ᠸᠠᠩ ᠰᠢᠶᠤᠤ ᠫᠢᠩ
ᠨᠡᠶᠢᠲᠡᠯᠡᠭᠰᠡᠨ ᠴᠠᠭ᠄
2021/12/30
     ᠡᠷᠡᠭᠲᠡᠢ᠂ ᠬᠢᠲᠠᠳ ᠦᠨᠳᠦᠰᠦᠲᠡᠨ᠂ 1979 ᠣᠨ ᠤ 10 ᠰᠠᠷ᠎ᠠ ᠳᠤ ᠲᠦᠷᠦᠵᠠᠢ᠂ ᠥᠪᠥᠷ ᠮᠣᠩᠭᠤᠯ ᠤᠨ ᠬᠠᠩᠭᠢᠨ ᠬᠤᠰᠢᠭᠤᠨ ᠤ ᠬᠥᠮᠦᠨ᠂ 1999 ᠣᠨ ᠤ 11 ᠰᠠᠷ᠎ᠠ ᠳᠤ ᠠᠵᠢᠯ ᠤᠨ ᠪᠠᠶᠢᠷᠢᠨ ᠳᠤ ᠭᠠᠷᠴᠦ᠂ 2002 ᠣᠨ ᠤ 6 ᠰᠠᠷ᠎ᠠ ᠳᠤ ᠳᠤᠮᠳᠠᠳᠤ ᠤᠯᠤᠰ ᠤᠨ ᠡᠪ ᠬᠠᠮᠲᠤ ᠨᠠᠮ ᠳᠤ ᠣᠷᠣᠵᠠᠢ᠂ ᠥᠪᠥᠷ ᠮᠣᠩᠭᠤᠯ ᠤᠨ ᠨᠠᠮ ᠤᠨ ᠰᠤᠷᠭᠠᠭᠤᠯᠢ ᠶᠢᠨ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠢᠨᠵᠧᠨᠧᠷᠢᠩ ᠤᠨ ᠮᠠᠰᠲ᠋ᠧᠷ ᠴᠣᠯᠠ ᠲᠠᠢ᠂ ᠤᠳᠤ ᠳᠠᠯᠠᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠣᠷᠣᠯᠠᠭᠴᠢ ᠬᠤᠰᠢᠭᠤ  ᠳᠠᠷᠤᠭ᠎ᠠ ᠶᠢᠨ ᠳᠤᠰᠢᠶᠠᠯ ᠢ ᠡᠭᠦᠷᠭᠡᠯᠡᠵᠦ ᠪᠤᠢ᠃     1995.09 — 1999.07   ᠥᠪᠥᠷ ᠮᠣᠩᠭᠤᠯ ᠤᠨ ᠵᠠᠯᠠᠶᠢᠳ ᠤᠨ ᠤᠢ ᠰᠢᠭᠤᠢ ᠶᠢᠨ ᠰᠤᠷᠭᠠᠭᠤᠯᠢ ᠳᠤ ᠰᠤᠷᠤᠯᠴᠠᠵᠦ ᠪᠠᠶᠢᠵᠠᠢ;    1999.07 — 1999.11    ᠰᠤᠷᠭᠠᠭᠤᠯᠢ ᠳᠠᠭᠦᠰᠦᠭᠡᠳ ᠠᠵᠢᠯ ᠬᠤᠪᠢᠶᠡᠬᠤ ᠶᠢ ᠬᠦᠯᠢᠶᠡᠵᠦ ᠪᠠᠶᠢᠵᠠᠢ;    1999.11 — 2001.03   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠶᠡᠭᠡ ᠵᠤᠤ ᠠᠶᠢᠮᠠᠭ ᠤᠨ ᠬᠠᠩᠭᠢᠨ ᠬᠤᠰᠢᠭᠤᠨ ᠤ ᠤᠤᠯ ᠤᠨ ᠰᠧ ᠱᠢ ᠯᠢ ᠯᠢᠶᠠᠩ ᠪᠠᠯᠭᠠᠰᠤᠨ ᠳᠤ ᠠᠵᠢᠯᠯᠠᠵᠦ ᠪᠠᠶᠢᠵᠠᠢ ︵ᠡᠨᠡ‌ᠬᠤᠭᠤᠴᠠᠭᠠᠨ ᠳᠤ᠄ 2000.06  ᠳᠤ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠤᠨ ︿ᠳᠡᠭᠡᠳᠦ ᠵᠡᠷᠭᠡ ᠶᠢᠨ ᠲᠤᠰᠬᠠᠢ ᠮᠡᠷᠭᠡᠵᠢᠯ﹀ ᠤᠨ ᠰᠤᠷᠤᠯᠭ᠎ᠠ ᠶᠢᠨ ᠨᠠᠮᠲᠠᠷ ᠢ ᠬᠦᠷᠳᠡᠵᠡᠢ︶ ;    2001.03 — 2009.02    ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠬᠠᠩᠭᠢᠨ ᠬᠤᠰᠢᠭᠤᠨ ᠤ ᠨᠠᠮ ᠤᠨ ᠬᠤᠷᠢᠶ᠎ᠡ ᠶᠢᠨ ᠠᠯᠪᠠᠨ ᠭᠡᠷ ᠲᠤ ᠠᠵᠢᠯᠯᠠᠵᠤ᠂ 2005.05 ᠳᠤ ᠳᠡᠳ᠋ ᠰᠠᠯᠠᠭᠠᠨ ᠲᠡᠰ ᠤᠨ ᠨᠠᠷᠢᠨ ᠪᠢᠴᠢᠭᠡᠴᠢ ᠶᠢᠨ ᠲᠤᠰᠢᠶᠠᠯ ᠢ ᠡᠭᠦᠷᠭᠡᠯᠡᠵᠦ᠂ 2006.11 ᠳᠤ ᠠᠯᠪᠠᠨ ᠭᠡᠷ ᠤᠨ ᠳᠡᠳ᠋ ᠡᠷᠬᠢᠯᠡᠭᠴᠢ ᠶᠢᠨ ᠲᠤᠰᠢᠶᠠᠯ ᠢ ᠡᠭᠦᠷᠭᠡᠯᠡᠨ᠂ 2008.02  ᠳᠤ ᠬᠤᠰᠢᠭᠤ ᠨᠠᠮ ᠤᠨ ᠬᠤᠷᠢᠶ᠎ᠡ ᠶᠢᠨ ᠰᠡᠷᠭᠡᠶᠢᠯᠡᠯᠲᠡ ᠶᠢᠨ ᠠᠯᠪᠠᠨ ᠭᠡᠷ ᠤᠨ ᠡᠷᠬᠢᠯᠡᠭᠴᠢ ︵ᠵᠢᠩᠬᠢᠨᠢ ᠰᠠᠯᠠᠭᠠᠨ ᠳᠡᠰ︶ ᠶᠢᠨ ᠲᠤᠰᠢᠶᠠᠯ ᠢ ᠬᠠᠪᠰᠤᠷᠭᠠᠨ ᠬᠠᠷᠢᠭᠤᠴᠠᠵᠤ᠂ 2004.06 ᠳᠤ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠠᠤᠯᠢ ᠴᠠᠭᠠᠵᠠ ᠶᠢᠨ ᠲᠤᠰᠬᠠᠢ ᠮᠡᠷᠭᠡᠵᠢᠯ ᠤᠨ ︿ᠶᠡᠭᠡ ᠰᠤᠷᠭᠠᠭᠤᠯᠢ﹀ ᠶᠢᠨ ᠰᠤᠷᠤᠯᠭ᠎ᠠ ᠶᠢᠨ ᠨᠠᠮᠲᠠᠷ ᠢ ᠬᠦᠷᠳᠡᠵᠡᠢ ;    2009.02 — 2012.07 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠬᠠᠩᠭᠢᠨ ᠬᠤᠰᠢᠭᠤᠨ ᠤ ᠪᠠᠯᠭᠤᠨ ᠪᠠᠯᠭᠠᠰᠤᠨ ᠤ ᠨᠠᠮ ᠤᠨ ᠬᠤᠷᠢᠶ᠎ᠡ ᠶᠢᠨ ᠳᠡᠳ᠋ ᠱᠦᠵᠢ᠂ ᠵᠠᠰᠠᠭ ᠤᠨ ᠣᠷᠳᠣᠨ ᠤ ᠪᠠᠯᠭᠠᠰᠤᠨ ᠳᠠᠷᠤᠭ᠎ᠠ ᠶᠢᠨ ᠳᠤᠰᠢᠶᠡᠯ ᠢ ᠡᠭᠦᠷᠭᠡᠯᠡᠵᠦ ᠪᠠᠶᠢᠵᠠᠢ;     2012. 07 — 2012. 11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠳ᠋ᠦᠩᠱᠧᠩ ᠲᠣᠭᠤᠷᠢᠭ ᠤᠨ ᠳᠡᠳ᠋ ᠭᠠᠵᠠᠷ ᠤᠨ ᠲᠡᠰ ᠤᠨ ᠨᠡᠶᠢᠭᠡᠮ ᠤᠨ ᠠᠵᠢᠯ ᠤᠨ ᠲᠤᠰᠬᠠᠢ ᠲᠤᠰᠢᠶᠠᠯᠲᠠᠨ ᠤ ᠳᠤᠰᠢᠶᠠᠯ ᠢ ᠡᠭᠦᠷᠭᠡᠯᠡᠵᠦ ᠪᠠᠶᠢᠵᠠᠢ;     2012. 11 — 2015.11 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠱᠧᠩ ᠶᠤᠸᠠᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠭᠠᠵᠠᠷ ᠤᠨ ᠨᠠᠮ ᠤᠨ ᠠᠵᠢᠯᠯᠠᠬᠤ ᠬᠤᠷᠢᠶ᠎ᠡ ᠶᠢᠨ ᠳᠡᠳ᠋ ᠱᠦᠵᠢ᠂ ᠰᠠᠬᠢᠯᠭ᠎ᠠ ᠪᠠᠲᠤ ᠶᠢᠨ ᠠᠵᠢᠯᠯᠠᠬᠤ ᠬᠤᠷᠢᠶ᠎ᠠ ᠶᠢᠨ ᠱᠦᠵᠢ ︵ᠡᠨᠡ ᠬᠤᠭᠤᠴᠠᠭᠠᠨ ᠳᠤ᠄  2012. 09 — 2015. 03 ᠳᠤ ᠲᠦᠩ ᠵᠢᠢ ᠶᠡᠭᠡ ᠰᠤᠷᠭᠠᠭᠤᠯᠢ ᠶᠢᠨ ᠵᠥᠭᠡᠯᠡᠨ ᠲᠤᠨᠤᠭ ᠤᠨ ᠢᠨᠵᠧᠨᠧᠷᠢᠩ ᠤᠨ ᠲᠤᠰᠬᠠᠢ ᠮᠡᠷᠭᠡᠵᠢᠯ ᠤᠨ ᠠᠩᠭᠢ ᠳᠤ ᠰᠤᠷᠤᠯᠴᠠᠵᠤ᠂ ᠮᠠᠰᠲ᠋ᠧᠷ ᠴᠣᠯᠠ ᠬᠠᠮᠠᠭᠠᠯᠠᠪᠠ︶ ᠶᠢᠨ ᠳᠤᠰᠢᠶᠠᠯ ᠢ ᠡᠭᠦᠷᠭᠡᠯᠡᠵᠦ ᠪᠠᠶᠢᠵᠠᠢ;      2015. 11 — 2016.05 ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠱᠧᠩ ᠶᠤᠸᠠᠨ ᠨᠡᠭᠦᠷᠡᠰᠦ ᠬᠢᠮᠢ ᠶᠢᠨ ᠠᠵᠤ ᠦᠢᠯᠡᠳᠪᠦᠷᠢ ᠶᠢᠨ ᠰᠠᠭᠤᠷᠢᠨ ᠤ ᠨᠠᠮ ᠤᠨ ᠠᠵᠢᠯᠯᠠᠬᠤ ᠬᠤᠷᠢᠶ᠎ᠡ ᠶᠢᠨ ᠳᠡᠳ᠋ ᠱᠦᠵᠢ ︵ᠡᠨᠡ ᠬᠤᠭᠤᠴᠠᠭᠠᠨ ᠳᠤ᠄ 2015. 11 — 2016.01 ᠭᠤᠸᠠᠩᠳᠦ᠋ᠩ ᠮᠤᠵᠢ ᠶᠢᠨ ᠱᠧᠨ᠋ᠵᠧᠨ ᠬᠤᠳᠠ ᠶᠢᠨ ᠶᠠᠨ ᠲᠢᠶᠠᠨ ᠲᠣᠭᠤᠷᠢᠭ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠡ  ᠶᠢᠨ ᠱᠦᠵᠢ ᠶᠢᠨ ᠲᠤᠰᠠᠯᠠᠭᠴᠢ ᠶᠢᠨ ᠲᠤᠰᠢᠶᠠᠯ ᠢ ᠡᠭᠦᠷᠭᠡᠯᠡᠵᠦ ᠪᠠᠶᠢᠵᠠᠢ︶ ᠶᠢᠨ ᠳᠤᠰᠢᠶᠠᠯ ᠢ ᠡᠭᠦᠷᠭᠡᠯᠡᠵᠦ ᠪᠠᠶᠢᠵᠠᠢ;    2016.05 — 2017.10   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠡᠵᠡᠨ ᠬᠤᠷᠤᠭ᠎ᠠ ᠬᠤᠰᠢᠭᠤᠨ ᠤ ᠵᠠᠰᠠᠭ ᠤᠨ ᠣᠷᠳᠣᠨ ᠤ  ᠬᠤᠰᠢᠭᠤ ᠳᠡᠳ᠋ ᠳᠠᠷᠤᠭ᠎ᠠ ᠶᠢᠨ ᠳᠤᠰᠢᠶᠠᠯ ᠢ ᠡᠭᠦᠷᠭᠡᠯᠡᠵᠦ ᠪᠠᠶᠢᠵᠠᠢ ;    2017.10 — 2020.03   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠬᠢᠶ᠎ᠠ ᠪᠠᠭᠰᠢ ᠲᠣᠭᠤᠷᠢᠭ ᠤᠨ ᠵᠠᠰᠠᠭ ᠤᠨ ᠣᠷᠳᠣᠨ ᠤ  ᠳᠤᠭᠤᠷᠢᠭ ᠤᠨ ᠳᠡᠳ᠋ ᠳᠠᠷᠤᠭ᠎ᠠ ᠶᠢᠨ ᠳᠤᠰᠢᠶᠠᠯ ᠢ ᠡᠭᠦᠷᠭᠡᠯᠡᠵᠦ ᠪᠠᠶᠢᠵᠠᠢ ;    2020.03 — 2021.06   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠤᠷᠳᠤᠰ ᠬᠤᠳᠠ ᠶᠢᠨ ᠳ᠋ᠦᠩᠱᠧᠩ ᠲᠣᠭᠤᠷᠢᠭ ᠤᠨ ᠨᠠᠮ ᠤᠨ ᠬᠤᠷᠢᠶ᠎ᠡ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠵᠦᠪᠯᠡᠯ ᠤᠨ ᠱᠦᠵᠢ ᠶᠢᠨ ᠳᠤᠰᠢᠶᠠᠯ ᠢ ᠡᠭᠦᠷᠭᠡᠯᠡᠵᠦ ᠪᠠᠶᠢᠵᠠᠢ;    2021.06 — ᠤᠳᠤ ᠪᠤᠯᠳᠠᠯ᠎ᠠ   ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠠᠯᠠᠳ ᠬᠤᠰᠢᠭᠤᠨ ᠤ ᠨᠠᠮ ᠤᠨ ᠬᠤᠷᠢᠶ᠎ᠡ ᠶᠢᠨ ᠳᠡᠳ᠋ ᠱᠦᠵᠢ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠣᠷᠣᠯᠠᠭᠴᠢ ᠬᠤᠰᠢᠭᠤ ᠳᠠᠷᠤᠭ᠎ᠠ ᠶᠢᠨ ᠳᠤᠰᠢᠶᠠᠯ ᠢ ᠡᠭᠦᠷᠭᠡᠯᠡᠵᠦ  ᠪᠤᠢ᠃
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ