ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ᠶᠢ ᠲᠠᠷᠤᠮᠠᠯᠯᠠᠨ ᠶᠠᠪᠤᠭᠤᠯᠬᠤ ᠲᠤᠬᠠᠢ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ  ᠤᠷᠳᠤᠰ ᠵᠠᠰᠠᠭ ᠲᠠᠷᠬᠠᠭᠠᠭᠰᠠᠨ ﹇2021﹈ 46 ᠳ᠋ᠤᠭᠠᠷ ᠲᠤᠭᠠᠳᠤ
ᠨᠡᠶᠢᠲᠡᠯᠡᠭᠰᠡᠨ ᠴᠠᠭ᠄
2021/12/30
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠣᠶᠢᠯᠡᠰ ᠤᠨ ᠨᠢᠭᠡᠴᠡ ᠳᠤ᠄     ︽ᠣᠷᠳᠣᠰ ᠬᠤᠳᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃                                              ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ                                                  2021 ᠣᠨ ᠤ 4 ᠰᠠᠷ᠎ᠠ ᠶᠢᠨ 14 ᠤ ᠡᠳᠦᠷᠣᠷᠳᠣᠰ ᠬᠤᠳᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ                           ᠨᠢᠭᠡᠳᠦᠭᠡᠷ ᠪᠦᠯᠦᠭ    ᠶᠡᠷᠦᠩᠬᠡᠢ ᠲᠦᠷᠢᠮ    ᠨᠢᠭᠡᠳᠦᠭᠡᠷ ᠵᠦᠢᠯ   ᠣᠷᠳᠣᠰ ᠬᠤᠳᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠠᠵᠢᠯ ᠢ ᠲᠦᠷᠭᠡᠳᠬᠡᠨ ᠠᠬᠢᠭᠤᠯᠵᠤ᠂ ᠨᠡᠶᠢᠭᠡᠮ ᠤᠨ ᠵᠠᠰᠠᠯᠲᠠ ᠶᠢᠨ ᠴᠢᠳᠠᠪᠤᠷᠢ ᠪᠠ ᠣᠯᠠᠨ ᠨᠡᠶᠢᠲᠡ ᠶᠢᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠶᠢᠨ ︽ᠪᠠᠭᠤᠯᠭᠠᠬᠤ ᠬᠠᠮᠢᠶᠠᠷᠬᠤ ᠣᠶᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ︽ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ︾ ᠢ ᠰᠢᠯᠢᠳᠡᠭᠵᠢᠭᠦᠯᠬᠦ᠂ ᠡᠭᠦᠷᠭᠡ ᠴᠢᠳᠠᠪᠤᠷᠢ ᠶᠢ ᠬᠤᠪᠢᠷᠠᠭᠤᠯᠬᠤ᠂ ᠬᠠᠮᠢᠶᠠᠷᠤᠯᠲᠠ ᠶᠢᠨ ᠰᠢᠨ᠎ᠡ ᠶᠢ ᠡᠭᠦᠳᠬᠦ ᠳᠤᠮᠳᠠᠬᠢ ᠴᠢᠬᠤᠯᠠ ᠣᠶᠢᠯᠡᠳᠤᠯ ᠢ ᠭᠦᠢᠴᠡᠳ ᠪᠠᠳᠠᠷᠠᠭᠤᠯᠬᠤ ᠶᠢᠨ ᠲᠤᠰᠠᠳᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠠ ︽ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ᠶᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ﹇2018﹈ 23 ᠳ᠋ᠤᠭᠠᠷ ᠲᠣᠭᠠᠲᠤ︶᠂ ︽ᠲᠣᠭᠠᠴᠢᠯᠠᠭᠰᠠᠨ ᠣᠷᠳᠣᠰ ᠤᠨ ᠬᠥᠭᠵᠢᠯᠲᠡ ᠶᠢᠨ ᠲᠥᠯᠥᠪᠵᠢᠭᠦᠯᠭᠡ ﹇2019 — 2025﹈ ᠶᠢ ᠳᠠᠷᠤᠮᠠᠯᠯᠠᠨ ᠶᠠᠪᠤᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠮᠡᠳᠡᠭᠳᠡᠯ︾ ︵ᠣᠷᠳᠣᠰ ᠵᠠᠰᠠᠭ ᠲᠠᠷᠬᠠᠭᠠᠭᠰᠠᠨ ﹇2020﹈ 2 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠮᠠᠨ ᠤ ᠬᠤᠲᠠ ᠶᠢᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠠᠷᠭ᠎ᠠ ᠶᠢ ᠲᠣᠭᠲᠠᠭᠠᠪᠠ᠃     ᠬᠤᠶᠠᠳᠤᠭᠠᠷ ᠵᠦᠢᠯ   ᠲᠤᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠬᠡᠳᠡᠭ ᠨᠢ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠬᠠᠤᠯᠢ ᠶᠣᠰᠣᠭᠠᠷ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠠᠪᠤᠴᠠ ᠳᠤ ᠦᠢᠯᠡᠳᠦᠭᠰᠡᠨ ᠪᠤᠶᠤ ᠣᠯᠤᠭᠰᠠᠨ᠂ ᠵᠣᠬᠢᠬᠤ ᠬᠡᠯᠪᠡᠷᠢ ᠪᠠᠷ ᠲᠡᠮᠳᠡᠭᠯᠡᠵᠦ ᠬᠠᠳᠠᠭᠠᠯᠠᠭᠰᠠᠨ ᠦᠰᠦᠭ ᠪᠢᠴᠢᠭ᠂ ᠲᠤᠭ᠎ᠠ᠂ ᠵᠢᠷᠤᠭ ᠬᠦᠰᠦᠨᠦᠭ᠂ ᠵᠢᠷᠤᠭ ᠳᠦᠷᠰᠦ᠂ ᠳᠠᠭᠤᠨ ᠳᠠᠪᠲᠠᠮᠵᠢ᠂ ᠬᠠᠷᠠᠭᠠᠨ ᠳᠠᠪᠲᠠᠮᠵᠢ᠂ ᠡᠯᠧᠺᠲᠷᠣᠨ ᠭᠡᠷᠡᠴᠢ ᠦᠨᠡᠮᠯᠡᠯ᠂ ᠡᠯᠧᠺᠲᠷᠣᠨ ᠳᠠᠩᠰᠠ ᠡᠪᠬᠡᠮᠡᠯ ᠵᠡᠷᠭᠡ ᠡᠯ᠎ᠡ ᠲᠥᠷᠥᠯ ᠤᠨ ᠪᠦᠳᠦᠴᠡᠴᠢᠯᠡᠭᠰᠡᠨ ᠪᠠ ᠪᠦᠲᠦᠴᠡ ᠶᠢᠨ ᠪᠤᠰᠤ ᠲᠤᠭ᠎ᠠ ᠪᠠᠷᠢᠮᠲᠠ ᠶᠢᠨ ᠡᠬᠢ ᠪᠠᠶᠠᠯᠢᠭ ᠵᠢᠴᠢ ᠲᠡᠭᠦᠨ ᠤ ᠡᠭᠦᠰᠦᠮᠡᠯ ᠮᠡᠳᠡᠭᠡ ᠵᠠᠩᠭᠢ ᠶᠢᠨ ᠡᠬᠢ ᠪᠠᠶᠠᠯᠢᠭ ᠢ ᠵᠢᠭᠠᠵᠣ ᠪᠣᠢ᠂ ᠡᠭᠦᠨ ᠳᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠰᠢᠭᠤᠳ ᠪᠤᠶᠤ ᠭᠤᠷᠪᠠᠳᠠᠬᠢ ᠡᠲᠡᠭᠡᠳ ᠢᠶᠠᠷ ᠳᠠᠮᠵᠢᠭᠤᠯᠤᠨ ᠬᠠᠤᠯᠢ ᠶᠣᠰᠣᠭᠠᠷ ᠴᠤᠭᠯᠠᠭᠤᠯᠤᠭᠰᠠᠨ᠂ ᠡᠷᠬᠡ ᠣᠯᠭᠤᠨ ᠬᠠᠮᠢᠶᠠᠷᠤᠭᠤᠯᠤᠭᠰᠠᠨ ᠪᠠ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠴᠠ ᠪᠣᠯᠵᠣ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠰᠢᠰᠲ᠋ᠧᠮ ᠳᠤ ᠲᠦᠰᠢᠭᠯᠡᠨ ᠪᠦᠷᠢᠯᠳᠦᠭᠰᠡᠨ ᠮᠡᠳᠡᠭᠡ ᠵᠠᠩᠭᠢ ᠶᠢᠨ ᠡᠬᠢ ᠪᠠᠶᠠᠯᠢᠭ ᠵᠡᠷᠭᠡ ᠪᠠᠭᠲᠠᠨ᠎ᠠ᠃     ᠲᠣᠰ ᠠᠷᠭ᠎ᠠ ᠳᠤ ᠬᠡᠯᠡᠵᠦ ᠪᠠᠶᠢᠭ᠎ᠠ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠭᠡᠳᠡᠭ ᠨᠢ ᠪᠥᠬᠦ ᠬᠤᠲᠠ ᠶᠢᠨ ᠡᠯ᠎ᠡ ᠱᠠᠲᠤᠨ ᠤ ᠵᠠᠰᠠᠭ ᠤᠨ ᠣᠷᠳᠣᠨ ᠤ ᠰᠠᠯᠠᠭ᠎ᠠ ᠮᠥᠴᠢᠷ ᠪᠣᠯᠤᠨ ᠬᠠᠤᠯᠢ ᠶᠣᠰᠣᠭᠠᠷ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠶᠢ ᠬᠡᠷᠡᠭᠵᠢᠭᠦᠯᠵᠦ ᠪᠠᠶᠢᠭ᠎ᠠ ᠠᠵᠢᠯ ᠣᠶᠢᠯᠡᠰ ᠤᠨ ᠨᠢᠭᠡᠴᠡ ᠪᠣᠯᠤᠨ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠵᠢᠭᠠᠵᠤ ᠪᠣᠶ᠃     ᠭᠤᠷᠪᠠᠳᠤᠭᠠᠷ ᠵᠦᠢᠯ   ᠲᠤᠰ ᠠᠷᠭ᠎ᠠ ᠶᠢ ᠪᠦᠬᠦ ᠬᠤᠲᠠ ᠶᠢᠨ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠣ ᠪᠠᠷ ᠡᠳ᠋ᠯᠡᠬᠦ ᠠᠵᠢᠯ ᠳᠤ ᠬᠡᠷᠡᠭᠯᠡᠨ᠎ᠡ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠠᠴᠠ ᠪᠣᠯᠵᠤ ᠪᠤᠰᠤᠳ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠡᠷᠡᠭᠯᠡᠬᠦ᠂ ᠪᠤᠰᠤᠳ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠲᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠩᠭᠠᠬᠤ ᠪᠠ ᠬᠠᠮᠳᠤ ᠪᠠᠷ ᠡᠳ᠋ᠯᠡᠬᠦ ᠠᠵᠢᠯ ᠢ ᠵᠢᠷᠤᠮᠵᠢᠭᠤᠯᠵᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠠᠵᠢᠯ ᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠬᠠᠮᠳᠤ  ᠪᠠᠷ ᠡᠳ᠋ᠯᠡᠬᠦ ᠮᠡᠳᠡᠭᠡ ᠵᠠᠩᠭᠢ ᠶᠢᠨ ᠪᠣᠶ ᠪᠣᠯᠬᠤ ᠪᠠ ᠬᠠᠩᠭᠠᠬᠤ ᠰᠠᠯᠠᠭ᠎ᠠ ᠮᠥᠴᠢᠷ ︵ᠲᠤᠤᠷ᠎ᠠ ᠬᠠᠩᠭᠠᠬᠤ ᠰᠠᠯᠠᠭ᠎ᠠ ᠮᠥᠴᠢᠷ ᠬᠡᠨ᠎ᠡ︶ ᠪᠠ ᠬᠠᠮᠳᠤ ᠪᠠᠷ ᠡᠳ᠋ᠯᠡᠬᠦ ᠮᠡᠳᠡᠭᠡ ᠵᠠᠩᠭᠢ ᠶᠢ ᠬᠡᠷᠡᠭᠯᠡᠬᠦ ᠴᠢᠬᠤᠯᠠᠲᠠᠶ ᠰᠠᠯᠠᠭ᠎ᠠ ᠮᠥᠴᠢᠷ ︵ᠳᠣᠷᠣᠭᠰᠢ ᠬᠡᠷᠡᠭᠯᠡᠬᠦ ᠰᠠᠯᠠᠭ᠎ᠠ ᠮᠥᠴᠢᠷ ᠬᠡᠨ᠎ᠡ︶ ᠤᠨ ᠡᠷᠬᠡ ᠪᠠ ᠡᠭᠦᠷᠭᠡ ᠶᠢ ᠲᠣᠳᠣᠷᠬᠠᠶᠢᠯᠠᠬᠤ ᠬᠡᠷᠡᠭᠲᠡᠶ᠃     ᠳᠥᠷᠪᠡᠳᠦᠭᠡᠷ ᠵᠣᠶᠢᠯ    ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠳᠤ ᠳᠣᠤᠷᠠᠬᠢ ᠵᠠᠷᠴᠢᠮ ᠢ ᠵᠢᠷᠤᠮᠯᠠᠨ᠎ᠠ᠄    ︵ᠨᠢᠭᠡ︶ ᠬᠠᠮᠲᠤ ᠪᠠᠷ ᠡᠳ᠋ᠯᠡᠬᠦ ᠪᠠᠷ ᠵᠠᠷᠴᠢᠮ ᠪᠣᠯᠭᠠᠵᠤ᠂ ᠬᠠᠮᠲᠤ ᠪᠠᠷ ᠡᠳ᠋ᠯᠡᠬᠦ ᠦᠭᠡᠢ ᠪᠠᠶᠢᠬᠤ ᠶᠢ ᠣᠨᠴᠠᠭᠠᠶ ᠪᠠᠶᠢᠳᠠᠯ ᠢᠶᠠᠷ ᠦᠵᠡᠨ᠎ᠡ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠨ ᠪᠣᠶ ᠪᠣᠯᠭᠠᠭᠰᠠᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠵᠠᠷᠴᠢᠮ ᠳᠡᠭᠡᠷ᠎ᠡ ᠪᠠᠨ ᠪᠦᠬᠦᠨ ᠢ ᠬᠠᠮᠳᠤ ᠪᠠᠷ ᠡᠳ᠋ᠯᠡᠵᠣ᠂ ᠤᠯᠤᠰ ᠤᠨ ᠨᠢᠭᠤᠴᠠ ᠪᠠ ᠠᠮᠤᠷ ᠲᠦᠪᠰᠢᠨ ᠳᠤ ᠬᠤᠯᠪᠣᠭᠳᠠᠪᠠᠯ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠤᠨ ᠶᠣᠰᠣᠭᠠᠷ ᠬᠡᠷᠡᠭᠵᠢᠭᠦᠯᠦᠨ᠎ᠡ᠃     ︵ᠬᠤᠶᠠᠷ︶ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠵᠤ᠂ ᠦᠨ᠎ᠡ ᠲᠥᠯᠥᠪᠦᠷᠢ ᠥᠬᠡᠶ ᠪᠠᠷ ᠬᠡᠷᠡᠭᠯᠡᠨ᠎ᠡ᠃ ᠬᠡᠷᠡᠭᠯᠡᠬᠦ ᠰᠠᠯᠠᠭ᠎ᠠ ᠮᠥᠴᠢᠷ ᠡᠭᠦᠷᠭᠡ ᠲᠤᠰᠢᠶᠠᠯ ᠢᠶᠠᠨ ᠭᠦᠢᠴᠡᠳᠬᠡᠬᠦ ᠬᠡᠷᠡᠭᠴᠡᠭᠡ ᠪᠠᠨ ᠦᠨᠳᠦᠰᠦᠯᠡᠨ ᠬᠠᠮᠲᠤ ᠪᠠᠷ ᠡᠳ᠋ᠯᠡᠬᠦ ᠬᠡᠷᠡᠭᠴᠡᠭᠡ ᠱᠠᠭᠠᠷᠳᠠᠯᠭ᠎ᠠ ᠪᠠ ᠮᠡᠳᠡᠭᠡ ᠵᠠᠩᠭᠢ ᠬᠡᠷᠡᠭᠯᠡᠬᠦ ᠬᠡᠷᠡᠭᠴᠡᠭᠡ ᠶᠢ ᠲᠣᠳᠣᠷᠬᠠᠶ ᠳᠤᠷᠠᠳᠤᠨ ᠭᠠᠷᠭᠠᠵᠤ᠂ ᠬᠠᠩᠭᠠᠬᠤ ᠰᠠᠯᠠᠭ᠎ᠠ ᠮᠥᠴᠢᠷ ᠨᠢ ᠬᠡᠷᠡᠭᠯᠡᠬᠦ ᠰᠠᠯᠠᠭ᠎ᠠ ᠮᠥᠴᠢᠷ ᠤᠨ ᠬᠠᠮᠲᠤ ᠪᠠᠷ ᠡᠳ᠋ᠯᠡᠬᠦ ᠬᠡᠷᠡᠭᠴᠡᠭᠡ ᠱᠠᠭᠠᠷᠳᠠᠯᠭ᠎ᠠ ᠶᠢ ᠴᠠᠭ ᠲᠤᠬᠠᠶ ᠳᠤᠨᠢ ᠳᠠᠭᠠᠬᠤ ᠶᠢᠨ ᠬᠠᠮᠲᠤ ᠬᠠᠮᠲᠤ ᠪᠠᠷ ᠡᠳ᠋ᠯᠡᠬᠦ ᠣᠶᠢᠯᠡᠴᠢᠯᠡᠭᠡ ᠶᠢ ᠦᠨ᠎ᠡ ᠲᠥᠯᠥᠪᠦᠷᠢ ᠥᠬᠡᠶ ᠪᠠᠷ ᠬᠠᠩᠭᠠᠨ᠎ᠠ᠂ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠨᠢ ᠡᠭᠦᠨ ᠳᠤ ᠪᠠᠭᠲᠠᠬᠤ ᠥᠬᠡᠶ᠃     ︵ᠭᠤᠷᠪᠠ︶ ᠨᠢᠭᠡᠳᠦᠯᠲᠡᠶ ᠲᠥᠯᠥᠪᠯᠡᠨ ᠪᠠᠶᠢᠭᠤᠯᠵᠤ᠂ ᠱᠠᠲᠤ ᠬᠤᠪᠢᠶᠠᠨ ᠬᠠᠮᠢᠶᠠᠷᠤᠨ᠎ᠠ᠃ ᠪᠥᠬᠦ ᠬᠤᠲᠠ ᠪᠠᠷ ᠢᠶᠠᠨ ᠬᠤᠯᠪᠣᠭᠳᠠᠯ ᠪᠥᠬᠦᠶ ᠪᠠᠷᠢᠮᠵᠢᠶ᠎ᠠ ᠵᠢᠷᠤᠮᠵᠢᠯ ᠶᠣᠰᠣᠭᠠᠷ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠤᠨ ᠲᠤᠭᠳᠠᠯᠴᠠᠭ᠎ᠠ ᠪᠠ ᠬᠠᠮᠲᠤ ᠪᠠᠷ ᠡᠳ᠋ᠯᠡᠵᠦ ᠰᠣᠯᠢᠯᠴᠠᠬᠤ ᠲᠤᠭᠳᠠᠯᠴᠠᠭ᠎ᠠ ᠶᠢ ᠨᠢᠭᠡᠳᠦᠯᠲᠡᠶ ᠲᠥᠯᠥᠪᠯᠡᠨ ᠪᠠᠶᠢᠭᠤᠯᠵᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠴᠤᠭᠯᠠᠭᠤᠯᠬᠤ᠂ ᠬᠠᠳᠠᠭᠠᠯᠠᠬᠤ᠂ ᠰᠣᠯᠢᠯᠴᠠᠬᠤ ᠪᠠ ᠬᠠᠮᠲᠤ ᠪᠠᠷ ᠡᠳ᠋ᠯᠡᠬᠦ ᠠᠵᠢᠯ ᠢ ᠶᠠᠪᠤᠭᠳᠠᠭᠤᠯᠤᠨ᠎ᠠ᠃     ︵ᠳᠥᠷᠪᠡ︶ ᠲᠣᠭᠲᠠᠴᠠ ᠶᠢ ᠪᠠᠶᠢᠭᠤᠯᠵᠤ᠂ ᠠᠮᠤᠷ ᠲᠦᠪᠰᠢᠨ ᠢ ᠪᠠᠲᠤᠯᠠᠨ᠎ᠠ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠬᠠᠮᠢᠶᠠᠷᠤᠯᠲᠠ ᠶᠢᠨ ᠲᠣᠭᠲᠠᠴᠠ ᠪᠠ ᠮᠡᠳᠡᠭᠡ ᠵᠠᠩᠭᠢ ᠶᠢ ᠬᠠᠮᠳᠤ ᠪᠠᠷ ᠡᠳ᠋ᠯᠡᠬᠦ ᠠᠵᠢᠯ ᠢ ᠰᠢᠯᠭᠠᠨ ᠦᠨᠡᠯᠡᠬᠦ ᠲᠣᠭᠲᠠᠴᠠ ᠶᠢ ᠪᠠᠶᠢᠭᠤᠯᠵᠤ᠂ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠪᠠ ᠡᠯ᠎ᠡ ᠱᠠᠲᠤᠨ ᠤ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ︵ᠲᠤᠤᠷ᠎ᠠ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠬᠡᠨ᠎ᠡ︶ ᠤᠨ ᠬᠠᠮᠢᠶᠠᠷᠤᠯᠲᠠ ᠶᠢᠨ ᠨᠢᠭᠡᠴᠡ ᠨᠢ ᠬᠠᠮᠳᠤ ᠪᠠᠷ ᠡᠳ᠋ᠯᠡᠬᠦ ᠮᠡᠳᠡᠭᠡ ᠵᠠᠩᠭᠢ ᠶᠢ ᠴᠤᠭᠯᠠᠭᠤᠯᠬᠤ᠂ ᠬᠠᠮᠳᠤ ᠪᠠᠷ ᠡᠳ᠋ᠯᠡᠬᠦ᠂ ᠬᠡᠷᠡᠭᠯᠡᠬᠦ ᠪᠥᠬᠦ ᠶᠠᠪᠤᠴᠠ ᠶᠢᠨ ᠬᠢᠷᠢ ᠬᠡᠮ ᠢ ᠢᠯᠭᠠᠨ ᠳᠣᠲᠣᠯᠠᠬᠤ᠂ ᠡᠷᠬᠡ ᠣᠯᠭᠤᠬᠤ ᠬᠠᠮᠢᠶᠠᠷᠤᠯᠲᠠ ᠪᠠ ᠠᠮᠤᠷ ᠲᠦᠪᠰᠢᠨ ᠤ ᠪᠠᠲᠤᠯᠠᠭ᠎ᠠ ᠶᠢ ᠴᠢᠩᠭᠠᠳᠬᠠᠵᠤ᠂ ᠬᠠᠮᠳᠤ ᠪᠠᠷ ᠡᠳ᠋ᠯᠡᠬᠦ ᠮᠡᠳᠡᠭᠡ ᠵᠠᠩᠭᠢ ᠶᠢᠨ ᠠᠮᠤᠷ ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ᠃     ᠲᠠᠪᠤᠳᠤᠭᠠᠷ ᠵᠣᠶᠢᠯ    ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠳᠤ ᠪᠠᠷ ᠡᠳ᠋ᠯᠡᠬᠦ ᠳᠤ ᠰᠠᠭᠤᠷᠢᠯᠠᠭᠰᠠᠨ ᠲᠤᠬᠠᠶᠢᠯᠠᠭᠰᠠᠨ ᠠᠵᠢᠯ ᠤᠨ ᠴᠤᠪᠤᠷᠠᠯ ᠢ ᠳᠠᠬᠢᠨ ᠪᠠᠶᠢᠭᠤᠯᠬᠤ ᠪᠠ ᠰᠢᠯᠢᠳᠡᠭᠵᠢᠭᠦᠯᠬᠦ ᠶᠢ ᠴᠢᠩᠭᠠᠳᠬᠠᠵᠤ᠂ ᠨᠡᠶᠢᠭᠡᠮ ᠤᠨ ᠬᠠᠮᠢᠶᠠᠷᠤᠯᠲᠠ ᠪᠠ ᠣᠶᠢᠯᠡᠴᠢᠯᠡᠬᠡᠨ ᠤ ᠵᠠᠭᠪᠤᠷ ᠤᠨ ᠰᠢᠨ᠎ᠡ ᠶᠢ ᠡᠭᠦᠳᠴᠦ᠂ ᠵᠠᠰᠠᠭ ᠤᠨ ᠣᠷᠳᠣᠨ ᠤ ᠨᠡᠶᠢᠭᠡᠮ ᠤᠨ ᠵᠠᠰᠠᠯᠲᠠ ᠶᠢᠨ ᠴᠢᠳᠠᠪᠤᠷᠢ ᠪᠠ ᠣᠯᠠᠨ ᠨᠡᠶᠢᠲᠡ ᠶᠢᠨ ᠣᠶᠢᠯᠡᠴᠢᠯᠡᠬᠡᠨ ᠤ ᠬᠢᠷᠢ ᠲᠦᠪᠰᠢᠨ ᠢ ᠲᠡᠭᠡᠭᠰᠢᠯᠡᠭᠦᠯᠦᠨ᠎ᠡ᠃     ᠬᠤᠶᠠᠳᠤᠭᠠᠷ ᠪᠦᠯᠦᠭ     ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠪᠠ ᠲᠦᠷᠦᠯ ᠠᠩᠭᠢᠯᠠᠯ    ᠵᠢᠷᠭᠤᠳᠤᠭᠠᠷ ᠵᠣᠶᠢᠯ    ᠣᠷᠳᠣᠰ ᠬᠤᠳᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠪᠣᠯ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠪᠡᠶᠡᠯᠡᠭᠦᠯᠬᠦ ᠶᠢᠨ ᠰᠠᠭᠤᠷᠢ ᠪᠣᠯᠬᠤ ᠪᠥᠭᠡᠳ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠶᠢᠨ ᠦᠨᠳᠦᠰᠦᠯᠡᠯ ᠪᠤᠯᠤᠨ᠎ᠠ᠃    ᠳᠣᠯᠣᠳᠤᠭᠠᠷ ᠵᠣᠶᠢᠯ    ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠱᠠᠲᠤ ᠬᠤᠪᠢᠶᠠᠨ ᠨᠠᠶᠢᠷᠠᠭᠤᠯᠤᠨ ᠵᠣᠬᠢᠶᠠᠵᠤ᠂ ᠨᠢᠭᠡᠳᠦᠯᠲᠡᠶ ᠬᠠᠮᠢᠶᠠᠷᠬᠤ ᠶᠢ ᠬᠡᠷᠡᠭᠵᠢᠭᠦᠯᠦᠨ᠎ᠡ᠃ ᠬᠤᠲᠠ ᠶᠢᠨ ᠲᠣᠮᠣ ᠳ᠋ᠠᠶᠢᠲ᠋ᠠ ᠶᠢᠨ ᠲᠥᠪ ᠨᠢ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠠᠵᠢᠯ ᠢ ᠵᠢᠯᠣᠭᠤᠳᠴᠤ᠂ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠬᠤᠷᠢᠶᠠᠩᠭᠤᠶᠢᠯᠠᠨ᠎ᠠ︔ ︽ᠣᠷᠳᠣᠰ ᠬᠤᠳᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠵᠦᠭᠯᠡᠭᠦᠷ︾ ᠢ ᠲᠣᠭᠲᠠᠭᠠᠬᠤ ᠶᠢ ᠬᠠᠷᠢᠭᠤᠴᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠲᠥᠷᠥᠯ ᠠᠩᠭᠢᠯᠠᠯ ᠂ ᠬᠠᠷᠢᠭᠤᠴᠠᠯᠭᠠᠲᠤ ᠲᠠᠯ᠎ᠠ᠂ ᠵᠠᠭᠪᠤᠷ᠂ ᠬᠠᠷᠢᠶᠠᠲᠤ ᠴᠢᠨᠠᠷ᠂ ᠰᠢᠨᠡᠳᠬᠡᠬᠦ ᠴᠠᠭ ᠤᠨ ᠬᠢᠵᠠᠭᠠᠷ᠂ ᠬᠠᠮᠳᠤ ᠪᠠᠷ ᠡᠳ᠋ᠯᠡᠬᠦ ᠲᠥᠷᠥᠯ ᠬᠡᠯᠪᠡᠷᠢ᠂ ᠠᠷᠭ᠎ᠠ ᠮᠠᠶ᠋ᠢᠭ᠂ ᠬᠡᠷᠡᠭᠯᠡᠬᠦ ᠱᠠᠭᠠᠷᠳᠠᠯᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠨ᠎ᠠ᠃     ᠨᠠᠢᠮᠠᠳᠤᠭᠠᠷ ᠵᠣᠶᠢᠯ    ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠳ ︽ᠣᠷᠳᠣᠰ ᠬᠤᠳᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ ᠵᠦᠭᠯᠡᠭᠦᠷ︾ ᠶᠣᠰᠣᠭᠠᠷ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠬᠤ᠂ ᠰᠢᠨᠡᠳᠬᠡᠬᠦ᠂ ᠬᠠᠮᠠᠭᠠᠯᠠᠬᠤ ᠶᠢᠨ ᠬᠠᠮᠲᠤ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠲᠤ ᠣᠷᠣᠭᠤᠯᠵᠤ᠂ ᠬᠡᠷᠪᠡ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠡᠭᠦᠷᠭᠡ ᠴᠢᠳᠠᠪᠤᠷᠢ ᠳᠤᠨᠢ ᠬᠤᠪᠢᠷᠠᠯᠲᠠ ᠭᠠᠷᠪᠠᠯ᠂ ᠡᠷᠬᠡᠪᠰᠢ ᠬᠤᠪᠢᠷᠠᠯᠲᠠ ᠭᠠᠷᠤᠭᠰᠠᠨ ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠣᠲᠣᠷ᠎ᠠ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠰᠢᠨᠡᠳᠬᠡᠬᠦ ᠬᠡᠷᠡᠭᠲᠡᠶ᠃     ᠶᠢᠰᠦᠳᠦᠭᠡᠷ ᠵᠣᠶᠢᠯ   ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠳ ︽ᠲᠣᠭᠠᠴᠢᠯᠠᠭᠰᠠᠨ ᠣᠷᠳᠣᠰ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠣᠶᠢᠯ ᠤᠨ ᠬᠠᠮᠢᠶᠠᠷᠤᠯᠲᠠ ᠶᠢᠨ ᠠᠷᠭ᠎ᠠ︾ ︵ᠣᠷᠳᠣᠰ ᠲᠠᠷᠬᠠᠭᠠᠭᠰᠠᠨ ﹇2020﹈ 43 ᠳ᠋ᠤᠭᠠᠷ ᠲᠣᠭᠠᠲᠤ︶ ᠶᠢᠨ ᠱᠠᠭᠠᠷᠳᠠᠯᠭ᠎ᠠ ᠶᠣᠰᠣᠭᠠᠷ᠂ ᠰᠢᠨ᠎ᠡ ᠪᠠᠷ ᠪᠠᠶᠢᠭᠤᠯᠬᠤ ᠮᠡᠳᠡᠭᠡ ᠵᠠᠩᠬᠢᠴᠢᠯᠠᠯᠳᠠ ᠶᠢᠨ ᠲᠥᠷᠥᠯ ᠵᠣᠶᠢᠯ ᠢ ᠲᠤᠭᠳᠠᠭᠠᠬᠤ ᠪᠠᠷ ᠭᠤᠶᠤᠴᠢᠯᠠᠬᠤ ᠠᠴᠠ ᠡᠮᠦᠨ᠎ᠡ ᠲᠥᠷᠥᠯ ᠵᠣᠶᠢᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠤᠷᠢᠳᠴᠢᠯᠠᠨ ᠨᠠᠶᠢᠷᠠᠭᠤᠯᠵᠤ᠂ ᠲᠥᠷᠥᠯ ᠵᠣᠶᠢᠯ ᠢ ᠬᠢᠨᠠᠨ ᠵᠥᠪᠰᠢᠶᠡᠷᠡᠬᠦ ᠶᠢᠨ ᠴᠢᠬᠤᠯᠠ ᠨᠥᠬᠦᠴᠡᠯ ᠪᠣᠯᠭᠠᠬᠤ ᠬᠡᠷᠡᠭᠲᠡᠶ᠃ ᠲᠥᠷᠥᠯ ᠵᠣᠶᠢᠯ ᠤᠨ ᠪᠥᠲᠥᠭᠡᠨ ᠪᠠᠶᠢᠭᠤᠯᠤᠯᠲᠠ ᠶᠢᠨ ᠬᠤᠭᠤᠴᠠᠭᠠᠨ ᠳᠤ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠳᠤ ᠵᠠᠯᠭᠠᠰᠤ ᠶᠢ ᠤᠷᠢᠳᠴᠢᠯᠠᠨ ᠦᠯᠡᠳᠡᠭᠡᠵᠦ᠂ ᠲᠥᠷᠥᠯ ᠵᠣᠶᠢᠯ ᠢ ᠰᠢᠯᠭᠠᠨ ᠬᠤᠷᠢᠶᠠᠬᠤ ᠴᠢᠬᠤᠯᠠ ᠨᠥᠬᠦᠴᠡᠯ ᠪᠣᠯᠭᠠᠨ᠎ᠠ᠃     ᠠᠷᠪᠠᠳᠤᠭᠠᠷ ᠵᠣᠶᠢᠯ    ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠲᠥᠷᠥᠯ ᠬᠡᠯᠪᠡᠷᠢ ᠪᠠᠷ ᠨᠢ ᠨᠥᠬᠦᠴᠡᠯ ᠥᠬᠡᠶ ᠪᠠᠷ ᠬᠠᠮᠳᠤ ᠪᠠᠷ ᠡᠳ᠋ᠯᠡᠭᠦᠯᠬᠦ᠂ ᠨᠥᠬᠦᠴᠡᠯ ᠲᠠᠢ ᠪᠠᠷ ᠬᠠᠮᠳᠤ ᠪᠠᠷ ᠡᠳ᠋ᠯᠡᠭᠦᠯᠬᠦ᠂ ᠬᠠᠮᠳᠤ ᠪᠠᠷ ᠡᠳ᠋ᠯᠡᠭᠦᠯᠬᠦ ᠥᠬᠡᠶ ᠭᠡᠬᠦ ᠭᠤᠷᠪᠠᠨ ᠲᠥᠷᠥᠯ ᠬᠤᠪᠢᠶᠠᠨ᠎ᠠ᠃      ᠪᠣᠶ ᠪᠥᠬᠦᠶ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠲᠤ ᠬᠠᠮᠲᠤ ᠪᠠᠷ ᠡᠳ᠋ᠯᠡᠭᠦᠯᠵᠦ ᠬᠡᠷᠡᠭᠯᠡᠭᠦᠯᠵᠦ ᠪᠣᠯᠬᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠨᠢ ᠨᠥᠬᠦᠴᠡᠯ ᠥᠬᠡᠶ ᠪᠠᠷ ᠬᠠᠮᠲᠤ ᠪᠠᠷ ᠡᠳ᠋ᠯᠡᠭᠦᠯᠬᠦ ᠲᠥᠷᠥᠯ ᠳᠤ ᠬᠠᠷᠢᠶᠠᠯᠠᠭᠳᠠᠨ᠎ᠠ᠃ ᠬᠠᠮᠢᠶ᠎ᠠ ᠪᠥᠬᠦᠶ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠲᠤ ᠬᠠᠩᠭᠠᠵᠤ ᠬᠠᠮᠲᠤ ᠪᠠᠷ ᠡᠳ᠋ᠯᠡᠭᠦᠯᠦᠨ ᠬᠡᠷᠡᠭᠯᠡᠭᠦᠯᠵᠦ ᠪᠣᠯᠬᠤ ᠪᠤᠶᠤ ᠵᠥᠪᠬᠡᠨ ᠨᠢᠭᠡ ᠬᠡᠰᠡᠭ ᠢ ᠨᠢ ᠪᠣᠶ ᠪᠥᠬᠦᠶ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠲᠤ ᠬᠠᠩᠭᠠᠵᠤ ᠬᠠᠮᠲᠤ ᠪᠠᠷ ᠡᠳ᠋ᠯᠡᠭᠦᠯᠦᠨ ᠬᠡᠷᠡᠭᠯᠡᠭᠦᠯᠵᠦ ᠪᠣᠯᠬᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠨᠢ ᠨᠥᠬᠦᠴᠡᠯ ᠲᠠᠢ ᠪᠠᠷ ᠬᠠᠮᠲᠤ ᠪᠠᠷ ᠡᠳ᠋ᠯᠡᠭᠦᠯᠬᠦ ᠲᠥᠷᠥᠯ ᠳᠤ ᠬᠠᠷᠢᠶᠠᠯᠠᠭᠳᠠᠨ᠎ᠠ᠃      ᠪᠤᠰᠤᠳ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠲᠤ ᠬᠠᠮᠲᠤ ᠪᠠᠷ ᠡᠳ᠋ᠯᠡᠭᠦᠯᠵᠦ ᠬᠡᠷᠡᠭᠯᠡᠭᠦᠯᠬᠦ ᠳᠤ ᠳᠣᠭᠢᠷᠠᠬᠤ ᠥᠬᠡᠶ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠨᠢ ᠬᠠᠮᠲᠤ ᠪᠠᠷ ᠡᠳ᠋ᠯᠡᠭᠦᠯᠬᠦ ᠥᠬᠡᠶ ᠲᠥᠷᠥᠯ ᠳᠤ ᠬᠠᠷᠢᠶᠠᠯᠠᠭᠳᠠᠨ᠎ᠠ᠃     ᠠᠷᠪᠠᠨ ᠨᠢᠭᠡᠳᠦᠭᠡᠷ ᠵᠣᠶᠢᠯ    ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠳᠤ ᠳᠣᠤᠷᠠᠬᠢ ᠱᠠᠭᠠᠷᠳᠠᠯᠭ᠎ᠠ ᠶᠢ ᠵᠢᠷᠤᠮᠯᠠᠬᠤ ᠬᠡᠷᠡᠭᠲᠡᠶ᠃    ︵ᠨᠢᠭᠡ︶ ᠬᠠᠮᠳᠤ ᠪᠠᠷ ᠡᠳ᠋ᠯᠡᠭᠦᠯᠬᠦ ᠥᠬᠡᠶ ᠲᠥᠷᠥᠯ ᠳᠤ ᠵᠢᠭᠰᠠᠭᠠᠨ ᠣᠷᠣᠭᠤᠯᠤᠭᠰᠠᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠪᠦᠬᠦᠨ ᠳᠤ ᠡᠷᠬᠡᠪᠰᠢ ᠬᠤᠯᠪᠣᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠪᠤᠶᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠥᠷᠥ ᠶᠢᠨ ᠪᠣᠳᠣᠯᠭ᠎ᠠ ᠶᠢᠨ ᠦᠨᠳᠦᠰᠦ ᠪᠠᠷᠢᠮᠲᠠ ᠶᠢ ᠬᠠᠩᠭᠠᠵᠤ᠂ ᠲᠣᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠲᠣᠭᠲᠠᠭᠠᠨ᠎ᠠ᠃     ︵ᠬᠤᠶᠠᠷ︶ ᠬᠥᠮᠦᠨ ᠠᠮᠠ ᠶᠢᠨ ᠮᠡᠳᠡᠭᠡ ᠵᠠᠩᠭᠢ᠂ ᠬᠠᠤᠯᠢ ᠶᠢᠨ ᠡᠷᠬᠡᠲᠡᠨ ᠤ ᠨᠢᠭᠡᠴᠡ ᠶᠢᠨ ᠮᠡᠳᠡᠭᠡ ᠵᠠᠩᠭᠢ᠂ ᠪᠠᠶᠢᠭᠠᠯᠢ ᠶᠢᠨ ᠡᠬᠢ ᠪᠠᠶᠠᠯᠢᠭ ᠪᠠ ᠣᠷᠣᠨ ᠵᠠᠶ ᠭᠠᠵᠠᠷ ᠵᠦᠶ ᠶᠢᠨ ᠮᠡᠳᠡᠭᠡ ᠵᠠᠩᠭᠢ᠂ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ᠂ ᠡᠯᠧᠺᠲᠷᠣᠨ ᠦᠨᠡᠮᠯᠡᠯ ᠤᠨ ᠮᠡᠳᠡᠭᠡ ᠵᠠᠩᠭᠢ ᠵᠡᠷᠭᠡ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠰᠠᠭᠤᠷᠢ ᠮᠡᠳᠡᠭᠡ ᠵᠠᠩᠭᠢ ᠶᠢᠨ ᠲᠥᠷᠥᠯ ᠵᠣᠶᠢᠯ ᠪᠣᠯ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢᠨ ᠬᠠᠮᠲᠤ ᠶᠢᠨ ᠬᠡᠷᠡᠭᠴᠡᠭᠡ ᠪᠣᠯᠤᠨ᠎ᠠ᠃ ᠡᠷᠬᠡᠪᠰᠢ ᠡᠮᠬᠢᠯᠡᠨ ᠨᠡᠶᠢᠯᠡᠭᠦᠯᠵᠦ ᠬᠠᠮᠳᠤ ᠪᠠᠷ ᠪᠠᠶᠢᠭᠤᠯᠬᠤ ᠵᠠᠷᠴᠢᠮ ᠢ ᠦᠨᠳᠦᠰᠦᠯᠡᠨ᠂ ᠬᠤᠲᠠ ᠶᠢᠨ ᠱᠠᠲᠤᠨ ᠤ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠳᠡᠭᠡᠷ᠎ᠡ ᠲᠥᠪᠯᠡᠷᠡᠭᠦᠯᠦᠨ ᠪᠠᠶᠢᠭᠤᠯᠬᠤ ᠪᠤᠶᠤ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠳᠤ ᠵᠠᠯᠭᠠᠨ ᠣᠷᠣᠭᠤᠯᠬᠤ ᠪᠠᠷ ᠳᠠᠮᠵᠢᠭᠤᠯᠤᠨ ᠰᠠᠭᠤᠷᠢ ᠲᠤᠭ᠎ᠠ ᠪᠠᠷᠢᠮᠲᠠ ᠶᠢ ᠨᠢᠭᠡᠳᠦᠯᠲᠡᠶ ᠲᠥᠯᠥᠪᠯᠡᠨ ᠬᠠᠮᠢᠶᠠᠷᠬᠤ᠂ ᠴᠠᠭ ᠲᠤᠬᠠᠶ ᠳᠤᠨᠢ ᠰᠢᠨᠡᠳᠬᠡᠬᠦ ᠶᠢ ᠪᠡᠶᠡᠯᠡᠭᠦᠯᠵᠦ᠂ ᠰᠠᠯᠠᠭ᠎ᠠ ᠮᠥᠴᠢᠷ ᠤᠨ ᠬᠤᠭᠤᠷᠣᠨᠳᠣ ᠪᠠᠨ ᠨᠥᠬᠦᠴᠡᠯ ᠥᠬᠡᠶ ᠪᠠᠷ ᠬᠠᠮᠳᠤ ᠪᠠᠷ ᠡᠳ᠋ᠯᠡᠬᠦ ᠶᠢ ᠪᠡᠶᠡᠯᠡᠭᠦᠯᠬᠦ ᠬᠡᠷᠡᠭᠲᠡᠶ᠃     ᠬᠥᠮᠦᠨ ᠠᠮᠠ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠲᠣᠮᠣ ᠳ᠋ᠠᠶᠢᠲ᠋ᠠ ᠶᠢᠨ ᠲᠥᠪ ᠠᠴᠠ ᠲᠦᠷᠦᠭᠦᠯᠡᠨ ᠪᠠᠶᠢᠭᠤᠯᠵᠤ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠮᠳᠤ ᠪᠠᠷ ᠬᠠᠮᠵᠢᠯᠴᠠᠨ᠎ᠠ᠃     ᠬᠠᠤᠯᠢ ᠶᠢᠨ ᠡᠷᠬᠡᠲᠡᠨ ᠤ ᠨᠢᠭᠡᠴᠡ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠠᠴᠠ ᠲᠦᠷᠦᠭᠦᠯᠡᠨ ᠪᠠᠶᠢᠭᠤᠯᠵᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠲᠠ ᠶᠢᠨ ᠲᠣᠮᠣ ᠳ᠋ᠠᠶᠢᠲ᠋ᠠ ᠶᠢᠨ ᠲᠥᠪ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠮᠳᠤ ᠪᠠᠷ ᠬᠠᠮᠵᠢᠯᠴᠠᠨ ᠪᠠᠶᠢᠭᠤᠯᠤᠨ᠎ᠠ᠃     ᠪᠠᠶᠢᠭᠠᠯᠢ ᠶᠢᠨ ᠡᠬᠢ ᠪᠠᠶᠠᠯᠢᠭ ᠪᠠ ᠣᠷᠣᠨ ᠵᠠᠶ ᠭᠠᠵᠠᠷ ᠵᠦᠶ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠲᠦᠷᠦᠭᠦᠯᠡᠨ ᠪᠠᠶᠢᠭᠤᠯᠵᠤ᠂ ᠬᠤᠲᠠ ᠶᠢᠨ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠮᠵᠢᠯᠴᠠᠨ ᠪᠠᠶᠢᠭᠤᠯᠤᠨ᠎ᠠ᠃     ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠠᠴᠠ ᠲᠦᠷᠦᠭᠦᠯᠡᠨ ᠪᠠᠶᠢᠭᠤᠯᠵᠤ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ᠂ ᠠᠷᠠᠳ ᠤᠨ ᠪᠠᠩᠬᠢ ᠶᠢᠨ ᠣᠷᠳᠣᠰ ᠬᠤᠲᠠ ᠶᠢᠨ ᠲᠥᠪ ᠰᠠᠯᠪᠤᠷᠢ ᠪᠠᠩᠬᠢ᠂ ᠬᠤᠲᠠ ᠶᠢᠨ ᠲᠣᠮᠣ ᠳ᠋ᠠᠶᠢᠲ᠋ᠠ ᠶᠢᠨ ᠲᠥᠪ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠮᠳᠤ ᠪᠠᠷ ᠬᠠᠮᠵᠢᠯᠴᠠᠨ ᠪᠠᠶᠢᠭᠤᠯᠤᠨ᠎ᠠ᠃     ᠡᠯᠧᠺᠲᠷᠣᠨ ᠦᠨᠡᠮᠯᠡᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠬᠤᠳᠠ ᠶᠢᠨ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ ᠠᠴᠠ ᠲᠦᠷᠦᠭᠦᠯᠡᠨ ᠪᠠᠶᠢᠭᠤᠯᠵᠤ᠂ ᠬᠤᠲᠠ ᠶᠢᠨ ᠲᠣᠮᠣ ᠳ᠋ᠠᠶᠢᠲ᠋ᠠ ᠶᠢᠨ ᠲᠥᠪ ᠵᠡᠷᠭᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠬᠠᠮᠵᠢᠯᠴᠠᠨ ᠪᠠᠶᠢᠭᠤᠯᠤᠨ᠎ᠠ᠃     ᠳᠡᠭᠡᠷ᠎ᠡ ᠳᠤᠷᠠᠳᠤᠭᠰᠠᠨ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠡᠯ᠎ᠡ ᠱᠠᠲᠤᠨ ᠤ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠬᠠᠮᠳᠤ ᠪᠠᠷ ᠡᠳ᠋ᠯᠡᠵᠣ᠂ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠥᠮᠥᠷᠭᠡ ᠶᠢ ᠲᠦᠷᠦᠭᠦᠯᠡᠨ ᠪᠠᠶᠢᠭᠤᠯᠬᠤ ᠰᠠᠯᠠᠭ᠎ᠠ ᠮᠥᠴᠢᠷ ᠠᠴᠠ ᠨᠠᠶᠢᠷᠠᠭᠤᠯᠤᠨ ᠵᠣᠬᠢᠶᠠᠬᠤ ᠪᠠ ᠬᠠᠮᠠᠭᠠᠯᠠᠬᠤ ᠶᠢ ᠬᠠᠷᠢᠭᠤᠴᠠᠨ᠎ᠠ᠃     ︵ᠭᠤᠷᠪᠠ︶ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠠᠳᠠᠯᠢ ᠨᠢᠭᠡᠨ ᠭᠤᠣᠯ ᠰᠡᠳᠦᠪᠲᠦ ᠬᠦᠷᠢᠶᠡᠨ ᠤ ᠲᠣᠭᠤᠷᠢᠨ ᠳᠤ᠂ ᠣᠯᠠᠨ ᠰᠠᠯᠠᠭ᠎ᠠ ᠮᠥᠴᠢᠷ ᠠᠴᠠ ᠬᠠᠮᠲᠤ ᠪᠠᠷ ᠪᠠᠶᠢᠭᠤᠯᠤᠭᠰᠠᠨ ᠭᠤᠣᠯ ᠰᠡᠳᠦᠪᠲᠦ ᠮᠡᠳᠡᠭᠡ ᠵᠠᠩᠭᠢ ᠶᠢᠨ ᠡᠬᠢ ᠪᠠᠶᠠᠯᠢᠭ ᠵᠢᠴᠢ ᠰᠠᠭᠤᠷᠢ ᠮᠡᠳᠡᠭᠡ ᠵᠠᠩᠭᠢ ᠶᠢᠨ ᠡᠬᠢ ᠪᠠᠶᠠᠯᠢᠭ ᠤᠨ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ ᠵᠦᠢᠯ᠂ ᠵᠢᠱᠢᠶᠡᠯᠡᠪᠡᠯ ᠡᠷᠡᠭᠦᠯ ᠮᠡᠨᠳᠦ ᠶᠢᠨ ᠪᠠᠲᠤᠯᠠᠭ᠎ᠠ᠂ ᠨᠡᠶᠢᠭᠡᠮ ᠤᠨ ᠪᠠᠲᠤᠯᠠᠭ᠎ᠠ᠂ ᠢᠳᠡᠭᠡᠨ ᠪᠠ ᠡᠮ ᠤᠨ ᠵᠣᠶᠢᠯ ᠤᠨ ᠠᠮᠤᠷ ᠲᠦᠪᠰᠢᠨ᠂ ᠠᠶᠤᠯ ᠥᠬᠡᠶ ᠣᠶᠢᠯᠡᠳᠪᠦᠷᠢᠯᠠᠯ᠂ ᠦᠨ᠎ᠡ ᠬᠠᠩᠰᠢ ᠶᠢᠨ ᠬᠢᠨᠠᠨ ᠬᠠᠮᠢᠶᠠᠷᠤᠯᠲᠠ᠂ ᠡᠨᠧᠷᠭᠢ ᠶᠢᠨ ᠠᠮᠤᠷ ᠲᠦᠪᠰᠢᠨ᠂ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠨᠡᠶᠢᠭᠡᠮ ᠲᠣᠭᠤᠷᠢᠭ ᠤᠨ ᠵᠠᠰᠠᠯᠲᠠ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠪᠠᠴᠢᠮ ᠪᠠᠶᠢᠳᠠᠯ ᠢ ᠠᠷᠭᠠᠴᠠᠵᠤ ᠠᠮᠦᠷ ᠲᠣᠭᠲᠠᠭᠤᠨ ᠢ ᠬᠠᠮᠠᠭᠠᠯᠠᠬᠤ ᠵᠡᠷᠭᠡ ᠶᠢ ᠡᠯ᠎ᠡ ᠱᠠᠲᠤᠨ ᠤ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠢᠶᠠᠷ ᠳᠡᠮᠵᠢᠨ ᠬᠠᠮᠳᠤ ᠪᠠᠷ ᠡᠳ᠋ᠯᠡᠵᠦ᠂ ᠲᠤᠭ᠎ᠠ ᠪᠠᠷᠢᠮᠲᠠ ᠶᠢ ᠲᠤᠬᠠᠶᠢᠯᠠᠭᠰᠠᠨ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠨᠡᠶᠢᠲᠡᠯᠡᠨ᠎ᠡ᠃          ᠭᠤᠷᠪᠠᠳᠤᠭᠠᠷ ᠪᠦᠯᠦᠭ    ᠲᠠᠪᠴᠠᠩ ᠤᠨ ᠪᠠᠶᠢᠭᠤᠯᠤᠯᠲᠠ ᠡᠷᠬᠢᠯᠳᠡ ᠪᠠ ᠠᠮᠤᠷ ᠲᠦᠪᠰᠢᠨ ᠤ ᠬᠠᠮᠢᠶᠠᠷᠤᠯᠲᠠ    ᠠᠷᠪᠠᠨ ᠬᠤᠶᠠᠳᠤᠭᠠᠷ ᠵᠣᠶᠢᠯ   ᠣᠷᠳᠣᠰ ᠬᠤᠲᠠ ᠶᠢᠨ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠨᠢ ᠬᠤᠲᠠ ᠶᠢᠨ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠶᠢᠨ ᠪᠠᠶᠢᠭᠤᠯᠤᠯᠲᠠ ᠪᠠ ᠬᠠᠮᠢᠶᠠᠷᠤᠯᠲᠠ ᠳᠤ ᠲᠦᠰᠢᠭᠯᠡᠨ᠂ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠬᠠᠮᠢᠶᠠᠷᠴᠤ᠂ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠶᠢ ᠲᠤᠯᠭᠠᠭᠤᠷᠢᠯᠠᠬᠤ ᠶᠢᠨ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠲᠦᠭᠦᠭᠡᠷᠤᠮᠵᠢ ᠪᠣᠯᠤᠨ᠎ᠠ᠃     ᠠᠷᠪᠠᠨ ᠭᠤᠷᠪᠠᠳᠤᠭᠠᠷ ᠵᠣᠶᠢᠯ    ᠬᠤᠲᠠ ᠶᠢᠨ ᠲᠣᠮᠣ ᠳ᠋ᠠᠶᠢᠲ᠋ᠠ ᠶᠢᠨ ᠲᠥᠪ ᠨᠢ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠲᠤᠭᠳᠠᠯᠴᠠᠭ᠎ᠠ ᠶᠢ ᠪᠠᠶᠢᠭᠤᠯᠬᠤ ᠶᠢ ᠬᠠᠷᠢᠭᠤᠴᠠᠨ᠎ᠠ︔ ᠬᠤᠲᠠ᠂ ᠬᠤᠰᠢᠭᠤ ᠲᠣᠭᠤᠷᠢᠭ ᠤᠨ ᠬᠤᠶᠠᠷ ᠱᠠᠲᠤᠨ ᠤ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠢ ᠪᠠᠶᠢᠭᠤᠯᠬᠤ᠂ ᠲᠠᠰ ᠳᠡᠪᠰᠢᠭᠦᠯᠬᠦ ᠪᠠ ᠥᠭᠡᠷᠡᠴᠢᠯᠡᠬᠦ ᠶᠢ ᠬᠠᠷᠢᠭᠤᠴᠠᠨ᠎ᠠ︔ ᠬᠤᠲᠠ ᠶᠢᠨ ᠱᠠᠲᠤᠨ ᠤ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠤᠨ ᠡᠳᠦᠷ ᠲᠤᠲᠤᠮ ᠤᠨ ᠡᠷᠬᠢᠯᠳᠡ ᠬᠠᠮᠢᠶᠠᠷᠤᠯᠲᠠ ᠪᠠ ᠮᠡᠷᠭᠡᠵᠢᠯ ᠤᠨ ᠲᠤᠯᠭᠠᠭᠤᠷᠢᠯᠠᠯ ᠤᠨ ᠠᠵᠢᠯ ᠢ ᠬᠠᠷᠢᠭᠤᠴᠠᠨ᠎ᠠ᠃ ᠬᠤᠰᠢᠭᠤ ᠲᠣᠭᠤᠷᠢᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠲᠣᠰ ᠬᠤᠰᠢᠭᠤ ᠲᠣᠭᠤᠷᠢᠭ ᠤᠨ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠤᠨ ᠡᠳᠦᠷ ᠲᠤᠲᠤᠮ ᠤᠨ  ᠡᠷᠬᠢᠯᠳᠡ ᠬᠠᠮᠢᠶᠠᠷᠤᠯᠲᠠ ᠪᠠ ᠠᠮᠤᠷ ᠲᠦᠪᠰᠢᠨ ᠢ ᠪᠠᠲᠤᠯᠠᠬᠤ ᠠᠵᠢᠯ ᠢ ᠬᠠᠷᠢᠭᠤᠴᠠᠨ᠎ᠠ᠃     ᠠᠷᠪᠠᠨ ᠳᠥᠷᠪᠡᠳᠦᠭᠡᠷ ᠵᠣᠶᠢᠯ    ᠡᠯ᠎ᠡ ᠱᠠᠲᠤᠨ ᠤ ᠲᠠᠪᠴᠠᠩ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠭᠤᠤᠯ ᠠᠵᠢᠯ ᠤᠨ ᠠᠭᠤᠯᠭ᠎ᠠ ᠳᠤ ᠪᠠᠭᠳᠠᠬᠤ  ᠨᠢ᠄     ︵ᠨᠢᠭᠡ︶ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠤᠨ ᠡᠳᠦᠷ ᠲᠤᠲᠤᠮ ᠤᠨ ᠡᠷᠬᠢᠯᠳᠡ ᠪᠠ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ ᠢ ᠲᠣᠭᠲᠠᠭᠠᠵᠤ᠂ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠦᠨᠡᠨᠬᠦ ᠪᠠᠲᠤᠯᠠᠨ᠎ᠠ︔     ︵ᠬᠤᠶᠠᠷ︶ ᠣᠭᠳᠤᠪᠤᠷᠢ ᠮᠠᠰᠢᠨ᠂ ᠰᠦᠯᠵᠢᠶ᠎ᠡ᠂ ᠬᠠᠮᠳᠤ ᠪᠠᠷ ᠡᠳ᠋ᠯᠡᠬᠦ ᠲᠠᠪᠴᠠᠩ ᠤᠨ ᠵᠥᠭᠡᠯᠡᠨ ᠬᠠᠲᠠᠭᠤ ᠲᠣᠨᠤᠭ ᠲᠥᠬᠦᠭᠡᠷᠦᠮᠵᠢ ᠶᠢᠨ ᠠᠵᠢᠯᠯᠠᠭᠠᠨ ᠤ ᠪᠠᠶᠢᠳᠠᠯ ᠳᠤ ᠬᠢᠨᠠᠨ ᠬᠡᠮᠵᠢᠯᠲᠡ ᠬᠢᠵᠦ᠂ ᠠᠰᠠᠭᠤᠳᠠᠯ ᠢ ᠴᠠᠭ ᠲᠤᠬᠠᠶ ᠳᠤᠨᠢ ᠢᠯᠡᠷᠡᠭᠦᠯᠬᠦ ᠶᠢᠨ ᠬᠠᠮᠲᠤ ᠰᠢᠢᠳᠪᠦᠷᠢᠯᠡᠨ᠎ᠡ︔     ︵ᠭᠤᠷᠪᠠ︶ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠢ ᠬᠡᠷᠡᠭᠯᠡᠵᠦ ᠪᠠᠶᠢᠭ᠎ᠠ ᠵᠠᠰᠠᠭ ᠤᠨ ᠶᠠᠪᠤᠳᠠᠯ ᠤᠨ ᠡᠯ᠎ᠡ ᠰᠠᠯᠠᠭ᠎ᠠ ᠮᠥᠴᠢᠷ ᠢ ᠵᠢᠯᠤᠭᠤᠳᠴᠣ᠂ ᠵᠢᠷᠤᠮᠵᠢᠭᠤᠯᠵᠤ᠂ ᠬᠢᠨᠠᠯᠲᠠ ᠲᠠᠯᠪᠢᠨ᠎ᠠ᠃     ᠠᠷᠪᠠᠨ ᠲᠠᠪᠤᠳᠤᠭᠠᠷ ᠵᠣᠶᠢᠯ   ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠳ ᠲᠣᠰ ᠨᠢᠭᠡᠴᠡ ᠶᠢᠨ ᠢᠶᠠᠨ ᠣᠭᠳᠤᠪᠤᠷᠢ ᠮᠠᠰᠢᠨ ᠤ ᠠᠮᠤᠷ ᠲᠦᠪᠰᠢᠨ ᠢᠶᠠᠷ ᠠᠵᠢᠯᠯᠠᠬᠤ ᠶᠢ ᠪᠠᠳᠤᠯᠠᠵᠣ᠂ ᠨᠢᠭᠡᠴᠡ ᠶᠢᠨ ᠲᠤᠬᠠᠶᠢᠯᠠᠭᠰᠠᠨ ᠠᠵᠢᠯ ᠤᠨ ᠳ᠋ᠠᠶᠢᠲ᠋ᠠ ᠶᠢᠨ ᠬᠥᠮᠥᠷᠭᠡ ᠬᠢᠭᠡᠳ ᠣᠭᠳᠤᠪᠤᠷᠢ ᠰᠣᠯᠢᠯᠴᠠᠭᠠᠨ ᠤ ᠳ᠋ᠠᠶᠢᠲ᠋ᠠ ᠶᠢᠨ ᠬᠥᠮᠥᠷᠭᠡ ᠶᠢ ᠵᠡᠷᠭᠡ ᠳᠤᠨᠢ ᠰᠢᠨᠡᠳᠬᠡᠵᠦ᠂ ᠣᠭᠳᠤᠪᠤᠷᠢ ᠰᠣᠯᠢᠯᠴᠠᠭᠠᠨ ᠤ ᠰᠢᠰᠲ᠋ᠧᠮ ᠢ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠯᠤᠭ᠎ᠠ ᠪᠦᠲᠦᠮᠵᠢᠲᠡᠶ ᠬᠤᠯᠪᠣᠯᠳᠤᠭᠤᠯᠬᠤ ᠶᠢᠨ ᠬᠠᠮᠲᠤ ᠡᠳᠦᠷ ᠲᠤᠲᠤᠮ ᠤᠨ ᠪᠠᠶᠢᠴᠠᠭᠠᠯᠲᠠ ᠪᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃     ᠠᠷᠪᠠᠨ ᠵᠢᠷᠭᠤᠳᠤᠭᠠᠷ ᠵᠣᠶᠢᠯ   ᠬᠤᠲᠠ ᠶᠢᠨ ᠲᠣᠮᠣ ᠳ᠋ᠠᠶᠢᠲ᠋ᠠ ᠶᠢᠨ ᠲᠥᠪ ᠨᠢ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠤᠨ ᠬᠢᠷᠢ ᠬᠡᠮ ᠢ ᠭᠡᠷᠡᠴᠢᠯᠡᠬᠦ ᠪᠠ ᠡᠷᠬᠡ ᠣᠯᠭᠤᠬᠤ ᠬᠠᠮᠢᠶᠠᠷᠤᠯᠲᠠ ᠶᠢᠨ ᠲᠦᠷᠢᠮ ᠢ ᠲᠣᠭᠲᠠᠭᠠᠵᠤ᠂ ᠲᠠᠪᠴᠠᠩ ᠤᠨ ᠬᠡᠷᠡᠭᠯᠡᠯᠲᠡ ᠬᠠᠮᠢᠶᠠᠷᠤᠯᠲᠠ ᠶᠢᠨ ᠪᠣᠯᠪᠠᠰᠤᠷᠠᠭᠤᠯᠤᠯ ᠢ ᠥᠷᠨᠢᠭᠦᠯᠦᠨ᠂ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠨᠢ ᠡᠷᠬᠡ ᠣᠯᠭᠤᠯᠲᠠ ᠶᠢ ᠦᠨᠳᠦᠰᠦᠯᠡᠨ ᠰᠤᠷᠪᠤᠯᠵᠢᠯᠠᠬᠤ᠂ ᠪᠠᠶᠢᠴᠠᠭᠠᠨ ᠯᠠᠪᠯᠠᠬᠤ ᠪᠠ ᠬᠠᠮᠳᠤ ᠪᠠᠷ ᠡᠳ᠋ᠯᠡᠵᠣ᠂ ᠡᠷᠬᠡ ᠠᠴᠠ ᠪᠠᠨ ᠳᠠᠪᠠᠵᠤ ᠲᠤᠭ᠎ᠠ ᠪᠠᠷᠢᠮᠲᠠ ᠶᠢ ᠬᠠᠳᠠᠭᠠᠯᠠᠬᠤ ᠪᠠ ᠭᠠᠷᠭᠠᠬᠤ ᠶᠢ ᠰᠡᠷᠭᠡᠶᠢᠯᠡᠨ᠎ᠡ᠃     ᠠᠷᠪᠠᠨ ᠳᠣᠯᠣᠳᠤᠭᠠᠷ ᠵᠣᠶᠢᠯ   ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠠᠮᠤᠷ ᠲᠦᠪᠰᠢᠨ ᠢ ᠬᠢᠨᠠᠨ ᠪᠤᠳᠤᠬᠤ ᠪᠠ ᠪᠠᠶᠢᠴᠠᠭᠠᠬᠤ ᠠᠵᠢᠯ ᠢ ᠲᠣᠭᠲᠠᠮᠠᠯ ᠬᠤᠭᠤᠴᠠᠭ᠎ᠠ ᠲᠠᠢ ᠪᠠᠷ ᠦᠷᠨᠢᠭᠦᠯᠦᠨ᠎ᠡ᠃                  ᠳᠥᠷᠪᠡᠳᠦᠭᠡᠷ ᠪᠦᠯᠦᠭ    ᠬᠠᠮᠲᠤ ᠪᠠᠷ ᠡᠳ᠋ᠯᠡᠬᠦ ᠮᠡᠳᠡᠭᠡ ᠵᠠᠩᠭᠢ ᠶᠢ ᠬᠠᠩᠭᠠᠬᠤ ᠪᠠ ᠬᠡᠷᠡᠭᠯᠡᠬᠦ    ᠠᠷᠪᠠᠨ ᠨᠠᠢᠮᠠᠳᠤᠭᠠᠷ ᠵᠣᠶᠢᠯ    ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠨ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ ᠰᠢᠰᠲ᠋ᠧᠮ ᠨᠢ ᠵᠠᠷᠴᠢᠮ ᠳᠡᠭᠡᠷ᠎ᠡ ᠪᠠᠨ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠪᠠᠷ ᠠᠴᠢᠶᠠᠯᠠᠬᠤ ᠪᠠᠷ ᠳᠡᠮᠵᠢᠨ᠂ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠢᠶᠠᠷ ᠳᠡᠮᠵᠢᠨ ᠪᠤᠰᠤᠳ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠯᠦᠭᠡ ᠲᠤᠭ᠎ᠠ ᠪᠠᠷᠢᠮᠳᠠ ᠶᠢ ᠬᠠᠮᠳᠤᠪᠠᠷ ᠡᠳ᠋ᠯᠡᠵᠣ ᠰᠤᠯᠢᠯᠴᠠᠨ᠎ᠠ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠤᠨ ᠳᠣᠲᠣᠭᠠᠳᠤ ᠶᠢᠨ ᠰᠢᠰᠲ᠋ᠧᠮ ᠢ ᠡᠮᠬᠢᠯᠡᠨ ᠨᠡᠶᠢᠯᠡᠭᠦᠯᠬᠦ ᠪᠠ ᠲᠤᠭ᠎ᠠ ᠪᠠᠷᠢᠮᠲᠠ ᠶᠢ ᠬᠠᠮᠳᠤ ᠪᠠᠷ ᠡᠳ᠋ᠯᠡᠬᠦ ᠶᠢ ᠲᠦᠷᠭᠡᠬᠡᠨ ᠠᠬᠢᠭᠤᠯᠬᠤ ᠶᠢᠨ ᠬᠠᠮᠲᠤ᠂ ᠲᠤᠬᠠᠶᠢᠯᠠᠭᠰᠠᠨ ᠠᠵᠢᠯ ᠤᠨ ᠮᠡᠳᠡᠭᠡ ᠵᠠᠩᠭᠢ ᠶᠢᠨ ᠰᠢᠰᠲ᠋ᠧᠮ ᠢ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠳᠠᠰᠢ ᠰᠢᠯᠵᠢᠭᠦᠯᠵᠦ᠂ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠳᠤ ᠵᠠᠯᠭᠠᠨ ᠤᠷᠤᠭᠤᠯᠤᠨ᠎ᠠ᠃ ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠨ ᠬᠤᠭᠤᠷᠣᠨᠳᠣᠬᠢ ᠨᠢᠭᠤᠴᠠ ᠳᠤ ᠥᠯᠥ ᠬᠤᠯᠪᠣᠭᠳᠠᠬᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠶᠢ ᠡᠷᠬᠡᠪᠰᠢ ᠣᠯᠠᠨ ᠨᠡᠶᠢᠲᠡ ᠶᠢᠨ ᠮᠡᠳᠡᠭᠡ ᠵᠠᠩᠬᠢ ᠶᠢᠨ ᠲᠠᠪᠴᠠᠩ ᠢᠶᠠᠷ ᠲᠠᠮᠵᠢᠨ ᠪᠡᠶᠡᠯᠡᠭᠦᠯᠦᠨ᠎ᠡ᠃    ᠠᠷᠪᠠ ᠶᠢᠰᠦᠳᠦᠭᠡᠷ ᠵᠦᠢᠯ   ᠬᠠᠩᠭᠠᠬᠤ ᠰᠠᠯᠠᠭ᠎ᠠ ᠮᠥᠴᠢᠷ ᠪᠠ ᠬᠡᠷᠡᠭᠯᠡᠬᠦ ᠰᠠᠯᠠᠭ᠎ᠠ ᠮᠥᠴᠢᠷ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠲᠤ ᠪᠠᠷ ᠡᠳ᠋ᠯᠡᠬᠦ ᠠᠵᠢᠯ ᠢ ᠥᠷᠨᠢᠭᠦᠯᠬᠦ ᠠᠴᠠ ᠡᠮᠦᠨ᠎ᠡ᠂ ᠡᠷᠬᠡᠪᠰᠢ ᠲᠣᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢ ᠬᠠᠮᠳᠤ ᠪᠠᠷ ᠡᠳ᠋ᠯᠡᠬᠦ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠯᠦᠭᠡ ︽ᠣᠷᠳᠣᠰ ᠬᠤᠲᠠ ᠶᠢᠨ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠤᠨ ᠬᠡᠷᠡᠭᠯᠡᠯᠲᠡ ︵ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ︶ ᠶᠢᠨ ᠬᠡᠯᠡᠯᠴᠡᠭᠡᠷ ᠤᠨ ᠪᠢᠴᠢᠭ︾ ᠢ ᠲᠤᠭᠳᠠᠭᠠᠵᠣ᠂ ᠴᠢᠬᠤᠯᠠ ᠲᠤᠭ᠎ᠠ ᠪᠠᠷᠢᠮᠳᠠ ᠶᠢ ᠬᠠᠮᠳᠤ ᠪᠠᠷ ᠡᠳ᠋ᠯᠡᠬᠦ ᠳᠤ ᠬᠠᠩᠭᠠᠬᠤ ᠰᠠᠯᠠᠭ᠎ᠠ ᠮᠥᠴᠢᠷ ᠪᠠ ᠬᠡᠷᠡᠭᠯᠡᠬᠦ ᠰᠠᠯᠠᠭ᠎ᠠ ᠮᠥᠴᠢᠷ ᠠᠴᠠ ︽ᠣᠷᠳᠣᠰ ᠬᠤᠲᠠ ᠶᠢᠨ ᠲᠤᠭ᠎ᠠ ᠪᠠᠷᠢᠮᠳᠠ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠶᠢᠨ ᠨᠢᠭᠤᠴᠠ ᠶᠢ ᠬᠠᠮᠠᠭᠠᠯᠠᠬᠤ ᠵᠥᠪᠯᠡᠯᠴᠡᠭᠡᠷ︾ ᠢ ᠲᠤᠭᠳᠠᠭᠠᠨ᠎ᠠ᠃     ᠬᠤᠷᠢᠳᠤᠭᠠᠷ ᠵᠣᠶᠢᠯ    ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠩᠭᠠᠬᠤ ᠪᠠ ᠤᠯᠬᠤ ᠠᠷᠭ᠎ᠠ ᠮᠠᠶ᠋ᠢᠭ ᠲᠤ ᠪᠠᠭᠳᠠᠬᠤ ᠨᠢ᠄     ︵ᠨᠢᠭᠡ︶ ᠣᠭᠳᠤᠪᠤᠷᠢ ᠮᠠᠰᠢᠨ ᠤ ᠠᠷᠭ᠎ᠠ ᠮᠠᠶ᠋ᠢᠭ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠴᠠᠭ ᠲᠤᠬᠠᠶ ᠳᠤᠨᠢ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠭᠤᠤᠯ ᠠᠷᠭ᠎ᠠ ᠮᠠᠶ᠋ᠢᠭ ᠪᠤᠯᠤᠨ᠎ᠠ᠃ ᠥᠪᠡᠷᠲᠡᠭᠡᠨ ᠪᠠᠶᠢᠭᠤᠯᠤᠭᠰᠠᠨ ᠲᠤᠬᠠᠶᠢᠯᠠᠭᠰᠠᠨ ᠠᠵᠢᠯ ᠤᠨ ᠰᠢᠰᠲ᠋ᠧᠮ ᠳᠤ ᠳᠣᠭᠢᠷᠠᠬᠤ ᠮᠥᠷᠲᠡᠭᠡᠨ ᠲᠤᠬᠠᠶᠢᠯᠠᠭᠰᠠᠨ ᠠᠵᠢᠯ ᠤᠨ ᠳ᠋ᠠᠶᠢᠲ᠋ᠠ ᠬᠥᠮᠥᠷᠭᠡ ᠶᠢ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠳᠤ ᠪᠠᠶᠢᠷᠢᠯᠠᠭᠤᠯᠵᠤ᠂ ᠲᠤᠬᠠᠶᠢᠯᠠᠭᠰᠠᠨ ᠠᠵᠢᠯ ᠤᠨ ᠳ᠋ᠠᠶᠢᠲ᠋ᠠ ᠬᠥᠮᠥᠷᠭᠡ ᠶᠢ ᠰᠦᠯᠵᠢᠶ᠎ᠡ ᠪᠠᠷ ᠰᠢᠭᠤᠳ ᠬᠤᠯᠪᠣᠬᠤ ᠠᠷᠭ᠎ᠠ ᠮᠠᠶ᠋ᠢᠭ ᠢᠶᠠᠷ ᠣᠭᠳᠤᠪᠤᠷᠢ ᠮᠠᠰᠢᠨ ᠤ ᠬᠦᠮᠦᠷᠬᠡ ᠯᠤᠭ᠎ᠠ ᠠᠳᠠᠯᠢ ᠠᠯᠬᠤᠮ ᠲᠠᠢ ᠪᠠᠶᠢᠯᠭᠠᠬᠤ ᠶᠢ ᠪᠡᠶᠡᠯᠡᠭᠦᠯᠦᠨ᠎ᠡ︔     ︵ᠬᠤᠶᠠᠷ︶ ᠵᠠᠯᠭᠠᠰᠤ ᠶᠢᠨ ᠠᠷᠭ᠎ᠠ ᠮᠠᠶ᠋ᠢᠭ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠴᠠᠭ ᠲᠤᠬᠠᠶ ᠳᠤᠨᠢ ᠬᠠᠮᠳᠤ ᠪᠠᠷ ᠡᠳ᠋ᠯᠡᠬᠦ ᠶᠢᠨ ᠨᠥᠬᠦᠪᠥᠷᠢᠯᠡᠬᠦ ᠠᠷᠭ᠎ᠠ ᠮᠠᠶ᠋ᠢᠭ ᠪᠤᠯᠤᠨ᠎ᠠ᠃ ᠲᠣᠰ ᠠᠷᠭ᠎ᠠ ᠮᠠᠶ᠋ᠢᠭ ᠨᠢ ᠥᠪᠡᠷᠲᠡᠭᠡᠨ ᠪᠠᠶᠢᠭᠤᠯᠤᠭᠰᠠᠨ ᠲᠤᠬᠠᠶᠢᠯᠠᠭᠰᠠᠨ ᠠᠵᠢᠯ ᠤᠨ ᠰᠢᠰᠲ᠋ᠧᠮ ᠳᠤ ᠴᠦ ᠳᠣᠭᠢᠷᠠᠬᠤ ᠪᠥᠭᠡᠳ ᠲᠤᠬᠠᠶᠢᠯᠠᠭᠰᠠᠨ ᠠᠵᠢᠯ ᠤᠨ ᠳ᠋ᠠᠶᠢᠲ᠋ᠠ ᠬᠥᠮᠥᠷᠭᠡ ᠶᠢ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠳᠤ ᠪᠠᠶᠢᠷᠢᠯᠠᠭᠤᠯᠵᠤ᠂ ᠬᠡᠷᠡᠭᠯᠡᠬᠦ ᠰᠠᠯᠠᠭ᠎ᠠ ᠮᠥᠴᠢᠷ ᠠᠴᠠ ᠵᠠᠯᠭᠠᠰᠤ ᠪᠠᠷ ᠳᠠᠮᠵᠢᠭᠤᠯᠤᠨ ᠲᠤᠬᠠᠶᠢᠯᠠᠭᠰᠠᠨ ᠠᠵᠢᠯ ᠤᠨ ᠲᠤᠭ᠎ᠠ ᠪᠠᠷᠢᠮᠲᠠ ᠶᠢ ᠰᠢᠭᠤᠳ ᠪᠠᠶᠢᠴᠠᠭᠠᠨ ᠯᠠᠪᠯᠠᠬᠤ ᠪᠠ ᠬᠠᠷᠢᠴᠠᠭᠤᠯᠬᠤ︔     ︵ᠭᠤᠷᠪᠠ︶ ᠪᠤᠰᠤᠳ ᠠᠷᠭ᠎ᠠ ᠮᠠᠶ᠋ᠢᠭ᠃ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠴᠠᠭ ᠲᠤᠬᠠᠶᠢᠴᠢᠯᠠᠭᠰᠠᠨ ᠪᠤᠰᠤ ᠬᠠᠮᠳᠤ ᠪᠠᠷ ᠡᠳ᠋ᠯᠡᠬᠦ ᠠᠷᠭ᠎ᠠ ᠮᠠᠶ᠋ᠢᠭ ᠪᠤᠯᠤᠨ᠎ᠠ᠃ ᠳᠡᠭᠡᠷᠡᠬᠢ ᠬᠤᠶᠠᠷ ᠵᠣᠶᠢᠯ ᠤᠨ ᠵᠣᠯᠭᠠᠭᠤᠯᠬᠤ ᠠᠷᠭ᠎ᠠ ᠮᠠᠶ᠋ᠢᠭ ᠢ ᠬᠠᠩᠭᠠᠵᠤ ᠳᠡᠶᠢᠯᠬᠦ ᠥᠬᠡᠶ ᠪᠠᠶᠢᠳᠠᠯ ᠳᠤ ᠳᠣᠭᠢᠷᠠᠵᠤ᠂ ᠡᠯᠧᠺᠲᠷᠣᠨ ᠪᠢᠴᠢᠭ ᠮᠠᠲ᠋ᠧᠷᠢᠶᠠᠯ᠂ ᠳ᠋ᠠᠶᠢᠲ᠋ᠠ ᠶᠢᠨ ᠬᠥᠮᠥᠷᠭᠡ ᠶᠢᠨ ᠬᠦᠰᠦᠨᠦᠭᠲᠦ ᠶᠢᠨ ᠪᠡᠯᠡᠳᠬᠡᠯ ᠵᠡᠷᠭᠡ ᠪᠦᠳᠦᠴᠡᠴᠢᠯᠡᠭᠰᠡᠨ ᠪᠢᠴᠢᠭ ᠮᠠᠲ᠋ᠧᠷᠢᠶᠠᠯ ᠪᠠ ᠵᠢᠷᠤᠭ ᠳᠦᠷᠰᠦ᠂ ᠲᠠᠭᠤᠨ ᠳᠠᠪᠲᠠᠮᠵᠢ᠂ ᠬᠠᠷᠠᠭᠠᠨ ᠳᠠᠪᠲᠠᠮᠵᠢ ᠵᠡᠷᠭᠡ ᠪᠦᠳᠦᠴᠡᠴᠢᠯᠡᠭᠰᠡᠨ ᠪᠤᠰᠤ ᠪᠢᠴᠢᠭ ᠮᠠᠲ᠋ᠧᠷᠢᠶᠠᠯ ᠢ ᠭᠠᠷᠭᠠᠨ ᠠᠪᠬᠤ ᠠᠷᠭ᠎ᠠ ᠮᠠᠶ᠋ᠢᠭ ᠢᠶᠠᠷ ᠳ᠋ᠠᠶᠢᠲ᠋ᠠ ᠶᠢ ᠬᠠᠮᠲᠤ ᠪᠠᠷ ᠡᠳ᠋ᠯᠡᠨ᠎ᠡ᠃     ᠬᠤᠷᠢᠨ ᠨᠢᠭᠡᠳᠦᠭᠡᠷ ᠵᠣᠶᠢᠯ    ᠬᠠᠩᠭᠠᠬᠤ ᠰᠠᠯᠠᠭ᠎ᠠ ᠮᠥᠴᠢᠷ ᠨᠢ ︽ᠬᠡᠨ ᠭᠤᠤᠯᠴᠢᠯᠠᠨ ᠬᠠᠮᠢᠶᠠᠷᠤᠪᠠᠯ᠂ ᠬᠡᠨ ᠬᠠᠩᠭᠠᠵᠤ᠂ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠴᠡᠭᠡ ᠶᠣᠰᠣᠭᠠᠷ ᠬᠠᠮᠳᠤ ᠪᠠᠷ ᠡᠳ᠋ᠯᠡᠬᠦ ᠮᠡᠳᠡᠭᠡ ᠵᠠᠩᠭᠢ ᠶᠢ ᠴᠤᠭᠯᠠᠭᠤᠯᠬᠤ᠂ ᠬᠠᠮᠠᠭᠠᠯᠠᠬᠤ ᠪᠠ ᠰᠢᠨᠡᠳᠬᠡᠵᠦ᠂ ᠲᠤᠭ᠎ᠠ ᠪᠠᠷᠢᠮᠲᠠ ᠶᠢᠨ ᠪᠦᠷᠢᠨ ᠪᠦᠲᠦᠨ ᠴᠢᠨᠠᠷ᠂ ᠣᠨᠣᠪᠴᠢᠲᠤ ᠴᠢᠨᠠᠷ᠂ ᠬᠤᠭᠤᠴᠠᠭᠠᠲᠤ ᠴᠢᠨᠠᠷ ᠪᠠ ᠬᠡᠷᠡᠭᠯᠡᠵᠦ ᠪᠣᠯᠬᠤᠶᠢᠴᠠ ᠴᠢᠨᠠᠷ ᠢ ᠪᠠᠲᠤᠯᠠᠨ᠂ ᠬᠠᠩᠭᠠᠭᠰᠠᠨ ᠮᠡᠳᠡᠭᠡ ᠵᠠᠩᠭᠢ ᠨᠢ ᠲᠣᠰ ᠰᠠᠯᠠᠭ᠎ᠠ ᠮᠥᠴᠢᠷ ᠤᠨ ᠡᠵᠡᠮᠰᠢᠭᠰᠡᠨ ᠮᠡᠳᠡᠭᠡ ᠵᠠᠩᠭᠢ ᠯᠤᠭ᠎ᠠ ᠨᠢᠭᠡᠳᠦᠯᠲᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃     ᠬᠤᠷᠢᠨ ᠬᠤᠶᠠᠳᠤᠭᠠᠷ ᠵᠣᠶᠢᠯ    ᠬᠠᠩᠭᠠᠬᠤ ᠰᠠᠯᠠᠭ᠎ᠠ ᠮᠥᠴᠢᠷ ᠤᠳ ᠡᠭᠦᠷᠭᠡ ᠲᠤᠰᠢᠶᠠᠯ ᠢᠶᠠᠨ ᠭᠦᠢᠴᠡᠳᠭᠡᠭᠰᠡᠨ ᠪᠠᠶᠢᠳᠠᠯ ᠢᠶᠠᠨ ᠦᠨᠳᠦᠰᠦᠯᠡᠨ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠳᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠩᠭᠠᠬᠤ ᠬᠡᠷᠡᠭᠲᠡᠶ᠃     ︵ᠨᠢᠭᠡ︶ ᠨᠥᠬᠦᠴᠡᠯ ᠥᠬᠡᠶ ᠪᠠᠷ ᠬᠠᠮᠳᠤ ᠪᠠᠷ ᠡᠳ᠋ᠯᠡᠭᠦᠯᠬᠦ ᠲᠥᠷᠥᠯ ᠳᠤ ᠬᠠᠷᠢᠶᠠᠯᠠᠭᠳᠠᠬᠤ ᠮᠡᠳᠡᠭᠡ ᠵᠠᠩᠭᠢ ᠶᠢᠨ ᠡᠬᠢ ᠪᠠᠶᠠᠯᠢᠭ ᠲᠤ᠂ ᠬᠠᠩᠭᠠᠬᠤ ᠰᠠᠯᠠᠭ᠎ᠠ ᠮᠥᠴᠢᠷ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠤᠨ ᠱᠠᠭᠠᠷᠳᠠᠯᠭ᠎ᠠ ᠶᠣᠰᠣᠭᠠᠷ᠂ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠳᠤ ᠮᠡᠳᠡᠭᠡ ᠵᠠᠩᠭᠢ ᠶᠢᠨ ᠡᠬᠢ ᠪᠠᠶᠠᠯᠢᠭ ᠯᠤᠭ᠎ᠠ ᠵᠣᠬᠢᠴᠠᠯᠳᠤᠭᠰᠠᠨ ᠪᠢᠴᠢᠭ ᠮᠠᠲ᠋ᠧᠷᠢᠶᠠᠯ᠂ ᠵᠠᠯᠭᠠᠭᠠᠰᠤ ᠪᠤᠶᠤ ᠬᠥᠮᠥᠷᠭᠡ ᠶᠢᠨ ᠬᠦᠰᠦᠨᠦᠭᠲᠦ ᠶᠢ ᠴᠠᠭ ᠲᠤᠬᠠᠶ ᠳᠤᠨᠢ ᠵᠢᠷᠤᠮᠵᠢᠯ ᠲᠠᠢ ᠪᠠᠷ ᠨᠡᠶᠢᠲᠡᠯᠡᠬᠦ ᠬᠡᠷᠡᠭᠲᠡᠶ᠃     ︵ᠬᠤᠶᠠᠷ︶ ᠨᠥᠬᠦᠴᠡᠯ ᠲᠠᠢ ᠪᠠᠷ ᠬᠠᠮᠳᠤ ᠪᠠᠷ ᠡᠳ᠋ᠯᠡᠭᠦᠯᠬᠦ ᠲᠥᠷᠥᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠲᠤ ᠬᠠᠷᠢᠶᠠᠯᠠᠭᠳᠠᠪᠠᠯ᠂ ᠬᠠᠩᠭᠠᠬᠤ ᠰᠠᠯᠠᠭ᠎ᠠ ᠮᠥᠴᠢᠷ ᠨᠢ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠭᠦᠯᠬᠦ ᠨᠥᠬᠦᠴᠡᠯ᠂ ᠬᠦᠷᠢᠶ᠎ᠡ ᠬᠡᠪᠴᠢᠶ᠎ᠡ ᠪᠠ ᠬᠡᠷᠡᠭᠯᠡᠬᠦ ᠬᠡᠷᠡᠭᠴᠡᠭᠡ ︵ᠵᠢᠱᠢᠶᠡᠯᠡᠪᠡᠯ ᠵᠠᠰᠠᠭ ᠵᠠᠬᠢᠷᠭᠠᠨ ᠤ ᠦᠨᠳᠦᠰᠦᠯᠡᠯ ᠪᠠ ᠠᠵᠢᠯ ᠤᠨ ᠯᠠᠪᠯᠠᠯᠲᠠ ᠪᠣᠯᠭᠠᠵᠤ᠂ ᠲᠤᠭ᠎ᠠ ᠪᠠᠷᠢᠮᠲᠠ ᠶᠢ ᠬᠠᠷᠭᠤᠭᠤᠯᠬᠤ᠂ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠳᠤ ᠬᠡᠷᠡᠭᠯᠡᠬᠦ ᠵᠡᠷᠭᠡ︶ ᠶᠢ ᠲᠣᠳᠣᠷᠬᠠᠶᠢᠯᠠᠵᠤ᠂ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠳᠤ ᠮᠡᠳᠡᠭᠡ ᠵᠠᠩᠭᠢ ᠶᠢᠨ ᠡᠬᠢ ᠪᠠᠶᠠᠯᠢᠭ ᠯᠤᠭ᠎ᠠ ᠵᠣᠬᠢᠴᠠᠯᠳᠤᠭᠰᠠᠨ ᠪᠢᠴᠢᠭ ᠮᠠᠲ᠋ᠧᠷᠢᠶᠠᠯ᠂ ᠵᠠᠯᠭᠠᠭᠠᠰᠤ ᠪᠤᠶᠤ ᠬᠥᠮᠥᠷᠭᠡ ᠶᠢᠨ ᠬᠦᠰᠦᠨᠦᠭᠲᠦ ᠶᠢ ᠨᠡᠶᠢᠲᠡᠯᠡᠬᠦ ᠬᠡᠷᠡᠭᠲᠡᠶ᠃ ᠬᠡᠷᠡᠭᠯᠡᠬᠦ ᠰᠠᠯᠠᠭ᠎ᠠ ᠮᠥᠴᠢᠷ ᠠᠴᠠ ᠭᠤᠶᠤᠴᠢᠯᠠᠯ ᠭᠠᠷᠭᠠᠭᠰᠠᠨ ᠤ ᠳᠠᠷᠠᠭ᠎ᠠ ᠂ ᠬᠠᠩᠭᠠᠬᠤ ᠰᠠᠯᠠᠭ᠎ᠠ ᠮᠥᠴᠢᠷ ᠨᠢ 5 ᠠᠵᠢᠯᠯᠠᠬᠤ ᠡᠳᠦᠷ ᠤᠨ ᠳᠣᠲᠣᠷ᠎ᠠ ᠬᠠᠷᠢᠭᠤᠯᠲᠠ ᠥᠭᠬᠦ ᠬᠡᠷᠡᠭᠲᠡᠶ᠂ ᠬᠡᠷᠡᠭᠯᠡᠬᠦ ᠰᠠᠯᠠᠭ᠎ᠠ ᠮᠥᠴᠢᠷ ᠬᠠᠷᠢᠭᠤᠯᠲᠠ ᠥᠭᠭᠦᠭᠰᠡᠨ ᠰᠠᠨᠠᠯ ᠤᠨ ᠶᠣᠰᠣᠭᠠᠷ ᠬᠠᠮᠲᠤ ᠪᠠᠷ ᠡᠳ᠋ᠯᠡᠬᠦ ᠮᠡᠳᠡᠭᠡ ᠵᠠᠩᠭᠢ ᠶᠢ ᠬᠡᠷᠡᠭᠯᠡᠵᠦ᠂ ᠨᠥᠬᠦᠴᠡᠯ ᠲᠠᠢ ᠪᠠᠷ ᠬᠠᠮᠳᠤ ᠪᠠᠷ ᠡᠳ᠋ᠯᠡᠭᠦᠯᠬᠦ ᠲᠥᠷᠥᠯ ᠤᠨ ᠬᠠᠩᠭᠠᠬᠤ ᠰᠠᠯᠠᠭ᠎ᠠ ᠮᠥᠴᠢᠷ ᠤᠨ ᠬᠠᠮᠳᠤ ᠪᠠᠷ ᠡᠳ᠋ᠯᠡᠭᠦᠯᠬᠦ ᠥᠬᠡᠶ ᠮᠡᠳᠡᠭᠡ ᠵᠠᠩᠭᠢ ᠶᠢᠨ ᠡᠬᠢ ᠪᠠᠶᠠᠯᠢᠭ ᠢ ᠬᠡᠷᠡᠭᠯᠡᠬᠦ ᠰᠠᠯᠠᠭ᠎ᠠ ᠮᠥᠴᠢᠷ ᠨᠢ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠴᠠ ᠪᠣᠯᠵᠣ ᠦᠨᠡᠨᠬᠦ ᠬᠡᠷᠡᠭᠯᠡᠬᠦ ᠴᠢᠬᠤᠯᠠ ᠲᠠᠢ ᠪᠥᠭᠡᠳ ᠭᠦᠢᠴᠡᠳ ᠰᠢᠯᠲᠠᠭᠠᠨ ᠳᠤᠷᠠᠳᠪᠠᠯ᠂ ᠬᠡᠷᠡᠭᠯᠡᠬᠦ ᠰᠠᠯᠠᠭ᠎ᠠ ᠮᠥᠴᠢᠷ ᠨᠢ ᠬᠠᠩᠭᠠᠬᠤ ᠰᠠᠯᠠᠭ᠎ᠠ ᠮᠥᠴᠢᠷ ᠯᠦᠭᠡ 5 ᠠᠵᠢᠯᠯᠠᠬᠤ ᠡᠳᠦᠷ ᠤᠨ ᠳᠣᠲᠣᠷ᠎ᠠ ᠵᠥᠪᠳᠡᠯᠴᠡᠨ ᠰᠢᠢᠳᠪᠦᠷᠢᠯᠡᠵᠣ᠂ ᠵᠥᠪᠳᠡᠯᠴᠡᠭᠡᠳ ᠦᠷ᠎ᠡ ᠳ᠋ᠦᠩ ᠭᠠᠷᠤᠭᠰᠠᠨ ᠥᠬᠡᠶ ᠶᠢ ᠨᠢ ᠲᠣᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠣᠬᠢᠴᠠᠭᠤᠯᠤᠨ ᠰᠢᠢᠳᠪᠦᠷᠢᠯᠡᠨ᠎ᠡ᠃ ᠬᠡᠷᠪᠡ ᠬᠡᠷᠡᠭᠯᠡᠬᠦ ᠰᠠᠯᠠᠭ᠎ᠠ ᠮᠥᠴᠢᠷ ᠤᠨ ᠬᠡᠷᠡᠭᠰᠡᠬᠦ ᠮᠡᠳᠡᠭᠡ ᠵᠠᠩᠭᠢ ᠶᠢᠨ ᠡᠬᠢ ᠪᠠᠶᠠᠯᠢᠭ ᠨᠢ ᠦᠨᠡᠨᠬᠦ ᠣᠷᠣᠰᠢᠬᠤ ᠥᠬᠡᠶ ᠪᠣᠯ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠳᠠᠩᠰᠠᠯᠠᠭᠤᠯᠤᠭᠰᠠᠨ ᠤ ᠳᠠᠷᠠᠭ᠎ᠠ᠂ ᠲᠣᠰ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠴᠤᠭᠯᠠᠭᠤᠯᠬᠤ ᠲᠥᠯᠥᠪᠯᠡᠭᠡ ᠳᠤ ᠣᠷᠣᠭᠤᠯᠵᠤ ᠪᠣᠯᠤᠨ᠎ᠠ᠃     ︵ᠭᠤᠷᠪᠠ︶ ᠤᠯᠤᠰ ᠤᠨ ᠪᠥᠲᠥᠭᠡᠨ ᠪᠠᠶᠢᠭᠤᠯᠤᠯᠲᠠ ᠪᠠ ᠣᠷᠣᠨ ᠤ ᠪᠥᠲᠥᠭᠡᠨ ᠪᠠᠶᠢᠭᠤᠯᠤᠯᠲᠠ ᠶᠢᠨ ᠰᠢᠰᠲ᠋ᠧᠮ ᠳᠤ ᠬᠠᠳᠠᠭᠠᠯᠠᠵᠤ ᠪᠠᠶᠢᠭ᠎ᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠲᠤ ᠬᠤᠯᠪᠣᠭᠳᠠᠪᠠᠯ᠂ ᠬᠠᠩᠭᠠᠬᠤ ᠰᠠᠯᠠᠭ᠎ᠠ ᠮᠥᠴᠢᠷ ᠠᠴᠠ ᠳᠡᠭᠡᠳᠦ ᠱᠠᠲᠤᠨ ᠤ ᠠᠵᠢᠯ ᠲᠥᠷᠥᠯ ᠤᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ᠂ ᠮᠠᠨ ᠤ ᠬᠤᠳᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ ᠠᠵᠢᠯ ᠢ ᠥᠷᠨᠢᠭᠦᠯᠦᠨ᠎ᠡ᠃     ᠬᠤᠷᠢᠨ ᠭᠤᠷᠪᠠᠳᠤᠭᠠᠷ ᠵᠣᠶᠢᠯ   ᠬᠡᠷᠡᠭᠯᠡᠬᠦ ᠰᠠᠯᠠᠭ᠎ᠠ ᠮᠥᠴᠢᠷ ᠨᠢ ︽ᠬᠡᠨ ᠭᠠᠷᠳᠠᠪᠠᠯ᠂ ᠬᠡᠨ ᠬᠡᠷᠡᠭᠯᠡᠵᠦ᠂ ᠬᠡᠨ ᠬᠠᠮᠢᠶᠠᠷᠴᠤ᠂ ᠬᠡᠨ ᠬᠠᠷᠢᠭᠤᠴᠠᠬᠤ︾ ᠵᠠᠷᠴᠢᠮ ᠶᠣᠰᠣᠭᠠᠷ᠂ ᠰᠠᠯᠠᠭ᠎ᠠ ᠮᠥᠴᠢᠷ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠬᠡᠷᠡᠭᠴᠡᠭᠡ ᠶᠢ ᠦᠨᠳᠦᠰᠦᠯᠡᠨ ᠬᠠᠮᠳᠤ ᠪᠠᠷ ᠡᠳ᠋ᠯᠡᠬᠦ ᠮᠡᠳᠡᠭᠡ ᠵᠠᠩᠭᠢ ᠶᠢ ᠬᠠᠤᠯᠢ ᠲᠣᠭᠲᠠᠭᠠᠯ ᠶᠣᠰᠣᠭᠠᠷ ᠬᠡᠷᠡᠭᠯᠡᠬᠦ ᠪᠠᠷ ᠭᠤᠶᠤᠴᠢᠯᠠᠨ᠎ᠠ᠃     ᠬᠡᠷᠡᠭᠯᠡᠬᠦ ᠰᠠᠯᠠᠭ᠎ᠠ ᠮᠥᠴᠢᠷ ᠤᠨ ᠳᠣᠲᠣᠭᠠᠳᠤ ᠳᠤ ᠬᠠᠮᠳᠤ ᠪᠠᠷ ᠡᠳ᠋ᠯᠡᠬᠦ ᠮᠡᠳᠡᠭᠡ ᠵᠠᠩᠭᠢ ᠶᠢ ᠬᠡᠷᠡᠭᠯᠡᠬᠦ ᠴᠤᠪᠤᠷᠠᠯ ᠢ ᠪᠠᠶᠢᠭᠤᠯᠵᠤ᠂ ᠬᠠᠮᠳᠤ ᠪᠠᠷ ᠡᠳ᠋ᠯᠡᠬᠦ ᠮᠡᠳᠡᠭᠡ ᠵᠠᠩᠭᠢ ᠶᠢ ᠬᠡᠷᠡᠭᠯᠡᠬᠦ ᠪᠥᠬᠦ ᠶᠠᠪᠤᠴᠠ ᠶᠢ ᠮᠥᠷᠳᠡᠨ ᠬᠠᠮᠢᠶᠠᠷᠬᠤ ᠶᠢ ᠪᠡᠶᠡᠯᠡᠭᠦᠯᠬᠦ ᠬᠡᠷᠡᠭᠲᠡᠶ᠃     ᠬᠡᠷᠡᠭᠯᠡᠬᠦ ᠰᠠᠯᠠᠭ᠎ᠠ ᠮᠥᠴᠢᠷ ᠨᠢ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠠᠴᠠ ᠣᠯᠤᠭᠰᠠᠨ ᠮᠡᠳᠡᠭᠡ ᠵᠠᠩᠭᠢ ᠶᠢ ᠵᠥᠪᠬᠡᠨ ᠭᠤᠶᠤᠴᠢᠯᠠᠨ ᠮᠡᠳᠡᠭᠦᠯᠦᠭᠰᠡᠨ ᠬᠡᠷᠡᠭᠴᠡᠭᠡ ᠶᠢ ᠦᠨᠳᠦᠰᠦᠯᠡᠨ ᠬᠡᠷᠡᠭᠯᠡᠵᠦ᠂ ᠬᠡᠪᠴᠢᠶ᠎ᠡ ᠠᠴᠠ ᠬᠡᠲᠦᠷᠡᠭᠦᠯᠦᠨ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠂ ᠬᠡᠷᠡᠭᠴᠡᠭᠡ ᠨᠢ ᠬᠤᠪᠢᠷᠠᠯᠲᠠ ᠭᠠᠷᠪᠠᠯ ᠳᠠᠭᠢᠵᠤ ᠭᠤᠶᠤᠴᠢᠯᠠᠬᠤ ᠬᠡᠷᠡᠭᠲᠡᠶ᠃     ᠬᠡᠷᠡᠭᠯᠡᠬᠦ ᠰᠠᠯᠠᠭ᠎ᠠ ᠮᠥᠴᠢᠷ ᠨᠢ ᠣᠯᠤᠭᠰᠠᠨ ᠬᠠᠮᠲᠤ ᠪᠠᠷ ᠡᠳ᠋ᠯᠡᠬᠦ ᠮᠡᠳᠡᠭᠡ ᠵᠠᠩᠭᠢ ᠶᠢ ᠰᠢᠭᠤᠳ ᠪᠤᠶᠤ ᠬᠡᠯᠪᠡᠷᠢ ᠶᠢ ᠬᠤᠪᠢᠷᠠᠭᠤᠯᠬᠤ ᠠᠷᠭ᠎ᠠ ᠮᠠᠶ᠋ᠢᠭ ᠢᠶᠠᠷ ᠭᠤᠷᠪᠠᠳᠤᠭᠠᠷ ᠡᠲᠡᠭᠡᠳ ᠲᠤ ᠬᠠᠩᠭᠠᠵᠤ ᠪᠣᠯᠬᠤ ᠥᠬᠡᠶ᠃     ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠢᠶᠠᠷ ᠳᠡᠮᠵᠢᠨ ᠣᠯᠵᠤ ᠪᠣᠯᠬᠤ ᠮᠡᠳᠡᠭᠡ ᠵᠠᠩᠭᠢ ᠪᠦᠬᠦᠨ ᠢ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠵᠠᠷᠴᠢᠮ ᠳᠡᠭᠡᠷ᠎ᠡ ᠪᠠᠨ ᠳᠠᠪᠬᠤᠷᠳᠠᠭᠤᠯᠤᠨ ᠴᠤᠭᠯᠠᠭᠤᠯᠬᠤ ᠪᠤᠶᠤ ᠡᠷᠬᠡᠳᠤ ᠬᠥᠮᠦᠨ᠂ ᠬᠠᠤᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢ ᠳᠠᠪᠬᠤᠷᠳᠠᠭᠤᠯᠤᠨ ᠲᠤᠰᠢᠶᠠᠯᠭᠠᠬᠤ ᠪᠠᠷ ᠱᠠᠭᠠᠷᠳᠠᠵᠤ ᠪᠣᠯᠬᠤ ᠥᠬᠡᠶ᠃     ᠬᠤᠷᠢᠨ ᠳᠥᠷᠪᠡᠳᠦᠭᠡᠷ ᠵᠣᠶᠢᠯ    ᠰᠡᠵᠢᠭ ᠲᠠᠢ᠂ ᠪᠤᠷᠤᠭᠤ ᠳ᠋ᠠᠶᠢᠲ᠋ᠠ ᠶᠢ ᠲᠦᠷᠭᠡᠨ ᠬᠠᠷᠭᠤᠭᠤᠯᠤᠨ ᠬᠢᠨᠠᠬᠤ ᠲᠣᠭᠲᠠᠴᠠ ᠶᠢ ᠪᠠᠶᠢᠭᠤᠯᠬᠤ ᠬᠡᠷᠡᠭᠲᠡᠶ᠃ ᠬᠡᠷᠡᠭᠯᠡᠬᠦ ᠰᠠᠯᠠᠭ᠎ᠠ ᠮᠥᠴᠢᠷ ᠨᠢ ᠣᠯᠤᠭᠰᠠᠨ ᠬᠠᠮᠲᠤ ᠪᠠᠷ ᠡᠳ᠋ᠯᠡᠬᠦ ᠮᠡᠳᠡᠭᠡ ᠵᠠᠩᠭᠢ ᠳᠤ ᠰᠡᠵᠢᠭ ᠲᠠᠢ ᠪᠤᠶᠤ ᠢᠯᠡᠷᠬᠡᠶ ᠪᠤᠷᠤᠭᠤ ᠲᠠᠢ ᠪᠠᠶᠢᠬᠤ ᠶᠢ ᠣᠯᠵᠤ ᠮᠡᠳᠡᠪᠡᠯ᠂ ᠬᠠᠩᠭᠠᠭᠰᠠᠨ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠬᠠᠷᠢᠭᠤ ᠲᠤᠰᠬᠠᠵᠤ ᠬᠠᠷᠭᠤᠭᠤᠯᠤᠨ ᠬᠢᠨᠠᠭᠤᠯᠬᠤ ᠬᠡᠷᠡᠭᠲᠡᠶ᠃ ᠬᠠᠷᠭᠤᠭᠤᠯᠤᠨ ᠬᠢᠨᠠᠬᠤ ᠬᠤᠭᠤᠴᠠᠭᠠᠨ ᠳᠤ ᠂ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠡᠷᠬᠡᠳᠤ ᠬᠥᠮᠦᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠳᠤ ᠬᠤᠯᠪᠣᠭᠳᠠᠪᠠᠯ᠂ ᠬᠡᠷᠪᠡ ᠨᠢᠭᠡᠨᠲᠡ ᠬᠠᠤᠯᠢ ᠶᠣᠰᠣᠨ ᠤ ᠬᠦᠴᠦᠨ ᠪᠥᠬᠦᠶ ᠭᠡᠷᠡᠴᠢᠯᠡᠬᠦ ᠮᠠᠲ᠋ᠧᠷᠢᠶᠠᠯ ᠢ ᠬᠠᠩᠭᠠᠭᠰᠠᠨ ᠪᠠᠶᠢᠪᠠᠯ᠂ ᠭᠥᠯᠢᠶᠡᠨ ᠠᠪᠴᠤ ᠰᠢᠢᠳᠪᠦᠷᠢᠯᠡᠬᠦ ᠨᠢᠭᠡᠴᠡ ᠨᠢ ᠬᠡᠪ ᠤᠨ ᠶᠣᠰᠣᠭᠠᠷ ᠭᠦᠢᠴᠡᠳᠬᠡᠬᠦ ᠬᠡᠷᠡᠭᠲᠡᠶ᠂ ᠲᠡᠪᠴᠢᠵᠣ᠂ ᠲᠦᠯᠬᠢᠯᠴᠡᠬᠦ ᠪᠤᠶᠤ ᠬᠡᠷᠡᠭ ᠭᠦᠢᠴᠡᠳᠭᠡᠭᠴᠢ ᠪᠠᠷ ᠮᠡᠳᠡᠭᠡ ᠵᠠᠩᠭᠢ ᠶᠢ ᠵᠠᠯᠠᠷᠠᠭᠤᠯᠬᠤ ᠭᠠᠷ ᠭᠦᠢᠴᠡᠳᠬᠡᠯ ᠬᠢᠯᠭᠡᠬᠦ ᠪᠠᠷ ᠱᠠᠭᠠᠷᠳᠠᠵᠤ ᠪᠣᠯᠬᠤ ᠥᠬᠡᠶ᠃                     ᠲᠠᠪᠤᠳᠤᠭᠠᠷ ᠪᠦᠯᠦᠭ    ᠬᠢᠨᠠᠯᠲᠠ ᠲᠠᠯᠪᠢᠬᠤ ᠪᠠ ᠪᠠᠲᠤᠯᠠᠬᠤ    ᠬᠤᠷᠢᠨ ᠲᠠᠪᠤᠳᠤᠭᠠᠷ ᠵᠣᠶᠢᠯ    ᠬᠤᠲᠠ ᠶᠢᠨ ᠲᠣᠮᠣ ᠳ᠋ᠠᠶᠢᠲ᠋ᠠ ᠶᠢᠨ ᠲᠥᠪ ᠨᠢ ᠪᠥᠬᠦ ᠬᠤᠲᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠠᠵᠢᠯ ᠢ ᠨᠢᠭᠡᠳᠦᠯᠲᠡᠶ ᠲᠥᠯᠥᠪᠯᠡᠬᠦ᠂ ᠵᠣᠬᠢᠶᠠᠨ ᠪᠠᠶᠢᠭᠤᠯᠬᠤ᠂ ᠵᠢᠯᠣᠭᠤᠳᠬᠤ᠂ ᠵᠣᠬᠢᠴᠠᠭᠤᠯᠬᠤ᠂ ᠬᠢᠨᠠᠯᠲᠠ ᠲᠠᠯᠪᠢᠬᠤ ᠪᠠ ᠬᠢᠨᠠᠨ ᠰᠢᠯᠭᠠᠬᠤ ᠶᠢ ᠬᠠᠷᠢᠭᠤᠴᠠᠵᠤ᠂ ᠲᠤᠬᠠᠶᠢᠯᠠᠭᠰᠠᠨ ᠠᠵᠢᠯ ᠪᠠ ᠮᠡᠷᠭᠡᠵᠢᠯ ᠤᠨ ᠲᠤᠯᠭᠠᠭᠤᠷᠢᠯᠠᠯ ᠬᠠᠩᠭᠠᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠴᠢᠬᠤᠯᠠ ᠶᠡᠭᠡ ᠵᠣᠶᠢᠯᠡᠰ ᠢ ᠵᠣᠬᠢᠴᠠᠭᠤᠯᠤᠨ᠎ᠠ᠃     ᠬᠤᠷᠢᠨ ᠵᠢᠷᠭᠤᠳᠤᠭᠠᠷ ᠵᠣᠶᠢᠯ    ᠡᠯ᠎ᠡ ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠲᠣᠰ ᠬᠤᠰᠢᠭᠤ ᠲᠤᠭᠤᠷᠢᠭ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠠᠵᠢᠯ ᠢ ᠠᠬᠢᠭᠤᠯᠬᠤ ᠶᠢ ᠬᠠᠷᠢᠭᠤᠴᠠᠵᠣ᠂ ᠪᠠᠶᠢᠭᠤᠯᠤᠯ ᠲᠣᠭᠲᠠᠴᠠ ᠶᠢ ᠰᠢᠯᠤᠭᠤᠳᠬᠠᠨ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠵᠢᠯ ᠢᠶᠠᠨ ᠦᠷᠨᠢᠭᠦᠯᠬᠦ ᠶᠢ ᠬᠠᠷᠢᠭᠤᠴᠠᠨ᠎ᠠ᠃     ᠬᠤᠷᠢᠨ ᠳᠣᠯᠣᠳᠤᠭᠠᠷ ᠵᠣᠶᠢᠯ    ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠳ ᠲᠣᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠬᠠᠷᠢᠭᠤᠴᠠᠬᠤ ᠤᠳᠤᠷᠢᠳᠤᠯᠭ᠎ᠠ᠂ ᠬᠠᠷᠢᠭᠤᠴᠠᠬᠤ ᠰᠠᠯᠠᠭ᠎ᠠ ᠲᠠᠰᠤᠭ ᠢᠶᠠᠨ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠲᠣᠰ ᠰᠠᠯᠠᠭ᠎ᠠ ᠮᠥᠴᠢᠷ ᠤᠨ ᠢᠶᠠᠨ ᠲᠤᠬᠠᠶᠢᠯᠠᠭᠰᠠᠨ ᠠᠵᠢᠯ ᠤᠨ ᠰᠢᠰᠲ᠋ᠧᠮ ᠢ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠲᠠᠢ ᠵᠠᠯᠭᠠᠨ ᠨᠡᠪᠲᠡᠷᠡᠯᠴᠡᠭᠦᠯᠬᠦ ᠶᠢ ᠬᠠᠷᠢᠭᠤᠴᠠᠵᠤ᠂ ᠰᠠᠯᠠᠭ᠎ᠠ ᠮᠥᠴᠢᠷ ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠲᠣᠰ ᠨᠢᠭᠡᠴᠡ ᠶᠢᠨ ᠢᠶᠠᠨ ᠲᠤᠭ᠎ᠠ ᠪᠠᠷᠢᠮᠲᠠ ᠶᠢᠨ ᠡᠬᠢ ᠪᠠᠶᠠᠯᠢᠭ ᠤᠨ ᠭᠠᠷᠴᠠᠭ ᠢ ᠡᠮᠬᠢᠯᠡᠬᠦ᠂ ᠨᠠᠶᠢᠷᠠᠭᠤᠯᠤᠨ ᠵᠣᠬᠢᠶᠠᠬᠤ ᠪᠠ ᠨᠡᠶᠢᠲᠡᠯᠡᠵᠦ᠂ ᠬᠠᠮᠢᠶ᠎ᠠ ᠪᠥᠬᠦᠶ ᠮᠡᠳᠡᠭᠡ ᠵᠠᠩᠭᠢ ᠶᠢᠨ ᠡᠬᠢ ᠪᠠᠶᠠᠯᠢᠭ ᠢ ᠴᠤᠭᠯᠠᠭᠤᠯᠬᠤ᠂ ᠬᠠᠮᠳᠤ ᠪᠠᠷ ᠡᠳ᠋ᠯᠡᠬᠦ ᠪᠠ ᠬᠠᠮᠢᠶᠠᠷᠬᠤ ᠶᠢ ᠰᠠᠶᠢᠲᠤᠷ ᠬᠢᠬᠦ ᠶᠢᠨ ᠬᠠᠮᠲᠤ᠂ ᠣᠯᠠᠨ ᠨᠡᠶᠢᠲᠡ ᠶᠢᠨ ᠮᠡᠳᠡᠭᠡ ᠵᠠᠩᠭᠢ ᠶᠢᠨ ᠲᠠᠪᠴᠠᠩ ᠠᠴᠠ ᠬᠠᠮᠳᠤ ᠪᠠᠷ ᠡᠳ᠋ᠯᠡᠬᠦ ᠮᠡᠳᠡᠭᠡ ᠵᠠᠩᠭᠢ ᠶᠢ ᠭᠤᠶᠤᠴᠢᠯᠠᠨ ᠤᠯᠬᠤ ᠪᠠ ᠬᠡᠷᠡᠭᠯᠡᠬᠦ ᠶᠢ ᠬᠠᠷᠢᠭᠤᠴᠠᠨ᠎ᠠ᠃    ᠬᠤᠷᠢᠨ ᠨᠠᠢᠮᠠᠳᠤᠭᠠᠷ ᠵᠣᠶᠢᠯ    ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠳ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠠᠵᠢᠯ ᠤᠨ ᠲᠦᠷᠢᠮ ᠵᠢᠴᠢ ᠵᠣᠬᠢᠴᠠᠩᠭᠤᠶ ᠵᠠᠰᠠᠭ ᠵᠠᠬᠢᠷᠭᠠᠨ ᠤ ᠬᠠᠷᠢᠭᠤᠴᠠᠯᠭ᠎ᠠ ᠶᠢ ᠨᠡᠬᠡᠮᠵᠢᠯᠡᠨ ᠪᠠᠶᠢᠴᠠᠭᠠᠬᠤ ᠲᠦᠷᠢᠮ ᠢ ᠪᠠᠶᠢᠭᠤᠯᠬᠤ ᠬᠡᠷᠡᠭᠲᠡᠶ᠃ ᠲᠣᠰ ᠲᠣᠰ ᠤᠨ ᠡᠭᠦᠷᠭᠡ ᠲᠤᠰᠢᠶᠠᠯ ᠪᠠ ᠬᠠᠷᠢᠭᠤᠴᠠᠯᠭ᠎ᠠ ᠪᠠᠨ ᠭᠦᠢᠴᠡᠳᠬᠡᠵᠣ᠂ ᠬᠠᠷᠠᠯᠲᠠ᠂ ᠬᠠᠷᠢᠭᠤᠴᠠᠯᠭ᠎ᠠ ᠪᠠ ᠬᠡᠷᠡᠭᠵᠢᠭᠦᠯᠬᠦ ᠪᠠᠶᠢᠭᠤᠯᠤᠮᠵᠢ ᠪᠠᠨ ᠲᠣᠳᠣᠷᠬᠠᠶᠢᠯᠠᠵᠤ᠂ ᠮᠠᠨ ᠤ ᠬᠤᠳᠠ ᠶᠢᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠠᠵᠢᠯ ᠢ ᠦᠨᠡᠨᠬᠦ ᠠᠬᠢᠭᠤᠯᠵᠤ᠂ ᠠᠵᠢᠯ ᠢ ᠠᠬᠢᠭᠤᠯᠬᠤ ᠶᠠᠪᠤᠴᠠ ᠳᠤᠮᠳᠠ ᠲᠤᠯᠭᠠᠷᠠᠭᠰᠠᠨ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠬᠡᠷᠡᠭᠲᠡᠶ᠃ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠪᠣᠯ ᠲᠣᠰ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠣᠯᠤᠨ᠎ᠠ᠃     ᠬᠤᠷᠢ ᠶᠢᠰᠦᠳᠦᠭᠡᠷ ᠵᠣᠶᠢᠯ   ᠬᠤᠲᠠ ᠶᠢᠨ ᠲᠣᠮᠣ ᠳ᠋ᠠᠶᠢᠲ᠋ᠠ ᠶᠢᠨ ᠲᠥᠪ ᠨᠢ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠠᠵᠢᠯ ᠢ ᠦᠨᠡᠯᠡᠬᠦ ᠲᠣᠭᠲᠠᠴᠠ ᠪᠠ ᠰᠢᠯᠭᠠᠨ ᠦᠨᠡᠯᠡᠬᠦ ᠲᠦᠷᠢᠮ ᠢ ᠪᠠᠶᠢᠭᠤᠯᠬᠤ ᠶᠢ ᠬᠠᠷᠢᠭᠤᠴᠠᠵᠤ᠂ ᠭᠠᠷᠴᠠᠭ ᠢ ᠡᠮᠬᠢᠯᠡᠬᠦ᠂ ᠰᠢᠨᠡᠳᠬᠡᠬᠦ᠂ ᠬᠠᠮᠢᠶᠠᠷᠬᠤ᠂ ᠨᠡᠶᠢᠲᠡᠯᠡᠬᠦ᠂ ᠲᠤᠭ᠎ᠠ ᠪᠠᠷᠢᠮᠲᠠ ᠶᠢ ᠣᠷᠣᠭᠤᠯᠬᠤ᠂ ᠰᠢᠨᠡᠳᠬᠡᠬᠦ᠂ ᠬᠠᠮᠳᠤ ᠪᠠᠷ ᠡᠳ᠋ᠯᠡᠬᠦ᠂ ᠠᠮᠤᠷ ᠲᠦᠪᠰᠢᠨ ᠢ ᠪᠠᠳᠤᠯᠠᠬᠤ ᠵᠡᠷᠭᠡ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠯᠭᠠᠨ ᠬᠢᠨᠠᠨ᠎ᠠ᠃ ᠬᠤᠲᠠ ᠶᠢᠨ ᠱᠠᠲᠤᠨ ᠤ ᠡᠯ᠎ᠡ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ᠂ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠤᠭᠤᠳ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠠᠵᠢᠯ ᠢ ᠲᠣᠰ ᠰᠠᠯᠠᠭ᠎ᠠ ᠮᠥᠴᠢᠷ᠂ ᠲᠣᠰ ᠬᠤᠰᠢᠭᠤ ᠲᠣᠭᠤᠷᠢᠭ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠦᠨᠡᠯᠡᠬᠦ ᠠᠭᠤᠯᠭ᠎ᠠ ᠳᠤ ᠣᠷᠣᠭᠤᠯᠬᠤ ᠬᠡᠷᠡᠭᠲᠡᠶ᠃     ᠭᠤᠴᠢᠳᠤᠭᠠᠷ ᠵᠣᠶᠢᠯ    ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠪᠥᠲᠥᠭᠡᠨ ᠪᠠᠶᠢᠭᠤᠯᠤᠯᠲᠠ ᠶᠢᠨ ᠪᠠᠯᠠ ᠮᠥᠩᠭᠦ ᠶᠢ ᠵᠠᠰᠠᠭ ᠤᠨ ᠣᠷᠳᠣᠨ ᠤ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠳᠤ ᠣᠷᠣᠭᠤᠯᠵᠤ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠬᠠᠮᠢᠶ᠎ᠠ ᠪᠥᠬᠦᠶ ᠠᠵᠢᠯ ᠤᠨ ᠵᠠᠷᠤᠳᠠᠯ ᠢ ᠡᠯ᠎ᠡ ᠱᠠᠲᠤᠨ ᠤ ᠡᠳ᠋ ᠤᠨ ᠵᠠᠰᠠᠭ ᠤᠨ ᠲᠥᠰᠦᠪ ᠲᠤ ᠤᠷᠤᠭᠤᠯᠤᠨ ᠤᠷᠢᠳᠠᠪᠠᠷ ᠲᠤᠬᠢᠷᠠᠭᠤᠯᠤᠨ᠎ᠠ᠃    ᠭᠤᠴᠢᠨ ᠨᠢᠭᠡᠳᠦᠭᠡᠷ ᠵᠣᠶᠢᠯ    ᠬᠢᠨᠠᠨ ᠪᠤᠳᠤᠬᠤ ᠪᠠᠶᠢᠭᠤᠯᠭ᠎ᠠ ᠨᠢ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠣ᠂ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠳᠤᠮᠳᠠ ᠬᠢᠨᠠᠯᠲᠠ ᠲᠠᠯᠪᠢᠬᠤ ᠣᠶᠢᠯᠡᠳᠤᠯ ᠢᠶᠠᠨ ᠪᠠᠳᠠᠷᠠᠭᠤᠯᠤᠨ᠂ ᠲᠤᠰᠬᠠᠶ ᠵᠣᠶᠢᠯ ᠤᠨ ᠪᠠᠯᠠ ᠮᠥᠩᠭᠦ ᠶᠢᠨ ᠬᠡᠷᠡᠭᠯᠡᠯᠲᠡ ᠶᠢᠨ ᠦᠨᠡᠨ ᠪᠣᠳᠠᠲᠤ ᠴᠢᠨᠠᠷ᠂ ᠬᠠᠤᠯᠢ ᠶᠣᠰᠣᠴᠢ ᠴᠢᠨᠠᠷ ᠪᠠ ᠦᠷ᠎ᠡ ᠠᠰᠢᠭᠲᠤ ᠴᠢᠨᠠᠷ ᠢ ᠪᠠᠲᠤᠯᠠᠵᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠲᠦᠷᠢᠮ ᠢ ᠲᠡᠭᠦᠯᠳᠡᠷᠵᠢᠭᠦᠯᠬᠦ ᠶᠢ ᠠᠬᠢᠭᠤᠯᠤᠨ᠎ᠠ᠃    ᠭᠤᠴᠢᠨ ᠬᠤᠶᠠᠳᠤᠭᠠᠷ ᠵᠣᠶᠢᠯ   ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠰᠠᠯᠠᠭ᠎ᠠ ᠮᠥᠴᠢᠷ ᠤᠳ ᠲᠣᠰ ᠠᠷᠭ᠎ᠠ ᠶᠢᠨ ᠲᠣᠭᠲᠠᠭᠠᠯ ᠠᠴᠠ ᠵᠥᠷᠢᠴᠡᠵᠦ᠂ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠲᠣᠰ ᠱᠠᠲᠤᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠠᠮᠳᠤ ᠪᠠᠷ ᠡᠳ᠋ᠯᠡᠬᠦ ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠪᠣᠳᠠᠲᠤ ᠪᠠᠶᠢᠳᠠᠯ ᠢᠶᠠᠨ ᠦᠨᠳᠦᠰᠦᠯᠡᠨ ᠪᠢᠴᠢᠭ ᠢᠶᠠᠷ ᠵᠠᠷᠯᠠᠬᠤ ᠶᠢᠨ ᠬᠠᠮᠲᠤ ᠵᠠᠷᠯᠢᠭᠳᠠᠵᠤ ᠪᠠᠶᠢᠭᠠᠳ ᠬᠤᠭᠤᠴᠠᠭ᠎ᠠ ᠬᠢᠵᠠᠭᠠᠷᠯᠠᠨ ᠴᠡᠭᠴᠡᠯᠡᠨ ᠰᠠᠶᠢᠵᠢᠷᠠᠭᠤᠯᠤᠨ᠎ᠠ᠄     ︵ᠨᠢᠭᠡ︶ ᠱᠠᠭᠠᠷᠳᠠᠯᠭ᠎ᠠ ᠶᠣᠰᠣᠭᠠᠷ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠣᠬᠢᠶᠠᠭᠰᠠᠨ ᠥᠬᠡᠶ ᠪᠤᠶᠤ ᠰᠢᠨᠡᠳᠬᠡᠭᠰᠡᠨ ᠥᠬᠡᠶ︔     ︵ᠬᠤᠶᠠᠷ︶ ᠲᠣᠭᠲᠠᠭᠠᠯ ᠶᠣᠰᠣᠭᠠᠷ ᠲᠣᠰ ᠰᠠᠯᠠᠭ᠎ᠠ ᠮᠥᠴᠢᠷ ᠤᠨ ᠢᠶᠠᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠪᠠ ᠡᠵᠡᠮᠰᠢᠭᠰᠡᠨ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠪᠤᠰᠤᠳ ᠰᠠᠯᠠᠭ᠎ᠠ ᠮᠥᠴᠢᠷ ᠲᠤ ᠬᠠᠮᠲᠤ ᠪᠠᠷ ᠡᠳ᠋ᠯᠡᠭᠦᠯᠦᠭᠰᠡᠨ ᠥᠬᠡᠶ︔     ︵ᠭᠤᠷᠪᠠ︶ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠨᠡᠨ ᠪᠣᠳᠠᠲᠠᠶ ᠪᠤᠰᠤ᠂ ᠣᠨᠣᠪᠴᠢ ᠥᠬᠡᠶ᠂ ᠪᠥᠬᠦ ᠲᠠᠯ᠎ᠠ ᠶᠢᠨ ᠪᠤᠰᠤ ᠮᠡᠳᠡᠭᠡ ᠵᠠᠩᠭᠢ ᠶᠢᠨ ᠡᠬᠢ ᠪᠠᠶᠠᠯᠢᠭ ᠤᠨ ᠭᠠᠷᠴᠠᠭ ᠪᠠ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠡᠬᠢ ᠪᠠᠶᠠᠯᠢᠭ ᠢ ᠵᠣᠷᠢᠭᠤᠳᠠ ᠬᠠᠩᠭᠠᠭᠰᠠᠨ᠂ ᠴᠠᠭ ᠲᠤᠬᠠᠶ ᠳᠤᠨᠢ ᠲᠤᠭ᠎ᠠ ᠪᠠᠷᠢᠮᠲᠠ ᠪᠠᠨ ᠰᠢᠨᠡᠳᠬᠡᠭᠰᠡᠨ ᠥᠬᠡᠶ ᠪᠤᠶᠤ ᠬᠠᠩᠭᠠᠭᠰᠠᠨ ᠲᠤᠭ᠎ᠠ ᠪᠠᠷᠢᠮᠲᠠ ᠨᠢ ᠬᠤᠯᠪᠣᠭᠳᠠᠯ ᠪᠥᠬᠦᠶ ᠵᠢᠷᠤᠮᠵᠢᠯ ᠳᠤ ᠨᠡᠶᠢᠴᠡᠬᠦ ᠥᠬᠡᠶ᠂ ᠬᠡᠷᠡᠭᠯᠡᠬᠦ ᠶᠢᠨ ᠠᠷᠭ᠎ᠠ ᠥᠬᠡᠶ ᠪᠣᠯᠤᠭᠰᠠᠨ︔     ︵ᠲᠦᠷᠪᠡ︶ ᠣᠯᠤᠭᠰᠠᠨ ᠬᠠᠮᠲᠤ ᠪᠠᠷ ᠡᠳ᠋ᠯᠡᠬᠦ ᠮᠡᠳᠡᠭᠡ ᠵᠠᠩᠭᠢ ᠶᠢᠨ ᠡᠬᠢ ᠪᠠᠶᠠᠯᠢᠭ ᠶᠢ ᠲᠤᠰ ᠨᠢᠭᠡᠴᠡ ᠶᠢᠨ ᠢᠶᠠᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠴᠡᠭᠡ ᠠᠴᠠ ᠭᠠᠳᠠᠨᠠᠬᠢ ᠵᠣᠷᠢᠯᠭ᠎ᠠ ᠳᠤ ᠬᠡᠷᠡᠭᠯᠡᠭᠰᠡᠨ︔     ︵ᠲᠠᠪᠤ︶ ᠬᠢᠨᠠᠯᠲᠠ ᠲᠠᠯᠪᠢᠵᠤ ᠪᠠᠶᠢᠴᠠᠭᠠᠬᠤ ᠪᠠᠶᠢᠭᠤᠯᠭ᠎ᠠ ᠠᠴᠠ ᠵᠠᠷᠯᠢᠭᠳᠠᠵᠤ ᠪᠠᠶᠢᠭᠠᠳ ᠴᠡᠭᠴᠡᠯᠡᠨ ᠰᠠᠶᠢᠵᠢᠷᠠᠭᠤᠯᠬᠤ ᠠᠰᠠᠭᠤᠳᠠᠯ ᠢ ᠱᠠᠭᠠᠷᠳᠠᠯᠭ᠎ᠠ ᠶᠣᠰᠣᠭᠠᠷ ᠦᠯᠦ ᠴᠡᠭᠴᠡᠯᠡᠨ ᠰᠠᠶᠢᠵᠢᠷᠠᠭᠤᠯᠤᠭᠰᠠᠨ︔     ︵ᠵᠢᠷᠭᠤᠭ᠎ᠠ︶ ᠲᠤᠰ ᠠᠷᠭ᠎ᠠ ᠶᠢᠨ ᠲᠣᠭᠲᠠᠭᠠᠯ ᠠᠴᠠ ᠵᠥᠷᠢᠴᠡᠭᠰᠡᠨ ᠪᠤᠰᠤᠳ ᠥᠢᠯᠡ ᠠᠵᠢᠯᠯᠠᠭ᠎ᠠ᠃                   ᠵᠢᠷᠭᠤᠳᠤᠭᠠᠷ ᠪᠦᠯᠦᠭ      ᠲᠠᠭᠠᠯᠳᠤᠭᠤᠯᠤᠭᠰᠠᠨ ᠲᠦᠷᠢᠮ    ᠭᠤᠴᠢᠨ ᠭᠤᠷᠪᠠᠳᠤᠭᠠᠷ ᠵᠣᠶᠢᠯ    ᠲᠣᠰ ᠠᠷᠭ᠎ᠠ ᠶᠢ ᠳᠠᠷᠤᠮᠠᠯᠯᠠᠨ ᠲᠠᠷᠬᠠᠭᠠᠭᠰᠠᠨ ᠤ ᠳᠠᠷᠠᠭᠠᠬᠢ 30 ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ 
ᠢᠷᠡᠯᠲᠡ᠄ ᠤᠷᠳᠤᠰ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ