︽ᠳᠥᠷᠪᠡᠨ ᠰᠠᠶᠢᠨᠲᠠᠶ ᠬᠥᠳᠡᠭᠡ ᠲᠣᠰᠬᠤᠨ ᠤ  ᠵᠠᠮ︾ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠳᠠᠷᠬᠠᠭᠠᠬᠤ ᠲᠤᠬᠠᠶ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡ᠊
ᠨᠡᠶᠢᠲᠡᠯᠡᠭᠰᠡᠨ ᠴᠠᠭ᠄
2021/12/3
ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠤᠷᠤᠨ ᠲᠣᠭᠤᠷᠢᠭ᠂ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠰᠢᠭᠤᠨ ᠤ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ᠄      ︽ᠲᠠᠯᠠᠳ ᠬᠤᠰᠢᠭᠤᠨ ᠤ ︿ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ﹀ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠳᠦᠭᠡᠢ᠃                                    ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                       2021 ᠣᠨ ᠤ 6 ᠰᠠᠷ᠎ᠠ ᠶᠢᠨ 10 ᠤ ᠡᠳᠦᠷ     ᠳᠠᠯᠠᠳ ᠬᠤᠰᠢᠭᠤᠨ ᠤ ︽ᠳᠥᠷᠪᠡᠨ ᠰᠠᠶᠢᠨᠲᠠᠶ ᠬᠥᠳᠡᠭᠡ ᠲᠣᠰᠬᠤᠨ ᠤ  ᠵᠠᠮ︾ ᠤᠨ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠬᠡᠷᠡᠭᠵᠢᠭᠦᠯᠬᠦ ᠲᠥᠰᠦᠯ           ᠰᠢ ᠶᠢᠨ ᠫᠢᠩ ᠶᠡᠷᠦᠩᠬᠡᠶ ᠱᠦᠵᠢ ᠶᠢᠨ ︽ᠳᠥᠷᠪᠡᠨ ᠰᠠᠶᠢᠨᠳᠠᠢ ᠬᠥᠳᠡᠭᠡ ᠲᠣᠰᠬᠤᠨ ᠤ ᠵᠠᠮ︾ ᠤᠨ ᠪᠦᠲᠦᠭᠡᠨ ᠪᠠᠶᠢᠭᠤᠯᠤᠯᠲᠠ ᠶᠢᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠬᠤᠰᠢᠭᠤᠨ ᠤ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠴᠢᠨᠠᠷ ᠰᠠᠶᠢᠲᠠᠶ ᠬᠥᠭᠵᠢᠯᠲᠡ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠯᠠᠪᠳᠠᠭᠤᠨ ᠪᠠᠲᠤᠲᠠᠶ ᠠᠬᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ᠂ ᠠᠷᠠᠴᠢᠯᠠᠯᠲᠠ᠂ ᠲᠡᠭᠡᠭᠡᠪᠦᠷᠢ ᠶᠢᠨ ᠵᠣᠬᠢᠴᠠᠩᠭᠤᠶ ᠪᠠᠷ ᠦᠷᠭᠦᠯᠵᠢᠯᠡᠨ ᠬᠥᠭᠵᠢᠬᠦ ᠶᠢ ᠠᠬᠢᠭᠤᠯᠵᠤ᠂ ︽︿  ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ﹀ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠬᠦ ᠲᠤᠬᠠᠶ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ ᠤ ᠰᠠᠨᠠᠯ︾ ︵ᠵᠠᠮ ᠬᠠᠷᠢᠯᠴᠠᠭ᠎ᠠ ᠵᠠᠰᠠᠮᠠᠯ ᠵᠠᠮ ᠲᠠᠷᠬᠠᠭᠠᠭᠰᠠᠨ ︹2015 ︺ 73 ᠳ᠋ᠤᠭᠠᠷ ᠲᠣᠭᠠᠲᠤ︶ ᠪᠣᠯᠤᠨ ︽︿ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ﹀ ᠤᠨ ᠪᠥᠲᠥᠭᠡᠨ ᠪᠠᠶᠢᠭᠤᠯᠤᠯᠲᠠ ᠶᠢᠨ ᠠᠵᠢᠯᠯᠠᠭ᠎ᠠ ᠶᠢ ᠥᠷᠨᠢᠭᠦᠯᠬᠦ ᠲᠥᠰᠦᠯ ᠤᠨ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠢᠩᠬᠢᠮ ᠤᠨ ᠮᠡᠳᠡᠭᠳᠡᠯ︾ ︵ᠥᠪᠥᠷ ᠵᠠᠮ ᠬᠠᠷᠢᠯᠴᠠᠭ᠎ᠠ ᠲᠠᠷᠬᠠᠭᠠᠭᠰᠠᠨ ︹ 2015 ︺ 699 ᠳ᠋ᠦ᠋ᠭᠡᠷ ᠲᠣᠭᠠᠲᠤ︶ ᠵᠡᠷᠭᠡ ᠶᠢᠨ ᠵᠣᠷᠢᠭ ᠰᠠᠨᠠᠭ᠎ᠠ ᠶᠢ ᠦᠨᠳᠦᠰᠦᠯᠡᠨ᠂ ᠪᠣᠳᠠᠲᠠᠶ ᠲᠠᠢ ᠪᠠᠨ ᠤᠶᠠᠯᠳᠤᠭᠤᠯᠵᠤ᠂ ᠲᠣᠰ ᠲᠥᠰᠦᠯ ᠢ ᠲᠣᠭᠲᠠᠭᠠᠪᠠ᠃      ᠨᠢᠭᠡ᠂ ᠵᠢᠯᠣᠭᠤᠳᠬᠤ ᠦᠵᠡᠯ ᠰᠠᠨᠠᠭ᠎ᠠ      ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠢ ︽ᠰᠠᠶᠢᠲᠤᠷ ᠪᠦᠳᠦᠭᠡᠨ ᠪᠠᠶᠢᠭᠤᠯᠬᠤ᠂ ᠰᠠᠶᠢᠲᠤᠷ ᠬᠠᠮᠢᠶᠠᠷᠬᠤ᠂ ᠰᠠᠶᠢᠲᠤᠷ ᠬᠠᠮᠠᠭᠠᠯᠠᠬᠤ᠂ ᠰᠠᠶᠢᠲᠤᠷ ᠡᠵᠡᠩᠨᠡᠬᠦ︾ ᠶᠡᠷᠦᠩᠬᠡᠶ ᠬᠠᠷᠠᠯᠲᠠ ᠶᠢᠨ ᠲᠣᠭᠤᠷᠢᠨ ᠳᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠬᠤ ᠬᠠᠮᠢᠶᠠᠷᠬᠤ ᠠᠷᠠᠴᠢᠯᠠᠬᠤ ᠲᠡᠭᠡᠭᠡᠪᠦᠷᠢᠯᠡᠬᠦ ᠶᠢ ᠵᠣᠬᠢᠴᠠᠩᠭᠤᠢ ᠪᠠᠷ ᠦᠷᠭᠦᠯᠵᠢᠯᠡᠨ ᠬᠥᠭᠵᠢᠭᠦᠯᠬᠦ ᠵᠠᠷᠴᠢᠮ ᠢ ᠪᠠᠷᠢᠮᠲᠠᠯᠠᠵᠤ᠂ ᠵᠠᠰᠠᠭ ᠤᠨ ᠣᠷᠳᠣᠨ ᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠳᠬᠠᠬᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠡᠯᠡ ᠮᠥᠩᠭᠦ ᠶᠢᠨ ᠵᠠᠮ ᠮᠦᠷ ᠢ ᠥᠷᠭᠡᠳᠬᠡᠬᠦ ᠪᠠ ᠲᠣᠭᠲᠠᠪᠤᠷᠢᠵᠢᠭᠤᠯᠬᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠬᠤ ᠤᠷᠳᠤ ᠬᠤᠭᠤᠴᠠᠭᠠᠨ ᠤ ᠪᠦᠲᠦᠮᠵᠢᠲᠡᠢ  ᠪᠠᠶᠢᠭᠤᠯᠤᠯ ᠲᠣᠭᠲᠠᠴᠠ ᠶᠢ ᠪᠠᠶᠢᠭᠤᠯᠬᠤ ᠪᠠᠷ ᠭᠤᠣᠯᠳᠠᠯᠭ᠎ᠠ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠂ ᠨᠡᠩ ᠥᠨᠳᠥᠷ ᠲᠦᠪᠰᠢᠨ ᠪᠦᠬᠦᠢ ᠴᠢᠨᠡᠭᠡᠯᠢᠭ ᠨᠡᠶᠢᠭᠡᠮ ᠢ ᠪᠦᠲᠦᠭᠡᠨ ᠪᠠᠶᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠨ᠎ᠠ᠃      ᠬᠤᠶᠠᠷ᠂ ᠠᠵᠢᠯ ᠤᠨ ᠬᠠᠷᠠᠯᠲᠠ      ᠤᠯᠤᠰ᠂ ᠥᠪᠡᠷᠲᠡᠭᠡᠨ ᠵᠠᠰᠠᠬᠤ ᠣᠷᠣᠨ ᠤ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠪᠥᠬᠦ ᠤᠯᠤᠰ ᠤᠨ ᠵᠢᠱᠢᠶ᠎ᠡ ᠦᠵᠡᠭᠦᠯᠬᠦ ᠰᠢᠶᠠᠨ ᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠵᠠᠮ ᠬᠠᠷᠢᠯᠴᠠᠭᠠᠨ ᠤ ᠲᠤᠯᠤᠭᠠᠶᠢᠯᠠᠭᠴᠢ ᠦᠢᠯᠡᠳᠦᠯ ᠢ ᠬᠦᠢᠴᠡᠳ ᠪᠠᠳᠠᠷᠠᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠴᠢᠨᠠᠷ ᠰᠠᠶᠢᠲᠠᠶ ᠬᠥᠭᠵᠢᠭᠦᠯᠬᠦ ᠶᠢ ᠠᠬᠢᠭᠤᠯᠬᠤ᠂ ᠶᠠᠳᠠᠭᠤ ᠠᠴᠠ ᠠᠩᠭᠢᠵᠢᠷᠠᠭᠤᠯᠵᠦ ᠪᠤᠭᠤᠮᠳᠠ ᠰᠢᠪᠳᠤᠯᠬᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠭᠤᠤᠯᠳᠠᠯᠭ᠎ᠠ ᠲᠠᠢ ᠠᠵᠢᠯ ᠢ ᠲᠣᠭᠲᠠᠭᠤᠨ ᠢᠶᠠᠷ ᠶᠠᠪᠤᠭᠳᠠᠭᠤᠯᠤᠨ᠎ᠠ᠃     ᠭᠤᠷᠪᠠ᠂ ᠠᠵᠢᠯ ᠤᠨ ᠡᠭᠦᠷᠭᠡ    ︵ᠨᠢᠭᠡ︶ ᠬᠥᠳᠡᠭᠡ ᠲᠣᠰᠬᠤᠨ ᠤ ᠵᠠᠰᠠᠮᠠᠯ ᠵᠠᠮ ᠢ ᠪᠥᠬᠦ ᠲᠠᠯ᠎ᠠ ᠪᠠᠷ ᠰᠠᠶᠢᠲᠤᠷ ᠪᠥᠲᠥᠭᠡᠨ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠡᠷᠡᠭᠳᠡᠢ᠃ ᠰᠢᠨ᠎ᠡ ᠠᠵᠠ ᠲᠣᠬᠢᠶᠠᠯ ᠢ ᠪᠠᠲᠤ ᠡᠵᠡᠮᠳᠡᠵᠦ᠂ ᠰᠢᠨ᠎ᠡ ᠬᠠᠷᠠᠯᠲᠠ ᠳᠤ ᠠᠩᠬᠠᠷᠤᠯ ᠢᠶᠠᠨ ᠲᠦᠪᠯᠡᠷᠡᠭᠦᠯᠦᠨ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠲᠦᠷᠭᠡᠳᠬᠡᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠦᠳᠳᠡᠷ ᠳᠦᠷᠭᠡᠨ ᠬᠡᠷᠡᠭᠵᠢᠭᠦᠯᠬᠦ ᠶᠢᠨ ᠲᠣᠭᠤᠷᠢᠨ ᠳᠤ᠂ ᠵᠠᠮ ᠬᠠᠷᠢᠯᠴᠠᠭᠠᠨ ᠤ ᠪᠡᠯᠡ ᠣᠷᠣᠭᠤᠯᠤᠯᠲᠠ ᠶᠢᠨ ᠡᠷᠴᠢᠮ ᠢ ᠦᠷᠭᠦᠯᠵᠢᠯᠡᠨ ᠴᠢᠩᠭᠠᠳᠬᠠᠵᠦ᠂ ︽ᠲᠦᠷᠪᠡᠨ ᠰᠠᠶᠢᠨᠳᠠᠢ ᠬᠥᠳᠡᠭᠡ ᠲᠣᠰᠬᠤᠨ ᠤ ᠵᠠᠮ︾ ᠤᠨ ᠪᠦᠳᠦᠭᠡᠨ ᠪᠠᠶᠢᠭᠤᠯᠤᠯᠲᠠ ᠶᠢ ᠭᠦᠨᠵᠡᠭᠡᠶ ᠥᠷᠨᠢᠭᠦᠯᠦᠨ᠎ᠡ᠃ ᠲᠤᠬᠠᠶ ᠶᠢᠨ ᠭᠠᠵᠠᠷ ᠣᠷᠣᠨ ᠤ ᠪᠠᠶᠢᠳᠠᠯ ᠳᠤᠨᠢ ᠳᠣᠭᠢᠷᠠᠭᠤᠯᠤᠨ᠂ ᠬᠥᠮᠦᠨ ᠢᠶᠠᠷ ᠦᠨᠳᠦᠰᠦ ᠪᠣᠯᠭᠠᠬᠤ ᠶᠢ ᠪᠠᠷᠢᠮᠲᠠᠯᠠᠵᠤ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠬᠤᠷᠳᠤᠴᠠ ᠪᠠ ᠶᠠᠰᠤ ᠴᠢᠨᠠᠷ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠲᠣᠰᠬᠤᠨ ᠪᠣᠯᠭᠠᠨ ᠳᠤ ᠴᠠᠷᠳᠠᠮᠠᠯ ᠱᠦᠢᠨᠢ ᠵᠠᠮ ᠨᠡᠪᠲᠡᠷᠡᠭᠦᠯᠬᠦ ᠶᠢ 100% ᠳᠤ ᠬᠦᠷᠭᠡᠨ᠎ᠡ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠮᠤᠷ ᠲᠦᠪᠰᠢᠨ ᠢ ᠬᠠᠮᠠᠭᠠᠯᠠᠬᠤ ᠢᠨᠵᠧᠨᠧᠷᠢᠩ ᠢ ᠠᠬᠢᠭᠤᠯᠬᠤ ᠡᠷᠴᠢᠮ ᠢ ᠴᠢᠩᠭᠠᠳᠬᠠᠵᠦ᠂ ᠰᠠᠭᠠᠳ ᠥᠬᠡᠶ ᠨᠡᠪᠲᠡᠷᠡᠬᠦ ᠶᠢ ᠪᠠᠲᠤᠯᠠᠬᠤ ᠱᠠᠭᠠᠷᠳᠠᠯᠭ᠎ᠠ ᠶᠣᠰᠣᠭᠠᠷ᠂ ᠵᠠᠮ ᠬᠠᠷᠢᠯᠴᠠᠭᠠᠨ ᠤ ᠠᠮᠤᠷ ᠲᠦᠪᠰᠢᠨ᠂ ᠤᠰᠤ ᠭᠠᠳᠠᠭᠰᠢᠯᠠᠭᠤᠯᠬᠤ ᠪᠠ ᠠᠮᠢ ᠨᠠᠰᠤᠨ ᠤ ᠠᠮᠤᠷ ᠲᠦᠪᠰᠢᠨ ᠢ ᠰᠡᠷᠭᠡᠶᠢᠯᠡᠨ ᠬᠠᠮᠠᠭᠠᠯᠠᠬᠤ ᠲᠦᠬᠦᠭᠡᠷᠦᠮᠵᠢ ᠶᠢ ᠵᠡᠷᠭᠡ ᠳᠤᠨᠢ ᠪᠥᠲᠥᠭᠡᠨ ᠪᠠᠶᠢᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠠᠮᠤᠷ ᠲᠦᠪᠰᠢᠨ ᠪᠠ ᠪᠦᠬᠦᠯᠢ ᠴᠣᠭᠴᠠ ᠶᠢᠨ ᠦᠢᠯᠡᠴᠢᠯᠡᠭᠡᠨ ᠤ ᠬᠢᠷᠢ ᠳᠦᠪᠰᠢᠨ ᠢ ᠳᠡᠭᠡᠭᠰᠢᠯᠡᠭᠦᠯᠦᠨ᠂ ︽ᠨᠢᠭᠡ ᠶᠢ ᠪᠦᠳᠦᠭᠡᠨ ᠪᠠᠶᠢᠭᠤᠯᠵᠤ ᠳᠠᠭᠤᠰᠬᠠᠪᠠᠯ᠂ ᠨᠢᠭᠡ ᠶᠢ ᠪᠠᠷᠢᠮᠵᠢᠶ᠎ᠠ ᠳᠤ ᠬᠦᠷᠭᠡᠬᠦ》 ᠶᠢ ᠦᠨᠡᠨᠬᠦ ᠪᠠᠲᠤᠯᠠᠬᠤ ᠬᠡᠷᠡᠭᠲᠡᠶ᠃  ᠵᠠᠮ ᠬᠠᠷᠢᠯᠴᠠᠭᠠᠨ ᠤ ᠰᠠᠯᠠᠭ᠎ᠠ ᠮᠥᠴᠢᠷ ᠤᠳ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠪᠠ ᠶᠠᠰᠤ ᠴᠢᠨᠠᠷ᠂ ᠠᠮᠤᠷ ᠳᠦᠪᠰᠢᠨ ᠤ ᠬᠢᠨᠠᠨ ᠵᠢᠯᠤᠭᠤᠳᠤᠯᠭ᠎ᠠ ᠪᠠᠨ ᠴᠢᠩᠭᠠᠳᠬᠠᠵᠦ᠂ ᠶᠠᠰᠤ ᠴᠢᠨᠠᠷ ᠲᠤ ᠬᠢᠨᠠᠯᠲᠠ ᠲᠠᠯᠪᠢᠵᠤ  ᠰᠢᠯᠭᠠᠨ ᠬᠡᠮᠵᠢᠬᠦ ᠴᠢᠳᠠᠪᠤᠷᠢ ᠪᠣᠯᠤᠨ ᠨᠥᠬᠦᠴᠡᠯ ᠢ ᠪᠠᠲᠤᠯᠠᠬᠤ ᠬᠡᠷᠡᠭᠲᠡᠶ᠃ ᠵᠠᠮ ᠬᠠᠷᠢᠯᠴᠠᠭᠠᠨ ᠤ ᠰᠠᠯᠠᠭ᠎ᠠ ᠮᠥᠴᠢᠷ᠂ ᠡᠯ᠎ᠡ ᠰᠤᠮᠤ ᠪᠠᠯᠭᠠᠰᠤ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ︽ᠭᠤᠷᠪᠠ ᠶᠢ ᠬᠠᠮᠲᠤ ᠳᠤᠨᠢ ᠬᠢᠬᠦ︾᠂ ︽ᠳᠣᠯᠤᠭ᠎ᠠ ᠶᠢ ᠢᠯᠡ ᠪᠣᠯᠭᠠᠬᠤ︾ ᠲᠦᠷᠢᠮ ᠢ ᠦᠨᠡᠨᠬᠦ ᠨᠠᠶᠢᠳᠠᠪᠤᠷᠢᠵᠢᠭᠤᠯᠵᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠶ᠃ ᠡᠳ᠋ ᠤᠨ ᠵᠠᠰᠠᠭ ᠤᠨ ᠰᠠᠯᠠᠭ᠎ᠠ ᠮᠥᠴᠢᠷ᠂ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢᠨ ᠨᠢᠭᠡᠴᠡ ᠨᠦᠭᠦᠳ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠪᠠ ᠲᠤᠰᠬᠠᠶ ᠮᠡᠷᠭᠡᠵᠢᠯ ᠤᠨ ᠬᠠᠮᠢᠶᠠᠷᠤᠯᠲᠠ ᠶᠢᠨ ᠠᠵᠢᠯᠲᠠᠨ ᠢ ᠨᠠᠶᠢᠳᠠᠪᠤᠷᠢᠵᠢᠭᠤᠯᠵᠤ᠂ ᠶᠠᠰᠤ ᠴᠢᠨᠠᠷ ᠪᠠ ᠠᠮᠤᠷ ᠲᠦᠪᠰᠢᠨ ᠤ ᠬᠠᠷᠢᠭᠤᠴᠠᠯᠭᠠᠲᠠᠨ ᠢ ᠲᠣᠳᠣᠷᠬᠠᠶᠢᠯᠠᠨ᠂ ᠶᠠᠰᠤ ᠴᠢᠨᠠᠷ ᠤᠨ ᠠᠮᠤᠷ ᠲᠦᠪᠰᠢᠨ ᠤ ᠬᠠᠷᠢᠭᠤᠴᠠᠯᠭ᠎ᠠ ᠶᠢ ᠦᠨᠡᠨᠬᠦ ᠨᠠᠶᠢᠳᠠᠪᠤᠷᠢᠵᠢᠭᠤᠯᠤᠨ᠂ ᠪᠠᠷᠢᠯᠭ᠎ᠠ ᠶᠢᠨ ᠶᠠᠰᠤ ᠴᠢᠨᠠᠷ ᠪᠠ ᠬᠡᠷᠡᠭᠯᠡᠯᠳᠡ ᠶᠢᠨ ᠠᠮᠢ ᠨᠠᠰᠤ ᠶᠢ ᠦᠨᠡᠨᠬᠦ ᠪᠠᠲᠤᠯᠠᠬᠤ ᠬᠡᠷᠡᠭᠲᠡᠶ᠃ ᠶᠠᠰᠤ ᠴᠢᠨᠠᠷ ᠪᠠ ᠠᠮᠤᠷ ᠲᠦᠪᠰᠢᠨ ᠤ ᠳᠡᠩᠰᠡᠯᠡᠯᠲᠡ ᠶᠢᠨ ᠲᠦᠷᠢᠮ ᠢ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠬᠤ ᠥᠬᠡᠶ ᠪᠤᠯ ︽ᠱᠠᠩᠨᠠᠬᠤ ᠪᠠᠷ ᠨᠥᠬᠦᠪᠥᠷᠢ ᠶᠢ ᠣᠷᠣᠯᠠᠭᠤᠯᠬᠤ︾ ᠬᠡᠪᠴᠢᠶᠡᠨ ᠳᠤ ᠣᠷᠣᠭᠤᠯᠵᠤ ᠪᠣᠯᠬᠤ ᠥᠬᠡᠶ᠃    ︵ᠬᠤᠶᠠᠷ︶ ᠬᠥᠳᠡᠭᠡ ᠲᠣᠰᠬᠤᠨ ᠤ ᠵᠠᠰᠠᠮᠠᠯ ᠵᠠᠮ ᠢ ᠪᠥᠬᠦ ᠲᠠᠯ᠎ᠠ ᠪᠠᠷ ᠰᠠᠶᠢᠲᠤᠷ ᠬᠠᠮᠢᠶᠠᠷᠴᠤ᠂ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠳᠡᠢ᠃ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠠᠰᠢᠭᠯᠠᠨ᠂ ᠲᠦᠷᠢᠮ ᠤᠨ ᠪᠠᠶᠢᠭᠤᠯᠤᠯᠲᠠ ᠶᠢᠨ ᠰᠢᠨ᠎ᠡ ᠶᠢ ᠡᠭᠦᠳᠴᠦ᠂ ᠠᠵᠢᠯᠯᠠᠭᠠᠨ ᠤ ᠲᠣᠭᠲᠠᠴᠠ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ᠪᠥᠬᠦ ᠬᠤᠰᠢᠭᠤᠨ ᠤ ᠵᠠᠮ ᠲᠡᠭᠡᠭᠡᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃ ︽ᠳᠠᠯᠠᠳ ᠬᠤᠰᠢᠭᠤᠨ ᠤ ᠬᠥᠳᠡᠭᠡ ᠲᠣᠰᠬᠤᠨ ᠤ ᠵᠠᠰᠠᠮᠠᠯ ᠵᠠᠮ ᠤᠨ ᠵᠠᠮ ᠤᠨ ᠳᠠᠷᠤᠭ᠎ᠠ ᠶᠢᠨ ᠳᠦᠷᠢᠮ ᠢ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠳᠠᠯᠠᠳ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ︾ ︵ᠳᠠᠯᠠᠳ ᠵᠠᠰᠠᠭ ᠠᠯᠪᠠᠨ ᠲᠠᠷᠬᠠᠭᠠᠭᠰᠠᠨ ︹ 2019 ︺1 ᠳ᠋ᠦ᠋ᠭᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠪᠥᠬᠦ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢᠨ ᠪᠣᠷᠣ ᠲᠥᠯᠥᠪ ᠢ ᠪᠠᠶᠢᠭᠤᠯᠤᠨ ᠪᠦᠷᠢᠯᠳᠦᠭᠦᠯᠵᠦ᠂ ︽ᠰᠢᠶᠠᠨ ᠤ ᠵᠠᠮ ᠢ ᠰᠢᠶᠠᠨ ᠠᠴᠠ ᠬᠠᠮᠢᠶᠠᠷᠬᠤ᠂ ᠰᠢᠶᠠᠩ ᠤᠨ ᠵᠠᠮ ᠢ ᠰᠢᠶᠠᠩ ᠠᠴᠠ ᠬᠠᠮᠢᠶᠠᠷᠬᠤ᠂ ᠲᠣᠰᠬᠤᠨ ᠤ ᠵᠠᠮ ᠢ ᠲᠣᠰᠬᠤᠨ ᠠᠴᠠ ᠬᠠᠮᠢᠶᠠᠷᠬᠤ︾ ᠬᠠᠮᠢᠶᠠᠷᠤᠯᠲᠠ ᠶᠢᠨ ᠪᠠᠶᠢᠭᠤᠯᠤᠯ ᠢ ᠲᠡᠭᠦᠯᠳᠡᠷᠵᠢᠭᠦᠯᠦᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠰᠢᠶᠠᠨ ᠤ ᠵᠠᠮ ᠢ ᠬᠠᠮᠢᠶᠠᠷᠴᠤ ᠠᠷᠠᠴᠢᠯᠠᠬᠤ ᠶᠢ ᠬᠠᠷᠢᠭᠤᠴᠠᠵᠤ᠂ ᠡᠯ᠎ᠡ ᠰᠤᠮᠤ ᠪᠠᠯᠭᠠᠰᠤ ᠶᠢᠨ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠥᠷᠲᠡᠭᠡ ᠪᠠ ᠭᠠᠴᠠᠭ᠎ᠠ ᠲᠣᠰᠬᠤᠨ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠬᠡᠷᠡᠭ ᠵᠥᠪᠯᠡᠬᠦ ᠪᠠᠶᠢᠭᠤᠯᠤᠮᠵᠢ ᠨᠤᠭᠤᠳ ᠳᠤᠰᠢᠶᠠᠯ ᠬᠠᠷᠢᠭᠤᠴᠠᠯᠭ᠎ᠠ ᠴᠢᠳᠠᠪᠬᠢ ᠶᠢᠨ ᠶᠣᠰᠣᠭᠠᠷ᠂ ᠬᠠᠷᠢᠶ᠎ᠠ ᠣᠷᠣᠨ ᠤ ᠰᠢᠶᠠᠩ ᠤᠨ ᠵᠠᠮ᠂ ᠲᠣᠰᠬᠤᠨ ᠤ ᠵᠠᠮ ᠢ ᠬᠠᠮᠢᠶᠠᠷᠴᠤ ᠠᠷᠠᠴᠢᠯᠠᠬᠤ ᠠᠵᠢᠯ ᠢ ᠰᠠᠶᠢᠲᠤᠷ ᠬᠢᠬᠦ ᠬᠡᠷᠡᠭᠲᠡᠶ᠃     ᠡᠯ᠎ᠡ ᠬᠠᠮᠢᠶ᠎ᠠ ᠪᠥᠬᠦᠶ ᠨᠢᠭᠡᠴᠡ ᠨᠦᠭᠦᠳ ᠬᠠᠤᠯᠢ ᠶᠣᠰᠣᠭᠠᠷ ᠵᠠᠮ ᠵᠠᠰᠠᠬᠤ ᠶᠡᠷᠦᠩᠬᠡᠶ ᠱᠠᠭᠠᠷᠳᠠᠯᠭ᠎ᠠ ᠶᠣᠰᠣᠭᠠᠷ᠂ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠤᠯᠢ ᠲᠦᠷᠢᠮ ᠪᠣᠯᠤᠨ ᠬᠠᠤᠯᠢ ᠬᠡᠷᠡᠭᠵᠢᠭᠦᠯᠬᠦ ᠪᠠᠶᠢᠭᠤᠯᠤᠮᠵᠢ ᠶᠢᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠤᠯᠢ ᠬᠡᠷᠡᠭᠵᠢᠭᠦᠯᠬᠦ ᠪᠠᠲᠤᠯᠠᠭ᠎ᠠ ᠶᠢ ᠴᠢᠩᠭᠠᠳᠬᠠᠨ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠳᠦᠷᠢᠮᠵᠢᠭᠦᠯᠵᠦ᠂ ᠬᠠᠤᠯᠢ ᠬᠡᠷᠡᠭᠵᠢᠭᠦᠯᠬᠦ ᠬᠢᠷᠢ ᠳᠦᠪᠰᠢᠨ ᠢᠶᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ᠬᠤᠰᠢᠭᠤ ᠰᠢᠶᠠᠨ ᠤ ᠨᠢᠭᠡᠳᠦᠯᠲᠡᠶ ᠬᠠᠤᠯᠢ ᠬᠡᠷᠡᠭᠵᠢᠭᠦᠯᠬᠦ᠂ ᠬᠥᠳᠡᠭᠡ ᠲᠣᠰᠬᠤᠨ ᠤ ᠬᠠᠮᠵᠢᠯᠴᠠᠨ ᠬᠠᠤᠯᠢ ᠬᠡᠷᠡᠭᠵᠢᠭᠦᠯᠬᠦ ᠠᠵᠢᠯ ᠤᠨ ᠠᠷᠭ᠎ᠠ ᠮᠠᠶ᠋ᠢᠭ ᠢ ᠶᠡᠬᠡᠪᠡᠷ ᠳᠡᠯᠭᠡᠷᠡᠬᠦᠯᠬᠦ ᠬᠡᠷᠡᠭᠳᠡᠢ᠃ ᠬᠥᠳᠡᠭᠡ ᠲᠣᠰᠬᠤᠨ ᠤ ᠵᠠᠰᠠᠮᠠᠯ ᠵᠠᠮ ᠤᠨ ᠲᠥᠬᠦᠭᠡᠷᠦᠮᠵᠢ ᠶᠢ ᠬᠠᠮᠠᠭᠠᠯᠠᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠬᠠᠤᠯᠢ ᠶᠢ ᠵᠥᠷᠢᠴᠡᠨ ᠬᠡᠮᠵᠢᠶ᠎ᠡ ᠠᠴᠠ ᠬᠡᠲᠦᠷᠡᠭᠦᠯᠦᠨ ᠲᠡᠭᠡᠭᠡᠪᠦᠷᠢᠯᠡᠬᠦ ᠵᠢᠴᠢ ᠪᠤᠰᠤᠳ ᠡᠯ᠎ᠡ ᠵᠦᠢᠯ ᠤᠨ ᠡᠪᠳᠡᠯᠭᠡ ᠶᠢᠨ ᠠᠵᠢᠯᠯᠠᠭ᠎ᠠ᠂ ᠬᠥᠳᠡᠭᠡ ᠲᠣᠰᠬᠤᠨ ᠤ ᠵᠠᠰᠠᠮᠠᠯ ᠵᠠᠮ ᠤᠨ ᠲᠥᠬᠦᠭᠡᠷᠦᠮᠵᠢ ᠶᠢ ᠡᠪᠳᠡᠬᠦ ᠵᠡᠷᠭᠡ ᠠᠵᠢᠯᠯᠠᠭ᠎ᠠ ᠶᠢ ᠴᠢᠷᠮᠠᠶᠢᠨ ᠰᠡᠷᠭᠡᠶᠢᠯᠡᠵᠦ᠂ ᠴᠠᠭ ᠲᠤᠬᠠᠶ ᠳᠤᠨᠢ ᠬᠤᠷᠢᠭᠯᠠᠨ ᠵᠣᠭᠰᠣᠭᠠᠬᠤ ᠪᠠ ᠪᠠᠶᠢᠴᠠᠭᠠᠨ ᠰᠢᠢᠳᠪᠤᠷᠢᠯᠡᠬᠦ ᠬᠡᠷᠡᠭᠳᠡᠢ᠃ ᠡᠯ᠎ᠡ ᠰᠤᠮᠤ ᠪᠠᠯᠭᠠᠰᠤ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠤᠯᠲᠠ ᠶᠢᠨ ᠲᠦᠷᠢᠮ ᠢ ᠦᠨᠳᠦᠰᠦᠨ ᠳᠡᠭᠡᠨ ᠪᠦᠷᠢᠨᠰᠢᠬᠦᠯᠵᠦ᠂ ᠵᠠᠮ ᠢᠶᠠᠨ ᠬᠠᠶᠢᠷᠠᠯᠠᠵᠤ ᠵᠠᠮ ᠢᠶᠠᠨ ᠬᠠᠮᠠᠭᠠᠯᠠᠬᠤ ᠲᠣᠰᠬᠤᠨ ᠤ ᠲᠦᠷᠢᠮ ᠠᠷᠠᠳ ᠤᠨ ᠭᠡᠷ᠎ᠡ᠂ ᠲᠣᠰᠬᠤᠨ ᠤ ᠲᠦᠷᠢᠮ ᠠᠷᠠᠳ ᠤᠨ ᠭᠡᠷ᠎ᠡ ᠶᠢ ᠲᠣᠭᠲᠠᠭᠠᠭᠰᠠᠨ ᠨᠣᠷᠮ᠎ᠠ ᠶᠢ 100% ᠳᠤ ᠬᠦᠷᠭᠡᠵᠦ᠂ ᠬᠤᠰᠢᠭᠤᠨ ᠳᠤ ᠵᠠᠮ ᠤᠨ ᠶᠠᠪᠤᠳᠠᠯ ᠤᠨ ᠠᠵᠢᠯᠲᠠᠨ ᠲᠠᠢ᠂ ᠰᠤᠮᠤ ᠪᠠᠯᠭᠠᠰᠤᠨ ᠳᠤ ᠬᠢᠨᠠᠨ ᠬᠠᠮᠢᠶᠠᠷᠤᠭᠴᠢ ᠲᠠᠢ᠂ ᠭᠠᠴᠠᠭ᠎ᠠ ᠲᠣᠰᠬᠤᠨ ᠳᠤ ᠵᠠᠮ ᠤᠨ ᠬᠠᠮᠠᠭᠠᠯᠠᠭᠴᠢ ᠲᠠᠢ  ᠪᠠᠶᠢᠬᠤ ᠵᠠᠮ ᠤᠨ ᠦᠢᠯᠡᠰ ᠤᠨ ᠡᠷᠬᠡ ᠠᠰᠢᠭ ᠢ ᠬᠠᠮᠠᠭᠠᠯᠠᠬᠤ ᠡᠩᠨᠡᠭᠡ ᠶᠢ ᠦᠨᠳᠦᠰᠦᠨ ᠳᠡᠭᠡᠨ ᠪᠠᠶᠢᠭᠤᠯᠬᠤ ᠬᠡᠷᠡᠭᠳᠡᠢ᠃     ᠵᠠᠮ ᠬᠠᠷᠢᠯᠴᠠᠭ᠎ᠠ᠂ ᠪᠠᠶᠢᠭᠠᠯᠢ ᠶᠢᠨ ᠡᠬᠢ ᠪᠠᠶᠠᠯᠢᠭ᠂ ᠵᠠᠮ ᠬᠠᠷᠢᠯᠴᠠᠭᠠᠨ ᠤ ᠬᠠᠮᠢᠶᠠᠷᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ ᠵᠡᠷᠭᠡ ᠰᠠᠯᠠᠭ᠎ᠠ ᠮᠥᠴᠢᠷ ᠵᠢᠴᠢ ᠡᠯ᠎ᠡ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠤᠳᠤᠷᠢᠳᠤᠯᠭ᠎ᠠ ᠪᠠᠨ ᠴᠢᠩᠭᠠᠳᠬᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠣᠷᠴᠢᠨ ᠲᠣᠭᠤᠷᠢᠨ ᠢ ᠶᠡᠬᠡᠪᠡᠷ ᠴᠡᠭᠴᠡᠯᠡᠨ ᠵᠠᠰᠠᠵᠤ᠂ ᠨᠣᠭᠤᠭᠠᠷᠠᠭᠤᠯᠵᠤ ᠭᠤᠶᠤᠵᠢᠭᠤᠯᠬᠤ ᠠᠵᠢᠯ ᠢ ᠨᠢᠭᠡᠳᠦᠯᠲᠡᠶ ᠲᠥᠯᠥᠪᠯᠡᠨ᠂ ᠵᠠᠰᠠᠮᠠᠯ ᠵᠠᠮ ᠤᠨ ᠬᠡᠷᠡᠭᠯᠡᠬᠦ ᠭᠠᠵᠠᠷ ᠤᠨ ᠬᠡᠪᠴᠢᠶᠡᠨ ᠳᠣᠲᠣᠷᠠᠬᠢ ᠲᠦᠯᠡᠰᠢ᠂ ᠪᠠᠭᠠᠰᠤᠨ ᠣᠪᠣᠭ᠎ᠠ᠂ ᠰᠢᠷᠣᠶ ᠶᠢᠨ ᠣᠪᠣᠭ᠎ᠠ᠂ ᠬᠤᠭ ᠨᠣᠪᠰᠢ ᠶᠢᠨ ᠣᠪᠣᠭ᠎ᠠ ᠪᠣᠯᠤᠨ ᠡᠯᠳᠡᠪ ᠪᠤᠳᠠᠰ ᠤᠨ ᠣᠪᠣᠭ᠎ᠠ ᠶᠢ ᠪᠥᠬᠦ ᠲᠠᠯ᠎ᠠ ᠪᠠᠷ ᠴᠡᠪᠡᠷᠯᠡᠵᠦ᠂ ᠵᠠᠰᠠᠮᠠᠯ ᠵᠠᠮ ᠳᠠᠭᠠᠤ ᠵᠠᠰᠠᠮᠠᠯ ᠵᠠᠮ ᠤᠨ ᠪᠤᠰᠤ ᠲᠡᠮᠳᠡᠭ ᠢ ᠪᠥᠬᠦ ᠲᠠᠯ᠎ᠠ ᠪᠠᠷ ᠴᠡᠪᠡᠷᠯᠡᠵᠦ᠂ ᠵᠠᠮ ᠤᠨ ᠭᠠᠳᠠᠷᠭᠤ ᠶᠢ ᠵᠢᠯ ᠤᠨ ᠲᠤᠷᠰᠢ ᠯᠠᠭ ᠳᠤᠭᠤᠰᠤ ᠦᠭᠡᠢ ᠴᠡᠪᠡᠷ ᠳᠡᠭᠰᠢ ᠪᠠᠶᠢᠯᠭᠠᠵᠦ᠂ ᠬᠠᠵᠠᠭᠤ ᠶᠢᠨ ᠭᠤᠤ ᠰᠤᠪᠠᠭ ᠳᠤ ᠬᠤᠷᠠᠮᠠᠯ ᠪᠤᠳᠠᠰ ᠦᠭᠡᠢ ᠨᠡᠪᠳᠡᠷᠡᠭᠦᠯᠵᠦ᠂ ᠪᠦᠳᠦᠴᠡ ᠶᠢᠨ ᠪᠤᠳᠠᠰ ᠨᠢ ᠪᠦᠷᠢᠨ ᠪᠦᠳᠦᠨ ᠠᠶᠤᠯ ᠦᠭᠡᠢ ᠪᠠᠶᠢᠬᠤ ᠶᠢ ᠪᠠᠲᠤᠯᠠᠵᠦ᠂ ᠵᠠᠮ ᠲᠠᠷᠢᠶ᠎ᠠ ᠶᠢ ᠰᠠᠯᠭᠠᠬᠤ᠂ ᠵᠠᠮ ᠣᠷᠣᠨ ᠰᠠᠭᠤᠴᠠ ᠶᠢ ᠰᠠᠯᠭᠠᠬᠤ ᠶᠢ ᠪᠡᠶᠡᠯᠡᠭᠦᠯᠵᠦ᠂ ᠰᠠᠭᠠᠳ ᠥᠭᠡᠢ ᠲᠠᠭᠠᠯᠠᠮᠵᠢᠲᠠᠶ ᠰᠠᠶᠢᠬᠠᠨ ᠨᠡᠪᠲᠡᠷᠡᠬᠦ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠶ᠃     ︵ᠭᠤᠷᠪᠠ︶ ᠬᠥᠳᠡᠭᠡ ᠲᠣᠰᠬᠤᠨ ᠤ ᠵᠠᠰᠠᠮᠠᠯ ᠵᠠᠮ ᠢ ᠪᠦᠬᠦ ᠲᠠᠯ᠎ᠠ ᠪᠠᠷ ᠰᠠᠶᠢᠲᠤᠷ ᠠᠷᠠᠴᠢᠯᠠᠨ ᠬᠠᠮᠠᠭᠠᠯᠠᠵᠤ᠂ ᠨᠡᠶᠢᠭᠡᠮ ᠤᠨ ᠦᠷ᠎ᠡ ᠠᠰᠢᠭ ᠢ ᠢᠳᠡᠪᠬᠢᠲᠡᠶ ᠪᠠᠷ ᠦᠷᠭᠡᠳᠬᠡᠬᠦ ᠬᠡᠷᠡᠭᠳᠡᠢ᠃ ︽ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠵᠠᠮ ᠬᠠᠷᠢᠯᠴᠠᠭᠠᠨ ᠤ ᠰᠠᠯᠠᠭ᠎ᠠ ᠮᠦᠴᠢᠷ ᠢᠶᠠᠷ ᠭᠤᠤᠯ ᠬᠠᠷᠢᠴᠠᠭᠤᠯᠵᠦ᠂ ᠰᠠᠯᠠᠭ᠎ᠠ ᠮᠥᠴᠢᠷ ᠤᠳ ᠬᠠᠮᠵᠢᠯᠴᠠᠨ᠂ ᠨᠡᠶᠢᠭᠡᠮ ᠨᠡᠶᠢᠳᠡ ᠪᠠᠷ ᠢᠶᠠᠨ ᠣᠷᠣᠯᠴᠠᠬᠤ︾ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠪᠣᠯᠤᠨ ᠲᠣᠰᠬᠤᠨ ᠤ ᠠᠷᠠᠳ ᠤᠨ ᠦᠢᠯᠡᠳᠦᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠶᠢ ᠦᠨᠡᠨᠬᠦ ᠠᠷᠠᠳ ᠤᠨ ᠠᠮᠢᠳᠤᠷᠠᠯ ᠤᠨ ᠠᠵᠢᠯ ᠤᠨ ᠬᠦᠷᠢᠶ᠎ᠡ ᠴᠠᠷᠠᠭᠠᠨ ᠳᠤ ᠣᠷᠣᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ ᠬᠠᠮᠠᠭᠠᠯᠠᠵᠤ᠂ ᠰᠠᠶᠢᠲᠤᠷ ᠬᠡᠷᠡᠭᠯᠡᠬᠦ ᠬᠡᠷᠡᠭᠲᠡᠶ᠃ ᠰᠢᠶᠠᠨ᠂ ᠰᠢᠶᠠᠩ᠂ ᠲᠣᠰᠬᠤᠨ ᠱᠠᠲᠤ ᠬᠤᠪᠢᠶᠠᠨ ᠠᠷᠠᠴᠢᠯᠠᠨ ᠬᠠᠮᠠᠭᠠᠯᠠᠬᠤ ᠵᠠᠷᠴᠢᠮ ᠶᠣᠰᠣᠭᠠᠷ᠂ ᠮᠠ ᠬᠤ᠋ ᠱᠤᠭᠤᠮ᠂ ᠭᠤᠸᠠᠨ ᠵᠠᠨ ᠱᠤᠭᠤᠮ ᠵᠡᠷᠭᠡ ᠰᠢᠶᠠᠨ ᠤ ᠵᠠᠮ ᠢ ᠬᠤᠰᠢᠭᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠲᠥᠪ ᠠᠴᠠ ᠠᠷᠠᠴᠢᠯᠠᠨ ᠬᠠᠮᠠᠭᠠᠯᠠᠵᠤ᠂ ᠡᠵᠡᠩᠨᠡᠯᠲᠡ ᠶᠢᠨ ᠴᠢᠨᠠᠷᠲᠠᠶ ᠵᠠᠰᠠᠮᠠᠯ ᠵᠠᠮ ᠢ ᠡᠵᠡᠩᠨᠡᠯᠲᠡ ᠶᠢᠨ ᠴᠢᠨᠠᠷᠲᠠᠶ ᠠᠵᠤ ᠠᠬᠤᠶᠢᠯᠠᠯ ᠠᠴᠠ ᠠᠷᠠᠴᠢᠯᠠᠨ ᠬᠠᠮᠠᠭᠠᠯᠠᠵᠤ᠂ ᠰᠢᠶᠠᠩ ᠤᠨ ᠵᠠᠮ ᠪᠠ ᠲᠣᠰᠬᠤᠨ ᠤ ᠵᠠᠮ ᠢ ᠪᠠᠶᠢᠭ᠎ᠠ ᠭᠠᠵᠠᠷ ᠤᠨ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠪᠠ ᠭᠠᠴᠠᠭ᠎ᠠ ᠲᠣᠰᠬᠤᠨ ᠤ ᠠᠷᠠᠳ ᠤᠨ ᠵᠥᠪᠯᠡᠯ ᠠᠴᠠ ᠠᠷᠠᠴᠢᠯᠠᠨ ᠬᠠᠮᠠᠭᠠᠯᠠᠵᠤ᠂ ᠬᠤᠰᠢᠭᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠲᠥᠪ ᠠᠴᠠ ᠡᠯ᠎ᠡ ᠨᠢᠭᠡᠴᠡ ᠶᠢᠨ ᠠᠷᠠᠴᠢᠯᠠᠨ ᠬᠠᠮᠠᠭᠠᠯᠠᠬᠤ ᠠᠵᠢᠯ ᠳᠤ ᠬᠢᠨᠠᠯᠲᠠ ᠲᠠᠯᠪᠢᠵᠤ ᠪᠠᠶᠢᠴᠠᠭᠠᠬᠤ ᠬᠡᠷᠡᠭᠳᠡᠢ᠃ ᠮᠠᠯᠵᠢᠬᠤ ᠲᠠᠷᠢᠶᠠᠯᠠᠬᠤ ᠣᠷᠣᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠬᠤ ᠵᠠᠷᠤᠳᠠᠯ ᠢ ᠪᠦᠬᠦᠨ ᠢ ᠣᠷᠣᠨ ᠨᠤᠲᠤᠭ ᠤᠨ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ ᠶᠢᠨ ᠬᠠᠮᠲᠤ ᠲᠣᠭᠲᠠᠭᠤᠨ ᠢᠶᠠᠷ ᠨᠡᠮᠡᠭᠳᠡᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠵᠤ᠂ ᠠᠷᠠᠴᠢᠯᠠᠨ ᠬᠠᠮᠠᠭᠠᠯᠠᠬᠤ ᠦᠢᠯᠡᠳᠪᠤᠷᠢᠯᠡᠯ ᠤᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠵᠢᠭᠰᠠᠭᠠᠨ ᠠᠷᠠᠴᠢᠯᠠᠬᠤ ᠨᠣᠷᠮ᠎ᠠ ᠶᠢ 100% ᠳᠤ  ᠬᠦᠷᠭᠡᠵᠦ᠂ ᠰᠢᠯᠢᠳᠡᠭ᠂ ᠰᠠᠶᠢᠨ᠂ ᠳᠤᠮᠳᠠ ᠵᠡᠷᠭᠡ ᠶᠢᠨ ᠵᠠᠮ ᠤᠨ ᠬᠠᠷᠢᠴᠠᠯ ᠢ 75% ᠠᠴᠠ ᠳᠣᠤᠷ᠎ᠠ ᠪᠠᠶᠢᠯᠭᠠᠬᠤ ᠥᠬᠡᠶ ᠪᠠᠶᠢᠵᠤ᠂ ᠵᠠᠮ ᠤᠨ ᠭᠠᠳᠠᠷᠭᠤ ᠶᠢᠨ ᠮᠡᠷᠭᠡᠵᠢᠯ ᠤᠨ ᠪᠠᠶᠢᠳᠠᠯ ᠪᠠ ᠦᠢᠯᠡᠴᠢᠯᠡᠭᠡᠨ ᠤ ᠬᠢᠷᠢ ᠳᠦᠪᠰᠢᠨ ᠢ ᠵᠢᠯ ᠳᠠᠷᠠᠭᠠᠯᠠᠨ ᠳᠡᠭᠡᠭᠰᠢᠯᠡᠬᠦᠯᠬᠦ ᠬᠡᠷᠡᠭᠳᠡᠢ᠃ ᠠᠷᠠᠴᠢᠯᠠᠨ ᠬᠠᠮᠠᠭᠠᠯᠠᠬᠤ ᠶᠠᠰᠤ ᠴᠢᠨᠠᠷ ᠢᠶᠠᠷ ᠭᠤᠣᠯᠳᠠᠯᠭ᠎ᠠ ᠪᠣᠯᠭᠠᠭᠰᠠᠨ ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠯᠲᠠ ᠶᠢᠨ ᠵᠠᠬ᠎ᠠ ᠳᠡᠯᠭᠡᠭᠦᠷᠴᠢᠯᠡᠬᠦ ᠥᠭᠡᠷᠡᠴᠢᠯᠡᠯᠲᠡ ᠶᠢ ᠯᠠᠪᠳᠠᠭᠤᠨ ᠡᠮᠬᠢ ᠳᠢᠭᠯᠢᠮ ᠲᠠᠢ ᠠᠬᠢᠭᠤᠯᠵᠤ᠂ ᠠᠷᠠᠴᠢᠯᠠᠨ ᠬᠠᠮᠠᠭᠠᠯᠠᠬᠤ ᠶᠢ ᠲᠤᠰᠬᠠᠶᠢᠵᠢᠭᠤᠯᠬᠤ ᠠᠬᠢᠴᠠ ᠶᠢ ᠲᠦᠷᠭᠡᠳᠬᠡᠨ ᠠᠬᠢᠭᠤᠯᠵᠤ᠂ ᠠᠷᠠᠴᠢᠯᠠᠨ ᠬᠠᠮᠠᠭᠠᠯᠠᠬᠤ ᠶᠠᠰᠤ ᠴᠢᠨᠠᠷ ᠬᠢᠭᠡᠳ ᠠᠷᠠᠴᠢᠯᠠᠨ ᠬᠠᠮᠠᠭᠠᠯᠠᠬᠤ ᠵᠠᠷᠤᠳᠠᠯ ᠥᠭᠬᠦ ᠶᠢ ᠬᠠᠷᠢᠯᠴᠠᠨ ᠬᠤᠯᠪᠣᠭᠳᠠᠭᠤᠯᠤᠭᠰᠠᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ᠂ ᠨᠥᠬᠦᠴᠡᠯ ᠲᠠᠢ ᠭᠠᠵᠠᠷ ᠣᠷᠣᠨ ᠢ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠠᠷᠭ᠎ᠠ ᠮᠠᠶ᠋ᠢᠭ ᠢᠶᠠᠷ ᠬᠥᠳᠡᠭᠡ ᠲᠣᠰᠬᠤᠨ ᠤ ᠵᠠᠰᠠᠮᠠᠯ ᠵᠠᠮ ᠤᠨ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠬᠡᠷᠡᠭᠵᠢᠭᠦᠯᠬᠦ ᠶᠢ ᠵᠣᠷᠢᠭᠵᠢᠭᠤᠯᠵᠤ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠵᠢᠴᠢ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠠᠵᠢᠯᠲᠠᠨ ᠢ ᠡᠯᠰᠡᠨ ᠤᠷᠤᠭᠤᠯᠵᠦ᠂ ᠮᠠᠯᠴᠢᠨ ᠲᠠᠷᠢᠶᠠᠴᠢᠨ ᠢ ᠤᠷᠢᠵᠤ ᠠᠯᠪᠠᠨ ᠵᠢᠷᠤᠮ ᠤᠨ ᠬᠢᠨᠠᠯᠲᠠ ᠲᠠᠯᠪᠢᠭᠴᠢ ᠶᠢᠨ ᠬᠤᠪᠢ ᠪᠠᠷ ᠬᠥᠳᠡᠭᠡ ᠲᠣᠰᠬᠤᠨ ᠤ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠵᠢᠴᠢ ᠠᠷᠠᠴᠢᠯᠠᠨ ᠬᠠᠮᠠᠭᠠᠯᠠᠯᠲᠠ ᠳᠤ ᠣᠷᠣᠯᠴᠠᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠮᠡᠳᠡᠭᠡ ᠵᠠᠩᠭᠢᠵᠢᠯᠲᠠ ᠶᠢᠨ ᠠᠯᠬᠤᠴᠠ ᠶᠢ ᠲᠦᠷᠭᠡᠳᠬᠡᠨ᠂ ᠵᠠᠮ ᠤᠨ ᠪᠠᠶᠢᠳᠠᠯ ᠢ ᠪᠠᠶᠢᠴᠠᠭᠠᠨ ᠬᠡᠮᠵᠢᠬᠦ ᠪᠠ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠵᠤ᠂ ᠠᠷᠠᠴᠢᠯᠠᠨ ᠬᠠᠮᠠᠭᠠᠯᠠᠬᠤ ᠲᠥᠯᠥᠪᠯᠡᠭᠡ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ ᠬᠡᠷᠡᠭᠵᠢᠭᠦᠯᠵᠦ᠂ ᠠᠷᠠᠴᠢᠯᠠᠨ ᠬᠠᠮᠠᠭᠠᠯᠠᠯᠲᠠ ᠶᠢᠨ ᠶᠠᠰᠤ ᠴᠢᠨᠠᠷ ᠪᠠ ᠪᠠᠯᠠ ᠮᠥᠩᠭᠦ ᠶᠢᠨ ᠬᠡᠷᠡᠭᠯᠡᠯᠲᠡ ᠶᠢᠨ ᠦᠷ᠎ᠡ ᠠᠰᠢᠭ ᠢ ᠴᠢᠷᠮᠠᠶᠢᠨ ᠳᠡᠭᠡᠭᠰᠢᠯᠡᠭᠦᠯᠬᠦ ᠬᠡᠷᠡᠭᠲᠡᠶ᠃     ︵ᠳᠥᠷᠪᠡ︶ ᠬᠥᠳᠡᠭᠡ ᠲᠣᠰᠬᠤᠨ ᠤ ᠵᠠᠰᠠᠮᠠᠯ ᠵᠠᠮ ᠢ ᠪᠥᠬᠦ ᠲᠠᠯ᠎ᠠ ᠪᠠᠷ ᠰᠠᠶᠢᠲᠤᠷ ᠡᠵᠡᠩᠨᠡᠵᠦ᠂ ᠬᠤᠲᠠ ᠬᠥᠳᠡᠭᠡ ᠶᠢ ᠨᠢᠭᠡᠳᠦᠯᠲᠡᠶ ᠲᠥᠯᠥᠪᠯᠡᠨ ᠬᠥᠭᠵᠢᠭᠦᠯᠬᠦ ᠶᠢ ᠠᠬᠢᠭᠤᠯᠬᠤ ᠬᠡᠷᠡᠭᠳᠡᠢ᠃ ︽ᠬᠤᠳᠠ ᠬᠥᠳᠡᠭᠡ ᠶᠢ ᠨᠢᠭᠡᠳᠦᠯᠲᠡᠶ ᠲᠥᠯᠥᠪᠯᠡᠬᠦ᠂ ᠬᠤᠳᠠ ᠪᠠᠷ ᠬᠥᠳᠡᠭᠡ ᠲᠣᠰᠬᠤᠨ ᠢ ᠳᠠᠶᠢᠴᠢᠯᠠᠬᠤ᠂ ᠬᠤᠳᠠ ᠬᠥᠳᠡᠭᠡ ᠶᠢ ᠨᠢᠭᠡ ᠴᠤᠭᠴᠠᠵᠢᠭᠤᠯᠬᠤ᠂ ᠠᠶᠠᠨᠴᠢᠨ ᠪᠠ ᠪᠠᠷᠠᠭ᠎ᠠ ᠶᠢ ᠵᠡᠷᠭᠡ ᠪᠠᠷ ᠠᠳᠬᠤᠬᠤ᠂ ᠲᠡᠭᠡᠭᠡᠪᠦᠷᠢ ᠪᠠ ᠰᠢᠦᠳᠠᠨ ᠢ ᠤᠶᠠᠯᠳᠤᠭᠤᠯᠬᠤ︾ ᠶᠡᠷᠦᠩᠬᠡᠶ ᠰᠡᠳᠬᠢᠴᠡ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠲᠡᠭᠡᠭᠡᠪᠦᠷᠢ ᠶᠢᠨ ᠦᠢᠯᠡᠴᠢᠯᠡᠭᠡᠨ ᠤ ᠲᠣᠣᠷ ᠰᠦᠯᠵᠢᠶ᠎ᠡ ᠶᠢ ᠳᠦᠷᠭᠡᠳᠬᠡᠨ ᠳᠡᠭᠡᠭᠰᠢᠯᠡᠬᠦᠯᠬᠦ ᠬᠡᠷᠡᠭᠳᠡᠢ᠃ ᠨᠡᠶᠢᠲᠡ ᠶᠢᠨ ᠵᠠᠮ ᠬᠠᠷᠢᠯᠴᠠᠭᠠᠨ ᠤ ᠱᠤᠭᠤᠮ ᠤᠨ ᠲᠣᠤᠷ ᠤᠨ ᠨᠢᠭᠲᠠᠴᠠ ᠶᠢ ᠵᠦᠶ ᠵᠣᠬᠢᠰᠲᠠᠶ ᠨᠡᠮᠡᠭᠳᠡᠭᠦᠯᠵᠦ᠂ ᠪᠣᠬᠢᠷᠲᠤᠯ ᠥᠬᠡᠶ ᠶᠠᠪᠤᠵᠤ ᠰᠠᠭᠤᠬᠤ ᠬᠠᠷᠢᠴᠠᠯ ᠪᠠ ᠨᠡᠶᠢᠲᠡ ᠶᠢᠨ ᠵᠠᠮ ᠬᠠᠷᠢᠯᠴᠠᠭᠠᠨ ᠤ ᠬᠤᠪᠢᠶᠠᠨ ᠡᠭᠦᠷᠭᠡᠯᠡᠬᠦ ᠨᠣᠷᠮ᠎ᠠ ᠶᠢ ᠳᠡᠭᠡᠭᠰᠢᠯᠡᠬᠦᠯᠬᠦ ᠬᠡᠷᠡᠭᠡᠢ᠃ ᠮᠡᠳᠡᠭᠡ ᠵᠠᠩᠭᠢ ᠶᠢᠨ ᠮᠡᠷᠭᠡᠵᠢᠯ ᠤᠨ ᠬᠤᠲᠠ ᠶᠢᠨ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠬᠦᠷᠢᠶᠡᠨ ᠳᠠᠬᠢ ᠬᠡᠷᠡᠭᠯᠡᠯᠲᠡ ᠶᠢ ᠶᠡᠬᠡᠪᠡᠷ ᠠᠬᠢᠭᠤᠯᠵᠤ᠂ ᠲᠡᠷᠭᠡ ᠬᠥᠰᠬᠡ ᠶᠢᠨ ᠡᠵᠡᠩᠨᠡᠯᠲᠡ ᠶᠢᠨ ᠣᠶᠤᠨᠴᠢ ᠲᠣᠬᠢᠷᠠᠭᠤᠯᠤᠯᠲᠠ ᠶᠢᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠤᠨ᠂ ᠣᠶᠤᠨᠴᠢ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠰᠢᠨᠵᠢᠯᠡᠬᠦ ᠤᠬᠠᠭᠠᠨ ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠵᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠡᠵᠡᠩᠨᠡᠯᠲᠡ ᠲᠣᠬᠢᠷᠠᠭᠤᠯᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠡᠵᠡᠩᠨᠡᠯᠲᠡ ᠲᠣᠬᠢᠷᠠᠭᠤᠯᠤᠯᠲᠠ ᠪᠠ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠶᠢᠨ ᠤᠶᠤᠨᠴᠢᠯᠠᠯᠳᠠ ᠶᠢ ᠪᠡᠶᠡᠯᠡᠭᠦᠯᠦᠨ᠂ ᠠᠷᠠᠳ ᠤᠯᠠᠨ ᠳᠤ ᠨᠡᠩ ᠰᠠᠶᠢᠨ ᠦᠢᠯᠡᠴᠢᠯᠡᠬᠦ ᠬᠡᠷᠡᠭᠳᠡᠢ᠃ ᠬᠤᠰᠢᠭᠤ᠂ ᠪᠠᠯᠭᠠᠰᠤ᠂ ᠲᠣᠰᠬᠤᠨ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠥᠷᠲᠡᠭᠡ ᠲᠠᠯᠠᠪᠤᠷ ᠤᠨ ᠲᠦᠭᠦᠬᠡᠷᠤᠮᠵᠢ ᠪᠠ ᠮᠡᠳᠡᠭᠡ ᠵᠠᠩᠭᠢ ᠶᠢᠨ ᠰᠢᠰᠲ᠋ᠧᠮ ᠤᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠡᠬᠢ ᠪᠠᠶᠠᠯᠢᠭ ᠢ ᠲᠦᠷᠭᠡᠳᠬᠡᠨ ᠨᠢᠭᠡᠳᠬᠡᠵᠦ᠂ ︽ᠣᠯᠠᠨ ᠥᠷᠲᠡᠭᠡ ᠶᠢ ᠨᠡᠶᠢᠯᠡᠭᠦᠯᠦᠨ ᠨᠢᠭᠡ ᠪᠣᠯᠭᠠᠬᠤ᠂ ᠡᠬᠢ ᠪᠠᠶᠠᠯᠢᠭ ᠢ ᠬᠠᠮᠲᠤᠪᠠᠷ ᠭᠥᠷᠳᠡᠬᠦ︾ ᠵᠠᠭᠪᠤᠷ ᠶᠣᠰᠣᠭᠠᠷ᠂ ᠠᠶᠠᠨᠴᠢᠳ ᠤᠨ ᠲᠡᠭᠡᠭᠡᠪᠦᠷᠢ ᠪᠠᠷ ᠰᠢᠤᠳᠠᠨ ᠤ  ᠵᠦᠢᠯ ᠢ ᠣᠷᠣᠯᠠᠨ ᠲᠡᠭᠡᠭᠡᠪᠦᠷᠢᠯᠡᠬᠦ ᠵᠡᠷᠭᠡ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠵᠣᠬᠢᠶᠠᠨ ᠪᠠᠶᠢᠭᠤᠯᠤᠯᠲᠠ ᠶᠢᠨ ᠵᠠᠭᠪᠤᠷ ᠢ ᠳᠡᠯᠭᠡᠷᠡᠭᠦᠯᠵᠦ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠳᠤ ᠳᠣᠭᠢᠷᠠᠬᠤ ᠸᠠᠭᠤᠨ ᠬᠡᠯᠪᠡᠷᠢ᠂ ᠬᠥᠯᠳᠡᠭᠡᠨ ᠬᠠᠳᠠᠭᠠᠯᠠᠬᠤ ᠵᠡᠷᠭᠡ ᠲᠤᠰᠬᠠᠶᠢᠵᠢᠭᠰᠠᠨ ᠲᠡᠷᠭᠡᠨ ᠤ ᠬᠡᠯᠪᠡᠷᠢ ᠶᠢ ᠶᠡᠬᠡᠪᠡᠷ ᠬᠦᠭᠵᠢᠭᠦᠯᠬᠦ ᠬᠡᠷᠡᠭᠳᠡᠢ᠃ ᠪᠠᠷᠠᠭᠠᠨ ᠤ  ᠭᠦᠢᠯᠭᠡᠭᠡᠨ ᠤ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠲᠦᠷᠭᠡᠨ ᠬᠦᠷᠭᠡᠯᠳᠡ᠂ ᠬᠤᠳᠠᠯᠳᠤᠭᠠᠨ ᠤ ᠴᠢᠯᠦᠭᠡᠳᠦ ᠳᠡᠯᠭᠡᠭᠦᠷ᠂ ᠠᠶᠠᠨᠴᠢᠳ ᠤᠨ ᠲᠡᠭᠡᠭᠡᠪᠦᠷᠢ ᠯᠦᠭᠡ ᠶᠢᠨ ᠬᠠᠮᠲᠤᠷᠠᠯᠴᠠᠭ᠎ᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠪᠠᠷᠠᠭᠠᠨ ᠤ ᠭᠦᠢᠯᠭᠡᠭᠡᠨ ᠤ ᠲᠡᠭᠡᠭᠡᠪᠦᠷᠢ ᠶᠢᠨ ᠲᠣᠤᠷ ᠰᠦᠯᠵᠢᠶ᠎ᠡ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠡᠶᠡᠯᠡᠭᠦᠯᠦᠨ᠂ ᠬᠤᠲᠠ ᠶᠢᠨ ᠳᠣᠲᠣᠷᠠᠬᠢ᠂ ᠬᠤᠰᠢᠭᠤ ᠠᠴᠠ ᠰᠤᠮᠤ ᠪᠠᠯᠭᠠᠰᠤ᠂ ᠰᠤᠮᠤ ᠪᠠᠯᠭᠠᠰᠤ ᠠᠴᠠ ᠲᠣᠰᠬᠤᠨ ᠬᠦᠷᠲᠡᠯᠡᠬᠢ ᠭᠤᠷᠪᠠᠨ ᠱᠠᠲᠤᠨ ᠤ ᠪᠠᠷᠠᠭᠠᠨ ᠤ ᠭᠦᠢᠯᠭᠡᠭᠡᠨ ᠤ ᠳᠤᠭᠳᠠᠯᠴᠠᠭ᠎ᠠ ᠶᠢ ᠳᠡᠭᠦᠯᠳᠡᠷᠵᠢᠭᠦᠯᠬᠦ ᠬᠡᠷᠡᠭᠳᠡᠢ᠃     ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ    ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠶᠢ ᠴᠢᠩᠭᠠᠳᠬᠠᠬᠤ ᠬᠡᠷᠡᠭᠳᠡᠢ᠃ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠠᠨ ᠪᠦᠷᠢᠨᠰᠢᠬᠦᠯᠵᠦ᠂ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ᠂ ᠡᠭᠦᠷᠭᠡ ᠲᠣᠳᠣᠷᠬᠠᠶ᠂ ᠬᠠᠷᠢᠭᠤᠴᠠᠯᠭ᠎ᠠ ᠲᠣᠳᠣᠷᠬᠠᠶ᠂ ᠨᠠᠶᠢᠳᠠᠪᠤᠷᠢᠵᠢᠭᠤᠯᠤᠯᠲᠠ ᠬᠦᠴᠦᠲᠡᠶ ᠪᠠᠶᠢᠬᠤ ᠶᠢ ᠪᠡᠶᠡᠯᠡᠭᠦᠯᠵᠦ ᠂ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠦᠨᠡᠨᠬᠦ ᠰᠠᠶᠢᠲᠤᠷ ᠠᠳᠬᠤᠬᠤ ᠬᠡᠷᠡᠭᠲᠡᠶ᠃ ᠰᠣᠨᠢᠨ ᠮᠡᠳᠡᠭᠡᠨ ᠤ ᠤᠬᠠᠭᠤᠯᠭ᠎ᠠ ᠪᠠ ᠶᠠᠷᠢᠶ᠎ᠠ ᠬᠡᠯᠡᠯᠴᠡᠭᠡᠨ ᠤ ᠵᠢᠯᠣᠭᠤᠳᠣᠯᠭ᠎ᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ︽ᠳᠥᠷᠪᠡᠨ ᠰᠠᠶᠢᠨᠲᠠᠶ  ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢᠨ ᠰᠠᠶᠢᠨ ᠲᠤᠷᠰᠢᠯᠭ᠎ᠠ᠂ ᠰᠠᠶᠢᠨ ᠠᠷᠭ᠎ᠠ ᠪᠠᠷᠢᠯ ᠢ ᠶᠡᠬᠡᠪᠡᠷ ᠤᠬᠠᠭᠤᠯᠵᠤ᠂ ᠲᠠᠷᠢᠶᠠᠴᠢᠨ ᠲᠦᠮᠡᠨ ᠤ ᠲᠤᠰᠬᠠᠭᠰᠠᠨ ᠲᠣᠪᠤᠶᠢᠮ᠎ᠠ ᠠᠰᠠᠭᠤᠳᠠᠯ ᠢ ᠴᠠᠭ ᠲᠤᠬᠠᠶ ᠳᠤᠨᠢ ᠰᠠᠶᠢᠲᠤᠷ ᠰᠢᠢᠳᠪᠤᠷᠢᠯᠡᠵᠦ᠂ ᠲᠠᠷᠢᠶᠠᠴᠢᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠨ᠂ ᠬᠥᠳᠡᠭᠡ ᠲᠣᠰᠬᠤᠨ ᠤ ᠵᠠᠰᠠᠮᠠᠯ ᠵᠠᠮ ᠤᠨ ᠴᠢᠨᠠᠷ ᠰᠠᠶᠢᠲᠠᠶ ᠬᠥᠭᠵᠢᠯᠲᠡ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠤᠯᠭᠠᠵᠦ ᠦᠭᠬᠦ ᠬᠡᠷᠡᠭᠲᠡᠶ᠃    ︵ᠬᠤᠶᠠᠷ︶ ᠠᠵᠢᠯ ᠤᠨ ᠬᠠᠷᠢᠭᠤᠴᠠᠯᠭ᠎ᠠ ᠶᠢ ᠪᠠᠬᠢᠵᠢᠭᠦᠯᠬᠦ ᠬᠡᠷᠡᠭᠳᠡᠢ᠃ ︽ᠳᠥᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾ ᠤᠨ ᠪᠥᠲᠥᠭᠡᠨ ᠪᠠᠶᠢᠭᠤᠯᠤᠯᠲᠠ ᠶᠢ ᠬᠤᠰᠢᠭᠤᠨ ᠠᠴᠠ ᠪᠠᠶᠢᠭᠤᠯᠭ᠎ᠠ ᠨᠢᠭᠡᠴᠡ᠂ ᠰᠤᠮᠤ ᠪᠠᠯᠭᠠᠰᠤ ᠶᠢᠨ ᠣᠨ ᠤ ᠰᠢᠯᠭᠠᠨ ᠬᠢᠨᠠᠬᠤ ᠬᠡᠪᠴᠢᠶᠡᠨ ᠳᠤ ᠤᠷᠤᠭᠤᠯᠬᠤ ᠬᠡᠷᠡᠭᠳᠡᠢ᠃ ᠵᠠᠮ ᠬᠠᠷᠢᠯᠴᠠᠭᠠᠨ ᠤ ᠰᠠᠯᠠᠭ᠎ᠠ ᠮᠥᠴᠢᠷ ᠤᠳ ᠠᠵᠢᠯ ᠤᠨ ᠬᠠᠷᠢᠭᠤᠴᠠᠯᠭ᠎ᠠ ᠪᠠᠨ ᠤᠯᠠᠮ ᠨᠢᠭᠡ ᠠᠯᠬᠤᠮ ᠨᠠᠶᠢᠳᠠᠪᠤᠷᠢᠵᠢᠭᠤᠯᠤᠨ᠂ ᠠᠵᠢᠯ ᠤᠨ ᠡᠭᠦᠷᠭᠡ ᠪᠠᠨ ᠵᠠᠳᠠᠯᠵᠤ᠂ ᠪᠥᠳᠥᠭᠡᠨ ᠪᠠᠶᠢᠭᠤᠯᠬᠤ ᠬᠠᠷᠠᠯᠲᠠ ᠪᠠᠨ ᠨᠠᠷᠢᠯᠢᠬᠵᠢᠭᠤᠯᠤᠨ᠂ ᠠᠵᠢᠯ ᠤᠨ ᠬᠦᠴᠦᠨ ᠢᠶᠠᠨ ᠲᠡᠭᠦᠯᠳᠡᠷᠵᠢᠭᠦᠯᠬᠦ ᠬᠡᠷᠡᠭᠲᠡᠶ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠪᠡᠯᠡ ᠮᠥᠩᠭᠦ᠂ ᠪᠠᠶᠢᠭᠤᠯᠤᠮᠵᠢ᠂ ᠠᠵᠢᠯᠳᠠᠨ ᠪᠠ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠢᠳᠡᠪᠬᠢᠲᠡᠢ ᠨᠠᠶᠢᠳᠠᠪᠤᠷᠢᠵᠢᠭᠤᠯᠵᠤ᠂ ︽ᠲᠦᠷᠪᠡᠨ‌‍ᠰᠠᠶᠢᠨᠳᠠᠢ ᠬᠥᠳᠡᠭᠡ ᠲᠣᠰᠬᠤᠨ ᠤ ᠵᠠᠮ︾ ᠤᠨ ᠪᠦᠳᠦᠭᠡᠨ ᠪᠠᠶᠢᠭᠤᠯᠤᠯᠲᠠ ᠶᠢᠨ ᠡᠯ᠎ᠡ ᠵᠦᠢᠯ ᠤᠨ ᠬᠠᠷᠠᠯᠲᠠ ᠶᠢ ᠤᠷᠤᠭᠰᠢᠲᠠᠢ ᠪᠡᠶᠡᠯᠡᠭᠦᠯᠬᠦ ᠶᠢ ᠪᠠᠲᠤᠯᠠᠵᠤ᠂ ᠠᠷᠠᠳ ᠤᠯᠠᠨ ᠳᠤ ᠪᠣᠳᠠᠲᠤ ᠦᠷ᠎ᠡ ᠪᠦᠲᠦᠮᠵᠢ ᠶᠢ ᠦᠵᠡᠭᠦᠯᠵᠦ᠂ ᠪᠣᠳᠠᠲᠤ ᠠᠰᠢᠭ ᠬᠦᠷᠲᠡᠭᠡᠬᠦ ᠬᠡᠷᠡᠭᠲᠡᠢ᠃     ︵ᠭᠤᠷᠪᠠ︶ ᠬᠢᠨᠠᠯᠲᠠ ᠲᠠᠯᠪᠢᠵᠤ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠶ᠃ ᠬᠥᠳᠡᠭᠡ ᠲᠣᠰᠬᠤᠨ ᠤ ᠵᠠᠰᠠᠮᠠᠯ ᠵᠠᠮ ᠢ ᠬᠠᠮᠢᠶᠠᠷᠴᠤ ᠠᠷᠠᠴᠢᠯᠠᠬᠤ ᠠᠵᠢᠯ ᠢ ᠬᠤᠰᠢᠭᠤᠨ ᠤ ᠰᠤᠮᠤ ᠪᠠᠯᠭᠠᠰᠤ ᠶᠢᠨ ᠣᠨ ᠤ ᠪᠣᠳᠠᠲᠤ ᠠᠮᠵᠢᠯᠲᠠ ᠶᠢ ᠰᠢᠯᠭᠠᠨ ᠬᠢᠨᠠᠬᠤ ᠳᠤ ᠣᠷᠣᠭᠤᠯᠵᠤ᠂ ᠦᠨᠳᠦᠰᠦᠨ ᠱᠠᠲᠤᠨ ᠤ ᠵᠠᠰᠠᠭ ᠤᠨ ᠣᠷᠳᠣᠨ ᠪᠠ ᠵᠣᠬᠢᠶᠠᠨ ᠪᠠᠶᠢᠭᠤᠯᠤᠯᠲᠠ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠥᠭᠵᠢᠯᠲᠡ ᠳᠠᠬᠢ ᠴᠢᠬᠤᠯᠠ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠳᠡᠢ᠃ ᠡᠯ᠎ᠡ ᠬᠠᠮᠢᠶ᠎ᠠ ᠪᠥᠬᠦᠶ ᠪᠠᠶᠢᠭᠤᠯᠭ᠎ᠠ ᠨᠢᠭᠡᠴᠡ ᠬᠢᠨᠠᠨ ᠵᠢᠯᠣᠭᠤᠳᠬᠤ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠪᠥᠲᠥᠭᠡᠨ ᠪᠠᠶᠢᠭᠤᠯᠤᠯᠲᠠ ᠶᠢᠨ ᠶᠠᠰᠤ ᠴᠢᠨᠠᠷ᠂ ᠠᠵᠢᠯ ᠤᠨ ᠠᠬᠢᠴᠠ᠂ ᠪᠠᠯᠠ ᠮᠥᠩᠭᠦ ᠶᠢ ᠪᠣᠳᠠᠲᠠᠶᠢᠵᠢᠭᠤᠯᠤᠭᠰᠠᠨ ᠵᠡᠷᠭᠡ ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠨ ᠵᠢᠯᠣᠭᠤᠳᠴᠤ᠂ ᠪᠠᠶᠢᠴᠠᠭᠠᠭᠰᠠᠨ ᠦᠷ᠎ᠡ ᠳ᠋ᠦᠩ ᠢᠶᠠᠨ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠠᠯᠠᠭ᠎ᠠ ᠮᠥᠴᠢᠷ ᠲᠤ ᠬᠠᠭᠤᠯᠤᠨ ᠮᠡᠳᠡᠭᠦᠯᠬᠦ ᠶᠢᠨ ᠬᠠᠮᠲᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠨᠢᠭᠡᠴᠡ ᠳᠤ ᠮᠡᠳᠡᠭᠦᠯᠦᠨ ᠣᠷᠣᠰᠢᠵᠤ ᠪᠠᠶᠢᠭ᠎ᠠ ᠠᠰᠠᠭᠤᠳᠠᠯ ᠢ ᠰᠢᠮᠳᠠᠭᠤᠯᠤᠨ ᠵᠠᠯᠠᠷᠠᠭᠤᠯᠬᠤ ᠪᠠ ᠰᠢᠢᠳᠪᠤᠷᠢᠯᠡᠬᠦ ᠬᠡᠷᠡᠭᠲᠡᠶ᠃ ᠬᠢᠨᠠᠨ ᠰᠢᠯᠭᠠᠵᠤ ᠱᠠᠩᠨᠠᠵᠤ ᠲᠣᠷᠭᠠᠬᠤ ᠲᠣᠭᠲᠠᠴᠠ ᠶᠢ ᠲᠡᠭᠦᠯᠳᠡᠷᠵᠢᠭᠦᠯᠵᠦ᠂ ᠪᠥᠬᠦ ᠬᠤᠰᠢᠭᠤᠨ ᠤ ᠬᠡᠪᠴᠢᠶᠡᠨ ᠳᠤ ᠬᠠᠮᠲᠤᠷᠠᠨ ᠪᠠᠶᠢᠴᠠᠭᠠᠵᠤ ᠬᠠᠮᠲᠤᠷᠠᠨ ᠦᠨᠡᠯᠡᠬᠦ ᠠᠵᠢᠯᠯᠠᠭ᠎ᠠ ᠶᠢ ᠴᠠᠭ ᠳᠠᠷᠤᠢ ᠳᠤᠨᠢ ᠦᠷᠨᠢᠭᠦᠯᠦᠨ᠂ ᠰᠢᠯᠢᠳᠡᠭ ᠢ ᠱᠠᠩᠨᠠᠵᠤ ᠮᠠᠭᠤ ᠶᠢ ᠲᠣᠷᠭᠠᠬᠤ ᠶᠢᠨ ᠬᠠᠮᠲᠤ ᠲᠤᠬᠠᠶ ᠶᠢᠨ ᠭᠠᠵᠠᠷ ᠤᠨ ᠬᠤᠶᠢᠰᠢᠳᠠ ᠶᠢᠨ ᠵᠠᠰᠠᠮᠠᠯ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠣᠬᠢᠷᠠᠭᠤᠯᠤᠯᠲᠠ᠂ ᠦᠵᠡᠰᠬᠦᠯᠡᠩᠲᠦ ᠰᠠᠶᠢᠬᠠᠨ ᠬᠦᠷᠢᠶ᠎ᠡ ᠬᠠᠰᠢᠶ᠎ᠠ᠂ ᠣᠳᠣᠨ ᠲᠠᠰ ᠤᠨ ᠪᠣᠯᠪᠠᠰᠤᠨ ᠡᠷᠦᠬᠡ ᠶᠢᠨ ᠰᠢᠯᠭᠠᠷᠠᠭᠤᠯᠤᠯᠲᠠ ᠵᠡᠷᠭᠡ ᠲᠠᠢ ᠬᠤᠯᠪᠤᠭᠳᠠᠭᠤᠯᠬᠤ ᠬᠡᠷᠡᠭᠳᠡᠢ᠃     ︵ᠳᠥᠷᠪᠡ︶ ᠪᠠᠯᠠ ᠮᠥᠩᠭᠦ ᠶᠢᠨ ᠪᠠᠲᠤᠯᠠᠭ᠎ᠠ ᠶᠢ ᠴᠢᠩᠭᠠᠳᠬᠠᠬᠤ ᠬᠡᠷᠡᠭᠳᠡᠢ᠃ ᠤᠯᠠᠨ ᠨᠡᠶᠢᠲᠡ ᠶᠢᠨ ᠡᠳ᠋ ᠤᠨ ᠵᠠᠰᠠᠭ ᠤᠨ ᠱᠠᠳᠤ ᠬᠤᠪᠢᠶᠠᠨ ᠣᠷᠣᠭᠤᠯᠤᠯᠲᠠ ᠬᠢᠬᠦ ᠪᠠᠷ ᠭᠤᠣᠯ ᠪᠤᠯᠭᠠᠵᠦ᠂ ᠤᠯᠠᠨ ᠠᠷᠭ᠎ᠠ ᠵᠠᠮ ᠢᠶᠠᠷ ᠴᠤᠭᠯᠠᠭᠤᠯᠬᠤ ᠪᠠᠷ ᠬᠠᠪᠰᠤᠷᠤᠮᠵᠢ ᠪᠣᠯᠭᠠᠭᠰᠠᠨ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠶᠢᠨ ᠪᠡᠯᠡ ᠮᠥᠩᠭᠦ ᠴᠤᠭᠯᠠᠭᠤᠯᠬᠤ ᠲᠣᠭᠲᠠᠴᠠ ᠶᠢ ᠳᠦᠷᠭᠡᠳᠬᠡᠨ ᠪᠠᠶᠢᠭᠤᠯᠬᠤ ᠬᠡᠷᠡᠭᠳᠡᠢ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠨᠢ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠠᠯᠠ ᠮᠥᠩᠭᠦ ᠶᠢ ᠣᠷᠣᠨ ᠨᠤᠲᠤᠭ ᠤᠨ ᠡᠳ᠋ ᠤᠨ ᠵᠠᠰᠠᠭ ᠤᠨ ᠲᠥᠰᠦᠪ ᠲᠤ ᠣᠷᠣᠭᠤᠯᠬᠤ ᠶᠢᠨ ᠬᠠᠮᠲᠤ᠂ ᠬᠤᠰᠢᠭᠤᠨ ᠤ ᠡᠳ᠋ ᠤᠨ ᠵᠠᠰᠠᠭ ᠤᠨ ᠵᠢᠯ ᠪᠦᠷᠢ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠶᠡᠷᠦᠩᠬᠡᠶᠢᠯᠡᠨ ᠵᠠᠰᠠᠬᠤ ᠵᠢᠴᠢ ᠣᠯᠠᠨ ᠨᠡᠶᠢᠲᠡ ᠶᠢᠨ ᠲᠦᠬᠦᠭᠡᠷᠤᠮᠵᠢ ᠶᠢᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠵᠠᠷᠤᠳᠠᠯ ᠤᠨ ᠳᠣᠲᠣᠷ᠎ᠠ ᠠᠴᠠ ᠨᠢᠭᠡ ᠬᠡᠰᠡᠭ ᠢ ᠭᠠᠷᠭᠠᠨ ᠠᠪᠴᠤ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠳᠤ ᠬᠡᠷᠡᠭᠯᠡᠵᠦ᠂ ᠪᠠᠷᠠᠭᠠᠨ ᠤ ᠦᠨ᠎ᠡ ᠶᠢᠨ ᠨᠡᠮᠡᠭᠳᠡᠯ᠂ ᠵᠠᠮ ᠤᠨ ᠣᠷᠳᠣ ᠪᠠ ᠡᠳ᠋ ᠤᠨ ᠬᠦᠴᠦᠨ ᠤ ᠨᠡᠮᠡᠭᠳᠡᠯ ᠵᠡᠷᠭᠡ ᠬᠦᠴᠦᠨ ᠵᠦᠢᠯ ᠢ ᠦᠨᠳᠦᠰᠦᠯᠡᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ ᠶᠢᠨ ᠪᠠᠯᠠ ᠮᠥᠩᠭᠦ ᠶᠢᠨ ᠡᠯ᠎ᠡ ᠰᠤᠮᠤ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠨᠤᠭᠤᠳ ᠬᠥᠳᠡᠭᠡ ᠲᠣᠰᠬᠤᠨ ᠤ ᠵᠠᠰᠠᠮᠠᠯ ᠵᠠᠮ ᠤᠨ ᠬᠠᠮᠢᠶᠠᠷᠴᠤ ᠠᠷᠠᠴᠢᠯᠠᠬᠤ ᠬᠡᠷᠡᠭᠴᠡᠭᠡ ᠱᠠᠭᠠᠷᠳᠠᠯᠭ᠎ᠠ ᠶᠢᠨ ᠪᠣᠳᠠᠲᠤ ᠪᠠᠶᠢᠳᠠᠯ ᠢ ᠦᠨᠳᠦᠰᠦᠯᠡᠨ᠂ ᠴᠢᠬᠤᠯᠠ ᠪᠥᠬᠦᠶ ᠡᠳ᠋ ᠤᠨ ᠵᠠᠰᠠᠭ ᠤᠨ ᠪᠠᠯᠠ ᠮᠥᠩᠭᠦ ᠶᠢ ᠵᠦᠶ ᠵᠣᠬᠢᠰᠲᠠᠶ ᠳᠣᠭᠢᠷᠠᠭᠤᠯᠵᠤ᠂ ᠬᠥᠳᠡᠭᠡ ᠲᠣᠰᠬᠤᠨ ᠤ ᠵᠠᠰᠠᠮᠠᠯ ᠵᠠᠮ ᠤᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠬᠡᠷᠡᠭᠲᠡᠶ᠃ ︽ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ︾ ᠲᠦᠷᠦ ᠶᠢᠨ ᠪᠤᠳᠤᠯᠭ᠎ᠠ ᠶᠢ ᠲᠡᠭᠦᠯᠳᠡᠷᠵᠢᠭᠦᠯᠵᠦ᠂ ︽ᠨᠢᠭᠡ ᠬᠡᠷᠡᠭ ᠢ ᠨᠢᠭᠡ ᠵᠥᠪᠯᠡᠬᠦ ︾ ᠶᠢᠨ ᠬᠥᠳᠡᠭᠡ ᠲᠣᠰᠬᠤᠨ ᠤ ᠵᠠᠰᠠᠮᠠᠯ ᠵᠠᠮ ᠤᠨ ᠬᠥᠭᠵᠢᠯᠲᠡ ᠳᠤ ᠦᠵᠡᠭᠦᠯᠬᠦ ᠦᠢᠯᠡᠳᠦᠯ ᠢ ᠰᠠᠶᠢᠲᠤᠷ ᠪᠠᠳᠠᠷᠠᠭᠤᠯᠵᠤ᠂ ᠶᠠᠳᠠᠭᠤ ᠶᠢ ᠲᠡᠳᠬᠦᠬᠦ ᠪᠠ ᠲᠠᠷᠢᠶᠠᠯᠠᠩ ᠳᠤ ᠬᠤᠯᠪᠣᠭᠳᠠᠬᠤ ᠪᠡᠯᠡ ᠮᠥᠩᠭᠦ ᠶᠢ ᠬᠥᠳᠡᠭᠡ ᠲᠣᠰᠬᠤᠨ ᠤ ᠵᠠᠰᠠᠮᠠᠯ ᠵᠠᠮ ᠤᠨ ᠬᠥᠭᠵᠢᠯᠲᠡ ᠳᠤ ᠬᠡᠷᠡᠭᠯᠡᠬᠦ ᠪᠠᠷ ᠴᠢᠷᠮᠠᠶᠢᠬᠤ ᠬᠡᠷᠡᠭᠳᠡᠢ᠃ ᠠᠵᠤ ᠠᠬᠤᠶᠢᠯᠠᠯ ᠪᠣᠯᠤᠨ ᠬᠤᠪᠢ ᠬᠥᠮᠦᠨ ᠤ ᠵᠣᠭᠤᠰ ᠬᠠᠨᠳᠢᠪᠯᠠᠬᠤ ᠵᠢᠴᠢ ᠵᠠᠮ ᠤᠨ ᠳᠢᠳᠢᠮᠯᠡᠬᠦ ᠡᠷᠬᠡ᠂ ᠵᠠᠮ ᠤᠨ ᠬᠠᠵᠠᠭᠤ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠡᠷᠬᠡ᠂ ᠨᠣᠭᠤᠭᠠᠷᠠᠭᠤᠯᠬᠤ ᠡᠷᠬᠡ ᠵᠡᠷᠭᠡ ᠤᠯᠠᠨ ᠵᠦᠢᠯ ᠤᠨ ᠠᠷᠭ᠎ᠠ ᠮᠠᠶ᠋ᠢᠭ ᠢ ᠠᠰᠢᠭᠯᠠᠨ ᠨᠡᠶᠢᠭᠡᠮ ᠤᠨ ᠪᠡᠯᠡ ᠮᠥᠩᠭᠦ ᠶᠢ ᠴᠤᠭᠯᠠᠭᠤᠯᠵᠤ ᠬᠥᠳᠡᠭᠡ ᠲᠣᠰᠬᠤᠨ ᠤ ᠵᠠᠰᠠᠮᠠᠯ ᠵᠠᠮ ᠤᠨ ᠬᠥᠭᠵᠢᠯᠲᠡ ᠳᠤ ᠬᠡᠷᠡᠭᠯᠡᠬᠦ ᠶᠢ ᠵᠤᠷᠢᠭᠵᠢᠭᠤᠯᠬᠤ ᠬᠡᠷᠡᠭᠳᠡᠢ᠃
ᠢᠷᠡᠯᠲᠡ᠄ ᠳᠠᠠᠯᠳ ᠬᠤᠰᠢᠭᠤᠨ ᠤ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ