ᠤᠳᠤᠬᠢᠴᠢᠯᠠᠭᠰᠡᠨ ᠪᠦᠳᠤᠬᠡᠨ ᠪᠠᠶᠢᠭᠤᠯᠤᠯᠳᠠ ᠶᠢᠨ ᠰᠢᠨ᠎ᠡ ᠠᠶᠠᠨ ᠳᠤ ᠲᠠᠯᠠᠳ ᠤᠨ ᠡᠬᠦᠷᠬᠡᠯᠡᠯ ᠢᠶᠠᠨ ᠢᠯᠡᠷᠡᠬᠦᠯᠤᠨ᠎ᠡ
ᠨᠡᠶᠢᠲᠡᠯᠡᠭᠰᠡᠨ ᠴᠠᠭ᠄
2021/12/27
                 ᠲᠠᠯᠡᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠵᠠᠩ ᠰᠢᠤ ᠯᠢᠩ     ᠨᠠᠮ ᠤᠨ ᠠᠷᠪᠠ ᠶᠢᠰᠤᠳᠤᠬᠡᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠪᠤᠯ ᠮᠠᠨ ᠤ ᠨᠠᠮ ᠪᠠᠶᠢᠭᠤᠯᠤᠭᠳᠠᠭᠰᠡᠨ ᠵᠠᠭᠤᠨ ᠵᠢᠯ  ᠤᠨ ᠤᠢ ᠶᠢᠨ ᠴᠢᠬᠤᠯᠠ ᠲᠡᠤᠬᠡᠨ ᠴᠠᠭ ᠮᠦᠴᠡ ᠳᠤ᠂《 ᠬᠤᠤᠰ ᠵᠠᠭᠤᠨ ᠵᠢᠯ》 ᠤᠨ ᠠᠭᠤᠯᠵᠠᠷ ᠤᠨ ᠴᠢᠬᠤᠯᠠ ᠶᠡᠭᠡ ᠲᠡᠤᠬᠡ ᠶᠢᠨ ᠵᠠᠩᠬᠢᠯᠭ᠎ᠠ ᠶᠢᠨ ᠦᠶ᠎ᠡ ᠳᠤ ᠬᠤᠷᠠᠯᠳᠤᠭᠤᠯᠤᠭᠰᠡᠨ ᠨᠢᠬᠡᠨ ᠣᠳᠠᠭᠠᠨ ᠤ ᠬᠦᠰᠢᠶ᠎ᠡ ᠲᠡᠮᠳᠡᠭ ᠤᠨ ᠠᠴᠢ ᠬᠤᠯᠪᠤᠭᠳᠠᠯ ᠲᠠᠢ ᠴᠢᠬᠤᠯᠠ ᠬᠤᠷᠠᠯ ᠪᠤᠯᠤᠨ᠎ᠠ᠃ ᠦᠨᠳᠤᠰᠤᠨ ᠱᠠᠳᠤᠨ ᠤ ᠨᠠᠮ ᠤᠨ ᠬᠤᠷᠢᠶᠠᠨ ᠤ ᠱᠦᠵᠢ ᠪᠤᠯᠤᠭᠰᠡᠨ ᠤ ᠬᠤᠪᠢ ᠳᠤ᠂ ᠨᠠᠮ ᠤᠨ ᠠᠷᠪᠠ ᠶᠢᠰᠤᠳᠤᠬᠡᠷ ᠬᠤᠭᠤᠴᠠᠭᠠᠨ ᠤ ᠲᠦᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠠᠯᠵᠤ ᠲᠤᠭᠤᠷᠢᠯᠠᠭᠤᠯᠬᠤ ᠨᠢ ᠤᠳᠤᠬᠠᠨ ᠤ ᠪᠠ ᠬᠤᠶᠢᠰᠢᠳᠠ ᠶᠢᠨ ᠬᠡᠰᠡᠭ ᠬᠤᠭᠤᠴᠠᠭᠠᠨ ᠤ ᠴᠢᠬᠤᠯᠠ ᠶᠡᠭᠡ ᠤᠯᠤᠰ ᠲᠦᠷᠤ ᠵᠢᠨ‌ᠡᠬᠦᠷᠬᠡ ᠪᠤᠯᠭᠠᠵᠤ᠂ ᠦᠪᠡᠷᠳᠡᠬᠡᠨ ᠵᠠᠰᠠᠬᠤ ᠤᠷᠤᠨ ᠤ ᠠᠷᠪᠠᠨ ᠨᠢᠬᠡᠳᠤᠬᠡᠷ ᠤᠳᠠᠭ᠎ᠠ ᠶᠢᠨ ᠨᠠᠮ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠲᠠᠢ ᠤᠶᠠᠯᠳᠤᠭᠤᠯᠤᠨ ᠨᠠᠶᠢᠳᠠᠪᠤᠷᠢᠵᠢᠭᠤᠯᠤᠯᠳᠠ ᠶᠢ ᠨᠠᠷᠢᠨ ᠬᠢᠨᠠᠮᠠᠭᠠᠢ ᠰᠠᠶᠢᠳᠤᠷ ᠠᠳᠬᠤᠨ᠂ ᠨᠠᠮ ᠤᠨ ᠵᠠᠭᠤᠨ ᠵᠢᠯ ᠲᠠᠮᠡᠴᠡᠯ ᠤᠨ ᠲᠠᠤᠬᠡᠨ ᠶᠠᠪᠤᠴᠠ ᠠᠴᠠ ᠤᠶᠤᠨ ᠤᠬᠠᠭᠠᠨ ᠪᠠ ᠬᠦᠴᠤᠨ ᠴᠢᠳᠠᠯ ᠢ ᠤᠯᠵᠤ᠂ ᠰᠢᠨ᠎ᠡ ᠵᠠᠨᠮ ᠢᠶᠠᠷ ᠰᠠᠶᠢᠳᠤᠷ ᠵᠠᠮᠨᠠᠨ᠂ ᠰᠢᠨ᠎ᠡ ᠡᠬᠦᠷᠬᠡ ᠬᠠᠷᠢᠭᠤᠴᠠᠯᠭ᠎ᠠ ᠪᠠᠨ ᠬᠦᠢᠴᠡᠳᠬᠡᠵᠤ᠂ ᠤᠳᠤᠬᠢᠴᠢᠯᠠᠭᠰᠡᠨ ᠪᠦᠳᠤᠬᠡᠨ ᠪᠠᠶᠢᠭᠤᠯᠤᠯᠳᠠ  ᠶᠢᠨ ᠰᠢᠨ᠎ᠡ ᠠᠶᠠᠨ ᠳᠠᠭᠠᠨ ᠲᠠᠯᠠᠳ ᠤᠨ ᠡᠬᠦᠷᠬᠡᠯᠡᠯ ᠢ ᠢᠯᠡᠷᠡᠬᠦᠯᠤᠨ᠎ᠡ᠃       ᠨᠢᠬᠡ ᠳᠤ ᠠᠮᠢ ᠠᠬᠤᠢ ᠶᠢ ᠴᠢᠬᠤᠯᠠᠴᠢᠯᠡᠨ᠂ ᠬᠠᠳᠤᠨ ᠭᠤᠤᠯ ᠤᠨ《 ᠲᠤᠬᠤᠢ》 ᠶᠢᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠰᠠᠶᠢᠳᠤᠷ ᠰᠡᠬᠢᠨ᠎ᠡ᠃ ᠲᠠᠯᠡᠳ ᠬᠤᠰᠢᠭᠤ ᠬᠠᠳᠤᠨ ᠭᠤᠤᠯ ᠤᠨ ᠰᠡᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ ᠬᠦᠭᠵᠢᠯᠳᠠ ᠶᠢᠨ ᠣᠯᠣᠰ ᠤᠨ ᠪᠠᠶᠢᠯᠳᠤᠬᠤ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠡᠪᠤᠷᠢᠵᠢᠭᠤᠯᠵᠤ᠂ ᠠᠭᠤᠯᠠ ᠤᠰᠤ ᠤᠢ ᠭᠠᠵᠡᠷ ᠲᠠᠷᠢᠶ᠎ᠡ ᠨᠠᠭᠤᠷ ᠪᠦᠷᠢᠳᠤ ᠨᠤᠳᠤᠭ ᠪᠡᠯᠴᠢᠬᠡᠷ ᠡᠯᠡᠰᠤ ᠮᠠᠩᠬ᠎ᠠ ᠪᠠ ᠮᠠᠯᠴᠢᠨ ᠲᠠᠷᠢᠶᠠᠴᠢᠨ ᠤ ᠦᠢᠯᠡᠳᠪᠤᠷᠢᠯᠠᠯ ᠠᠮᠢᠳᠤᠷᠠᠯ ᠢ ᠨᠢᠬᠡ ᠴᠤᠭᠴᠠᠵᠢᠭᠤᠯᠤᠨ ᠬᠠᠮᠠᠭᠠᠯᠠᠬᠤ ᠶᠢ ᠨᠢᠬᠡᠳᠤᠯᠳᠠᠢ ᠲᠦᠯᠤᠪᠯᠡᠨ ᠠᠬᠢᠭᠤᠯᠵᠤ᠂ ᠡᠯᠡᠰᠤ ᠶᠢ ᠵᠠᠰᠠᠬᠤ ᠂ ᠲᠠᠩ ᠭᠠᠵᠠᠷ ᠢ ᠵᠠᠰᠠᠬᠤ᠂ ᠬᠦᠨᠳᠡᠢ ᠶᠢᠨ ᠭᠤᠤᠯ ᠢ ᠵᠠᠰᠡᠬᠤ ᠭᠤᠷᠪᠠᠨ ᠭᠤᠤᠯᠳᠠᠯᠭ᠎ᠠ ᠶᠢ ᠰᠠᠶᠢᠳᠤᠷ ᠠᠳᠬᠤᠨ᠂ ᠬᠠᠳᠤᠨ ᠭᠤᠤᠯ ᠤᠨ ᠦᠶᠡᠷ ᠢ ᠰᠡᠷᠬᠡᠶᠢᠯᠡᠬᠦ ᠭᠤᠷᠪᠠᠳᠤᠭᠠᠷ ᠬᠤᠭᠤᠴᠠᠭᠠᠨ ᠤ ᠪᠠᠷᠢᠯᠭ᠎ᠠ᠂ ᠠᠷᠪᠠᠨ ᠶᠡᠭᠡ ᠬᠦᠨᠳᠠᠢ ᠶᠢᠨ ᠭᠤᠤᠯ ᠢ ᠶᠡᠷᠤᠩᠬᠡᠶᠢᠯᠡᠨ ᠵᠠᠰᠡᠬᠤ ᠪᠠ ᠫᠦ᠋ ᠬᠧ ᠪᠦ᠋᠂ ᠵᠤᠤ ᠵᠢᠶᠦ᠋ᠨ ᠤ ᠤᠩᠭᠤᠨ ᠤ ᠦᠶᠡᠷ ᠢ ᠲᠤᠭᠳᠠᠭᠠᠨ ᠬᠤᠷᠠᠭᠤᠯᠬᠤ ᠤᠷᠤᠨ᠂ ᠲᠠᠩ ᠭᠠᠵᠡᠷ ᠤᠨ ᠠᠷᠡᠳ ᠢ ᠨᠠᠬᠦᠯᠬᠡᠨ ᠰᠢᠯᠵᠢᠬᠦᠯᠵᠤ ᠪᠦᠳᠤᠬᠡᠨ ᠪᠠᠶᠢᠭᠤᠯᠬᠤ ᠵᠡᠷᠬᠡ ᠭᠤᠤᠯᠳᠠᠯᠭ᠎ᠠ ᠲᠠᠢ ᠪᠠᠷᠢᠯᠭ᠎ᠠ  ᠶᠢ ᠬᠡᠷᠡᠭᠵᠢᠬᠦᠯᠵᠤ᠂ ᠬᠠᠳᠤᠨ ᠭᠤᠤᠯ ᠤᠨ ᠠᠮᠢ ᠠᠬᠤᠢ ᠤᠷᠴᠢᠨ ᠲᠤᠭᠤᠷᠢᠨ ᠤ ᠬᠠᠮᠠᠭᠠᠯᠠᠯᠳᠠ ᠪᠠᠷ ᠭᠤᠤᠯ ᠰᠤᠳᠠᠰᠤ ᠪᠤᠯᠭᠠᠭᠰᠡᠨ᠂ ᠡᠯᠡᠰᠤ ᠮᠠᠩᠬ᠎ᠠ᠂ ᠲᠡᠯ᠎ᠠ ᠨᠤᠳᠤᠭ᠂ ᠬᠠᠯᠠᠬᠠᠪᠴᠢ ᠤᠢ᠂ ᠲᠤᠪᠤ ᠲᠤᠪᠤᠴᠠᠭ ᠲᠦᠷᠪᠡᠨ ᠶᠡᠭᠡ ᠠᠮᠢ ᠠᠬᠤᠢ ᠶᠢᠨ ᠤᠷᠤᠨ ᠤ ᠬᠠᠮᠭᠠᠯᠠᠯᠳᠠ ᠪᠠ ᠠᠷᠪᠠᠨ ᠶᠡᠭᠡ ᠬᠦᠨᠳᠡᠢ ᠶᠢᠨ ᠭᠤᠤᠯ ᠤᠨ ᠠᠮᠢ ᠠᠬᠤᠢ ᠶᠢᠨ ᠬᠤᠩᠬᠢᠯ ᠤᠨ ᠪᠦᠳᠤᠬᠡᠨ ᠪᠠᠶᠢᠭᠤᠯᠤᠯᠳᠠ ᠪᠠᠷ ᠭᠤᠤᠯ ᠠᠭᠤᠯᠭ᠎ᠠ ᠪᠤᠯᠭᠠᠭᠰᠡᠨ ᠠᠮᠢ ᠠᠬᠤᠢ ᠶᠢᠨ ᠠᠮᠤᠷ ᠲᠦᠪᠰᠢᠨ ᠤ ᠪᠠᠶᠢᠷᠠᠰᠢᠯ ᠢ ᠪᠠᠶᠢᠷᠢᠰᠢᠯ ᠢ ᠪᠠᠶᠢᠭᠤᠯᠵᠤ᠂ ᠲᠠᠯᠡᠳ ᠬᠤᠰᠢᠭᠤᠨ  ᠤ190 ᠺᠢᠯᠤᠮᠧᠲᠷ ᠤᠨ ᠬᠠᠳᠤᠨ ᠭᠤᠤᠯ ᠤᠨ ᠡᠷᠬᠢ ᠶᠢᠨ ᠱᠣᠭᠤᠮ᠂ ᠠᠷᠪᠠᠨ ᠶᠡᠭᠡ ᠬᠦᠨᠳᠡᠢ ᠶᠢᠨ ᠭᠤᠤᠯ ᠭᠠᠵᠡᠷ ᠵᠦᠢ ᠶᠢᠨ ᠲᠡᠪᠠᠭᠤᠯᠢᠭ ᠢ ᠬᠦᠭᠵᠢᠯᠳᠠ ᠶᠢᠨ ᠰᠠᠭᠤᠷᠢ ᠲᠠᠪᠠᠭᠤᠯᠢᠭ ᠪᠤᠯᠭᠠᠨ ᠬᠤᠪᠢᠷᠠᠭᠤᠯᠤᠨ᠎ᠠ᠃       ᠬᠤᠶᠠᠷ ᠲᠤ ᠤᠳᠤ ᠦᠶ᠎ᠡ ᠶᠢᠨ ᠡᠨᠧᠷᠬᠢ ᠶᠢᠨ ᠠᠵᠤ ᠠᠬᠤᠢ ᠶᠢ ᠰᠠᠶᠢᠳᠤᠷ ᠠᠳᠬᠤᠵᠤ᠂ ᠴᠢᠨᠡᠷ ᠰᠠᠶᠢᠳᠠᠢ ᠬᠦᠭᠵᠢᠯᠳᠠ ᠳᠤ《 ᠪᠤᠬᠢᠷᠳᠤᠯ ᠦᠬᠡᠢ》 ᠬᠦᠳᠡᠯᠬᠡᠬᠦ ᠬᠦᠴᠤᠨ ᠨᠡᠮᠡᠷᠢᠯᠡᠨ᠎ᠡ᠃《 ᠤᠰᠤ ᠪᠠᠷ ᠲᠦᠷᠪᠡ ᠶᠢ ᠲᠤᠭᠳᠠᠭᠠᠬᠤ》 ᠵᠠᠷᠴᠢᠮ ᠢ ᠪᠦᠬᠦ ᠲᠠᠯ᠎ᠠ ᠪᠠᠷ ᠲᠤᠭᠤᠰᠢᠯᠠᠭᠤᠯᠤᠨ᠂《 ᠬᠤᠤᠰ ᠨᠠᠬᠦᠷᠡᠰᠤᠦ᠋ᠷᠣᠭ᠍ᠴᠢ》 ᠶᠢᠨ ᠬᠠᠷᠠᠯᠳᠠ ᠪᠠ ᠡᠨᠧᠷᠬᠢ ᠶᠢ ᠬᠤᠷᠤᠭᠳᠠᠯ ᠤᠨ《 ᠬᠤᠤᠰ ᠡᠵᠡᠮᠳᠡᠯ》 ᠤᠨ ᠴᠢᠩᠭᠠᠷᠠᠭᠤᠯᠵᠤ᠂ ᠪᠤᠬᠢᠷᠳᠤᠯ ᠦᠬᠡᠢ ᠲᠤᠤᠷ᠎ᠡ ᠨᠡᠬᠦᠷᠡᠰᠤᠳᠦ᠋ᠷᠤᠭ᠍ᠴᠢᠳᠤ ᠡᠷᠬᠢᠯᠳᠡᠳᠤ ᠬᠦᠭᠵᠢᠯᠳᠠ ᠶᠢ ᠠᠬᠢᠭᠤᠯᠤᠨ᠂《 ᠬᠤᠤᠰ ᠨᠠᠬᠦᠷᠡᠰᠣᠳᠦ᠋ᠷᠤᠭ᠍ᠴᠢ》 ᠶᠢᠨ ᠬᠠᠷᠠᠯᠳᠠ ᠶᠢ ᠨᠠᠶᠢᠳᠠᠪᠤᠷᠢᠵᠢᠭᠤᠯᠬᠤ ᠵᠠᠮ ᠢ ᠬᠠᠶᠢᠨ ᠰᠦᠪᠡᠭᠴᠢᠯᠡᠨ᠎ᠡ᠃ ᠲᠤᠰᠬᠠᠢ ᠨᠠᠷᠢᠯᠢᠭ ᠤᠨᠴᠠ ᠰᠢᠨ᠎ᠡ ᠲᠡᠬᠡᠳᠤ ᠦᠵᠤᠬᠦᠷᠴᠢᠯᠡᠭᠰᠡᠨ ᠲᠦᠷᠤᠯ ᠵᠤᠶᠢᠯ ᠳᠤ ᠴᠢᠭᠯᠡᠬᠦᠯᠤᠨ ᠪᠦᠬᠦ ᠤᠷᠤᠨ ᠪᠦᠰᠡ ᠶᠢᠨ ᠪᠦᠬᠦ ᠠᠵᠤ ᠦᠢᠯᠡᠰ ᠤᠨ ᠬᠡᠯᠬᠢᠶᠡᠵᠢᠯ ᠢᠶᠠᠷ ᠮᠢᠩᠭᠠᠨ ᠲᠦᠮᠡᠨ ᠺᠢᠯᠤᠸᠠᠲ ᠤᠨ ᠲᠡᠰ ᠤᠨ ᠰᠢᠨ᠎ᠡ ᠡᠨᠧᠷᠬᠢ ᠶᠢᠨ ᠶᠡᠷᠤᠩᠬᠢᠯᠡᠭᠰᠡᠨ ᠨᠡᠬᠡᠬᠡᠨ ᠬᠦᠭᠵᠢᠬᠦᠯᠤᠯᠳᠠ ᠶᠢᠨ ᠤᠷᠢᠳ ᠢᠶᠠᠷ ᠬᠡᠷᠡᠭᠵᠢᠬᠦᠯᠬᠦ ᠲᠠᠭᠤᠷᠢᠶᠠᠯ ᠦᠵᠡᠬᠦᠯᠬᠦ ᠰᠠᠭᠤᠷᠢᠨ ᠭᠠᠵᠡᠷ᠂ ᠱᠧᠩ ᠬᠤᠩ ᠪᠤᠬᠢᠷᠳᠣᠯ ᠦᠬᠡᠢ ᠰᠢᠨ᠎ᠡ ᠮᠠᠲ᠋ᠧᠷᠢᠶᠠᠯ ᠤᠨ ᠡᠷᠬᠢᠯᠳᠡᠳᠤ ᠠᠵᠤ ᠠᠬᠤᠢ ᠶᠢᠨ ᠠᠵᠤ ᠦᠢᠯᠡᠰ ᠤᠨ ᠬᠦᠷᠢᠶᠠᠯᠡᠩ ᠲᠤᠭᠤᠷᠢᠭ ᠵᠡᠷᠬᠡ ᠭᠤᠤᠯᠳᠠᠯᠭ᠎ᠠ ᠲᠠᠢ ᠠᠵᠤ ᠦᠢᠯᠡᠰ ᠤᠨ ᠬᠡᠯᠬᠢᠶ᠎ᠡ ᠶᠢᠨ ᠲᠦᠷᠤᠯ ᠵᠤᠶᠢᠯ ᠤᠨ ᠪᠦᠳᠤᠬᠡᠨ ᠪᠠᠶᠢᠭᠤᠯᠤᠯᠳᠠ ᠶᠢ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢᠨ ᠲᠤᠤᠷᠡᠳᠤ ᠤᠷᠤᠰᠬᠠᠯ ᠲᠠᠶᠢᠰᠢ ᠤᠷᠳᠤᠳᠬᠠᠬᠤ᠂ ᠦᠷᠳᠡᠭ ᠤᠨ ᠬᠡᠯᠬᠢᠶ᠎ᠡ ᠶᠢ ᠲᠤᠮᠳᠠ ᠲᠡᠬᠡᠳᠤ ᠲᠡᠰ ᠲᠠᠶᠢᠰᠢ ᠲᠡᠬᠡᠭᠰᠢᠯᠡᠬᠦᠯᠬᠦ ᠶᠢ ᠠᠬᠢᠭᠤᠯᠤᠨ᠂《 ᠠᠷᠪᠠᠨ ᠲᠦᠷᠪᠡᠳᠤᠬᠡᠷ ᠲᠠᠪᠤᠨ ᠵᠢᠯ 》 ᠤᠨ ᠠᠵᠤ ᠠᠬᠤᠢ ᠶᠢᠨ ᠶᠡᠷᠤᠩᠬᠡᠢ ᠬᠡᠮᠵᠢᠶ᠎ᠡ᠂ ᠬᠦᠷᠢᠶᠡᠯᠡᠩ ᠲᠤᠭᠤᠷᠢᠭ ᠤᠨ ᠦᠢᠯᠡᠳᠪᠤᠷᠢᠯᠠᠯ ᠤᠨ ᠶᠡᠷᠤᠩᠬᠡᠢ ᠦᠷᠳᠡᠭ ᠤᠨ ᠬᠤᠤᠰ500 ᠳ᠋ᠦᠩᠰᠢᠭᠤᠷ ᠲᠦᠭᠦᠷᠢᠭ ᠠᠴᠠ ᠲᠠᠪᠠᠭᠤᠯᠬᠤ ᠶᠢ ᠦᠨᠡᠨ ᠬᠦ ᠪᠠᠳᠤᠯᠡᠨ᠎ᠡ᠃       ᠭᠤᠷᠪᠠ ᠳᠤ ᠬᠦᠳᠡᠭᠡ ᠲᠤᠰᠬᠤᠨ ᠢ ᠪᠦᠬᠦ ᠲᠡᠯ᠎ᠡ ᠪᠠᠷ ᠬᠦᠭᠵᠢᠬᠦᠯᠬᠦ ᠶᠢ ᠯᠠᠪᠳᠠᠭᠤᠨ ᠪᠠᠳᠤᠳᠠᠢ ᠠᠬᠢᠭᠤᠯᠵᠤ᠂ ᠬᠠᠮᠳᠣ ᠪᠠᠷ ᠪᠠᠶᠠᠵᠢᠬᠤ《 ᠲᠠᠷᠢᠶᠠᠯᠠᠩ ᠠᠵᠤ ᠠᠬᠤᠢ ᠲᠠᠷᠢᠶᠠᠯᠠᠬᠤ ᠤᠷᠤᠨ ᠲᠠᠷᠢᠶᠠᠴᠢᠨ》 ᠤ ᠰᠠᠭᠤᠷᠢ ᠶᠢ ᠪᠠᠳᠤᠳᠬᠠᠨ᠎ᠡ᠃ ᠲᠠᠯᠠᠳ ᠬᠤᠰᠢᠭᠤ《 ᠬᠠᠳᠤᠨ ᠭᠤᠤᠯ ᠤᠨ ᠲᠤᠬᠤᠢ》 ᠶᠢᠨ ᠤᠷᠤᠨ ᠪᠦᠰᠡ ᠶᠢ ᠨᠠᠶᠢᠳᠠ ᠶᠢᠨ ᠬᠡᠷᠡᠭᠯᠡᠬᠡᠨ ᠤ ᠨᠡᠷᠡᠳᠤ ᠲᠡᠮᠳᠡᠭᠳᠤ ᠶᠢᠨ ᠨᠦᠯᠤᠬᠡᠯᠡᠬᠦ ᠬᠦᠴᠤᠨ᠂ ᠦᠷᠢᠰᠤᠯᠳᠤᠬᠦ ᠢ ᠲᠡᠬᠡᠭᠰᠢᠯᠡᠬᠦᠯᠬᠦ ᠪᠠᠷ ᠭᠠᠷᠳᠡᠴᠠ ᠪᠤᠯᠭᠠᠵᠤ᠂ ᠲᠠᠶᠢᠴᠢᠯᠡᠨ ᠲᠠᠭᠠᠭᠤᠯᠬᠤ ᠴᠢᠳᠠᠪᠤᠷᠢ ᠪᠠᠷ ᠴᠢᠩᠭ᠎ᠠ ᠲᠤᠯᠤᠭᠠᠶᠢᠯᠠᠬᠤ ᠠᠵᠤ ᠠᠬᠤᠶᠢᠯᠠᠯ ᠢ ᠤᠷᠤᠭᠤᠯᠤᠨ ᠠᠪᠴᠢᠷᠠᠵᠤ ᠪᠤᠶᠢᠵᠢᠭᠤᠯᠬᠤ ᠶᠢ ᠲᠦᠷᠬᠡᠳᠬᠡᠨ᠂ ᠠᠮᠤ ᠪᠤᠳᠠᠭ᠎ᠠ᠂ ᠵᠢᠮᠢᠰ ᠢᠳᠡᠰᠢᠨ ᠨᠤᠭᠤᠭ᠎ᠠ᠂ ᠰᠦ ᠮᠢᠬ᠎ᠠ ᠵᠡᠷᠬᠡ ᠭᠤᠤᠯᠯᠠᠬᠤ ᠠᠵᠤ ᠦᠢᠯᠡᠰ ᠪᠤᠯᠤᠨ ᠰᠢᠨ᠎ᠡ ᠰᠤᠷᠭᠤᠭ ᠢᠳᠡᠬᠡᠨ ᠤ ᠡᠷᠳᠡᠨᠢ ᠰᠢᠰᠢ᠂ ᠲᠡᠬᠡᠳᠤ ᠲᠡᠰ ᠤᠨ ᠠᠯᠠᠰᠢᠨ ᠦᠬᠡᠷ ᠵᠡᠷᠬᠡ ᠤᠨᠴᠠᠯᠢᠭᠳᠤ ᠠᠵᠤ ᠦᠢᠯᠡᠰ ᠢ ᠭᠤᠤᠯᠳᠠᠯᠭ᠎ᠠ ᠲᠠᠢ ᠪᠤᠶᠢᠵᠢᠭᠤᠯᠤᠨ ᠪᠤᠵᠠᠭᠠᠶᠢᠷᠠᠭᠤᠯᠵᠤ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠤᠬᠡᠭᠳᠡᠬᠦᠨ  ᠤ ᠴᠢᠨᠡᠷ ᠴᠢᠨᠰᠠᠭ᠎ᠠ ᠶᠢᠨ ᠠᠮᠤᠷ ᠲᠦᠪᠰᠢᠨ ᠤ ᠬᠢᠨᠠᠯᠳᠠ ᠬᠠᠮᠢᠶᠠᠷᠤᠯᠳᠠ᠂ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠪᠠ ᠮᠦᠷᠳᠡᠯᠳᠠ ᠶᠢᠨ ᠲᠤᠭᠳᠠᠯᠴᠠᠭ᠎ᠠ ᠶᠢ ᠪᠠᠶᠢᠭᠤᠯᠤᠨ ᠪᠦᠷᠢᠨᠰᠢᠬᠦᠯᠵᠤ᠂ ᠨᠡᠷᠡᠳᠤ ᠲᠠᠮᠳᠡᠭᠳᠤ ᠲᠠᠷᠢᠶᠠᠯᠠᠩ ᠤᠨ ᠪᠦᠳᠤᠬᠡᠭᠳᠠᠬᠦᠨ ᠤ ᠴᠢᠨᠡᠷ ᠴᠢᠨᠰᠠᠭ᠎ᠠ ᠶᠢᠨ ᠠᠮᠤᠷ ᠲᠦᠪᠰᠢᠨ ᠤ ᠬᠢᠨᠡᠯᠳᠠ ᠬᠠᠮᠢᠶᠠᠷᠤᠯᠳᠠ᠂ ᠰᠢᠯᠭᠠᠨ ᠪᠠᠶᠢᠴᠠᠭᠠᠬᠤ ᠪᠠᠶᠢᠴᠠᠭᠠᠨ ᠬᠡᠮᠵᠢᠬᠦ ᠪᠠ ᠮᠦᠷᠳᠡᠯᠳᠠ ᠶᠢᠨ ᠲᠤᠭᠳᠠᠯᠴᠠᠭ᠎ᠠ ᠶᠢ ᠪᠠᠶᠢᠭᠤᠯᠤᠨ ᠪᠦᠷᠢᠨᠰᠢᠬᠦᠯᠵᠤ᠂ ᠨᠡᠷᠡᠳᠤ ᠲᠡᠮᠳᠡᠭᠳᠤ ᠲᠠᠷᠢᠶᠠᠯᠠᠩ ᠢᠶᠠᠷ ᠪᠦᠬᠦ ᠤᠯᠤᠰ ᠤᠨ ᠲᠤᠮᠤ ᠵᠠᠬ᠎ᠠ ᠲᠡᠯᠬᠡᠬᠦᠷ ᠲᠠᠢ ᠵᠤᠯᠭᠠᠭᠤᠯᠵᠤ᠂ ᠮᠠᠯᠴᠢᠨ ᠲᠡᠷᠢᠶᠠᠴᠢᠳ ᠤᠨ ᠴᠢᠨᠡᠬᠡᠯᠢᠭᠵᠢᠯ ᠤᠨ ᠡᠬᠦᠳᠠ ᠶᠢ ᠨᠡᠬᠡᠬᠡᠨ᠎ᠡ᠃      ᠲᠦᠷᠪᠡ ᠳᠤ ᠨᠡᠬᠡᠬᠡᠯᠳᠡᠳᠤ ᠬᠠᠮᠳᠣᠷᠠᠯᠴᠠᠭ᠎ᠠ ᠶᠢ ᠪᠦᠬᠦ ᠲᠠᠯ᠎ᠠ ᠪᠠᠷ ᠬᠦᠨᠵᠡᠬᠡᠶᠢᠷᠡᠬᠦᠯᠤᠨ᠂ ᠤᠷᠤᠨ ᠪᠦᠰᠠ ᠶᠢᠨ ᠬᠦᠭᠵᠢᠯᠳᠠ ᠶᠢᠨ ᠶᠡᠭᠡ ᠲᠠᠯ᠎ᠠ ᠳᠤ ᠰᠠᠨᠠᠭᠠᠴᠢᠯᠭ᠎ᠠ ᠠᠴᠠ ᠪᠠᠨ ᠠᠭᠤᠰᠤᠯᠴᠠᠨ᠎ᠠ᠃ ᠴᠢᠨᠡᠷ ᠰᠠᠶᠢᠳᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠤᠬᠡᠭᠳᠡᠬᠦᠨ᠂ ᠡᠯᠪᠡᠭ ᠲᠡᠯᠪᠡᠭ ᠰᠢᠨ᠎ᠡ ᠡᠨᠧᠷᠬᠢ᠂ ᠨᠡᠬᠦᠷᠡᠰᠤ ᠪᠠᠷ ᠰᠠᠭᠤᠷᠢ ᠪᠤᠯᠭᠠᠭᠰᠡᠨ ᠠᠵᠤ ᠦᠢᠯᠡᠰ ᠬᠦᠭᠵᠢᠭᠰᠡᠨ ᠵᠡᠷᠬᠡ ᠲᠠᠪᠠᠭᠤᠯᠢᠭ ᠢᠶᠠᠨ ᠪᠠᠳᠠᠷᠠᠭᠤᠯᠤᠨ᠂ ᠰᠢᠨ᠎ᠡ ᠮᠠᠲ᠋ᠧᠷᠢᠶᠠᠯ᠂ ᠲᠡᠬᠡᠳᠤ ᠲᠡᠰ ᠤᠨ ᠪᠦᠳᠤᠬᠡᠭᠳᠡᠬᠦᠨ ᠤ ᠨᠡᠷᠡᠳᠤ ᠲᠡᠮᠳᠡᠭᠳᠤ ᠶᠢᠨ ᠪᠠᠶᠢᠭᠤᠯᠤᠯᠳᠠ ᠵᠡᠷᠬᠡ ᠲᠠᠯ᠎ᠠ ᠶᠢᠨ ᠲᠠᠪᠠᠭᠤᠯᠢᠭ ᠢᠶᠠᠨ ᠠᠰᠢᠭᠯᠠᠨ ᠬᠦᠭᠵᠢᠬᠦᠯᠵᠤ᠂《 ᠬᠠᠳᠤᠨ ᠭᠤᠤᠯ ᠤᠨ ᠲᠤᠬᠤᠢ》 ᠶᠢᠨ ᠴᠡᠪᠡᠷ ᠡᠨᠧᠷᠬᠢ ᠶᠢᠨ ᠰᠠᠭᠤᠷᠢᠨ ᠭᠠᠵᠡᠷ ᠤᠨ ᠭᠤᠤᠯ ᠤᠷᠤᠨ᠂ ᠰᠢᠨ᠎ᠡ ᠮᠠᠲ᠋ᠧᠷᠢᠶᠠᠯ ᠢ ᠰᠤᠳᠤᠯᠤᠨ ᠨᠡᠬᠡᠬᠡᠵᠤ ᠬᠡᠷᠡᠭᠯᠡᠬᠦ ᠰᠠᠭᠤᠷᠢᠨ ᠭᠠᠵᠡᠷ ᠪᠤᠯᠤᠨ ᠴᠢᠨᠡᠷ ᠰᠠᠶᠢᠳᠠᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠳᠤᠬᠡᠭᠳᠡᠬᠦᠨ ᠢ ᠦᠢᠯᠡᠳᠪᠤᠷᠢᠯᠡᠵᠤ ᠪᠤᠷᠤᠯᠠᠭᠤᠯᠬᠤ ᠤᠷᠤᠨ ᠢ ᠪᠠᠶᠢᠭᠤᠯᠤᠨ᠎ᠠ᠃ ᠡᠯᠡᠰᠤᠨ ᠴᠦᠯ᠂ ᠭᠤᠤᠯ ᠮᠦᠷᠡᠨ᠂ ᠲᠠᠯ᠎ᠠ ᠨᠤᠳᠤᠭ᠂ ᠬᠡᠷᠡᠯ ᠴᠡᠨᠡᠭ ᠵᠡᠷᠬᠡ ᠴᠢᠨᠡᠷ ᠰᠠᠶᠢᠳᠠᠢ ᠵᠤᠭᠠᠴᠠᠯ ᠤᠨ ᠡᠬᠢ ᠪᠠᠶᠠᠯᠢᠭ ᠲᠤ ᠲᠦᠰᠢᠭᠯᠡᠨ᠂ ᠰᠤᠶᠤᠯ ᠵᠤᠭᠠᠴᠠᠯ᠂ ᠪᠠᠶᠡᠷ ᠲᠤᠷᠠᠰᠬᠠᠯ ᠠᠮᠠᠷᠠᠯᠳᠠ ᠶᠢᠨ ᠡᠳᠤᠷ ᠤᠨ ᠬᠡᠷᠡᠭᠯᠡᠭᠡ ᠵᠡᠷᠬᠡ ᠲᠡᠯ᠎ᠠ ᠪᠠᠷ ᠰᠤᠯᠪᠢᠴᠠᠭᠤᠯᠤᠨ ᠬᠦᠭᠵᠢᠬᠦᠯᠵᠤ᠂ ᠬᠠᠳᠤᠨ ᠭᠤᠤᠯ ᠤᠨ ᠰᠤᠶᠤᠯ ᠢ ᠪᠠᠶᠡᠴᠢᠯᠡᠨ ᠦᠢᠯᠠᠭᠠᠬᠤ᠂ ᠦᠵᠡᠮᠵᠢ ᠰᠤᠨᠢᠷᠬᠠᠬᠤ᠂ ᠬᠦᠳᠡᠭᠡ ᠲᠤᠰᠬᠤᠨ ᠶᠢᠨ ᠵᠤᠭᠠᠴᠠᠬᠤ᠂ ᠰᠡᠯᠡᠬᠦᠴᠠᠯ ᠲᠠᠷᠢᠶᠠᠯᠠᠩ ᠢᠶᠠᠷ ᠭᠤᠤᠯ ᠠᠭᠤᠯᠭ᠎ᠠ ᠪᠤᠯᠭᠠᠭᠰᠡᠨ ᠬᠠᠳᠤᠨ ᠭᠤᠤᠯ ᠲᠠᠭᠠᠤ ᠶᠢᠨ ᠠᠮᠢ ᠠᠬᠤᠢ  ᠶᠢᠨ ᠵᠤᠭᠠᠴᠠᠯ ᠤᠨ ᠬᠠᠷᠠᠯᠳᠠᠳᠤ ᠣᠷᠣᠨ ᠢ ᠪᠦᠳᠤᠬᠡᠨ ᠪᠠᠶᠢᠭᠤᠯᠤᠨ᠎ᠠ᠃       ᠲᠠᠪᠤ ᠳᠤ ᠨᠠᠮ ᠤᠨ ᠪᠠᠶᠢᠭᠤᠯᠤᠯᠳᠠ ᠶᠢ ᠦᠷᠬᠦᠯᠵᠢᠯᠡᠨ ᠴᠢᠩᠭᠠᠳᠬᠠᠵᠤ᠂ ᠦᠨᠳᠤᠰᠤᠨ ᠱᠠᠳᠤᠨ ᠤ ᠰᠠᠭᠤᠷᠢ ᠶᠢ ᠪᠦᠬᠦ ᠲᠠᠯ᠎ᠡ ᠪᠠᠷ ᠪᠠᠬᠢᠵᠢᠬᠦᠯᠤᠨ᠎ᠡ᠃《 ᠪᠢ ᠤᠯᠡᠨ ᠲᠦᠮᠡᠨ ᠳᠤ ᠪᠤᠳᠠᠳᠤ ᠶᠠᠪᠤᠳᠠᠯ ᠬᠢᠬᠦ》 ᠪᠠᠶᠢᠩᠭᠤᠵᠢᠭᠰᠡᠨ ᠲᠤᠭᠳᠠᠴᠡ ᠶᠢ ᠪᠠᠶᠢᠭᠤᠯᠤᠨ ᠪᠦᠷᠢᠨᠰᠢᠬᠦᠯᠵᠤ ᠂ ᠨᠠᠮ ᠤᠨ ᠲᠡᠤᠬᠡ ᠶᠢᠨ ᠰᠤᠷᠤᠯᠴᠠᠯᠭ᠎ᠠ ᠬᠦᠮᠤᠵᠢᠯ ᠢ ᠬᠦᠨᠵᠡᠬᠡᠶᠢᠷᠡᠬᠦᠯᠤᠨ ᠪᠤᠳᠠᠳᠠᠶᠢᠵᠢᠭᠤᠯᠬᠤ ᠶᠢ ᠴᠢᠨᠡᠷ ᠰᠠᠶᠢᠳᠠᠢ ᠦᠨᠳᠣᠷ ᠪᠡᠷᠢᠮᠵᠢᠶ᠎ᠡ ᠪᠠᠷ ᠠᠬᠢᠭᠤᠯᠤᠨ᠂ ᠨᠠᠮ ᠤᠨ ᠰᠢᠨ᠎ᠡ ᠶᠢ ᠡᠬᠦᠳᠬᠦ ᠤᠨᠤᠯ ᠢᠶᠠᠷ ᠲᠡᠷᠢᠬᠢ ᠲᠤᠯᠤᠭᠠᠢ ᠪᠠᠨ ᠵᠠᠪᠰᠡᠭᠯᠡᠵᠤ᠂ ᠬᠦᠭᠵᠢᠯᠳᠠ ᠶᠢ ᠬᠦᠳᠤᠯᠤᠨ ᠲᠠᠭᠠᠭᠤᠯᠤᠨ᠎ᠡ᠃《 ᠭᠤᠷᠪᠠ ᠶᠢ ᠢᠯᠠ ᠪᠤᠯᠭᠠᠬᠤ᠂ ᠭᠤᠷᠪᠡ ᠶᠢ ᠪᠦᠷᠬᠦᠬᠦᠯᠬᠦ᠂ ᠲᠤᠪᠤ ᠶᠢ ᠪᠠᠷᠢᠮᠳᠠᠯᠠᠬᠤ ᠵᠢᠷᠭᠤᠭᠠᠨ ᠨᠢᠬᠡ ᠶᠢ ᠬᠦᠨᠵᠡᠬᠡᠶᠢᠷᠡᠬᠦᠯᠤᠨ ᠪᠤᠳᠠᠳᠠᠶᠢᠵᠢᠭᠤᠯᠬᠤ》ᠠᠵᠢᠯ ᠤᠨ ᠲᠤᠭᠳᠠᠴᠠ ᠶᠢ ᠬᠡᠷᠡᠭᠵᠢᠬᠦᠯᠵᠤ᠂ ᠪᠠᠶᠢᠭᠤᠯᠭ᠎ᠠ᠂ ᠤᠯᠤᠰ ᠤᠨ ᠦᠮᠴᠢᠯᠡᠯᠳᠣ ᠠᠵᠤ ᠠᠬᠤᠶᠢᠯᠡᠯ ᠵᠡᠷᠬᠡ ᠬᠦᠷᠢᠶ᠎ᠡ ᠴᠡᠷᠠᠭᠠᠨ ᠳᠠᠬᠢ ᠨᠡᠮ ᠤᠨ ᠪᠠᠶᠢᠭᠤᠯᠤᠯᠳᠠ ᠶᠢ ᠴᠢᠩᠭᠠᠳᠬᠠᠵᠤ᠂ ᠺᠡᠳ᠋ᠷ ᠤᠨ ᠡᠩᠨᠡᠬᠡᠨ ᠤ ᠰᠤᠷᠳᠠᠯ ᠤᠨ ᠪᠠᠶᠢᠭᠤᠯᠤᠯᠳᠠ ᠶᠢᠨ ᠴᠢᠩᠭᠠᠳᠬᠠᠬᠤ ᠠᠵᠢᠯᠯᠠᠭ᠎ᠠ ᠶᠢ ᠬᠡᠷᠡᠭᠵᠢᠬᠦᠯᠵᠤ᠂ ᠦᠨᠳᠣᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠤᠯᠤᠰ ᠲᠦᠷᠤ ᠶᠢᠨ ᠦᠢᠯᠡᠳᠣᠯ ᠴᠢᠳᠡᠪᠬᠢ ᠪᠠ ᠵᠤᠬᠢᠶᠠᠨ ᠪᠠᠶᠢᠭᠤᠯᠬᠤ ᠬᠦᠴᠤᠨ ᠢ ᠲᠠᠰᠤᠷᠠᠯᠳᠠ ᠦᠬᠡᠢ ᠴᠢᠩᠭᠠᠷᠠᠭᠤᠯᠤᠨ᠎ᠡ᠃ ᠴᠢᠨᠡᠷ ᠰᠠᠶᠢᠳᠠᠢ ᠬᠦᠭᠵᠢᠯᠳᠠ ᠶᠢᠨ ᠱᠠᠭᠠᠷᠳᠠᠯᠭ᠎ᠠ ᠳᠤ ᠨᠠᠶᠢᠴᠡᠭᠰᠡᠨ ᠵᠠᠰᠠᠭ ᠤᠨ ᠠᠵᠢᠯ ᠤᠨ ᠠᠮᠵᠢᠯᠳᠠ ᠪᠦᠳᠤᠮᠵᠢ ᠶᠢ ᠬᠢᠨᠠᠨ ᠰᠢᠯᠭᠠᠬᠤ ᠲᠤᠭᠳᠠᠯᠴᠠᠭ᠎ᠠ ᠶᠢ ᠪᠠᠶᠢᠭᠤᠯᠤᠨ ᠪᠦᠷᠢᠰᠢᠬᠦᠯᠵᠤ᠂ ᠠᠯᠳᠠᠭ᠎ᠠ ᠪᠤᠷᠤᠭᠤ ᠶᠢ ᠠᠭᠤᠴᠢᠯᠡᠨ ᠪᠠᠭᠳᠠᠭᠠᠵᠤ ᠠᠯᠳᠠᠭ᠎ᠠ ᠪᠤᠷᠤᠭᠤ ᠶᠢ ᠵᠠᠯᠠᠷᠠᠭᠤᠯᠬᠤ ᠲᠤᠭᠳᠠᠴᠠ ᠶᠢ ᠨᠠᠷᠢᠯᠢᠭᠵᠢᠭᠤᠯᠤᠨ ᠨᠠᠶᠢᠳᠠᠪᠤᠷᠢᠵᠢᠭᠤᠯᠵᠤ᠂ ᠦᠨᠳᠤᠰᠤᠨ ᠱᠠᠳᠤᠨ ᠤ ᠲᠠᠷᠣᠭᠠᠰᠤ  ᠶᠢ ᠬᠦᠩᠬᠡᠷᠡᠬᠦᠯᠬᠦ ᠲᠦᠷᠤ ᠶᠢᠨ ᠪᠤᠳᠣᠯᠭ᠎ᠠ ᠶᠢ ᠨᠠᠶᠢᠳᠠᠪᠤᠷᠢᠵᠢᠭᠤᠯᠤᠨ᠂《 ᠲᠦᠷᠪᠡᠨ ᠰᠤᠷᠳᠠᠯ》 ᠢ ᠴᠡᠭᠴᠡᠯᠡᠨ ᠵᠠᠰᠠᠬᠤ ᠶᠢ ᠦᠴᠤᠬᠡᠨ ᠴᠤ ᠰᠤᠯᠠᠷᠠᠭᠤᠯᠤᠯ ᠦᠬᠡᠢ ᠠᠬᠢᠭᠤᠯᠵᠤ᠂《 ᠢᠯᠵᠠᠷᠠᠬᠤ ᠠᠴᠠ ᠵᠢᠷᠤᠬᠡᠰᠢᠶᠡᠬᠦ᠂ ᠢᠯᠵᠡᠷᠡᠬᠤ ᠶᠢ ᠪᠤᠳᠤᠬᠤ ᠦᠬᠡᠢ᠂ ᠢᠯᠵᠠᠷᠡᠵᠤ ᠪᠤᠯᠬᠤ ᠦᠬᠡᠢ》 ᠨᠢᠬᠡ ᠴᠤᠭᠴᠠᠵᠢᠭᠤᠯᠤᠭᠰᠡᠨ ᠪᠠᠶᠢᠭᠤᠯᠤᠮᠵᠢ ᠲᠤᠭᠳᠠᠴᠠ ᠶᠢ ᠪᠠᠶᠢᠭᠤᠯᠵᠤ᠂ ᠨᠠᠮ ᠤᠨ ᠬᠡᠰᠢᠬᠦᠨ ᠺᠡᠳ᠋ᠷᠴᠤᠳ ᠤᠨ ᠠᠵᠢᠯ ᠬᠢᠬᠦ ᠦᠢᠯᠡᠰ ᠪᠦᠳᠤᠬᠡᠬᠦ ᠢᠳᠡᠪᠬᠢ ᠬᠦᠴᠤᠨ ᠢ ᠦᠷᠬᠦᠯᠵᠢᠯᠡᠨ ᠬᠦᠭᠵᠢᠬᠡᠨ᠎ᠡ᠃      
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ