ᠳ᠋ᠦ᠋ ᠬᠤᠶ ᠯᠢᠶᠠᠩ ᠲᠥᠯᠥᠭᠡᠯᠡᠭᠴᠢ᠄ ᠣᠳᠣᠬᠢᠴᠢᠯᠠᠯᠳᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠠᠶᠠᠨ ᠳᠤ ᠬᠤᠰᠢᠭᠤᠴᠢᠯᠠᠵᠤ ᠬᠤᠪᠢ ᠨᠡᠮᠡᠷᠢ ᠦᠵᠡᠭᠦᠯᠦᠨ᠎ᠡ
ᠨᠡᠶᠢᠲᠡᠯᠡᠭᠰᠡᠨ ᠴᠠᠭ᠄
2021/12/27
    ︽ᠤᠷᠳᠤᠰ ᠤᠨ ᠬᠢᠨ ᠰᠢ ᠶᠢᠨ ᠫᠢᠡᠭ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠵᠤ᠂ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ ᠪᠣᠯᠤᠨ ᠬᠠᠷᠢᠭᠤᠴᠠᠯᠭ᠎ᠠ ᠡᠭᠦᠷᠭᠡᠯᠡᠯ ᠢᠶᠠᠷ ᠠᠵᠠ ᠲᠣᠬᠢᠶᠠᠯ ᠢ ᠠᠮᠵᠢᠨ ᠭᠠᠪᠰᠢᠭᠠᠢᠢᠯᠠᠨ ᠲᠡᠮᠡᠴᠡᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠳᠤ ᠡᠮᠦᠨ᠎ᠡ ᠨᠢ ᠬᠤᠰᠢᠭᠤᠷᠠᠵᠤ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ︾ ᠭᠡᠵᠦ ᠤᠷᠳᠤᠰ ᠬᠤᠳᠠ ᠶᠢᠨ ᠲᠦᠯᠦᠭᠡᠯᠡᠭᠴᠢᠳ ᠤᠨ ᠪᠦᠯᠬᠦᠮ ᠤᠨ ᠳ᠋ᠦ᠋ ᠬᠤᠢ ᠯᠢᠶᠠᠩ ᠲᠥᠯᠥᠭᠡᠯᠡᠭᠴᠢ ᠬᠡᠯᠡᠪᠡ᠃    ᠳ᠋ᠦ᠋ ᠬᠤᠢ ᠯᠢᠶᠠᠩ᠂ ᠤᠷᠳᠤᠰ ᠠᠵᠤ ᠠᠬᠤᠢ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠢ ᠬᠦᠴᠦᠯᠡᠨ ᠳᠡᠭᠡᠭᠰᠢᠯᠡᠭᠦᠯᠦᠨ᠎ᠡ᠃ ᠲᠠᠭᠠᠭᠤᠯᠤᠬᠴᠢ ᠦᠢᠯᠡᠳᠦᠯ ᠢ ᠪᠠᠳᠠᠷᠠᠭᠤᠯᠵᠤ᠂  ᠬᠡᠯᠪᠡᠷᠢ ᠪᠠᠨ ᠬᠤᠪᠢᠷᠠᠭᠤᠯᠤᠨ ᠳᠡᠰ ᠲᠡᠪᠰᠢᠭᠦᠯᠬᠦ ᠶᠢ ᠠᠬᠢᠭᠤᠯᠵᠤ᠂ ᠮᠢᠩᠭᠠᠨ ᠳ᠋ᠦᠩᠰᠢᠭᠤᠷ ᠲᠡᠰ ᠤᠨ ᠬᠦᠷᠢᠶᠡᠯᠡᠩ ᠲᠣᠭᠤᠷᠢᠭ᠂ ᠬᠤᠰᠢᠭᠤ ᠲᠣᠭᠤᠷᠢᠭ ᠪᠠ ᠠᠵᠤ ᠦᠢᠯᠡᠰ ᠤᠨ ᠪᠦᠯᠦᠭᠵᠢᠯ ᠤᠨ ᠪᠦᠲᠦᠭᠡᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ︔ ᠤᠯᠤᠰ ᠤᠨ ᠡᠨᠧᠷᠬᠢ ᠶᠢᠨ ᠠᠮᠤᠷ ᠲᠦᠪᠰᠢᠨ ᠢ ᠬᠦᠴᠦᠯᠡᠨ ᠬᠠᠮᠠᠭᠠᠯᠠᠨ᠎ᠠ᠃ ᠭᠠᠷᠤᠯᠳᠠ ᠪᠠᠨ ᠨᠡᠮᠡᠭᠳᠡᠭᠦᠯᠦᠨ ᠬᠠᠩᠭᠠᠯᠭ᠎ᠠ ᠶᠢ ᠪᠠᠲᠤᠯᠠᠬᠤ᠂ ᠰᠢᠨ᠎ᠡ ᠡᠨᠧᠷᠬᠢ ᠶᠢᠨ ᠬᠡᠯᠪᠡᠷᠢ ᠶᠢ ᠬᠤᠪᠢᠷᠠᠭᠤᠯᠬᠤ ᠶᠢ ᠪᠦᠬᠦ ᠬᠦᠴᠦᠨ ᠢᠶᠠᠷ ᠠᠬᠢᠭᠤᠯᠵᠤ᠂ ᠰᠠᠯᠬᠢ ᠭᠡᠷᠡᠯ ᠤᠰᠤᠲᠥ᠋ᠷᠥᠭᠴᠢ ᠡᠨᠧᠷᠬᠢ ᠶᠢ ᠬᠠᠳᠠᠭᠠᠯᠠᠬᠤ ᠲᠡᠷᠭᠡ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢ ᠴᠣᠭᠴᠠᠯᠠᠵᠤ᠂ ︽ᠬᠤᠶᠠᠷ ᠢ ᠲᠦᠷᠦᠬᠦᠯᠠᠨ ᠬᠢᠬᠦ︾᠂ ︽ᠬᠤᠶᠠᠷ ᠢ ᠰᠢᠪᠳᠤᠯᠬᠤ︾ ᠳᠤᠮᠳᠠ ᠡᠮᠦᠨ᠎ᠡ ᠨᠢ ᠬᠤᠰᠢᠭᠤᠷᠠᠨ᠎ᠠ︔ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢ ᠬᠦᠴᠦᠯᠡᠨ ᠠᠬᠢᠭᠤᠯᠵᠤ᠂ ᠶᠡᠭᠡ ᠬᠠᠮᠠᠭᠠᠯᠠᠯᠲᠠ ᠶᠢ ᠨᠠᠶᠢᠳᠠᠪᠤᠷᠢᠵᠢᠭᠤᠯᠤᠨ᠂ ᠶᠡᠭᠡ ᠵᠠᠰᠠᠯᠲᠠ ᠶᠢ ᠴᠢᠩᠭ᠎ᠠ ᠠᠳᠬᠤᠵᠤ᠂ ᠭᠤᠷᠪᠠᠨ ᠣᠷᠣᠨ ᠭᠤᠷᠪᠠᠨ ᠱᠤᠭᠤᠮ᠂ ᠤᠰᠤ ᠪᠠᠷ ᠬᠤᠳᠠ ᠶᠢ ᠲᠤᠭᠳᠠᠭᠠᠬᠤ᠂ ᠤᠰᠤ ᠪᠠᠷ ᠭᠠᠵᠠᠷ ᠢ ᠲᠤᠭᠳᠠᠭᠠᠬᠤ᠂ ᠤᠰᠤ ᠪᠠᠷ ᠬᠦᠮᠦᠨ ᠠᠮᠠ ᠶᠢ ᠲᠤᠭᠳᠠᠭᠠᠬᠤ᠂ ᠤᠰᠤ ᠪᠠᠷ ᠭᠠᠷᠤᠯᠳᠠ ᠶᠢ ᠲᠤᠬᠳᠠᠭᠠᠬᠤ ᠶᠢ ᠴᠢᠩᠭ᠎ᠠ ᠨᠠᠶᠢᠳᠠᠪᠤᠷᠢᠵᠢᠭᠤᠯᠤᠨ᠂ ᠠᠮᠢ ᠠᠬᠤᠶ ᠤᠷᠴᠢᠨ ᠲᠤᠭᠤᠷᠢᠨ ᠤ ᠬᠠᠮᠠᠭᠠᠯᠠᠯᠳᠠ ᠶᠢᠨ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠳᠤᠤᠷ᠎ᠠ ᠪᠠᠶᠢᠬᠤ ᠶᠢ ᠠᠬᠢᠭᠤᠯᠤᠨ᠎ᠠ︔ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠠ ᠶᠢ ᠬᠦᠴᠦᠯᠡᠨ ᠠᠬᠢᠭᠤᠯᠵᠤ᠂ ᠲᠦᠷᠦ ᠶᠢᠨ ᠪᠣᠳᠣᠯᠭ᠎ᠠ ᠶᠢᠨ ᠬᠠᠮ ᠠᠷᠭ᠎ᠠ ᠬᠡᠮᠵᠢᠶ᠎ᠡ ᠶᠢ ᠰᠠᠶᠢᠲᠤᠷ ᠬᠡᠷᠡᠭᠵᠢᠭᠦᠯᠵᠦ᠂ ᠠᠵᠤ ᠠᠬᠤᠢᠢᠯᠠᠯ ᠤᠨ ᠭᠤᠤᠯ ᠴᠣᠭᠴᠠ ᠶᠢᠨ ᠦᠢᠯᠡᠳᠦᠯ ᠢ ᠪᠠᠳᠠᠷᠠᠭᠤᠯᠵᠤ᠂ ᠭᠤᠷᠪᠡ ᠶᠢ ᠲᠡᠭ ᠪᠣᠯᠭᠠᠬᠤ᠂ ᠬᠤᠶᠠᠷ ᠢ ᠳᠠᠬᠢᠨ ᠢᠶᠠᠷ ᠨᠡᠮᠡᠭᠳᠡᠭᠦᠯᠬᠦ ᠶᠢ ᠠᠬᠢᠭᠤᠯᠵᠤ᠂ ᠰᠢᠨ᠎ᠡ ᠨᠡᠮᠡᠭᠳᠡᠯ ᠤᠨ ᠬᠥᠳᠡᠯᠭᠡᠬᠦ ᠡᠨᠧᠷᠬᠢ ᠶᠢ ᠪᠦᠷᠢᠯᠳᠦᠭᠦᠯᠦᠨ᠎ᠡ︔ ᠬᠤᠳᠠᠯᠳᠤᠭ᠎ᠠ ᠡᠷᠬᠢᠯᠡᠬᠦ ᠣᠷᠴᠢᠨ ᠠᠬᠤᠢ ᠶᠢ ᠬᠦᠴᠦᠯᠡᠨ ᠰᠢᠯᠢᠳᠡᠭᠵᠢᠭᠦᠯᠵᠦ᠂ ᠤᠴᠢᠷ ᠶᠠᠪᠤᠳᠠᠯ ᠬᠦᠢᠴᠡᠳᠭᠡᠬᠦ ᠳᠤ ᠨᠡᠩ ᠳᠥᠭᠦᠮ ᠳᠥᠲᠡ᠂ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠨᠡᠩ ᠬᠥᠭᠵᠢᠶᠡᠨᠲᠡᠢ ᠪᠣᠯᠭᠠᠨ᠎ᠠ︔ ᠬᠠᠮᠲᠤ ᠪᠠᠷ ᠪᠠᠶᠠᠵᠢᠬᠤ ᠶᠢ ᠬᠦᠴᠦᠯᠡᠨ ᠠᠬᠢᠭᠤᠯᠤᠨ᠎ᠠ᠃ ᠬᠥᠳᠡᠭᠡ ᠲᠣᠰᠬᠤᠨ ᠢ ᠬᠥᠭᠵᠢᠭᠦᠯᠭᠦ ᠶᠢ ᠠᠬᠢᠭᠤᠯᠵᠤ᠂ ᠲᠦᠭᠡᠮᠡᠯ ᠬᠠᠷᠠᠭᠠᠯᠵᠠᠯᠳᠤ ᠠᠷᠠᠳ ᠤᠨ ᠠᠮᠢᠳᠤᠷᠠᠯ ᠢ ᠬᠥᠭᠵᠢᠭᠦᠯᠵᠦ᠂ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂  ᠲᠤᠮᠳᠠᠳᠤ ᠶᠢᠨ ᠦᠨᠳᠦᠰᠦᠲᠡᠨ ᠤ ᠬᠠᠮᠳᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠵᠤ᠂ ᠠᠷᠠᠳ ᠤᠯᠠᠨ ᠢ ᠨᠡᠩ ᠢᠯᠡᠭᠦᠦ ᠬᠦᠷᠳᠡᠮᠵᠢ ᠶᠢᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ᠂ ᠵᠢᠷᠭᠠᠯᠲᠤ ᠲᠦᠷᠦᠭᠳᠡᠯ ᠲᠠᠢ ᠪᠣᠯᠭᠠᠨ᠎ᠠ ᠭᠡᠵᠤ ᠢᠯᠡᠳᠭᠡᠪᠡ᠃                   
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ