ᠴᠠᠬᠢᠯᠭᠠᠨ ᠢ ᠡᠮᠬᠢ ᠵᠢᠷᠤᠮ ᠲᠠᠢ ᠪᠠᠷ ᠬᠡᠷᠡᠭᠯᠡᠬᠦ ᠶᠢ ᠵᠣᠬᠢᠴᠠᠭᠤᠯᠤᠨ ᠬᠤᠯᠪᠤᠯᠳᠣᠭᠤᠯᠬᠤ ᠠᠵᠢᠯ ᠤᠨ ᠲᠣᠭᠲᠠᠴᠠ ᠵᠢ‌‍ᠪᠠᠶᠢᠭᠤᠯᠬᠤ ᠲᠤᠬᠠᠶ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠤᠨ ᠮᠡᠳᠡᠭᠳᠡᠯ    ᠣᠷᠳᠣᠰ ᠵᠠᠰᠠᠭ ᠠᠯᠪᠠᠨ ᠲᠠᠷᠬᠠᠭᠠᠭᠰᠠᠨ ﹇2021﹈49 ᠳ᠋ᠤᠬᠡᠷ ᠲᠣᠭᠠᠲᠤ
ᠨᠡᠶᠢᠲᠡᠯᠡᠭᠰᠡᠨ ᠴᠠᠭ᠄
2021/12/30
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄     ᠣᠶᠢᠷ᠎ᠠ ᠶᠢᠨ ᠬᠤᠭᠤᠴᠠᠭᠠᠨ ᠳᠤ ᠮᠧᠩ ᠰᠢ ᠴᠠᠬᠢᠯᠭᠠᠨ ᠲᠣᠤᠷ ᠤᠨ ᠴᠠᠬᠢᠯᠭᠠᠨ ᠭᠠᠷᠭᠠᠬᠤ ᠬᠦᠴᠦᠨ ᠬᠦᠨᠳᠦ ᠨᠣᠴᠢᠲᠠᠶ ᠳᠤᠲᠠᠭᠳᠠᠵᠤ᠂ ᠴᠠᠬᠢᠯᠭᠠᠨ ᠬᠦᠴᠦᠨ ᠤ ᠳᠤᠲᠠᠭᠤᠳᠠᠯ ᠦᠷᠭᠦᠯᠵᠢᠯᠡᠨ ᠨᠡᠮᠡᠭᠳᠡᠵᠦ᠂ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠬᠡᠪᠴᠢᠶ᠎ᠡ ᠥᠷᠭᠡᠳᠴᠦ᠂ ᠲᠠᠪᠳᠠᠮᠵᠢ ᠨᠡᠮᠡᠭᠳᠡᠵᠣ᠂ ᠮᠠᠨ ᠤ ᠬᠤᠲᠠ ᠶᠢᠨ ᠨᠡᠭᠦᠷᠡᠰᠦ᠂ ᠪᠠᠶᠢᠭᠠᠯᠢ ᠶᠢᠨ ᠰᠢᠲᠠᠮᠠᠬᠠᠶ ᠬᠡᠶ᠂ ᠬᠢᠮᠢ ᠶᠢᠨ ᠠᠵᠤ ᠣᠶᠢᠯᠡᠳᠪᠦᠷᠢ᠂ ᠲᠡᠮᠦᠷᠯᠢᠭ ᠬᠠᠶᠢᠯᠤᠭᠤᠯᠬᠤ ᠵᠡᠷᠭᠡ ᠭᠤᠤᠯᠳᠠᠯᠭ᠎ᠠ ᠲᠠᠢ ᠲᠣᠮᠣ ᠬᠡᠯᠪᠡᠷᠢ ᠶᠢᠨ ᠠᠵᠤ ᠣᠶᠢᠯᠡᠳᠪᠦᠷᠢ ᠶᠢᠨ ᠠᠵᠤ ᠠᠬᠤᠶᠢᠯᠠᠯ ᠤᠨ ᠬᠡᠪ ᠤᠨ ᠣᠶᠢᠯᠡᠳᠪᠦᠷᠢᠯᠠᠯ ᠢ ᠨᠥᠯᠥᠭᠡᠯᠡᠵᠦ᠂ ᠴᠢᠨᠠᠭᠰᠢᠯᠠᠪᠠᠯ ᠬᠡᠰᠡᠭ ᠠᠵᠤ ᠠᠬᠤᠶᠢᠯᠠᠯ ᠤᠨ ᠣᠶᠢᠯᠡᠳᠪᠦᠷᠢᠯᠠᠯ ᠨᠢᠭᠡᠨᠲᠡ ᠵᠤᠭᠰᠤᠭᠰᠠᠨ ᠪᠠᠶᠢᠨ᠎ᠠ᠃ ᠴᠠᠬᠢᠯᠭᠠᠨ ᠬᠦᠴᠦᠨ ᠤ ᠬᠠᠩᠭᠠᠯᠭ᠎ᠠ ᠶᠢᠨ ᠪᠠᠴᠢᠮ ᠪᠠᠶᠢᠳᠠᠯ ᠢ ᠪᠦᠲᠦᠮᠵᠢᠲᠡᠶ ᠠᠷᠭᠠᠴᠠᠵᠤ᠂ ᠴᠠᠬᠢᠯᠭᠠᠨ ᠲᠣᠤᠷ  ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠪᠠ ᠪᠥᠬᠦ ᠬᠤᠲᠠ ᠶᠢᠨ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠠᠲᠤᠯᠠᠬᠤ ᠶᠢᠨ ᠲᠤᠰᠠᠳᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠶᠢ ᠵᠣᠬᠢᠴᠠᠭᠤᠯᠤᠨ ᠬᠤᠯᠪᠤᠯᠳᠤᠭᠤᠯᠬᠤ ᠠᠵᠢᠯ ᠤᠨ ᠲᠣᠭᠲᠠᠴᠠ ᠶᠢ ᠪᠠᠶᠢᠭᠤᠯᠬᠤ ᠬᠤᠯᠪᠣᠭᠳᠠᠯ ᠪᠥᠬᠦᠶ ᠤᠴᠢᠷ ᠶᠠᠪᠤᠳᠠᠯ ᠢ ᠳᠣᠤᠷᠠᠬᠢ ᠮᠡᠲᠦ ᠮᠡᠳᠡᠭᠳᠡᠶ᠎ᠡ᠃     ᠨᠢᠭᠡ᠂ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠶᠢ ᠵᠤᠬᠢᠴᠠᠭᠤᠯᠤᠨ ᠬᠤᠯᠪᠤᠯᠳᠤᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ᠎ᠠ    ᠬᠤᠲᠠ᠂ ᠬᠤᠰᠢᠭᠤ ᠲᠣᠭᠤᠷᠢᠭ᠂ ᠠᠵᠤ ᠠᠬᠤᠶᠢᠯᠠᠯ ᠭᠤᠷᠪᠠᠨ ᠱᠠᠲᠤᠨ ᠤ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠶᠢ ᠵᠣᠬᠢᠴᠠᠭᠤᠯᠤᠨ ᠬᠤᠯᠪᠤᠯᠳᠤᠭᠤᠯᠬᠤ ᠠᠵᠢᠯ ᠤᠨ ᠲᠣᠭᠲᠠᠴᠠ ᠶᠢ ᠪᠠᠶᠢᠭᠤᠯᠤᠨ᠎ᠠ᠃ ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠲᠤᠰ ᠬᠤᠰᠢᠭᠤ ᠲᠤᠭᠤᠷᠢᠭ ᠤᠨ ᠡᠮᠬᠢ ᠵᠢᠷᠤᠮ ᠲᠠᠢ ᠴᠠᠬᠢᠯᠭᠠᠨ ᠬᠡᠷᠡᠭᠯᠡᠬᠦ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠪᠠᠨ ᠴᠢᠩᠭᠠᠳᠬᠠᠵᠤ᠂ ᠲᠤᠰᠬᠠᠶ ᠤᠳᠤᠷᠢᠳᠬᠤ ᠳᠤᠭᠤᠶᠢᠯᠠᠩ ᠪᠠᠶᠢᠭᠤᠯᠤᠨ᠂ ᠪᠣᠳᠠᠲᠤ ᠪᠠᠶᠢᠳᠠᠯ ᠳᠤ ᠨᠡᠶᠢᠴᠡᠬᠦ ᠡᠮᠬᠢ ᠵᠢᠷᠤᠮ ᠲᠠᠢ ᠴᠠᠬᠢᠯᠭᠠᠨ ᠬᠡᠷᠡᠭᠯᠡᠬᠦ ᠪᠠᠴᠢᠮ ᠪᠠᠶᠢᠳᠠᠯ ᠢ ᠠᠷᠭᠠᠴᠠᠬᠤ ᠪᠡᠯᠡᠳᠬᠡᠯ ᠲᠥᠰᠦᠯ ᠲᠣᠭᠲᠠᠭᠠᠵᠤ᠂ ᠬᠠᠷᠢᠶ᠎ᠠ ᠣᠷᠣᠨ ᠤ ᠠᠵᠤ ᠠᠬᠤᠶᠢᠯᠠᠯ ᠤᠳ ᠢ ᠨᠢᠭᠡ ᠨᠢᠭᠡ ᠪᠠᠷ ᠣᠶᠢᠯᠠᠭᠠᠵᠣ᠂ ᠭᠤᠣᠯᠳᠠᠯᠭ᠎ᠠ ᠲᠠᠢ ᠬᠡᠷᠡᠭᠯᠡᠭᠴᠢ ᠶᠢᠨ ᠲᠠᠩᠰᠠ ᠡᠪᠬᠡᠮᠡᠯ ᠪᠠᠶᠢᠭᠤᠯᠤᠨ ᠂ ᠠᠮᠦᠷ ᠲᠦᠪᠰᠢᠨ ᠢᠶᠠᠷ ᠴᠠᠬᠢᠯᠭᠠᠨ ᠬᠡᠷᠡᠭᠯᠡᠬᠦ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠬᠦ ᠶᠢᠨ ᠬᠠᠮᠲᠤ ᠠᠵᠤ ᠠᠬᠤᠶᠢᠯᠠᠯ ᠢ  ᠱᠠᠭᠠᠷᠳᠠᠭᠤᠯᠵᠤ ᠪᠠᠶᠢᠭᠠᠳ ᠪᠠᠴᠢᠮ ᠪᠠᠶᠢᠳᠠᠯ ᠢ ᠠᠷᠭᠠᠴᠠᠬᠤ ᠵᠣᠬᠢᠴᠠᠩᠭᠤᠶ ᠪᠡᠯᠡᠳᠬᠡᠯ ᠲᠥᠰᠦᠯ ᠪᠠᠶᠢᠭᠤᠯᠤᠨ᠎ᠠ᠃ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠬᠠᠷᠢᠴᠠᠯ ᠨᠢ ᠵᠢᠯ ᠤᠨ ᠡᠬᠢᠨ ᠳᠤ ᠪᠠᠭᠤᠯᠭᠠᠭᠰᠠᠨ ᠬᠠᠷᠢᠴᠠᠯ ᠠᠴᠠ ᠬᠡᠲᠦᠷᠡᠭᠰᠡᠨ ᠦᠶ᠎ᠡ ᠳᠤ᠂ ᠭᠤᠷᠪᠠᠨ ᠱᠠᠲᠤᠨ ᠤ ᠬᠤᠯᠪᠤᠯᠳᠤᠭᠤᠯᠬᠤ ᠲᠣᠭᠲᠠᠴᠠ ᠶᠢ ᠴᠠᠭ ᠲᠤᠬᠠᠶ ᠳᠤᠨᠢ ᠡᠬᠢᠯᠡᠭᠦᠯᠵᠦ᠂ ᠠᠮᠤᠷ ᠲᠦᠪᠰᠢᠨ᠂ ᠣᠶᠢᠯᠡᠳᠪᠦᠷᠢᠯᠠᠯ ᠵᠡᠷᠭᠡ ᠡᠯ᠎ᠡ ᠲᠠᠯ᠎ᠠ ᠶᠢᠨ ᠠᠵᠢᠯ ᠢ ᠡᠮᠬᠢ ᠵᠢᠷᠤᠮ ᠲᠠᠢ ᠪᠠᠷ ᠰᠠᠶᠢᠲᠤᠷ ᠳᠣᠭᠢᠷᠠᠭᠤᠯᠤᠨ᠎ᠠ᠃     ᠬᠤᠶᠠᠷ᠂ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ     ᠬᠤᠲᠠ ᠶᠢᠨ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠠᠵᠢᠯ ᠢ ᠵᠣᠬᠢᠴᠠᠭᠤᠯᠬᠤ ᠳᠤᠭᠤᠶᠢᠯᠠᠩ ︵ᠲᠤᠤᠷ᠎ᠠ ᠵᠣᠬᠢᠴᠠᠭᠤᠯᠬᠤ ᠳᠤᠭᠤᠶᠢᠯᠠᠩ ᠬᠡᠨ᠎ᠡ︶ ᠪᠣᠯ ᠪᠥᠬᠦ ᠬᠤᠲᠠ ᠶᠢᠨ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠠᠵᠢᠯ ᠢ ᠵᠢᠯᠣᠭᠤᠳᠤᠨ ᠵᠣᠬᠢᠴᠠᠭᠤᠯᠬᠤ ᠪᠠᠶᠢᠭᠤᠯᠤᠮᠵᠢ ᠪᠣᠯᠤᠨ᠎ᠠ᠂ ᠠᠯᠪᠠᠨ ᠬᠡᠷ ᠢ ᠬᠤᠲᠠ ᠶᠢᠨ ᠠᠵᠤ ᠣᠶᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ ᠳᠤ ᠪᠠᠶᠢᠭᠤᠯᠵᠤ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠤᠭᠳᠠᠯ ᠪᠥᠬᠦᠶ ᠰᠠᠯᠠᠭ᠎ᠠ ᠮᠥᠴᠢᠷ ᠤᠳ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠵᠣ᠂ ᠨᠢᠭᠲᠠ ᠬᠠᠮᠵᠢᠯᠴᠠᠨ᠎ᠠ᠃     ︵ᠨᠢᠭᠡ︶ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ     1. ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠡᠳᠦᠷ ᠲᠤᠳᠦᠮ ᠤᠨ ᠠᠵᠢᠯ ᠢ ᠬᠠᠷᠢᠭᠤᠴᠠᠨ᠎ᠠ︔     2. ᠴᠠᠬᠢᠯᠭᠠᠨ ᠬᠠᠩᠭᠠᠬᠤ ᠰᠠᠯᠠᠭ᠎ᠠ ᠮᠥᠴᠢᠷ ᠲᠠᠢ ᠬᠠᠮᠲᠤᠷᠠᠨ ᠮᠠᠨ ᠤ ᠬᠤᠲᠠ ᠶᠢᠨ ᠠᠵᠤ ᠦᠢᠯᠡᠳᠪᠦᠷᠢ ᠶᠢᠨ ᠪᠦᠲᠦᠴᠡ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠣᠨᠴᠠᠯᠢᠭ᠂ ᠴᠠᠬᠢᠯᠭᠠᠨ ᠬᠦᠴᠦᠨ ᠤ ᠬᠠᠩᠭᠠᠯᠭ᠎ᠠ ᠬᠡᠷᠡᠭᠴᠡᠭᠡᠨ ᠤ ᠪᠠᠶᠢᠳᠠᠯ ᠵᠡᠷᠭᠡ ᠪᠣᠳᠠᠲᠤ ᠪᠠᠶᠢᠳᠠᠯ ᠢ ᠦᠨᠳᠦᠰᠦᠯᠡᠨ᠂ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠠᠵᠤ ᠠᠬᠤᠶᠢᠯᠠᠯ ᠤᠨ ᠳᠡᠰ ᠳᠠᠷᠠᠭᠠᠯᠠᠯ ᠤᠨ ᠬᠦᠰᠦᠨᠦᠭᠲᠦ ᠶᠢ ᠲᠣᠭᠲᠠᠭᠠᠨ᠎ᠠ᠃     ︵ᠬᠤᠶᠠᠷ︶ ᠬᠤᠲᠠ ᠶᠢᠨ ᠡᠨᠧᠷᠭᠢ ᠶᠢᠨ ᠲᠣᠪᠴᠢᠶ᠎ᠠ     1. ᠬᠤᠳᠠ ᠶᠢᠨ ᠳᠣᠲᠣᠷᠠᠬᠢ ᠴᠠᠬᠢᠯᠭᠠᠨ ᠭᠠᠷᠭᠠᠬᠤ ᠠᠵᠤ ᠠᠬᠤᠶᠢᠯᠠᠯ ᠪᠣᠯᠤᠨ ᠨᠡᠭᠦᠷᠡᠰᠦᠨ ᠤ ᠦᠢᠯᠡᠳᠪᠦᠷᠢᠯᠡᠯ ᠤᠨ ᠠᠵᠤ ᠠᠬᠤᠶᠢᠯᠠᠯ ᠢ ᠱᠠᠭᠠᠷᠳᠠᠨ ᠴᠠᠬᠢᠯᠭᠠᠨ ᠭᠠᠷᠭᠠᠬᠤ ᠨᠡᠭᠦᠷᠡᠰᠦᠨ ᠤ ᠬᠠᠩᠭᠠᠯᠭ᠎ᠠ ᠪᠠ ᠨᠥᠭᠡᠴᠡᠯᠡᠯᠲᠡ ᠶᠢ ᠪᠠᠲᠤᠯᠠᠨ᠎ᠠ︔     2. ᠬᠤᠲᠠ ᠶᠢᠨ ᠠᠵᠤ ᠣᠶᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ ᠲᠠᠢ ᠬᠠᠮᠲᠤᠷᠠᠨ᠂ ᠥᠪᠡᠷᠲᠡᠭᠡᠨ ᠵᠠᠰᠠᠬᠤ ᠣᠷᠣᠨ ᠤ ᠡᠨᠧᠷᠭᠢ ᠶᠢᠨ ᠲᠣᠪᠴᠢᠶ᠎ᠠ ᠵᠢᠴᠢ ᠥᠪᠥᠷ ᠮᠣᠩᠭᠤᠯ ᠤᠨ ᠴᠠᠬᠢᠯᠭᠠᠨ ᠬᠦᠴᠦᠨ ᠤ ᠺᠣᠮᠫᠠᠨᠢ ᠯᠤᠭ᠎ᠠ ᠵᠤᠬᠢᠴᠠᠭᠤᠯᠤᠨ ᠵᠣᠯᠭᠠᠭᠤᠯᠬᠤ ᠶᠢ ᠴᠢᠩᠭᠠᠳᠬᠠᠵᠤ᠂ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠠᠵᠢᠯ ᠢ ᠬᠠᠮᠲᠤᠪᠠᠷ ᠰᠠᠶᠢᠲᠤᠷ ᠬᠢᠨ᠎ᠠ᠃     ︵ᠭᠤᠷᠪᠠ︶ ᠬᠤᠳᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ     1. ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ᠂ ᠡᠨᠧᠷᠭᠢ ᠶᠢᠨ ᠲᠣᠪᠴᠢᠶ᠎ᠠ ᠲᠠᠢ ᠬᠠᠮᠲᠤᠷᠠᠨ ᠠᠵᠤ ᠠᠬᠤᠶᠢᠯᠠᠯ ᠤᠨ ᠠᠶᠤᠯᠭᠦᠶ ᠦᠢᠯᠡᠳᠪᠦᠷᠢᠯᠡᠯ ᠤᠨ ᠬᠢᠨᠠᠨ ᠬᠠᠮᠢᠶᠠᠷᠤᠯᠳᠠ ᠶᠢᠨ ᠠᠵᠢᠯ ᠢ ᠬᠠᠮᠲᠤᠪᠠᠷ ᠰᠠᠶᠢᠲᠤᠷ ᠬᠢᠨ᠎ᠠ︔     2. ᠠᠶᠤᠯᠲᠠᠶ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠴᠠᠬᠢᠯᠭᠠᠨ ᠲᠠᠰᠤᠷᠠᠭᠰᠠᠨ ᠠᠴᠠ ᠪᠣᠯᠵᠣ ᠬᠦᠨᠳᠦ ᠶᠡᠭᠡ ᠪᠡᠶ᠎ᠡ ᠶᠢᠨ ᠭᠡᠮᠲᠦᠯ ᠡᠭᠦᠰᠬᠦ ᠪᠤᠶᠤ ᠲᠣᠨᠤᠭ ᠲᠥᠬᠦᠭᠡᠷᠦᠮᠵᠢ ᠨᠢ ᠬᠦᠨᠳᠦ ᠨᠣᠴᠢᠲᠠᠶ ᠡᠪᠳᠡᠭᠳᠡᠬᠦ ᠳᠠᠭᠠᠭᠠᠴᠠ ᠵᠢᠴᠢ ᠣᠷᠭᠢᠯ ᠦᠶ᠎ᠡ ᠠᠴᠠ ᠵᠠᠶᠢᠯᠠᠬᠤ ᠪᠠ ᠴᠠᠬᠢᠯᠭᠠᠨ ᠢ ᠵᠣᠭᠰᠣᠭᠠᠵᠤ ᠬᠢᠵᠠᠭᠠᠷᠯᠠᠬᠤ ᠴᠢᠳᠠᠪᠤᠷᠢ ᠶᠢ ᠵᠠᠳᠠᠯᠬᠤ ᠪᠠ ᠦᠨᠡᠯᠡᠨ ᠵᠢᠱᠢᠬᠦ ᠶᠢ ᠬᠠᠷᠢᠭᠤᠴᠠᠵᠤ᠂ ᠲᠣᠰ ᠲᠥᠷᠥᠯ ᠤᠨ ᠴᠠᠬᠢᠯᠭᠠᠨ ᠬᠡᠷᠡᠭᠯᠡᠬᠦ ᠠᠵᠤ ᠠᠬᠤᠶᠢᠯᠠᠯ ᠢ ᠵᠢᠯᠣᠭᠤᠳᠤᠨ ︽ᠳᠣᠲᠣᠭᠠᠳᠤ  ᠶᠢᠨ ᠳᠠᠭᠠᠭᠠᠴᠠ ᠶᠢᠨ ᠪᠠᠴᠢᠮ ᠪᠠᠶᠢᠳᠠᠯ ᠢ ᠠᠷᠭᠠᠴᠠᠬᠤ ᠡᠵᠡᠮᠳᠡᠬᠦ ᠲᠥᠰᠦᠯ︾ ᠢ ᠲᠣᠭᠲᠠᠭᠠᠨ᠎ᠠ᠃     ︵ᠲᠥᠷᠪᠡ︶ ᠤᠷᠳᠤᠰ ᠤᠨ ᠴᠠᠬᠢᠯᠭᠠᠨ ᠦᠢᠯᠡᠰ ᠤᠨ ᠲᠣᠪᠴᠢᠶ᠎ᠠ᠂ ᠰᠢᠤᠸᠠᠢ ᠵᠢᠶᠠ ᠸᠠᠨ ᠤ ᠴᠠᠬᠢᠯᠭᠠᠨ ᠬᠠᠩᠭᠠᠬᠤ ᠲᠣᠪᠴᠢᠶ᠎ᠠ     1. ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ ᠶᠢ ᠬᠠᠮᠵᠢᠨ ᠬᠠᠷᠢᠶ᠎ᠠ ᠣᠷᠣᠨ ᠤ ᠳᠣᠲᠣᠷᠠᠬᠢ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠡᠳᠦᠷ ᠲᠤᠳᠤᠮ ᠤᠨ ᠬᠠᠮᠢᠶᠠᠷᠤᠯᠲᠠ ᠶᠢ ᠬᠠᠮᠲᠤ ᠪᠠᠷ ᠰᠠᠶᠢᠲᠤᠷ ᠬᠢᠨ᠎ᠠ︔     2. ᠥᠪᠥᠷ ᠮᠣᠩᠭᠤᠯ ᠤᠨ ᠴᠠᠬᠢᠯᠭᠠᠨ ᠬᠦᠴᠦᠨ ᠤ ᠺᠣᠮᠫᠠᠨᠢ ᠶᠢᠨ ᠪᠠᠭᠤᠯᠭᠠᠭᠰᠠᠨ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠭᠦᠢᠴᠡᠳᠬᠡᠬᠦ ᠲᠤᠭ᠎ᠠ ᠶᠢ ᠦᠨᠳᠦᠰᠦᠯᠡᠨ᠂ ᠴᠠᠬᠢᠯᠭᠠᠨ ᠬᠠᠩᠭᠠᠬᠤ ᠡᠵᠡᠩᠨᠡᠯᠲᠡ ᠶᠢᠨ ᠣᠷᠣᠨ ᠪᠦᠰᠡ ᠶᠢᠨ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠲᠥᠯᠥᠪᠯᠡᠭᠡ ᠶᠢ ᠵᠠᠳᠠᠯᠵᠤ᠂ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ ᠰᠢᠨᠵᠢ ᠴᠢᠨᠠᠷ ᠲᠠᠢ ᠤᠶᠠᠯᠳᠤᠭᠤᠯᠤᠨ᠂ ᠬᠤᠳᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ ᠲᠠᠢ ᠬᠠᠮᠲᠤᠷᠠᠨ ᠰᠢᠨᠵᠢᠯᠡᠬᠦ ᠤᠬᠠᠭᠠᠨᠴᠢ ᠵᠦᠢ ᠵᠣᠬᠢᠰᠲᠠᠶ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠠᠵᠤ ᠠᠬᠤᠶᠢᠯᠠᠯ ᠤᠨ ᠲᠡᠰ ᠳᠠᠷᠠᠭᠠᠯᠠᠯ ᠤᠨ ᠬᠦᠰᠦᠨᠦᠭᠲᠦ ᠶᠢ ᠬᠠᠮᠲᠤᠪᠠᠷ ᠲᠣᠭᠲᠠᠭᠠᠨ᠎ᠠ᠃ ᠴᠠᠬᠢᠯᠭᠠᠨ ᠬᠦᠴᠦᠨ ᠤ ᠡᠨᠧᠷᠭᠢ ᠶᠢᠨ ᠬᠠᠩᠭᠠᠯᠭ᠎ᠠ ᠬᠦᠷᠦᠯᠴᠡᠬᠦ ᠥᠬᠡᠶ ᠦᠶ᠎ᠡ ᠳᠤ᠂ ᠴᠠᠬᠢᠯᠭᠠᠨ ᠬᠦᠴᠦᠨ ᠪᠤᠶᠤ ᠴᠠᠬᠢᠯᠭᠠᠨ ᠤ ᠬᠡᠮᠵᠢᠶ᠎ᠡ ᠶᠢᠨ ᠳᠤᠲᠠᠭᠤᠳᠠᠯ ᠢᠶᠠᠷ ᠲᠡᠰ ᠬᠤᠪᠢᠶᠠᠭᠰᠠᠨ ᠤᠷᠢᠳᠴᠢᠯᠠᠨ ᠰᠡᠷᠡᠮᠵᠢᠯᠡᠭᠦᠯᠬᠦ ᠳᠣᠬᠢᠶ᠎ᠠ ᠨᠡᠶᠢᠲᠡᠯᠡᠬᠦ ᠶᠢᠨ ᠬᠠᠮᠲᠤ᠂ ᠪᠣᠳᠠᠲᠤ ᠪᠠᠶᠢᠳᠠᠯ ᠢ ᠦᠨᠳᠦᠰᠦᠯᠡᠨ ᠴᠠᠬᠢᠯᠭᠠᠨ ᠬᠠᠩᠭᠠᠬᠤ ᠡᠵᠡᠩᠨᠡᠯᠲᠡ ᠶᠢᠨ ᠣᠷᠣᠨ ᠪᠦᠰᠡ ᠶᠢᠨ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠲᠥᠯᠥᠪᠯᠡᠭᠡ ᠶᠢ ᠵᠠᠳᠠᠯᠤᠨ᠎ᠠ︔     3. ᠬᠠᠷᠢᠶ᠎ᠠ ᠣᠷᠣᠨ ᠤ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠶᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠦᠷᠢᠳᠬᠡᠨ ᠵᠠᠳᠠᠯᠬᠤ ᠶᠢ ᠬᠠᠷᠢᠭᠤᠴᠠᠵᠤ᠂ ᠴᠠᠬᠢᠯᠭᠠᠨ ᠬᠠᠩᠭᠠᠬᠤ ᠡᠵᠡᠩᠨᠡᠯᠲᠡ ᠶᠢᠨ ᠣᠷᠣᠨ ᠪᠦᠰᠡ ᠪᠠᠷ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠳᠤ ᠨᠥᠯᠥᠭᠡᠯᠡᠭᠳᠡᠭᠰᠡᠨ ᠳᠠᠭᠠᠭᠠᠴᠠ ᠪᠠ ᠴᠠᠬᠢᠯᠭᠠᠨ ᠤ ᠬᠡᠮᠵᠢᠶ᠎ᠡ ᠶᠢ ᠪᠤᠳᠦᠬᠤ ᠶᠢᠨ ᠬᠠᠮᠲᠤ ᠵᠣᠬᠢᠴᠠᠭᠤᠯᠬᠤ ᠳᠤᠭᠤᠶᠢᠯᠠᠩ ᠳᠤ ᠴᠠᠭ ᠲᠤᠬᠠᠶ ᠳᠤᠨᠢ ᠮᠡᠳᠡᠭᠦᠯᠦᠨ ᠬᠦᠷᠭᠡᠨ᠎ᠡ︔     4. ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠲᠣᠬᠢᠷᠠᠭᠤᠯᠭ᠎ᠠ ᠶᠢᠨ ᠵᠠᠷᠯᠢᠭ ᠢ ᠬᠡᠷᠡᠭᠵᠢᠭᠦᠯᠬᠦ ᠥᠬᠡᠶ ᠬᠡᠷᠡᠭᠯᠡᠭᠴᠢ ᠶᠢ ᠬᠠᠮᠤᠭ ᠤᠨ ᠲᠡᠷᠢᠭᠦᠨ ᠳᠤ ᠵᠣᠬᠢᠴᠠᠭᠤᠯᠬᠤ ᠳᠤᠭᠤᠶᠢᠯᠠᠩ ᠳᠤ ᠮᠡᠳᠡᠭᠦᠯᠬᠦ ᠶᠢᠨ ᠬᠠᠮᠲᠤ᠂ ᠬᠤᠲᠠ ᠶᠢᠨ ᠠᠵᠤ ᠣᠶᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ ᠠᠴᠠ ᠴᠠᠬᠢᠯᠭᠠᠨ ᠵᠣᠭᠰᠣᠭᠠᠬᠤ ᠠᠷᠭ᠎ᠠ ᠬᠡᠮᠵᠢᠶ᠎ᠡ ᠠᠪᠤᠨ᠎ᠠ᠃     ᠭᠤᠷᠪᠠ᠂ ᠠᠵᠢᠯ ᠤᠨ ᠱᠠᠭᠠᠷᠳᠠᠯᠭ᠎ᠠ     ︵ᠨᠢᠭᠡ︶ ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠴᠠᠬᠢᠯᠭᠠᠨ ᠬᠡᠷᠡᠭᠯᠡᠬᠦ ᠠᠵᠤ ᠠᠬᠤᠶᠢᠯᠠᠯ ᠢ ᠱᠠᠭᠠᠷᠳᠠᠭᠤᠯᠵᠤ ᠪᠠᠶᠢᠭᠠᠳ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠬᠤᠭᠤᠴᠠᠭᠠᠨ ᠤ ᠠᠶᠤᠯ ᠥᠭᠡᠢ ᠦᠢᠯᠡᠳᠪᠦᠷᠢᠯᠡᠯ ᠤᠨ ᠠᠵᠢᠯ ᠢ ᠰᠠᠶᠢᠲᠤᠷ ᠬᠢᠯᠭᠡᠵᠦ᠂ ᠴᠠᠬᠢᠯᠭᠠᠨ ᠵᠣᠭᠰᠣᠭᠰᠠᠨ ᠠᠴᠠ ᠪᠣᠯᠣᠭᠠᠳ ᠠᠶᠤᠯ ᠥᠭᠡᠢ ᠦᠢᠯᠡᠳᠪᠦᠷᠢᠯᠡᠯ ᠤᠨ ᠠᠳᠡᠯ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠳᠡᠯ ᠵᠢᠴᠢ ᠨᠡᠶᠢᠭᠡᠮ ᠤᠨ ᠶᠡᠭᠡ ᠲᠠᠯ᠎ᠠ  ᠶᠢᠨ ᠲᠣᠭᠲᠠᠭᠤᠨ ᠪᠠᠶᠢᠳᠠᠯ ᠢ ᠨᠥᠯᠥᠭᠡᠯᠡᠬᠦ ᠪᠤᠰᠤᠳ ᠬᠡᠷᠡᠭ ᠭᠠᠷᠬᠤ ᠠᠴᠠ ᠵᠠᠶᠢᠯᠠᠰᠬᠢᠨ᠎ᠠ᠃     ︵ᠬᠤᠶᠠᠷ︶ ᠬᠤᠲᠠ ᠶᠢᠨ ᠡᠨᠧᠷᠭᠢ ᠶᠢᠨ ᠲᠣᠪᠴᠢᠶ᠎ᠠ ᠨᠢ ᠵᠢᠯᠣᠭᠤᠳᠣᠯᠭ᠎ᠠ ᠪᠠᠶᠢᠴᠠᠭᠠᠯᠲᠠ ᠪᠠᠨ ᠴᠢᠩᠭᠠᠳᠬᠠᠵᠤ᠂ ᠨᠡᠭᠦᠷᠡᠰᠦᠨ ᠤ ᠣᠶᠢᠯᠡᠳᠪᠦᠷᠢᠯᠠᠯ ᠤᠨ ᠠᠵᠤ ᠠᠬᠤᠶᠢᠯᠠᠯ ᠢ ᠵᠣᠬᠢᠴᠠᠭᠤᠯᠤᠨ ᠴᠠᠬᠢᠯᠭᠠᠨ ᠭᠠᠷᠭᠠᠬᠤ ᠨᠡᠭᠦᠷᠡᠰᠦᠨ ᠤ ᠬᠠᠩᠭᠠᠯᠭ᠎ᠠ ᠪᠠ ᠨᠥᠭᠡᠴᠡᠯᠡᠯᠲᠡ ᠶᠢ ᠪᠠᠲᠤᠯᠠᠵᠤ᠂ ᠴᠠᠬᠢᠯᠭᠠᠨ ᠭᠠᠷᠭᠠᠬᠤ ᠠᠵᠤ ᠠᠬᠤᠶᠢᠯᠠᠯ ᠤᠨ ᠪᠥᠬᠦ ᠬᠦᠴᠦᠨ ᠢᠶᠠᠷ ᠢᠶᠠᠨ ᠴᠠᠬᠢᠯᠭᠠᠨ ᠭᠠᠷᠭᠠᠬᠤ ᠶᠢ ᠵᠣᠷᠢᠭᠵᠢᠭᠤᠯᠤᠨ᠂ ᠲᠥᠯᠥᠪᠯᠡᠭᠡ ᠪᠤᠰᠤ ᠪᠠᠷ ᠠᠵᠢᠯᠯᠠᠭ᠎ᠠ ᠪᠠᠨ ᠵᠣᠭᠰᠣᠭᠠᠬᠤ᠂ ᠮᠠᠰᠢᠨ ᠴᠣᠭᠴᠠᠯᠠᠪᠤᠷᠢ ᠶᠢ ᠪᠠᠶᠢᠴᠠᠭᠠᠨ ᠵᠠᠰᠠᠬᠤ ᠬᠤᠭᠤᠴᠠᠭ᠎ᠠ ᠠᠴᠠ ᠬᠡᠲᠦᠷᠡᠭᠦᠯᠬᠦ ᠵᠡᠷᠭᠡ ᠴᠠᠬᠢᠯᠭᠠᠨ ᠭᠠᠷᠭᠠᠬᠤ ᠴᠢᠳᠠᠪᠤᠷᠢ ᠶᠢ ᠨᠥᠯᠥᠭᠡᠯᠡᠬᠦ ᠣᠶᠢᠯᠠ ᠠᠵᠢᠯᠯᠠᠭ᠎ᠠ ᠠᠴᠠ ᠡᠷᠡᠰ ᠵᠠᠶᠢᠯᠠᠰᠬᠢᠵᠦ᠂ ᠮᠠᠨ ᠤ ᠬᠤᠲᠠ ᠶᠢᠨ ᠴᠠᠬᠢᠯᠭᠠᠨ ᠬᠦᠴᠦᠨ ᠤ ᠬᠠᠩᠭᠠᠯᠭ᠎ᠠ ᠶᠢᠨ ᠭᠦᠢᠴᠡᠳ ᠪᠠᠶᠢᠬᠤ ᠶᠢ ᠦᠨᠡᠨᠬᠦ ᠪᠠᠳᠤᠯᠠᠨ᠎ᠠ᠃     ︵ᠭᠤᠷᠪᠠ︶ ᠴᠠᠬᠢᠯᠭᠠᠨ ᠬᠦᠴᠦᠨ ᠤ ᠠᠵᠢᠯᠯᠠᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠴᠠᠬᠢᠯᠭᠠᠨ ᠬᠠᠩᠭᠠᠬᠤ ᠰᠠᠯᠠᠭ᠎ᠠ ᠮᠥᠴᠢᠷ ᠤᠳ ᠡᠮᠬᠢ ᠵᠢᠷᠤᠮ ᠲᠠᠢ ᠪᠠᠷ ᠴᠠᠬᠢᠯᠭᠠᠨ ᠬᠡᠷᠡᠭᠯᠡᠬᠦ ᠶᠢ ᠬᠡᠷᠡᠭᠵᠢᠭᠦᠯᠬᠦ ᠶᠠᠪᠤᠴᠠ ᠳᠤ ᠨᠡᠭᠦᠷᠡᠰᠦ᠂ ᠪᠠᠶᠢᠭᠠᠯᠢ ᠶᠢᠨ ᠰᠢᠲᠠᠮᠠᠬᠠᠶ ᠬᠡᠶ᠂ ᠨᠡᠭᠦᠷᠡᠰᠤᠨ ᠤ ᠬᠢᠮᠢ ᠶᠢᠨ ᠠᠵᠤ ᠣᠶᠢᠯᠡᠳᠪᠦᠷᠢ ᠵᠡᠷᠭᠡ ᠴᠢᠬᠤᠯᠠ ᠬᠡᠷᠡᠭᠯᠡᠭᠴᠢ ᠶᠢᠨ ᠴᠠᠬᠢᠯᠭᠠᠨ ᠬᠡᠷᠡᠭᠯᠡᠬᠦ ᠬᠡᠷᠡᠭᠴᠡᠭᠡ ᠶᠢ ᠦᠨᠡᠨᠬᠦ ᠪᠠᠲᠤᠯᠠᠵᠤ᠂ ᠮᠠᠨ ᠤ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ᠃                                       ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                2021 ᠣᠨ ᠤ 7 ᠰᠠᠷ᠎ᠠ ᠶᠢᠨ 26 ᠤ ᠡᠳᠦᠷ  
ᠢᠷᠡᠯᠲᠡ᠄ ᠤᠷᠳᠤᠰ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ