ᠵᠠᠰᠠᠭ ᠵᠠᠬᠢᠷᠭᠠᠨ ᠤ ᠳᠠᠬᠢᠨ ᠵᠥᠪᠯᠡᠬᠦ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠶ ᠬᠡᠷᠡᠭᠵᠢᠭᠦᠯᠬᠦ ᠬᠤᠯᠪᠣᠭᠳᠠᠯ ᠪᠥᠬᠦᠶ ᠤᠴᠢᠷ ᠶᠠᠪᠤᠳᠠᠯ ᠤᠨ ᠲᠤᠬᠠᠶ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ
ᠨᠡᠶᠢᠲᠡᠯᠡᠭᠰᠡᠨ ᠴᠠᠭ᠄
2021/12/24
ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠲᠤ ᠄    ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢᠨ ᠲᠤᠬᠠᠶ ᠲᠥᠪ ᠤᠨ ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ ᠦᠨᠳᠦᠰᠦᠯᠡᠨ᠂ ᠡᠳᠦᠭᠡ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠡᠭᠦᠷᠭᠡ ᠬᠠᠷᠢᠭᠤᠴᠠᠯᠭ᠎ᠠ ᠶᠢ ᠨᠢᠭᠡᠳᠦᠯᠲᠡᠶ ᠬᠡᠷᠡᠭᠵᠢᠭᠦᠯᠬᠦ ᠬᠤᠯᠪᠤᠭᠳᠠᠯ ᠪᠦᠬᠦᠢ ᠤᠴᠢᠷ ᠶᠠᠪᠤᠳᠠᠯ ᠢ ᠳᠤᠤᠷᠠᠬᠢ ᠮᠡᠳᠦ ᠮᠡᠳᠡᠭᠳᠡᠶ᠎ᠡ᠄    ᠨᠢᠭᠡ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠯ ᠤᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠤᠨ ᠪᠥᠬᠦ ᠣᠷᠣᠨ ᠤ ᠬᠤᠰᠢᠭᠤ ᠰᠢᠶᠠᠨ ᠤ ᠱᠠᠲᠤᠨ ᠠᠴᠠ ᠳᠡᠭᠡᠭᠰᠢᠬᠢ ᠵᠠᠰᠠᠭ ᠤᠨ ᠣᠷᠳᠣᠨ ᠤ ︽ᠨᠢᠭᠡ ᠱᠠᠲᠤᠨ ᠤ ᠵᠠᠰᠠᠭ ᠤᠨ ᠣᠷᠳᠣᠨ ᠨᠢ ᠨᠢᠭᠡ ᠯᠡ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠶᠢ ᠪᠠᠶᠢᠭᠤᠯᠬᠤ︾ ᠱᠠᠭᠠᠷᠳᠠᠯᠭ᠎ᠠ ᠶᠣᠰᠣᠭᠠᠷ 2021 ᠣᠨ ᠤ 7 ᠰᠠᠷ᠎ᠠ ᠶᠢᠨ 1 ᠤ ᠡᠳᠦᠷ ᠠᠴᠠ ᠡᠬᠢᠯᠡᠨ᠂ ᠰᠢᠭᠤᠳ ᠤᠳᠤᠷᠢᠳᠤᠯᠭ᠎ᠠ ᠶᠢ ᠬᠡᠷᠡᠭᠵᠢᠭᠦᠯᠵᠦ ᠪᠠᠶᠢᠭ᠎ᠠ ᠪᠣᠭᠤᠮᠲᠠ᠂ ᠮᠥᠩᠭᠦᠨ ᠭᠦᠢᠯᠭᠡᠭᠡ᠂ ᠭᠠᠳᠠᠭᠠᠳᠤ ᠭᠤᠪᠢᠭᠤᠯᠭ᠎ᠠ ᠶᠢᠨ ᠬᠠᠮᠢᠶᠠᠷᠤᠯᠲᠠ᠂ ᠭᠠᠶᠢᠯᠢ ᠶᠢᠨ ᠶᠠᠪᠤᠳᠠᠯ ᠪᠠ ᠤᠯᠤᠰ ᠤᠨ ᠠᠮᠤᠷ ᠲᠦᠪᠰᠢᠨ ᠤ ᠪᠠᠶᠢᠭᠤᠯᠭ᠎ᠠ ᠵᠡᠷᠭᠡ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠭᠠᠳᠠᠨ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠵᠠᠰᠠᠭ ᠵᠠᠬᠢᠷᠭᠠᠨ ᠤ ᠳᠠᠬᠢᠨ ᠵᠥᠪᠯᠡᠬᠦ ᠡᠭᠦᠷᠭᠡ ᠬᠠᠷᠢᠭᠤᠴᠠᠯᠭ᠎ᠠ ᠶᠢ ᠲᠥᠪᠯᠡᠷᠡᠭᠦᠯᠦᠨ ᠭᠦᠢᠴᠡᠳᠬᠡᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠪᠤᠯᠤᠭᠰᠠᠨ ᠤ ᠬᠤᠪᠢ ᠳᠤ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠰᠢᠬᠦᠨ ᠰᠢᠢᠳᠪᠤᠷᠢᠯᠡᠬᠦ ᠥᠬᠡᠶ᠃     ᠬᠤᠶᠠᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠵᠠᠰᠠᠭ ᠵᠠᠬᠢᠷᠭᠠᠨ ᠤ ᠰᠠᠯᠠᠭ᠎ᠠ ᠮᠥᠴᠢᠷ ᠨᠢ ᠲᠣᠰ ᠱᠠᠲᠤᠨ ᠤ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠭᠦᠢᠴᠡᠳᠬᠡᠬᠦ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠶᠢᠭᠤᠯᠤᠮᠵᠢ ᠪᠤᠯᠤᠨ᠎ᠠ᠃ 2021 ᠣᠨ ᠤ 7 ᠰᠠᠷ᠎ᠠ ᠶᠢᠨ 1 ᠤ ᠡᠳᠦᠷ ᠠᠴᠠ ᠡᠮᠦᠨ᠎ᠡ ᠨᠢᠭᠡᠨᠲᠡ ᠭᠥᠯᠢᠶᠡᠨ ᠠᠪᠴᠤ ᠰᠢᠢᠳᠪᠤᠷᠢᠯᠡᠭᠰᠡᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠢ ᠤᠤᠯ ᠤᠨ ᠭᠥᠯᠢᠶᠡᠨ ᠠᠪᠴᠤ ᠰᠢᠢᠳᠪᠤᠷᠢᠯᠡᠭᠰᠡᠨ ᠰᠠᠯᠠᠭ᠎ᠠ ᠮᠥᠴᠢᠷ ᠠᠴᠠ ᠦᠷᠭᠦᠯᠵᠢᠯᠡᠨ ᠰᠢᠭᠦᠨ ᠰᠢᠢᠳᠪᠤᠷᠢᠯᠡᠬᠦ ᠶᠢᠨ ᠬᠠᠮᠲᠤ ᠬᠠᠤᠯᠢ ᠶᠣᠰᠣᠭᠠᠷ ᠲᠣᠭᠲᠠᠭᠠᠯ ᠭᠠᠷᠭᠠᠨ᠎ᠠ᠃     ᠭᠤᠷᠪᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠷᠢᠶᠠᠯᠠᠯ ᠳᠠᠬᠢ ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠤᠨ ᠭᠤᠶᠤᠴᠢᠯᠠᠭᠳᠠᠭᠴᠢ ᠳᠤ᠄ ᠲᠣᠰ ᠱᠠᠲᠤᠨ ᠤ ᠵᠠᠰᠠᠭ ᠤᠨ ᠣᠷᠳᠣᠨ ᠤ ᠲᠣᠮᠢᠯᠠᠭᠰᠠᠨ ᠪᠠᠶᠢᠭᠤᠯᠭ᠎ᠠ᠂ ᠲᠣᠰ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠵᠢᠴᠢ ᠲᠣᠮᠢᠯᠠᠭᠰᠠᠨ ᠪᠠᠶᠢᠭᠤᠯᠤᠮᠵᠢ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ᠂ ᠳᠣᠤᠷ᠎ᠠ ᠨᠢᠭᠡ ᠱᠠᠲᠤᠨ ᠤ ᠠᠷᠠᠳ ᠤᠨ ᠵᠠᠰᠠᠭ ᠤᠨ ᠣᠷᠳᠣᠨ ᠪᠠᠭᠲᠠᠨ᠎ᠠ᠃     ᠳᠥᠷᠪᠡ᠂ 2021 ᠣᠨ ᠤ 7 ᠰᠠᠷ᠎ᠠ ᠶᠢᠨ 1 ᠤ ᠡᠳᠦᠷ ᠠᠴᠠ ᠡᠬᠢᠯᠡᠨ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠪᠣᠳᠠᠲᠠᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠬᠢᠬᠦ ᠳᠡᠭᠡᠨ᠂ ᠠᠷᠠᠳ ᠢᠷᠭᠡᠨ᠂ ᠬᠠᠤᠯᠢ ᠶᠢᠨ ᠡᠷᠬᠡᠲᠡᠨ ᠪᠠ ᠪᠤᠰᠤᠳ ᠵᠣᠬᠢᠶᠠᠨ ᠪᠠᠶᠢᠭᠤᠯᠤᠯᠲᠠ ᠶᠢ ᠵᠥᠪ ᠬᠥᠲᠥᠯᠦᠨ ᠵᠢᠯᠣᠭᠤᠳᠴᠤ ᠪᠠᠶᠢᠭᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠤ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠪᠠᠷ ᠭᠤᠶᠤᠴᠢᠯᠠᠬᠤ ᠬᠡᠷᠡᠭᠲᠡᠶ᠃     ᠲᠠᠪᠤ᠂ 2021 ᠣᠨ ᠤ 7 ᠰᠠᠷ᠎ᠠ ᠶᠢᠨ 1 ᠤ ᠡᠳᠦᠷ ᠠᠴᠠ ᠡᠬᠢᠯᠡᠨ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠭᠤᠶᠤᠴᠢᠯᠠᠭᠴᠢ ᠶᠢᠨ ᠳᠤᠷᠠᠳᠤᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠭᠥᠯᠢᠶᠡᠨ ᠠᠪᠤᠪᠠᠯ᠂ ᠭᠤᠶᠤᠴᠢᠯᠠᠯ ᠢ ᠭᠥᠯᠢᠶᠡᠨ ᠠᠪᠤᠭᠰᠠᠨ ᠡᠳᠦᠷ ᠠᠴᠠ ᠡᠬᠢᠯᠡᠨ 3 ᠠᠵᠢᠯᠯᠠᠬᠤ ᠡᠳᠦᠷ ᠤᠨ ᠳᠣᠲᠣᠷ᠎ᠠ ᠬᠠᠷᠢᠶᠠᠯᠠᠯ ᠤᠨ ᠡᠷᠬᠡ ᠲᠠᠢ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠳᠤ ᠰᠢᠯᠵᠢᠭᠦᠯᠦᠨ ᠬᠦᠷᠭᠡᠬᠦ ᠶᠢᠨ ᠬᠠᠮᠲᠤ ᠰᠢᠯᠵᠢᠭᠦᠯᠦᠨ ᠬᠦᠷᠭᠡᠭᠰᠡᠨ ᠪᠠᠶᠢᠳᠠᠯ ᠢᠶᠠᠨ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠶ᠃ ᠬᠠᠷᠢᠶᠠᠯᠠᠯ ᠤᠨ ᠡᠷᠬᠡ ᠲᠠᠢ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠣᠯᠤᠭᠰᠠᠨ ᠲᠤᠬᠠᠶ ᠶᠢᠨ ᠡᠳᠦᠷ ᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠣᠯᠤᠭᠰᠠᠨ ᠡᠳᠦᠷ ᠢᠶᠠᠷ ᠦᠵᠡᠵᠦ᠂ 5 ᠠᠵᠢᠯᠯᠠᠬᠤ ᠡᠳᠦᠷ ᠤᠨ ᠳᠣᠲᠣᠷ᠎ᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠬᠠᠤᠯᠢ ᠶᠣᠰᠣᠭᠠᠷ ᠭᠥᠯᠢᠶᠡᠨ ᠠᠪᠴᠤ ᠰᠢᠢᠳᠪᠤᠷᠢᠯᠡᠬᠦ᠂ ᠥᠯᠥ ᠭᠥᠯᠢᠶᠡᠨ ᠠᠪᠴᠤ  ᠰᠢᠢᠳᠪᠤᠷᠢᠯᠡᠬᠦ᠂ ᠨᠥᠬᠦᠪᠥᠷᠢᠯᠡᠨ ᠵᠠᠯᠠᠷᠠᠭᠤᠯᠬᠤ᠂ ᠮᠡᠳᠡᠭᠳᠡᠬᠦ ᠵᠡᠷᠭᠡ ᠪᠠᠷ ᠰᠢᠢᠳᠪᠤᠷᠢᠯᠡᠨ᠎ᠡ᠃                                   ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ                                         2021 ᠣᠨ ᠤ 8 ᠰᠠᠷ᠎ᠠ ᠶᠢᠨ 4 ᠤ ᠡᠳᠦᠷ 
ᠢᠷᠡᠯᠲᠡ᠄ ᠳᠠᠠᠯᠳ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠡ