨ ᠳᠤ ᠪᠠᠭᠤᠯᠭᠠᠵᠤ ᠬᠡᠷᠡᠭᠵᠢᠭᠦᠯᠦᠨ᠎ᠡ︔ ᠲᠠᠷᠢᠶᠠᠯᠠᠩ ᠮᠠᠯ ᠠᠵᠤ ᠠᠬᠤᠶ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢᠨ ᠵᠢᠯᠣᠭᠤᠳᠣᠯᠭ᠎ᠠ᠂ ᠠᠵᠢᠯ ᠤᠨ ᠠᠮᠵᠢᠯᠲᠠ ᠪᠦᠲᠦᠮᠵᠢ ᠶᠢᠨ ᠦᠨᠡᠯᠡᠯᠲᠡ ᠪᠠ ᠬᠢᠨᠠᠯᠳᠠ ᠪᠠᠶᠢᠴᠠᠭᠠᠯᠲᠠ ᠪᠠᠨ ᠴᠢᠩᠭᠠᠳᠬᠠᠬᠤ ᠬᠡᠷᠡᠭᠲᠡᠶ᠃ ᠡᠯ᠎ᠡ ᠰᠤᠮᠤ ᠪᠠᠯᠭᠠᠰᠤ ᠶᠢᠨ ᠵᠠᠰᠠᠭ ᠤᠨ ᠣᠷᠳᠣᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠨᠥᠬᠦᠪᠥᠷᠢ ᠶᠢᠨ ᠲᠠᠯᠠᠪᠠᠶ ᠂ ᠨᠢᠭᠡᠳᠦᠯᠲᠡᠶ ᠨᠥᠬᠦᠪᠥᠷᠢ ᠶᠢᠨ ᠪᠠᠷᠢᠮᠵᠢᠶ᠎ᠠ ᠶᠣᠰᠣᠭᠠᠷ ᠲᠠᠷᠢᠶᠠᠨ ᠭᠠᠵᠠᠷ ᠤᠨ ᠰᠢᠮ᠎ᠡ ᠬᠦᠴᠦ ᠶᠢ ᠬᠠᠮᠠᠭᠠᠯᠠᠬᠤ ᠨᠥᠬᠦᠪᠥᠷᠢ ᠶᠢᠨ ᠪᠡᠯᠡ ᠮᠦᠩᠭᠦ ᠶᠢ ᠡᠷᠦᠬᠡ ᠳᠤ ᠴᠠᠭ ᠳᠤᠬᠠᠢ ᠳᠤᠬᠠᠢ ᠳᠤ ᠨᠢ ᠳᠠᠷᠬᠠᠭᠠᠨ᠎ᠠ᠃    ︵ᠭᠤᠷᠪᠠ︶ ᠡᠯ᠎ᠡ ᠰᠤᠮᠤ ᠪᠠᠯᠭᠠᠰᠤ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠠᠤᠯᠢ ᠴᠠᠭᠠᠵᠠ ᠳᠦᠷᠢᠮ ᠲᠣᠭᠲᠠᠭᠠᠯ ᠶᠣᠰᠣᠭᠠᠷ ᠠᠵᠢᠯ ᠢᠶᠠᠨ ᠥᠷᠨᠢᠭᠦᠯᠵᠦ᠂ ᠲᠠᠷᠢᠶᠠᠨ ᠭᠠᠵᠠᠷ ᠤᠨ ᠰᠢᠮ᠎ᠡ ᠬᠦᠴᠦ ᠶᠢ ᠬᠠᠮᠠᠭᠠᠯᠠᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠳᠦᠷᠢᠮᠵᠢᠭᠦᠯᠵᠦ᠂ ᠨᠥᠬᠦᠪᠥᠷᠢ ᠶᠢᠨ ᠪᠠᠯᠠ ᠮᠥᠩᠭᠦ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠦ᠂ ᠨᠦᠬᠦᠪᠤᠷᠢ ᠶᠢᠨ ᠪᠡᠯᠡ ᠮᠦᠩᠭᠦᠨ ᠤ ᠠᠵᠢᠯ ᠤᠨ ᠤᠷᠤᠭᠰᠢᠲᠠᠶ ᠶᠠᠪᠤᠭᠳᠠᠬᠤ ᠶᠢ ᠪᠠᠲᠤᠯᠠᠨ᠎ᠠ᠃    ᠭᠤᠷᠪᠠ᠂  ᠭᠤᠤᠯ ᠠᠭᠤᠯᠭ᠎ᠠ   ᠨᠥᠬᠦᠪᠥᠷᠢ ᠶᠢᠨ ᠠᠭᠤᠯᠭ᠎ᠠ    ︵ᠨᠢᠭᠡ︶ ᠨᠦᠬᠦᠪᠦᠷᠢᠯᠡᠬᠦ ᠡᠲᠡᠭᠡᠳ᠃ ᠵᠠᠷᠴᠢᠮ ᠳᠡᠭᠡᠷ᠎ᠡ ᠪᠠᠨ ᠲᠠᠷᠢᠶᠠᠨ ᠭᠠᠵᠠᠷ ᠢ ᠳᠠᠭᠠᠭᠠᠴᠢᠯᠠᠬᠤ ᠡᠷᠬᠡ ᠲᠠᠢ  ᠲᠠᠷᠢᠶᠠᠴᠢᠨ ︵ᠲᠠᠷᠢᠶᠠᠯᠠᠩ ᠤᠨ ᠲᠠᠯᠠᠪᠠᠶ ᠶᠢᠨ ᠠᠵᠢᠯᠴᠢᠨ︶ ᠳᠤ ᠨᠦᠬᠦᠪᠤᠷᠢ ᠤᠯᠭᠤᠨ᠎ᠠ᠃ ᠣᠶᠢᠲᠤ ᠭᠠᠵᠠᠷ ᠪᠠ ᠨᠢᠭᠡᠨᠲᠡ ᠮᠠᠯ ᠠᠵᠤ ᠠᠬᠤᠶ ᠶᠢᠨ ᠲᠡᠵᠢᠭᠡᠨ ᠦᠷᠡᠵᠢᠭᠦᠯᠬᠦ ᠲᠠᠯᠠᠪᠠᠶ ᠪᠣᠯᠭᠠᠨ ᠬᠡᠷᠡᠭᠯᠡᠭᠰᠡᠨ ᠲᠠᠷᠢᠶᠠᠨ ᠭᠠᠵᠠᠷ᠂ ᠨᠠᠶᠢᠯᠠᠵᠦ ᠦᠷᠭᠦᠯᠵᠢᠯᠡᠭᠰᠡᠨ ᠲᠠᠷᠢᠶᠠᠨ ᠭᠠᠵᠠᠷ ᠢ ᠠᠮᠤ ᠪᠤᠳᠠᠭᠠᠨ ᠤ ᠳᠦᠭᠦᠭᠡᠷᠦᠮᠵᠢᠳᠦ ᠲᠠᠷᠢᠶᠠᠯᠠᠩ ᠳᠤ ᠬᠡᠷᠡᠭᠯᠡᠬᠦ ᠭᠠᠵᠠᠷ ︵ᠳᠠᠭᠠᠯᠲᠠ ᠪᠠ ᠢᠵᠢ ᠪᠥᠷᠢᠳᠦᠭᠰᠡᠨ ᠳᠦᠬᠦᠭᠡᠷᠦᠮᠵᠢᠳᠦ ᠬᠡᠷᠡᠭᠯᠡᠬᠦ ᠭᠠᠵᠠᠷ ᠪᠠᠭᠲᠠᠨ᠎ᠠ︶ ᠪᠣᠯᠭᠠᠨ ᠬᠤᠪᠢᠷᠠᠭᠤᠯᠤᠭᠰᠠᠨ ᠲᠠᠷᠢᠶᠠᠨ ᠭᠠᠵᠠᠷ︔ ᠲᠠᠷᠢᠶᠠᠯᠠᠩ ᠤᠨ ᠪᠤᠰᠤ ᠬᠡᠷᠡᠭᠯᠡᠭᠡᠨ ᠳᠤ ᠲᠠᠲᠠᠪᠤᠷᠢᠯᠠᠭᠰᠠᠨ  ᠲᠠᠷᠢᠶᠠᠨ ᠭᠠᠵᠠᠷ ᠵᠡᠷᠭᠡ ᠨᠢᠭᠡᠨᠳᠡ ᠬᠡᠷᠡᠭᠴᠡᠭᠡ ᠶᠢ ᠨᠢ ᠬᠤᠪᠢᠷᠠᠭᠤᠯᠤᠭᠰᠠᠨ ᠲᠠᠷᠢᠶᠠᠨ ᠭᠠᠵᠠᠷ︔ ᠤᠯᠠᠨ ᠵᠢᠯ ᠠᠳᠠᠷᠰᠢᠨ ᠬᠠᠶᠠᠭᠳᠠᠭᠰᠠᠨ ᠭᠠᠵᠠᠷ︔ ᠲᠠᠷᠢᠶᠠᠨ ᠭᠠᠵᠠᠷ ᠢ ᠡᠵᠡᠯᠡᠬᠦ ᠪᠠ ᠲᠠᠷᠢᠶᠠᠨ ᠭᠠᠵᠠᠷ ᠢ ᠨᠦᠬᠦᠪᠦᠷᠢᠯᠡᠬᠦ ᠶᠢ ᠳᠡᠩᠴᠡᠬᠦᠯᠬᠦ ᠳᠤᠮᠳᠠᠬᠢ《ᠨᠦᠬᠦᠪᠦᠷᠢᠯᠡᠭᠰᠡᠨ》ᠲᠠᠯᠠᠪᠠᠢ ᠪᠠ ᠶᠠᠰᠤ ᠴᠢᠨᠠᠷ ᠨᠢ ᠲᠠᠷᠢᠶᠠᠯᠠᠬᠤ ᠨᠦᠬᠦᠴᠡᠯ ᠳᠤ ᠬᠦᠷᠬᠦ ᠦᠭᠡᠢ ᠲᠠᠷᠢᠶᠠᠨ ᠭᠠᠵᠠᠷ︔ ᠨᠢᠭᠡᠨᠲᠡ 2021 ᠣᠨ ᠤ ᠲᠠᠷᠢᠶᠠᠯᠠᠬᠤ ᠪᠠᠨ ᠵᠣᠭᠰᠣᠭᠠᠬᠤ ᠬᠡᠪᠴᠢᠶᠡᠨ ᠳᠤᠳᠤᠷᠡᠬᠢ ᠲᠠᠷᠢᠶᠠᠨ ᠭᠠᠵᠠᠷ ᠲᠤ ᠨᠥᠬᠦᠪᠥᠷᠢ ᠥᠭᠬᠦ ᠦᠭᠡᠢ᠃ ᠨᠥᠬᠦᠪᠥᠷᠢ ᠬᠦᠷᠳᠡᠭᠰᠡᠨ ᠲᠠᠷᠢᠶᠠᠴᠢᠨ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠡᠭᠦᠷᠭᠡᠯᠡᠵᠦ᠂ ᠲᠠᠷᠢᠶᠠᠨ ᠭᠠᠵᠠᠷ ᠢ ᠠᠲᠠᠷᠰᠢᠭᠤᠯᠬᠤ ᠦᠭᠡᠢ᠂ ᠬᠡᠷᠡᠭᠴᠡᠭᠡ ᠶᠢ ᠬᠤᠪᠢᠷᠠᠭᠤᠯᠬᠤ ᠦᠭᠡᠢ᠂ ᠭᠠᠵᠠᠷ ᠤᠨ ᠬᠦᠴᠦ ᠰᠢᠮ᠎ᠡ ᠶᠢ ᠪᠠᠭᠤᠷᠠᠭᠤᠯᠬᠤ ᠦᠭᠡᠢ ᠪᠠᠶᠢᠬᠤ ᠶᠢ ᠪᠠᠳᠤᠯᠠᠨ᠎ᠠ᠃    ︵ᠬᠤᠶᠠᠷ︶ ᠨᠦᠬᠦᠪᠤᠷᠢᠯᠡᠬᠦ ᠠᠷᠭ᠎ᠠ ᠬᠡᠯᠪᠡᠷᠢ᠃ ᠲᠠᠷᠢᠶᠠᠨ ᠭᠠᠵᠠᠷ ᠤᠨ ᠬᠦᠴᠦ ᠰᠢᠮ᠎ᠡ ᠶᠢ ᠬᠠᠮᠠᠭᠠᠯᠠᠬᠤ ᠨᠥᠬᠦᠪᠥᠷᠢ ᠶᠢᠨ ᠪᠠᠯᠠ ᠮᠥᠩᠭᠦ ᠶᠢ ︽ᠪᠦᠷᠢᠨ ᠴᠢᠳᠠᠮᠵᠢᠳᠤ ᠺᠠᠷᠲ︾  ᠪᠠᠷ ᠲᠠᠷᠬᠠᠭᠠᠵᠤ᠂ ᠮᠠᠯᠴᠢᠨ ᠲᠠᠷᠢᠶᠠᠴᠢᠳ ᠢ   ᠵᠤᠷᠢᠭᠵᠢᠭᠤᠯᠤᠨ ᠣᠷᠭᠠᠨᠢᠭ ᠪᠣᠷᠲᠣᠭᠤᠷ ᠨᠡᠮᠡᠵᠦ ᠣᠷᠣᠭᠤᠯᠬᠤ᠂ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ᠂  ᠲᠠᠷᠢᠶᠠᠨ ᠭᠠᠵᠠᠷ ᠢ ᠭᠦᠨ ᠬᠠᠭᠠᠯᠪᠤᠷᠢᠯᠠᠨ ᠳᠡᠭᠰᠢᠯᠡᠬᠦ᠂ ᠨᠣᠭᠤᠭᠠᠨ ᠪᠣᠷᠲᠣᠭᠤᠷ ᠳᠠᠷᠢᠵᠤ ᠲᠠᠷᠢᠶᠠᠨ ᠭᠠᠵᠠᠷ ᠲᠤ ᠪᠤᠴᠠᠭᠠᠬᠤ ᠵᠡᠷᠭᠡ ᠲᠠᠷᠢᠶᠠᠨ ᠭᠠᠵᠠᠷ ᠤᠨ ᠬᠦᠴᠦ ᠰᠢᠮ᠎ᠡ ᠶᠢ ᠬᠠᠮᠠᠭᠠᠯᠠᠬᠤ ᠮᠡᠷᠭᠡᠵᠢᠯ ᠤᠨ ᠠᠷᠭ᠎ᠠ ᠬᠡᠮᠵᠢᠶ᠎ᠡ ᠶᠢ ᠥᠷᠨᠢᠭᠦᠯᠦᠨ᠂ ᠲᠠᠷᠢᠶᠠᠨ ᠭᠠᠵᠠᠷ ᠤᠨ ᠶᠠᠰᠤ ᠴᠢᠨᠠᠷ ᠢ ᠬᠠᠮᠠᠭᠠᠯᠠᠬᠤ ᠪᠠ ᠳᠡᠭᠡᠭᠰᠢᠯᠡᠭᠦᠯᠬᠦ ᠶᠢ ᠴᠢᠩᠭᠠᠳᠬᠠᠵᠤ᠂ ᠣᠲᠣ ᠦᠶ᠎ᠡ ᠶᠢᠨ ᠲᠠᠷᠢᠶᠠᠯᠠᠩ ᠤᠨ ᠪᠣᠬᠢᠷᠲᠤᠯ ᠥᠬᠡᠶ ᠬᠥᠭᠵᠢᠯᠲᠡ ᠶᠢ ᠠᠬᠢᠭᠤᠯᠤᠨ᠎ᠠ᠃     ︵ᠭᠤᠷᠪᠠ︶ ᠨᠥᠬᠦᠪᠥᠷᠢ ᠶᠢᠨ ᠦᠨᠳᠦᠰᠦ ᠪᠠᠷᠢᠮᠲᠠ᠃ ᠵᠠᠷᠴᠢᠮ ᠳᠡᠭᠡᠷ᠎ᠡ ᠪᠠᠨ ᠡᠷᠬᠡ ᠶᠢ ᠨᠤᠲᠠᠯᠠᠨ ᠳᠡᠩᠰᠡᠯᠡᠵᠦ ᠦᠨᠡᠮᠯᠡᠯ ᠤᠯᠭᠤᠭᠰᠠᠨ ᠡᠷᠦᠬᠡ ᠶᠢᠨ ᠲᠠᠷᠢᠶᠠᠨ ᠭᠠᠵᠠᠷ ᠤᠨ ᠲᠠᠯᠠᠪᠠᠶ ᠪᠣᠯᠤᠨ᠎ᠠ᠂ ᠲᠦᠷ ᠦᠨᠡᠮᠯᠡᠯ ᠭᠠᠷᠳᠠᠭ᠎ᠠ ᠦᠭᠡᠢ ᠡᠷᠦᠬᠡ ᠨᠢ ᠬᠤᠶᠠᠳᠤᠭᠠᠷ ᠡᠭᠡᠯᠵᠢ ᠶᠢᠨ ᠳᠠᠭᠠᠭᠠᠴᠢᠯᠠᠭᠰᠠᠨ ᠲᠠᠷᠢᠶᠠᠨ ᠭᠠᠵᠠᠷ ᠤᠨ ᠲᠠᠯᠠᠪᠠᠶ ᠪᠤᠶᠤ ᠤᠤᠯ ᠤᠨ ᠭᠠᠶᠢᠯᠢ ᠪᠤᠳᠤᠵᠤ ᠪᠠᠶᠢᠭᠰᠠᠨ ᠲᠠᠷᠢᠶᠠᠨ ᠭᠠᠵᠠᠷ ᠤᠨ ᠲᠠᠯᠠᠪᠠᠶ ᠪᠠᠶᠢᠵᠤ ᠪᠣᠯᠤᠨ᠎ᠠ︔ ᠤᠯᠤᠰ ᠤᠨ ᠥᠮᠴᠢᠯᠡᠯ ᠤᠨ ᠲᠠᠷᠢᠶᠠᠯᠠᠩ ᠤᠨ ᠲᠠᠯᠠᠪᠠᠢ ᠪᠠ ᠲᠣᠰᠬᠤᠨ ᠤ ᠬᠠᠮᠲᠤ ᠶᠢᠨ ᠲᠠᠷᠢᠶᠠᠨ ᠭᠠᠵᠠᠷ ᠨᠢ ᠡᠷᠬᠡ ᠶᠢ ᠨᠤᠲᠠᠯᠠᠨ ᠲᠣᠭᠲᠠᠭᠠᠭᠰᠠᠨ ᠲᠠᠯᠠᠪᠠᠢ ᠪᠤᠶᠤ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠨᠤᠲᠠᠯᠠᠨ ᠲᠣᠭᠲᠠᠭᠠᠭᠰᠠᠨ ᠲᠠᠯᠠᠪᠠᠢ ᠪᠠᠷ ᠬᠢᠨᠠᠨ ᠲᠣᠭᠲᠠᠭᠠᠵᠤ᠂ ᠪᠣᠳᠠᠲᠠᠶ ᠠᠷᠭ᠎ᠠ ᠬᠡᠮᠵᠢᠶ᠎ᠡ ᠶᠢ ᠪᠠᠯᠭᠠᠰᠤᠨ ᠤ ᠵᠠᠰᠠᠭ ᠤᠨ ᠣᠷᠳᠣᠨ ᠠᠴᠠ ᠥᠪᠡᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠣᠭᠲᠠᠭᠠᠨ᠎ᠠ᠃    ︵ᠲᠥᠷᠪᠡ︶ ᠨᠥᠬᠦᠪᠥᠷᠢ ᠶᠢᠨ ᠪᠠᠷᠢᠮᠵᠢᠶ᠎ᠠ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠶ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠳᠡᠭᠡᠳᠦ ᠱᠠᠲᠤᠨ ᠤ ᠪᠠᠭᠤᠯᠭᠠᠭᠰᠠᠨ ᠨᠥᠬᠦᠪᠥᠷᠢ ᠶᠢᠨ ᠪᠠᠯᠠ ᠮᠥᠩᠭᠦ ᠶᠢᠨ ᠶᠡᠷᠦᠩᠬᠡᠶ ᠲᠤᠭ᠎ᠠ ᠪᠠ ᠲᠣᠭᠲᠠᠭᠠᠭᠰᠠᠨ ᠨᠥᠬᠦᠪᠥᠷᠢ ᠶᠢᠨ ᠲᠠᠯᠠᠪᠠᠶ ᠵᠡᠷᠭᠡ ᠶᠢ ᠦᠨᠳᠦᠰᠦᠯᠡᠨ ᠶᠡᠷᠦᠩᠬᠡᠶᠢᠯᠡᠨ ᠲᠥᠰᠦᠭᠡᠯᠡᠨ ᠪᠤᠳᠤᠵᠤ ᠲᠣᠭᠲᠠᠭᠠᠨ᠎ᠠ᠃ ᠡᠯ᠎ᠡ ᠰᠤᠮᠤ ᠪᠠᠯᠭᠠᠰᠤ ᠠᠳᠠᠯᠢ ᠨᠢᠭᠡ ᠵᠢᠯ ᠳᠤ ᠨᠢᠭᠡᠳᠦᠯᠲᠡᠶ ᠬᠤᠪᠢᠶᠠᠷᠢᠯᠠᠯᠲᠠ ᠶᠢᠨ ᠦᠨᠳᠦᠰᠦᠯᠡᠯ ᠪᠠ ᠨᠥᠬᠦᠪᠥᠷᠢ ᠶᠢᠨ ᠪᠠᠷᠢᠮᠵᠢᠶ᠎ᠠ ᠶᠢ ᠬᠡᠷᠡᠭᠵᠢᠭᠦᠯᠬᠦ ᠬᠡᠷᠡᠭᠲᠡᠶ᠃     ︵ᠲᠠᠪᠤ︶ ᠪᠡᠯᠡ ᠮᠦᠩᠭᠦᠨ ᠤ ᠬᠤᠪᠢᠶᠠᠷᠢᠯᠠᠯᠲᠠ᠃ ᠲᠥᠪ ᠤᠨ ᠡᠳ᠋ ᠤᠨ ᠵᠠᠰᠠᠭ ᠤᠨ ᠪᠠᠭᠤᠯᠭᠠᠭᠰᠠᠨ ᠲᠠᠷᠢᠶᠠᠨ ᠭᠠᠵᠠᠷ ᠤᠨ ᠰᠢᠮ᠎ᠡ ᠬᠦᠴᠦ ᠶᠢ ᠬᠠᠮᠠᠭᠠᠯᠠᠬᠤ ᠨᠥᠬᠦᠪᠥᠷᠢ ᠮᠥᠩᠭᠦ ᠶᠢ ᠬᠦᠴᠦᠨ ᠵᠦᠢᠯ ᠤᠨ ᠠᠷᠭ᠎ᠠ ᠪᠠᠷ ᠬᠤᠪᠢᠶᠠᠷᠢᠯᠠᠵᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠢ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠠᠢ ᠬᠠᠮᠲᠤᠷᠠᠨ ᠪᠥᠬᠦ ᠬᠤᠰᠢᠭᠤᠨ ᠤ ᠲᠠᠷᠢᠶᠠᠨ ᠭᠠᠵᠠᠷ ᠤᠨ ᠨᠥᠬᠦᠪᠥᠷᠢ ᠶᠢᠨ ᠪᠠᠯᠠ ᠮᠦᠩᠭᠦᠨ ᠤ ᠶᠡᠷᠦᠩᠬᠡᠶ ᠲᠤᠭ᠎ᠠ ᠪᠠ ᠡᠯ᠎ᠡ ᠰᠤᠮᠤ ᠪᠠᠯᠭᠠᠰᠤ ᠶᠢᠨ ᠲᠣᠰ ᠵᠢᠯ ᠤᠨ ᠨᠦᠬᠦᠪᠦᠷᠢᠯᠡᠬᠦ ᠲᠠᠷᠢᠶᠠᠨ ᠭᠠᠵᠠᠷ ᠤᠨ ᠲᠠᠯᠠᠪᠠᠶ ᠶᠢ ᠦᠨᠳᠦᠰᠦᠯᠡᠨ᠂ ᠡᠯ᠎ᠡ ᠰᠤᠮᠤ ᠪᠠᠯᠭᠠᠰᠤ ᠶᠢᠨ ᠬᠡᠷᠡᠭᠰᠡᠬᠦ ᠨᠥᠬᠦᠪᠥᠷᠢ ᠶᠢᠨ ᠪᠠᠯᠠ ᠮᠥᠩᠭᠦ ᠶᠢᠨ ᠲᠤᠭ᠎ᠠ ᠶᠢ ᠬᠤᠪᠢᠶᠠᠷᠢᠯᠠᠨ᠎ᠠ᠃     ᠨᠥᠬᠦᠪᠥᠷᠢ ᠶᠢᠨ ᠠᠯᠬᠤᠮ ᠳᠠᠷᠠᠭ᠎ᠠ   ︵ᠨᠢᠭᠡ︶ ᠨᠦᠬᠦᠪᠤᠷᠢᠯᠡᠬᠦ ᠲᠠᠯᠠᠪᠠᠶ ᠶᠢ ᠬᠢᠨᠠᠨ ᠬᠠᠷᠭᠤᠭᠤᠯᠬᠤ᠃ ︽ᠲᠣᠰᠬᠤᠨ ᠤ ᠲᠠᠰ ᠤᠨ ᠳᠡᠩᠰᠡᠯᠡᠯᠲᠡ᠂ ᠬᠤᠶᠠᠷ ᠱᠠᠳᠤᠨ ᠤ ᠵᠠᠷᠯᠠᠯ ᠢ ᠵᠠᠷᠯᠠᠨ ᠨᠡᠶᠢᠳᠡᠯᠡᠬᠦ᠂ ᠰᠤᠮᠤ ᠪᠠᠯᠭᠠᠰᠤ ᠠᠴᠠ ᠨᠤᠲᠠᠯᠠᠨ ᠵᠥᠪᠰᠢᠶᠡᠷᠡᠬᠦ᠂ ᠬᠤᠰᠢᠭᠤᠨ ᠤ ᠱᠠᠲᠤᠨ ᠠᠴᠠ ᠰᠤᠭᠤᠴᠢᠨ ᠪᠠᠶᠢᠴᠠᠭᠠᠬᠤ︾  ᠠᠯᠬᠤᠮ ᠳᠠᠷᠠᠭ᠎ᠠ ᠶᠣᠰᠣᠭᠠᠷ᠂ ᠲᠠᠷᠢᠶᠠᠨ ᠭᠠᠵᠠᠷ ᠤᠨ ᠲᠠᠯᠠᠪᠠᠶ ᠳᠤ ᠨᠦᠬᠦᠪᠤᠷᠢ ᠬᠢᠬᠦ ᠶᠢ ᠬᠠᠷᠭᠤᠭᠤᠯᠦᠨ᠎ᠠ᠃     1. ᠳᠤᠰᠬᠤᠨ ᠤ ᠳᠡᠰ ᠤᠨ ᠳᠠᠩᠰᠠᠯᠠᠯᠲᠠ ᠪᠠ ᠬᠤᠶᠠᠷ ᠱᠠᠳᠤᠨ ᠤ ᠵᠠᠷᠯᠠᠯ ᠢ ᠵᠠᠷᠯᠠᠨ ᠨᠡᠶᠢᠲᠡᠯᠡᠬᠦ᠃ ᠭᠠᠴᠠᠭ᠎ᠠ ︵ᠲᠣᠰᠬᠤᠨ︶ ᠨᠦᠬᠦᠪᠤᠷᠢᠯᠡᠬᠦ ᠲᠠᠯᠠᠪᠠᠢ ᠶᠢᠨ ᠵᠠᠭᠠᠭ ᠢ ᠲᠣᠭᠲᠠᠭᠠᠬᠤ ᠱᠠᠭᠠᠷᠳᠠᠯᠭ᠎ᠠ ᠶᠣᠰᠣᠭᠠᠷ᠂ ᠲᠠᠷᠢᠶᠠᠴᠢᠨ ᠡᠷᠦᠬᠡ ᠶᠢᠨ ᠲᠠᠷᠢᠶᠠᠨ ᠭᠠᠵᠠᠷ ᠤᠨ ᠬᠦᠴᠦ ᠰᠢᠮ᠎ᠡ ᠶᠢ ᠬᠠᠮᠠᠭᠠᠯᠠᠬᠤ ᠨᠥᠬᠦᠪᠥᠷᠢ ᠶᠢᠨ ᠲᠠᠷᠢᠶᠠᠨ ᠭᠠᠵᠠᠷ ᠤᠨ ᠲᠠᠯᠠᠪᠠᠶ ᠶᠢ ᠡᠷᠦᠬᠡ ᠳᠠᠷᠠᠭᠠᠯᠠᠨ ᠳᠡᠩᠰᠡᠯᠡᠵᠦ᠂ ᠲᠠᠷᠢᠶᠠᠴᠢᠨ ᠡᠷᠦᠬᠡ ᠪᠠᠷ ᠭᠠᠷ ᠤᠨ ᠥᠰᠥᠭ ᠵᠢᠷᠤᠭᠤᠯᠤᠨ ᠨᠤᠳᠠᠯᠠᠭᠤᠯᠵᠦ᠂ ᠵᠠᠷᠯᠠᠨ ᠨᠡᠶᠢᠲᠡᠯᠡᠬᠦ ᠵᠡᠷᠭᠡ ᠲᠠᠰ ᠳᠠᠷᠠᠭᠠᠯᠠᠯ ᠢ ᠬᠡᠷᠡᠭᠵᠢᠭᠦᠯᠦᠭᠰᠡᠨ ᠤ ᠳᠠᠷᠠᠭ᠎ᠠ᠂ ᠭᠠᠴᠠᠭ᠎ᠠ ᠲᠣᠰᠬᠤᠨ ᠨᠢ ᠡᠷᠦᠬᠡ ᠳᠤ ᠳᠠᠩᠰᠠᠯᠠᠭᠤᠯᠤᠭᠰᠠᠨ ᠲᠠᠷᠢᠶᠠᠨ ᠭᠠᠵᠠᠷ ᠤᠨ ᠲᠠᠯᠠᠪᠠᠶ ᠶᠢ ᠡᠮᠬᠢᠯᠡᠵᠦ ᠰᠤᠮᠤ ᠪᠠᠯᠭᠠᠰᠤ ᠶᠢᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃ ᠨᠢᠭᠡᠨᠲᠡ ᠮᠠᠯ ᠠᠵᠤ ᠠᠬᠤᠶ ᠲᠡᠵᠢᠭᠡᠨ ᠠᠷᠠᠴᠢᠯᠠᠬᠤ ᠲᠠᠯᠠᠪᠠᠶ ᠪᠣᠯᠭᠠᠨ ᠬᠡᠷᠡᠭᠯᠡᠭᠰᠡᠨ ᠲᠠᠷᠢᠶᠠᠨ ᠭᠠᠵᠠᠷ᠂ ᠣᠶᠢᠲᠤ ᠭᠠᠵᠠᠷ᠂ ᠨᠠᠶᠢᠯᠠᠵᠦ ᠦᠷᠭᠦᠯᠵᠢᠯᠡᠭᠰᠡᠨ ᠲᠠᠷᠢᠶᠠᠨ ᠭᠠᠵᠠᠷ ᠢ ᠠᠮᠤ ᠪᠤᠳᠠᠭᠠᠨ ᠤ ᠳᠦᠭᠦᠭᠡᠷᠦᠮᠵᠢᠳᠦ ᠲᠠᠷᠢᠶᠠᠯᠠᠩ ᠳᠤ ᠬᠡᠷᠡᠭᠯᠡᠬᠦ ᠭᠠᠵᠠᠷ ︵ᠳᠠᠭᠠᠯᠲᠠ ᠪᠠ ᠢᠵᠢ ᠪᠥᠷᠢᠳᠦᠭᠰᠡᠨ ᠲᠦᠬᠦᠭᠡᠷᠦᠮᠵᠢ ᠳᠤ ᠬᠡᠷᠡᠭᠯᠡᠬᠦ ᠭᠠᠵᠠᠷ ᠪᠠᠭᠲᠠᠨ᠎ᠠ︶ ᠪᠣᠯᠭᠠᠨ ᠬᠤᠪᠢᠷᠠᠭᠤᠯᠤᠭᠰᠠᠨ ᠲᠠᠷᠢᠶᠠᠨ ᠭᠠᠵᠠᠷ᠂ ᠲᠠᠷᠢᠶᠠᠯᠠᠩ ᠤᠨ ᠪᠤᠰᠤ ᠬᠡᠷᠡᠭᠯᠡᠭᠡᠨ ᠳᠤ ᠲᠠᠲᠠᠪᠤᠷᠢᠯᠠᠭᠰᠠᠨ ᠲᠠᠷᠢᠶᠠᠨ ᠭᠠᠵᠠᠷ ᠵᠡᠷᠭᠡ ᠨᠢᠭᠡᠨᠳᠡ ᠬᠡᠷᠡᠭᠴᠡᠭᠡ ᠶᠢ ᠨᠢ ᠬᠤᠪᠢᠷᠠᠭᠤᠯᠤᠭᠰᠠᠨ ᠲᠠᠷᠢᠶᠠᠨ ᠭᠠᠵᠠᠷ᠂ ᠤᠯᠠᠨ ᠵᠢᠯ ᠠᠳᠠᠷᠰᠢᠨ ᠬᠠᠶᠠᠭᠳᠠᠭᠰᠠᠨ ᠭᠠᠵᠠᠷ᠂ ᠲᠠᠷᠢᠶᠠᠨ ᠭᠠᠵᠠᠷ ᠢ ᠡᠵᠡᠯᠡᠬᠦ ᠪᠠ ᠲᠠᠷᠢᠶᠠᠨ ᠭᠠᠵᠠᠷ ᠢ ᠨᠦᠬᠦᠪᠦᠷᠢᠯᠡᠬᠦ ᠶᠢ ᠳᠡᠩᠴᠡᠬᠦᠯᠬᠦ ᠳᠤᠮᠳᠠᠬᠢ《ᠨᠦᠬᠦᠪᠦᠷᠢᠯᠡᠭᠰᠡᠨ》ᠲᠠᠯᠠᠪᠠᠢ ᠪᠠ ᠶᠠᠰᠤ ᠴᠢᠨᠠᠷ ᠨᠢ ᠲᠠᠷᠢᠶᠠᠯᠠᠬᠤ ᠨᠦᠬᠦᠴᠡᠯ ᠳᠤ ᠬᠦᠷᠬᠦ ᠦᠭᠡᠢ ᠲᠠᠷᠢᠶᠠᠨ ᠭᠠᠵᠠᠷ᠂ ᠨᠢᠭᠡᠨᠲᠡ 2021 ᠣᠨ ᠤ ᠲᠠᠷᠢᠶᠠᠯᠠᠬᠤ ᠶᠢ ᠵᠣᠭᠰᠣᠭᠠᠬᠤ ᠬᠡᠪᠴᠢᠶᠡᠨ ᠳᠤ ᠣᠷᠣᠭᠤᠯᠤᠭᠰᠠᠨ ᠲᠠᠷᠢᠶᠠᠨ ᠭᠠᠵᠠᠷ ᠵᠡᠷᠭᠡ ᠶᠢ ᠳᠠᠩᠰᠠᠯᠠᠬᠤ ᠳᠤ ᠬᠢᠨᠠᠨ ᠬᠠᠰᠤᠨ᠎ᠠ᠃     2. ᠰᠤᠮᠤ ᠪᠠᠯᠭᠠᠰᠤ ᠠᠴᠠ ᠨᠤᠲᠠᠯᠠᠬᠤ᠃ ᠰᠤᠮᠤ ᠪᠠᠯᠭᠠᠰᠤᠨ ᠤ ᠵᠠᠰᠠᠭ ᠤᠨ ᠣᠷᠳᠣᠨ ᠠᠴᠠ ᠭᠠᠴᠠᠭ᠎ᠠ ᠲᠣᠰᠬᠤᠨ ᠤ ᠳᠡᠭᠡᠭᠰᠢ ᠮᠡᠳᠡᠭᠦᠯᠦᠭᠰᠡᠨ ᠲᠠᠷᠢᠶᠠᠴᠢᠨ ᠡᠷᠦᠬᠡ ᠪᠠ ᠲᠠᠷᠢᠶᠠᠨ ᠭᠠᠵᠠᠷ ᠤᠨ ᠪᠠᠶᠢᠳᠠᠯ ᠢ ᠨᠢᠭᠡᠳ ᠨᠢᠭᠡ ᠪᠠᠷ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠤᠭᠠᠳ ᠠᠯᠳᠠᠭ᠎ᠠ ᠥᠬᠡᠶ ᠪᠣᠯ ᠠᠯᠪᠠᠨ ᠪᠢᠴᠢᠭ ᠮᠠᠲ᠋ᠧᠷᠢᠶᠠᠯ ᠢᠶᠠᠷ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠠ ᠡᠳ᠋ ᠤᠨ ᠵᠠᠰᠠᠭ ᠤᠨ ᠲᠣᠪᠴᠢᠶ᠎ᠠ ᠳᠤ ᠮᠡᠳᠡᠭᠦᠯᠦᠨ᠎ᠡ᠃     3. ᠬᠤᠰᠢᠭᠤ ᠱᠠᠲᠤᠨ ᠠᠴᠠ ᠰᠤᠭᠤᠴᠢᠨ ᠪᠠᠶᠢᠴᠠᠭᠠᠬᠤ᠃ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠠ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ᠂ ᠲᠤᠭ᠎ᠠ ᠪᠦᠷᠢᠳᠬᠡᠯ ᠵᠡᠷᠭᠡ ᠰᠠᠯᠠᠭ᠎ᠠ ᠮᠥᠴᠢᠷ ᠢ ᠤᠷᠢᠵᠤ ᠬᠠᠮᠢᠶ᠎ᠠ ᠪᠥᠬᠦᠶ ᠨᠥᠬᠦᠪᠥᠷᠢ ᠶᠢᠨ ᠲᠤᠭ᠎ᠠ ᠪᠠᠷᠢᠮᠲᠠ ᠶᠢ ᠰᠤᠭᠤᠴᠢᠨ ᠪᠠᠶᠢᠴᠠᠭᠠᠬᠤ ᠳᠤ ᠣᠷᠣᠯᠴᠠᠭᠤᠯᠵᠤ᠂ ᠬᠡᠷᠪᠡ ᠠᠰᠠᠭᠤᠳᠠᠯ ᠭᠠᠷᠪᠠᠯ ᠴᠠᠭ ᠲᠤᠬᠠᠶ ᠳᠤᠨᠢ ᠰᠤᠮᠤ ᠪᠠᠯᠭᠠᠰᠤᠨ ᠳᠤ ᠮᠡᠳᠡᠭᠳᠡᠵᠦ ᠲᠣᠭᠲᠠᠭᠰᠠᠨ ᠬᠤᠭᠤᠴᠠᠭᠠᠨ ᠳᠤ ᠴᠡᠭᠴᠡᠯᠡᠨ ᠰᠠᠶᠢᠵᠢᠷᠠᠭᠤᠯᠵᠤ᠂  ᠳᠠᠬᠢᠨ ᠬᠢᠨᠠᠨ ᠬᠠᠷᠭᠤᠭᠤᠯᠵᠤ᠂ ᠵᠠᠷᠯᠠᠨ ᠨᠡᠶᠢᠲᠡᠯᠡᠨ᠎ᠡ᠃    ︵ᠬᠤᠶᠠᠷ︶ ᠨᠥᠬᠦᠪᠥᠷᠢ ᠶᠢᠨ ᠪᠠᠯᠠ ᠮᠥᠩᠭᠦ ᠶᠢ ᠳᠠᠷᠬᠠᠭᠠᠬᠤ᠃ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠲᠠᠢ ᠬᠠᠮᠳᠤ ᠡᠯ᠎ᠡ ᠰᠤᠮᠤ ᠰᠢᠶᠠᠩ ᠪᠠᠯᠭᠠᠰᠤᠨ ᠤ ᠮᠡᠳᠡᠭᠦᠯᠦᠭᠰᠡᠨ ᠨᠥᠬᠦᠪᠥᠷᠢ ᠶᠢᠨ ᠲᠠᠯᠠᠪᠠᠶ ᠶᠢ ᠦᠨᠳᠦᠰᠦᠯᠡᠨ᠂ ᠨᠥᠬᠦᠪᠥᠷᠢ ᠶᠢᠨ ᠪᠠᠷᠢᠮᠵᠢᠶ᠎ᠠ ᠶᠢ ᠬᠠᠷᠭᠤᠭᠤᠯᠤᠨ ᠪᠤᠳᠤᠵᠦ᠂  ᠨᠦᠬᠦᠪᠤᠷᠢ ᠶᠢᠨ ᠪᠡᠯᠡ ᠮᠦᠩᠭᠦ ᠶᠢ ᠬᠤᠪᠢᠶᠠᠷᠢᠯᠠᠬᠤ ᠶᠢᠨ ᠬᠠᠮᠲᠤ ᠨᠥᠬᠦᠪᠥᠷᠢ ᠶᠢᠨ ᠪᠠᠯᠠ ᠮᠥᠩᠭᠦ ᠶᠢ ᠡᠯ᠎ᠡ ᠰᠤᠮᠤ ᠪᠠᠯᠭᠠᠰᠤᠨ ᠳᠤ ᠳᠠᠷᠬᠠᠭᠠᠨ᠎ᠠ᠃ ᠡᠯ᠎ᠡ ᠰᠤᠮᠤ ᠪᠠᠯᠭᠠᠰᠤ ᠨᠥᠬᠦᠪᠥᠷᠢ ᠶᠢᠨ ᠪᠠᠯᠠ ᠮᠥᠩᠭᠦ ᠶᠢ ︽ᠪᠦᠷᠢᠨ ᠴᠢᠳᠠᠮᠵᠢᠳᠤ ᠺᠠᠷᠲ︾ ᠪᠠᠷ ᠡᠷᠦᠬᠡ ᠳᠤ ᠳᠠᠷᠬᠠᠭᠠᠵᠦ᠂ ᠮᠠᠯᠴᠢᠨ ᠲᠠᠷᠢᠶᠠᠴᠢᠳ ᠢ ᠬᠥᠲᠥᠯᠦᠨ ᠵᠢᠯᠣᠭᠤᠳᠴᠤ ᠪᠠᠶᠢᠭᠠᠳ ᠣᠷᠭᠠᠨᠢᠭ ᠪᠣᠷᠲᠣᠭᠤᠷ ᠨᠡᠮᠡᠵᠦ ᠣᠷᠣᠭᠤᠯᠬᠤ᠂ ᠡᠰᠢ ᠰᠦᠷᠡᠯ ᠢ ᠲᠠᠷᠢᠶᠠᠨ ᠭᠠᠵᠠᠷ ᠲᠤ ᠪᠤᠴᠠᠭᠠᠬᠤ᠂ ᠲᠠᠷᠢᠶᠠᠨ ᠭᠠᠵᠠᠷ ᠢ ᠭᠦᠨ ᠬᠠᠭᠠᠯᠪᠤᠷᠢᠯᠠᠨ ᠳᠡᠭᠰᠢᠯᠡᠬᠦ᠂ ᠨᠣᠭᠤᠭᠠᠨ ᠪᠣᠷᠲᠣᠭᠤᠷ ᠳᠠᠷᠢᠵᠤ ᠲᠠᠷᠢᠶᠠᠨ ᠭᠠᠵᠠᠷ ᠲᠤ ᠪᠤᠴᠠᠭᠠᠬᠤ ᠵᠡᠷᠭᠡ ᠲᠠᠷᠢᠶᠠᠨ ᠭᠠᠵᠠᠷ ᠤᠨ ᠬᠦᠴᠦ ᠰᠢᠮ᠎ᠡ ᠶᠢ ᠬᠠᠮᠠᠭᠠᠯᠠᠬᠤ ᠮᠡᠷᠭᠡᠵᠢᠯ ᠤᠨ ᠠᠷᠭ᠎ᠠ ᠬᠡᠮᠵᠢᠶ᠎ᠡ ᠶᠢ ᠬᠡᠷᠡᠭᠵᠢᠭᠦᠯᠬᠦ ᠶᠢ ᠵᠣᠷᠢᠭᠵᠢᠭᠤᠯᠤᠨ᠎ᠠ᠃ 
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ