ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄ | ᠪᠥᠬᠦ ᠬᠤᠲᠠ ᠶᠢᠨ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠵᠣᠬᠢᠶᠠᠨ | ᠪᠠᠶᠢᠭᠤᠯᠤᠨ ᠤᠳᠤᠷᠢᠳᠬᠤ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠴᠣᠬᠢᠯᠲᠠ ᠥᠭᠴᠦ | ᠴᠡᠭᠴᠡᠯᠡᠨ ᠵᠠᠰᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠬᠤ ᠶᠢᠨ ᠲᠤᠰᠠᠳᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠣᠷᠳᠣᠰ ᠬᠤᠲᠠ ᠶᠢᠨ | ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠴᠣᠬᠢᠯᠲᠠ ᠥᠭᠴᠦ ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢᠨ ᠠᠵᠢᠯᠯᠠᠬᠤ ᠳᠤᠭᠤᠶᠢᠯᠠᠩ ︵ | ᠲᠤᠤᠷ᠎ᠠ ᠠᠵᠢᠯᠯᠠᠬᠤ ᠳᠤᠭᠤᠶᠢᠯᠠᠩ ᠬᠡᠨ᠎ᠡ︶ ᠢ ᠪᠠᠶᠢᠭᠤᠯᠬᠤ ᠪᠠᠷ ᠲᠣᠭᠲᠠᠪᠠ᠂ ᠪᠣᠳᠠᠲᠠᠶ ᠪᠦᠷᠢᠯᠳᠦᠬᠦᠨ ᠨᠢ ᠳᠣᠤᠷᠠᠬᠢ ᠮᠡᠲᠦ᠄ | ᠳᠤᠭᠤᠶᠢᠯᠠᠩ ᠤᠨ ᠳᠠᠷᠤᠭ᠎ᠠ ᠄ ᠱᠢ ᠶᠠᠨ ᠵᠢᠶᠧ ᠬᠤᠳᠠ ᠶᠢᠨ ᠲᠡᠳ᠋ ᠳᠠᠷᠤᠭ᠎ᠠ | ᠳᠤᠭᠤᠶᠢᠯᠠᠩ ᠤᠨ ᠳᠡᠳ᠋ ᠳᠠᠷᠤᠭ᠎ᠠ᠄ ᠴᠧᠨ ᠰᠢ ᠷᠦᠩ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠳᠡᠳ᠋ ᠨᠠᠷᠢᠨ ᠪᠢᠴᠢᠭ ᠤᠨ ᠲᠠᠷᠤᠭ᠎ᠠ | ᠰᠢᠨ ᠬᠤᠩ ᠯᠢᠶᠠᠩ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠲᠠᠷᠤᠭ᠎ᠠ | ᠶᠠᠩ ᠢᠦᠢ ᠯᠦᠩ ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ | ᠭᠤᠤ ᠹᠧᠩ ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠲᠡᠳ᠋ | ᠱᠦᠵᠢ | ᠪᠦᠷᠢᠯᠳᠦᠬᠦᠨ᠄ ᠴᠢᠶᠣᠤ ᠶᠢᠨ ᠯᠢ ᠬᠤᠲᠠ ᠶᠢᠨ ᠨᠠᠮ ᠤᠨ ᠬᠤᠷᠢᠶᠠᠨ ᠤ ᠰᠦᠯᠵᠢᠶᠡᠨ ᠤ ᠠᠮᠤᠷ ᠲᠦᠪᠰᠢᠨ ᠪᠠ ᠮᠡᠳᠡᠭᠡ | ᠵᠠᠩᠬᠢᠴᠢᠯᠠᠯᠲᠠ ᠶᠢᠨ ᠵᠥᠪᠯᠡᠯ ᠤᠨ ᠠᠯᠪᠠᠨ ᠬᠡᠷ ᠤᠨ ᠳᠡᠳ᠋ ᠡᠷᠬᠢᠯᠡᠭᠴᠢ | ᠰᠢᠤᠢ ᠵᠢᠶᠦ᠋ᠨ ᠴᠢᠩ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ | ᠺᠠᠩ ᠵᠢᠶᠦ᠋ᠨ ᠯᠢᠶᠠᠨ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠡᠳ᠋ ᠳᠠᠷᠤᠭ᠎ᠠ | ᠳ᠋ᠢᠩ ᠾᠦᠢ ᠵᠢᠶᠦ᠋ᠨ ᠬᠤᠲᠠ ᠶᠢᠨ ᠠᠵᠤ ᠦᠢᠯᠡᠳᠪᠦᠷᠢ ᠪᠠ ᠮᠡᠳᠡᠭᠡ ᠵᠠᠩᠬᠢᠴᠢᠯᠠᠯᠲᠠ ᠶᠢᠨ ᠲᠣᠪᠴᠢᠶ᠎ᠠ ᠶᠢᠨ | ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ | ᠸᠠᠩ ᠹᠧᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ | ᠸᠠᠩ ᠭᠦᠸᠧ ᠯᠢᠶᠠᠩ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ | ᠯᠢᠦ ᠸᠧᠨ ᠴᠢᠩ ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ | ᠸᠠᠩ ᠱᠦ ᠱᠧᠩ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶᠠᠨ ᠤ ᠳᠡᠳ᠋ ᠳᠠᠷᠤᠭ᠎ᠠ | ᠯᠢᠦ ᠮᠠᠨ ᠱᠠᠨ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ᠳᠡᠳ᠋ ᠳᠠᠷᠤᠭ᠎ᠠ | ᠺᠠᠩ ᠵᠠᠨ ᠹᠸᠢ ᠬᠤᠲᠠ ᠶᠢᠨ ᠤᠯᠤᠰ ᠤᠨ ᠦᠮᠴᠢᠯᠡᠯᠲᠦ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ | ᠵᠥᠪᠯᠡᠯ ᠤᠨ ᠳᠡᠳ᠋ ᠡᠷᠬᠢᠯᠡᠭᠴᠢ | ᠬᠤᠤ ᠵᠥᠩ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ | ᠡᠦ ᠮᠢᠨ ᠬᠤᠲᠠ ᠶᠢᠨ ᠤᠯᠤᠰ ᠤᠨ ᠠᠮᠤᠷ ᠲᠦᠪᠰᠢᠨ ᠤ ᠲᠣᠪᠴᠢᠶᠠᠨ ᠤ ᠳᠡᠳ᠋ ᠳᠠᠷᠤᠭ᠎ᠠ | ᠸᠠᠩ ᠰᠢ ᠬᠤᠳᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶᠠᠨ ᠤ ᠶᠡᠷᠦᠩᠬᠡᠶ ᠠᠵᠤ ᠠᠬᠤᠶᠢᠴᠢ | ᠴᠧᠨ ᠸᠠᠨ ᠵᠢᠶᠧ ᠠᠷᠠᠳ ᠤᠨ ᠪᠠᠩᠬᠢ ᠶᠢᠨ ᠣᠷᠳᠣᠰ ᠬᠤᠲᠠ ᠶᠢᠨ ᠲᠥᠪ ᠰᠠᠯᠪᠤᠷᠢ ᠪᠠᠩᠬᠢ ᠶᠢᠨ ᠳᠡᠳ᠋ ᠳᠠᠷᠤᠭ᠎ᠠ | ᠠᠵᠢᠯᠯᠠᠬᠤ ᠳᠤᠭᠤᠶᠢᠯᠠᠩ ᠨᠢ ᠪᠥᠬᠦ ᠬᠤᠲᠠ ᠶᠢᠨ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠤᠯᠠᠮ ᠨᠢᠭᠡ ᠠᠯᠬᠤᠮ ᠴᠣᠬᠢᠯᠲᠠ ᠥᠭᠴᠦ | ᠴᠡᠭᠴᠡᠯᠡᠨ ᠵᠠᠰᠠᠬᠤ ᠲᠤᠰᠬᠠᠶ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠢᠭᠰᠠᠭᠠᠨ | ᠪᠠᠶᠢᠴᠠᠭᠠᠵᠤ ᠪᠠᠶᠢᠳᠠᠯ ᠢ ᠣᠶᠢᠯᠠᠭᠠᠬᠤ ᠪᠠ ᠰᠤᠳᠤᠯᠤᠨ ᠮᠠᠭᠠᠳᠯᠠᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠠᠮᠲᠤᠷᠠᠨ ᠬᠠᠤᠯᠢ ᠬᠡᠷᠡᠭᠵᠢᠭᠦᠯᠬᠦ | ᠲᠣᠭᠲᠠᠴᠠ ᠶᠢ ᠪᠠᠶᠢᠭᠤᠯᠵᠤ᠂ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠠᠤᠯᠢ ᠶᠣᠰᠣᠭᠠᠷ ᠴᠠᠭᠠᠵᠠᠯᠠᠬᠤ ᠶᠢ ᠬᠠᠷᠢᠭᠤᠴᠠᠨ᠎ᠠ︔ ᠡᠯ᠎ᠡ ᠬᠤᠰᠢᠭᠤ | ᠲᠣᠭᠤᠷᠢᠭ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠲᠤᠰᠬᠠᠶ ᠠᠵᠢᠯᠯᠠᠭ᠎ᠠ ᠶᠢᠨ ᠪᠠᠶᠢᠳᠠᠯ ᠢ ᠱᠠᠭᠠᠷᠳᠠᠨ ᠵᠢᠯᠣᠭᠤᠳᠴᠤ ᠪᠠᠶᠢᠴᠠᠭᠠᠵᠤ᠂ ᠬᠠᠮᠢᠶ᠎ᠠ ᠪᠥᠬᠦᠶ | ᠪᠠᠶᠢᠳᠠᠯ ᠢ ᠴᠠᠭ ᠲᠤᠬᠠᠶ ᠳᠤᠨᠢ ᠵᠠᠷᠯᠠᠵᠤ᠂ ᠡᠯ᠎ᠡ ᠵᠦᠢᠯ ᠤᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠨ᠎ᠠ︔ ᠬᠠᠤᠯᠢ | ᠬᠡᠷᠡᠭᠵᠢᠭᠦᠯᠬᠦ ᠤᠬᠠᠭᠤᠯᠭ᠎ᠠ ᠪᠠ ᠲᠦᠷᠦ ᠶᠢᠨ ᠪᠤᠳᠤᠯᠭ᠎ᠠ ᠶᠢᠨ ᠲᠠᠯ᠎ᠠ ᠪᠠᠷ ᠲᠡᠳᠬᠦᠨ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠨᠡᠶᠢᠭᠡᠮ ᠤᠨ ᠵᠣᠬᠢᠶᠠᠨ | ᠪᠠᠶᠢᠭᠤᠯᠤᠯᠲᠠ ᠶᠢᠨ ᠬᠥᠭᠵᠢᠯᠲᠡ ᠶᠢᠨ ᠣᠷᠴᠢᠨ ᠨᠥᠬᠦᠴᠡᠯ ᠢ ᠰᠢᠯᠢᠳᠡᠭᠵᠢᠭᠦᠯᠵᠦ᠂ ᠬᠠᠤᠯᠢ ᠪᠤᠰᠤ ᠨᠡᠶᠢᠭᠡᠮ ᠤᠨ ᠵᠣᠬᠢᠶᠠᠨ ᠪᠠᠶᠢᠭᠤᠯᠤᠯᠲᠠ ᠳᠤ ᠴᠣᠬᠢᠯᠲᠠ ᠥᠭᠴᠦ | ᠴᠡᠭᠴᠡᠯᠡᠨ ᠵᠠᠰᠠᠬᠤ ᠤᠷᠳᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠤᠢ ᠪᠣᠯᠭᠠᠨ᠎ᠠ᠃ | ᠠᠵᠢᠯᠯᠠᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠳᠤ ᠲᠤᠬᠢᠷᠠᠭᠤᠯᠵᠤ᠂ | ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠳᠠ ᠶᠢᠨ ᠠᠷᠠᠳ ᠤᠨ ᠶᠠᠪᠤᠳᠠᠯ ᠤᠨ ᠲᠤᠪᠴᠢᠶ᠎ᠠ ᠶᠢᠨ ᠳᠡᠳ᠋ ᠳᠠᠷᠤᠭ᠎ᠠ ᠸᠠᠩ ᠭᠦᠸᠧ ᠯᠢᠶᠠᠩ ᠬᠠᠪᠰᠤᠷᠭᠠᠨ | ᠬᠠᠷᠢᠭᠤᠴᠠᠨ᠎ᠠ᠃ ᠠᠯᠪᠠᠨ ᠬᠡᠷ ᠨᠢ ᠲᠤᠰᠬᠠᠶ ᠠᠵᠢᠯᠯᠠᠭ᠎ᠠ ᠶᠢᠨ ᠳᠤᠮᠳᠠᠬᠢ ᠵᠣᠬᠢᠴᠠᠭᠤᠯᠬᠤ᠂ ᠨᠡᠪᠲᠡᠷᠡᠯᠴᠡᠬᠦ᠂ ᠬᠠᠷᠢᠯᠴᠠᠬᠤ ᠵᠢᠴᠢ ᠡᠳᠦᠷ ᠲᠤᠲᠤᠮ ᠤᠨ ᠠᠵᠢᠯ ᠢ | ᠬᠠᠷᠢᠭᠤᠴᠠᠨ᠎ᠠ᠃ | ᠬᠤᠶᠢᠰᠢᠳᠠ ᠬᠤᠳᠠ ᠶᠢᠨ ᠤᠳᠤᠷᠢᠳᠤᠯᠭ᠎ᠠ ᠠᠴᠠ ᠭᠠᠳᠠᠨ᠎ᠠ᠂ ᠪᠤᠰᠤᠳ ᠪᠦᠷᠢᠯᠳᠦᠬᠦᠨ ᠤ ᠠᠵᠢᠯ ᠳᠤ ᠬᠡᠷᠪᠡ ᠬᠤᠪᠢᠷᠠᠯᠲᠠ ᠭᠠᠷᠬᠤ ᠳᠤ ᠬᠦᠷᠪᠡᠯ᠂ ᠲᠡᠭᠦᠨ ᠤ | ᠵᠠᠰᠠᠭ ᠵᠠᠬᠢᠷᠭᠠᠨ ᠤ ᠲᠤᠰᠢᠶᠠᠯ ᠢ ᠬᠦᠯᠢᠶᠡᠨ ᠠᠪᠴᠤ ᠬᠠᠷᠢᠭᠤᠴᠠᠭᠰᠠᠨ ᠨᠥᠬᠦᠷ ᠡᠨᠡᠬᠦ ᠠᠵᠢᠯ ᠢ ᠬᠠᠷᠢᠭᠤᠴᠠᠨ᠎ᠠ᠃ ᠡᠨᠡᠬᠦ ᠠᠵᠢᠯ ᠲᠠᠭᠤᠰᠤᠭᠰᠠᠨ ᠤ ᠲᠠᠷᠠᠭ᠎ᠠ | ᠠᠵᠢᠯᠯᠠᠬᠤ ᠳᠤᠭᠤᠶᠢᠯᠠᠩ ᠢ ᠠᠶᠠᠨᠳᠠᠭᠠᠨ ᠬᠦᠴᠦᠨ ᠦᠬᠡᠢ ᠪᠤᠯᠭᠠᠵᠤ᠂ ᠠᠰ ᠲᠤᠨᠢ ᠪᠢᠴᠢᠭ ᠮᠠᠲ᠋ᠧᠷᠢᠶᠠᠯ ᠢᠶᠠᠷ ᠮᠡᠳᠡᠭᠳᠡᠬᠦ ᠦᠭᠡᠢ᠃ | ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 6 ᠰᠠᠷ᠎ᠠ ᠶᠢᠨ 1 ᠤ ᠡᠳᠦᠷ | | | |