ᠯᠢᠦ ᠶᠦᠩ ᠹᠦ᠋
ᠨᠡᠶᠢᠲᠡᠯᠡᠭᠰᠡᠨ ᠴᠠᠭ᠄
2021/12/26
         ᠡᠷᠡᠭᠲᠡᠢ᠂ ᠬᠢᠲᠠᠳ ᠦᠨᠳᠦᠰᠦᠲᠡᠨ᠂ 1976 ᠣᠨ ᠤ 2 ᠰᠠᠷ᠎ᠠ ᠳᠤ ᠲᠦᠷᠦᠪᠡ᠂ 1986 ᠣᠨ ᠤ 7 ᠰᠠᠷ᠎ᠠ ᠳᠤ ᠠᠵᠢᠯ ᠳᠤ ᠭᠠᠷᠪᠠ᠂ ᠡᠪ ᠬᠠᠮᠲᠤ ᠨᠠᠮ ᠤᠨ ᠬᠡᠰᠢᠭᠦᠨ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠣᠳᠣ ᠳᠠᠯᠠᠳ ᠬᠤᠰᠢᠭᠤᠨ ᠤ ᠤᠯᠤᠰ ᠲᠥᠷᠥ ᠶᠢᠨ ᠵᠦᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠲᠡᠷᠢᠭᠦᠯᠡᠭᠴᠢ᠂ ᠱᠦᠵᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃      1983.09 — 1986.07   ᠶᠡᠭᠡ ᠵᠤᠤ ᠠᠶᠢᠮᠠᠭ ᠤᠨ ᠪᠠᠭᠰᠢ ᠶᠢᠨ ᠰᠤᠷᠭᠠᠭᠤᠯᠢ ᠶᠢᠨ ᠡᠩ ᠤᠨ ᠪᠠᠭᠰᠢ ᠶᠢᠨ ᠲᠤᠰᠬᠠᠢ ᠮᠡᠷᠭᠡᠵᠢᠯ ᠳᠤ ᠰᠤᠷᠤᠯᠴᠠᠪᠠ︔      1986.07 — 1987.07   ᠳᠠᠯᠠᠳ ᠬᠤᠰᠢᠭᠤᠨ ᠤ ᠬᠤᠶᠠᠳᠤᠭᠠᠷ ᠳᠤᠮᠳᠠᠳᠤ ᠰᠤᠷᠭᠠᠭᠤᠯᠢ ᠳᠤ ᠪᠠᠭᠰᠢᠯᠠᠵᠤ ᠪᠠᠶᠢᠪᠠ︔      1987.09 — 1989.09   ᠳᠠᠯᠠᠳ ᠬᠤᠰᠢᠭᠤᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠳᠤ ᠪᠠᠭᠰᠢᠯᠠᠵᠦ ᠪᠠᠶᠢᠪᠠ︔      1989.09 ᠰᠠᠷ᠎ᠠ — 1992.09   ᠳᠠᠯᠠᠳ ᠬᠤᠰᠢᠭᠤᠨ ᠤ ᠷᠡᠳᠢᠤ᠋ ᠲᠧᠯᠸᠢᠰ ᠤᠨ ᠲᠤᠪᠴᠢᠶᠠᠨ ᠳᠤ ᠠᠵᠢᠯᠯᠠᠵᠤ ᠪᠠᠶᠢᠪᠠ︔ ︵ᠡᠨᠡ ᠬᠤᠭᠤᠴᠠᠭᠠᠨ  ᠳᠤ᠄ 1988.09 — 1991. 07 ᠦᠪᠦᠷ ᠮᠤᠩᠭᠤᠯ ᠤᠨ ᠶᠡᠭᠡ ᠵᠤᠤ ᠰᠤᠷᠭᠠᠨ ᠬᠦᠮᠦᠵᠢᠯ ᠤᠨ ᠳᠡᠭᠡᠳᠤ ᠰᠤᠷᠭᠠᠭᠤᠯᠢ ᠶᠢᠨ ᠬᠢᠲᠠᠳ ᠦᠭᠡ ᠬᠡᠯᠡ ᠦᠰᠦᠭ ᠪᠢᠴᠢᠭ ᠤᠨ ᠲᠤᠰᠬᠠᠢ ᠮᠡᠷᠭᠡᠵᠢᠯ ᠤᠨ ᠳᠡᠭᠡᠳᠦ ᠵᠡᠷᠭᠡ ᠶᠢᠨ ᠲᠤᠰᠬᠠᠢ ᠮᠡᠷᠭᠡᠵᠢᠯ ᠤᠨ ᠠᠩᠭᠢ ᠳᠤ ᠰᠤᠷᠤᠯᠴᠠᠵᠤ ᠪᠠᠶᠢᠪᠠ︶︔     1992.09 — 1996.10   ᠳᠠᠯᠠᠳ ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠲᠤ ᠠᠵᠢᠯᠯᠠᠵᠦ ᠪᠠᠶᠢᠪᠠ︔ ︵ᠡᠨᠡ ᠬᠤᠭᠤᠴᠠᠭᠠᠨ ᠳᠤ᠄ 1995.03 ᠰᠠᠷ᠎ᠠ ᠳᠤ ᠳᠡᠳ᠋ ᠰᠠᠯᠠᠭᠠᠨ ᠤ ᠨᠠᠷᠢᠨ ᠪᠢᠴᠢᠭᠡᠴᠢ ᠪᠣᠯᠪᠠ︶︔      1996.10 — 1998.04   ᠳᠠᠯᠠᠳ ᠬᠤᠰᠢᠭᠤᠨ ᠤ ᠪᠠᠢ ᠨᠢ ᠵᠢᠩ ᠪᠠᠯᠭᠠᠰᠤᠨ ᠤ ᠪᠠᠯᠭᠠᠰᠤᠨ ᠳᠠᠷᠤᠭ᠎ᠠ ᠪᠠᠷ ᠠᠵᠢᠯᠯᠠᠵᠦ ᠪᠠᠶᠢᠪᠠ︔     1998.04 — 2002.04   ᠬᠤᠰᠢᠭᠤᠨ ᠤ ᠨᠠᠮ ᠤᠨ ᠬᠤᠷᠢᠶᠠᠨ ᠤ ᠠᠯᠪᠠᠨ ᠭᠡᠷ ᠤᠨ ᠳᠡᠳ᠋ ᠡᠷᠬᠢᠯᠡᠭᠴᠢ ᠪᠠᠷ ᠠᠵᠢᠯᠯᠠᠵᠦ ᠪᠠᠶᠢᠪᠠ︔ ︵ᠡᠨᠡ ᠬᠤᠭᠤᠴᠠᠭᠠᠨ ᠳᠤ᠄ 1998.08 — 2000.12 ᠲᠥᠪ ᠤᠨ ᠨᠠᠮ ᠤᠨ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠲᠤᠰᠬᠠᠢ ᠮᠡᠷᠭᠡᠵᠢᠯ ᠤᠨ ᠵᠢᠩᠬᠢᠨᠢ ᠠᠩᠭᠢ ᠳᠤ ᠰᠣᠷᠣᠯᠴᠠᠵᠦ ᠪᠠᠶᠢᠪᠠ︶︔       2002.04 — 2006.09   ᠬᠤᠰᠢᠭᠤᠨ ᠤ ᠵᠠᠰᠠᠭ ᠤᠨ ᠤᠷᠳᠤᠨ ᠤ ᠠᠯᠪᠠᠨ ᠭᠡᠷ ᠤᠨ ᠡᠷᠬᠢᠯᠡᠭᠴᠢ ᠪᠠᠷ ᠠᠵᠢᠯᠯᠠᠵᠦ ᠪᠠᠶᠢᠪᠠ︔       2006.09 — 2011.04   ᠳᠠᠯᠠᠳ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠯᠪᠠᠨ ᠭᠡᠷ ᠤᠨ ᠡᠷᠬᠢᠯᠡᠭᠴᠢ ᠪᠠᠷ ᠠᠵᠢᠯᠯᠠᠵᠦ ᠪᠠᠶᠢᠪᠠ︔ ︵ᠡᠨᠡ ᠬᠤᠭᠤᠴᠠᠭᠠᠨ ᠳᠤ᠄ 2007.09 — 2010.07 ᠲᠥᠪ ᠤᠨ ᠨᠠᠮ ᠤᠨ ᠰᠤᠷᠭᠠᠭᠤᠯᠢ ᠶᠢᠨ ᠠᠵᠤ ᠠᠬᠤᠢ ᠶᠢᠨ ᠬᠠᠮᠢᠶᠠᠷᠤᠯᠲᠠ ᠶᠢᠨ ᠠᠩᠭᠢ ᠶᠢᠨ ᠰᠤᠳᠤᠯᠬᠤ ᠰᠤᠷᠤᠭᠴᠢ ᠪᠠᠷ ᠰᠤᠷᠤᠯᠴᠠᠵᠦ ᠪᠠᠶᠢᠪᠠ︶︔       2011.04 — 2017.10   ᠳᠠᠯᠠᠳ ᠬᠤᠰᠢᠭᠤᠨ ᠤ ᠵᠠᠰᠠᠭ ᠤᠨ ᠤᠷᠳᠤᠨ ᠤ ᠳᠡᠳ᠋ ᠬᠤᠰᠢᠭᠤ ᠳᠠᠷᠤᠭ᠎ᠠ ᠶᠢᠨ ᠲᠤᠰᠢᠶᠠᠯ ᠢ ᠬᠠᠷᠢᠭᠤᠴᠠᠵᠦ ᠪᠠᠶᠢᠪᠠ︔ ︵ᠡᠨᠡ ᠬᠤᠭᠤᠴᠠᠭᠠᠨ ᠳᠤ᠄ 2012.10 ᠰᠠᠷ᠎ᠠ ᠳᠤ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠡᠰᠢᠭᠦᠨ ᠪᠣᠯᠪᠠ︶︔       2017.10 — 2017.12   ᠳᠠᠯᠠᠳ ᠬᠤᠰᠢᠭᠤᠨ ᠤ ᠤᠯᠤᠰ ᠲᠦᠷᠥ ᠶᠢᠨ ᠵᠦᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠢᠨ ᠨᠡᠷ᠎ᠡ ᠳᠤᠷᠠᠳᠤᠭᠴᠢ ᠪᠠᠶᠢᠪᠠ︔      2017.12 — ᠣᠳᠣ ᠪᠤᠯᠲᠠᠯ᠎ᠠ   ᠳᠠᠯᠠᠳ ᠬᠤᠰᠢᠭᠤᠨ ᠤ ᠤᠯᠤᠰ ᠲᠦᠷᠦ ᠶᠢᠨ ᠵᠦᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠡᠷᠢᠭᠦᠯᠡᠭᠴᠢ ᠶᠢᠨ ᠲᠤᠰᠢᠶᠠᠯ ᠢ ᠬᠠᠷᠢᠭᠤᠴᠠᠵᠤ ᠪᠠᠶᠢᠨ᠎ᠠ᠃   
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ