ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ | ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠣᠶᠢᠯᠡᠰ ᠤᠨ ᠨᠢᠭᠡᠴᠡ ᠳᠤ᠄ | ︽ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠰᠢᠯᠭᠠᠨ ᠬᠢᠨᠠᠬᠤ ᠠᠷᠭ᠎ᠠ︾ ᠶᠢ ᠬᠤᠲᠠ ᠶᠢᠨ ᠠᠷᠠᠳ | ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃ | ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2021 ᠣᠨ ᠤ 2 ᠰᠠᠷ᠎ᠠ ᠶᠢᠨ 25 ᠤ ᠡᠳᠦᠷ | | | | | | ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠦᠪᠯᠡᠭᠴᠢ ᠶᠢ ᠰᠢᠯᠭᠠᠨ ᠬᠢᠨᠠᠬᠤ ᠠᠷᠭ᠎ᠠ | ᠨᠢᠭᠡᠳᠦᠭᠡᠷ ᠵᠣᠶᠢᠯ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠬᠠᠮᠢᠶᠠᠷᠤᠯᠲᠠ ᠶᠢ ᠵᠢᠷᠤᠮᠵᠢᠭᠤᠯᠵᠤ᠂ ᠬᠠᠤᠯᠢ ᠶᠣᠰᠣᠭᠠᠷ ᠵᠠᠰᠠᠭ | ᠶᠠᠪᠤᠭᠤᠯᠬᠤ ᠶᠢ ᠠᠬᠢᠭᠤᠯᠬᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ ᠳᠤᠮᠳᠠᠬᠢ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ | ᠶᠢᠨ ᠢᠳᠡᠪᠬᠢ ᠣᠶᠢᠯᠡᠳᠤᠯ ᠢ ᠪᠠᠳᠠᠷᠠᠭᠤᠯᠬᠤ ᠶᠢᠨ ᠲᠤᠰᠠᠳᠠ᠂ ︽ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ | ᠶᠢᠨ ᠠᠵᠢᠯ ᠤᠨ ᠲᠣᠭᠲᠠᠭᠠᠯ︾ ᠢ ᠦᠨᠳᠦᠰᠦᠯᠡᠨ᠂ ᠲᠣᠰ ᠠᠷᠭ᠎ᠠ ᠶᠢ ᠲᠤᠭᠳᠠᠭᠠᠪᠠ᠃ | ᠬᠤᠶᠠᠳᠤᠭᠠᠷ ᠵᠣᠶᠢᠯ ᠲᠣᠰ ᠠᠷᠭ᠎ᠠ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠤᠰᠢᠶᠠᠯ ᠤᠨ ᠬᠤᠭᠤᠴᠠᠭᠠᠨ ᠳᠠᠬᠢ ᠵᠠᠰᠠᠭ ᠤᠨ ᠣᠷᠳᠣᠨ ᠤ | ᠭᠠᠳᠠᠨ᠎ᠠ ᠠᠴᠠ ᠤᠷᠢᠭᠰᠠᠨ ᠬᠠᠤᠯᠢ ᠴᠠᠭᠠᠵᠠ ᠶᠢᠨ ᠵᠦᠪᠯᠡᠭᠴᠢ ᠶᠢ ᠰᠢᠯᠭᠠᠨ ᠬᠢᠨᠠᠬᠤ ᠠᠵᠢᠯ ᠳᠤ ᠬᠡᠷᠡᠭᠯᠡᠨ᠎ᠡ᠃ | ᠭᠤᠷᠪᠠᠳᠤᠭᠠᠷ ᠵᠣᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠭᠠᠳᠠᠨ᠎ᠠ ᠠᠴᠠ ᠤᠷᠢᠭᠰᠠᠨ ᠬᠠᠤᠯᠢ ᠴᠠᠭᠠᠵᠠ ᠶᠢᠨ ᠵᠥᠪᠯᠡᠭᠴᠢ ︵ᠲᠤᠤᠷ᠎ᠠ | ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠬᠡᠨ᠎ᠡ︶ ᠶᠢᠨ ᠰᠢᠯᠭᠠᠨ ᠬᠢᠨᠠᠯᠳᠠ ᠳᠤ ᠣᠨ ᠤ ᠡᠳᠦᠷ ᠲᠤᠲᠤᠮ ᠤᠨ ᠠᠵᠢᠯ ᠤᠨ ᠰᠢᠯᠭᠠᠨ ᠬᠢᠨᠠᠯᠳᠠ | ᠪᠠ ᠲᠤᠰᠢᠶᠠᠯ ᠤᠨ ᠬᠤᠭᠤᠴᠠᠭᠠᠨ ᠳᠠᠬᠢ ᠠᠵᠢᠯ ᠤᠨ ᠰᠢᠯᠭᠠᠨ ᠬᠢᠨᠠᠯᠳᠠ ᠪᠠᠭᠳᠠᠨ᠎ᠠ᠃ | ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠰᠢᠯᠭᠠᠨ ᠬᠢᠨᠠᠬᠤ ᠠᠵᠢᠯ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ | ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠠᠯᠠᠭ᠎ᠠ ᠠᠴᠠ ᠵᠤᠬᠢᠶᠠᠨ ᠪᠠᠶᠢᠭᠤᠯᠤᠨ ᠬᠡᠷᠡᠭᠵᠢᠭᠦᠯᠬᠦ ᠶᠢ ᠪᠤᠳᠠᠳᠠᠢ ᠬᠠᠷᠢᠭᠤᠴᠠᠨ᠎ᠠ᠃ | ᠳᠥᠷᠪᠡᠳᠦᠭᠡᠷ ᠵᠣᠶᠢᠯ ᠣᠨ ᠤ ᠡᠳᠦᠷ ᠲᠤᠲᠤᠮ ᠤᠨ ᠰᠢᠯᠭᠠᠨ ᠬᠢᠨᠠᠯᠳᠠ ᠳᠤ ᠬᠤᠪᠢ ᠲᠣᠭᠲᠠᠭᠠᠬᠤ ᠲᠦᠷᠢᠮ ᠢ ᠬᠡᠷᠡᠭᠵᠢᠭᠦᠯᠵᠦ᠂ ᠶᠡᠷᠦᠩᠬᠡᠶ ᠬᠤᠪᠢ ᠨᠢ | 100 ᠬᠤᠪᠢ ᠪᠠᠶᠢᠵᠤ᠂ ᠰᠢᠯᠭᠠᠨ ᠬᠢᠨᠠᠬᠤ ᠠᠭᠤᠯᠭ᠎ᠠ ᠪᠦᠷᠢ ᠶᠢᠨ ᠬᠠᠰᠤᠭᠰᠠᠨ ᠬᠤᠪᠢ ᠶᠢᠨ ᠨᠡᠶᠢᠯᠡᠪᠦᠷᠢ ᠨᠢ ᠴᠥᠮ ᠲᠣᠰ ᠵᠣᠶᠢᠯ ᠤᠨ ᠶᠡᠷᠦᠩᠬᠡᠶ ᠬᠤᠪᠢ ᠠᠴᠠ | ᠬᠡᠲᠦᠷᠡᠵᠦ ᠪᠣᠯᠬᠤ ᠥᠬᠡᠶ︔ ᠠᠰ ᠲᠤᠨᠢ ᠬᠤᠪᠢ ᠨᠡᠮᠡᠬᠦ ᠲᠥᠷᠥᠯ ᠵᠣᠶᠢᠯ ᠨᠢ ᠨᠡᠶᠢᠯᠡᠭᠡᠳ 20 ᠬᠤᠪᠢ ᠠᠴᠠ ᠬᠡᠲᠦᠷᠡᠵᠦ ᠪᠣᠯᠬᠤ ᠥᠬᠡᠶ᠃ ᠪᠣᠳᠠᠲᠠᠶ ᠬᠤᠪᠢ | ᠲᠤᠭᠳᠠᠭᠠᠬᠤ ᠪᠠᠷᠢᠮᠵᠢᠶ᠎ᠠ ᠨᠢ ᠳᠣᠤᠷᠠᠬᠢ ᠮᠡᠲᠦ᠄ | ︵ᠨᠢᠭᠡ︶ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠭᠰᠡᠨ ᠢ ᠰᠢᠯᠭᠠᠨ ᠬᠢᠨᠠᠬᠤ ︵40 ᠬᠤᠪᠢ︶ | 1. ᠱᠠᠭᠠᠷᠳᠠᠯᠭ᠎ᠠ ᠶᠣᠰᠣᠭᠠᠷ ᠬᠠᠤᠯᠢ ᠴᠠᠭᠠᠵᠠ ᠶᠢᠨ ᠰᠠᠨᠠᠯ ᠤᠨ ᠪᠢᠴᠢᠭ ᠪᠠ ᠪᠤᠰᠤᠳ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠭᠠᠷᠭᠠᠵᠤ ᠥᠭᠭᠦᠭᠰᠡᠨ | ᠦᠭᠡᠢ ᠪᠤᠯ᠂ ᠨᠢᠭᠡ ᠤᠳᠠᠭ᠎ᠠ ᠳᠤ 15 ᠬᠤᠪᠢ ᠬᠠᠰᠤᠨ᠎ᠠ᠃ | 2. ᠲᠤᠰ ᠪᠡᠶ᠎ᠡ ᠶᠢᠨ ᠠᠯᠳᠠᠭ᠎ᠠ ᠪᠤᠷᠤᠭᠤ ᠠᠴᠠ ᠪᠤᠯᠵᠤ ᠵᠠᠷᠭᠤ ᠢᠯᠠᠭᠳᠠᠵᠤ᠂ ᠵᠠᠰᠠᠭ ᠤᠨ ᠣᠷᠳᠣᠨ ᠳᠤ ᠠᠵᠤ ᠠᠬᠤᠶ ᠶᠢᠨ ᠬᠤᠬᠢᠷᠠᠯ ᠪᠤᠶᠤ ᠮᠠᠭᠤ ᠨᠥᠯᠥᠭᠡ | ᠤᠴᠠᠷᠠᠭᠤᠯᠤᠭᠰᠠᠨ ᠪᠤᠯ᠂ ᠨᠢᠭᠡ ᠤᠳᠠᠭ᠎ᠠ ᠳᠤ 15 ᠬᠤᠪᠢ ᠬᠠᠰᠤᠨ᠎ᠠ᠃ | 3. ᠰᠠᠨᠠᠯ ᠬᠤᠷᠢᠶᠠᠬᠤ ᠪᠠᠷ ᠳᠡᠮᠵᠢᠨ᠂ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠢ ᠭᠦᠢᠴᠡᠳᠬᠡᠬᠦ ᠳᠤ ᠬᠠᠨᠤᠮᠵᠢ ᠥᠬᠡᠶ ᠪᠤᠯ᠂ | ᠨᠢᠭᠡ ᠤᠳᠠᠭ᠎ᠠ ᠳᠤ 10 ᠬᠤᠪᠢ ᠬᠠᠰᠤᠨ᠎ᠠ᠃ | 4. ᠪᠤᠰᠤᠳ ᠱᠠᠭᠠᠷᠳᠠᠯᠭ᠎ᠠ ᠶᠣᠰᠣᠭᠠᠷ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠬᠠᠮᠢᠶ᠎ᠠ ᠪᠥᠬᠦᠶ ᠠᠵᠢᠯ ᠤᠨ ᠡᠭᠦᠷᠭᠡ ᠶᠢ | ᠪᠡᠶᠡᠯᠡᠭᠦᠯᠦᠭᠰᠡᠨ ᠥᠬᠡᠶ ᠪᠤᠯ᠂ ᠨᠢᠭᠡ ᠤᠳᠠᠭ᠎ᠠ ᠳᠤ 10 ᠬᠤᠪᠢ ᠬᠠᠰᠤᠨ᠎ᠠ᠃ | ︵ᠬᠤᠶᠠᠷ︶ ᠰᠠᠬᠢᠯᠭ᠎ᠠ ᠪᠠᠲᠤ ᠶᠢ ᠰᠠᠬᠢᠬᠤ ︵30 ᠬᠤᠪᠢ︶ | ᠲᠤᠤᠷᠠᠬᠢ ᠪᠠᠶᠢᠳᠠᠯ ᠲᠠᠢ ᠪᠤᠯ᠂ ᠤᠳᠠᠭ᠎ᠠ ᠪᠦᠷᠢ 5 ᠬᠤᠪᠢ ᠬᠠᠰᠤᠨ᠎ᠠ᠄ | 1. ᠵᠣᠬᠢᠰᠲᠠᠢ ᠰᠢᠯᠲᠠᠭᠠᠨ ᠤᠢᠭᠡᠢ ᠪᠠᠷ ᠲᠣᠮᠢᠯᠠᠯᠲᠠ ᠶᠢ ᠤᠢᠯᠦ ᠲᠡᠭᠠᠬᠰᠡᠠ︔ | 2. ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠬᠤᠷᠠᠯ ᠪᠤᠶᠤ ᠠᠵᠢᠯᠯᠠᠭ᠎ᠠ ᠳᠤ ᠰᠢᠯᠲᠠᠭᠠᠨ ᠥᠬᠡᠶ ᠪᠠᠷ ᠥᠯᠥ ᠣᠷᠣᠯᠴᠠᠭᠰᠠᠨ︔ | 3. ᠬᠠᠮᠲᠤ ᠳᠤᠨᠢ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠣᠶᠢᠯᠡᠴᠢᠯᠡᠬᠡᠨ ᠤ ᠠᠭᠤᠯᠭ᠎ᠠ ᠳᠤ ᠬᠤᠯᠪᠣᠭᠳᠠᠬᠤ ᠵᠠᠰᠠᠭ ᠵᠠᠬᠢᠷᠭᠠᠨ ᠤ | ᠬᠠᠷᠢᠴᠠᠩᠭᠤᠶ ᠬᠥᠮᠦᠨ ᠤ ᠨᠠᠶᠢᠳᠠᠯᠭ᠎ᠠ ᠶᠢ ᠭᠥᠯᠢᠶᠡᠨ ᠠᠪᠴᠤ᠂ ᠲᠡᠭᠦᠨ ᠳᠤ ᠬᠠᠤᠯᠢ ᠴᠠᠭᠠᠵᠠ ᠶᠢᠨ ᠣᠶᠢᠯᠡᠴᠢᠯᠡᠭᠡ ᠬᠠᠩᠭᠠᠭᠰᠠᠨ︔ | 4. ᠠᠵᠢᠯ ᠤᠨ ᠳᠤᠮᠳᠠ ᠲᠣᠬᠢᠶᠠᠯᠳᠤᠭᠰᠠᠨ ᠵᠠᠰᠠᠭ ᠤᠨ ᠣᠷᠳᠣᠨ ᠤ ᠠᠵᠢᠯ ᠤᠨ ᠬᠤᠯᠪᠣᠭᠳᠠᠯ ᠪᠦᠬᠦᠢ ᠨᠢᠭᠤᠴᠠ ᠪᠠ ᠢᠯᠡ ᠪᠣᠯᠭᠠᠬᠤ ᠳᠤ ᠲᠣᠬᠢᠷᠠᠮᠵᠢ | ᠦᠭᠡᠢ ᠪᠤᠰᠤᠳ ᠪᠠᠶᠢᠳᠠᠯ ᠢ ᠳᠤᠷ᠎ᠠ ᠪᠠᠷ ᠢᠶᠠᠨ ᠵᠠᠳᠠᠷᠠᠭᠤᠯᠤᠭᠰᠠᠨ︔ | 5. ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠠᠴᠠ ᠪᠤᠰᠤᠳ ᠲᠤᠬᠠᠶᠢᠯᠠᠭᠰᠠᠨ ᠠᠵᠢᠯ ᠢ ᠭᠦᠢᠴᠡᠳᠬᠡᠬᠦ ᠦᠶ᠎ᠡ ᠳᠤ᠂ ᠵᠠᠰᠠᠭ ᠤᠨ ᠣᠷᠳᠣᠨ | ᠤ ᠬᠠᠤᠯᠢ ᠴᠠᠭᠠᠵᠠ ᠶᠢᠨ ᠵᠥᠪᠯᠡᠭᠴᠢ ᠶᠢᠨ ᠬᠤᠪᠢ ᠪᠠᠷ ᠬᠤᠯᠪᠣᠭᠳᠠᠯ ᠪᠥᠬᠦᠶ ᠰᠠᠯᠠᠭ᠎ᠠ ᠮᠥᠴᠢᠷ ᠪᠠ ᠲᠤᠬᠠᠶ ᠶᠢᠨ ᠬᠥᠮᠦᠨ ᠳᠤ ᠨᠥᠯᠥᠭᠡ ᠦᠵᠡᠭᠦᠯᠦᠭᠰᠡᠨ︔ | 6. ᠪᠤᠰᠤᠳ ᠬᠠᠤᠯᠢ ᠴᠠᠭᠠᠵᠠ ᠶᠢᠨ ᠣᠶᠢᠯᠡᠴᠢᠯᠡᠬᠡᠨ ᠤ ᠠᠵᠢᠯ ᠤᠨ ᠰᠠᠬᠢᠯᠭ᠎ᠠ ᠪᠠᠲᠤ ᠵᠢᠴᠢ ︽ᠬᠠᠤᠯᠢ ᠴᠠᠭᠠᠵᠠ ᠶᠢᠨ ᠵᠥᠪᠯᠡᠭᠴᠢ ᠶᠢᠨ ᠲᠦᠷᠢᠮ ᠪᠠ ᠠᠯᠪᠠᠨ | ᠲᠤᠰᠢᠶᠠᠯᠲᠤ ᠬᠠᠤᠯᠢᠴᠢ ᠶᠢᠨ ᠺᠣᠮᠫᠠᠨᠢ ᠶᠢᠨ ᠬᠠᠤᠯᠢᠴᠢ ᠶᠢᠨ ᠲᠦᠷᠢᠮ ᠢ ᠬᠡᠷᠡᠭᠵᠢᠭᠦᠯᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ | ᠬᠡᠷᠡᠭᠵᠢᠭᠦᠯᠬᠦ ᠰᠠᠨᠠᠯ︾ ᠳᠤ ᠲᠣᠭᠲᠠᠭᠠᠭᠰᠠᠨ ᠠᠵᠢᠯ ᠡᠷᠭᠢᠯᠡᠬᠦ ᠶᠢ ᠴᠠᠭᠠᠵᠠᠯᠠᠬᠤ ᠡᠭᠦᠷᠭᠡ ᠠᠴᠠ ᠵᠥᠷᠢᠴᠡᠭᠰᠡᠨ᠃ | ︵ᠭᠤᠷᠪᠠ︶ ᠠᠵᠢᠯ ᠡᠷᠭᠢᠯᠡᠬᠦ ᠰᠢᠯᠭᠠᠨ ᠬᠢᠨᠠᠯᠳᠠ ᠶᠢ ᠵᠢᠷᠤᠮᠵᠢᠭᠤᠯᠬᠤ ︵30 ᠬᠤᠪᠢ︶ | 1. ᠪᠦᠷᠢᠨ ᠪᠦᠲᠦᠨ ᠠᠵᠢᠯ ᠤᠨ ᠲᠠᠩᠰᠠ ᠡᠪᠬᠡᠮᠡᠯ ᠲᠡᠮᠳᠡᠭᠯᠡᠯ ᠥᠬᠡᠶ ᠪᠤᠯ᠂ ᠨᠢᠭᠡ ᠤᠳᠠᠭ᠎ᠠ ᠳᠤ 10 ᠬᠤᠪᠢ ᠬᠠᠰᠤᠨ᠎ᠠ᠃ | 2. ᠲᠤᠰᠢᠶᠠᠯ ᠤᠨ ᠬᠤᠭᠤᠴᠠᠭᠠᠨ ᠳᠤ ᠵᠠᠭᠠᠯᠳᠤᠭᠳᠠᠨ ᠪᠠᠶᠢᠴᠠᠭᠠᠨ ᠳᠣᠲᠣᠯᠠᠭᠳᠠᠭᠰᠠᠨ ᠪᠤᠯ᠂ ᠨᠢᠭᠡ ᠤᠳᠠᠭ᠎ᠠ ᠳᠤ 10 ᠬᠤᠪᠢ ᠬᠠᠰᠤᠨ᠎ᠠ᠃ | 3. ᠲᠤᠰᠢᠶᠠᠯ ᠤᠨ ᠬᠤᠭᠤᠴᠠᠭᠠᠨ ᠳᠤ ᠬᠠᠤᠯᠢ ᠴᠠᠭᠠᠵᠠ ᠶᠢᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠵᠠᠰᠠᠭ ᠵᠠᠬᠢᠷᠭᠠᠨ ᠤ ᠰᠢᠳᠬᠡᠯ᠂ ᠬᠠᠤᠯᠢᠴᠢ ᠶᠢᠨ | ᠨᠡᠶᠢᠭᠡᠮᠯᠢᠭ ᠤᠨ ᠠᠵᠢᠯ ᠲᠦᠷᠦᠯ ᠤᠨ ᠰᠢᠳᠬᠡᠯ ᠪᠤᠶᠤ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠰᠢᠳᠬᠡᠯ ᠢ ᠣᠯᠤᠭᠰᠠᠨ ᠪᠤᠯ᠂ ᠨᠢᠭᠡ ᠤᠳᠠᠭ᠎ᠠ ᠳᠤ 15 | ᠬᠤᠪᠢ ᠬᠠᠰᠤᠨ᠎ᠠ᠃ | ︵ᠳᠥᠷᠪᠡ︶ ᠬᠤᠪᠢ ᠨᠡᠮᠡᠬᠦ ᠲᠥᠷᠥᠯ ᠵᠣᠶᠢᠯ ︵20 ᠬᠤᠪᠢ︶ | 1. ᠳᠤᠷᠠᠳᠤᠭᠰᠠᠨ ᠰᠠᠨᠠᠯ ᠪᠠ ᠰᠠᠨᠠᠭᠤᠯᠭ᠎ᠠ ᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ ᠴᠤᠬᠤᠯᠠᠪᠤᠷᠢᠯᠠᠨ ᠨᠤᠲᠠᠯᠠᠭᠰᠠᠨ ᠪᠤᠯ᠂ | ᠨᠢᠭᠡ ᠤᠳᠠᠭ᠎ᠠ ᠳᠤ 5 ᠬᠤᠪᠢ ᠨᠡᠮᠡᠨ᠎ᠡ᠃ | 2. ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠰᠠᠶᠢᠨ ᠦᠨᠡᠯᠡᠯᠲᠡ ᠶᠢ ᠣᠯᠤᠭᠰᠠᠨ ᠪᠤᠯ᠂ ᠨᠢᠭᠡ ᠤᠳᠠᠭ᠎ᠠ ᠳᠤ 2 ᠬᠤᠪᠢ ᠨᠡᠮᠡᠨ᠎ᠡ᠃ | 3. ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠤᠨ ᠰᠢᠨ᠎ᠡ ᠶᠢ ᠡᠭᠦᠳᠦᠭᠰᠡᠨ ᠲᠤᠷᠰᠢᠯᠭ᠎ᠠ ᠪᠠ ᠠᠷᠭ᠎ᠠ ᠬᠢᠳᠡᠯ ᠨᠢ ᠬᠤᠲᠠ ᠶᠢᠨ | ᠱᠠᠲᠤᠨ ᠠᠴᠠ ᠳᠡᠭᠡᠭᠰᠢᠬᠢ ᠵᠠᠭᠤᠴᠢᠯᠠᠭᠤᠷ ᠲᠤ ᠤᠬᠠᠭᠤᠯᠤᠨ ᠮᠡᠳᠡᠭᠡᠯᠡᠭᠳᠡᠭᠰᠡᠨ ᠪᠤᠶᠤ ᠬᠤᠲᠠ ᠶᠢᠨ ᠱᠠᠲᠤᠨ ᠠᠴᠠ ᠳᠡᠭᠡᠭᠰᠢᠬᠢ ᠬᠤᠷᠠᠯ ᠳᠤ ᠰᠣᠯᠢᠯᠴᠠᠭ᠎ᠠ ᠬᠢᠵᠣ | ᠶᠠᠷᠢᠶ᠎ᠠ ᠲᠠᠯᠪᠢᠭᠰᠠᠨ ᠪᠤᠯ᠂ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠭᠤᠷᠪᠠᠨ ᠱᠠᠲᠤ ᠪᠠᠷ ᠨᠢᠭᠡ ᠤᠳᠠᠭ᠎ᠠ ᠳᠤ ᠲᠣᠰ ᠲᠣᠰ 10 ᠬᠤᠪᠢ᠂ 5 ᠬᠤᠪᠢ᠂ | 3 ᠬᠤᠪᠢ ᠨᠡᠮᠡᠨ᠎ᠡ᠃ | ᠲᠠᠪᠤᠳᠤᠭᠠᠷ ᠵᠣᠶᠢᠯ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠨᠢ ᠣᠨ ᠤ ᠡᠳᠦᠷ ᠲᠤᠲᠤᠮ ᠤᠨ ᠠᠵᠢᠯ ᠤᠨ ᠰᠢᠯᠭᠠᠨ ᠬᠢᠨᠠᠯᠳᠠ ᠳᠤ | ᠣᠷᠣᠯᠴᠠᠪᠠᠯ᠂ ᠵᠢᠯ ᠪᠦᠷᠢ ᠶᠢᠨ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠲᠤ ᠵᠠᠰᠠᠭ | ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠣᠶᠢᠯᠡᠴᠢᠯᠡᠬᠡᠨ ᠤ ᠪᠠᠶᠢᠭᠤᠯᠤᠮᠵᠢ ᠶᠢᠨ ᠠᠯᠪᠠᠨ ᠲᠠᠮᠠᠭ᠎ᠠ ᠶᠢ ᠳᠠᠷᠤᠭᠰᠠᠨ ᠪᠢᠴᠢᠭ ᠤᠨ ᠠᠵᠢᠯ ᠤᠨ | ᠮᠡᠳᠡᠭᠦᠯᠦᠯᠲᠡ ᠪᠤᠶᠤ ᠬᠠᠤᠯᠢ ᠴᠠᠭᠠᠵᠠ ᠶᠢᠨ ᠵᠥᠪᠯᠡᠭᠴᠢ ᠶᠢᠨ ᠲᠤᠰ ᠬᠥᠮᠦᠨ ᠤ ᠭᠠᠷ ᠤᠨ ᠦᠰᠦᠭ ᠵᠢᠷᠤᠵᠤ ᠨᠤᠲᠠᠯᠠᠭᠰᠠᠨ ᠠᠵᠢᠯ ᠤᠨ ᠮᠡᠳᠡᠭᠦᠯᠦᠯᠳᠡ ᠶᠢ | ᠲᠤᠰᠢᠶᠠᠨ᠎ᠠ︔ ᠬᠡᠷᠪᠡ ᠬᠤᠪᠢ ᠨᠡᠮᠡᠬᠦ ᠵᠦᠢᠯ ᠲᠠᠢ ᠪᠤᠯ᠂ ᠠᠵᠢᠯ ᠤᠨ ᠮᠡᠳᠡᠭᠦᠯᠦᠯᠲᠡ ᠳᠡᠭᠡᠨ ᠲᠣᠳᠣᠷᠬᠠᠶᠢᠯᠠᠬᠤ ᠶᠢᠨ ᠬᠠᠮᠲᠤ ᠬᠤᠯᠪᠣᠭᠳᠠᠯ ᠪᠦᠬᠦᠢ ᠭᠡᠷᠡᠴᠢᠯᠡᠬᠦ | ᠮᠠᠲ᠋ᠧᠷᠢᠶᠠᠯ ᠢ ᠳᠠᠭᠠᠯᠳᠤᠭᠤᠯᠤᠨ᠎ᠠ᠃ | ᠵᠢᠷᠭᠤᠳᠤᠭᠠᠷ ᠵᠣᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠠᠯᠠᠭ᠎ᠠ ᠨᠢ | ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠶᠠᠷᠢᠯᠴᠠᠬᠤ ᠬᠤᠷᠠᠯ ᠢ ᠵᠢᠯ ᠪᠦᠷᠢ ᠨᠢᠭᠡ ᠤᠳᠠᠭ᠎ᠠ ᠵᠣᠬᠢᠶᠠᠨ ᠪᠠᠶᠢᠭᠤᠯᠤᠨ ᠬᠤᠷᠠᠯᠳᠤᠭᠤᠯᠵᠤ᠂ | ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠲᠤᠰᠢᠶᠠᠯ ᠤᠨ ᠮᠡᠳᠡᠭᠦᠯᠦᠯᠲᠡ ᠶᠢ ᠰᠣᠨᠣᠰᠴᠤ᠂ ᠣᠨ ᠤ ᠡᠳᠦᠷ ᠲᠤᠲᠤᠮ ᠤᠨ ᠠᠵᠢᠯ ᠢ ᠰᠢᠯᠭᠠᠨ | ᠬᠢᠨᠠᠵᠣ ᠦᠨᠡᠯᠡᠵᠣ᠂ ᠰᠢᠯᠭᠠᠨ ᠬᠢᠨᠠᠭᠰᠠᠨ ᠰᠠᠨᠠᠯ ᠲᠤᠷᠠᠳᠤᠨ᠎ᠠ᠃ | ᠣᠨ ᠤ ᠡᠳᠦᠷ ᠲᠤᠲᠤᠮ ᠤᠨ ᠠᠵᠢᠯ ᠢ ᠰᠢᠯᠭᠠᠨ ᠬᠢᠨᠠᠵᠣ ᠦᠨᠡᠯᠡᠬᠦ ᠳᠤ᠂ ᠭᠤᠤᠯᠳᠠᠭᠤ ︽ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠠᠯᠪᠠᠨ ᠬᠡᠷ ᠤᠨ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠤᠨ ᠮᠡᠳᠡᠭᠳᠡᠯ ᠤᠨ ᠬᠠᠭᠤᠳᠠᠰᠤ︾ ᠶᠢ ᠦᠨᠳᠦᠰᠦᠯᠡᠬᠦ ᠶᠢᠨ ᠬᠠᠮᠲᠤ᠂ ᠵᠠᠰᠠᠭ ᠤᠨ ᠣᠷᠳᠣᠨ ᠤ | ᠬᠠᠤᠯᠢ ᠴᠠᠭᠠᠵᠠ ᠶᠢᠨ ᠵᠥᠪᠯᠡᠭᠴᠢ ᠶᠢᠨ ᠬᠤᠷᠠᠯ ᠳᠡᠭᠡᠷᠡᠬᠢ ᠲᠤᠰᠢᠶᠠᠯ ᠤᠨ ᠮᠡᠳᠡᠭᠦᠯᠦᠯᠲᠡ ᠬᠢᠭᠡᠳ ᠲᠤᠰᠢᠶᠠᠭᠰᠠᠨ ᠣᠨ ᠤ ᠪᠢᠴᠢᠭ ᠤᠨ ᠠᠵᠢᠯ ᠤᠨ ᠮᠡᠳᠡᠭᠦᠯᠦᠯᠲᠡ | ᠲᠠᠢ ᠤᠶᠠᠯᠳᠤᠭᠤᠯᠤᠨ᠂ ᠰᠢᠯᠭᠠᠨ ᠬᠢᠨᠠᠵᠤ ᠦᠨᠡᠯᠡᠨ᠎ᠡ᠃ | ᠳᠣᠯᠣᠳᠤᠭᠠᠷ ᠵᠣᠶᠢᠯ ᠣᠨ ᠤ ᠡᠳᠦᠷ ᠲᠤᠲᠤᠮ ᠤᠨ ᠠᠵᠢᠯ ᠢ ᠰᠢᠯᠭᠠᠨ ᠬᠢᠨᠠᠭᠰᠠᠨ ᠦᠷ᠎ᠡ ᠳ᠋ᠦᠩ ᠢ ᠰᠢᠯᠢᠳᠡᠭ ︵90 ᠬᠤᠪᠢ ᠠᠴᠠ ᠳᠡᠭᠡᠭᠰᠢ︶᠂ ᠬᠢᠷᠢ | ᠲᠡᠩᠴᠡᠭᠰᠡᠨ ︵80 ᠬᠤᠪᠢ ᠠᠴᠠ 90 ᠬᠤᠪᠢ︶᠂ ᠦᠨᠳᠦᠰᠦᠨ ᠳᠡᠭᠡᠨ ᠬᠢᠷᠢ ᠲᠡᠩᠴᠡᠭᠰᠡᠨ ︵70 ᠬᠤᠪᠢ ᠠᠴᠠ 80 ᠬᠤᠪᠢ︶ ᠪᠠ ᠬᠢᠷᠢ ᠲᠡᠩᠴᠡᠭᠰᠡᠨ | ᠥᠬᠡᠶ ︵70 ᠬᠤᠪᠢ ᠠᠴᠠ ᠳᠣᠷᠣᠭᠰᠢ︶ ᠬᠡᠵᠣ ᠳᠥᠷᠪᠡᠨ ᠳᠡᠰ ᠬᠤᠪᠢᠶᠠᠨ᠎ᠠ᠃ | ᠨᠠᠢᠮᠠᠳᠤᠭᠠᠷ ᠵᠦᠢᠯ ᠲᠤᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠣᠨ ᠤ ᠡᠳᠦᠷ ᠲᠤᠳᠤᠮ ᠤᠨ ᠠᠵᠢᠯ ᠢ ᠰᠢᠯᠭᠠᠨ ᠬᠢᠨᠠᠭᠰᠠᠨ ᠦᠷ᠎ᠡ ᠳ᠋ᠦᠩ ᠢ ᠰᠢᠭᠤᠳ | ᠬᠢᠷᠢ ᠲᠡᠩᠴᠡᠬᠦ ᠦᠭᠡᠢ ᠪᠠᠷ ᠲᠤᠭᠠᠴᠠᠨ᠎ᠠ᠄ | ︵ᠨᠢᠭᠡ︶ ᠵᠤᠰᠬᠢᠲᠠᠢ ᠰᠢᠯᠲᠠᠭᠠᠨ ᠦᠭᠡᠢ ᠪᠠᠷ ᠭᠤᠷᠪᠠᠨ ᠤᠳᠠᠭ᠎ᠠ ᠠᠴᠠ ᠳᠡᠭᠡᠭᠰᠢ ᠠᠵᠢᠯ ᠤᠨ ᠬᠤᠷᠠᠯᠳᠤᠭᠠᠨ ᠳᠤ ᠦᠯᠦ ᠣᠷᠣᠯᠴᠠᠭᠰᠠᠨ︔ | ︵ᠬᠤᠶᠠᠷ︶ ᠵᠤᠬᠢᠰᠲᠠᠢ ᠰᠢᠯᠲᠠᠭᠠᠨ ᠦᠭᠡᠢ ᠪᠠᠷ ᠬᠤᠶᠠᠷ ᠤᠳᠠᠭ᠎ᠠ ᠠᠴᠠ ᠳᠡᠭᠡᠭᠰᠢ ᠠᠵᠢᠯ ᠤᠨ ᠡᠭᠦᠷᠭᠡ ᠪᠠᠨ ᠴᠠᠭ ᠲᠠᠭᠠᠨ ᠦᠯᠦ ᠪᠡᠶᠡᠯᠡᠭᠦᠯᠦᠭᠰᠡᠨ︔ | ︵ᠭᠤᠷᠪᠠ︶ ᠲᠤᠰ ᠪᠡᠶ᠎ᠡ ᠶᠢᠨ ᠬᠢᠨ ᠤ ᠬᠦᠨᠳᠦ ᠶᠡᠭᠡ ᠠᠯᠳᠠᠰᠢ ᠠᠴᠠ ᠪᠤᠯᠵᠤ ᠲᠠᠬᠢᠨ ᠵᠥᠪᠯᠡᠬᠦ᠂ ᠵᠠᠷᠭᠤᠯᠳᠤᠬᠤ᠂ ᠬᠥᠨᠳᠡᠯᠡᠨ ᠠᠴᠠ ᠲᠠᠰᠤᠯᠤᠭᠤᠯᠠᠭᠠᠳ | ᠪᠤᠷᠤᠭᠤ ᠶᠢ ᠵᠠᠯᠠᠷᠠᠭᠤᠯᠤᠭᠰᠠᠨ ᠪᠤᠶᠤ ᠵᠠᠷᠭᠤ ᠢᠯᠠᠭᠳᠠᠭᠰᠠᠨ︔ | ︵ᠲᠦᠷᠪᠡ︶ ᠬᠦᠨᠳᠦ ᠶᠡᠭᠡ ᠠᠯᠳᠠᠰᠢ ᠠᠴᠠ ᠪᠤᠯᠵᠤ ᠬᠠᠤᠯᠢ ᠴᠠᠭᠠᠵᠠ ᠶᠢᠨ ᠠᠶᠤᠯ ᠲᠦᠭᠰᠢᠭᠦᠷᠢ ᠶᠢ ᠪᠦᠲᠦᠮᠵᠢᠲᠡᠢ ᠰᠡᠷᠭᠡᠶᠢᠯᠡᠵᠦ ᠴᠢᠳᠠᠭᠰᠠᠨ ᠦᠭᠡᠢ | ᠪᠥᠭᠡᠳ ᠬᠦᠨᠳᠦ ᠨᠣᠴᠢᠲᠠᠢ ᠤᠷᠰᠢᠭ ᠲᠠᠲᠠᠭᠰᠠᠨ︔ | ︵ᠲᠠᠪᠤ︶ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠭᠡᠷ᠎ᠡ ᠳᠤ ᠪᠣᠯᠵᠣᠨ ᠲᠣᠭᠲᠠᠭᠰᠠᠨ ᠪᠤᠰᠤᠳ ᠪᠠᠶᠢᠳᠠᠯ ᠤᠳ᠃ | ᠶᠢᠰᠦᠳᠦᠭᠡᠷ ᠵᠦᠢᠯ ᠣᠨ ᠤ ᠡᠳᠦᠷ ᠲᠤᠳᠤᠮ ᠤᠨ ᠠᠵᠢᠯ ᠤᠨ ᠰᠢᠯᠭᠠᠨ ᠬᠢᠨᠠᠯᠳᠠ ᠶᠢ ᠵᠢᠯ ᠪᠦᠷᠢ ᠶᠢᠨ 11 ᠳ᠋ᠤᠬᠡᠷ ᠰᠠᠷ᠎ᠠ ᠶᠢᠨ ᠰᠡᠭᠦᠯᠴᠢ ᠠᠴᠠ ᠡᠮᠦᠨ᠎ᠡ | ᠳᠠᠭᠤᠰᠬᠠᠬᠤ ᠬᠡᠷᠡᠭᠲᠡᠶ᠃ ᠰᠢᠯᠭᠠᠨ ᠬᠢᠨᠠᠬᠤ ᠵᠡᠷᠭᠡ ᠤᠳᠠᠭ᠎ᠠ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠲᠥᠷᠥ ᠶᠢᠨ ᠪᠣᠳᠣᠯᠭ᠎ᠠ | ᠬᠠᠤᠯᠢ ᠲᠣᠭᠲᠠᠭᠠᠯ ᠤᠨ ᠰᠠᠯᠠᠭ᠎ᠠ ᠠᠴᠠ ᠬᠤᠷᠢᠶᠠᠩᠭᠤᠶᠢᠯᠠᠭᠰᠠᠨ ᠡᠳᠦᠷ ᠲᠤᠲᠤᠮ ᠤᠨ ᠠᠵᠢᠯ ᠤᠨ ᠪᠠᠶᠢᠳᠠᠯ ᠢ ᠦᠨᠳᠦᠰᠦᠯᠡᠨ᠂ ᠬᠠᠮᠢᠶ᠎ᠠ ᠪᠥᠬᠦᠶ ᠤᠳᠤᠷᠢᠳᠤᠯᠭ᠎ᠠ | ᠶᠢᠨ ᠦᠨᠡᠯᠡᠯᠲᠡ ᠲᠠᠢ ᠤᠶᠠᠯᠳᠤᠭᠤᠯᠤᠨ ᠶᠡᠷᠦᠩᠬᠡᠶᠢᠯᠡᠨ ᠦᠨᠡᠯᠡᠨ ᠲᠤᠭᠳᠠᠭᠠᠨ᠎ᠠ᠃ ᠣᠨ ᠤ ᠡᠳᠦᠷ ᠲᠤᠲᠤᠮ ᠤᠨ ᠠᠵᠢᠯ ᠢ ᠰᠢᠯᠭᠠᠨ ᠬᠢᠨᠠᠭᠰᠠᠨ ᠦᠷ᠎ᠡ ᠳ᠋ᠦᠩ ᠢ | ᠲᠤᠰᠢᠶᠠᠯ ᠤᠨ ᠬᠤᠭᠤᠴᠠᠭᠠᠨ ᠤ ᠠᠵᠢᠯ ᠤᠨ ᠰᠢᠯᠭᠠᠨ ᠬᠢᠨᠠᠯᠳᠠ ᠶᠢᠨ ᠴᠢᠬᠤᠯᠠ ᠦᠨᠳᠦᠰᠦᠯᠡᠯ ᠪᠠ ᠬᠥᠯᠥᠰᠥ ᠣᠯᠭᠤᠮᠵᠢ ᠥᠭᠬᠦ ᠶᠢᠨ ᠯᠠᠪᠯᠠᠬᠤ ᠦᠨᠳᠦᠰᠦᠯᠡᠯ | ᠪᠣᠯᠭᠠᠨ᠎ᠠ᠃ | ᠠᠷᠪᠠᠳᠤᠭᠠᠷ ᠵᠣᠶᠢᠯ ᠲᠤᠰᠢᠶᠠᠯ ᠤᠨ ᠬᠤᠭᠤᠴᠠᠭᠠᠨ ᠤ ᠠᠵᠢᠯ ᠤᠨ ᠰᠢᠯᠭᠠᠨ ᠬᠢᠨᠠᠯᠳᠠ ᠶᠢ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ | ᠲᠤᠰᠢᠶᠠᠯ ᠤᠨ ᠬᠤᠭᠤᠴᠠᠭ᠎ᠠ ᠳᠠᠭᠤᠰᠬᠤ ᠠᠴᠠ ᠡᠮᠦᠨ᠎ᠡ ᠭᠤᠷᠪᠠᠨ ᠰᠠᠷ᠎ᠠ ᠶᠢᠨ ᠲᠤᠳᠤᠷ᠎ᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠤᠰᠢᠶᠠᠯ ᠤᠨ ᠬᠤᠭᠤᠴᠠᠭᠠᠨ | ᠤ ᠠᠵᠢᠯ ᠤᠨ ᠰᠢᠯᠭᠠᠨ ᠬᠢᠨᠠᠯᠳᠠ ᠶᠢ ᠭᠤᠷᠪᠠᠨ ᠤᠳᠠᠭᠠᠨ ᠤ ᠣᠨ ᠤ ᠡᠳᠦᠷ ᠲᠤᠲᠤᠮ ᠤᠨ ᠠᠵᠢᠯ ᠤᠨ ᠰᠢᠯᠭᠠᠨ ᠬᠢᠨᠠᠭᠰᠠᠨ ᠦᠷ᠎ᠡ ᠳ᠋ᠦᠩ ᠢ ᠦᠨᠳᠦᠰᠦᠯᠡᠨ | ᠶᠡᠷᠦᠩᠬᠡᠶᠢᠯᠡᠨ ᠦᠨᠡᠯᠡᠨ ᠲᠣᠭᠲᠠᠭᠠᠵᠤ᠂ ᠰᠢᠯᠭᠠᠨ ᠬᠢᠨᠠᠭᠰᠠᠨ ᠦᠷ᠎ᠡ ᠳ᠋ᠦᠩ ᠢ ᠰᠢᠯᠢᠳᠡᠭ ︵85 ᠬᠤᠪᠢ ᠠᠴᠠ ᠳᠡᠭᠡᠭᠰᠢ︶᠂ ᠬᠢᠷᠢ ᠲᠡᠩᠴᠡᠭᠰᠡᠨ ︵70 ᠬᠤᠪᠢ | ᠠᠴᠠ 85 ᠬᠤᠪᠢ︶ ᠪᠠ ᠬᠢᠷᠢ ᠲᠡᠩᠴᠡᠭᠰᠡᠨ ᠥᠬᠡᠶ ︵70 ᠬᠤᠪᠢ ᠠᠴᠠ ᠳᠣᠷᠣᠭᠰᠢ︶ ᠭᠡᠵᠦ ᠭᠤᠷᠪᠠᠨ ᠳᠡᠰ ᠬᠤᠪᠢᠶᠠᠨ᠎ᠠ᠃ ᠰᠢᠯᠭᠠᠨ ᠬᠢᠨᠠᠭᠰᠠᠨ ᠦᠷ᠎ᠡ | ᠳ᠋ᠦᠩ ᠢᠶᠠᠷ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢ ᠦᠷᠭᠦᠯᠵᠢᠯᠡᠨ ᠤᠷᠢᠬᠤ᠂ ᠤᠷᠢᠬᠤ ᠪᠠᠨ ᠪᠤᠯᠢᠬᠤ ᠦᠨᠳᠦᠰᠦᠯᠡᠯ ᠪᠣᠯᠭᠠᠨ᠎ᠠ᠃ | ᠠᠷᠪᠠᠨ ᠨᠢᠭᠡᠳᠦᠭᠡᠷ ᠵᠣᠶᠢᠯ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠬᠤᠶᠠᠷ ᠤᠳᠠᠭᠠᠨ ᠤ ᠣᠨ ᠤ ᠡᠳᠦᠷ ᠲᠤᠲᠤᠮ ᠤᠨ ᠠᠵᠢᠯ | ᠤᠨ ᠰᠢᠯᠭᠠᠨ ᠬᠢᠨᠠᠭᠰᠠᠨ ᠦᠷ᠎ᠡ ᠳ᠋ᠦᠩ ᠨᠢ ᠴᠥᠮ ᠰᠢᠯᠢᠳᠡᠭ ᠪᠤᠯ᠂ ᠲᠡᠭᠦᠨ ᠤ ᠲᠤᠰᠢᠶᠠᠯ ᠤᠨ ᠬᠤᠭᠤᠴᠠᠭᠠᠨ ᠤ ᠠᠵᠢᠯ ᠤᠨ ᠰᠢᠯᠭᠠᠨ ᠬᠢᠨᠠᠭᠰᠠᠨ ᠦᠷ᠎ᠡ ᠳ᠋ᠦᠩ ᠢ | ᠰᠢᠯᠢᠳᠡᠭ ᠢᠶᠠᠷ ᠲᠤᠭᠠᠴᠠᠨ᠎ᠠ᠃ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠣᠨ ᠤ ᠡᠳᠦᠷ ᠲᠤᠲᠤᠮ ᠤᠨ ᠠᠵᠢᠯ ᠤᠨ ᠰᠢᠯᠭᠠᠨ ᠬᠢᠨᠠᠭᠰᠠᠨ | ᠦᠷ᠎ᠡ ᠳ᠋ᠦᠩ ᠨᠢ ᠨᠢᠭᠡ ᠤᠳᠠᠭ᠎ᠠ ︵ᠪᠠᠭᠲᠠᠨ᠎ᠠ︶ ᠠᠴᠠ ᠳᠡᠭᠡᠭᠰᠢ ᠬᠢᠷᠢ ᠲᠡᠩᠴᠡᠭᠰᠡᠨ ᠥᠬᠡᠶ ᠪᠤᠯ᠂ ᠲᠡᠭᠦᠨ ᠤ ᠲᠤᠰᠢᠶᠠᠯ ᠤᠨ ᠬᠤᠭᠤᠴᠠᠭᠠᠨ ᠤ ᠠᠵᠢᠯ ᠤᠨ | ᠰᠢᠯᠭᠠᠨ ᠬᠢᠨᠠᠭᠰᠠᠨ ᠦᠷ᠎ᠡ ᠳ᠋ᠦᠩ ᠢ ᠬᠢᠷᠢ ᠲᠡᠩᠴᠡᠭᠰᠡᠨ ᠦᠬᠡᠢ ᠪᠠᠷ ᠲᠤᠭᠠᠴᠠᠨ᠎ᠠ᠃ | ᠠᠷᠪᠠᠨ ᠬᠤᠶᠠᠳᠤᠭᠠᠷ ᠵᠣᠶᠢᠯ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠲᠤᠰᠢᠶᠠᠯ ᠤᠨ ᠬᠤᠭᠤᠴᠠᠭᠠᠨ ᠤ ᠠᠵᠢᠯ ᠤᠨ ᠰᠢᠯᠭᠠᠨ | ᠬᠢᠨᠠᠭᠰᠠᠨ ᠦᠷ᠎ᠡ ᠳ᠋ᠦᠩ ᠨᠢ ᠬᠢᠷᠢ ᠲᠡᠩᠴᠡᠭᠰᠡᠨ ᠥᠬᠡᠶ ᠪᠤᠶᠤ ᠠᠵᠢᠯ ᠡᠷᠭᠢᠯᠡᠬᠦ ᠬᠢᠷᠢ ᠬᠡᠮ ᠨᠢ ᠵᠣᠭᠰᠣᠭᠠᠭᠳᠠᠭᠰᠠᠨ ᠪᠤᠯ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠠᠯᠪᠠᠨ ᠬᠡᠷ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠠᠯᠠᠭ᠎ᠠ ᠠᠴᠠ ᠰᠠᠨᠠᠯ ᠳᠤᠷᠠᠳᠴᠤ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠵᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ᠲᠣᠰ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠦᠪᠯᠡᠭᠴᠢ ᠶᠢ ᠦᠷᠭᠦᠯᠵᠢᠯᠠᠨ ᠤᠷᠢᠬᠤ ᠦᠬᠡᠢ ᠶᠣᠮ᠃ | ᠠᠷᠪᠠᠨ ᠭᠤᠷᠪᠠᠳᠤᠭᠠᠷ ᠵᠣᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ | ᠰᠠᠯᠠᠭ᠎ᠠ ᠨᠢ ᠲᠤᠰᠢᠶᠠᠯ ᠤᠨ ᠬᠤᠭᠤᠴᠠᠭᠠᠨ ᠤ ᠠᠵᠢᠯ ᠤᠨ ᠰᠢᠯᠭᠠᠨ ᠬᠢᠨᠠᠭᠰᠠᠨ ᠦᠷ᠎ᠡ ᠳ᠋ᠦᠩ ᠢ ᠦᠨᠳᠦᠰᠦᠯᠡᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠳᠡᠮᠵᠢᠨ ᠰᠤᠳᠤᠯᠵᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ᠂ ︽ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ | ᠤᠨ ᠲᠣᠭᠲᠠᠭᠠᠯ︾ ᠤᠨ ᠲᠣᠭᠲᠠᠭᠠᠯ ᠶᠣᠰᠣᠭᠠᠷ᠂ ᠲᠤᠰᠢᠶᠠᠯ ᠤᠨ ᠬᠤᠭᠤᠴᠠᠭ᠎ᠠ ᠳᠠᠭᠤᠰᠬᠤ ᠦᠶ᠎ᠡ ᠳᠤ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠦᠪᠯᠡᠭᠴᠢ | ᠳᠤ ᠲᠤᠬᠢᠷᠠᠭᠤᠯᠤᠳᠠ ᠬᠢᠨ᠎ᠡ᠃ | ᠠᠷᠪᠠᠨ ᠳᠥᠷᠪᠡᠳᠦᠭᠡᠷ ᠵᠣᠶᠢᠯ ᠲᠣᠰ ᠠᠷᠭ᠎ᠠ ᠶᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠬᠠᠷᠢᠭᠤᠴᠠᠨ | ᠲᠠᠶᠢᠯᠪᠤᠷᠢᠯᠠᠨ᠎ᠠ᠃ | ᠠᠷᠪᠠᠨ ᠲᠠᠪᠤᠳᠤᠭᠠᠷ ᠵᠦᠢᠯ ᠲᠤᠰ ᠠᠷᠭ᠎ᠠ ᠶᠢᠨ ᠬᠦᠴᠦᠨ ᠲᠠᠢ ᠬᠤᠭᠤᠴᠠᠭ᠎ᠠ ᠨᠢ ᠲᠠᠪᠤᠨ ᠵᠢᠯ᠂ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | | | | |