ᠸᠠᠩ ᠱᠤᠸᠠᠢ
ᠨᠡᠶᠢᠲᠡᠯᠡᠭᠰᠡᠨ ᠴᠠᠭ᠄
2021/12/26
    ᠡᠷᠡᠭᠲᠡᠶ᠂ ᠬᠢᠲᠠᠳ ᠦᠨᠳᠦᠰᠦᠲᠡᠨ᠂ 1976 ᠣᠨ ᠤ 11 ᠰᠠᠷ᠎ᠠ ᠳᠤ ᠲᠦᠷᠦᠵᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠳᠡᠭᠡᠳᠦ ᠵᠡᠷᠭᠡ ᠶᠢᠨ ᠲᠤᠰᠬᠠᠶ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠃ 1995 ᠣᠨ ᠤ 12 ᠰᠠᠷ᠎ᠠ ᠳᠤ ᠠᠵᠢᠯ ᠳᠤ ᠤᠷᠤᠵᠦ᠂ ᠡᠳᠦᠭᠡ ᠲᠠᠯᠠᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠶᠢᠨ ᠲᠤᠰᠢᠶᠠᠯ ᠢ ᠬᠠᠷᠢᠭᠤᠴᠠᠵᠤ ᠪᠣᠶ᠃    ᠭᠤᠤᠯᠳᠠᠭᠤ ᠵᠠᠩ ᠰᠢᠤ ᠯᠢᠩ ᠨᠥᠬᠦᠷ ᠢ ᠬᠠᠪᠰᠤᠷᠤᠨ ᠨᠠᠮ ᠤᠨ ᠪᠠᠶᠢᠭᠤᠯᠤᠯᠲᠠ ᠶᠢᠨ ᠠᠵᠢᠯ ᠢ ᠠᠳᠬᠤᠵᠤ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠨᠠᠶᠢᠳᠠᠯᠭ᠎ᠠ ᠪᠠᠷ ᠬᠠᠮᠢᠶ᠎ᠠ ᠪᠥᠬᠦᠶ ᠠᠵᠢᠯ ᠢ ᠬᠠᠷᠢᠭᠤᠴᠠᠨ᠎ᠠ︔ ᠣᠯᠠᠨ ᠲᠦᠮᠡᠨ ᠤ ᠪᠦᠯᠬᠦᠮ᠂ ᠮᠠᠯᠵᠢᠬᠤ ᠲᠠᠷᠢᠶᠠᠯᠠᠬᠤ ᠣᠷᠣᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠬᠠᠤᠯᠢ ᠶᠣᠰᠣᠭᠠᠷ ᠬᠤᠰᠢᠭᠤ ᠪᠠᠨ ᠵᠠᠰᠠᠬᠤ᠂ ᠤᠯᠤᠰ ᠲᠥᠷᠥ ᠬᠠᠤᠯᠢ ᠴᠠᠭᠠᠵᠠ ᠵᠠᠬᠢᠳᠠᠯ ᠰᠤᠷᠪᠤᠯᠵᠢᠯᠠᠭ᠎ᠠ ᠂ ᠰᠤᠷᠭᠠᠨ ᠬᠥᠮᠦᠵᠢᠯ᠂ ᠴᠡᠷᠢᠭ ᠠᠴᠠ ᠬᠠᠯᠠᠭᠳᠠᠭᠰᠠᠳ ᠤᠨ ᠶᠠᠪᠤᠳᠠᠯ ᠤᠨ ᠠᠵᠢᠯ ᠢ ᠬᠠᠷᠢᠭᠤᠴᠠᠨ᠎ᠠ︔ ᠬᠤᠰᠢᠭᠤᠨ ᠤ ᠨᠠᠮ ᠤᠨ ᠬᠤᠷᠢᠶ᠎ᠠ ᠶᠢᠨ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠪᠥᠬᠦ ᠲᠠᠯ᠎ᠠ ᠶᠢᠨ ᠠᠵᠢᠯ ᠢ ᠬᠠᠷᠢᠭᠤᠴᠠᠨ᠎ᠠ︔ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠠᠵᠢᠯ ᠢ ᠵᠤᠬᠢᠴᠠᠭᠤᠯᠤᠨ ᠵᠢᠯᠣᠭᠤᠳᠤᠨ᠎ᠠ︔ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ᠂ ᠬᠤᠰᠢᠭᠤᠨ ᠤ ᠡᠪᠯᠡᠯ ᠤᠨ ᠬᠤᠷᠢᠶ᠎ᠠ᠂ ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠢ ᠬᠤᠪᠢᠳᠠᠨ ᠬᠠᠮᠢᠶᠠᠷᠤᠨ᠎ᠠ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ᠂ ᠬᠤᠰᠢᠭᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ᠂ ᠵᠡᠪᠰᠡᠭᠲᠦ ᠴᠠᠭᠳᠠᠭ᠎ᠠ ᠶᠢᠨ ᠳᠠᠯᠠᠳ ᠤᠨ ᠳᠤᠮᠳᠠ ᠠᠩᠭᠢ᠂ ᠪᠡᠯᠡᠳᠬᠡᠯ ᠠᠯᠪᠠᠨ ᠤ 90 ᠳ᠋ᠦ᠋ᠭᠡᠷ ᠬᠤᠷᠢᠶ᠎ᠠ ᠶᠢᠨ 2 ᠳ᠋ᠤᠭᠠᠷ ᠪᠠᠲᠯᠢᠶᠣᠨ ᠲᠠᠢ ᠬᠠᠷᠢᠯᠴᠠᠨ᠎ᠠ᠃     1995.12 — 1998.10  ᠵᠡᠪᠰᠡᠭᠲᠦ ᠴᠠᠭᠳᠠᠭ᠎ᠠ ᠶᠢᠨ ᠰᠢᠨᠵᠢᠶᠠᠩ ᠤᠨ ᠶᠡᠷᠦᠩᠬᠡᠢ ᠠᠩᠬᠢ ᠶᠢᠨ ᠳᠥᠷᠪᠡᠳᠦᠭᠡᠷ ᠰᠠᠯᠪᠤᠷᠢ ᠠᠩᠬᠢ ᠶᠢᠨ ᠱᠲ᠋ᠠᠪ ᠤᠨ ᠭᠠᠵᠠᠷ ᠲᠤ ᠠᠯᠪᠠ ᠬᠠᠭᠠᠵᠦ ᠪᠠᠶᠢᠵᠠᠢ︔    1998.10 — 2004.10   ᠥᠪᠥᠷ ᠮᠣᠩᠭᠤᠯ ᠤᠨ ᠳᠠᠯᠠᠳ ᠬᠤᠰᠢᠭᠤᠨ ᠤ ᠵᠢᠶᠧ ᠹᠠᠩ ᠲᠠᠨ ᠪᠠᠯᠭᠠᠰᠤᠨ ᠤ ᠵᠠᠰᠠᠭ ᠤᠨ ᠣᠷᠳᠣᠨ ᠳᠤ ᠠᠵᠢᠯᠯᠠᠵᠦ ᠪᠠᠶᠢᠵᠠᠢ︔    2004.10 — 2005.11  ᠥᠪᠥᠷ ᠮᠣᠩᠭᠤᠯ ᠤᠨ ᠳᠠᠯᠠᠳ ᠬᠤᠰᠢᠭᠤᠨ ᠤ ᠢᠦᠢ ᠯᠢᠨ ᠽᠢ ᠰᠢᠶᠠᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠡᠳ᠋ ᠲᠡᠷᠢᠭᠦᠯᠡᠭᠴᠢ ᠪᠠᠷ ᠠᠵᠢᠯᠯᠠᠵᠦ ᠪᠠᠶᠢᠵᠠᠢ︔    2005.11 — 2008.02  ᠥᠪᠥᠷ ᠮᠣᠩᠭᠤᠯ ᠤᠨ ᠳᠠᠯᠠᠳ ᠬᠤᠰᠢᠭᠤᠨ ᠤ ᠸᠠᠩ ᠤᠨ ᠵᠤᠤ ᠪᠠᠯᠭᠠᠰᠤᠨ ᠤ ᠵᠠᠰᠠᠭ ᠤᠨ ᠣᠷᠳᠣᠨ ᠤ ᠪᠠᠯᠭᠠᠰᠤᠨ ᠳᠡᠳ᠋ ᠳᠠᠷᠤᠭ᠎ᠠ᠂ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ  ᠪᠠᠷ ᠠᠵᠢᠯᠯᠠᠵᠦ ᠪᠠᠶᠢᠵᠠᠢ︔     2008.02 — 2010.04  ᠥᠪᠥᠷ ᠮᠣᠩᠭᠤᠯ ᠤᠨ ᠳᠠᠯᠠᠳ ᠬᠤᠰᠢᠭᠤᠨ ᠤ ᠸᠠᠩ ᠤᠨ ᠵᠤᠤ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠰᠠᠬᠢᠯᠭ᠎ᠠ ᠪᠠᠲᠤ ᠪᠠᠶᠢᠴᠠᠭᠠᠬᠤ ᠱᠦᠵᠢ ᠪᠠᠷ ᠠᠵᠢᠯᠯᠠᠵᠦ ᠪᠠᠶᠢᠵᠠᠢ︔     2010.04 — 2013.04  ᠥᠪᠥᠷ ᠮᠣᠩᠭᠤᠯ ᠤᠨ ᠳᠠᠯᠠᠳ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ‌‍ᠲ᠋ᠠᠷᠤᠭ᠎ᠠ ᠪᠠᠷ ᠠᠵᠢᠯᠯᠠᠵᠦ ᠪᠠᠶᠢᠵᠠᠢ     2013.04 — 2015.06  ᠥᠪᠥᠷ ᠮᠣᠩᠭᠤᠯ ᠤᠨ ᠳᠠᠯᠠᠳ ᠬᠤᠰᠢᠭᠤᠨ ᠤ ᠵᠠᠰᠠᠭ ᠤᠨ ᠣᠷᠳᠣᠨ ᠤ ᠳᠡᠳ᠋ ᠪᠠᠶᠢᠴᠠᠭᠠᠨ ᠰᠤᠳᠤᠯᠤᠭᠴᠢ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠳᠠᠷᠤᠭ᠎ᠠ ᠪᠠᠷ ᠠᠵᠢᠯᠯᠠᠵᠦ ᠪᠠᠶᠢᠵᠠᠢ     2015. 06 — 2017. 10  ᠥᠪᠥᠷ ᠮᠣᠩᠭᠤᠯ ᠤᠨ ᠳᠠᠯᠠᠳ ᠬᠤᠰᠢᠭᠤᠨ ᠤ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠠᠬᠢᠳᠠᠯ ᠰᠤᠷᠪᠤᠯᠵᠢᠯᠠᠭ᠎ᠠ ᠶᠢᠨ ᠲᠣᠪᠴᠢᠶᠠᠨ ᠳᠠᠷᠤᠭ᠎ᠠ   ᠪᠠᠷ ᠠᠵᠢᠯᠯᠠᠵᠦ ᠪᠠᠶᠢᠵᠠᠢ︔    2017.10 — 2021.06    ᠥᠪᠥᠷ ᠮᠣᠩᠭᠤᠯ ᠤᠨ ᠳᠠᠯᠠᠳ ᠬᠤᠰᠢᠭᠤᠨ ᠤ ᠵᠠᠰᠠᠭ ᠤᠨ ᠣᠷᠳᠣᠨ ᠤ  ᠬᠤᠰᠢᠭᠤ ᠳᠡᠳ᠋ ᠳᠠᠷᠤᠭ᠎ᠠ ᠪᠠᠷ ᠠᠵᠢᠯᠯᠠᠵᠦ ᠪᠠᠶᠢᠵᠠᠢ︔     2021.06 — ᠤᠳᠤ ᠪᠤᠯᠳᠠᠯ᠎ᠠ  ᠥᠪᠥᠷ ᠮᠣᠩᠭᠤᠯ ᠤᠨ ᠳᠠᠯᠠᠳ ᠬᠤᠰᠢᠭᠤᠨ ᠤ ᠨᠠᠮ ᠤᠨ ᠬᠤᠷᠢᠶ᠎ᠡ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠡ ᠶᠢᠨ ᠱᠦᠵᠢ ᠪᠠᠷ ᠠᠵᠢᠯᠯᠠᠵᠦ ᠪᠠᠶᠢᠨ᠎ᠠ᠃
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ