| ᠵᠠᠰᠠᠭ ᠤᠨ ᠶᠠᠪᠤᠳᠠᠯ ᠢ ᠢᠯᠡ ᠪᠣᠯᠭᠠᠬᠤ ᠱᠠᠭᠠᠷᠳᠠᠯᠭ᠎ᠠ ᠶᠣᠰᠣᠭᠠᠷ᠂ ︽ᠣᠶ ᠮᠣᠳᠣᠨ ᠤ ᠡᠷᠬᠡ ᠶᠢᠨ ᠥᠯᠥ ᠬᠥᠳᠡᠯᠬᠦ ᠬᠥᠷᠥᠩᠭᠡ ᠶᠢ ᠨᠢᠭᠡᠳᠦᠯᠲᠡᠶ ᠳᠠᠩᠰᠠᠯᠠᠬᠤ | ᠠᠵᠢᠯ ᠢ ᠰᠠᠶᠢᠲᠤᠷ ᠬᠢᠬᠦ ᠲᠤᠬᠠᠶ ᠲᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ᠤᠨ ᠲᠠᠶᠢᠯᠤᠮᠵᠢ ᠶᠢ ᠳᠣᠤᠷᠠᠬᠢ ᠮᠡᠲᠦ ᠳᠤᠪᠴᠢ | ᠲᠠᠶᠢᠯᠪᠤᠷᠢᠯᠠᠶ᠎ᠠ᠄ | ᠨᠢᠭᠡ᠂ ᠶᠠᠭᠤ ᠶᠢ ᠤᠢ ᠮᠣᠳᠣᠨ ᠤ ᠡᠷᠬᠡ ᠭᠡᠬᠦ ᠪᠤᠢ︖ | ᠤᠢ ᠮᠣᠳᠣᠨ ᠤ ᠡᠷᠬᠡ ᠶᠢ ᠠᠷᠠᠳ ᠨᠡᠶᠢᠳᠡ ᠶᠢᠨ ᠦᠮᠴᠢᠯᠡᠯᠳᠦ ᠤᠢ ᠮᠣᠳᠣᠨ ᠤ ᠡᠷᠬᠡ ᠪᠠ ᠬᠠᠮᠲᠤ ᠶᠢᠨ ᠤᠢ ᠮᠣᠳᠣᠨ ᠤ ᠡᠷᠬᠡ ᠭᠡᠵᠦ ᠬᠤᠪᠢᠶᠠᠨ᠎ᠠ᠃ | ᠠᠷᠠᠳ ᠨᠡᠶᠢᠳᠡ ᠶᠢᠨ ᠦᠮᠴᠢᠯᠡᠯᠳᠦ ᠤᠢ ᠮᠣᠳᠣᠨ ᠤ ᠡᠷᠬᠡ ᠭᠡᠳᠡᠭ ᠪᠣᠯ ᠠᠷᠠᠳ ᠨᠡᠶᠢᠳᠡ ᠶᠢᠨ ᠦᠮᠴᠢᠯᠡᠯᠳᠦ ᠨᠢᠭᠡᠴᠡ ᠶᠢᠨ ᠤᠯᠤᠰ ᠤᠨ ᠥᠮᠴᠢᠯᠡᠯ ᠤᠨ ᠤᠢ | ᠰᠢᠭᠤᠶ ᠶᠢ ᠡᠵᠡᠩᠨᠡᠬᠦ ᠡᠷᠬᠡ ᠶᠢ ᠵᠢᠭᠠᠵᠤ ᠪᠠᠶᠢᠨ᠎ᠠ᠂ ᠡᠭᠦᠨ ᠳᠤ ᠤᠯᠤᠰ ᠤᠨ ᠥᠮᠴᠢᠯᠡᠯ ᠤᠨ ᠤᠢ ᠰᠢᠭᠤᠶ ᠶᠢ ᠡᠵᠡᠮᠰᠢᠬᠦ᠂ ᠬᠡᠷᠡᠭᠯᠡᠬᠦ᠂ ᠬᠠᠤᠯᠢ ᠶᠣᠰᠣᠭᠠᠷ ᠠᠰᠢᠭ | ᠤᠯᠬᠤ ᠪᠠ ᠬᠠᠤᠯᠢ ᠪᠠᠷ ᠲᠣᠭᠲᠠᠭᠠᠭᠰᠠᠨ ᠬᠡᠪᠴᠢᠶᠠᠨ ᠳᠠᠬᠢ ᠰᠢᠢᠳᠪᠤᠷᠢᠯᠡᠬᠦ ᠡᠷᠬᠡ ᠵᠡᠷᠭᠡ ᠤᠯᠠᠨ ᠵᠦᠢᠯ ᠤᠨ ᠡᠷᠬᠡ ᠴᠢᠳᠠᠮᠵᠢ ᠪᠠᠭᠲᠠᠨ᠎ᠠ᠃ | ᠬᠠᠮᠲᠤ ᠶᠢᠨ ᠤᠢ ᠮᠣᠳᠣᠨ ᠤ ᠡᠷᠬᠡ ᠭᠡᠳᠡᠭ ᠪᠣᠯ ᠬᠠᠮᠲᠤ ᠶᠢᠨ ᠥᠮᠴᠢᠯᠡᠯ ᠤᠨ ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠤᠶᠤ ᠨᠢᠭᠡᠴᠡ ᠠᠴᠠ ᠤᠢ ᠰᠢᠭᠤᠶ᠂ | ᠤᠢ ᠮᠣᠳᠣ ᠪᠠ ᠰᠢᠭᠤᠶᠢᠲᠤ ᠭᠠᠵᠠᠷ ᠢ ᠡᠵᠡᠮᠰᠢᠬᠦ᠂ ᠬᠡᠷᠡᠭᠯᠡᠬᠦ᠂ ᠠᠰᠢᠭ ᠬᠦᠷᠳᠡᠬᠦ᠂ ᠰᠢᠢᠳᠪᠤᠷᠢᠯᠡᠬᠦ ᠡᠷᠬᠡ ᠶᠢ ᠡᠳ᠋ᠯᠡᠬᠦ ᠶᠢ ᠵᠢᠭᠠᠵᠤ ᠪᠠᠶᠢᠨ᠎ᠠ᠃ ᠬᠠᠤᠯᠢ | ᠴᠠᠭᠠᠵᠠ ᠳᠤ ᠲᠣᠭᠲᠠᠭᠠᠭᠰᠠᠨ ᠬᠠᠮᠲᠤ ᠶᠢᠨ ᠦᠮᠴᠢᠯᠡᠯ ᠳᠤ ᠬᠠᠷᠢᠶᠠᠯᠠᠭᠳᠠᠬᠤ ᠤᠢ ᠰᠢᠭᠤᠶ᠂ ᠤᠢ ᠮᠣᠳᠣ ᠪᠠ ᠰᠢᠭᠤᠶᠢᠲᠤ ᠭᠠᠵᠠᠷ᠂ ᠬᠠᠮᠳᠤ ᠶᠢᠨ ᠦᠮᠴᠢᠯᠡᠯ ᠤᠨ | ᠠᠵᠤ ᠠᠬᠤᠶ ᠶᠢᠨ ᠵᠣᠬᠢᠶᠠᠨ ᠪᠠᠶᠢᠭᠤᠯᠤᠯᠲᠠ ᠪᠤᠶᠤ ᠨᠢᠭᠡᠴᠡ ᠤᠢ ᠮᠣᠳᠣᠨ ᠤ ᠡᠷᠬᠡ ᠶᠢ ᠡᠳ᠋ᠯᠡᠨ᠎ᠡ᠃ | ᠬᠤᠶᠠᠷ᠂ ᠶᠠᠭᠤ ᠶᠢ ᠤᠢ ᠮᠣᠳᠣᠨ ᠤ ᠡᠷᠬᠡ ᠶᠢᠨ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠭᠡᠬᠦ ᠪᠤᠢ︖ | ᠤᠢ ᠮᠣᠳᠣᠨ ᠤ ᠡᠷᠬᠡ ᠶᠢᠨ ᠲᠦᠷᠦᠯ ᠤᠨ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠪᠣᠯ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢᠨ ᠰᠠᠯᠠᠭ᠎ᠠ | ᠮᠥᠴᠢᠷ ᠡᠷᠬᠡᠲᠦ ᠬᠥᠮᠦᠨ ᠤ ᠭᠤᠶᠤᠴᠢᠯᠠᠯ ᠢ ᠦᠨᠳᠦᠰᠦᠯᠡᠨ᠂ ᠬᠤᠯᠪᠣᠭᠳᠠᠯ ᠪᠦᠬᠦᠢ ᠭᠤᠶᠤᠴᠢᠯᠠᠭᠴᠢ ᠶᠢᠨ ᠤᠢ ᠰᠢᠭᠤᠶ ᠶᠢᠨ ᠡᠬᠢ ᠪᠠᠶᠠᠯᠢᠭ ᠢ ᠨᠡᠭᠡᠭᠡᠨ | ᠠᠰᠢᠭᠯᠠᠭᠰᠠᠨ ᠠᠴᠠ ᠪᠣᠯᠤᠭᠰᠠᠨ ᠪᠣᠳᠠᠰ ᠤᠨ ᠡᠷᠬᠡ ᠵᠢᠴᠢ ᠪᠣᠳᠠᠰ ᠤᠨ ᠡᠷᠬᠡ ᠶᠢᠨ ᠬᠤᠪᠢᠷᠠᠯᠲᠠ ᠶᠢᠨ ᠵᠦᠢᠯᠡᠰ ᠢ ᠤᠢ ᠮᠣᠳᠣᠨ ᠤ ᠡᠷᠬᠡ ᠶᠢᠨ ᠲᠠᠩᠰᠠᠯᠠᠯᠳᠠ ᠶᠢᠨ | ᠳᠡᠪᠲᠡᠷ ᠲᠤ ᠲᠡᠮᠳᠡᠭᠯᠡᠭᠰᠡᠨ ᠪᠣᠳᠠᠲᠤ ᠬᠡᠷᠡᠭ ᠪᠣᠯᠤᠨ᠎ᠠ᠃ | ᠭᠤᠷᠪᠠ᠂ ᠤᠢ ᠮᠣᠳᠣᠨ ᠤ ᠡᠷᠬᠡ ᠶᠢᠨ ᠲᠦᠷᠦᠯ ᠤᠨ ᠦᠯᠦ ᠬᠥᠳᠡᠯᠬᠦ ᠬᠦᠷᠦᠩᠭᠡ ᠶᠢ ᠳᠠᠩᠰᠠᠯᠠᠬᠤ ᠲᠤᠬᠠᠶᠢᠯᠠᠭᠰᠠᠨ ᠠᠵᠢᠯ ᠳᠤ ᠶᠠᠭᠤ ᠶᠠᠭᠤ ᠪᠠᠭᠲᠠᠬᠤ ᠪᠤᠢ︖ | | ᠤᠢ ᠮᠣᠳᠣᠨ ᠤ ᠡᠷᠬᠡ ᠶᠢᠨ ᠲᠦᠷᠦᠯ ᠤᠨ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠳᠤ ᠤᠢ ᠮᠣᠳᠣᠨ ᠤ ᠡᠷᠬᠡ ᠶᠢ ᠠᠩᠬ᠎ᠠ ᠤᠳᠠᠭ᠎ᠠ ᠳᠠᠩᠰᠠᠯᠠᠬᠤ᠂ | ᠰᠢᠯᠵᠢᠭᠦᠯᠬᠦ ᠲᠠᠩᠰᠠᠯᠠᠯᠳᠠ᠂ ᠬᠤᠪᠢᠷᠠᠭᠤᠯᠬᠤ ᠲᠠᠩᠰᠠᠯᠠᠯᠳᠠ᠂ ᠬᠠᠰᠤᠬᠤ ᠲᠠᠩᠰᠠᠯᠠᠯᠳᠠ᠂ ᠠᠳᠠᠯᠢ ᠪᠤᠳᠤ ᠰᠠᠨᠠᠯ ᠤᠨ ᠲᠠᠩᠰᠠᠯᠠᠯᠳᠠ᠂ ᠤᠷᠢᠳᠴᠢᠯᠠᠨ ᠮᠡᠳᠡᠭᠳᠡᠬᠦ | ᠲᠠᠩᠰᠠᠯᠠᠯᠳᠠ᠂ ᠪᠠᠶᠢᠴᠠᠭᠠᠨ ᠪᠢᠲᠡᠭᠦᠮᠵᠢᠯᠡᠬᠦ ᠲᠠᠩᠰᠠᠯᠠᠯᠳᠠ᠂ ᠵᠠᠯᠠᠷᠠᠭᠤᠯᠬᠤ ᠲᠠᠩᠰᠠᠯᠠᠯᠳᠠ ᠵᠡᠷᠭᠡ ᠪᠠᠭᠲᠠᠨ᠎ᠠ᠃ | ᠲᠦᠷᠪᠡ᠂ ᠤᠢ ᠮᠣᠳᠣᠨ ᠤ ᠡᠷᠬᠡ ᠶᠢᠨ ᠲᠠᠩᠰᠠᠯᠠᠯᠳᠠ ᠶᠢᠨ ᠰᠢᠨᠵᠢ ᠴᠢᠨᠠᠷ ᠨᠢ ᠶᠠᠭᠤ ᠪᠤᠢ︖ | ᠰᠢᠭᠤᠶᠢᠲᠤ ᠭᠠᠵᠠᠷ ᠤᠨ ᠳᠠᠭᠠᠭᠠᠴᠢᠯᠠᠨ ᠡᠵᠡᠩᠨᠡᠬᠦ ᠡᠷᠬᠡ / ᠣᠢ ᠮᠣᠳᠣᠨ ᠤ ᠥᠮᠴᠢᠯᠡᠬᠦ ᠡᠷᠬᠡ᠂ ᠰᠢᠭᠤᠶᠢᠲᠤ ᠭᠠᠵᠠᠷ ᠤᠨ ᠬᠡᠷᠡᠭᠯᠡᠬᠦ ᠡᠷᠬᠡ / ᠣᠢ ᠮᠣᠳᠣᠨ ᠤ | ᠥᠮᠴᠢᠯᠡᠬᠦ ᠡᠷᠬᠡ᠂ ᠰᠢᠭᠤᠶᠢᠲᠤ ᠭᠠᠵᠠᠷ ᠤᠨ ᠡᠵᠡᠩᠨᠡᠬᠦ ᠡᠷᠬᠡ / ᠣᠢ ᠮᠣᠳᠣᠨ ᠤ ᠥᠮᠴᠢᠯᠡᠬᠦ ᠡᠷᠬᠡ᠂ ᠰᠢᠭᠤᠶᠢᠲᠤ ᠭᠠᠵᠠᠷ ᠤᠨ ᠡᠵᠡᠩᠨᠡᠬᠦ ᠡᠷᠬᠡ / ᠣᠢ ᠮᠣᠳᠣᠨ ᠤ | ᠬᠡᠷᠡᠭᠯᠡᠬᠦ ᠡᠷᠬᠡ᠃ | ᠲᠠᠪᠤ᠂ ᠶᠠᠮᠠᠷ ᠬᠦᠮᠦᠰ ︵ᠨᠢᠭᠡᠴᠡ︶ ᠤᠢ ᠰᠢᠭᠤᠶ ᠶᠢᠨ ᠡᠬᠢ ᠪᠠᠶᠠᠯᠢᠭ ᠢ ᠬᠤᠳᠠᠯᠳᠤᠨ ᠠᠪᠴᠤ᠂ ᠲᠦᠷᠢᠶᠡᠰᠦᠯᠡᠵᠦ᠂ ᠳᠠᠭᠠᠭᠠᠴᠢᠯᠠᠵᠤ ᠪᠣᠯᠬᠤ ᠪᠤᠢ︖ | ︽ᠤᠢ ᠰᠢᠭᠤᠶ ᠶᠢᠨ ᠦᠢᠯᠡᠰ ᠤᠨ ᠬᠥᠭᠵᠢᠯᠲᠡ ᠶᠢ ᠲᠦᠷᠭᠡᠳᠬᠡᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠳᠦᠷᠦ ᠶᠢᠨ | ᠶᠠᠪᠤᠳᠠᠯ ᠤᠨ ᠬᠤᠷᠢᠶᠠᠨ ᠤ ᠲᠣᠭᠲᠠᠭᠠᠯ︾ ᠤᠨ ᠲᠥᠪ ᠲᠠᠷᠬᠠᠭᠠᠭᠰᠠᠨ ﹇2003﹈ 19 ᠳ᠋ᠦ᠋ᠭᠡᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ | ᠦᠨᠳᠦᠰᠦᠯᠡᠨ᠂ ᠤᠯᠤᠰ ᠠᠴᠠ ᠡᠯ᠎ᠡ ᠵᠦᠢᠯ ᠤᠨ ᠨᠡᠶᠢᠭᠡᠮ ᠤᠨ ᠪᠡᠶᠡᠴᠢ ᠴᠣᠭᠴᠠ ᠶᠢᠨ ᠥᠮᠴᠢᠯᠡᠯ ᠤᠨ ᠳᠦᠷᠢᠮ ᠠᠯᠤᠰᠯᠠᠨ ᠠᠵᠢᠯ ᠳᠦᠷᠦᠯ ᠠᠯᠤᠰᠯᠠᠵᠤ᠂ ᠭᠠᠵᠠᠷ | ᠣᠷᠣᠨ ᠠᠯᠤᠰᠯᠠᠨ ᠪᠡᠯᠡ ᠣᠷᠣᠭᠤᠯᠤᠨ ᠤᠢ ᠰᠢᠭᠤᠶ ᠶᠢᠨ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠤᠨ᠎ᠠ᠃ ᠴᠢᠳᠠᠪᠤᠷᠢ ᠲᠠᠢ ᠲᠠᠷᠢᠶᠠᠴᠢᠨ ᠡᠷᠦᠭᠡ᠂ ᠬᠤᠳᠠ | ᠪᠠᠯᠭᠠᠰᠤᠨ ᠤ ᠰᠠᠭᠤᠭᠠᠯᠢ ᠠᠷᠠᠳ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠵᠢᠯᠳᠡᠠ᠂ ᠬᠤᠪᠢ ᠶᠢᠨ ᠡᠵᠡᠩᠨᠡᠭᠰᠡᠨ ᠠᠵᠤ ᠠᠬᠤᠶᠢᠯᠠᠯ ᠤᠨ ᠡᠵᠡᠨ᠂ | ᠭᠠᠳᠠᠭᠠᠳᠤ ᠶᠢᠨ ᠪᠡᠯᠠ ᠣᠷᠣᠭᠤᠯᠤᠭᠴᠢ᠂ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠ ᠪᠠᠶᠢᠭᠤᠯᠭ᠎ᠠ ᠪᠦᠯᠬᠦᠮ ᠤᠨ ᠺᠠᠳ᠋ᠷ ᠠᠵᠢᠯᠳᠡᠠ ᠪᠦᠬᠦᠠ ᠴᠥᠮ | ᠭᠠᠭᠴᠠᠭᠠᠷ ᠢᠶᠠᠨ ᠪᠤᠶᠤ ᠬᠤᠷᠰᠢᠵᠦ ᠪᠠᠶᠢᠭᠠᠳ ᠤᠢ ᠰᠢᠭᠤᠶ ᠶᠢᠨ ᠨᠡᠭᠡᠭᠡᠨ ᠬᠥᠭᠵᠢᠭᠦᠯᠦᠯᠲᠡ ᠳᠤ ᠣᠷᠣᠯᠴᠠᠵᠤ᠂ ᠤᠢ ᠰᠢᠭᠤᠶ ᠶᠢᠨ ᠪᠦᠳᠦᠭᠡᠠ ᠪᠠᠶᠢᠭᠤᠯᠤᠯᠲᠠ | ᠬᠢᠵᠦ ᠪᠣᠯᠤᠨ᠎ᠠ᠃ | ᠵᠢᠷᠭᠤᠭ᠎ᠠ᠂ ᠤᠢ ᠮᠤᠳᠤᠨ ᠤ ᠥᠮᠴᠢᠯᠡᠬᠦ ᠡᠷᠬᠡ ᠪᠤᠶᠤ ᠤᠢ ᠮᠤᠳᠤᠨ ᠤ ᠬᠡᠷᠡᠭᠯᠡᠬᠦ ᠡᠷᠬᠡ ᠶᠢᠨ ᠲᠠᠩᠰᠠᠯᠠᠯᠳᠠ ᠶᠢ ᠲᠤᠰᠠᠭᠠᠷ ᠢᠶᠠᠨ ᠭᠤᠶᠤᠴᠢᠯᠠᠵᠤ ᠪᠣᠯᠤᠨ᠎ᠠ ᠤᠤ︖ | | ᠬᠠᠷᠢᠭᠤᠯᠲᠠ᠄ ᠪᠣᠯᠬᠤ ᠦᠭᠡᠢ᠃ ᠤᠢ ᠮᠣᠳᠣᠨ ᠤ ᠡᠷᠬᠡ ᠶᠢᠨ ᠲᠠᠩᠰᠠᠯᠠᠯᠳᠠ ᠳᠤ ︽ᠤᠢ ᠰᠢᠭᠤᠶ᠂ ᠭᠠᠵᠠᠷ ᠰᠢᠷᠣᠶ ᠶᠢ ᠨᠢᠭᠡ ᠴᠤᠭᠴᠠᠵᠢᠭᠤᠯᠬᠤ︾ | ᠲᠠᠩᠰᠠᠯᠠᠯᠳᠠ ᠶᠢᠨ ᠵᠠᠷᠴᠢᠮ ᠢ ᠵᠢᠷᠤᠮᠯᠠᠵᠦ᠂ ᠤᠢ ᠮᠣᠳᠣᠨ ᠤ ᠥᠮᠴᠢᠯᠡᠬᠦ ᠡᠷᠬᠡ ᠪᠤᠶᠤ ᠤᠢ ᠮᠣᠳᠣᠨ ᠤ ᠬᠡᠷᠡᠭᠯᠡᠬᠦ ᠡᠷᠬᠡ ᠶᠢᠨ ᠲᠠᠩᠰᠠᠯᠠᠯᠳᠠ ᠬᠢᠯᠭᠡᠬᠦ ᠪᠠᠷ ᠲᠤᠰᠠᠭᠠᠷ | ᠭᠤᠶᠤᠴᠢᠯᠠᠭᠰᠠᠨ ᠪᠠᠶᠢᠪᠠᠯ᠂ ᠲᠠᠩᠰᠠᠯᠠᠯᠳᠠ ᠶᠢᠨ ᠪᠠᠶᠢᠭᠤᠯᠤᠮᠵᠢ ᠴᠥᠮ ᠬᠥᠯᠢᠶᠡᠨ ᠠᠪᠴᠤ ᠰᠢᠢᠳᠪᠤᠷᠢᠯᠡᠬᠦ ᠦᠭᠡᠢ᠃ | ᠲᠤᠯᠤᠭ᠎ᠠ᠂ ᠤᠢ ᠮᠣᠳᠣᠨ ᠤ ᠡᠷᠬᠡ ᠶᠢᠨ ᠦᠯᠦ ᠬᠥᠳᠡᠯᠬᠦ ᠬᠦᠷᠦᠩᠭᠡ ᠶᠢᠨ ᠲᠠᠩᠰᠠᠯᠠᠯᠳᠠ ᠶᠢ ᠬᠡᠷᠬᠢᠨ ᠬᠢᠬᠦ ᠪᠤᠢ︖ | ᠭᠤᠶᠤᠴᠢᠯᠠᠭᠴᠢ ᠠᠴᠠ ᠣᠶ ᠮᠣᠳᠣᠨ ᠤ ᠡᠷᠬᠡ ᠶᠢᠨ ᠠᠩᠬᠠᠨ ᠤ ᠳᠡᠩᠰᠡᠯᠡᠯᠲᠡ᠂ ᠬᠤᠪᠢᠷᠠᠭᠤᠯᠬᠤ ᠳᠡᠩᠰᠡᠯᠡᠯᠲᠡ᠂ ᠣᠨᠳᠣᠤ ᠰᠠᠨᠠᠯ ᠵᠡᠷᠭᠡ ᠬᠠᠮᠢᠶ᠎ᠠ ᠪᠥᠬᠦᠶ | ᠳᠡᠩᠰᠡᠯᠡᠯᠲᠡ ᠬᠢᠯᠭᠡᠬᠦ ᠪᠠᠷ ᠭᠤᠶᠤᠴᠢᠯᠠᠪᠠᠯ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠳᠤ ᠭᠤᠶᠤᠴᠢᠯᠠᠯ ᠭᠠᠷᠭᠠᠵᠤ᠂ ᠰᠤᠮᠤ ᠪᠠᠯᠭᠠᠰᠤ ᠶᠢᠨ | ᠠᠷᠠᠳ ᠤᠨ ᠵᠠᠰᠠᠭ ᠤᠨ ᠣᠷᠳᠣᠨ ᠠᠴᠠ ᠥᠯᠥ ᠬᠥᠳᠡᠯᠬᠦ ᠬᠥᠷᠥᠩᠭᠡ ᠶᠢᠨ ᠨᠢᠭᠡᠳᠦᠯᠲᠡᠶ ᠳᠡᠩᠰᠡᠯᠡᠯᠲᠡ ᠶᠢᠨ ᠶᠠᠪᠤᠴᠠ ᠶᠣᠰᠣᠭᠠᠷ᠂ ᠲᠣᠰᠬᠤᠨ᠂ ᠬᠤᠷᠰᠢᠶ᠎ᠠ ᠶᠢ | ᠵᠣᠬᠢᠶᠠᠨ ᠪᠠᠶᠢᠭᠤᠯᠤᠨ ᠬᠤᠷᠠᠯ ᠬᠤᠷᠠᠯᠳᠤᠭᠤᠯᠬᠤ ᠶᠢᠨ ᠬᠠᠮᠲᠤ ᠣᠶᠢᠲᠤ ᠭᠠᠵᠠᠷ ᠢ ᠳᠠᠭᠠᠭᠠᠴᠢᠯᠠᠬᠤ᠂ ᠰᠢᠯᠵᠢᠭᠦᠯᠦᠨ ᠥᠭᠬᠦ ᠭᠡᠷ᠎ᠡ ᠲᠣᠭᠲᠠᠵᠤ᠂ ᠬᠥᠷᠰᠢ | ᠵᠡᠷᠭᠡᠯᠡᠳᠡᠭᠡ ᠪᠠᠨ ᠵᠣᠬᠢᠶᠠᠨ ᠪᠠᠶᠢᠭᠤᠯᠤᠨ ᠭᠠᠷ ᠤᠨ ᠥᠰᠥᠭ ᠵᠢᠷᠤᠭᠤᠯᠵᠤ ᠨᠤᠲᠠᠯᠠᠭᠤᠯᠤᠨ᠎ᠠ᠃ ᠳᠠᠩᠰᠠᠯᠠᠭᠰᠠᠨ ᠠᠭᠤᠯᠭ᠎ᠠ ᠶᠢ ᠵᠠᠷᠯᠠᠨ ᠨᠡᠶᠢᠲᠡᠯᠡᠵᠦ᠂ ᠵᠠᠷᠯᠠᠭᠰᠠᠨ | ᠵᠦᠢᠯ ᠳᠤ ᠰᠠᠨᠠᠯ ᠥᠬᠡᠶ ᠪᠣᠯ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠬᠢᠨᠠᠨ ᠬᠠᠷᠭᠤᠭᠤᠯᠵᠤ᠂ ᠬᠢᠨᠠᠨ ᠬᠠᠷᠭᠤᠭᠤᠯᠵᠤ ᠪᠠᠲᠤᠯᠠᠭᠰᠠᠨ ᠤ ᠳᠠᠷᠠᠭ᠎ᠠ | ᠂ ᠬᠤᠰᠢᠭᠤᠨ ᠤ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠲᠤ ᠬᠤᠯᠪᠣᠭᠳᠠᠯ ᠪᠥᠬᠦᠶ ᠣᠶ ᠮᠣᠳᠣᠨ ᠤ ᠡᠷᠬᠡ ᠶᠢᠨ ᠳᠡᠩᠰᠡᠯᠡᠯᠲᠡ ᠬᠢᠯᠭᠡᠬᠦ ᠪᠠᠷ | ᠭᠤᠶᠤᠴᠢᠯᠠᠨ᠎ᠠ᠃ ᠬᠤᠰᠢᠭᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠭᠥᠯᠢᠶᠡᠨ ᠠᠪᠤᠭᠰᠠᠨ ᠤ ᠳᠠᠷᠠᠭ᠎ᠠ᠂ ᠭᠤᠶᠤᠴᠢᠯᠠᠬᠤ᠂ ᠭᠥᠯᠢᠶᠡᠨ | ᠠᠪᠬᠤ᠂ ᠬᠢᠨᠠᠨ ᠬᠠᠷᠭᠤᠭᠤᠯᠬᠤ᠂ ᠦᠨᠡᠮᠯᠡᠯ ᠣᠯᠭᠤᠬᠤ ᠠᠯᠬᠤᠮ ᠳᠠᠷᠠᠭ᠎ᠠ ᠪᠠᠷ ᠨᠥᠬᠦᠴᠡᠯ ᠳᠤ ᠨᠡᠶᠢᠴᠡᠭᠰᠡᠳ ᠲᠤ ᠬᠠᠮᠢᠶ᠎ᠠ ᠪᠥᠬᠦᠶ ᠦᠨᠡᠮᠯᠡᠯ ᠣᠯᠭᠤᠨ᠎ᠠ᠃ ︽ᠤᠢ | ᠮᠣᠳᠣᠨ ᠤ ᠥᠮᠴᠢᠯᠡᠬᠦ ᠡᠷᠬᠡ ᠶᠢᠨ ᠦᠨᠡᠮᠯᠡᠯ︾ ᠪᠤᠶᠤ ︽ᠥᠯᠥ ᠬᠥᠳᠡᠯᠬᠦ ᠬᠥᠷᠥᠩᠭᠡ ᠶᠢᠨ ᠥᠮᠴᠢᠯᠡᠬᠦ ᠡᠷᠬᠡ ᠶᠢᠨ ᠦᠨᠡᠮᠯᠡᠯ︾ ᠢᠶᠠᠷ ᠪᠠᠷᠢᠴᠠᠭᠠᠯᠠᠬᠤ ᠲᠠᠩᠰᠠᠯᠠᠯᠳᠠ | ᠬᠢᠬᠦ ᠲᠤ ᠬᠤᠯᠪᠣᠭᠳᠠᠪᠠᠯ᠂ ᠥᠯᠥ ᠬᠥᠳᠡᠯᠬᠦ ᠬᠥᠷᠥᠩᠭᠡ ᠶᠢᠨ ᠲᠠᠩᠰᠠᠯᠠᠯᠳᠠ ᠶᠢᠨ ᠲᠥᠪ ᠲᠤ ᠬᠦᠷᠴᠦ ᠬᠤᠯᠪᠣᠭᠳᠠᠯ ᠪᠥᠬᠦᠢ ᠲᠠᠩᠰᠠᠯᠠᠯᠳᠠ ᠶᠢᠨ ᠭᠠᠷᠳᠠᠮ | ᠭᠦᠢᠴᠡᠳᠬᠡᠬᠦ ᠪᠠᠷ ᠰᠢᠭᠤᠳ ᠭᠤᠶᠤᠴᠢᠯᠠᠨ᠎ᠠ᠃ | ᠨᠠᠢᠮᠠ᠂ ᠡᠷᠬᠡᠲᠦ ᠬᠥᠮᠦᠨ ᠤᠢ ᠮᠣᠳᠣᠨ ᠤ ᠡᠷᠬᠡ ᠶᠢᠨ ᠦᠯᠦ ᠬᠥᠳᠡᠯᠬᠦ ᠬᠦᠷᠦᠩᠭᠡ ᠶᠢ ᠳᠠᠩᠰᠠᠯᠠᠭᠤᠯᠬᠤ ᠪᠠᠷ ᠭᠤᠶᠤᠴᠢᠯᠠᠬᠤ ᠳᠤ ᠪᠣᠳᠠᠲᠠᠶ ᠶᠠᠮᠠᠷ ᠶᠠᠮᠠᠷ | ᠶᠠᠪᠤᠴᠠ ᠪᠠᠶᠢᠬᠤ ᠪᠤᠢ︖ | ᠮᠠᠨ ᠤ ᠬᠤᠰᠢᠭᠤᠨ ᠤ ᠣᠶ ᠮᠣᠳᠣᠨ ᠤ ᠡᠷᠬᠡ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠪᠣᠳᠠᠲᠠᠶ ᠶᠠᠪᠤᠴᠠ ᠪᠣᠯ᠄ ᠭᠤᠶᠤᠴᠢᠯᠠᠭᠴᠢ ᠨᠢ ᠰᠤᠮᠤ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠳᠤ ᠭᠤᠶᠤᠴᠢᠯᠠᠯ ᠭᠠᠷᠭᠠᠨ᠎ᠠ — ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠩᠬ᠎ᠠ ᠠᠯᠬᠤᠮ | ᠭᠥᠯᠢᠶᠡᠨ ᠠᠪᠴᠤ ᠰᠢᠢᠳᠪᠤᠷᠢᠯᠡᠨ᠎ᠡ — ᠭᠠᠴᠠᠭᠠᠨ ᠤ ᠠᠷᠠᠳ ᠤᠨ ᠬᠤᠷᠠᠯ ᠢ ᠵᠣᠬᠢᠶᠠᠨ ᠪᠠᠶᠢᠭᠤᠯᠵᠤ ᠬᠤᠷᠠᠯᠳᠤᠭᠤᠯᠤᠨ᠎ᠠ — ᠬᠤᠰᠢᠭᠤᠨ ᠤ ᠣᠶ ᠰᠢᠭᠤᠶ | ᠨᠤᠲᠤᠭ ᠪᠡᠯᠴᠢᠭᠡᠷ ᠤᠨ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠭᠠᠳᠠᠨᠠᠬᠢ ᠠᠵᠢᠯ ᠦᠢᠯᠡᠰ ᠤᠨ ᠡᠷᠬᠡ ᠶᠢᠨ ᠬᠠᠷᠢᠶ᠎ᠠ ᠶᠢ ᠪᠠᠶᠢᠴᠠᠭᠠᠬᠤ ᠪᠠ ᠬᠡᠮᠵᠢᠨ ᠵᠢᠷᠤᠬᠤ | — ᠵᠣᠬᠢᠶᠠᠨ ᠪᠠᠶᠢᠭᠤᠯᠵᠤ ᠵᠠᠷᠯᠠᠨ ᠨᠡᠶᠢᠲᠡᠯᠡᠨ᠎ᠡ — ᠣᠶᠢᠲᠤ ᠭᠠᠵᠠᠷ ᠤᠨ ᠳᠠᠭᠠᠭᠠᠴᠢᠯᠠᠯᠲᠠ ᠶᠢᠨ ᠭᠡᠷ᠎ᠡ ᠲᠣᠭᠲᠠᠬᠤ ᠶᠢ ᠵᠣᠬᠢᠶᠠᠨ ᠪᠠᠶᠢᠭᠤᠯᠤᠨ᠎ᠠ — ᠠᠩᠬ᠎ᠠ | ᠠᠯᠬᠤᠮ ᠬᠢᠨᠠᠨ ᠬᠠᠷᠭᠤᠭᠤᠯᠬᠤ — ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠠᠴᠠ ᠳᠠᠬᠢᠨ ᠬᠢᠨᠠᠬᠤ — ᠡᠷᠬᠡᠲᠦ ᠬᠥᠮᠦᠨ ᠥᠯᠥ ᠬᠥᠳᠡᠯᠬᠦ | ᠬᠥᠷᠥᠩᠭᠡ ᠶᠢᠨ ᠳᠡᠩᠰᠡᠯᠡᠯᠲᠡ ᠶᠢᠨ ᠲᠥᠪ ᠲᠤ ᠤᠴᠢᠵᠦ ᠭᠤᠶᠤᠴᠢᠯᠠᠨ᠎ᠠ — ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠠᠴᠠ ᠬᠠᠮᠢᠶ᠎ᠠ ᠪᠥᠬᠦᠶ | ᠶᠠᠪᠤᠴᠠ ᠶᠢᠨ ᠶᠣᠰᠣᠭᠠᠷ ᠦᠨᠡᠮᠯᠡᠯ ᠣᠯᠭᠤᠨ᠎ᠠ᠃ | ᠶᠢᠰᠦ᠂ ᠡᠷᠬᠡᠲᠦ ᠬᠥᠮᠦᠨ ᠨᠢᠭᠡᠨᠲᠡ ᠤᠢ ᠮᠣᠳᠣᠨ ᠤ ᠡᠷᠬᠡ ᠶᠢᠨ ᠦᠨᠡᠮᠯᠡᠯ ᠣᠯᠤᠭᠰᠠᠨ ᠪᠠᠶᠢᠪᠠᠯ᠂ ᠵᠠᠪᠠᠯ ᠦᠯᠦ ᠬᠥᠳᠡᠯᠬᠦ ᠬᠦᠷᠦᠩᠭᠡ ᠶᠢᠨ ᠡᠷᠬᠡ ᠶᠢᠨ | ᠦᠨᠡᠮᠯᠡᠯ ᠪᠣᠯᠭᠠᠨ ᠰᠣᠯᠢᠬᠤ ᠴᠢᠬᠤᠯᠠᠳᠠᠢ ᠤᠤ︖ | ︽ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠦᠷ ᠬᠡᠷᠡᠭᠵᠢᠭᠦᠯᠬᠦ ᠲᠦᠷᠢᠮ︾ ᠤᠨ 33 ᠳ᠋ᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠪᠡᠯ᠂ | ᠲᠣᠰ ᠲᠦᠷᠢᠮ ᠢ ᠬᠡᠷᠡᠭᠵᠢᠭᠦᠯᠬᠦ ᠠᠴᠠ ᠡᠮᠦᠨ᠎ᠡ ᠬᠠᠤᠯᠢ ᠶᠣᠰᠣᠭᠠᠷ ᠣᠯᠭᠤᠭᠰᠠᠨ ᠡᠯ᠎ᠡ ᠲᠥᠷᠥᠯ ᠤᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠬᠠᠷᠢᠶᠠᠯᠠᠯ ᠤᠨ | ᠦᠨᠡᠮᠯᠡᠯ ᠪᠠ ᠦᠶ᠋ᠯᠡᠳᠦᠭᠰᠡᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠳᠡᠪᠲᠡᠷ ᠦᠷᠭᠦᠯᠵᠢᠯᠡᠨ ᠬᠦᠴᠦᠨ ᠲᠠᠢ᠃ ᠭᠠᠭᠴᠠ ᠬᠦ ᠦᠯᠦ ᠬᠥᠳᠡᠯᠬᠦ | ᠬᠦᠷᠦᠩᠭᠡ ᠶᠢᠨ ᠡᠷᠬᠡ ᠳᠤ ᠬᠤᠪᠢᠷᠠᠯᠲᠠ ᠭᠠᠷᠬᠤ᠂ ᠰᠢᠯᠵᠢᠬᠦ᠂ ᠵᠠᠯᠠᠷᠠᠭᠤᠯᠬᠤ ᠵᠢᠴᠢ ᠭᠤᠶᠤᠴᠢᠯᠠᠭᠴᠢ ᠠᠴᠠ ᠨᠥᠬᠦᠪᠥᠷᠢᠯᠡᠨ ᠦᠨᠡᠮᠯᠡᠯ ᠠᠪᠬᠤ ᠪᠠᠷ ᠭᠤᠶᠤᠴᠢᠯᠠᠬᠤ | ᠦᠶ᠎ᠡ ᠳᠤ᠂ ᠡᠷᠬᠡᠲᠦ ᠬᠥᠮᠦᠨ ᠰᠠᠶ᠋ᠢ ᠦᠯᠦ ᠬᠥᠳᠡᠯᠬᠦ ᠬᠦᠷᠦᠩᠭᠡ ᠶᠢᠨ ᠡᠷᠬᠡ ᠶᠢᠨ ᠦᠨᠡᠮᠯᠡᠯ ᠢ ᠰᠤᠯᠢᠬᠤ ᠴᠢᠬᠤᠯᠠᠳᠠᠢ᠃ | ᠠᠷᠪᠠ᠂ ᠤᠢ ᠮᠣᠳᠣᠨ ᠤ ᠡᠷᠬᠡ ᠶᠢᠨ ᠦᠯᠦ ᠬᠥᠳᠡᠯᠬᠦ ᠬᠦᠷᠦᠩᠭᠡ ᠶᠢ ᠳᠠᠩᠰᠠᠯᠠᠭᠤᠯᠬᠤ ᠳᠤ ᠶᠠᠮᠠᠷ ᠶᠠᠮᠠᠷ ᠵᠠᠷᠤᠳᠠᠯ ᠬᠡᠷᠡᠭᠰᠡᠬᠦ ᠪᠤᠢ︖ | ︽ᠬᠡᠰᠡᠭ ᠵᠠᠰᠠᠭ ᠵᠠᠬᠢᠷᠭ᠎ᠠ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠯᠲᠠ ᠶᠢ ᠬᠠᠰᠤᠵᠤ ᠭᠡᠯᠳᠦᠷᠢᠭᠦᠯᠬᠦ ᠬᠤᠯᠪᠣᠭᠳᠠᠯ ᠪᠥᠬᠦᠶ ᠲᠥᠷᠥ ᠶᠢᠨ | ᠪᠣᠳᠣᠯᠭ᠎ᠠ ᠶᠢᠨ ᠲᠤᠬᠠᠶ ᠡᠳ᠋ ᠤᠨ ᠵᠠᠰᠠᠭ ᠤᠨ ᠶᠠᠮᠤᠨ ᠤᠯᠤᠰ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠮᠡᠳᠡᠭᠳᠡᠯ︾ ᠡᠳ᠋ ᠤᠨ ᠵᠠᠰᠠᠭ ᠭᠠᠶᠢᠯᠢ | ︹ 2019 ︺45 ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠣᠶ ᠰᠢᠭᠤᠶ᠂ ᠣᠶ ᠮᠣᠳᠣᠨ ᠤ ᠥᠮᠴᠢᠯᠡᠬᠦ ᠡᠷᠬᠡ ᠵᠢᠴᠢ | ᠡᠵᠡᠯᠡᠨ ᠬᠡᠷᠡᠭᠯᠡᠭᠰᠡᠨ ᠣᠶᠢᠲᠤ ᠭᠠᠵᠠᠷ ᠤᠨ ᠳᠠᠭᠠᠭᠠᠴᠢᠯᠠᠨ ᠡᠵᠡᠩᠨᠡᠬᠦ ᠡᠷᠬᠡ ᠪᠤᠶᠤ ᠣᠶᠢᠲᠤ ᠭᠠᠵᠠᠷ ᠤᠨ ᠬᠡᠷᠡᠭᠯᠡᠬᠦ ᠡᠷᠬᠡ ᠵᠢᠴᠢ ᠬᠠᠮᠢᠶ᠎ᠠ ᠪᠥᠬᠦᠶ ᠪᠠᠷᠢᠴᠠᠭᠠᠯᠠᠬᠤ | ᠡᠷᠬᠡ᠂ ᠭᠠᠵᠠᠷ ᠠᠰᠢᠭᠯᠠᠬᠤ ᠡᠷᠬᠡ ᠶᠢᠨ ᠥᠯᠥ ᠬᠥᠳᠡᠯᠬᠦ ᠬᠥᠷᠥᠩᠭᠡ ᠶᠢᠨ ᠡᠷᠬᠡ ᠶᠢᠨ ᠳᠡᠩᠰᠡᠯᠡᠯᠲᠡ ᠶᠢ ᠬᠢᠯᠭᠡᠬᠦ ᠪᠠᠷ ᠭᠤᠶᠤᠴᠢᠯᠠᠬᠤ ᠳᠤ ᠥᠯᠥ ᠬᠥᠳᠡᠯᠬᠦ | ᠬᠥᠷᠥᠩᠭᠡ ᠶᠢᠨ ᠳᠡᠩᠰᠡᠯᠡᠯᠲᠡ ᠶᠢᠨ ᠰᠦᠢᠳᠬᠡᠯ ᠬᠤᠷᠢᠶᠠᠬᠤ ᠥᠬᠡᠶ᠃ | |