ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ | ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠣᠷᠳᠣᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ︾ ᠢ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ 2021 ᠣᠨ ᠤ 8 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠨᠢᠭᠡᠨᠲᠡ ᠬᠢᠨᠠᠨ ᠵᠥᠪᠯᠡᠵᠦ ᠪᠠᠲᠤᠯᠠᠪᠠ᠂ ᠡᠳᠦᠭᠡ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠤᠲᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠲᠠᠪᠤᠷᠢᠵᠢᠭᠤᠯᠳᠤᠭᠠᠢ᠃ | | ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ | 2021 ᠣᠨ ᠤ 4 ᠳ᠋ᠣᠭᠡᠷ ᠰᠠᠷ᠎ᠠ ᠶᠢᠨ 30 ᠤ ᠡᠳᠦᠷ | | | | | ᠣᠷᠳᠣᠰ ᠬᠤᠲᠠ ᠶᠢᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ | | ︽ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠳᠠᠯᠳᠠ ᠬᠦᠴᠦᠨ ᠢ ᠴᠢᠨᠠᠭᠰᠢᠲᠠ ᠬᠥᠭᠵᠢᠭᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ | ᠲᠢᠩᠬᠢᠮ ᠤᠨ ᠰᠠᠨᠠᠯ︾ ︵ᠲᠥᠷᠥ ᠠᠯᠪᠠᠨ ᠲᠠᠷᠬᠠᠭᠠᠭᠰᠠᠨ ﹇2019﹈ 41 ᠳ᠋ᠣᠭᠡᠷ ᠲᠣᠭᠠᠲᠤ︶ ᠤᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠲᠠᠪᠤᠷᠢᠵᠢᠭᠤᠯᠵᠤ | ᠂ ᠤᠯᠤᠰ ᠤᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠵᠢᠱᠢᠶ᠎ᠡ ᠦᠵᠡᠭᠦᠯᠬᠦ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠦ | ᠂ ᠵᠤᠭᠠᠴᠠᠭᠰᠠᠳ ᠪᠠ ᠬᠤᠲᠠ ᠶᠢᠨ ᠠᠷᠠᠳ ᠤᠨ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠬᠦᠰᠡᠯ ᠰᠠᠨᠠᠮᠵᠢ ᠶᠢ ᠲᠠᠰᠤᠷᠠᠯᠲᠠ ᠥᠬᠡᠶ ᠭᠦᠭᠵᠢᠬᠡᠵᠤ᠂ ᠰᠣᠶᠣᠯ ᠪᠠ | ᠵᠢᠭᠤᠯᠴᠢᠯᠠᠯ ᠤᠨ ᠬᠥᠭᠵᠢᠯᠲᠡ ᠶᠢᠨ ᠬᠤᠳᠠᠯᠳᠤᠭ᠎ᠠ ᠡᠷᠭᠢᠯᠡᠬᠦ ᠣᠷᠴᠢᠨ ᠲᠤᠭᠤᠷᠢᠨ ᠢ ᠴᠢᠨᠠᠭᠰᠢᠳᠠ ᠰᠢᠯᠢᠳᠡᠭᠵᠢᠭᠦᠯᠵᠦ᠂ ᠮᠠᠨ ᠤ ᠬᠤᠲᠠ ᠶᠢᠨ ᠰᠣᠶᠣᠯ ᠪᠠ | ᠵᠢᠭᠤᠯᠴᠢᠯᠠᠯ ᠤᠨ ᠬᠡᠷᠡᠭᠯᠡᠭᠡᠨ ᠤ ᠶᠠᠰᠤ ᠴᠢᠨᠠᠷ ᠬᠢᠭᠡᠳ ᠬᠢᠷᠢ ᠲᠦᠪᠰᠢᠨ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠂ ᠰᠣᠶᠣᠯ ᠪᠠ ᠵᠢᠭᠤᠯᠴᠢᠯᠠᠯ ᠤᠨ ᠵᠠᠬ᠎ᠠ | ᠳᠡᠯᠭᠡᠭᠦᠷ ᠤᠨ ᠴᠡᠴᠡᠭᠯᠡᠨ ᠬᠥᠭᠵᠢᠬᠦ ᠶᠢ ᠠᠬᠢᠭᠤᠯᠬᠤ ᠶᠢᠨ ᠲᠤᠰᠠᠳᠠ᠂ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ ᠬᠦᠬᠢᠬᠦᠯᠬᠦ ᠠᠷᠭ᠎ᠠ ᠬᠡᠮᠵᠢᠶ᠎ᠡ ᠶᠢ | ᠣᠨᠴᠠᠭᠠᠶᠢᠯᠠᠨ ᠲᠣᠭᠲᠠᠭᠠᠪᠠ᠃ | ᠨᠢᠭᠡ᠂ ᠰᠣᠶᠣᠯ ᠪᠠ ᠵᠢᠭᠤᠯᠴᠢᠯᠠᠯ ᠤᠨ ᠲᠥᠷᠥᠯ ᠵᠦᠢᠯ ᠤᠨ ᠪᠠᠶᠢᠭᠤᠯᠤᠯᠲᠠ ᠶᠢ ᠳᠡᠮᠵᠢᠨ᠎ᠡ᠃ ᠰᠣᠶᠣᠯ ᠵᠢᠭᠤᠯᠴᠢᠯᠠᠯ ᠤᠨ ᠠᠵᠤ ᠠᠬᠤᠶᠢᠯᠠᠯ ᠤᠨ | ᠠᠷᠠᠯᠵᠢᠶᠠᠴᠢᠨ ᠤᠷᠢᠵᠤ ᠪᠡᠯᠡ ᠣᠷᠣᠭᠤᠯᠬᠤ ᠡᠷᠴᠢᠮ ᠢᠶᠠᠨ ᠴᠢᠩᠭᠠᠷᠠᠭᠤᠯᠬᠤ ᠶᠢ ᠵᠣᠷᠢᠭᠵᠢᠭᠤᠯᠵᠤ᠂ ᠣᠯᠠᠨ ᠠᠷᠭ᠎ᠠ ᠵᠠᠮ ᠢᠶᠠᠷ ᠪᠡᠯᠡ ᠮᠥᠩᠭᠦ ᠴᠤᠭᠯᠠᠭᠤᠯᠤᠨ | ᠰᠣᠶᠣᠯ ᠵᠢᠭᠤᠯᠴᠢᠯᠠᠯ ᠤᠨ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ᠂ ᠬᠥᠳᠡᠭᠡ ᠲᠣᠰᠬᠤᠨ ᠤ ᠰᠣᠶᠣᠯ ᠤᠨ | ᠵᠢᠭᠤᠯᠴᠢᠯᠠᠯ᠂ ᠰᠣᠶᠣᠯ ᠤᠨ ᠪᠦᠲᠦᠭᠡᠯᠴᠢ ᠰᠡᠳᠬᠢᠮᠵᠢ᠂ ᠰᠤᠳᠤᠯᠤᠨ ᠰᠤᠷᠤᠯᠴᠠᠬᠤ ᠵᠢᠭᠤᠯᠴᠢᠯᠠᠯ᠂ ᠡᠪᠦᠯ ᠤᠨ ᠵᠢᠭᠤᠯᠴᠢᠯᠠᠯ᠂ ᠠᠵᠤ ᠦᠢᠯᠡᠳᠪᠦᠷᠢ ᠶᠢᠨ | ᠵᠢᠭᠤᠯᠴᠢᠯᠠᠯ᠂ ᠡᠷᠡᠭᠦᠯ ᠮᠡᠨᠳᠦ ᠪᠡᠶ᠎ᠡ ᠰᠤᠪᠢᠯᠠᠯᠲᠠ᠂ ᠤᠨᠴᠠᠯᠢᠬᠳᠤ ᠠᠷᠠᠳ ᠤᠨ ᠣᠷᠣᠨ ᠰᠠᠭᠤᠴᠠ᠂ ᠤᠨᠴᠠᠯᠢᠬᠳᠤ ᠵᠢᠵᠢᠭ ᠪᠠᠯᠭᠠᠰᠤ ᠵᠡᠷᠭᠡ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠲᠥᠷᠥᠯ ᠵᠦᠢᠯ ᠪᠠ ᠰᠢᠨ᠎ᠡ ᠦᠢᠯᠡᠳᠬᠦᠨ ᠢ ᠢᠳᠡᠪᠬᠢᠲᠡᠶ ᠪᠠᠷ ᠬᠥᠭᠵᠢᠭᠦᠯᠵᠦ᠂ 500 ᠲᠦᠮᠡᠨ ᠲᠥᠭᠦᠷᠢᠭ ᠠᠴᠠ ᠳᠡᠭᠡᠭᠰᠢ | ᠪᠠᠯᠠ ᠤᠷᠤᠭᠤᠯᠤᠯᠲᠠ ᠶᠢ ᠪᠡᠶᠡᠯᠡᠭᠦᠯᠬᠦ ᠶᠢᠨ ᠬᠠᠮᠲᠤ ᠪᠠᠶᠢᠭᠤᠯᠵᠤ ᠡᠵᠡᠩᠨᠡᠭᠰᠡᠨ ᠪᠠᠶᠢᠪᠠᠯ᠂ ᠪᠣᠳᠠᠲᠠᠶ ᠪᠠᠯᠠ ᠣᠷᠣᠭᠤᠯᠤᠯᠲᠠ ᠶᠢᠨ ᠲᠤᠭ᠎ᠠ ᠶᠢᠨ 5% ᠪᠠᠷ ᠨᠢᠭᠡ | ᠤᠳᠠᠭ᠎ᠠ ᠶᠢᠨ ᠴᠢᠨᠠᠷᠲᠠᠶ ᠱᠠᠩᠨᠠᠯ ᠣᠯᠭᠤᠵᠤ᠂ ᠬᠠᠮᠤᠭ ᠥᠨᠳᠥᠷ ᠲᠡᠭᠡᠨ 200 ᠲᠦᠮᠡᠨ ᠲᠥᠭᠦᠷᠢᠭ ᠢᠶᠠᠷ ᠱᠠᠩᠨᠠᠨ᠎ᠠ᠃ | ᠬᠤᠶᠠᠷ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠯᠭ᠎ᠠ ᠶᠢ ᠪᠠᠶᠠᠯᠢᠭᠵᠢᠭᠤᠯᠤᠨ᠎ᠠ᠃ ᠤᠯᠠᠭᠠᠨᠮᠥ᠋ᠴᠢᠷ ᠵᠡᠷᠭᠡ ᠲᠤᠰᠬᠠᠶ ᠤᠷᠠᠯᠢᠭ ᠤᠨ ᠪᠠᠶᠢᠭᠤᠯᠤᠮᠵᠢ | ᠪᠠ ᠠᠷᠠᠳ ᠤᠨ ᠤᠷᠠᠯᠢᠭ ᠤᠨ ᠪᠦᠯᠬᠦᠮ ᠬᠢᠭᠡᠳ ᠦᠵᠡᠮᠵᠢ ᠶᠢᠨ ᠣᠷᠣᠨ ᠤ ᠬᠠᠮᠲᠤᠷᠠᠯᠴᠠᠭ᠎ᠠ ᠶᠢ ᠵᠣᠷᠢᠭᠵᠢᠭᠤᠯᠵᠤ᠂ ᠤᠨᠴᠠᠯᠢᠬᠳᠤ ᠵᠢᠭᠤᠯᠴᠢᠯᠠᠯ ᠤᠨ | ᠲᠣᠭᠯᠠᠯᠲᠠ ᠶᠢᠨ ᠲᠥᠷᠥᠯ ᠵᠦᠢᠯ ᠢ ᠨᠡᠭᠡᠭᠡᠨ ᠬᠥᠭᠵᠢᠭᠦᠯᠬᠦ ᠶᠢᠨ ᠬᠠᠮᠲᠤ ᠵᠢᠭᠤᠯᠴᠢᠯᠠᠭᠴᠢᠳ ᠲᠤ ᠬᠠᠨᠳᠤᠭᠤᠯᠤᠨ ᠲᠣᠭᠲᠠᠮᠠᠯ ᠬᠤᠭᠤᠴᠠᠭ᠎ᠠ ᠲᠠᠢ ᠪᠠᠷ ᠳᠡᠯᠭᠡᠨ | ᠦᠵᠡᠭᠦᠯᠵᠦ᠂ ᠲᠣᠭᠯᠠᠯᠲᠠ ᠶᠢᠨ ᠪᠠᠶᠢᠭᠤᠯᠤᠮᠵᠢ ᠶᠢᠨ ᠣᠨ ᠤ ᠪᠣᠳᠠᠲᠠᠶ ᠲᠣᠭᠯᠠᠯᠲᠠ ᠨᠢ 20 ᠲᠠᠯᠠᠪᠤᠷ ᠤᠳᠠᠭ᠎ᠠ ᠠᠴᠠ ᠳᠡᠭᠡᠭᠰᠢ ᠪᠠᠶᠢᠪᠠᠯ᠂ ᠲᠠᠯᠠᠪᠤᠷ ᠪᠦᠷᠢ ᠳᠤ | 5000 ᠲᠥᠭᠦᠷᠢᠭ ᠤᠨ ᠨᠥᠬᠦᠪᠥᠷᠢ ᠥᠭᠭᠦᠨ᠎ᠡ︔ ᠵᠢᠭᠤᠯᠴᠢᠯᠠᠯ ᠤᠨ ᠦᠵᠡᠮᠵᠢ ᠶᠢᠨ ᠣᠷᠣᠨ ᠲᠠᠢ ᠬᠠᠮᠲᠤᠷᠠᠨ ᠰᠣᠳᠣᠨ ᠲᠣᠭᠯᠠᠯᠲᠠ ᠶᠢᠨ ᠲᠥᠷᠥᠯ ᠵᠦᠢᠯ ᠢ | ᠤᠷᠤᠭᠤᠯᠤᠨ ᠠᠪᠴᠢᠷᠠᠬᠤ ᠪᠤᠶᠤ ᠪᠡᠶ᠎ᠡ ᠪᠠᠨ ᠳᠠᠭᠠᠭᠠᠨ ᠨᠡᠭᠡᠭᠡᠨ ᠬᠥᠭᠵᠢᠭᠦᠯᠬᠦ ᠶᠢ ᠳᠡᠮᠵᠢᠵᠦ᠂ ᠵᠢᠭᠤᠯᠴᠢᠯᠠᠯ ᠤᠨ ᠦᠵᠡᠮᠵᠢ ᠶᠢᠨ ᠣᠷᠣᠨ ᠳᠤ ᠵᠢᠯ ᠤᠨ ᠳᠣᠲᠣᠷ᠎ᠠ | ᠰᠣᠳᠣᠨ ᠲᠣᠭᠯᠠᠯᠲᠠ ᠶᠢᠨ ᠲᠥᠷᠥᠯ ᠵᠦᠢᠯ ᠢ ᠰᠢᠨ᠎ᠡ ᠪᠠᠷ ᠨᠡᠮᠡᠭᠳᠡᠬᠦᠯᠵᠤ ᠲᠡᠷᠡᠴᠢᠯᠡᠨ 4 ᠰᠠᠷ᠎ᠠ ᠠᠴᠠ ᠳᠡᠭᠡᠭᠰᠢ ᠦᠷᠭᠦᠯᠵᠢᠯᠡᠨ ᠲᠣᠭᠯᠠᠭᠰᠠᠨ ᠪᠠᠶᠢᠪᠠᠯ᠂ ᠪᠠᠯᠠ | ᠣᠷᠣᠭᠤᠯᠤᠯᠲᠠ ᠶᠢᠨ ᠲᠤᠭ᠎ᠠ ᠶᠢᠨ 5% ᠪᠠᠷ ᠲᠥᠷᠥᠯ ᠵᠦᠢᠯ ᠤᠨ ᠨᠥᠬᠦᠪᠥᠷᠢ ᠣᠯᠭᠤᠵᠤ᠂ ᠬᠠᠮᠤᠭ ᠤᠨ ᠥᠨᠳᠥᠷ ᠲᠡᠭᠡᠨ 100 ᠲᠦᠮᠡᠨ ᠲᠥᠭᠦᠷᠢᠭ ᠢᠶᠠᠷ | ᠱᠠᠩᠨᠠᠨ᠎ᠠ︔ ᠤᠯᠤᠰ ᠤᠨᠥᠮᠴᠢᠯᠡᠯ ᠤᠨ ᠪᠤᠰᠤ ᠮᠦᠽᠧᠶ ᠶᠢᠨ ᠪᠥᠬᠦ ᠵᠢᠯ ᠳᠤ ᠰᠦᠢᠳᠬᠡᠯ ᠬᠤᠷᠢᠶᠠᠬᠤ ᠥᠬᠡᠶ ᠪᠠᠷ ᠭᠠᠳᠠᠭᠰᠢ ᠨᠡᠭᠡᠭᠡᠯᠲᠡ ᠬᠢᠬᠦ ᠶᠢ ᠵᠣᠷᠢᠭᠵᠢᠭᠤᠯᠵᠤ | ᠂ ᠬᠡᠪᠴᠢᠶ᠎ᠡ ᠶᠢ ᠦᠨᠳᠦᠰᠦᠯᠡᠨ ᠨᠢᠬᠡᠯᠠ ᠤᠳᠠᠭ᠎ᠠ ᠶᠢᠨ ᠴᠢᠨᠠᠷᠲᠠᠶ ᠪᠠᠷ 5 — 15 ᠲᠦᠮᠡᠨ ᠲᠥᠭᠦᠷᠢᠭ ᠤᠨ ᠨᠥᠬᠦᠪᠥᠷᠢ ᠤᠯᠭᠤᠨ᠎ᠠ︔ ᠰᠣᠶᠣᠯ ᠤᠨ ᠰᠢᠨ᠎ᠡ ᠶᠢ | ᠡᠭᠦᠳᠬᠦ᠂ ᠰᠣᠶᠣᠯ ᠤᠨ ᠦᠵᠡᠰᠬᠦᠯᠡᠩ ᠤᠨ ᠴᠤᠭᠯᠠᠭᠠᠨ᠂ ᠪᠣᠳᠠᠰ ᠤᠨ ᠪᠤᠰᠤ ᠰᠣᠶᠣᠯ ᠤᠨ ᠥᠪ ᠤᠨ ᠪᠠᠶᠢᠭᠤᠯᠤᠮᠵᠢ ᠵᠡᠷᠭᠡ ᠪᠠᠶᠢᠭᠤᠯᠤᠮᠵᠢ ᠶᠢᠨ ᠬᠤᠲᠠ ᠶᠢᠨ | ᠳᠣᠲᠣᠷᠠᠬᠢ ᠵᠢᠭᠤᠯᠴᠢᠯᠠᠯ ᠤᠨ ᠦᠵᠡᠮᠵᠢ ᠶᠢᠨ ᠣᠷᠣᠨ᠂ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠥᠷᠲᠡᠭᠡ᠂ ᠰᠣᠶᠣᠯ ᠤᠨ ᠲᠠᠯᠠᠪᠤᠷ ᠣᠷᠳᠣᠨ᠂ ᠣᠳᠣᠨ | ᠳᠡᠰ ᠤᠨ ᠪᠠᠭᠤᠳᠠᠯ ᠳᠤ ᠪᠣᠳᠠᠲᠤ ᠴᠣᠭᠴᠠ ᠶᠢᠨ ᠳᠡᠯᠭᠡᠭᠦᠷ ᠨᠡᠭᠡᠭᠡᠬᠦ ᠲᠥᠷᠥᠯ ᠵᠦᠢᠯ ᠢ ᠳᠡᠮᠵᠢᠨ᠎ᠡ᠃ ᠪᠣᠳᠠᠰ ᠤᠨ ᠪᠤᠰᠤ ᠰᠣᠶᠣᠯ ᠤᠨ ᠥᠪ᠂ ᠰᠣᠶᠣᠯ ᠤᠨ | ᠦᠵᠡᠰᠬᠦᠯᠡᠩ ᠤᠨ ᠦᠵᠡᠭᠦᠯᠦᠯᠭᠡ ᠶᠢᠨ ᠲᠠᠯᠠᠪᠠᠶ ᠶᠢ 50 ᠲᠡᠭᠰᠢ ᠳᠥᠷᠪᠡᠯᠵᠢᠨ ᠮᠧᠲᠷ ᠲᠤ ᠬᠦᠷᠦᠭᠦᠯᠵᠦ᠂ ᠰᠣᠶᠣᠯ ᠤᠨ ᠰᠢᠨ᠎ᠡ ᠶᠢ ᠡᠭᠦᠳᠬᠦ ᠵᠡᠷᠭᠡ ᠪᠤᠰᠤᠳ | ᠡᠵᠡᠩᠨᠡᠯᠲᠡ ᠶᠢᠨ ᠲᠠᠯᠠᠪᠠᠶ ᠶᠢ 80 ᠲᠡᠭᠰᠢ ᠳᠥᠷᠪᠡᠯᠵᠢᠨ ᠮᠧᠲᠷ ᠲᠤ ᠬᠦᠷᠦᠬᠦᠯᠬᠦ ᠮᠥᠷᠲᠡᠭᠡᠨ ᠦᠷᠭᠦᠯᠵᠢᠯᠡᠨ ᠡᠵᠡᠩᠨᠡᠭᠡᠳ ᠪᠦᠬᠦᠯᠢ 1 ᠵᠢᠯ ᠪᠣᠯᠤᠭᠰᠠᠨ ᠪᠥᠭᠡᠳ | ᠦᠷᠭᠦᠯᠵᠢᠯᠡᠨ ᠡᠵᠡᠩᠨᠡᠬᠦ ᠨᠥᠬᠦᠴᠡᠯ ᠳᠤ ᠨᠡᠶᠢᠴᠡᠭᠰᠡᠨ ᠪᠠᠶᠢᠪᠠᠯ᠂ ᠲᠡᠭᠦᠨ ᠤ ᠲᠠᠯᠠᠪᠤᠷ ᠲᠦᠷᠢᠶᠡᠰᠦᠯᠡᠬᠦ ᠰᠦᠢᠳᠭᠡᠯ ᠳᠤ 50% ᠶᠢᠨ ᠨᠥᠬᠦᠪᠥᠷᠢ ᠥᠭᠴᠦ᠂ | ᠭᠠᠭᠴᠠ ᠲᠦᠷᠦᠯ ᠵᠦᠢᠯ ᠤᠨ ᠨᠥᠬᠦᠪᠥᠷᠢ ᠶᠢ ᠬᠠᠮᠤᠭ ᠥᠨᠳᠥᠷ ᠲᠡᠭᠡᠨ 20 ᠲᠦᠮᠡᠨ ᠲᠥᠭᠦᠷᠢᠭ ᠠᠴᠠ ᠲᠠᠪᠠᠭᠤᠯᠬᠤ ᠦᠬᠡᠢ᠃ | ᠭᠤᠷᠪᠠ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠣᠭᠠᠴᠢᠯᠠᠭᠰᠠᠨ ᠬᠥᠭᠵᠢᠯᠲᠡ ᠶᠢ ᠠᠬᠢᠭᠤᠯᠤᠨ᠎ᠠ᠃ ᠣᠷᠳᠣᠰ ᠬᠤᠲᠠ ᠶᠢᠨ ᠤᠶᠤᠨᠲᠤ ᠰᠣᠶᠣᠯ | ᠵᠢᠭᠤᠯᠴᠢᠯᠠᠯ ᠤᠨ ᠦᠢᠯᠡᠴᠢᠯᠡᠬᠡᠨ ᠤ ᠲᠥᠪ ᠢ ᠪᠥᠲᠥᠭᠡᠨ ᠪᠠᠶᠢᠭᠤᠯᠤᠨ᠎ᠠ᠃ ᠰᠤᠶᠤᠯ ᠵᠢᠭᠤᠯᠴᠢᠯᠠᠯ ᠤᠨ ᠠᠵᠤ ᠠᠬᠤᠶᠢᠯᠠᠯ ᠵᠢᠴᠢ ᠬᠠᠮᠢᠶ᠎ᠠ ᠪᠦᠬᠦᠢ ᠨᠢᠭᠡᠴᠡ ᠶᠢᠨ | ᠰᠣᠶᠣᠯ ᠵᠢᠭᠤᠯᠴᠢᠯᠠᠯ ᠤᠨ ᠲᠣᠭᠠᠴᠢᠯᠠᠭᠰᠠᠨ ᠬᠡᠷᠡᠭᠯᠡᠭᠡᠨ ᠤ ᠲᠠᠯᠠᠪᠤᠷ ᠪᠠᠶᠢᠭᠤᠯᠬᠤ ᠶᠢ ᠵᠣᠷᠢᠭᠵᠢᠭᠤᠯᠵᠤ᠂ ᠲᠣᠭᠠᠴᠢᠯᠠᠭᠰᠠᠨ ᠨᠣᠮ ᠤᠨ ᠰᠠᠩ᠂ ᠮᠦᠽᠧᠶ᠂ | ᠰᠣᠶᠣᠯ ᠤᠨ ᠣᠷᠳᠣᠨ᠂ ᠪᠣᠳᠠᠰ ᠤᠨ ᠪᠤᠰᠤ ᠰᠣᠶᠣᠯ ᠤᠨ ᠥᠪ ᠤᠨ ᠣᠷᠳᠣᠨ ᠵᠡᠷᠭᠡ ᠲᠣᠭᠠᠴᠢᠯᠠᠭᠰᠠᠨ ᠰᠣᠶᠣᠯ ᠤᠨ ᠲᠠᠯᠠᠪᠤᠷ ᠣᠷᠳᠣᠨ ᠪᠠ ᠤᠶᠤᠨᠲᠤ | ᠦᠵᠡᠮᠵᠢ ᠶᠢᠨ ᠣᠷᠣᠨ᠂ ᠤᠶᠤᠨᠲᠤ ᠪᠠᠭᠤᠳᠠᠯ᠂ ᠲᠣᠭᠠᠴᠢᠯᠠᠭᠰᠠᠨ ᠰᠣᠶᠣᠯ ᠤᠨ ᠠᠵᠤ ᠦᠢᠯᠡᠰ ᠤᠨ ᠬᠦᠷᠢᠶᠡᠯᠡᠩ ᠵᠡᠷᠭᠡ ᠶᠢᠨ ᠪᠥᠲᠥᠭᠡᠨ ᠪᠠᠶᠢᠭᠤᠯᠤᠯᠲᠠ ᠶᠢ | ᠳᠡᠮᠵᠢᠵᠦ᠂ ᠲᠥᠷᠥᠯ ᠵᠦᠢᠯ ᠤᠨ ᠵᠢᠱᠢᠶ᠎ᠡ ᠦᠵᠡᠭᠦᠯᠬᠦ ᠴᠢᠨᠠᠷ᠂ ᠬᠡᠷᠡᠭᠯᠡᠭᠡᠨ ᠤ ᠴᠢᠨᠠᠷ᠂ ᠳᠥᠭᠦᠮ ᠳᠥᠲᠡ ᠴᠢᠨᠠᠷ ᠵᠡᠷᠭᠡ ᠬᠦᠴᠦᠨ ᠵᠦᠢᠯ ᠢ ᠦᠨᠳᠦᠰᠦᠯᠡᠨ᠂ | ᠪᠣᠳᠠᠲᠠᠶ ᠪᠠᠯᠠ ᠮᠥᠩᠭᠦ ᠶᠢᠨ ᠣᠷᠣᠭᠤᠯᠤᠯᠲᠠ ᠶᠢᠨ 20% ᠶᠢᠨ ᠨᠥᠬᠦᠪᠥᠷᠢ ᠥᠭᠴᠦ᠂ ᠭᠠᠭᠴᠠ ᠲᠥᠷᠥᠯ ᠵᠦᠢᠯ ᠤᠨ ᠨᠥᠬᠦᠪᠥᠷᠢ ᠶᠢ ᠬᠠᠮᠤᠭ ᠤᠨ ᠥᠨᠳᠥᠷ ᠲᠡᠭᠡᠨ | 200 ᠲᠦᠮᠡᠨ ᠲᠥᠭᠦᠷᠢᠭ ᠢᠶᠠᠷ ᠱᠠᠩᠨᠠᠨ᠎ᠠ᠃ ᠡᠭᠦᠯᠡᠨ ᠲᠣᠭᠯᠠᠯᠲᠠ ᠶᠢᠨ ᠤᠷᠠᠯᠢᠭ᠂ ᠡᠭᠦᠯᠡᠨ ᠦᠵᠡᠭᠦᠯᠦᠯᠭᠡ᠂ ᠪᠡᠶᠡᠴᠢᠯᠡᠨ ᠣᠶᠢᠯᠠᠭᠠᠬᠤ ᠵᠡᠷᠭᠡ ᠰᠣᠶᠣᠯ ᠪᠠ | ᠵᠢᠭᠤᠯᠴᠢᠯᠠᠯ ᠤᠨ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠰᠢᠨ᠎ᠡ ᠶᠢ ᠡᠭᠦᠳᠬᠦ ᠶᠢ ᠳᠡᠮᠵᠢᠵᠦ᠂ ᠺᠠᠷᠲ᠋ᠣᠨ ᠲᠣᠭᠯᠠᠭᠠᠮ᠂ ᠰᠦᠯᠵᠢᠶᠡᠨ ᠤ ᠤᠷᠠᠨ ᠵᠣᠬᠢᠶᠠᠯ᠂ | ᠰᠦᠯᠵᠢᠶᠡᠨ ᠤ ᠳᠠᠭᠤᠤ ᠬᠥᠭᠵᠢᠮ᠂ ᠰᠦᠯᠵᠢᠶᠡᠨ ᠤ ᠲᠣᠭᠯᠠᠯᠲᠠ᠂ ᠰᠦᠯᠵᠢᠶᠡᠨ ᠤ ᠸᠢᠳᠢᠣ᠋᠂ ᠲᠣᠭᠠᠴᠢᠯᠠᠭᠰᠠᠨ ᠤᠷᠠᠯᠢᠭ᠂ ᠪᠦᠲᠦᠭᠡᠯᠴᠢ ᠵᠢᠷᠤᠭ ᠲᠥᠯᠥᠪᠯᠡᠭᠡ | ᠵᠡᠷᠭᠡ ᠠᠵᠤ ᠦᠢᠯᠡᠰ ᠤᠨ ᠬᠡᠯᠪᠡᠷᠢ ᠪᠠᠶᠢᠳᠠᠯ ᠢ ᠠᠰᠢᠭᠯᠠᠨ ᠵᠣᠬᠢᠶᠠᠨ ᠪᠦᠲᠦᠭᠡᠵᠦ ᠰᠤᠳᠤᠯᠤᠨ ᠨᠡᠭᠡᠭᠡᠬᠦ ᠪᠠ ᠦᠢᠯᠡᠳᠪᠦᠷᠢᠯᠡᠬᠦ ᠶᠢ ᠵᠣᠷᠢᠭᠵᠢᠭᠤᠯᠤᠨ᠎ᠠ᠃ ᠢᠨᠲ᠋ᠧᠷ | ᠰᠦᠯᠵᠢᠶ᠎ᠡ᠂ ᠰᠢᠯᠵᠢᠮᠡᠯ ᠦᠵᠦᠭᠦᠷ ᠮᠡᠷᠭᠡᠵᠢᠯ ᠵᠡᠷᠭᠡ ᠪᠠᠷ ᠠᠴᠢᠶᠠᠯᠠᠪᠤᠷᠢ ᠪᠣᠯᠭᠠᠭᠰᠠᠨ ᠲᠣᠭᠠᠴᠢᠯᠠᠭᠰᠠᠨ ᠰᠣᠶᠣᠯ ᠪᠠ ᠵᠢᠭᠤᠯᠴᠢᠯᠠᠯ ᠤᠨ ᠦᠢᠯᠡᠳᠬᠦᠨ ᠢ ᠭᠠᠷᠭᠠᠵᠤ᠂ | ᠦᠢᠯᠡᠳᠬᠦᠨ ᠤ ᠨᠡᠶᠢᠭᠡᠮ ᠪᠠ ᠠᠵᠤ ᠠᠬᠤᠶ ᠶᠢᠨ ᠦᠷ᠎ᠡ ᠠᠰᠢᠭ ᠵᠡᠷᠭᠡ ᠬᠦᠴᠦᠨ ᠵᠦᠢᠯ ᠢ ᠦᠨᠳᠦᠰᠦᠯᠡᠨ᠂ ᠪᠣᠳᠠᠲᠠᠶ ᠪᠠᠯᠠ ᠮᠥᠩᠭᠦ ᠶᠢᠨ ᠣᠷᠣᠭᠤᠯᠤᠯᠲᠠ ᠶᠢᠨ | 30% ᠪᠠᠷ ᠰᠢᠯᠢᠳᠡᠭ ᠢ ᠨᠢ ᠰᠣᠩᠭᠤᠨ ᠱᠠᠩᠨᠠᠵᠤ᠂ ᠲᠠᠩ ᠭᠠᠭᠴᠠ ᠲᠥᠷᠥᠯ ᠵᠦᠢᠯ ᠢ ᠬᠠᠮᠤᠭ ᠤᠨ ᠥᠨᠳᠥᠷ ᠲᠡᠭᠡᠨ 50 ᠲᠦᠮᠡᠨ ᠲᠥᠭᠦᠷᠢᠭ ᠢᠶᠠᠷ ᠱᠠᠩᠨᠠᠨ᠎ᠠ᠃ | | ᠲᠥᠷᠪᠡ᠂ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠪᠥᠳᠥᠭᠡᠨ ᠪᠠᠶᠢᠭᠤᠯᠤᠯᠲᠠ ᠶᠢ ᠲᠡᠳᠬᠦᠨ᠎ᠡ᠃ ᠥᠪᠡᠷᠲᠡᠭᠡᠨ ᠵᠠᠰᠠᠬᠤ ᠣᠷᠣᠨ ᠤ | ᠲᠠᠰ᠂ ᠤᠯᠤᠰ ᠤᠨ ᠲᠠᠰ ᠤᠨ ᠰᠣᠶᠣᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ ᠢ ᠡᠭᠦᠳᠦᠨ ᠪᠠᠶᠢᠭᠤᠯᠬᠤ ᠨᠢᠭᠡᠴᠡ ᠳᠤ ᠵᠢᠭᠰᠠᠭᠠᠨ | ᠣᠷᠣᠭᠤᠯᠤᠭᠰᠠᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠨᠢᠬᠡᠯᠡ ᠤᠳᠠᠭ᠎ᠠ ᠶᠢᠨ ᠴᠢᠨᠠᠷᠲᠠᠶ ᠪᠠᠷ 50 ᠲᠦᠮᠡᠨ ᠲᠥᠭᠦᠷᠢᠭ᠂ 100 ᠲᠦᠮᠡᠨ ᠲᠥᠭᠦᠷᠢᠭ ᠤᠨ | ᠡᠭᠦᠳᠦᠨ ᠪᠠᠶᠢᠭᠤᠯᠬᠤ ᠵᠠᠷᠤᠳᠠᠯ ᠢ ᠨᠥᠬᠦᠪᠥᠷᠢᠯᠡᠨ᠎ᠡ︔ ᠰᠣᠶᠣᠯ ᠤᠨ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠥᠪᠯᠡᠷᠡᠭᠦᠯᠦᠨ ᠳᠡᠯᠭᠡᠨ ᠦᠵᠡᠭᠦᠯᠵᠦ | ᠳᠡᠯᠭᠡᠨ ᠪᠣᠷᠣᠯᠠᠭᠤᠯᠬᠤ ᠲᠥᠪ ᠪᠠᠶᠢᠭᠤᠯᠬᠤ ᠶᠢ ᠳᠡᠮᠵᠢᠵᠦ᠂ ᠰᠢᠯᠢᠳᠡᠭ ᠢ ᠠᠬᠢᠭᠤᠯᠤᠨ ᠪᠣᠷᠣᠯᠠᠭᠤᠯᠭ᠎ᠠ ᠶᠢ ᠠᠬᠢᠭᠤᠯᠬᠤ ᠠᠵᠢᠯᠯᠠᠭ᠎ᠠ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠵᠦ᠂ ᠪᠥᠲᠥᠭᠡᠨ ᠪᠠᠶᠢᠭᠤᠯᠤᠭᠰᠠᠨ ᠲᠠᠯᠠᠪᠠᠶ ᠨᠢ 200 ᠲᠡᠭᠰᠢ ᠳᠥᠷᠪᠡᠯᠵᠢᠨ ᠮᠧᠲᠷ ᠠᠴᠠ ᠳᠠᠪᠠᠭᠰᠠᠨ᠂ ᠵᠢᠯ ᠤᠨ ᠳᠡᠯᠭᠡᠷᠡᠭᠦᠯᠬᠦ | ᠠᠵᠢᠯᠯᠠᠭ᠎ᠠ ᠨᠢ 6 ᠤᠳᠠᠭ᠎ᠠ ᠠᠴᠠ ᠳᠠᠪᠠᠭᠰᠠᠨ ᠪᠠᠶᠢᠪᠠᠯ᠂ ᠨᠢᠬᠡᠯᠡ ᠤᠳᠠᠭ᠎ᠠ ᠶᠢᠨ ᠴᠢᠨᠠᠷᠲᠠᠶ ᠪᠠᠷ 40 ᠲᠦᠮᠡᠨ ᠲᠥᠭᠦᠷᠢᠭ ᠤᠨ ᠨᠥᠬᠦᠪᠥᠷᠢ ᠤᠯᠭᠤᠨ᠎ᠠ︔ ᠡᠯ᠎ᠡ | ᠲᠥᠷᠥᠯ ᠤᠨ ᠰᠣᠶᠣᠯ ᠤᠨ ᠠᠵᠤ ᠠᠬᠤᠶᠢᠯᠠᠯ ᠵᠢᠴᠢ ᠦᠢᠯᠡᠴᠢᠯᠡᠬᠡᠨ ᠤ ᠪᠠᠶᠢᠭᠤᠯᠤᠮᠵᠢ᠂ ᠠᠷᠠᠳ ᠠᠴᠠ ᠡᠵᠡᠩᠨᠡᠭᠰᠡᠨ ᠬᠥᠷᠥᠩᠭᠡ ᠵᠡᠷᠭᠡ ᠰᠣᠶᠣᠯ ᠤᠨ ᠭᠤᠤᠯ | ᠬᠦᠴᠦᠨ ᠵᠦᠢᠯ ᠤᠨ ᠬᠦᠷᠢᠶᠡᠯᠡᠩ ᠲᠣᠭᠤᠷᠢᠭ ᠲᠤ ᠴᠤᠭᠯᠠᠷᠠᠬᠤ ᠶᠢ ᠵᠣᠷᠢᠭᠵᠢᠭᠤᠯᠤᠨ᠎ᠠ᠃ | ᠲᠠᠪᠤ᠂ ᠰᠥᠨᠢ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠤᠨ᠎ᠠ᠃ ᠡᠯ᠎ᠡ ᠬᠤᠰᠢᠭᠤ ᠲᠤᠭᠤᠷᠢᠭ ᠤᠨ ᠰᠣᠶᠣᠯ ᠴᠡᠩᠭᠡᠯ ᠤᠨ ᠬᠡᠷᠡᠭᠯᠡᠭᠡ ᠪᠠᠷ ᠭᠤᠤᠯ | ᠴᠣᠭᠴᠠ ᠪᠣᠯᠭᠠᠭᠰᠠᠨ᠂ ᠵᠢᠭᠤᠯᠴᠢᠯᠠᠯ᠂ ᠬᠤᠨᠤᠭ ᠪᠠᠭᠤᠳᠠᠯ᠂ ᠤᠨᠴᠠᠯᠢᠬᠳᠤ ᠢᠳᠡᠭᠡᠨ ᠤᠮᠳᠠᠭᠠᠨ᠂ ᠰᠣᠶᠣᠯ ᠤᠨ ᠪᠦᠲᠦᠭᠡᠯᠴᠢ ᠰᠡᠳᠬᠢᠮᠵᠢ ᠵᠡᠷᠭᠡ ᠠᠵᠤ | ᠠᠬᠤᠶ ᠶᠢᠨ ᠬᠥᠭᠵᠢᠯᠲᠡ ᠶᠢ ᠳᠠᠶᠢᠴᠢᠯᠠᠬᠤ ᠰᠥᠨᠢ ᠶᠢᠨ ᠬᠡᠷᠡᠭᠯᠡᠭᠡᠨ ᠤ ᠵᠡᠭᠡᠯᠢ ᠲᠣᠭᠤᠷᠢᠭ ᠢ ᠪᠤᠶᠢᠵᠢᠭᠤᠯᠤᠨ᠂ ᠡᠯ᠎ᠡ ᠲᠥᠷᠥᠯ ᠤᠨ ᠤᠨᠴᠠᠯᠢᠬᠳᠤ ᠰᠢᠨ᠎ᠡ ᠰᠥᠨᠢ ᠶᠢᠨ | ᠵᠠᠬ᠎ᠠ ᠳᠡᠯᠭᠡᠭᠦᠷ ᠤᠨ ᠲᠥᠷᠥᠯ ᠵᠦᠢᠯ ᠢ ᠪᠣᠶ ᠪᠣᠯᠭᠠᠵᠤ᠂ ᠪᠥᠲᠥᠭᠡᠨ ᠪᠠᠶᠢᠭᠤᠯᠵᠤ ᠡᠵᠡᠩᠨᠡᠬᠦ ᠲᠥᠷᠥᠯ ᠵᠦᠢᠯ ᠤᠨ ᠰᠢᠯᠢᠳᠡᠭ ᠢ ᠨᠢ ᠰᠣᠩᠭᠤᠵᠤ ᠨᠢᠭᠡᠯᠡ ᠤᠳᠠᠭ᠎ᠠ | ᠶᠢᠨ ᠴᠢᠨᠠᠷᠲᠠᠢ ᠪᠠᠷ 50 ᠲᠦᠮᠡᠨ ᠲᠥᠭᠦᠷᠢᠭ ᠢᠶᠠᠷ ᠱᠠᠩᠨᠠᠨ᠎ᠠ︔ ᠵᠢᠭᠤᠯᠴᠢᠯᠠᠯ ᠤᠨ ᠦᠵᠡᠮᠵᠢ ᠶᠢᠨ ᠣᠷᠣᠨ ᠤ ᠭᠡᠷᠡᠯᠳᠦᠬᠦᠯᠬᠡ ᠶᠢᠨ ᠦᠵᠡᠭᠦᠯᠦᠯᠭᠡ᠂ ᠤᠰᠤᠨ ᠤ | ᠦᠵᠡᠭᠦᠯᠦᠯᠭᠡ᠂ ᠰᠥᠨᠢ ᠶᠢᠨ ᠵᠢᠭᠤᠯᠴᠢᠯᠠᠯ ᠤᠨ ᠵᠠᠮ ᠱᠤᠭᠤᠮ᠂ ᠰᠥᠨᠢ ᠶᠢᠨ ᠵᠤᠭ᠎ᠠ ᠴᠡᠩᠭᠡᠯ ᠤᠨ ᠰᠣᠳᠣᠨ ᠲᠣᠭᠯᠠᠯᠲᠠ ᠵᠡᠷᠭᠡ ᠲᠥᠷᠥᠯ ᠵᠦᠢᠯ ᠢ ᠨᠡᠮᠡᠭᠳᠡᠭᠦᠯᠬᠦ ᠶᠢ | ᠵᠣᠷᠢᠭᠵᠢᠭᠤᠯᠵᠤ᠂ ᠪᠠᠶᠢᠭᠤᠯᠵᠤ ᠡᠵᠡᠩᠨᠡᠬᠦ ᠲᠥᠷᠥᠯ ᠵᠦᠢᠯ ᠤᠨ ᠰᠢᠯᠢᠳᠡᠭ ᠢ ᠨᠢ ᠰᠣᠩᠭᠤᠵᠤ ᠨᠢᠬᠡᠯᠡ ᠤᠳᠠᠭ᠎ᠠ ᠶᠢᠨ ᠴᠢᠨᠠᠷᠲᠠᠢ ᠪᠠᠷ 30 ᠲᠦᠮᠡᠨ ᠲᠥᠭᠦᠷᠢᠭ ᠢᠶᠠᠷ | ᠱᠠᠩᠨᠠᠨ᠎ᠠ᠃ | ᠵᠢᠷᠭᠤᠭ᠎ᠠ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠨᠥᠬᠦᠪᠥᠷᠢ ᠪᠠᠷ ᠤᠷᠮᠠᠰᠢᠭᠤᠯᠬᠤ ᠠᠵᠢᠯᠯᠠᠭ᠎ᠠ ᠶᠢ ᠥᠷᠨᠢᠭᠦᠯᠦᠨ᠎ᠡ᠃ ᠣᠷᠳᠣᠰ ᠤᠨ ᠰᠣᠶᠣᠯ ᠪᠠ | ᠵᠢᠭᠤᠯᠴᠢᠯᠠᠯ ᠤᠨ ᠬᠡᠷᠡᠭᠯᠡᠭᠡᠨ ᠤ ᠲᠠᠪᠴᠠᠩ ᠢ ᠪᠠᠶᠢᠭᠤᠯᠵᠤ᠂ ᠰᠣᠶᠣᠯ ᠵᠢᠭᠤᠯᠴᠢᠯᠠᠯ ᠤᠨ ᠬᠡᠷᠡᠭᠯᠡᠭᠡᠨ ᠤ ᠠᠷᠠᠳ ᠲᠤ ᠠᠰᠢᠭ ᠬᠦᠷᠲᠡᠭᠡᠬᠦ ᠰᠠᠷ᠎ᠠ᠂ ᠠᠷᠠᠳ ᠲᠤ ᠠᠰᠢᠭ | ᠬᠦᠷᠲᠡᠭᠡᠬᠦ ᠤᠯᠠᠷᠢᠯ ᠵᠡᠷᠭᠡ ᠬᠡᠷᠡᠭᠯᠡᠭᠡᠨ ᠤ ᠪᠣᠷᠣᠯᠠᠭᠤᠯᠭ᠎ᠠ ᠶᠢ ᠠᠬᠢᠭᠤᠯᠬᠤ ᠲᠤᠰᠬᠠᠶ ᠵᠦᠢᠯ ᠤᠨ ᠠᠵᠢᠯᠯᠠᠭ᠎ᠠ ᠶᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ | ᠠᠵᠢᠯᠯᠠᠭ᠎ᠠ ᠶᠢᠨ ᠬᠤᠭᠤᠴᠠᠭᠠᠨ ᠳᠤ ᠲᠠᠪᠴᠠᠩ ᠢᠶᠠᠷ ᠳᠠᠮᠵᠢᠭᠤᠯᠤᠨ ᠨᠣᠮ ᠪᠢᠴᠢᠭ ᠬᠤᠳᠠᠯᠳᠤᠨ ᠠᠪᠴᠤ᠂ ᠺᠢᠨᠣ᠋ ᠪᠠ ᠵᠦᠴᠦᠭᠡ ᠶᠢᠨ ᠪᠦᠲᠦᠭᠡᠯ ᠢ ᠦᠵᠡᠬᠦ ᠳᠤ᠂ | ᠪᠣᠳᠠᠲᠠᠶ ᠭᠠᠷᠭᠠᠭᠠᠭᠰᠠᠨ ᠵᠣᠭᠤᠰ ᠤᠨ ᠲᠤᠭ᠎ᠠ ᠶᠢᠨ 50% ᠪᠠᠷ ᠨᠥᠬᠦᠪᠥᠷᠢ ᠣᠯᠭᠤᠨ᠎ᠠ︔ ᠠᠵᠢᠯᠯᠠᠭ᠎ᠠ ᠶᠢᠨ ᠬᠤᠭᠤᠴᠠᠭᠠᠨ ᠳᠤ ᠦᠵᠡᠮᠵᠢ ᠶᠢᠨ ᠣᠷᠣᠨ ᠤ | ᠡᠭᠦᠳᠡᠨ ᠪᠢᠯᠧᠲ᠂ ᠣᠳᠣᠨ ᠲᠠᠰ ᠤᠨ ᠵᠣᠴᠢᠳ ᠤᠨ ᠪᠠᠭᠤᠳᠠᠯ ᠳᠤ ᠬᠤᠨᠤᠭᠯᠠᠭᠰᠠᠨ ᠵᠤᠭᠤᠰ ᠢ ᠪᠣᠳᠠᠲᠠᠶ ᠭᠠᠷᠭᠠᠭᠰᠠᠨ ᠵᠣᠭᠤᠰ ᠤᠨ ᠲᠤᠭ᠎ᠠ ᠶᠢᠨ 20% ᠪᠠᠷ | ᠨᠥᠬᠦᠪᠥᠷᠢ ᠥᠭᠴᠦ᠂ ᠨᠥᠬᠦᠪᠥᠷᠢ ᠮᠥᠩᠭᠦ ᠶᠢᠨ ᠵᠣᠭᠤᠰ ᠤᠨ ᠲᠤᠭ᠎ᠠ ᠶᠢ ᠵᠥᠪᠬᠡᠨ ᠬᠠᠷᠠᠭᠠᠯᠵᠠᠭᠰᠠᠨ ᠲᠠᠯᠠᠪᠤᠷ ᠤᠨ ᠪᠤᠰᠤᠳ ᠰᠣᠶᠣᠯ ᠵᠢᠭᠤᠯᠴᠢᠯᠠᠯ ᠤᠨ | ᠬᠡᠷᠡᠭᠯᠡᠭᠡ ᠪᠠᠷ ᠬᠢᠨᠠᠨ ᠬᠠᠰᠤᠨ᠎ᠠ᠃ ᠲᠠᠪᠴᠠᠩ ᠤᠨ ᠬᠠᠮᠢᠶᠠᠷᠤᠯᠲᠠ ᠳᠤ ᠣᠷᠣᠭᠤᠯᠤᠭᠰᠠᠨ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠪᠠ ᠠᠮᠢᠳᠤᠷᠠᠯ ᠤᠨ ᠨᠠᠭᠠᠳᠤ | ᠵᠠᠬ᠎ᠠ ᠶᠢᠨ ᠪᠠᠲᠤᠯᠠᠭ᠎ᠠ ᠭᠥᠷᠳᠡᠭᠰᠡᠳ ᠤᠨ ᠣᠨ ᠤ ᠬᠤᠳᠠᠯᠳᠤᠨ ᠠᠪᠤᠭᠰᠠᠨ ᠨᠣᠮ ᠪᠢᠴᠢᠭ᠂ ᠦᠵᠡᠮᠵᠢ ᠶᠢᠨ ᠣᠷᠣᠨ ᠤ ᠡᠭᠦᠳᠡᠨ ᠪᠢᠯᠧᠲ ᠪᠠ ᠺᠢᠨᠣ᠋᠂ | ᠵᠦᠴᠦᠭᠡ ᠶᠢᠨ ᠪᠦᠲᠦᠭᠡᠯ ᠳᠤ 70% ᠪᠠᠷ ᠨᠥᠬᠦᠪᠥᠷᠢ ᠥᠭᠴᠦ᠂ ᠬᠥᠮᠦᠨ ᠪᠦᠷᠢ ᠳᠤ ᠵᠢᠯ ᠳᠡᠭᠡᠨ ᠬᠠᠮᠤᠭ ᠤᠨ ᠥᠨᠳᠥᠷ ᠲᠡᠭᠡᠨ 200 ᠲᠥᠭᠦᠷᠢᠭ ᠢᠶᠠᠷ | ᠨᠥᠬᠦᠪᠦᠷᠢᠯᠡᠨ᠎ᠡ᠃ ᠡᠯ᠎ᠡ ᠱᠠᠲᠤᠨ ᠤ ᠣᠯᠠᠨ ᠨᠡᠶᠢᠲᠡ ᠶᠢᠨ ᠨᠣᠮ ᠤᠨ ᠰᠠᠩ ᠤᠨ ︽ᠵᠠᠬᠢᠶᠠᠯᠠᠭ᠎ᠠ ᠶᠢᠨ ᠬᠠᠭᠤᠳᠠᠰᠤ︾ ᠶᠢᠨ ᠦᠢᠯᠡᠴᠢᠯᠡᠬᠡᠨ ᠤ ᠵᠠᠭᠪᠤᠷ ᠢ ᠬᠡᠷᠡᠭᠯᠡᠨ᠂ | ︽ᠲᠠ ᠣᠩᠰᠢᠵᠤ ᠪᠢᠳᠡ ᠲᠣᠭᠠᠴᠠᠭ᠎ᠠ ᠬᠢᠬᠦ︾ ᠳᠥᠭᠦᠮ ᠳᠥᠲᠡ ᠵᠢᠭᠡᠯᠡᠨ ᠤᠩᠰᠢᠬᠤ ᠦᠢᠯᠡᠴᠢᠯᠡᠭᠡ ᠶᠢ ᠰᠢᠨ᠎ᠡ ᠶᠢ ᠡᠭᠦᠳᠦᠨ ᠲᠠᠰ ᠳᠡᠪᠰᠢᠭᠦᠯᠵᠦ | ᠬᠡᠷᠡᠭᠵᠢᠭᠦᠯᠬᠦ ᠶᠢ ᠳᠡᠮᠵᠢᠵᠦ᠂ ᠨᠥᠬᠦᠴᠡᠯ ᠳᠤ ᠨᠡᠶᠢᠴᠡᠭᠰᠡᠳ ᠲᠤ ᠡᠳ᠋ ᠤᠨ ᠵᠠᠰᠠᠭ ᠠᠴᠠ ᠪᠥᠬᠦ ᠲᠤᠭ᠎ᠠ ᠪᠠᠷ ᠨᠥᠬᠦᠪᠥᠷᠢ ᠤᠯᠭᠤᠨ᠎ᠠ᠃ | ᠲᠤᠯᠤᠭ᠎ᠠ᠂ ᠭᠠᠳᠠᠭᠠᠳᠤ ᠳᠤ ᠤᠬᠠᠭᠤᠯᠤᠨ ᠳᠡᠯᠭᠡᠷᠡᠭᠦᠯᠬᠦ ᠶᠢ ᠵᠣᠷᠢᠭᠵᠢᠭᠤᠯᠤᠨ᠎ᠠ᠃ ᠰᠣᠶᠣᠯ ᠵᠢᠭᠤᠯᠴᠢᠯᠠᠯ ᠤᠨ ᠠᠵᠤ ᠠᠬᠤᠶᠢᠯᠠᠯ᠂ ᠰᠣᠶᠣᠯ ᠤᠨ ᠠᠵᠤ | ᠦᠢᠯᠡᠰ ᠤᠨ ᠬᠦᠷᠢᠶᠡᠯᠡᠩ ᠲᠣᠭᠤᠷᠢᠭ ᠤᠨ ᠤᠯᠤᠰ᠂ ᠥᠪᠡᠷᠲᠡᠭᠡᠨ ᠵᠠᠰᠠᠬᠤ ᠣᠷᠣᠨ ᠤ ᠵᠣᠬᠢᠶᠠᠨ ᠪᠠᠶᠢᠭᠤᠯᠵᠤ ᠡᠷᠭᠢᠯᠡᠭᠰᠡᠨ ᠡᠯ᠎ᠡ ᠲᠥᠷᠥᠯ ᠤᠨ ᠰᠣᠶᠣᠯ ᠪᠠ | ᠵᠢᠭᠤᠯᠴᠢᠯᠠᠯ ᠤᠨ ᠳᠡᠯᠭᠡᠨ ᠦᠵᠡᠭᠦᠯᠬᠦ ᠠᠵᠢᠯᠯᠠᠭ᠎ᠠ ᠳᠤ ᠢᠳᠡᠪᠬᠢᠲᠡᠶ ᠣᠷᠣᠯᠴᠠᠬᠤ ᠶᠢ ᠳᠡᠮᠵᠢᠨ᠎ᠡ᠃ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ | ᠣᠨᠴᠠᠯᠢᠬᠵᠢᠭᠰᠠᠨ ᠨᠠᠷᠠᠲᠤ ᠲᠥᠷᠥᠯ ᠲᠡᠮᠳᠡᠭᠲᠦ ᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠵᠣᠬᠢᠶᠠᠨ ᠪᠠᠶᠢᠭᠤᠯᠤᠨ ᠰᠣᠶᠣᠯ ᠵᠢᠭᠤᠯᠴᠢᠯᠠᠯ ᠤᠨ ᠠᠵᠤ | ᠠᠬᠤᠶᠢᠯᠠᠯ ᠵᠢᠴᠢ ᠬᠤᠪᠢ ᠬᠥᠮᠦᠨ ᠤ ᠰᠢᠨ᠎ᠡ ᠵᠠᠭᠤᠴᠢᠯᠠᠭᠤᠷ ᠤᠨ ᠮᠡᠷᠭᠡᠵᠢᠯ ᠢ ᠠᠰᠢᠭᠯᠠᠨ᠂ ᠪᠢᠴᠢᠯ ᠺᠢᠨᠣ᠋᠂ ᠣᠬᠤᠷ ᠸᠢᠳᠢᠤ᠋ ᠳᠠᠪᠲᠠᠮᠵᠢ᠂ ᠤᠤᠭᠠᠯ ᠤᠷᠠᠨ ᠵᠣᠬᠢᠶᠠᠯ᠂ | ᠬᠡᠷᠡᠯ ᠵᠢᠷᠤᠭ᠂ ᠳᠠᠭᠤᠤ ᠬᠥᠭᠵᠢᠮ ᠵᠡᠷᠭᠡ ᠪᠠᠷ ᠠᠴᠢᠶᠠᠯᠠᠪᠤᠷᠢ ᠪᠣᠯᠭᠠᠵᠤ᠂ ᠣᠷᠳᠣᠰ ᠤᠨ ᠰᠣᠶᠣᠯ ᠪᠠ ᠵᠢᠭᠤᠯᠴᠢᠯᠠᠯ ᠢᠶᠠᠷ ᠰᠡᠳᠦᠪᠯᠡᠭᠰᠡᠨ ᠪᠤᠶᠤ ᠠᠬᠤᠶ | ᠪᠠᠶᠢᠳᠠᠯ ᠤᠨ ᠪᠦᠲᠦᠭᠡᠯ ᠢ ᠵᠣᠬᠢᠶᠠᠨ ᠪᠦᠲᠦᠭᠡᠬᠦ ᠶᠢᠨ ᠬᠠᠮᠲᠤ ᠥᠷᠭᠡᠨ ᠢᠶᠠᠷ ᠤᠯᠠᠮᠵᠢᠯᠠᠬᠤ ᠶᠢ ᠵᠣᠷᠢᠭᠵᠢᠭᠤᠯᠵᠤ᠂ ᠤᠯᠠᠮᠵᠢᠯᠠᠨ ᠳᠠᠮᠵᠢᠭᠤᠯᠬᠤ ᠦᠢᠯᠡᠳᠦᠯ ᠪᠠ | ᠨᠥᠯᠥᠭᠡᠯᠡᠬᠦ ᠬᠦᠴᠦᠨ ᠢ ᠦᠨᠳᠦᠰᠦᠯᠡᠨ᠂ ᠪᠣᠳᠠᠲᠠᠶ ᠪᠠᠯᠠ ᠣᠷᠣᠭᠤᠯᠤᠯᠲᠠ ᠶᠢᠨ 30% ᠪᠠᠷ ᠪᠠᠯᠠ ᠮᠥᠩᠭᠦ ᠶᠢᠨ ᠱᠠᠩᠨᠠᠯ ᠣᠯᠭᠤᠵᠤ᠂ ᠬᠠᠮᠤᠭ ᠤᠨ | ᠥᠨᠳᠥᠷ ᠲᠡᠭᠡᠨ 50 ᠲᠦᠮᠡᠨ ᠲᠥᠭᠦᠷᠢᠭ ᠢᠶᠠᠷ ᠨᠥᠬᠦᠪᠦᠷᠢᠯᠡᠨ᠎ᠡ᠃ | ᠨᠠᠢᠮᠠ᠂ ᠵᠢᠭᠤᠯᠴᠢᠯᠠᠭᠰᠠᠳ ᠤᠨ ᠢᠷᠡᠯᠲᠡ ᠶᠢᠨ ᠵᠠᠬ᠎ᠠ ᠳᠡᠯᠭᠡᠭᠦᠷ ᠢ ᠨᠡᠭᠡᠭᠡᠬᠦ ᠶᠢ ᠵᠣᠷᠢᠭᠵᠢᠭᠤᠯᠤᠨ᠎ᠠ᠃ ᠵᠢᠭᠤᠯᠴᠢᠯᠠᠯ ᠤᠨ ᠦᠢᠯᠡᠴᠢᠯᠡᠬᠡᠨ ᠤ ᠭᠠᠵᠠᠷ ᠤᠨ | ᠬᠤᠲᠠ ᠶᠢᠨ ᠭᠠᠳᠠᠨᠠᠬᠢ ᠵᠢᠭᠤᠯᠴᠢᠯᠠᠭᠴᠢᠳ ᠢ ᠢᠳᠡᠪᠬᠢᠲᠡᠶ ᠪᠠᠷ ᠵᠣᠬᠢᠶᠠᠨ ᠪᠠᠶᠢᠭᠤᠯᠵᠤ ᠮᠠᠨ ᠤ ᠬᠤᠲᠠ ᠳᠤ ᠵᠢᠭᠤᠯᠴᠢᠯᠠᠬᠤ ᠶᠢ ᠵᠣᠷᠢᠭᠵᠢᠭᠤᠯᠵᠤ᠂ ᠪᠥᠬᠦ ᠵᠢᠯ ᠳᠤ | ᠬᠤᠲᠠ ᠶᠢᠨ ᠭᠠᠳᠠᠨᠠᠬᠢ ᠵᠢᠭᠤᠯᠴᠢᠯᠠᠭᠴᠢᠳ ᠢ ᠨᠡᠶᠢᠲᠡ 500 ᠬᠥᠮᠦᠨ ᠤᠳᠠᠭ᠎ᠠ ︵ᠪᠠᠭᠲᠠᠨ᠎ᠠ︶ ᠠᠴᠠ ᠳᠡᠭᠡᠭᠰᠢ ᠵᠣᠬᠢᠶᠠᠨ ᠪᠠᠶᠢᠭᠤᠯᠤᠭᠰᠠᠨ ᠮᠥᠷᠲᠡᠭᠡᠨ ᠨᠠᠭᠠᠲᠤ | ᠵᠠᠬ᠎ᠠ ᠳᠠᠭᠠᠨ 2 ᠤᠯᠤᠰ ᠤᠨ 4A ᠲᠠᠰ ᠠᠴᠠ ᠳᠡᠭᠡᠭᠰᠢᠬᠢ ᠵᠢᠭᠤᠯᠴᠢᠯᠠᠯ ᠤᠨ ᠦᠵᠡᠮᠵᠢ ᠶᠢᠨ ᠣᠷᠣᠨ ᠢᠶᠠᠷ ᠵᠢᠭᠤᠯᠴᠢᠯᠠᠭᠰᠠᠨ ᠪᠦᠬᠡᠳ ᠬᠤᠲᠠ ᠶᠢᠨ ᠳᠣᠲᠣᠷᠠᠬᠢ | ᠵᠢᠭᠤᠯᠴᠢᠯᠠᠯ ᠤᠨ ᠪᠠᠭᠤᠳᠠᠯ ᠳᠤ ᠪᠦᠬᠦᠯᠢ 2 ᠰᠥᠨᠢ ᠬᠤᠨᠣᠭᠰᠠᠨ ᠪᠠᠶᠢᠪᠠᠯ᠂ ᠵᠢᠭᠤᠯᠴᠢᠯᠠᠭᠴᠢᠳ ᠢ ᠮᠠᠨ ᠤ ᠬᠤᠲᠠ ᠳᠤ ᠬᠥᠮᠦᠨ ᠪᠦᠷᠢ ᠰᠥᠨᠢ ᠳᠡᠭᠡᠨ 30 | ᠲᠥᠭᠦᠷᠢᠭ ᠤᠨ ᠪᠠᠷᠢᠮᠵᠢᠶ᠎ᠠ ᠪᠠᠷ ᠵᠣᠬᠢᠶᠠᠨ ᠪᠠᠶᠢᠭᠤᠯᠤᠭᠰᠠᠨ ᠡᠲᠡᠭᠡᠳ ᠢ ᠱᠠᠩᠨᠠᠨ᠎ᠠ︔ ᠵᠢᠭᠤᠯᠴᠢᠯᠠᠯ ᠤᠨ ᠦᠢᠯᠡᠴᠢᠯᠡᠬᠡᠨ ᠤ ᠭᠠᠵᠠᠷ ᠤᠨ ᠣᠷᠳᠣᠰ ᠲᠤ ᠢᠷᠡᠬᠦ | ᠵᠢᠭᠤᠯᠴᠢᠯᠠᠯ ᠤᠨ ᠨᠢᠰᠬᠡᠯ ᠬᠦᠯᠦᠰᠯᠡᠨ ᠳᠠᠭᠠᠭᠠᠴᠢᠯᠠᠬᠤ ᠪᠠ ᠵᠢᠭᠤᠯᠴᠢᠯᠠᠯ ᠤᠨ ᠲᠤᠰᠬᠠᠶ ᠴᠤᠪᠤᠭ᠎ᠠ ᠲᠡᠷᠭᠡ ᠶᠢᠨ ᠲᠤᠬᠠᠶᠢᠯᠠᠭᠰᠠᠨ ᠠᠵᠢᠯ ᠥᠷᠨᠢᠭᠦᠯᠬᠦ ᠶᠢ ᠳᠡᠮᠵᠢᠵᠦ᠂ | ᠳᠡᠭᠡᠷ᠎ᠡ ᠳᠤᠷᠠᠳᠤᠭᠰᠠᠨ ᠱᠠᠭᠠᠷᠳᠠᠯᠭ᠎ᠠ ᠶᠢ ᠬᠠᠩᠭᠠᠭᠰᠠᠨ ᠰᠠᠭᠤᠷᠢᠨ ᠳᠡᠭᠡᠷ᠎ᠡ᠂ ᠵᠢᠭᠤᠯᠴᠢᠯᠠᠯ ᠤᠨ ᠨᠢᠰᠬᠡᠯ ᠬᠦᠯᠦᠰᠯᠡᠨ ᠲᠠᠭᠠᠭᠠᠴᠢᠯᠠᠭᠠᠳ ᠡᠭᠡᠯᠵᠢ ᠪᠦᠷᠢ ᠳᠤ 100 | ᠬᠥᠮᠦᠨ ︵ᠪᠠᠭᠲᠠᠨ᠎ᠠ︶ ᠠᠴᠠ ᠳᠡᠭᠡᠭᠰᠢ ᠪᠠᠶᠢᠪᠠᠯ᠂ ᠤᠯᠤᠰ ᠤᠨ ᠳᠣᠲᠣᠭᠠᠳᠤ ᠶᠢᠨ ᠠᠶᠠᠯᠠᠯ ᠤᠨ ᠱᠤᠭᠤᠮ ᠤᠨ ᠡᠭᠡᠯᠵᠢ ᠪᠦᠷᠢ ᠳᠤ 5 ᠲᠦᠮᠡᠨ ᠲᠥᠭᠦᠷᠢᠭ ᠱᠠᠩᠨᠠᠵᠤ | ᠂ ᠣᠯᠠᠨ ᠤᠯᠤᠰ ᠤᠨ ᠠᠶᠠᠯᠠᠯ ᠤᠨ ᠱᠤᠭᠤᠮ ᠤᠨ ᠡᠭᠡᠯᠵᠢ ᠪᠦᠷᠢ ᠳᠤ 10 ᠲᠦᠮᠡᠨ ᠲᠥᠭᠦᠷᠢᠭ ᠱᠠᠩᠨᠠᠵᠤ᠂ ᠵᠢᠭᠤᠯᠴᠢᠯᠠᠯ ᠤᠨ ᠲᠤᠰᠬᠠᠶ ᠴᠤᠪᠤᠭ᠎ᠠ ᠲᠡᠷᠭᠡ ᠨᠢᠭᠡᠯᠡ | ᠤᠳᠠᠭ᠎ᠠ ᠶᠢᠨ ᠴᠢᠨᠠᠷᠲᠠᠶ ᠪᠠᠷ ᠬᠤᠲᠠ ᠶᠢᠨ ᠭᠠᠳᠠᠨᠠᠬᠢ ᠵᠤᠭᠠᠴᠠᠭᠰᠠᠳ ᠢ 300 ᠬᠥᠮᠦᠨ ︵ᠪᠠᠭᠲᠠᠨ᠎ᠠ︶ ᠠᠴᠠ ᠳᠡᠭᠡᠭᠰᠢ ᠵᠣᠬᠢᠶᠠᠨ ᠪᠠᠶᠢᠭᠤᠯᠤᠭᠰᠠᠨ ᠪᠠᠶᠢᠪᠠᠯ᠂ | ᠴᠤᠪᠤᠭ᠎ᠠ ᠪᠦᠷᠢ ᠳᠤ 5 ᠲᠦᠮᠡᠨ ᠲᠥᠭᠦᠷᠢᠭ ᠱᠠᠩᠨᠠᠨ᠎ᠠ᠃ | ᠶᠢᠰᠦ᠂ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ᠶᠢ ᠪᠤᠶᠢᠵᠢᠭᠤᠯᠤᠨ᠎ᠠ᠃ ᠰᠣᠶᠣᠯ ᠪᠠ ᠵᠢᠭᠤᠯᠴᠢᠯᠠᠯ ᠤᠨ ᠨᠠᠷᠠᠲᠤ ᠲᠥᠷᠥᠯ | ᠲᠡᠮᠳᠡᠭᠲᠦ ᠶᠢ ᠡᠭᠦᠳᠦᠨ ᠪᠠᠶᠢᠭᠤᠯᠬᠤ ᠶᠢ ᠵᠣᠷᠢᠭᠵᠢᠭᠤᠯᠵᠤ᠂ ᠤᠯᠤᠰ ᠤᠨ ᠬᠤᠯᠪᠣᠭᠳᠠᠯ ᠪᠥᠬᠦᠶ ᠶᠠᠮᠤᠨ ᠵᠥᠪᠯᠡᠯ ᠠᠴᠠ ᠤᠯᠤᠰ ᠤᠨ ᠪᠥᠬᠦ ᠤᠷᠤᠨ ᠪᠦᠰᠡ ᠶᠢᠨ | ᠵᠢᠭᠤᠯᠴᠢᠯᠠᠯ ᠤᠨ ᠵᠢᠱᠢᠶ᠎ᠡ ᠦᠵᠡᠭᠦᠯᠬᠦ ᠣᠷᠣᠨ᠂ ᠤᠯᠤᠰ ᠤᠨ 5A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠤᠯᠤᠰ ᠤᠨ ᠲᠠᠰ ᠤᠨ ᠰᠡᠯᠡᠭᠦᠴᠡᠯ | ᠵᠢᠭᠤᠯᠴᠢᠯᠠᠯ ᠠᠮᠠᠷᠠᠯᠲᠠ ᠶᠢᠨ ᠣᠷᠣᠨ᠂ ᠲᠠᠪᠤᠨ ᠣᠳᠣᠨ ᠲᠠᠰ ᠤᠨ ᠵᠣᠴᠢᠳ ᠤᠨ ᠪᠠᠭᠤᠳᠠᠯ ᠢᠶᠠᠷ ᠦᠨᠡᠯᠡᠨ ᠲᠣᠭᠳᠠᠭᠠᠭᠳᠠᠭᠰᠠᠨ ᠪᠦᠬᠦᠨ ᠢ ᠨᠢᠭᠡᠯᠡ ᠤᠳᠠᠭ᠎ᠠ ᠶᠢᠨ | ᠴᠢᠨᠠᠷᠲᠠᠶ ᠪᠠᠷ 100 ᠲᠦᠮᠡᠨ ᠲᠥᠭᠦᠷᠢᠭ ᠢᠶᠠᠷ ᠱᠠᠩᠨᠠᠨ᠎ᠠ︔ ᠤᠯᠤᠰ ᠤᠨ ᠰᠣᠶᠣᠯ ᠤᠨ ᠠᠵᠤ ᠦᠢᠯᠡᠰ ᠤᠨ ᠵᠢᠱᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ | ᠤᠯᠤᠰ ᠤᠨ ᠰᠣᠶᠣᠯ ᠪᠠ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠰᠤᠯᠴᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠤᠯᠤᠰ ᠤᠨ ᠰᠥᠨᠢ ᠶᠢᠨ ᠰᠣᠶᠣᠯ | ᠵᠢᠭᠤᠯᠴᠢᠯᠠᠯ ᠤᠨ ᠬᠡᠷᠡᠭᠯᠡᠭᠡᠨ ᠤ ᠲᠥᠪᠯᠡᠷᠡᠭᠰᠡᠨ ᠣᠷᠣᠨ᠂ ᠪᠥᠬᠦ ᠤᠯᠤᠰ ᠤᠨ ᠰᠡᠯᠡᠭᠦᠴᠡᠯ ᠤᠨ ᠲᠠᠷᠢᠶᠠᠯᠠᠩ ᠬᠢᠭᠡᠳ ᠬᠥᠳᠡᠭᠡ ᠲᠣᠰᠬᠤᠨ ᠤ ᠵᠢᠭᠤᠯᠴᠢᠯᠠᠯ ᠤᠨ | ᠵᠢᠱᠢᠶ᠎ᠡ ᠦᠵᠡᠭᠦᠯᠬᠦ ᠣᠷᠣᠨ ︵ᠴᠢᠬ︶᠂ ᠤᠯᠤᠰ ᠤᠨ ᠲᠠᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠭᠤᠤᠯᠳᠠᠯᠭ᠎ᠠ ᠲᠠᠢ ᠲᠣᠰᠬᠤᠨ ︵ᠭᠠᠴᠠᠭ᠎ᠠ︶᠂ 4A | ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠳᠥᠷᠪᠡᠨ ᠣᠳᠣᠨ ᠲᠠᠰ ᠤᠨ ᠵᠣᠴᠢᠳ ᠤᠨ ᠪᠠᠭᠤᠳᠠᠯ ᠢᠶᠠᠷ ᠰᠢᠨ᠎ᠡ ᠪᠠᠷ ᠦᠨᠡᠯᠡᠨ ᠲᠣᠭᠲᠠᠭᠠᠭᠰᠠᠨ ᠪᠠᠶᠢᠪᠠᠯ᠂ | ᠨᠢᠭᠡᠯᠡ ᠤᠳᠠᠭ᠎ᠠ ᠳᠤ 50 ᠲᠦᠮᠡᠨ ᠲᠥᠭᠦᠷᠢᠭ ᠢᠶᠠᠷ ᠱᠠᠩᠨᠠᠨ᠎ᠠ︔ ᠤᠯᠤᠰ ᠤᠨ ᠲᠠᠪᠤᠨ ᠣᠳᠣᠨ ᠲᠠᠰ ᠤᠨ ᠠᠷᠠᠳ ᠤᠨ ᠪᠠᠭᠤᠳᠠᠯ᠂ ᠥᠪᠡᠷᠲᠡᠭᠡᠨ ᠵᠠᠰᠠᠬᠤ | ᠣᠷᠣᠨ ᠤ 5A ᠲᠠᠰ ᠤᠨ ᠵᠢᠭᠤᠯᠴᠢᠯᠠᠯ ᠤᠨ ᠭᠠᠵᠠᠷ ᠪᠠ ᠤᠯᠤᠰ ᠤᠨ ᠳᠥᠷᠪᠡᠨ ᠣᠳᠣᠨ ᠲᠠᠰ ᠤᠨ ᠠᠷᠠᠳ ᠤᠨ ᠪᠠᠭᠤᠳᠠᠯ᠂ ᠥᠪᠡᠷᠲᠡᠭᠡᠨ ᠵᠠᠰᠠᠬᠤ ᠣᠷᠣᠨ ᠤ 4A | ᠲᠠᠰ ᠤᠨ ᠵᠢᠭᠤᠯᠴᠢᠯᠠᠯ ᠤᠨ ᠭᠠᠵᠠᠷ ᠢ ᠰᠢᠨ᠎ᠡ ᠪᠠᠷ ᠦᠨᠡᠯᠡᠨ ᠲᠤᠭᠳᠠᠭᠠᠭᠳᠠᠭᠰᠠᠨ ᠪᠠᠶᠢᠪᠠᠯ᠂ ᠲᠣᠰ ᠲᠣᠰ ᠨᠢᠬᠡᠯᠡ ᠤᠳᠠᠭ᠎ᠠ ᠶᠢᠨ ᠴᠢᠨᠠᠷᠲᠠᠶ ᠪᠠᠷ 10 ᠲᠦᠮᠡᠨ | ᠲᠥᠭᠦᠷᠢᠭ᠂ 5 ᠲᠦᠮᠡᠨ ᠲᠥᠭᠦᠷᠢᠭ ᠢᠶᠠᠷ ᠱᠠᠩᠨᠠᠨ᠎ᠠ︔ ᠥᠪᠡᠷᠲᠡᠭᠡᠨ ᠵᠠᠰᠠᠬᠤ ᠣᠷᠣᠨ ᠤ ᠲᠠᠪᠤᠨ ᠣᠳᠣᠨ ᠲᠠᠰ᠂ ᠳᠥᠷᠪᠡᠨ ᠣᠳᠣᠨ ᠲᠠᠰ ᠤᠨ ᠬᠥᠳᠡᠭᠡ | ᠲᠣᠰᠬᠤᠨ ᠤ ᠵᠢᠭᠤᠯᠴᠢᠯᠠᠯ ᠤᠨ ᠵᠣᠴᠢᠯᠠᠬᠤ ᠡᠷᠦᠬᠡ ᠪᠠᠷ ᠰᠢᠨ᠎ᠡ ᠪᠠᠷ ᠦᠨᠡᠯᠡᠨ ᠲᠣᠭᠲᠠᠭᠠᠭᠰᠠᠨ ᠪᠠᠶᠢᠪᠠᠯ᠂ ᠲᠣᠰ ᠲᠣᠰ ᠨᠢᠭᠡᠯᠡ ᠤᠳᠠᠭ᠎ᠠ ᠳᠤ 5 ᠲᠦᠮᠡᠨ | ᠲᠥᠭᠦᠷᠢᠭ᠂ 3 ᠲᠦᠮᠡᠨ ᠲᠥᠭᠦᠷᠢᠭ ᠢᠶᠠᠷ ᠱᠠᠩᠨᠠᠨ᠎ᠠ︔ ᠤᠯᠤᠰ ᠤᠨ ᠬᠤᠯᠪᠣᠭᠳᠠᠯ ᠪᠥᠬᠦᠶ ᠶᠠᠮᠤᠨ ᠵᠥᠪᠯᠡᠯ ᠵᠢᠴᠢ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ | ᠪᠥᠬᠦᠶ ᠲᠢᠩᠬᠢᠮ ᠲᠣᠪᠴᠢᠶ᠎ᠠ ᠠᠴᠠ ᠵᠣᠬᠢᠶᠠᠨ ᠪᠠᠶᠢᠭᠤᠯᠤᠭᠰᠠᠨ ᠪᠤᠶᠤ ᠡᠷᠬᠡ ᠣᠯᠭᠤᠵᠤ ᠡᠷᠭᠢᠯᠡᠭᠰᠡᠨ ᠬᠤᠪᠴᠠᠰᠤ ᠵᠠᠰᠠᠯ᠂ ᠰᠣᠶᠣᠯ ᠵᠢᠭᠤᠯᠴᠢᠯᠠᠯ ᠤᠨ ᠲᠠᠸᠠᠷ ᠤᠨ | ᠤᠷᠤᠯᠳᠤᠭᠠᠨ ᠳᠤ ᠭᠤᠷᠪᠠᠳᠤᠭᠠᠷ ᠳᠡᠰ ᠠᠴᠠ ᠳᠡᠭᠡᠭᠰᠢᠬᠢ ᠱᠠᠩᠨᠠᠯ ᠣᠯᠤᠭᠰᠠᠨ ᠪᠠᠶᠢᠪᠠᠯ᠂ ᠲᠣᠰ ᠲᠣᠰ ᠨᠢᠬᠡᠯᠡ ᠤᠳᠠᠭ᠎ᠠ ᠶᠢᠨ ᠴᠢᠨᠠᠷᠲᠠᠶ ᠪᠠᠷ 5 ᠲᠦᠮᠡᠨ | ᠲᠥᠭᠦᠷᠢᠭ᠂ 2 ᠲᠦᠮᠡᠨ ᠲᠥᠭᠦᠷᠢᠭ ᠢᠶᠠᠷ ᠱᠠᠩᠨᠠᠨ᠎ᠠ᠃ | ᠠᠷᠪᠠ᠂ ᠪᠠᠯᠠ ᠮᠥᠩᠭᠦ ᠪᠠ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢ ᠴᠢᠩᠭᠠᠳᠬᠠᠨ᠎ᠠ᠃ ᠬᠤᠲᠠ ᠶᠢᠨ ᠲᠤᠰ ᠱᠠᠲᠤᠨ ᠤ ᠡᠳ᠋ ᠤᠨ ᠵᠠᠰᠠᠭ ᠠᠴᠠ ᠵᠢᠯ | ᠪᠦᠷᠢ ᠶᠢᠨ ᠲᠥᠰᠦᠪ ᠲᠤ 2000 ᠲᠦᠮᠡᠨ ᠲᠥᠭᠦᠷᠢᠭ ᠤᠨ ᠰᠣᠶᠣᠯ ᠪᠠ ᠵᠢᠭᠤᠯᠴᠢᠯᠠᠯ ᠤᠨ ᠬᠡᠷᠡᠭᠯᠡᠭᠡ ᠶᠢ ᠠᠬᠢᠭᠤᠯᠬᠤ ᠲᠤᠰᠬᠠᠶ ᠪᠡᠯᠡ ᠮᠥᠩᠭᠦ ᠲᠣᠬᠢᠷᠠᠭᠤᠯᠵᠤ᠂ | ᠲᠡᠷᠡᠴᠢᠯᠡᠨ ᠤᠯᠤᠰ᠂ ᠥᠪᠡᠷᠲᠡᠭᠡᠨ ᠵᠠᠰᠠᠬᠤ ᠣᠷᠣᠨ ᠤ ᠰᠣᠶᠣᠯ ᠪᠠ ᠵᠢᠭᠤᠯᠴᠢᠯᠠᠯ ᠤᠨ ᠬᠡᠷᠡᠭᠯᠡᠭᠡᠨ ᠳᠤ ᠬᠡᠷᠡᠭᠯᠡᠬᠦ ᠲᠤᠰᠬᠠᠶ ᠵᠦᠢᠯ ᠤᠨ ᠲᠡᠮᠵᠢᠯᠬᠡ ᠶᠢᠨ ᠪᠡᠯᠡ | ᠮᠥᠩᠭᠦ ᠶᠢ ᠡᠮᠬᠢᠯᠡᠨ ᠨᠡᠶᠢᠯᠡᠭᠦᠯᠵᠦ᠂ ᠭᠤᠣᠯᠳᠠᠭᠤ ᠲᠤᠰ ᠠᠷᠭ᠎ᠠ ᠬᠡᠮᠵᠢᠶ᠎ᠡ ᠪᠠᠷ ᠳᠡᠮᠵᠢᠬᠦ ᠲᠥᠷᠥᠯ ᠵᠦᠢᠯ ᠤᠨ ᠬᠥᠲᠥᠯᠥᠨ ᠵᠢᠯᠣᠭᠤᠳᠬᠤ᠂ ᠲᠡᠳᠬᠦᠬᠦ᠂ ᠱᠠᠩᠨᠠᠬᠤ᠂ | ᠲᠤᠰᠠᠯᠠᠬᠤ ᠵᠡᠷᠭᠡ ᠰᠣᠶᠣᠯ ᠵᠢᠭᠤᠯᠴᠢᠯᠠᠯ ᠤᠨ ᠲᠤᠰᠬᠠᠶ ᠵᠦᠢᠯ ᠤᠨ ᠵᠠᠷᠤᠯᠭ᠎ᠠ ᠳᠤ ᠬᠡᠷᠡᠭᠯᠡᠵᠦ᠂ ᠡᠯ᠎ᠡ ᠬᠤᠰᠢᠭᠤ ᠲᠤᠭᠤᠷᠢᠭ ᠰᠣᠶᠣᠯ ᠪᠠ ᠵᠢᠭᠤᠯᠴᠢᠯᠠᠯ ᠤᠨ | ᠬᠡᠷᠡᠭᠯᠡᠭᠡᠨ ᠤ ᠳᠠᠯᠳᠠ ᠬᠦᠴᠦᠨ ᠢ ᠬᠥᠭᠵᠢᠭᠡᠬᠦ ᠪᠠᠯᠠ ᠮᠥᠩᠭᠦ ᠶᠢᠨ ᠳᠡᠮᠵᠢᠯᠭᠡ ᠶᠢᠨ ᠡᠷᠴᠢᠮ ᠢᠶᠠᠨ ᠴᠢᠩᠭᠠᠳᠬᠠᠵᠤ᠂ ᠬᠥᠲᠥᠯᠦᠨ ᠳᠠᠭᠠᠭᠤᠯᠬᠤ ᠦᠢᠯᠡᠳᠦᠯ ᠲᠠᠢ | ᠲᠥᠷᠥᠯ ᠵᠦᠢᠯ ᠳᠤ ᠭᠤᠤᠯᠳᠠᠯᠭ᠎ᠠ ᠲᠠᠢ ᠲᠡᠮᠵᠢᠯᠬᠡ ᠦᠵᠡᠭᠦᠯᠵᠦ᠂ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠳᠤ ᠨᠡᠶᠢᠴᠡᠭᠰᠡᠨ ᠤᠷᠢᠲᠠᠯ ᠳᠣᠤᠷ᠎ᠠ᠂ | ᠲᠤᠬᠠᠶ ᠶᠢᠨ ᠭᠠᠵᠠᠷ᠂ ᠤᠰᠤ᠂ ᠴᠠᠬᠢᠯᠭᠠᠨ᠂ ᠵᠠᠮ ᠵᠡᠷᠭᠡ ᠰᠠᠭᠤᠷᠢ ᠲᠦᠬᠦᠬᠡᠷᠦᠮᠵᠢ ᠶᠢᠨ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠤᠷᠢᠳᠠᠪᠠᠷ ᠳᠣᠭᠢᠷᠠᠭᠤᠯᠬᠤ | ᠬᠡᠷᠡᠭᠲᠡᠶ᠃ | ᠠᠷᠪᠠᠨ ᠨᠢᠭᠡ᠂ ᠪᠤᠰᠤᠳ ᠵᠦᠢᠯ᠃ ᠲᠤᠰ ᠠᠷᠭ᠎ᠠ ᠬᠡᠮᠵᠢᠶ᠎ᠡ ᠶᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠲᠠᠶᠢᠯᠪᠤᠷᠢᠯᠠᠨ᠎ᠠ᠂ | ᠬᠦᠴᠦᠨ ᠲᠠᠢ ᠬᠤᠭᠤᠴᠠᠭ᠎ᠠ ᠨᠢ 2 ᠵᠢᠯ᠂ ᠳᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ᠬᠤᠲᠠ ᠶᠢᠨ ᠰᠣᠶᠣᠯ ᠪᠠ ᠵᠢᠭᠤᠯᠴᠢᠯᠠᠯ ᠤᠨ | ᠲᠣᠪᠴᠢᠶ᠎ᠠ ᠨᠢ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠠᠢ ᠬᠠᠮᠲᠤᠷᠠᠨ ᠪᠣᠳᠠᠲᠠᠶ | ᠢᠵᠢ ᠪᠥᠷᠢᠳᠦᠭᠦᠯᠬᠦ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠵᠤ᠂ ᠬᠡᠷᠡᠭᠵᠢᠭᠦᠯᠬᠦ ᠨᠠᠷᠢᠨ ᠲᠦᠷᠢᠮ ᠢ ᠳᠠᠷᠤᠮᠠᠯᠯᠠᠨ ᠲᠠᠷᠬᠠᠭᠠᠭᠰᠠᠨ ᠤ ᠳᠠᠷᠠᠭ᠎ᠠ ᠲᠣᠰ ᠪᠢᠴᠢᠭ | ᠮᠠᠲ᠋ᠧᠷᠢᠶᠠᠯ ᠳᠤ ᠲᠣᠭᠲᠠᠭᠠᠭᠰᠠᠨ ᠨᠥᠬᠦᠪᠥᠷᠢ ᠥᠭᠬᠦ ᠵᠦᠢᠯᠡᠰ ᠢ ᠪᠣᠳᠠᠲᠠᠶ ᠬᠡᠷᠡᠭᠵᠢᠭᠦᠯᠵᠦ᠂ ᠬᠡᠷᠡᠭᠵᠢᠭᠦᠯᠬᠦ ᠨᠠᠷᠢᠨ ᠲᠦᠷᠢᠮ ᠳᠤ ᠱᠠᠩᠨᠠᠨ ᠬᠥᠬᠢᠭᠦᠯᠬᠦ | ᠨᠥᠬᠦᠪᠥᠷᠢ ᠶᠢᠨ ᠲᠥᠷᠥᠯ ᠵᠦᠢᠯ ᠤᠨ ᠲᠥᠷᠥᠯ ᠢᠯᠭᠠᠯ᠂ ᠨᠥᠬᠦᠪᠥᠷᠢ ᠥᠭᠬᠦ ᠪᠠᠷᠢᠮᠵᠢᠶ᠎ᠠ᠂ ᠵᠣᠬᠢᠶᠠᠨ ᠪᠠᠶᠢᠭᠤᠯᠬᠤ᠂ ᠭᠤᠶᠤᠴᠢᠯᠠᠨ ᠮᠡᠳᠡᠭᠦᠯᠬᠦ᠂ ᠬᠢᠨᠠᠨ | ᠬᠠᠷᠭᠤᠭᠤᠯᠬᠤ᠂ ᠢᠯᠡ ᠨᠡᠶᠢᠲᠡᠯᠡᠬᠦ᠂ ᠲᠣᠭᠲᠠᠭᠠᠬᠤ᠂ ᠪᠣᠳᠠᠲᠠᠶ ᠪᠠᠷ ᠪᠡᠶᠡᠯᠡᠭᠦᠯᠬᠦ ᠵᠡᠷᠭᠡ ᠲᠠᠰ ᠳᠠᠷᠠᠭᠠᠯᠠᠯ ᠢ ᠲᠣᠳᠣᠷᠬᠠᠶᠢᠯᠠᠬᠤ ᠬᠡᠷᠡᠭᠲᠡᠶ᠃ ︽ᠰᠣᠶᠣᠯ ᠤᠨ | ᠬᠡᠷᠡᠭᠯᠡᠭᠡ ᠶᠢ ᠠᠬᠢᠭᠤᠯᠬᠤ ᠲᠤᠬᠠᠶ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠲᠥᠰᠦᠯ︾ ︵ᠣᠷᠳᠣᠰ | ᠵᠠᠰᠠᠭ ᠠᠯᠪᠠᠨ ᠲᠠᠷᠬᠠᠭᠠᠭᠰᠠᠨ ﹇2016﹈ 59 ᠳ᠋ᠣᠭᠡᠷ ᠲᠣᠭᠠᠲᠤ︶ ᠪᠠ ︽ᠣᠷᠳᠣᠰ ᠬᠤᠲᠠ ᠶᠢᠨ ᠪᠥᠬᠦ ᠤᠷᠤᠨ ᠪᠦᠰᠡ ᠶᠢᠨ ᠵᠢᠭᠤᠯᠴᠢᠯᠠᠯ ᠤᠨ | ᠬᠥᠭᠵᠢᠯᠲᠡ ᠶᠢ ᠳᠡᠮᠵᠢᠨ ᠠᠬᠢᠭᠤᠯᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ︾ ︵ᠣᠷᠳᠣᠰ ᠵᠠᠰᠠᠭ ᠠᠯᠪᠠᠨ ᠲᠠᠷᠬᠠᠭᠠᠭᠰᠠᠨ ﹇2017﹈ 93 | ᠳ᠋ᠤᠭᠠᠷ ᠲᠣᠭᠠᠲᠤ︶ ᠢ ᠬᠠᠮᠲᠤ ᠳᠤᠨᠢ ᠬᠦᠴᠦᠨ ᠥᠬᠡᠶ ᠪᠣᠯᠭᠠᠨ᠎ᠠ᠃ | |