︽ᠳᠠᠯᠠᠳ ᠬᠤᠰᠢᠭᠤᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠵᠢᠭᠦᠯᠬᠦ ᠲᠥᠰᠦᠯ︾ ᠤᠨ ᠳᠤᠪᠴᠢ ᠲᠠᠶᠢᠯᠤᠮᠵᠢ
ᠨᠡᠶᠢᠲᠡᠯᠡᠭᠰᠡᠨ ᠴᠠᠭ᠄
2021/12/24
    ᠰᠢ ᠶᠢᠨ ᠫᠢᠩ ᠶᠡᠷᠦᠩᠬᠡᠶ ᠱᠦᠵᠢ ᠶᠢᠨ ︽ᠳᠥᠷᠪᠡᠨ ᠰᠠᠶᠢᠨᠳᠠᠢ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠬᠤᠰᠢᠭᠤᠨ ᠤ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ᠂ ᠠᠷᠠᠴᠢᠯᠠᠯᠲᠠ᠂ ᠲᠡᠭᠡᠭᠡᠪᠦᠷᠢ ᠶᠢᠨ ᠵᠣᠬᠢᠴᠠᠩᠭᠤᠶ ᠪᠠᠷ ᠦᠷᠭᠦᠯᠵᠢᠯᠡᠨ ᠬᠥᠭᠵᠢᠬᠦ ᠶᠢ ᠠᠬᠢᠭᠤᠯᠵᠤ᠂ ︽︿  ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ﹀ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠬᠦ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠠᠨᠠᠯ︾ ︵ᠵᠠᠮ ᠬᠠᠷᠢᠯᠴᠠᠭ᠎ᠠ ᠵᠠᠰᠠᠮᠠᠯ ᠵᠠᠮ ᠲᠠᠷᠬᠠᠭᠠᠭᠰᠠᠨ ︹2015 ︺ 73 ᠳ᠋ᠤᠭᠠᠷ ᠲᠣᠭᠠᠲᠤ︶ ᠪᠣᠯᠤᠨ ︽︿ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ﹀ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠬᠦ ᠲᠥᠰᠦᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠳᠡᠯ︾ ︵ᠥᠪᠥᠷ ᠵᠠᠮ ᠬᠠᠷᠢᠯᠴᠠᠭ᠎ᠠ ᠲᠠᠷᠬᠠᠭᠠᠭᠰᠠᠨ ︹ 2015 ︺ 699 ᠳ᠋ᠦ᠋ᠭᠡᠷ ᠲᠣᠭᠠᠲᠤ︶ ᠵᠡᠷᠭᠡ ᠶᠢᠨ ᠵᠣᠷᠢᠭ ᠰᠠᠨᠠᠭ᠎ᠠ ᠶᠢ ᠦᠨᠳᠦᠰᠦᠯᠡᠨ᠂ ᠪᠣᠳᠠᠲᠠᠶ ᠲᠠᠢ ᠪᠠᠨ ᠤᠶᠠᠯᠳᠤᠭᠤᠯᠵᠤ᠂ ᠲᠡᠯᠡᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ︽ᠲᠡᠯᠡᠳ ᠬᠤᠰᠢᠭᠤᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠨ ᠬᠠᠮᠠᠭᠠᠯᠠᠯᠲᠠ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠵᠢᠭᠦᠯᠬᠦ ᠲᠥᠰᠦᠯ ᠤᠨ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠵᠤ᠂ ︽ᠮᠡᠳᠡᠭᠳᠡᠯ︾ ᠤᠨ ᠬᠠᠮᠢᠶ᠎ᠠ ᠪᠥᠬᠦᠶ ᠠᠭᠤᠯᠭ᠎ᠠ ᠶᠢ ᠳᠣᠤᠷᠠᠬᠢ ᠮᠡᠲᠦ ᠲᠠᠶᠢᠯᠪᠤᠷᠢᠯᠠᠶ᠎ᠠ᠄     ᠨᠢᠭᠡ᠂ ᠲᠣᠭᠲᠠᠭᠠᠭᠰᠠᠨ ᠠᠬᠤᠶ ᠪᠠᠶᠢᠳᠠᠯ     ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ︽ᠰᠠᠶᠢᠲᠤᠷ ᠪᠦᠳᠦᠭᠡᠨ ᠪᠠᠶᠢᠭᠤᠯᠬᠤ᠂ ᠰᠠᠶᠢᠲᠤᠷ ᠬᠠᠮᠢᠶᠠᠷᠬᠤ᠂ ᠰᠠᠶᠢᠲᠤᠷ ᠬᠠᠮᠠᠭᠠᠯᠠᠬᠤ᠂ ᠰᠠᠶᠢᠲᠤᠷ ᠡᠵᠡᠩᠨᠡᠬᠦ︾ ᠶᠡᠷᠦᠩᠬᠡᠶ ᠬᠠᠷᠠᠯᠲᠠ ᠶᠢᠨ ᠲᠣᠭᠤᠷᠢᠨ ᠳᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠬᠤ ᠬᠠᠮᠢᠶᠠᠷᠬᠤ ᠠᠷᠠᠴᠢᠯᠠᠬᠤ ᠲᠡᠭᠡᠭᠡᠪᠦᠷᠢᠯᠡᠬᠦ ᠶᠢ ᠵᠣᠬᠢᠴᠠᠩᠭᠤᠢ ᠪᠠᠷ ᠦᠷᠭᠦᠯᠵᠢᠯᠡᠨ ᠬᠥᠭᠵᠢᠭᠦᠯᠬᠦ ᠵᠠᠷᠴᠢᠮ ᠢ ᠪᠠᠷᠢᠮᠲᠠᠯᠠᠵᠤ᠂ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠬᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠡᠯᠡ ᠮᠥᠩᠭᠦ ᠶᠢᠨ ᠵᠠᠮ ᠮᠦᠷ ᠢ ᠥᠷᠭᠡᠳᠬᠡᠬᠦ ᠪᠠ ᠲᠣᠭᠲᠠᠪᠤᠷᠢᠵᠢᠭᠤᠯᠬᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠬᠤ ᠤᠷᠳᠤ ᠬᠤᠭᠤᠴᠠᠭᠠᠨ ᠤ ᠪᠦᠲᠦᠮᠵᠢᠲᠡᠢ  ᠪᠠᠶᠢᠭᠤᠯᠤᠯ ᠲᠣᠭᠲᠠᠴᠠ ᠶᠢ ᠪᠠᠶᠢᠭᠤᠯᠬᠤ ᠪᠠᠷ ᠭᠤᠣᠯᠳᠠᠯᠭ᠎ᠠ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ᠂ ᠨᠡᠩ ᠥᠨᠳᠥᠷ ᠲᠦᠪᠰᠢᠨ ᠪᠦᠬᠦᠢ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃     ︽ᠳᠥᠷᠪᠡᠨ ᠰᠠᠶᠢᠨᠳᠠᠢ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠡᠳ᠋ ᠤᠨ ᠵᠠᠰᠠᠭ ᠤᠨ ᠶᠠᠮᠤᠨ ᠤ ᠰᠠᠨᠠᠯ ᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ︽ᠳᠥᠷᠪᠡᠨ ᠰᠠᠶᠢᠨᠳᠠᠢ ᠬᠥᠳᠡᠭᠡ ᠲᠣᠰᠬᠤᠨ ᠤ ᠵᠠᠮ︾ ᠤᠨ ᠬᠥᠭᠵᠢᠯᠲᠡ ᠶᠢᠨ ᠳᠤᠮᠳᠠᠬᠢ ᠬᠠᠮᠢᠶᠠᠷᠤᠯᠲᠠ ᠶᠢᠨ ᠪᠠᠶᠢᠭᠤᠯᠤᠯ᠂ ᠪᠠᠯᠠ ᠮᠥᠩᠭᠦ ᠶᠢᠨ ᠪᠠᠲᠤᠯᠠᠭ᠎ᠠ᠂ ᠠᠷᠠᠴᠢᠯᠠᠨ ᠬᠠᠮᠠᠭᠠᠯᠠᠬᠤ ᠲᠣᠭᠲᠠᠴᠠ ᠶᠢᠨ ᠳᠤᠲᠠᠭᠤᠳᠠᠯ ᠤᠨ ᠠᠰᠠᠭᠤᠳᠠᠯ ᠢ ᠰᠠᠶᠢᠲᠤᠷ ᠰᠢᠢᠳᠪᠤᠷᠢᠯᠡᠬᠦ  ᠳᠤ ᠠᠩᠬᠠᠷᠤᠯ ᠢᠶᠠᠨ ᠲᠥᠪᠯᠡᠷᠡᠭᠦᠯᠵᠦ᠂ ᠳᠠᠯᠠᠳ ᠬᠤᠰᠢᠭᠤᠨ ᠤ ᠣᠯᠠᠨ ᠵᠢᠯ ᠤᠨ ᠲᠤᠷᠰᠢᠬᠢ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠨ ᠬᠠᠮᠠᠭᠠᠯᠠᠯᠲᠠ ᠶᠢᠨ ᠲᠤᠷᠰᠢᠯᠭ᠎ᠠ ᠶᠢ ᠳ᠋ᠦᠩᠨᠡᠭᠰᠡᠨ ᠰᠠᠭᠤᠷᠢᠨ ᠳᠡᠭᠡᠷ᠎ᠡ᠂ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ︽ᠮᠡᠳᠡᠭᠳᠡᠯ︾ ᠢ ᠲᠣᠭᠲᠠᠭᠠᠨ ᠨᠡᠶᠢᠲᠡᠯᠡᠪᠡ᠃     ᠬᠤᠶᠠᠷ᠂ ᠭᠤᠣᠯ ᠠᠭᠤᠯᠭ᠎ᠠ    ︽ᠮᠡᠳᠡᠭᠳᠡᠯ︾ ᠳᠤ ᠨᠡᠶᠢᠲᠡ ᠲᠠᠪᠤᠨ ᠬᠡᠰᠡᠭ ᠪᠣᠶ᠂ ᠲᠤᠬᠠᠶᠢᠯᠠᠪᠠᠯ ᠶᠡᠷᠦᠩᠬᠡᠶ ᠱᠠᠭᠠᠷᠳᠠᠯᠭ᠎ᠠ᠂ ᠠᠵᠢᠯ ᠤᠨ ᠬᠠᠷᠠᠯᠲᠠ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠱᠠᠲᠤ ᠬᠤᠪᠢᠶᠠᠨ ᠬᠠᠮᠢᠶᠠᠷᠴᠤ ᠠᠷᠠᠴᠢᠯᠠᠨ ᠬᠠᠮᠠᠭᠠᠯᠠᠬᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠬᠦᠯᠬᠦ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢᠨ ᠠᠷᠭ᠎ᠠ ᠵᠠᠮ ᠢ ᠲᠣᠭᠲᠠᠪᠤᠷᠢᠵᠢᠭᠤᠯᠬᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠨ ᠬᠠᠮᠠᠭᠠᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠂ ᠠᠭᠤᠯᠭ᠎ᠠ ᠨᠢ ᠳᠤᠤᠷᠠᠬᠢ ᠮᠡᠳᠦ᠄     ︵ᠨᠢᠭᠡ︶ ᠵᠢᠯᠣᠭᠤᠳᠬᠤ ᠦᠵᠡᠯ ᠰᠠᠨᠠᠭ᠎ᠠ ᠪᠠ ᠶᠡᠷᠦᠩᠬᠡᠶ ᠱᠠᠭᠠᠷᠳᠠᠯᠭ᠎ᠠ ᠶᠢ ᠲᠣᠳᠣᠷᠬᠠᠶᠢᠯᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠠᠷᠠᠳ ᠲᠦᠮᠡᠨ ᠢᠶᠠᠷ ᠭᠤᠣᠯ ᠪᠣᠯᠭᠠᠭᠰᠠᠨ ᠬᠥᠭᠵᠢᠯᠲᠡ ᠶᠢᠨ ᠦᠵᠡᠯ ᠰᠠᠨᠠᠭ᠎ᠠ ᠶᠢ ᠦᠢᠯᠡᠳᠦᠯᠭᠡᠵᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠤᠯᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠪᠠ ᠬᠤᠳᠠ ᠬᠥᠳᠡᠭᠡ ᠶᠢᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠬᠦ ᠶᠢᠨ ᠲᠣᠭᠤᠷᠢᠨ ᠳᠤ᠂ ᠶᠠᠰᠤ ᠴᠢᠨᠠᠷ ᠢᠶᠠᠷ ᠦᠨᠳᠦᠰᠦ ᠪᠣᠯᠭᠠᠬᠤ᠂ ᠠᠮᠤᠷ ᠲᠦᠪᠰᠢᠨ ᠢ ᠳᠡᠭᠡᠳᠦᠯᠡᠬᠦ᠂ ᠪᠠᠶᠢᠭᠠᠯᠢ ᠶᠢᠨ ᠡᠶ᠎ᠡ ᠵᠣᠬᠢᠴᠠᠩᠭᠤᠢ᠂ ᠪᠣᠬᠢᠷᠲᠤᠯ ᠦᠭᠡᠢ ᠬᠥᠭᠵᠢᠯᠲᠡ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ᠃     ︵ᠬᠤᠶᠠᠷ︶ ᠠᠵᠢᠯ ᠤᠨ ᠬᠠᠷᠠᠯᠲᠠ ᠪᠠᠨ ᠲᠣᠳᠣᠷᠬᠠᠶᠢᠯᠠᠵᠤ᠂ 2022 ᠣᠨ ᠪᠣᠯᠬᠤ ᠳᠤ᠂ ᠡᠷᠬᠡ ᠬᠠᠷᠢᠭᠤᠴᠠᠯᠭ᠎ᠠ ᠲᠣᠳᠣᠷᠬᠠᠢ᠂ ᠵᠡᠷᠭᠡᠪᠡᠷ ᠠᠳᠬᠤᠵᠤ ᠬᠠᠮᠲᠤᠪᠠᠷ ᠬᠠᠮᠢᠶᠠᠷᠬᠤ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠮᠵᠢ ᠲᠣᠭᠲᠠᠴᠠ ᠶᠢ ᠦᠨᠳᠦᠰᠦᠨ ᠳᠡᠭᠡᠨ ᠪᠠᠶᠢᠭᠤᠯᠵᠤ᠂ ᠡᠯ᠎ᠡ ᠱᠠᠲᠤᠨ ᠤ ᠡᠳ᠋ ᠤᠨ ᠵᠠᠰᠠᠭ ᠤᠨ ᠣᠷᠣᠭᠤᠯᠤᠯᠲᠠ ᠶᠢᠨ ᠡᠭᠦᠷᠭᠡ ᠬᠠᠷᠢᠭᠤᠴᠠᠯᠭ᠎ᠠ ᠲᠣᠳᠣᠷᠬᠠᠢ᠂ ᠨᠡᠶᠢᠭᠡᠮ ᠤᠨ ᠬᠦᠴᠦᠨ ᠢᠳᠡᠪᠬᠢᠲᠡᠢ ᠣᠷᠣᠯᠴᠠᠭᠰᠠᠨ ᠪᠠᠶᠢᠷᠢᠰᠢᠯ ᠢ ᠪᠦᠷᠢᠯᠳᠦᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠵᠠᠰᠠᠯᠲᠠ ᠶᠢᠨ ᠴᠢᠳᠠᠪᠤᠷᠢ ᠶᠢ ᠮᠡᠳᠡᠭᠳᠡᠮ᠎ᠡ ᠳᠡᠭᠡᠭᠰᠢᠯᠡᠭᠦᠯᠵᠦ᠂ ᠵᠠᠰᠠᠯᠲᠠ ᠶᠢᠨ ᠰᠢᠰᠲ᠋ᠧᠮ ᠢ ᠠᠩᠬ᠎ᠠ ᠠᠯᠬᠤᠮ ᠪᠦᠷᠢᠯᠳᠦᠭᠦᠯᠵᠦ᠂ ᠬᠥᠳᠡᠭᠡ ᠲᠣᠰᠬᠤᠨ ᠤ ᠵᠠᠰᠠᠮᠠᠯ ᠵᠠᠮ ᠤᠨ ᠨᠡᠪᠲᠡᠷᠡᠬᠦ ᠨᠥᠬᠦᠴᠡᠯ ᠪᠣᠯᠤᠨ ᠵᠠᠮ ᠤᠨ ᠣᠷᠴᠢᠨ ᠲᠣᠭᠤᠷᠢᠨ ᠢ ᠮᠡᠳᠡᠭᠳᠡᠮ᠎ᠡ ᠳᠡᠭᠡᠭᠰᠢᠯᠡᠭᠦᠯᠵᠦ᠂ ᠵᠠᠮ ᠬᠠᠷᠢᠯᠴᠠᠭᠠᠨ ᠤ ᠪᠠᠲᠤᠯᠠᠪᠤᠷᠢ ᠶᠢᠨ ᠴᠢᠳᠠᠪᠤᠷᠢ ᠶᠢ ᠮᠡᠳᠡᠭᠳᠡᠮ᠎ᠡ ᠨᠡᠮᠡᠭᠳᠡᠭᠦᠯᠦᠨ᠎ᠡ︔ ᠬᠥᠳᠡᠭᠡ ᠲᠣᠰᠬᠤᠨ ᠤ ᠵᠠᠰᠠᠮᠠᠯ ᠵᠠᠮ ᠤᠨ ᠵᠢᠭᠰᠠᠭᠠᠨ ᠠᠷᠠᠴᠢᠯᠠᠬᠤ ᠨᠤᠷᠮ᠎ᠠ ᠶᠢ 100% ᠳᠤ ᠬᠦᠷᠭᠡᠵᠦ᠂ ᠵᠢᠯ ᠪᠦᠷᠢ ᠳᠤᠮᠳᠠᠴᠢ ᠪᠠᠷ ᠶᠡᠭᠡ ᠳᠤᠮᠳᠠ ᠵᠡᠷᠭᠡ ᠶᠢᠨ ᠰᠡᠯᠪᠢᠨ ᠵᠠᠰᠠᠬᠤ ᠵᠡᠷᠭᠡ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠬᠡᠷᠡᠭᠵᠢᠭᠦᠯᠬᠦ ᠬᠠᠷᠢᠴᠠᠯ ᠢ 5% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠂ ᠬᠥᠳᠡᠭᠡ ᠲᠣᠰᠬᠤᠨ ᠤ ᠵᠠᠰᠠᠮᠠᠯ ᠵᠠᠮ ᠤᠨ ᠰᠢᠯᠢᠳᠡᠭ᠂ ᠰᠠᠶᠢᠨ᠂ ᠳᠤᠮᠳᠠ ᠵᠡᠷᠭᠡ ᠶᠢᠨ ᠵᠠᠮ ᠤᠨ ᠬᠠᠷᠢᠴᠠᠯ ᠢ 75% ᠠᠴᠠ ᠳᠣᠣᠷ᠎ᠠ ᠪᠠᠶᠢᠯᠭᠠᠵᠤ ᠪᠣᠯᠬᠤ ᠦᠭᠡᠢ᠃ 2035 ᠣᠨ ᠪᠣᠯᠬᠤ ᠳᠤ᠂ ᠰᠢᠰᠢᠲ᠋ᠧᠮ ᠨᠢ ᠪᠦᠷᠢᠨ ᠲᠡᠭᠦᠯᠳᠡᠷ᠂ ᠠᠵᠢᠯᠯᠠᠭᠠᠨ ᠨᠢ ᠥᠨᠳᠥᠷ ᠪᠦᠲᠦᠮᠵᠢᠲᠡᠢ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠠᠷᠠᠴᠢᠯᠠᠯᠲᠠ ᠶᠢᠨ ᠪᠠᠶᠢᠭᠤᠯᠤᠮᠵᠢ ᠲᠣᠭᠲᠠᠴᠠ ᠶᠢ ᠪᠦᠬᠦ ᠲᠠᠯ᠎ᠠ ᠪᠠᠷ ᠪᠠᠶᠢᠭᠤᠯᠵᠤ᠂ ᠬᠤᠳᠠ ᠬᠥᠳᠡᠭᠡ ᠶᠢᠨ ᠵᠠᠰᠠᠮᠠᠯ ᠵᠠᠮ ᠤᠨ ᠵᠠᠮ ᠬᠠᠷᠢᠯᠴᠠᠭᠠᠨ ᠤ ᠦᠨᠳᠦᠰᠦᠨ ᠤᠯᠠᠨ ᠨᠡᠶᠢᠲᠡ ᠵᠢᠨ‌ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ ᠶᠢ ᠦᠨᠳᠦᠰᠦᠨ ᠳᠡᠭᠡᠨ ᠪᠡᠶᠡᠯᠡᠭᠦᠯᠵᠦ᠂ ᠵᠠᠮ ᠤᠨ ᠪᠠᠶᠢᠳᠠᠯ ᠤᠨ ᠳᠡᠭᠰᠢ ᠳᠠᠷᠳᠠᠩ ᠪᠠ ᠵᠠᠮ ᠤᠨ ᠣᠷᠴᠢᠨ ᠲᠣᠭᠤᠷᠢᠨ ᠢ ᠦᠨᠳᠦᠰᠦᠨ ᠴᠢᠨᠠᠷᠲᠠᠢ ᠰᠠᠶᠢᠵᠢᠷᠠᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠵᠠᠰᠠᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠵᠠᠰᠠᠯᠲᠠ ᠶᠢᠨ ᠰᠢᠰᠲ᠋ᠧᠮ ᠢ ᠪᠦᠬᠦ ᠲᠠᠯ᠎ᠠ ᠪᠠᠷ ᠲᠡᠭᠦᠯᠳᠡᠷᠵᠢᠭᠦᠯᠦᠨ᠎ᠡ᠃   ︵ᠭᠤᠷᠪᠠ︶ ᠲᠠᠷᠢᠶᠠᠯᠠᠬᠤ ᠮᠠᠯᠵᠢᠬᠤ ᠣᠷᠣᠨ ᠤ ᠵᠠᠰᠠᠮᠠᠯ ᠵᠠᠮ ᠢ ᠱᠠᠳᠤ ᠬᠤᠪᠢᠶᠠᠨ ᠬᠠᠮᠢᠶᠠᠷᠴᠤ ᠠᠷᠠᠴᠢᠯᠠᠨ ᠬᠠᠮᠠᠭᠠᠯᠠᠬᠤ ᠰᠢᠰᠲ᠋ᠧᠮᠵᠢ ᠶᠢ ᠪᠠᠶᠢᠭᠤᠯᠤᠨ ᠪᠥᠷᠢᠨᠰᠢᠬᠦᠯᠥᠨ᠎ᠡ᠃ ᠨᠢᠭᠡ ᠳᠤ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠠᠵᠢᠯ ᠲᠥᠷᠥᠯ ᠤᠨ ᠬᠠᠮᠢᠶᠠᠷᠤᠯᠲᠠ ᠪᠠ ᠬᠠᠮᠵᠢᠯᠴᠠᠭ᠎ᠠ ᠪᠠᠨ ᠴᠢᠩᠭᠠᠳᠬᠠᠨ᠎ᠠ︔ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ  ᠭᠦᠢᠴᠡᠳᠬᠡᠨ᠎ᠡ︔ ᠭᠠᠴᠠᠭᠠᠨ ᠤ ᠠᠷᠠᠳ ᠤᠨ ᠵᠥᠪᠯᠡᠯ ᠨᠢ ᠬᠠᠷᠢᠶ᠎ᠠ ᠣᠷᠣᠨ ᠤ ᠪᠠᠨ ᠳᠣᠲᠣᠷᠠᠬᠢ ᠭᠠᠴᠠᠭᠠᠨ ᠤ ᠵᠠᠮ ᠢ ᠬᠠᠮᠢᠶᠠᠷᠴᠤ ᠠᠷᠠᠴᠢᠯᠠᠨ ᠬᠠᠮᠠᠭᠠᠯᠠᠬᠤ ᠠᠵᠢᠯ ᠢ ᠴᠢᠩᠭᠠᠳᠬᠠᠨ᠎ᠠ᠃    ︵ᠳᠥᠷᠪᠡ︶ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢᠨ ᠠᠷᠭ᠎ᠠ ᠵᠠᠮ ᠢ ᠲᠣᠭᠲᠠᠪᠤᠷᠢᠵᠢᠭᠤᠯᠤᠨ᠎ᠠ᠃ ᠨᠢᠭᠡ ᠳᠤ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠵᠠᠷᠤᠳᠠᠯ ᠤᠨ ᠪᠠᠷᠢᠮᠵᠢᠶ᠎ᠠ ᠶᠢ ᠲᠣᠳᠣᠷᠬᠠᠶᠢᠯᠠᠵᠤ᠂ ᠪᠡᠯᠡ ᠮᠥᠩᠭᠦ ᠶᠢᠨ ᠲᠣᠭᠲᠠᠭᠤᠨ ᠣᠷᠣᠭᠤᠯᠤᠯᠲᠠ ᠶᠢ ᠪᠠᠳᠤᠯᠠᠨ᠎ᠠ᠃ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠡᠯᠡ ᠮᠥᠩᠭᠦ ᠶᠢᠨ ᠬᠡᠷᠡᠭᠯᠡᠯᠲᠡ ᠬᠠᠮᠢᠶᠠᠷᠤᠯᠲᠠ ᠪᠠ ᠬᠢᠨᠠᠯᠲᠠ ᠶᠢ ᠴᠢᠩᠭᠠᠳᠬᠠᠨ᠎ᠠ᠃    ︵ᠲᠠᠪᠤ︶ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠨ ᠬᠠᠮᠠᠭᠠᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠠᠵᠢᠯᠯᠠᠭᠠᠨ ᠤ ᠲᠣᠭᠲᠠᠴᠠ ᠶᠢ ᠪᠦᠷᠢᠨᠰᠢᠭᠦᠯᠦᠨ᠎ᠡ᠃ ᠨᠢᠭᠡ ᠳᠤ ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠯᠲᠠ ᠶᠢᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠲᠥᠷᠥᠯ ᠬᠤᠪᠢᠶᠠᠨ ᠵᠢᠷᠤᠮ ᠲᠠᠢ ᠠᠬᠢᠭᠤᠯᠤᠨ᠎ᠠ᠃ ᠠᠮᠤᠷ ᠲᠦᠪᠰᠢᠨ ᠪᠠ ᠢᠲᠡᠭᠡᠮᠵᠢ ᠶᠢᠨ ᠬᠠᠮᠢᠶᠠᠷᠤᠯᠲᠠ ᠶᠢ ᠴᠢᠩᠭᠠᠳᠬᠠᠨ᠎ᠠ ︔ ᠬᠠᠤᠯᠢ ᠬᠡᠷᠡᠭᠵᠢᠭᠦᠯᠬᠦ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃
ᠢᠷᠡᠯᠲᠡ᠄ ᠳᠠᠠᠯᠳ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠡ