ᠣᠷᠳᠣᠰ ᠬᠤᠲᠠ ᠶᠢᠨ ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠠᠵᠢᠯ ᠤᠨ ᠲᠥᠰᠦᠯ ᠢ ᠲᠠᠷᠤᠮᠠᠯᠯᠠᠨ ᠶᠠᠪᠤᠭᠤᠯᠬᠤ ᠲᠤᠬᠠᠢ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ  ᠤᠷᠳᠤᠰ ᠵᠠᠰᠠᠭ ᠲᠠᠷᠬᠠᠭᠠᠭᠰᠠᠨ ﹇2021﹈ 115 ᠳ᠋ᠤᠭᠠᠷ ᠲᠣᠭᠠᠲᠤ
ᠨᠡᠶᠢᠲᠡᠯᠡᠭᠰᠡᠨ ᠴᠠᠭ᠄
2021/12/30
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄     ︽ᠣᠷᠳᠣᠰ ᠬᠤᠲᠠ ᠶᠢᠨ ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠠᠵᠢᠯ ᠤᠨ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃                                               ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ                                                     2021 ᠣᠨ ᠤ 8 ᠰᠠᠷ᠎ᠠ ᠶᠢᠨ 9 ᠤ ᠡᠳᠦᠷ        ᠣᠷᠳᠣᠰ ᠬᠤᠲᠠ ᠶᠢᠨ ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠠᠵᠢᠯ ᠤᠨ ᠲᠥᠰᠦᠯ    ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠤᠨ 2021 ᠣᠨ ᠤ 7 ᠳ᠋ᠤᠭᠠᠷ ᠰᠠᠷ᠎ᠠ ᠶᠢᠨ 9 ᠤ ᠡᠳᠦᠷ ᠤᠨ ᠪᠥᠬᠦ ᠤᠯᠤᠰ ᠤᠨ ᠡᠨᠧᠷᠭᠢ ᠶᠢᠨ ᠣᠷᠭᠢᠯ ᠢ ᠤᠭᠲᠤᠨ ᠵᠤᠨ ᠢ ᠥᠩᠭᠡᠷᠡᠭᠦᠯᠬᠦ ᠲᠧᠯᠸᠢᠰ ᠳ᠋ᠢᠶᠠᠩᠬᠤᠸᠠ ᠬᠤᠷᠠᠯ᠂ 7 ᠳ᠋ᠤᠭᠠᠷ ᠰᠠᠷ᠎ᠠ ᠶᠢᠨ 12 ᠤᠨ ᠡᠳᠦᠷ ᠤᠨ ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠬᠤᠷᠠᠯ ᠪᠠ ᠥᠪᠡᠷᠲᠡᠭᠡᠨ ᠵᠠᠰᠠᠬᠤ ᠣᠷᠣᠨ ᠤ 7 ᠳ᠋ᠤᠭᠠᠷ ᠰᠠᠷ᠎ᠠ ᠶᠢᠨ 30 ᠤ ᠡᠳᠦᠷ ᠤᠨ ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠭᠠᠵᠠᠷ ︵ᠣᠶ ᠰᠢᠭᠤᠶ᠂ ᠡᠪᠡᠰᠤ ᠪᠡᠯᠴᠢᠬᠡᠷ︶ ᠬᠡᠷᠡᠭᠯᠡᠬᠦ ᠭᠠᠷᠳᠠᠮ ᠢ ᠭᠦᠢᠴᠡᠳᠬᠡᠬᠦ ᠲᠣᠬᠢᠷᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠨᠡᠭᠦᠷᠡᠰᠦᠨ ᠤ ᠣᠶᠢᠯᠡᠳᠪᠦᠷᠢᠯᠡᠬᠦ ᠴᠢᠳᠠᠪᠤᠷᠢ ᠶᠢ ᠲᠡᠭᠡᠭᠰᠢᠯᠡᠭᠦᠯᠬᠦ ᠶᠢ ᠴᠢᠨᠠᠭᠰᠢᠳᠠ ᠠᠬᠢᠭᠤᠯᠵᠤ᠂ ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠶᠢᠨ ᠲᠤᠰᠠᠳᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃     ᠨᠢᠭᠡ᠂ ᠶᠡᠷᠦᠩᠬᠡᠶ ᠱᠠᠭᠠᠷᠳᠠᠯᠭ᠎ᠠ     ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠡᠯ᠎ᠡ ᠲᠠᠯ᠎ᠠ ᠶᠢᠨ ᠬᠦᠴᠦᠨ ᠢ ᠨᠢᠭᠲᠠᠷᠠᠭᠤᠯᠤᠨ᠂ ᠡᠯ᠎ᠡ ᠵᠣᠶᠢᠯ ᠤᠨ ᠴᠢᠬᠤᠯᠠ ᠪᠥᠬᠦᠶ ᠠᠷᠭ᠎ᠠ ᠬᠡᠮᠵᠢᠶ᠎ᠡ ᠶᠢ ᠠᠪᠴᠤ ᠪᠠᠶᠢᠭᠠᠳ ᠠᠭᠤᠷᠬᠠᠶ ᠶᠢᠨ ᠡᠷᠬᠡ᠂ ᠣᠶᠢᠲᠤ ᠭᠠᠵᠠᠷ᠂ ᠭᠠᠵᠠᠷ ᠬᠡᠷᠡᠭᠯᠡᠬᠦ᠂ ᠣᠷᠴᠢᠨ ᠲᠣᠭᠤᠷᠢᠨ ᠤ ᠨᠥᠯᠥᠭᠡ ᠶᠢ ᠦᠨᠡᠯᠡᠬᠦ᠂ ᠣᠶᠢᠯᠡᠳᠪᠦᠷᠢᠯᠡᠬᠦ ᠴᠢᠳᠠᠪᠤᠷᠢ ᠶᠢ ᠬᠠᠷᠭᠤᠭᠤᠯᠤᠨ ᠨᠡᠮᠡᠭᠳᠡᠭᠦᠯᠬᠦ ᠵᠡᠷᠭᠡ ᠭᠠᠷᠳᠠᠮ ᠢ ᠭᠦᠢᠴᠡᠳᠬᠡᠬᠦ ᠶᠢ ᠲᠦᠷᠬᠡᠨ ᠢᠶᠠᠷ ᠠᠬᠢᠭᠤᠯᠬᠤ ᠪᠠᠷ ᠭᠤᠤᠯᠳᠠᠯᠭ᠎ᠠ ᠪᠣᠯᠭᠠᠵᠤ᠂ ᠠᠶᠤᠯ ᠥᠬᠡᠶ ᠣᠶᠢᠯᠡᠳᠪᠦᠷᠢᠯᠠᠯ ᠢ ᠪᠠᠲᠤᠯᠠᠭᠰᠠᠨ ᠤᠷᠢᠲᠠᠯ ᠳᠣᠤᠷ᠎ᠠ᠂ ᠨᠡᠭᠦᠷᠡᠰᠦᠨ ᠤ ᠣᠶᠢᠯᠡᠳᠪᠦᠷᠢᠯᠡᠬᠦ ᠴᠢᠳᠠᠪᠤᠷᠢ ᠶᠢ ᠲᠡᠭᠡᠭᠰᠢᠯᠡᠭᠦᠯᠬᠦ ᠶᠢ ᠬᠠᠤᠯᠢ ᠶᠣᠰᠣᠭᠠᠷ ᠲᠦᠷᠬᠡᠨ ᠢᠶᠠᠷ ᠠᠬᠢᠭᠤᠯᠵᠤ᠂ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠨ᠎ᠠ᠃     ᠬᠤᠶᠠᠷ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ     ︵ᠨᠢᠭᠡ︶ ᠪᠥᠬᠦ ᠬᠤᠲᠠ ᠶᠢᠨ ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠠᠵᠢᠯ ᠢ ᠪᠥᠬᠦ ᠲᠠᠯ᠎ᠠ ᠪᠠᠷ ᠠᠬᠢᠭᠤᠯᠬᠤ ᠶᠢᠨ ᠲᠤᠰᠠᠳᠠ᠂ ᠬᠤᠲᠠ  ᠶᠢᠨ ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠠᠵᠢᠯ ᠢ ᠠᠬᠢᠭᠤᠯᠬᠤ ᠳᠤᠭᠤᠶᠢᠯᠠᠩ ︵ᠳᠣᠷᠣᠭᠰᠢ ᠠᠵᠢᠯ ᠢ ᠠᠬᠢᠭᠤᠯᠬᠤ ᠳᠤᠭᠤᠶᠢᠯᠠᠩ ᠭᠡᠵᠦ ᠨᠡᠷᠡᠶᠢᠳᠦᠨ᠎ᠡ︶ ᠢ ᠪᠠᠶᠢᠭᠤᠯᠪᠠ᠂ ᠪᠦᠷᠢᠯᠳᠦᠬᠦᠨ ᠨᠢ ᠳᠣᠤᠷᠠᠬᠢ ᠮᠡᠲᠦ᠃     ᠳᠤᠭᠤᠶᠢᠯᠠᠩ    ᠤᠨ   ᠳᠠᠷᠤᠭ᠎ᠠ᠄ ᠶᠢᠨ ᠡᠤ            ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ     ᠳᠡᠳ᠋ ᠳᠤᠭᠤᠶᠢᠯᠠᠩ ᠤᠨ ᠳᠠᠷᠤᠭ᠎ᠠ᠄ ᠺᠦᠩ ᠹᠠᠨ ᠹᠸᠢ      ᠬᠤᠲᠠ ᠶᠢᠨ ᠳᠡᠳ᠋ ᠳᠠᠷᠤᠭ᠎ᠠ ᠶᠢᠨ ᠵᠢᠱᠢᠭᠳᠡᠭᠴᠢ     ᠪᠦᠷᠢᠯᠳᠦᠬᠦᠨ᠄ ᠯᠢ ᠪᠢᠨ                           ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠲᠡᠳ᠋ ᠲᠠᠷᠤᠭ᠎ᠠ     ᠦ᠋ ᠵᠢᠶᠠᠨ ᠰᠢᠶᠦ᠋ᠨ                            ᠬᠤᠲᠠ ᠶᠢᠨ ᠡᠨᠧᠷᠭᠢ ᠶᠢᠨ ᠲᠣᠪᠴᠢᠶᠠᠨ ᠤ ᠳᠠᠷᠤᠭ᠎ᠠ     ᠮᠠ ᠡᠯ ᠰᠢ                                 ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ     ᠭᠤᠤ ᠯᠢᠩ ᠶᠦᠨ                             ᠬᠤᠳᠠ ᠶᠢᠨ ᠡᠨᠧᠷᠭᠢ ᠶᠢᠨ ᠲᠣᠪᠴᠢᠶᠠᠨ ᠤ ᠳᠡᠳ᠋ ᠳᠠᠷᠤᠭ᠎ᠠ     ᠡᠾᠦ᠋ᠸᠧ ᠯᠢ ᠫᠢᠩ                            ᠬᠤᠲᠠ ᠶᠢᠨ ᠡᠨᠧᠷᠭᠢ ᠶᠢᠨ ᠲᠣᠪᠴᠢᠶᠠᠨ ᠤ ᠳᠡᠳ᠋ ᠳᠠᠷᠤᠭ᠎ᠠ     ᠬᠤᠤ ᠶᠦᠨ                                 ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠡᠳ᠋ ᠳᠠᠷᠤᠭ᠎ᠠ     ᠸᠠᠩ ᠠᠶ ᠯᠢᠶᠠᠩ                            ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ  ᠤᠨ ᠪᠦᠷᠢᠯᠳᠦᠭᠦᠨ    ᠰᠠᠷᠠᠨ                                    ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ     ᠮᠠᠰᠢᠪᠢᠯᠢᠭ᠌                                 ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠳᠡᠳ᠋ ᠳᠠᠷᠤᠭ᠎ᠠ     ᠠᠯᠲᠠᠨᠪᠦᠦ                                  ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ     ᠣᠶᠣᠨ                                    ᠬᠤᠲᠠ ᠶᠢᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ     ᠯᠢ ᠸᠧᠨ ᠴᠢᠩ                            ᠥᠪᠥᠷ ᠮᠣᠩᠭᠤᠯ ᠤᠨ ᠨᠡᠭᠦᠷᠡᠰᠦᠨ ᠠᠭᠤᠷᠬᠠᠶ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠣᠪᠴᠢᠶ᠎ᠠ  ᠶᠢᠨ ᠣᠷᠳᠣᠰ ᠤᠨ ᠬᠤᠪᠢᠶᠠᠷᠢ ᠲᠣᠪᠴᠢᠶ᠎ᠠ ᠶᠢᠨ ᠳᠡᠳ᠋ ᠳᠠᠷᠤᠭ᠎ᠠ     ᠠᠵᠢᠯ ᠢ ᠠᠬᠢᠭᠤᠯᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠵᠤ᠂ ᠠᠯᠪᠠᠨ ᠬᠡᠷ ᠢ ᠬᠤᠲᠠ ᠶᠢᠨ ᠡᠨᠧᠷᠭᠢ ᠶᠢᠨ ᠲᠣᠪᠴᠢᠶ᠎ᠠ ᠳᠤ ᠪᠠᠶᠢᠭᠤᠯᠵᠤ᠂ ᠭᠠᠵᠠᠷ ᠬᠡᠷᠡᠭᠯᠡᠬᠦ ᠵᠢᠴᠢ ᠠᠭᠤᠷᠬᠠᠶ ᠮᠠᠯᠲᠠᠬᠤ ᠭᠠᠷᠳᠠᠮ ᠢ ᠭᠦᠢᠴᠡᠳᠬᠡᠬᠦ᠂ ᠣᠶᠢᠯᠡᠳᠪᠦᠷᠢᠯᠠᠯ ᠤᠨ ᠴᠢᠳᠠᠪᠤᠷᠢ ᠶᠢ ᠬᠠᠷᠭᠤᠭᠤᠯᠤᠨ ᠨᠡᠮᠡᠭᠳᠡᠭᠦᠯᠬᠦ ᠠᠵᠢᠯ ᠤᠨ ᠪᠠᠶᠢᠳᠠᠯ ᠢ ᠨᠢᠭᠡᠳᠦᠯᠲᠡᠶ ᠲᠥᠯᠥᠪᠯᠡᠨ ᠳᠣᠭᠢᠷᠠᠭᠤᠯᠵᠤ᠂ ᠭᠠᠷᠠᠭ ᠪᠦᠷᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠠᠵᠢᠯ ᠤᠨ ᠠᠬᠢᠴᠠ ᠪᠠᠨ ᠳᠡᠭᠡᠭᠰᠢ ᠮᠡᠳᠡᠭᠦᠯᠵᠦ᠂ ᠬᠠᠭᠠᠰ ᠰᠠᠷ᠎ᠠ ᠪᠦᠷᠢ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠠᠵᠢᠯ ᠤᠨ ᠲᠤᠰᠬᠠᠶ ᠠᠩᠭᠢ ᠳᠤ ᠠᠵᠢᠯ ᠤᠨ ᠠᠬᠢᠴᠠ ᠪᠠᠨ ᠮᠡᠳᠡᠭᠦᠯᠦᠨ ᠬᠦᠷᠬᠡᠨ᠎ᠡ᠃     ᠬᠠᠷᠢᠯᠴᠠᠭᠴᠢ᠄ ᠶᠠᠨ ᠢ ᠯᠦᠨ                  ᠬᠤᠲᠠ ᠶᠢᠨ ᠡᠨᠧᠷᠭᠢ ᠶᠢᠨ ᠲᠣᠪᠴᠢᠶ᠎ᠠ ᠶᠢᠨ ᠵᠠᠬ᠎ᠠ ᠳᠡᠯᠭᠡᠭᠦᠷ ᠤᠨ ᠠᠵᠢᠯᠯᠠᠭᠠᠨ ᠢ ᠬᠢᠨᠠᠨ ᠬᠠᠮᠢᠶᠠᠷᠬᠤ ᠰᠠᠯᠠᠭᠠᠨ ᠤ ᠳᠠᠷᠤᠭ᠎ᠠ     ᠬᠠᠷᠢᠯᠴᠠᠬᠤ ᠤᠲᠠᠰᠤ᠄ 18647745500     ︵ᠬᠤᠶᠠᠷ︶ ᠠᠵᠢᠯ ᠢ ᠠᠬᠢᠭᠤᠯᠬᠤ ᠳᠤᠭᠤᠶᠢᠯᠠᠩ ᠤᠨ ᠳᠣᠤᠷ᠎ᠠ ᠭᠠᠵᠠᠷ ᠬᠡᠷᠡᠭᠯᠡᠬᠦ ᠵᠢᠴᠢ ᠠᠭᠤᠷᠬᠠᠶ ᠮᠠᠯᠲᠠᠬᠤ ᠭᠠᠷᠳᠠᠮ ᠢ ᠭᠦᠢᠴᠡᠳᠬᠡᠵᠣ᠂ ᠣᠶᠢᠯᠡᠳᠪᠦᠷᠢᠯᠡᠬᠦ ᠴᠢᠳᠠᠪᠤᠷᠢ ᠶᠢ ᠬᠠᠷᠭᠤᠭᠤᠯᠤᠨ ᠨᠡᠮᠡᠭᠳᠡᠭᠦᠯᠬᠦ 2 ᠲᠤᠰᠬᠠᠶ ᠠᠵᠢᠯ ᠤᠨ ᠠᠩᠭᠢ ᠪᠠᠶᠢᠭᠤᠯᠤᠨ᠎ᠠ᠃     1. ᠭᠠᠵᠠᠷ ᠬᠡᠷᠡᠭᠯᠡᠬᠦ ᠵᠢᠴᠢ ᠠᠭᠤᠷᠬᠠᠶ ᠮᠠᠯᠲᠠᠬᠤ ᠭᠠᠷᠳᠠᠮ ᠢ ᠭᠦᠢᠴᠡᠳᠬᠡᠬᠦ ᠠᠵᠢᠯ ᠤᠨ ᠲᠤᠰᠬᠠᠶ ᠠᠩᠭᠢ ︵ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠪᠠᠶᠢᠭᠤᠯᠤᠨ᠎ᠠ︶     ᠳᠤᠭᠤᠶᠢᠯᠠᠩ ᠤᠨ ᠳᠠᠷᠤᠭ᠎ᠠ᠄ ᠮᠠ ᠡᠯ ᠰᠢ     ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ     ᠪᠦᠷᠢᠯᠳᠦᠬᠦᠨ          ᠄ ᠬᠤᠤ ᠶᠦᠨ      ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠡᠳ᠋ ᠳᠠᠷᠤᠭ᠎ᠠ     ᠸᠠᠩ ᠠᠶ ᠯᠢᠶᠠᠩ                       ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠭᠦᠨ    ᠰᠠᠷᠠᠨ                               ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ     ᠭᠤᠤ ᠯᠢᠩ ᠶᠦᠨ                       ᠬᠤᠳᠠ ᠶᠢᠨ ᠡᠨᠧᠷᠭᠢ ᠶᠢᠨ ᠲᠣᠪᠴᠢᠶᠠᠨ ᠤ ᠳᠡᠳ᠋ ᠳᠠᠷᠤᠭ᠎ᠠ     ᠠᠯᠲᠠᠨᠪᠦᠦ                            ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ     ᠣᠶᠣᠨ                               ᠬᠤᠲᠠ ᠶᠢᠨ ᠣᠢ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ     ᠬᠠᠷᠢᠯᠴᠠᠭᠴᠢ᠄ ᠱᠢ ᠸᠧᠶ                  ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠨᠡᠭᠡᠭᠡᠨ ᠠᠰᠢᠭᠯᠠᠬᠤ ᠰᠠᠯᠠᠭᠠᠨ ᠤ ᠳᠠᠷᠤᠭ᠎ᠠ     ᠦ᠋ ᠶᠦᠩ ᠯᠠᠨ                        ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠰᠠᠯᠠᠭᠠᠨ ᠤ ᠳᠠᠷᠤᠭ᠎ᠠ     ᠵᠠᠩ ᠰᠢᠶᠦ᠋ᠩ ᠱᠠᠨ                     ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶᠠᠨ ᠤ ᠠᠭᠤᠷᠬᠠᠶ ᠶᠢᠨ ᠡᠷᠬᠡ ᠶᠢᠨ ᠬᠠᠮᠢᠶᠠᠷᠤᠯᠲᠠ  ᠶᠢᠨ ᠰᠠᠯᠠᠭᠠᠨ ᠤ ᠲᠠᠷᠤᠭ᠎ᠠ    ᠬᠠᠷᠢᠯᠴᠠᠬᠤ ᠤᠲᠠᠰᠤ᠄ 15947725967᠂ 18647702526᠂ 13947722557     ᠭᠤᠤᠯ ᠡᠭᠦᠷᠭᠡ ᠬᠠᠷᠢᠭᠤᠴᠠᠯᠭ᠎ᠠ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠲᠦᠷᠦᠭᠦᠯᠡᠨ ᠬᠢᠵᠣ᠂ ᠬᠤᠯᠪᠤᠭᠳᠠᠯ ᠪᠦᠬᠦᠢ ᠰᠠᠯᠠᠭ᠎ᠠ ᠮᠥᠴᠢᠷ ᠬᠠᠮᠵᠢᠯᠴᠠᠨ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠣᠰ ᠱᠠᠲᠤ᠂ ᠬᠤᠰᠢᠭᠤ ᠲᠣᠭᠤᠷᠢᠭ ᠵᠡᠷᠭᠡ ᠳᠥᠷᠪᠡᠨ ᠲᠠᠰ ᠳᠠᠪᠬᠤᠷᠭ᠎ᠠ ᠪᠠᠷ ᠲᠦᠷᠦᠯ ᠬᠤᠪᠢᠶᠠᠨ ᠰᠢᠢᠳᠪᠦᠷᠢᠯᠡᠬᠦ ᠶᠢ ᠠᠬᠢᠭᠤᠯᠵᠤ᠂ ᠵᠠᠳᠠᠭᠠᠶ ᠨᠡᠭᠦᠷᠡᠰᠦᠨ ᠠᠭᠤᠷᠬᠠᠶ ᠶᠢᠨ ᠭᠠᠵᠠᠷ ᠬᠡᠷᠡᠭᠯᠡᠬᠦ ᠭᠠᠷᠳᠠᠮ ᠢ ᠭᠦᠢᠴᠡᠳᠬᠡᠬᠦ ᠳᠤᠮᠳᠠ ᠣᠷᠣᠰᠢᠵᠤ ᠪᠠᠶᠢᠭ᠎ᠠ ᠬᠦᠴᠢᠷᠳᠡᠯ ᠪᠠ ᠠᠰᠠᠭᠤᠳᠠᠯ ᠢ ᠨᠢᠭᠡ ᠨᠢᠭᠡ ᠪᠠᠷ ᠡᠮᠬᠢᠯᠡᠨ ᠳᠢᠭᠯᠡᠵᠦ᠂ ᠱᠠᠲᠤ ᠬᠤᠪᠢᠶᠠᠨ ᠬᠠᠷᠢᠭᠤ ᠮᠡᠳᠡᠭᠦᠯᠵᠦ᠂ ᠲᠥᠷᠥᠯ ᠬᠤᠪᠢᠶᠠᠨ ᠰᠢᠢᠳᠪᠦᠷᠢᠯᠡᠬᠦ ᠶᠢ ᠠᠬᠢᠭᠤᠯᠤᠨ᠎ᠠ︔ ᠤᠷᠤᠭᠤᠯᠬᠤ ᠶᠣᠰᠣᠲᠠᠶ ᠶᠢ ᠨᠢ ᠴᠥᠮ ᠤᠷᠤᠭᠤᠯᠬᠤ ᠵᠠᠷᠴᠢᠮ ᠶᠣᠰᠣᠭᠠᠷ ᠨᠥᠬᠦᠴᠡᠯ ᠳᠤ ᠨᠡᠶᠢᠴᠡᠬᠦ ᠨᠡᠭᠦᠷᠡᠰᠦᠨ ᠠᠭᠤᠷᠬᠠᠶ ᠶᠢ ᠪᠦᠬᠦᠨ ᠢ ᠵᠠᠳᠠᠭᠠᠶ ᠨᠡᠭᠦᠷᠡᠰᠦᠨ ᠠᠭᠤᠷᠬᠠᠶ ᠶᠢᠨ ᠲᠦᠷ ᠴᠠᠭ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠲᠥᠷᠥ ᠶᠢᠨ ᠪᠣᠳᠣᠯᠭ᠎ᠠ ᠶᠢᠨ ᠬᠡᠪᠴᠢᠶᠡᠨ ᠳᠤ ᠣᠷᠣᠭᠤᠯᠵᠤ᠂ ᠲᠤᠷᠰᠢᠯᠲᠠ  ᠶᠢᠨ ᠲᠥᠷᠥ ᠶᠢᠨ ᠪᠣᠳᠣᠯᠭ᠎ᠠ ᠶᠢᠨ ᠴᠤᠩᠬᠤᠪᠴᠢ ᠶᠢᠨ ᠬᠤᠭᠤᠴᠠᠭ᠎ᠠ ᠶᠢ ᠠᠳᠬᠤᠨ᠂ ᠪᠥᠬᠦ ᠬᠤᠲᠠ ᠶᠢᠨ ᠬᠤᠯᠪᠣᠭᠳᠠᠯ ᠪᠥᠬᠦᠶ ᠠᠬᠢᠭᠤᠯᠬᠤ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠣᠶ ᠰᠢᠭᠤᠶ ᠡᠪᠡᠰᠦ ᠪᠡᠯᠴᠢᠭᠡᠷ ᠤᠨ ᠮᠠᠲ᠋ᠧᠷᠢᠶᠠᠯ ᠪᠦᠷᠢᠨ ᠪᠤᠰᠤ ᠪᠠᠶᠢᠭᠰᠠᠨ ᠴᠣ᠋ ᠬᠢᠨᠠᠨ ᠵᠥᠪᠰᠢᠶᠡᠷᠡᠬᠦ ᠵᠡᠷᠭᠡ ᠠᠷᠭ᠎ᠠ ᠬᠡᠮᠵᠢᠶ᠎ᠡ ᠶᠢ ᠬᠠᠶᠢᠨ ᠰᠦᠪᠡᠭᠴᠢᠯᠡᠵᠦ᠂ ᠵᠠᠳᠠᠭᠠᠶ ᠨᠡᠭᠦᠷᠡᠰᠦᠨ ᠠᠭᠤᠷᠬᠠᠶ ᠶᠢᠨ ᠲᠦᠷ ᠴᠠᠭ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ ᠶᠢ ᠲᠦᠷᠬᠡᠨ ᠢᠶᠠᠷ ᠠᠬᠢᠭᠤᠯᠵᠤ᠂ ᠣᠶᠢᠯᠡᠳᠪᠦᠷᠢᠯᠡᠬᠦ ᠴᠢᠳᠠᠪᠤᠷᠢ ᠶᠢ ᠲᠦᠷᠭᠡᠨ ᠢᠶᠠᠷ ᠲᠡᠭᠡᠭᠰᠢᠯᠡᠭᠦᠯᠬᠦ ᠶᠢ ᠠᠬᠢᠭᠤᠯᠤᠨ᠎ᠠ︔ ᠠᠵᠢᠯ ᠢ ᠠᠬᠢᠭᠤᠯᠬᠤ ᠳᠤᠭᠤᠶᠢᠯᠠᠩ ᠤᠨ ᠲᠤᠰᠢᠶᠠᠭᠰᠠᠨ ᠪᠤᠰᠤᠳ ᠬᠠᠮᠢᠶ᠎ᠠ ᠪᠥᠬᠦᠶ ᠠᠵᠢᠯ ᠢ ᠪᠡᠶᠡᠯᠡᠭᠦᠯᠦᠨ᠎ᠡ᠃     2. ᠣᠶᠢᠯᠡᠳᠪᠦᠷᠢᠯᠠᠯ ᠤᠨ ᠴᠢᠳᠠᠪᠤᠷᠢ ᠶᠢ ᠬᠠᠷᠭᠤᠭᠤᠯᠤᠨ ᠨᠡᠮᠡᠭᠳᠡᠭᠦᠯᠬᠦ ᠠᠵᠢᠯ ᠤᠨ ᠲᠤᠰᠬᠠᠶ ᠠᠩᠭᠢ ︵ᠬᠤᠲᠠ ᠶᠢᠨ ᠡᠨᠧᠷᠭᠢ ᠶᠢᠨ ᠲᠣᠪᠴᠢᠶ᠎ᠠ ᠳᠤ ᠪᠠᠶᠢᠭᠤᠯᠤᠨ᠎ᠠ︶     ᠳᠤᠭᠤᠶᠢᠯᠠᠩ ᠤᠨ ᠳᠠᠷᠤᠭ᠎ᠠ᠄ ᠦ᠋ ᠵᠢᠶᠠᠨ ᠰᠢᠶᠦ᠋ᠨ        ᠬᠤᠲᠠ ᠶᠢᠨ ᠡᠨᠧᠷᠭᠢ ᠶᠢᠨ ᠲᠣᠪᠴᠢᠶᠠᠨ ᠤ ᠳᠠᠷᠤᠭ᠎ᠠ     ᠪᠦᠷᠢᠯᠳᠦᠬᠦᠨ          ᠄ ᠴᠧᠨ ᠶᠦᠩ             ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ     ᠭᠤᠤ ᠯᠢᠩ ᠶᠦᠨ                               ᠬᠤᠳᠠ ᠶᠢᠨ ᠡᠨᠧᠷᠭᠢ ᠶᠢᠨ ᠰᠤᠷᠪᠤᠯᠵᠢ ᠶᠢᠨ ᠲᠣᠪᠴᠢᠶᠠᠨ ᠤ ᠳᠡᠳ᠋ ᠳᠠᠷᠤᠭ᠎ᠠ     ᠡᠾᠦ᠋ᠸᠧ ᠯᠢ ᠫᠢᠩ                              ᠬᠤᠲᠠ ᠶᠢᠨ ᠡᠨᠧᠷᠭᠢ ᠶᠢᠨ ᠲᠣᠪᠴᠢᠶᠠᠨ ᠤ ᠳᠡᠳ᠋ ᠳᠠᠷᠤᠭ᠎ᠠ     ᠮᠠᠰᠢᠪᠢᠯᠢᠭ᠌                                   ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠤᠪᠴᠢᠶᠠᠨ ᠤ ᠳᠡᠳ᠋ ᠳᠠᠷᠤᠭ᠎ᠠ    ᠯᠢ ᠸᠧᠨ ᠴᠢᠩ                             ᠥᠪᠥᠷ ᠮᠣᠩᠭᠤᠯ ᠤᠨ ᠨᠡᠭᠦᠷᠡᠰᠦᠨ ᠠᠭᠤᠷᠬᠠᠶ ᠶᠢᠨ ᠠᠮᠤᠷ ᠲᠦᠪᠰᠢᠨ ᠢ ᠬᠢᠨᠠᠨ ᠪᠠᠶᠢᠴᠠᠭᠠᠬᠤ ᠲᠤᠪᠴᠢᠶᠠᠨ  ᠤ ᠣᠷᠳᠣᠰ ᠤᠨ ᠬᠤᠪᠢᠶᠠᠷᠢ ᠲᠤᠪᠴᠢᠶᠠᠨ ᠤ ᠳᠡᠳ᠋ ᠳᠠᠷᠤᠭ᠎ᠠ     ᠬᠠᠷᠢᠯᠴᠠᠭᠴᠢ᠄ ᠯᠢ ᡁᠢ ᠵᠢᠶᠦ᠋ᠨ                    ᠬᠤᠲᠠ ᠶᠢᠨ ᠡᠨᠧᠷᠭᠢ ᠶᠢᠨ ᠲᠤᠪᠴᠢᠶᠠᠨ ᠤ ᠨᠡᠭᠦᠷᠡᠰᠦᠨ ᠤ ᠰᠠᠯᠠᠭᠠᠨ ᠤ ᠬᠠᠷᠢᠭᠤᠴᠠᠯᠭᠠᠲᠠᠨ     ᠬᠠᠷᠢᠯᠴᠠᠬᠤ ᠤᠲᠠᠰᠤ᠄ 18648000573     ᠭᠤᠤᠯ ᠡᠭᠦᠷᠭᠡ ᠬᠠᠷᠢᠭᠤᠴᠠᠯᠭ᠎ᠠ᠄ ᠬᠤᠲᠠ ᠶᠢᠨ ᠡᠨᠧᠷᠭᠢ ᠶᠢᠨ ᠲᠣᠪᠴᠢᠶ᠎ᠠ ᠠᠴᠠ ᠲᠦᠷᠦᠭᠦᠯᠡᠨ ᠬᠢᠵᠣ᠂ ᠬᠤᠯᠪᠤᠭᠳᠠᠯ ᠪᠦᠬᠦᠢ ᠰᠠᠯᠠᠭ᠎ᠠ ᠮᠥᠴᠢᠷ ᠬᠠᠮᠵᠢᠯᠴᠠᠨ ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠲᠣᠰ ᠱᠠᠲᠤ᠂ ᠬᠤᠰᠢᠭᠤ ᠲᠣᠭᠤᠷᠢᠭ ᠵᠡᠷᠭᠡ ᠳᠥᠷᠪᠡᠨ ᠲᠠᠰ ᠳᠠᠪᠬᠤᠷᠭ᠎ᠠ ᠪᠠᠷ ᠲᠦᠷᠦᠯ ᠬᠤᠪᠢᠶᠠᠨ ᠰᠢᠢᠳᠪᠦᠷᠢᠯᠡᠬᠦ ᠶᠢ ᠠᠬᠢᠭᠤᠯᠵᠤ᠂ ᠪᠥᠬᠦ ᠬᠤᠲᠠ ︵ᠴᠢ ᠫᠠᠨ ᠵᠢᠩ ᠠᠴᠠ ᠭᠠᠳᠠᠨ᠎ᠠ︶ ᠳᠤ ᠬᠤᠯᠪᠣᠭᠳᠠᠬᠤ ᠠᠭᠤᠷᠬᠠᠶ ᠶᠢᠨ ᠬᠤᠳᠳᠤᠭ ᠤᠨ ᠣᠷᠴᠢᠨ ᠲᠣᠭᠤᠷᠢᠨ ᠤ ᠨᠦᠯᠦᠬᠡ ᠶᠢᠨ ᠦᠨᠡᠯᠡᠯᠲᠡ᠂ ᠣᠶᠢᠯᠡᠳᠪᠦᠷᠢᠯᠡᠬᠦ ᠴᠢᠳᠠᠪᠤᠷᠢ ᠶᠢ ᠰᠣᠯᠢᠬᠤ ᠵᠡᠷᠭᠡ ᠣᠶᠢᠯᠡᠳᠪᠦᠷᠢᠯᠡᠬᠦ ᠴᠢᠳᠠᠪᠤᠷᠢ ᠶᠢ ᠬᠠᠷᠭᠤᠭᠤᠯᠤᠨ ᠨᠡᠮᠡᠭᠳᠡᠭᠦᠯᠬᠦ ᠳᠤ ᠣᠷᠣᠰᠢᠵᠤ ᠪᠠᠶᠢᠭ᠎ᠠ ᠠᠰᠠᠭᠤᠳᠠᠯ ᠢ ᠨᠢᠭᠡ ᠨᠢᠭᠡ ᠪᠠᠷ ᠡᠮᠬᠢᠯᠡᠵᠣ᠂ ᠱᠠᠲᠤ ᠬᠤᠪᠢᠶᠠᠨ ᠬᠠᠷᠢᠭᠤ ᠮᠡᠳᠡᠭᠦᠯᠵᠦ᠂ ᠲᠥᠷᠥᠯ ᠬᠤᠪᠢᠶᠠᠨ ᠰᠢᠢᠳᠪᠦᠷᠢᠯᠡᠬᠦ ᠶᠢ ᠠᠬᠢᠭᠤᠯᠤᠨ᠎ᠠ︔ ᠣᠶᠢᠯᠡᠳᠪᠦᠷᠢᠯᠡᠬᠦ ᠴᠢᠳᠠᠪᠤᠷᠢ ᠶᠢ ᠬᠠᠷᠭᠤᠭᠤᠯᠤᠨ ᠨᠡᠮᠡᠭᠳᠡᠭᠦᠯᠬᠦ ᠨᠠᠷᠢᠨ ᠲᠠᠩᠰᠠ ᠶᠢ ᠨᠠᠷᠢᠨ ᠬᠢᠨᠠᠮᠠᠭᠠᠶ ᠰᠢᠭᠰᠢᠨ ᠵᠢᠭᠰᠠᠭᠠᠵᠤ᠂ ᠤᠯᠤᠰ ᠤᠨ ᠬᠤᠯᠪᠣᠭᠳᠠᠯ ᠪᠥᠬᠦᠶ ᠶᠠᠮᠤᠨ ᠵᠥᠪᠯᠡᠯ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠲᠢᠩᠬᠢᠮ ᠲᠣᠪᠴᠢᠶ᠎ᠠ ᠠᠴᠠ ᠣᠶᠢᠯᠡᠳᠪᠦᠷᠢᠯᠡᠬᠦ ᠴᠢᠳᠠᠪᠤᠷᠢ ᠶᠢ ᠬᠠᠷᠭᠤᠭᠤᠯᠤᠨ ᠨᠡᠮᠡᠭᠳᠡᠭᠦᠯᠬᠦ ᠣᠷᠣᠨ ᠵᠠᠶ ᠪᠠ ᠬᠤᠪᠢ ᠶᠢᠨ ᠲᠤᠭ᠎ᠠ ᠶᠢ ᠢᠳᠡᠪᠬᠢᠲᠡᠶ ᠪᠠᠷ ᠴᠢᠷᠮᠠᠶᠢᠨ ᠤᠯᠤᠨ᠎ᠠ︔ ᠠᠵᠢᠯ ᠢ ᠠᠬᠢᠭᠤᠯᠬᠤ ᠳᠤᠭᠤᠶᠢᠯᠠᠩ ᠤᠨ ᠲᠤᠰᠢᠶᠠᠭᠰᠠᠨ ᠪᠤᠰᠤᠳ ᠬᠠᠮᠢᠶ᠎ᠠ ᠪᠥᠬᠦᠶ ᠠᠵᠢᠯ ᠢ ᠪᠡᠶᠡᠯᠡᠭᠦᠯᠦᠨ᠎ᠡ᠃     ᠭᠤᠷᠪᠠ᠂ ᠠᠵᠢᠯ ᠤᠨ ᠱᠠᠭᠠᠷᠳᠠᠯᠭ᠎ᠠ     ︵ᠨᠢᠭᠡ︶ ᠵᠤᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠨ᠎ᠠ᠃ ᠡᠯ᠎ᠡ ᠬᠤᠰᠢᠭᠤ ᠲᠣᠭᠤᠷᠢᠭ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠤᠳᠤᠷᠢᠳᠤᠯᠭ᠎ᠠ ᠪᠠᠨ ᠦᠨᠡᠨ ᠬᠦ ᠴᠢᠩᠭᠠᠳᠬᠠᠵᠤ᠂ ᠤᠯᠤᠰ ᠤᠨ ᠨᠡᠭᠦᠷᠡᠰᠦᠨ ᠤ ᠬᠠᠩᠭᠠᠯᠭ᠎ᠠ ᠶᠢ ᠪᠠᠲᠤᠯᠠᠬᠤ ᠡᠭᠦᠷᠭᠡ ᠶᠢ ᠨᠠᠶᠢᠳᠠᠪᠤᠷᠢᠵᠢᠭᠤᠯᠬᠤ ᠶᠢ ᠣᠳᠣᠬᠠᠨ ᠤ ᠨᠢᠭᠡ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠨ ᠴᠢᠩᠭ᠎ᠠ ᠪᠣᠳᠠᠲᠠᠶ ᠠᠳᠬᠤᠵᠤ᠂ ᠭᠤᠤᠯ ᠬᠠᠷᠢᠭᠤᠴᠠᠯᠭᠠᠲᠠᠨ ᠨᠢ ᠤᠷᠢᠳᠠᠪᠠᠷ ᠵᠢᠯᠣᠭᠤᠳᠴᠤ᠂ ᠥᠪᠡᠷ ᠤᠨ ᠪᠡᠶ᠎ᠡ ᠪᠠᠷ ᠢᠶᠠᠨ ᠨᠠᠶᠢᠳᠠᠪᠦᠷᠢᠵᠢᠭᠤᠯᠤᠯᠳᠠ ᠶᠢ ᠠᠬᠢᠭᠤᠯᠤᠨ᠎ᠠ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ᠂ ᠠᠵᠢᠯᠲᠠᠨ᠂ ᠡᠭᠦᠷᠭᠡ᠂ ᠴᠠᠭ ᠬᠤᠭᠤᠴᠠᠭ᠎ᠠ᠂ ᠱᠠᠭᠠᠷᠳᠠᠯᠭ᠎ᠠ ᠶᠢ ᠲᠤᠭᠳᠠᠭᠠᠵᠣ᠂ ᠬᠠᠷᠢᠭᠤᠴᠠᠯᠭ᠎ᠠ  ᠶᠢ ᠦᠨᠡᠨ ᠬᠦ ᠪᠣᠳᠠᠲᠠᠶ ᠨᠠᠶᠢᠳᠠᠪᠦᠷᠢᠵᠢᠭᠤᠯᠤᠨ᠎ᠠ᠃ ᠡᠯ᠎ᠡ ᠬᠤᠰᠢᠭᠤ ᠲᠤᠭᠤᠷᠢᠭ ᠨᠤᠭᠤᠳ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠢᠯ ᠤᠨ ᠲᠤᠰᠬᠠᠶ ᠠᠩᠭᠢ ᠪᠠᠶᠢᠭᠤᠯᠵᠤ᠂ ᠡᠭᠦᠷᠭᠡ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠣ᠂ ᠨᠠᠷᠢᠨ ᠬᠢᠨᠠᠮᠠᠭᠠᠶ ᠡᠮᠬᠢᠯᠡᠵᠦ᠂ ᠠᠰᠠᠭᠤᠳᠠᠯ ᠤᠨ ᠨᠠᠷᠢᠨ ᠲᠠᠩᠰᠠ ᠶᠢ ᠨᠢᠭᠡ ᠨᠢᠭᠡ  ᠪᠠᠷ ᠵᠢᠭᠰᠠᠭᠠᠨ᠂ ᠴᠠᠭ ᠤᠨ ᠬᠦᠰᠦᠨᠦᠭᠲᠦ᠂ ᠵᠠᠮ ᠱᠤᠭᠤᠮ ᠤᠨ ᠵᠢᠷᠤᠭ ᠢ ᠲᠣᠳᠣᠷᠬᠠᠶᠢᠯᠠᠵᠤ᠂ ᠨᠢᠭᠲᠠ ᠬᠠᠮᠵᠢᠯᠴᠠᠨ᠂ ᠬᠠᠮᠢᠶ᠎ᠠ ᠪᠥᠬᠦᠶ ᠠᠵᠢᠯ ᠢ ᠬᠠᠮᠵᠢᠯᠴᠠᠨ ᠠᠬᠢᠭᠤᠯᠵᠤ᠂  ᠨᠡᠭᠦᠷᠡᠰᠤ ᠶᠢ ᠲᠣᠭᠲᠠᠭᠤᠨ ᠢᠶᠠᠷ ᠬᠠᠩᠭᠠᠬᠤ ᠶᠢ ᠦᠨᠡᠨ ᠬᠦ ᠪᠠᠳᠤᠯᠠᠨ᠎ᠠ᠃ ᠡᠯ᠎ᠡ ᠬᠤᠰᠢᠭᠤ ᠲᠣᠭᠤᠷᠢᠭ ᠤᠨ ᠠᠵᠢᠯ ᠤᠨ ᠲᠤᠰᠬᠠᠶ ᠠᠩᠭᠢ ᠪᠠᠶᠢᠭᠤᠯᠤᠭᠰᠠᠨ ᠪᠠᠶᠢᠳᠠᠯ ᠢ ᠡᠷᠬᠡᠪᠰᠢ 2021 ᠣᠨ ᠤ 8 ᠳ᠋ᠤᠭᠠᠷ ᠰᠠᠷ᠎ᠠ ᠶᠢᠨ 11 ᠤ ᠡᠳᠦᠷ ᠠᠴᠠ ᠡᠮᠦᠨ᠎ᠡ ᠬᠤᠲᠠ ᠶᠢᠨ ᠠᠵᠢᠯ ᠢ ᠠᠬᠢᠭᠤᠯᠬᠤ ᠳᠤᠭᠤᠶᠢᠯᠠᠩ  ᠤᠨ ᠠᠯᠪᠠᠨ ᠬᠡᠷ ᠲᠤ ᠮᠡᠳᠡᠭᠦᠯᠦᠨ᠎ᠡ᠃     ︵ᠬᠤᠶᠠᠷ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠡᠯ᠎ᠡ ᠠᠵᠢᠯ ᠤᠨ ᠲᠤᠰᠬᠠᠶ ᠠᠩᠭᠢ ᠨᠢ ᠡᠭᠦᠷᠭᠡ ᠠᠵᠢᠯ ᠤᠨ ᠬᠤᠪᠢᠶᠠᠷᠢᠯᠠᠯ ᠤᠨ ᠲᠣᠭᠤᠷᠢᠨ ᠳᠤ᠂ ᠠᠵᠢᠯ ᠤᠨ  ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠠᠵᠢᠯ ᠤᠨ ᠬᠠᠷᠠᠯᠲᠠ ᠪᠠᠨ ᠲᠣᠳᠣᠷᠬᠠᠶᠢᠯᠠᠵᠤ᠂ ᠡᠯ᠎ᠡ ᠵᠣᠶᠢᠯ  ᠤᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠠᠬᠢᠭᠤᠯᠵᠤ᠂ ᠪᠣᠳᠠᠲᠠᠶ ᠨᠠᠶᠢᠳᠠᠪᠤᠷᠢᠵᠢᠭᠤᠯᠬᠤ ᠶᠢ ᠦᠨᠡᠨ ᠬᠦ ᠪᠠᠳᠤᠯᠠᠨ᠎ᠠ᠃ ᠡᠯ᠎ᠡ ᠪᠦᠷᠢᠯᠳᠦᠬᠦᠨ ᠨᠢᠭᠡᠴᠡ ᠨᠦᠭᠦᠳ ᠢᠳᠡᠪᠬᠢᠲᠡᠶ ᠪᠠᠷ ᠬᠠᠮᠵᠢᠯᠴᠠᠨ ᠣᠷᠣᠯᠴᠠᠵᠤ᠂ ᠲᠣᠰ ᠲᠣᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ᠂ ᠲᠣᠰ ᠲᠣᠰ ᠤᠨ ᠬᠠᠷᠢᠭᠤᠴᠠᠯᠭ᠎ᠠ ᠪᠠᠨ ᠭᠦᠢᠴᠡᠳᠬᠡᠬᠦ᠂  ᠬᠠᠮᠲᠤᠪᠠᠷ ᠠᠳᠬᠤᠵᠤ ᠬᠠᠮᠳᠤᠪᠠᠷ ᠬᠠᠮᠢᠶᠠᠷᠬᠤ ᠰᠠᠶᠢᠨ ᠰᠠᠶᠢᠬᠠᠨ ᠠᠵᠢᠯ ᠤᠨ ᠪᠠᠶᠢᠳᠠᠯ ᠢ ᠪᠤᠢ ᠪᠤᠯᠭᠠᠨ᠎ᠠ᠃     ︵ᠭᠤᠷᠪᠠ︶ ᠮᠡᠳᠡᠭᠡ ᠵᠠᠩᠭᠢ ᠶᠢ ᠮᠡᠳᠡᠭᠦᠯᠦᠨ ᠬᠦᠷᠭᠡᠬᠦ ᠶᠢ ᠴᠢᠩᠭᠠᠳᠬᠠᠨ᠎ᠠ᠃ ᠨᠡᠭᠦᠷᠡᠰᠦᠨ ᠠᠭᠤᠷᠬᠠᠶ ᠶᠢᠨ ᠭᠠᠷᠳᠠᠮ ᠢ ᠭᠦᠢᠴᠡᠳᠬᠡᠬᠦ ᠪᠠ ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠲᠤᠬᠢᠷᠠᠭᠤᠯᠤᠯᠳᠠ ᠶᠢᠨ ᠲᠣᠭᠲᠠᠴᠠ ᠶᠢ ᠴᠢᠨᠠᠭᠰᠢᠳᠠ ᠲᠡᠭᠦᠯᠳᠡᠷᠵᠢᠭᠦᠯᠵᠦ᠂ ᠠᠵᠢᠯ ᠤᠨ ᠲᠤᠰᠬᠠᠶ ᠠᠩᠬᠢ ᠨᠢᠭᠡᠪᠦᠷᠢ ᠨᠢ ᠲᠤᠰᠬᠠᠶ ᠠᠵᠢᠯᠳᠠᠨ ᠲᠣᠭᠲᠠᠭᠠᠵᠤ ᠮᠡᠳᠡᠭᠡ ᠵᠠᠩᠭᠢ ᠮᠡᠳᠡᠭᠦᠯᠦᠨ ᠬᠦᠷᠭᠡᠬᠦ ᠠᠵᠢᠯ ᠢ ᠬᠠᠷᠢᠭᠤᠴᠠᠭᠤᠯᠵᠤ᠂ ᠠᠵᠢᠯ ᠢ ᠠᠬᠢᠭᠤᠯᠬᠤ ᠳᠤᠭᠤᠶᠢᠯᠠᠩ ᠳᠤ ᠠᠵᠢᠯ ᠤᠨ ᠠᠬᠢᠴᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠨ ᠬᠦᠷᠬᠡᠨ᠎ᠡ᠃ ᠦᠢᠯᠡᠳᠪᠦᠷᠢᠯᠡᠯ ᠤᠨ ᠴᠢᠳᠠᠪᠤᠷᠢ ᠶᠢ ᠬᠠᠷᠭᠤᠭᠤᠯᠤᠨ ᠨᠡᠮᠡᠭᠳᠡᠭᠦᠯᠬᠦ ᠠᠵᠢᠯ ᠤᠨ ᠲᠤᠰᠬᠠᠶ ᠠᠩᠭᠢ ᠨᠢ ᠪᠦᠬᠦ ᠬᠤᠲᠠ ᠶᠢᠨ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠨᠡᠭᠦᠷᠡᠰᠦᠨ ᠠᠭᠤᠷᠬᠠᠶ ᠶᠢᠨ ᠨᠠᠷᠢᠨ ᠳᠠᠩᠰᠠ ᠶᠢ ᠣᠨᠣᠪᠴᠢᠲᠠᠶ ᠡᠮᠬᠢᠯᠡᠨ ᠳᠢᠭᠯᠡᠵᠦ᠂ ᠭᠠᠵᠠᠷ ᠬᠡᠷᠡᠭᠯᠡᠬᠦ ᠵᠢᠴᠢ ᠠᠭᠤᠷᠬᠠᠶ ᠮᠠᠯᠲᠠᠬᠤ ᠭᠠᠷᠳᠠᠮ ᠢ ᠭᠦᠢᠴᠡᠳᠬᠡᠬᠦ ᠠᠵᠢᠯ ᠤᠨ ᠲᠤᠰᠬᠠᠶ ᠠᠩᠭᠢ ᠨᠢ ᠪᠥᠬᠦ ᠬᠤᠲᠠ ᠶᠢᠨ ᠨᠡᠭᠦᠷᠡᠰᠦᠨ ᠠᠭᠤᠷᠬᠠᠶ ᠶᠢᠨ ᠭᠠᠷᠳᠠᠮ ᠢ ᠭᠦᠢᠴᠡᠳᠬᠡᠬᠦ ᠶᠠᠪᠤᠴᠠ ᠳᠤ ᠣᠷᠣᠰᠢᠵᠤ ᠪᠠᠶᠢᠭ᠎ᠠ ᠣᠶ ᠰᠢᠭᠤᠶ ᠡᠪᠡᠰᠦ ᠪᠡᠯᠴᠢᠭᠡᠷ᠂ ᠲᠠᠲᠠᠪᠤᠷᠢᠯᠠᠨ ᠨᠤᠷᠠᠭᠠᠬᠤ᠂ ᠬᠠᠤᠯᠢ ᠴᠠᠭᠠᠵᠠ ᠳᠤ ᠬᠤᠯᠪᠣᠭᠳᠠᠬᠤ ᠵᠠᠭᠠᠯᠳᠤᠯᠭ᠎ᠠ ᠳᠤ ᠬᠤᠯᠪᠣᠭᠳᠠᠬᠤ ᠵᠡᠷᠭᠡ ᠠᠰᠠᠭᠤᠳᠠᠯ ᠢ ᠤᠨᠤᠪᠴᠢᠲᠠᠢ ᠡᠮᠬᠢᠯᠡᠨ ᠳᠢᠭᠯᠡᠵᠦ᠂ ᠬᠤᠲᠠ ᠶᠢᠨ ᠠᠵᠢᠯ ᠢ ᠠᠬᠢᠭᠤᠯᠬᠤ ᠳᠤᠭᠤᠶᠢᠯᠠᠩ ᠤᠨ ᠠᠯᠪᠠᠨ ᠬᠡᠷ ᠲᠤ ᠮᠡᠳᠡᠭᠦᠯᠦᠨ᠂ ᠬᠤᠲᠠ ᠶᠢᠨ ᠠᠵᠢᠯ ᠢ ᠠᠬᠢᠭᠤᠯᠬᠤ ᠳᠤᠭᠤᠶᠢᠯᠠᠩ ᠤᠨ ᠠᠯᠪᠠᠨ ᠬᠡᠷ ᠠᠴᠠ ᠰᠢᠨᠵᠢᠯᠡᠬᠦ ᠤᠬᠠᠭᠠᠨᠴᠢ ᠪᠠᠷ ᠵᠢᠭᠰᠠᠭᠠᠵᠤ ᠬᠠᠷᠢᠭᠤᠴᠠᠵᠣ᠂ ᠥᠪᠡᠷᠲᠡᠭᠡᠨ ᠵᠠᠰᠠᠬᠤ ᠣᠷᠣᠨ ᠤ ᠨᠡᠭᠦᠷᠡᠰᠦᠨ ᠤ ᠭᠠᠷᠤᠯᠲᠠ ᠪᠠ ᠬᠠᠩᠭᠠᠯᠭ᠎ᠠ ᠶᠢ ᠨᠡᠮᠡᠭᠳᠡᠭᠦᠯᠬᠦ ᠠᠵᠢᠯ ᠤᠨ ᠲᠤᠰᠬᠠᠶ ᠠᠩᠭᠢ ᠳᠤ ᠴᠠᠭ ᠲᠤᠬᠠᠶ ᠳᠤᠨᠢ ᠮᠡᠳᠡᠭᠦᠯᠦᠨ᠎ᠡ᠃ 
ᠢᠷᠡᠯᠲᠡ᠄ ᠤᠷᠳᠤᠰ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ