ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ | ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠣᠶᠢᠯᠡᠰ ᠤᠨ ᠨᠢᠭᠡᠴᠡ ᠳᠤ᠄ | ︽ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠤᠨ ᠵᠠᠷᠤᠳᠠᠯ ᠤᠨ ᠬᠠᠮᠢᠶᠠᠷᠤᠯᠲᠠ ᠶᠢᠨ | ᠠᠷᠭ᠎ᠠ︾ ᠶᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠶ ᠵᠢᠷᠤᠮᠯᠠᠨ ᠬᠡᠷᠡᠭᠵᠢᠭᠦᠯᠲᠦᠭᠡᠶ᠃ | ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ | 2021 ᠣᠨ ᠤ 2 ᠰᠠᠷ᠎ᠠ ᠶᠢᠨ 26 ᠤ ᠡᠳᠦᠷ | | | | | | ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠤᠨ ᠵᠠᠷᠤᠳᠠᠯ ᠤᠨ ᠬᠠᠮᠢᠶᠠᠷᠤᠯᠳᠠ ᠶᠢᠨ ᠠᠷᠭ᠎ᠠ | ᠨᠢᠭᠡᠳᠦᠭᠡᠷ ᠵᠦᠢᠯ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠤᠨ ᠵᠠᠷᠤᠳᠠᠯ ᠤᠨ ᠬᠠᠮᠢᠶᠠᠷᠤᠯᠲᠠ ᠪᠠ ᠬᠡᠷᠡᠭᠯᠡᠯᠲᠡ ᠶᠢ | ᠴᠢᠩᠭᠠᠳᠬᠠᠨ ᠵᠢᠷᠤᠮᠵᠢᠭᠤᠯᠬᠤ ᠶᠢᠨ ᠲᠥᠯᠥᠭᠡ᠂ ︽ᠵᠠᠰᠠᠭ ᠤᠨ ᠣᠷᠳᠣᠨ ᠨᠡᠶᠢᠭᠡᠮ ᠤᠨ ᠬᠦᠴᠦᠨ ᠠᠴᠠ ᠣᠶᠢᠯᠡᠴᠢᠯᠡᠭᠡ ᠬᠤᠳᠠᠯᠳᠤᠨ ᠠᠪᠬᠤ ᠲᠤᠬᠠᠶ ᠲᠥᠷᠥ ᠶᠢᠨ | ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠵᠢᠯᠣᠭᠤᠳᠬᠤ ᠰᠠᠨᠠᠯ︾ ︵ᠲᠥᠷᠥ ᠠᠯᠪᠠᠨ ᠲᠠᠷᠬᠠᠭᠠᠭᠰᠠᠨ ︹ 2013︺ 96 ᠳ᠋ᠤᠭᠠᠷ ᠲᠣᠭᠠᠲᠤ︶᠂ ︽ | ᠡᠳ᠋ ᠤᠨ ᠵᠠᠰᠠᠭ ᠤᠨ ᠶᠠᠮᠤᠨ ᠤ ᠵᠠᠰᠠᠭ ᠤᠨ ᠣᠷᠳᠣᠨ ᠣᠶᠢᠯᠡᠴᠢᠯᠡᠭᠡ ᠬᠤᠳᠠᠯᠳᠤᠨ ᠠᠪᠬᠤ ᠬᠠᠮᠢᠶᠠᠷᠤᠯᠲᠠ ᠶᠢᠨ ᠠᠷᠭ᠎ᠠ︾ ︵ᠡᠳ᠋ ᠤᠨ ᠵᠠᠰᠠᠭ ᠤᠨ ᠶᠠᠮᠤᠨ ᠤ | ᠵᠠᠷᠯᠢᠭ ︺ ︹ 2020 ︺ 102 ᠳ᠋ᠤᠭᠠᠷ ᠲᠣᠭᠠᠲᠤ︶ ᠪᠠ ︽ᠵᠠᠰᠠᠭ ᠤᠨ ᠣᠷᠳᠣᠨ ᠬᠠᠤᠯᠢ ᠴᠠᠭᠠᠵᠠ ᠶᠢᠨ ᠣᠶᠢᠯᠡᠴᠢᠯᠡᠭᠡ ᠬᠤᠳᠠᠯᠳᠤᠨ ᠠᠪᠬᠤ ᠲᠣᠭᠲᠠᠴᠠ | ᠶᠢ ᠪᠠᠶᠢᠭᠤᠯᠤᠨ ᠪᠦᠷᠢᠨᠰᠢᠭᠦᠯᠬᠦ ᠲᠤᠬᠠᠶ ᠬᠠᠤᠯᠢ ᠴᠠᠭᠠᠵᠠ ᠶᠢᠨ ᠶᠠᠮᠤᠨ ᠡᠳ᠋ ᠤᠨ ᠵᠠᠰᠠᠭ ᠤᠨ ᠶᠠᠮᠤᠨ ᠤ ᠰᠠᠨᠠᠯ︾ ︵ᠬᠠᠤᠯᠢ ᠲᠠᠷᠬᠠᠭᠰᠠᠨ ᠮᠡᠳᠡᠭᠳᠡᠯ ︹ 2020 | ︺ 72 ᠳ᠋ᠤᠭᠠᠷ ᠲᠣᠭᠠᠲᠤ︶ ᠵᠡᠷᠭᠡ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠠᠵᠢᠯ ᠤᠨ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠠᠷᠭ᠎ᠠ | ᠶᠢ ᠲᠣᠭᠲᠠᠭᠠᠪᠠ᠃ | ᠬᠤᠶᠠᠳᠤᠭᠠᠷ ᠵᠣᠶᠢᠯ ᠲᠣᠰ ᠠᠷᠭ᠎ᠠ ᠳᠤ ᠬᠡᠯᠡᠵᠦ ᠪᠠᠶᠢᠭ᠎ᠠ ᠠᠵᠢᠯ ᠤᠨ ᠵᠠᠷᠤᠳᠠᠯ ᠭᠡᠳᠡᠭ ᠨᠢ ᠬᠤᠲᠠ ᠶᠢᠨ ᠲᠣᠰ ᠱᠠᠲᠤᠨ ᠤ ᠡᠳ᠋ ᠤᠨ ᠵᠠᠰᠠᠭ ᠤᠨ ᠲᠥᠰᠦᠪ | ᠲᠤ ᠣᠷᠣᠭᠤᠯᠵᠤ᠂ ᠬᠤᠲᠠ ᠶᠢᠨ ᠡᠳ᠋ ᠤᠨ ᠵᠠᠰᠠᠭ ᠠᠴᠠ ᠣᠨ ᠢᠶᠠᠷ ᠬᠠᠷᠭᠤᠭᠤᠯᠤᠨ ᠦᠭᠴᠣ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠥᠪᠯᠡᠭᠴᠢ ︵ᠲᠤᠤᠷ᠎ᠠ ᠬᠠᠤᠯᠢ ᠴᠠᠭᠠᠵᠠ ᠶᠢᠨ ᠵᠥᠪᠯᠡᠭᠴᠢ ᠬᠡᠨ᠎ᠡ︶ ᠶᠢᠨ ᠠᠵᠢᠯ ᠥᠷᠨᠢᠭᠦᠯᠬᠦ ᠳᠤ ᠲᠤᠰᠬᠠᠶ ᠬᠡᠷᠡᠭᠯᠡᠬᠦ ᠵᠠᠷᠤᠳᠠᠯ ᠢ ᠵᠢᠭᠠᠵᠤ ᠪᠣᠶ᠃ | ᠭᠤᠷᠪᠠᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠨᠢ ᠠᠵᠢᠯ ᠤᠨ ᠵᠠᠷᠤᠳᠠᠯ ᠤᠨ ᠪᠣᠳᠠᠲᠠᠶ ᠬᠡᠷᠡᠭᠯᠡᠯᠲᠡ ᠪᠠ | ᠬᠠᠮᠢᠶᠠᠷᠤᠯᠲᠠ ᠶᠢ ᠬᠠᠷᠢᠭᠤᠴᠠᠨ᠎ᠠ᠃ | ᠳᠥᠷᠪᠡᠳᠦᠭᠡᠷ ᠵᠦᠢᠯ ᠠᠵᠢᠯ ᠤᠨ ᠵᠠᠷᠤᠳᠠᠯ ᠢ ᠳᠣᠣᠷᠠᠬᠢ ᠵᠠᠷᠤᠯᠭ᠎ᠠ ᠶᠢᠨ ᠬᠡᠪᠴᠢᠶᠡᠨ ᠳᠤ ᠬᠡᠷᠡᠭᠯᠡᠨ᠎ᠡ᠄ | ︵ᠨᠢᠭᠡ︶ ᠬᠠᠤᠯᠢ ᠴᠠᠭᠠᠵᠠ ᠶᠢᠨ ᠨᠣᠮ ᠪᠢᠴᠢᠭ᠂ ᠰᠤᠷᠤᠯᠴᠠᠬᠤ ᠮᠠᠲ᠋ᠧᠷᠢᠶᠠᠯ᠂ ᠬᠡᠷᠡᠭ ᠰᠢᠢᠳᠪᠦᠷᠢᠯᠡᠬᠦ ᠴᠢᠬᠤᠯᠠ ᠪᠦᠬᠦᠢ ᠲᠤᠨᠤᠭ ᠲᠥᠬᠦᠭᠡᠷᠦᠮᠵᠢ ᠶᠢ | ᠬᠤᠳᠠᠯᠳᠤᠨ ᠠᠪᠬᠤ᠂ ᠬᠠᠤᠯᠢ ᠪᠠᠷ ᠵᠠᠰᠠᠬᠤ ᠤᠬᠠᠭᠤᠯᠭ᠎ᠠ ᠪᠠ ᠪᠣᠯᠪᠠᠰᠤᠷᠠᠭᠤᠯᠤᠯ ᠪᠤᠯᠤᠨ ᠪᠠᠶᠢᠴᠠᠭᠠᠨ ᠰᠤᠳᠤᠯᠤᠯᠲᠠ ᠬᠢᠵᠦ ᠰᠤᠷᠤᠯᠴᠠᠬᠤ ᠵᠡᠷᠭᠡ ᠵᠠᠷᠤᠳᠠᠯ ᠤᠨ | ᠵᠠᠷᠤᠯᠭ᠎ᠠ︔ | ︵ᠬᠤᠶᠠᠷ︶ ᠬᠠᠤᠯᠢ ᠴᠠᠭᠠᠵᠠ ᠶᠢᠨ ᠣᠶᠢᠯᠡᠴᠢᠯᠡᠭᠡ ᠬᠠᠩᠭᠠᠬᠤ ᠪᠠᠶᠢᠭᠤᠯᠤᠮᠵᠢ ᠶᠢᠨ ᠦᠢᠯᠡᠴᠢᠯᠡᠭᠡᠨ ᠤ ᠵᠠᠷᠤᠳᠠᠯ ᠪᠠ ᠬᠠᠤᠯᠢ ᠴᠠᠭᠠᠵᠠ ᠶᠢᠨ ᠵᠥᠪᠯᠡᠭᠴᠢ ᠶᠢᠨ | ᠬᠥᠳᠡᠯᠮᠦᠷᠢ ᠦᠢᠯᠡᠴᠢᠯᠡᠭᠡᠨ ᠤ ᠬᠥᠯᠥᠰᠥ ᠣᠯᠭᠤᠮᠵᠢ︔ | ︵ᠭᠤᠷᠪᠠ︶ ᠬᠠᠤᠯᠢ ᠴᠠᠭᠠᠵᠠ ᠶᠢᠨ ᠵᠥᠪᠯᠡᠭᠴᠢ ᠶᠢᠨ ᠪᠠᠶᠢᠭᠤᠯᠤᠮᠵᠢ ᠪᠠ ᠣᠨᠴᠠ ᠤᠷᠢᠭᠰᠠᠨ ᠬᠠᠤᠯᠢ ᠴᠠᠭᠠᠵᠠ ᠶᠢᠨ ᠵᠥᠪᠯᠡᠭᠴᠢ᠂ ᠲᠤᠰᠬᠠᠢ ᠮᠡᠷᠭᠡᠵᠢᠯᠲᠡᠨ ᠢ | ᠵᠣᠬᠢᠶᠠᠨ ᠪᠠᠶᠢᠭᠤᠯᠵᠤ ᠰᠤᠳᠤᠯᠤᠨ ᠶᠠᠷᠢᠯᠴᠠᠬᠤ ᠬᠤᠷᠠᠯ᠂ ᠨᠤᠲᠠᠯᠠᠯᠲᠠ ᠶᠢᠨ ᠬᠤᠷᠠᠯ ᠬᠤᠷᠠᠯᠳᠤᠭᠤᠯᠬᠤ ᠵᠠᠷᠤᠳᠠᠯ︔ | ︵ᠲᠦᠷᠪᠡ︶ ᠬᠠᠤᠯᠢ ᠴᠠᠭᠠᠵᠠ ᠶᠢᠨ ᠦᠢᠯᠡᠴᠢᠯᠡᠭᠡᠨ ᠤ ᠪᠠᠶᠢᠭᠤᠯᠤᠮᠵᠢ ᠪᠠ ᠬᠠᠤᠯᠢ ᠴᠠᠭᠠᠵᠠ ᠶᠢᠨ ᠵᠥᠪᠯᠡᠭᠴᠢ ᠶᠢᠨ ᠬᠠᠤᠯᠢ ᠴᠠᠭᠠᠵᠠ ᠶᠢᠨ ᠣᠶᠢᠯᠡᠴᠢᠯᠡᠭᠡ | ᠬᠠᠩᠭᠠᠬᠤ ᠠᠵᠢᠯ ᠳᠤ ᠵᠠᠷᠤᠴᠠᠭᠤᠯᠤᠭᠰᠠᠨ ᠪᠤᠰᠤᠳ ᠵᠠᠷᠤᠳᠠᠯ᠃ | ᠲᠠᠪᠤᠳᠤᠭᠠᠷ ᠵᠣᠶᠢᠯ ᠲᠣᠰ ᠬᠤᠲᠠ ᠶᠢᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠠᠯᠪᠠᠨ ᠲᠤᠰᠢᠶᠠᠯᠲᠠᠨ ᠬᠠᠤᠯᠢ ᠴᠠᠭᠠᠵᠠ ᠶᠢᠨ ᠵᠥᠪᠯᠡᠭᠴᠢ ᠶᠢᠨ | ᠬᠤᠪᠢ ᠪᠠᠷ ᠬᠠᠤᠯᠢ ᠴᠠᠭᠠᠵᠠ ᠶᠢᠨ ᠣᠶᠢᠯᠡᠴᠢᠯᠡᠭᠡ ᠬᠠᠩᠭᠠᠬᠤ ᠳᠠᠭᠠᠨ ᠬᠥᠳᠡᠯᠮᠦᠷᠢ ᠣᠶᠢᠯᠡᠴᠢᠯᠡᠬᠡᠨ ᠤ ᠬᠠᠷᠠᠮᠵᠢ ᠠᠪᠬᠤ ᠥᠬᠡᠶ᠂ ᠭᠡᠪᠡᠴᠦ ᠬᠠᠤᠯᠢ ᠴᠠᠭᠠᠵᠠ ᠶᠢᠨ | ᠵᠥᠪᠯᠡᠭᠴᠢ ᠶᠢᠨ ᠠᠵᠢᠯ ᠠᠴᠠ ᠪᠣᠯᠤᠭᠰᠠᠨ ᠲᠤᠬᠠᠶᠢᠯᠠᠭᠰᠠᠨ ᠠᠵᠢᠯ ᠤᠨ ᠵᠠᠷᠤᠳᠠᠯ᠂ ᠵᠠᠮ ᠤᠨ ᠵᠠᠷᠤᠳᠠᠯ ᠵᠡᠷᠭᠡ ᠪᠤᠰᠤᠳ ᠵᠠᠷᠤᠳᠠᠯ ᠢ ᠲᠠᠩᠰᠠᠨ ᠠᠴᠠ ᠳᠡᠶᠢᠯᠵᠦ | ᠪᠣᠯᠤᠨ᠎ᠠ᠃ | ᠵᠢᠷᠭᠤᠳᠤᠭᠠᠷ ᠵᠦᠢᠯ ᠠᠵᠢᠯ ᠤᠨ ᠵᠠᠷᠤᠳᠠᠯ ᠢ ᠱᠠᠩᠨᠠᠯ ᠤᠨ ᠮᠥᠩᠭᠦ ᠪᠠ ᠠᠰᠠᠷᠠᠮᠵᠢ ᠣᠯᠭᠤᠬᠤ᠂ ᠪᠡᠯᠡᠭᠯᠡᠨ ᠬᠦᠷᠭᠡᠬᠦ᠂ ᠲᠤᠰᠠᠯᠠᠨ ᠳᠡᠮᠵᠢᠬᠦ᠂ ᠪᠡᠯᠡ | ᠣᠷᠣᠭᠤᠯᠬᠤ ᠵᠡᠷᠭᠡ ᠳᠤ ᠬᠡᠷᠡᠭᠯᠡᠵᠦ ᠪᠣᠯᠬᠤ ᠥᠭᠡᠢ᠂ ᠶᠠᠮᠠᠷᠪᠠ ᠠᠷᠭ᠎ᠠ ᠮᠠᠶ᠋ᠢᠭ ᠢᠶᠠᠷ ᠠᠵᠢᠯ ᠤᠨ ᠵᠠᠷᠤᠳᠠᠯ ᠢ ᠨᠡᠭᠦᠯᠭᠡᠨ ᠬᠡᠷᠡᠭᠯᠡᠬᠦ᠂ ᠰᠢᠬᠠᠨ ᠡᠵᠡᠯᠡᠬᠦ ᠪᠤᠶᠤ ᠬᠤᠪᠢ | ᠶᠢᠨ ᠠᠰᠢᠭ ᠤᠯᠬᠤ ᠳᠤ ᠬᠡᠷᠡᠭᠯᠡᠬᠦ ᠶᠢ ᠴᠢᠩᠭ᠎ᠠ ᠴᠠᠭᠠᠵᠠᠯᠠᠨ᠎ᠠ᠃ | ᠳᠣᠯᠣᠳᠤᠭᠠᠷ ᠵᠣᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠠᠴᠠ ᠬᠠᠤᠯᠢ ᠴᠠᠭᠠᠵᠠ ᠶᠢᠨ ᠣᠶᠢᠯᠡᠴᠢᠯᠡᠭᠡ | ᠬᠠᠩᠭᠠᠬᠤ ᠳᠤ ᠬᠦᠯᠦᠰᠤ ᠤᠯᠭᠤᠮᠵᠢ ᠦᠭᠬᠦ ᠪᠠᠷᠢᠮᠵᠢᠶ᠎ᠠ᠄ | ︵ᠨᠢᠭᠡ︶ ᠬᠠᠤᠯᠢ ᠴᠠᠭᠠᠵᠠ ᠶᠢᠨ ᠵᠥᠪᠯᠡᠭᠴᠢ ᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠤ | ᠪᠣᠳᠣᠯᠭ᠎ᠠ ᠶᠢᠨ ᠵᠣᠶᠢᠯᠡᠰ ᠵᠢᠴᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠳᠤ ᠣᠷᠣᠯᠴᠠᠵᠤ᠂ ᠴᠢᠬᠤᠯᠠ ᠶᠡᠭᠡ ᠵᠠᠰᠠᠭ ᠵᠠᠬᠢᠷᠭᠠᠨ ᠤ ᠣᠶᠢᠯᠠ | ᠠᠵᠢᠯᠯᠠᠭ᠎ᠠ ᠳᠤ ᠬᠠᠤᠯᠢ ᠴᠠᠭᠠᠵᠠ ᠶᠢᠨ ᠣᠶᠢᠯᠡᠴᠢᠯᠡᠭᠡ ᠬᠠᠩᠭᠠᠵᠤ᠂ ᠲᠦᠭᠰᠢᠭᠦᠷᠢ ᠶᠢ ᠦᠨᠡᠯᠡᠨ ᠵᠢᠱᠢᠭᠰᠡᠨ ᠮᠡᠳᠡᠭᠦᠯᠦᠯᠲᠡ ᠪᠤᠶᠤ ᠬᠠᠤᠯᠢ ᠶᠣᠰᠣᠴᠢ ᠴᠢᠨᠠᠷ ᠢ | ᠨᠤᠳᠠᠯᠠᠭᠰᠠᠨ ᠰᠠᠨᠠᠯ ᠳᠤᠷᠠᠳᠤᠭᠰᠠᠨ︔ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠴᠢᠬᠤᠯᠠ ᠶᠡᠭᠡ ᠵᠠᠰᠠᠭ ᠵᠠᠬᠢᠷᠭᠠᠨ ᠤ ᠰᠢᠢᠳᠪᠦᠷᠢᠳᠤ ᠪᠣᠳᠣᠯᠭ᠎ᠠ ᠶᠢᠨ | ᠵᠣᠶᠢᠯᠡᠰ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠬᠡᠷᠡᠭᠵᠢᠭᠦᠯᠦᠭᠰᠡᠨ ᠪᠠᠶᠢᠳᠠᠯ ᠳᠤ ᠤᠴᠢᠷ ᠶᠠᠪᠤᠳᠠᠯ ᠤᠨ ᠳᠤᠮᠳᠠᠬᠢ ᠪᠠ ᠤᠴᠢᠷ ᠶᠠᠪᠤᠳᠠᠯ ᠤᠨ ᠳᠠᠷᠠᠭᠠᠬᠢ | ᠦᠨᠡᠯᠡᠨ ᠵᠢᠱᠢᠯᠲᠡ ᠬᠢᠬᠦ ᠶᠢᠨ ᠬᠠᠮᠲᠤ ᠪᠢᠴᠢᠭ ᠤᠨ ᠦᠨᠡᠯᠡᠨ ᠵᠢᠱᠢᠭᠰᠡᠨ ᠮᠡᠳᠡᠭᠦᠯᠦᠯᠲᠡ ᠬᠢᠭᠰᠡᠨ︔ ᠣᠶᠢᠯᠡᠴᠢᠯᠡᠬᠡᠨ ᠤ ᠵᠣᠶᠢᠯᠡᠰ ᠤᠨ ᠪᠤᠳᠤᠯᠢᠶᠠᠨᠲᠤ ᠬᠡᠮᠵᠢᠶ᠎ᠡ᠂ | ᠠᠵᠢᠯ ᠤᠨ ᠬᠡᠮᠵᠢᠶ᠎ᠡ ᠵᠢᠴᠢ ᠣᠷᠣᠯᠴᠠᠭᠰᠠᠨ ᠲᠤᠰᠬᠠᠶ ᠮᠡᠷᠭᠡᠵᠢᠯᠲᠡᠨ ᠵᠡᠷᠭᠡ ᠪᠠᠶᠢᠳᠠᠯ ᠢ ᠦᠵᠡᠵᠦ ᠪᠠᠶᠢᠭᠠᠳ ᠣᠶᠢᠯᠡᠴᠢᠯᠡᠬᠡᠨ ᠤ ᠵᠠᠷᠤᠳᠠᠯ ᠢ ᠵᠥᠪᠳᠡᠯᠴᠡᠨ | ᠲᠣᠭᠲᠠᠭᠠᠵᠤ᠂ ᠪᠣᠳᠠᠲᠠᠶ ᠵᠠᠷᠤᠳᠠᠯ ᠢ ᠬᠡᠷᠡᠭ ︵ᠤᠳᠠᠭ᠎ᠠ︶ ᠪᠦᠷᠢ ᠳᠤ 3 ᠲᠦᠮᠡᠨ ᠲᠥᠭᠦᠷᠢᠭ ᠠᠴᠠ 8 ᠲᠦᠮᠡᠨ ᠲᠥᠭᠦᠷᠢᠭ ᠢᠶᠠᠷ ᠲᠣᠭᠲᠠᠭᠠᠵᠤ᠂ ᠠᠵᠢᠯ ᠤᠨ | ᠳᠤᠮᠳᠠ ᠪᠣᠶ ᠪᠣᠯᠤᠭᠰᠠᠨ ᠲᠤᠰᠬᠠᠶ ᠮᠡᠷᠭᠡᠵᠢᠯᠲᠡᠨ ᠤ ᠵᠠᠷᠤᠳᠠᠯ᠂ ᠬᠤᠷᠠᠯ ᠤᠨ ᠵᠠᠷᠤᠳᠠᠯ ᠵᠡᠷᠭᠡ ᠬᠠᠮᠢᠶ᠎ᠠ ᠪᠥᠬᠦᠶ ᠵᠠᠷᠤᠳᠠᠯ ᠢ ᠬᠠᠤᠯᠢ ᠴᠠᠭᠠᠵᠠ ᠶᠢᠨ ᠵᠥᠪᠯᠡᠭᠴᠢ ᠠᠴᠠ | ᠥᠪᠡᠰᠦᠪᠡᠨ ᠡᠭᠦᠷᠭᠡᠯᠡᠨ᠎ᠡ᠃ | ︵ᠬᠤᠶᠠᠷ︶ ᠬᠠᠤᠯᠢ ᠴᠠᠭᠠᠵᠠ ᠶᠢᠨ ᠵᠥᠪᠯᠡᠭᠴᠢ ᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠠᠷᠭᠤᠯᠳᠤᠬᠤ᠂ ᠬᠥᠨᠳᠡᠯᠡᠨ ᠠᠴᠠ ᠲᠠᠰᠤᠯᠬᠤ᠂ | ᠡᠶᠡᠳᠡᠭᠦᠯᠬᠦ ᠵᠡᠷᠭᠡ ᠬᠠᠤᠯᠢ ᠴᠠᠭᠠᠵᠠ ᠶᠢᠨ ᠬᠡᠷᠡᠭ ᠶᠠᠪᠤᠳᠠᠯ ᠢ ᠣᠷᠣᠯᠠᠨ ᠭᠦᠢᠴᠡᠳᠬᠡᠬᠦ ᠳᠤ᠂ ᠣᠷᠳᠣᠰ ᠬᠤᠲᠠ ᠶᠢᠨ ᠬᠠᠤᠯᠢᠴᠢ ᠶᠢᠨ ᠣᠶᠢᠯᠡᠴᠢᠯᠡᠬᠡᠨ ᠤ ᠵᠠᠷᠤᠳᠠᠯ | ᠬᠤᠷᠢᠶᠠᠬᠤ ᠠᠵᠢᠯ ᠲᠥᠷᠥᠯ ᠤᠨ ᠵᠢᠯᠣᠭᠤᠳᠣᠯᠭ᠎ᠠ ᠶᠢᠨ ᠬᠤᠯᠪᠣᠭᠳᠠᠯ ᠪᠥᠬᠦᠶ ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠬᠡᠷᠡᠭ ᠤᠨ ᠬᠠᠷᠠᠯᠲᠠ ᠶᠢᠨ ᠲᠤᠭ᠎ᠠ ᠶᠢᠨ 0. | 1% — 2% ᠤᠨ ᠶᠣᠰᠣᠭᠠᠷ ᠣᠶᠢᠯᠡᠴᠢᠯᠡᠬᠡᠨ ᠤ ᠵᠠᠷᠤᠳᠠᠯ ᠦᠭᠭᠦᠨ᠎ᠡ᠃ ᠬᠠᠷᠠᠯᠲᠠ ᠶᠢᠨ ᠲᠤᠭ᠎ᠠ ᠨᠢ 100 ᠲᠦᠮᠡᠨ ᠲᠥᠭᠦᠷᠢᠭ ᠠᠴᠠ ᠳᠣᠷᠣᠭᠰᠢ ᠬᠡᠰᠡᠭ | ᠲᠤ 2% ᠢᠶᠠᠷ ᠣᠶᠢᠯᠡᠴᠢᠯᠡᠬᠡᠨ ᠤ ᠵᠠᠷᠤᠳᠠᠯ ᠥᠭᠭᠦᠨ᠎ᠡ︔ 100 ᠲᠦᠮᠡᠨ ᠲᠥᠭᠦᠷᠢᠭ ᠠᠴᠠ 1000 ᠲᠦᠮᠡᠨ ᠲᠥᠭᠦᠷᠢᠭ ᠤᠨ ᠬᠡᠰᠡᠭ ᠲᠤ 1% ᠪᠠᠷ | ᠣᠶᠢᠯᠡᠴᠢᠯᠡᠬᠡᠨ ᠤ ᠵᠠᠷᠤᠳᠠᠯ ᠥᠭᠭᠦᠨ᠎ᠡ︔ 1000 ᠲᠦᠮᠡᠨ ᠲᠥᠭᠦᠷᠢᠭ ᠠᠴᠠ ᠳᠡᠭᠡᠭᠰᠢᠬᠢ ᠬᠡᠰᠡᠭ ᠲᠤ ᠬᠠᠷᠠᠯᠲᠠ ᠶᠢᠨ ᠲᠣᠭᠠᠨ ᠤ 1%-0.1% ᠪᠠᠷ | ᠣᠶᠢᠯᠡᠴᠢᠯᠡᠬᠡᠨ ᠤ ᠵᠠᠷᠤᠳᠠᠯ ᠦᠭᠭᠦᠨ᠎ᠡ︔ ᠣᠨᠴᠠᠭᠠᠶ ᠬᠡᠷᠡᠭ ᠤᠨ ᠦᠢᠯᠡᠴᠢᠯᠡᠭᠡᠨ ᠤ ᠵᠠᠷᠤᠳᠠᠯ ᠨᠢ ᠬᠠᠮᠤᠭ ᠥᠨᠳᠥᠷ ᠲᠡᠭᠡᠨ 100 ᠲᠦᠮᠡᠨ ᠲᠥᠭᠦᠷᠢᠭ ᠠᠴᠠ | ᠬᠡᠲᠦᠷᠡᠵᠦ ᠪᠣᠯᠬᠤ ᠦᠭᠡᠶ᠃ | ︵ᠭᠤᠷᠪᠠ︶ ᠬᠠᠤᠯᠢ ᠴᠠᠭᠠᠵᠠ ᠶᠢᠨ ᠵᠥᠪᠯᠡᠭᠴᠢ ᠨᠢ ᠡᠳ᠋ ᠬᠥᠷᠥᠩᠭᠡ ᠶᠢᠨ ᠬᠠᠷᠢᠴᠠᠭ᠎ᠠ ᠳᠤ ᠥᠯᠥ ᠬᠤᠯᠪᠣᠭᠳᠠᠬᠤ ᠢᠷᠭᠡᠨ ᠤ ᠵᠠᠷᠭᠤ᠂ ᠵᠠᠰᠠᠭ ᠵᠠᠬᠢᠷᠭᠠᠨ ᠤ | ᠵᠠᠷᠭᠤ᠂ ᠬᠥᠨᠳᠡᠯᠡᠨ ᠠᠴᠠ ᠲᠠᠰᠤᠯᠬᠤ ᠬᠡᠷᠡᠭ ᠢ ᠤᠷᠤᠯᠠᠨ ᠭᠦᠢᠴᠡᠳᠬᠡᠬᠦ ᠳᠤ᠂ ᠬᠡᠷᠡᠭ ᠤᠨ ᠬᠦᠴᠢᠷ ᠬᠢᠯᠪᠠᠷ ᠤᠨ ᠬᠡᠮᠵᠢᠶ᠎ᠡ ᠶᠢ ᠦᠨᠳᠦᠰᠦᠯᠡᠨ᠂ ᠬᠡᠷᠡᠭ ︵ᠤᠳᠠᠭ᠎ᠠ︶ | ᠪᠦᠷᠢ ᠳᠤ 5000 — 2 ᠲᠦᠮᠡᠨ ᠲᠥᠭᠦᠷᠢᠭ ᠤᠨ ᠣᠶᠢᠯᠡᠴᠢᠯᠡᠬᠡᠨ ᠤ ᠵᠠᠷᠤᠳᠠᠯ ᠥᠭᠭᠦᠨ᠎ᠡ︔ ᠵᠠᠰᠠᠭ ᠵᠠᠬᠢᠷᠭᠠᠨ ᠤ ᠠᠵᠢᠯᠯᠠᠭ᠎ᠠ ᠳᠤ ᠭᠡᠷ᠎ᠡ ᠶᠢ ᠭᠡᠷᠡᠴᠢᠯᠡᠬᠦ᠂ | ᠡᠷᠬᠡ ᠶᠢ ᠨᠤᠲᠠᠯᠠᠬᠤ᠂ ᠭᠡᠷᠡᠴᠢ ᠪᠠᠷᠢᠮᠲᠠ ᠶᠢ ᠬᠠᠮᠠᠭᠠᠯᠠᠨ ᠬᠠᠳᠠᠭᠠᠯᠠᠬᠤ᠂ ᠲᠤᠬᠠᠶ ᠶᠢᠨ ᠲᠠᠯᠠᠪᠤᠷ ᠲᠤ ᠬᠢᠨᠠᠯᠲᠠ ᠲᠠᠯᠪᠢᠬᠤ ᠵᠡᠷᠭᠡ ᠠᠯᠪᠠᠨ ᠭᠡᠷᠡᠴᠢᠯᠡᠭᠡ ᠬᠢᠬᠦ ᠳᠤ | ᠬᠡᠷᠡᠭ ᠪᠦᠷᠢ ︵ᠤᠳᠠᠭ᠎ᠠ︶ ᠳᠤ 3000 ᠲᠥᠭᠦᠷᠢᠭ ᠠᠴᠠ 5000 ᠲᠥᠭᠦᠷᠢᠭ ᠤᠨ ᠣᠶᠢᠯᠡᠴᠢᠯᠡᠬᠡᠨ ᠤ ᠵᠠᠷᠤᠳᠠᠯ ᠦᠭᠭᠦᠨ᠎ᠡ᠂ ᠬᠠᠤᠯᠢ ᠶᠣᠰᠣᠭᠠᠷ ᠬᠤᠳᠠ ᠶᠢᠨ | ᠠᠷᠠᠳ ᠤᠨ ᠵᠠᠰᠠᠭ ᠤᠨ ᠣᠷᠳᠣᠨ ᠤ ᠦᠭᠬᠦ ᠶᠣᠰᠣᠲᠠᠶ ᠵᠠᠷᠭᠤ ᠶᠢᠨ ᠵᠠᠷᠤᠳᠠᠯ᠂ ᠬᠥᠨᠳᠡᠯᠡᠨ ᠠᠴᠠ ᠲᠠᠰᠤᠯᠬᠤ ᠵᠠᠷᠤᠳᠠᠯ᠂ ᠬᠠᠮᠠᠭᠠᠯᠠᠨ ᠬᠠᠳᠠᠭᠠᠯᠠᠬᠤ ᠵᠠᠷᠤᠳᠠᠯ᠂ | ᠠᠯᠪᠠᠨ ᠭᠡᠷᠡᠴᠢᠯᠡᠭᠡᠨ ᠤ ᠵᠠᠷᠤᠳᠠᠯ ᠵᠡᠷᠭᠡ ᠬᠤᠯᠪᠣᠭᠳᠠᠯ ᠪᠦᠬᠦᠢ ᠵᠠᠷᠤᠳᠠᠯ ᠢ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠡᠭᠦᠷᠭᠡᠯᠡᠨ᠎ᠡ᠃ | ︵ᠳᠥᠷᠪᠡ︶ ᠬᠠᠤᠯᠢ ᠴᠠᠭᠠᠵᠠ ᠶᠢᠨ ᠵᠥᠪᠯᠡᠭᠴᠢ ᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠮᠲᠤᠷᠠᠯᠴᠠᠭᠠᠨ ᠤ ᠲᠥᠷᠥᠯ ᠵᠣᠶᠢᠯ ᠤᠨ | ᠵᠦᠪᠳᠡᠯᠴᠡᠬᠡᠨ ᠳᠤ ᠤᠷᠤᠯᠴᠠᠭᠰᠠᠨ︔ ᠴᠢᠬᠤᠯᠠ ᠬᠠᠤᠯᠢ ᠴᠠᠭᠠᠵᠠ ᠶᠢᠨ ᠪᠢᠴᠢᠭ ᠬᠠᠷ᠎ᠠ ᠪᠤᠶᠤ ᠭᠡᠷ᠎ᠡ ᠶᠢᠨ ᠬᠡᠯᠡᠯᠴᠡᠭᠡᠷ ᠢ ᠲᠤᠭᠤᠷᠪᠢᠵᠤ᠂ ᠬᠢᠨᠠᠨ ᠪᠠᠶᠢᠴᠠᠭᠠᠵᠤ᠂ | ᠲᠡᠭᠦᠨ ᠳᠤ ᠵᠠᠰᠠᠪᠤᠷᠢ ᠤᠷᠤᠭᠤᠯᠤᠭᠰᠠᠨ︔ ᠪᠢᠴᠢᠭ ᠤᠨ ᠬᠡᠯᠪᠡᠷᠢ ᠶᠢᠨ ᠬᠠᠤᠯᠢ ᠴᠠᠭᠠᠵᠠ ᠶᠢᠨ ᠰᠠᠨᠠᠯ ᠭᠠᠷᠭᠠᠵᠤ᠂ ᠬᠤᠯᠪᠣᠭᠳᠠᠯ ᠪᠦᠬᠦᠢ ᠬᠤᠷᠠᠯ ᠳᠤ | ᠣᠷᠣᠯᠴᠠᠭᠰᠠᠨ︔ ᠵᠦᠢᠯ ᠪᠦᠷᠢ ︵ᠤᠳᠠᠭ᠎ᠠ︶ 3000 ᠲᠥᠭᠦᠷᠢᠭ ᠠᠴᠠ 5000 ᠲᠥᠭᠦᠷᠢᠭ ᠤᠨ ᠣᠶᠢᠯᠡᠴᠢᠯᠡᠬᠡᠨ ᠤ ᠵᠠᠷᠤᠳᠠᠯ ᠦᠭᠭᠦᠨ᠎ᠡ᠃ | ︵ᠲᠠᠪᠤ︶ ᠬᠠᠤᠯᠢ ᠴᠠᠭᠠᠵᠠ ᠶᠢᠨ ᠵᠥᠪᠯᠡᠭᠴᠢ ᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠳᠤ ᠬᠤᠯᠪᠣᠭᠳᠠᠭᠰᠠᠨ ᠵᠠᠷᠭᠤ ᠳᠤ | ᠬᠤᠯᠪᠣᠭᠳᠠᠭᠰᠠᠨ ᠬᠡᠷᠡᠭ᠂ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠪᠠ ᠬᠦᠨᠳᠦ ᠶᠡᠭᠡ ᠭᠡᠨᠡᠳᠲᠡ ᠶᠢᠨ ᠬᠡᠷᠡᠭ ᠵᠡᠷᠭᠡ ᠶᠢ ᠰᠢᠢᠳᠪᠦᠷᠢᠯᠡᠬᠦ ᠳᠤ ᠬᠠᠤᠯᠢ ᠴᠠᠭᠠᠵᠠ ᠶᠢᠨ | ᠣᠶᠢᠯᠡᠴᠢᠯᠡᠭᠡ ᠬᠠᠩᠭᠠᠵᠤ᠂ ᠪᠢᠴᠢᠭ ᠤᠨ ᠬᠡᠯᠪᠡᠷᠢ ᠶᠢᠨ ᠬᠠᠤᠯᠢ ᠴᠠᠭᠠᠵᠠ ᠶᠢᠨ ᠰᠠᠨᠠᠯ ᠭᠠᠷᠭᠠᠵᠤ᠂ ᠬᠠᠮᠢᠶ᠎ᠠ ᠪᠥᠬᠦᠶ ᠬᠤᠷᠠᠯ ᠳᠤ ᠣᠷᠣᠯᠴᠠᠭᠰᠠᠨ ᠪᠤᠯ᠂ ᠬᠡᠷᠡᠭ ︵ | ᠤᠳᠠᠭ᠎ᠠ︶ ᠪᠦᠷᠢ ᠳᠤ 3000 ᠲᠥᠭᠦᠷᠢᠭ ᠠᠴᠠ 5000 ᠲᠥᠭᠦᠷᠢᠭ ᠤᠨ ᠣᠶᠢᠯᠡᠴᠢᠯᠡᠬᠡᠨ ᠤ ᠵᠠᠷᠤᠳᠠᠯ ᠥᠭᠭᠦᠨ᠎ᠡ᠃ | ︵ᠵᠢᠷᠭᠤᠭ᠎ᠠ︶ ᠬᠠᠤᠯᠢ ᠴᠠᠭᠠᠵᠠ ᠶᠢᠨ ᠵᠥᠪᠯᠡᠭᠴᠢ ᠨᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠪᠠᠷ ᠵᠠᠰᠠᠬᠤ ᠪᠠᠶᠢᠭᠤᠯᠤᠯᠲᠠ ᠶᠢᠨ ᠬᠠᠮᠢᠶ᠎ᠠ | ᠪᠥᠬᠦᠶ ᠪᠠᠶᠢᠴᠠᠭᠠᠨ ᠰᠤᠳᠤᠯᠤᠯᠲᠠ᠂ ᠪᠣᠯᠪᠠᠰᠤᠷᠠᠭᠤᠯᠤᠯ᠂ ᠰᠢᠮᠳᠠᠭᠤᠯᠤᠨ ᠪᠠᠶᠢᠴᠠᠭᠠᠬᠤ ᠵᠡᠷᠭᠡ ᠠᠵᠢᠯ ᠳᠤ ᠣᠷᠣᠯᠴᠠᠵᠤ᠂ ᠬᠠᠤᠯᠢ ᠴᠠᠭᠠᠵᠠ ᠶᠢᠨ ᠣᠶᠢᠯᠡᠴᠢᠯᠡᠭᠡ | ᠬᠠᠩᠭᠠᠵᠤ᠂ ᠪᠢᠴᠢᠭ ᠤᠨ ᠮᠡᠳᠡᠭᠦᠯᠦᠯᠲᠡ ᠪᠤᠶᠤ ᠬᠠᠤᠯᠢ ᠴᠠᠭᠠᠵᠠ ᠶᠢᠨ ᠰᠠᠨᠠᠯ ᠭᠠᠷᠭᠠᠵᠤ᠂ ᠬᠠᠮᠢᠶ᠎ᠠ ᠪᠥᠬᠦᠶ ᠬᠤᠷᠠᠯ ᠳᠤ ᠣᠷᠣᠯᠴᠠᠭᠰᠠᠨ ᠪᠤᠯ᠂ ᠬᠠᠤᠯᠢ ᠴᠠᠭᠠᠵᠠ | ᠶᠢᠨ ᠵᠥᠪᠯᠡᠭᠴᠢ ᠶᠢᠨ ᠠᠵᠢᠯ ᠤᠨ ᠬᠡᠮᠵᠢᠶ᠎ᠡ ᠵᠢᠴᠢ ᠠᠵᠢᠯ ᠤᠨ ᠬᠦᠴᠢᠷ ᠤᠨ ᠬᠡᠮᠵᠢᠶ᠎ᠡ ᠶᠢ ᠦᠵᠡᠵᠦ᠂ ᠬᠡᠷᠡᠭ ︵ᠤᠳᠠᠭ᠎ᠠ︶ ᠪᠦᠷᠢ ᠳᠤ 5000 ᠲᠥᠭᠦᠷᠢᠭ ᠠᠴᠠ | 30000 ᠲᠥᠭᠦᠷᠢᠭ ᠤᠨ ᠣᠶᠢᠯᠡᠴᠢᠯᠡᠬᠡᠨ ᠤ ᠵᠠᠷᠤᠳᠠᠯ ᠦᠭᠴᠣ᠂ ᠪᠣᠶ ᠪᠣᠯᠤᠭᠰᠠᠨ ᠲᠤᠰᠬᠠᠶ ᠮᠡᠷᠭᠡᠵᠢᠯᠲᠡᠨ ᠤ ᠵᠠᠷᠤᠳᠠᠯ ᠵᠡᠷᠭᠡ ᠬᠠᠮᠢᠶ᠎ᠠ ᠪᠥᠬᠦᠶ ᠵᠠᠷᠤᠳᠠᠯ ᠢ | ᠬᠠᠤᠯᠢ ᠴᠠᠭᠠᠵᠠ ᠶᠢᠨ ᠵᠥᠪᠯᠡᠭᠴᠢ ᠠᠴᠠ ᠥᠪᠡᠰᠦᠪᠡᠨ ᠡᠭᠦᠷᠭᠡᠯᠡᠨ᠎ᠡ᠃ | ︵ᠳᠣᠯᠤᠭ᠎ᠠ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠢᠭᠠᠪᠤᠷᠢ ᠠᠪᠬᠤ ᠲᠥᠷᠥᠯ᠂ ᠮᠡᠳᠡᠭᠦᠯᠦᠯᠲᠡ ᠶᠢᠨ ᠲᠥᠷᠥᠯ ᠤᠨ ᠵᠠᠰᠠᠭ ᠵᠠᠬᠢᠷᠭᠠᠨ ᠤ | ᠪᠢᠴᠢᠭ ᠮᠠᠲ᠋ᠧᠷᠢᠶᠠᠯ ᠢ ᠬᠢᠨᠠᠨ ᠪᠠᠶᠢᠴᠠᠭᠠᠵᠤ᠂ ᠪᠢᠴᠢᠭ ᠤᠨ ᠬᠡᠯᠪᠡᠷᠢ ᠶᠢᠨ ᠬᠠᠤᠯᠢ ᠴᠠᠭᠠᠵᠠ ᠶᠢᠨ ᠰᠠᠨᠠᠯ ᠭᠠᠷᠭᠠᠵᠤ᠂ ᠬᠠᠮᠢᠶ᠎ᠠ ᠪᠥᠬᠦᠶ ᠬᠤᠷᠠᠯ ᠳᠤ ᠣᠷᠣᠯᠴᠠᠭᠰᠠᠨ | ᠪᠤᠯ᠂ ᠬᠡᠷᠡᠭ ︵ᠤᠳᠠᠭ᠎ᠠ︶ ᠪᠦᠷᠢ ᠳᠤ 3000 ᠲᠥᠭᠦᠷᠢᠭ ᠠᠴᠠ 5000 ᠲᠥᠭᠦᠷᠢᠭ ᠤᠨ ᠣᠶᠢᠯᠡᠴᠢᠯᠡᠬᠡᠨ ᠤ ᠵᠠᠷᠤᠳᠠᠯ ᠦᠭᠭᠦᠨ᠎ᠡ᠃ | ︵ᠨᠠᠢᠮᠠ︶ ᠬᠠᠤᠯᠢ ᠴᠠᠭᠠᠵᠠ ᠶᠢᠨ ᠵᠥᠪᠯᠡᠭᠴᠢ ᠶᠢᠨ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠠᠴᠠ ᠲᠤᠮᠢᠯᠠᠭᠰᠠᠨ ᠲᠤᠰᠬᠠᠶ ᠲᠤᠰᠢᠶᠠᠯᠳᠤ ᠬᠠᠤᠯᠢᠴᠢ ᠶᠢᠨ | ᠠᠵᠢᠯ ᠤᠨ ᠬᠥᠯᠥᠰᠥ ᠣᠯᠭᠤᠮᠵᠢ ᠶᠢ ᠰᠠᠷ᠎ᠠ ᠪᠠᠷ ᠪᠤᠳᠤᠨ᠎ᠠ᠂ ᠬᠥᠮᠦᠨ ᠪᠦᠷᠢ ᠰᠠᠷ᠎ᠠ ᠪᠤᠯᠭᠠᠨ 4000 ᠲᠥᠭᠦᠷᠢᠭ ᠠᠴᠠ 8000 ᠲᠥᠭᠦᠷᠢᠭ ᠤᠨ ᠪᠠᠷᠢᠮᠵᠢᠶ᠎ᠠ ᠪᠠᠷ | ᠬᠡᠷᠡᠭᠵᠢᠭᠦᠯᠦᠨ᠎ᠡ᠂ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠠᠴᠠ ᠡᠭᠡᠯᠵᠢ ᠳᠤ ᠰᠠᠭᠤᠬᠤ ᠬᠠᠤᠯᠢᠴᠢ ᠳᠤ ᠥᠭᠭᠦᠨ᠎ᠡ᠂ ᠪᠣᠳᠠᠲᠠᠶ ᠠᠵᠢᠯ ᠤᠨ ᠬᠥᠯᠥᠰᠥ ᠣᠯᠭᠤᠮᠵᠢ | ᠶᠢ ᠰᠠᠷ᠎ᠠ ᠪᠦᠷᠢ ᠶᠢᠨ ᠰᠢᠯᠭᠠᠨ ᠬᠢᠨᠠᠭᠰᠠᠨ ᠪᠠᠶᠢᠳᠠᠯ ᠢ ᠦᠨᠳᠦᠰᠦᠯᠡᠨ ᠲᠣᠭᠲᠠᠭᠠᠵᠤ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠲᠣᠭᠲᠠᠮᠠᠯ | ᠬᠤᠭᠤᠴᠠᠭ᠎ᠠ ᠲᠠᠢ ᠪᠠᠷ ᠡᠭᠡᠯᠵᠢ ᠳᠤ ᠰᠠᠭᠤᠬᠤ ᠬᠠᠤᠯᠢᠴᠢ ᠶᠢᠨ ᠬᠠᠷᠢᠶ᠎ᠠ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠲᠠᠢ ᠲᠠᠰᠤᠯᠤᠨ ᠪᠤᠳᠤᠨ᠎ᠠ᠂ ᠡᠭᠡᠯᠵᠢ ᠳᠤ | ᠰᠠᠭᠤᠬᠤ ᠬᠠᠤᠯᠢᠴᠢ ᠶᠢᠨ ᠨᠡᠶᠢᠭᠡᠮ ᠤᠨ ᠳᠠᠭᠠᠳᠬᠠᠯ ᠵᠡᠷᠭᠡ ᠵᠠᠷᠤᠳᠠᠯ ᠢ ᠬᠠᠤᠯᠢᠴᠢ ᠶᠢᠨ ᠬᠡᠷᠡᠭ ᠡᠷᠬᠢᠯᠡᠬᠦ ᠭᠠᠵᠠᠷ ᠠᠴᠠ ᠥᠪᠡᠰᠦᠪᠡᠨ ᠡᠭᠦᠷᠭᠡᠯᠡᠨ᠎ᠡ᠃ | ︵ᠶᠢᠰᠦ︶ ᠬᠠᠤᠯᠢ ᠴᠠᠭᠠᠵᠠ ᠶᠢᠨ ᠵᠥᠪᠯᠡᠭᠴᠢ ᠶᠢᠨ ᠣᠶᠢᠯᠡᠴᠢᠯᠡᠬᠡᠨ ᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠴᠠ ᠪᠣᠯᠵᠣ ᠲᠣᠰ ᠬᠤᠲᠠ ᠶᠢᠨ ᠵᠠᠰᠠᠭ | ᠵᠠᠬᠢᠷᠭᠠᠨ ᠤ ᠣᠷᠣᠨ ᠠᠴᠠ ᠭᠠᠳᠠᠨ᠎ᠠ ᠡᠭᠦᠰᠦᠭᠰᠡᠨ ᠵᠠᠮ ᠤᠨ ᠵᠠᠷᠤᠳᠠᠯ᠂ ᠬᠤᠭᠤᠯᠠ ᠬᠤᠨᠤᠭ ᠤᠨ ᠵᠠᠷᠤᠳᠠᠯ ᠵᠡᠷᠭᠡ ᠴᠢᠬᠤᠯᠠ ᠪᠥᠬᠦᠶ ᠵᠠᠷᠤᠯᠭ᠎ᠠ ᠶᠢᠨ ᠵᠠᠷᠤᠳᠠᠯ ᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠣᠰ ᠱᠠᠲᠤᠨ ᠤ ᠨᠠᠮ ᠵᠠᠰᠠᠭ ᠤᠨ ᠪᠠᠶᠢᠭᠤᠯᠭ᠎ᠠ ᠶᠢᠨ ᠵᠠᠮ ᠤᠨ ᠵᠠᠷᠤᠳᠠᠯ ᠤᠨ ᠬᠠᠮᠢᠶᠠᠷᠤᠯᠲᠠ ᠶᠢᠨ ᠬᠠᠮᠢᠶ᠎ᠠ | ᠪᠥᠬᠦᠶ ᠪᠠᠷᠢᠮᠵᠢᠶ᠎ᠠ ᠶᠣᠰᠣᠭᠠᠷ ᠬᠡᠷᠡᠭᠵᠢᠭᠦᠯᠦᠨ᠎ᠡ᠃ | ︵ᠠᠷᠪᠠ︶ ᠬᠠᠤᠯᠢ ᠴᠠᠭᠠᠵᠠ ᠶᠢᠨ ᠵᠥᠪᠯᠡᠭᠴᠢ ᠶᠢᠨ ᠠᠵᠢᠯ ᠠᠴᠠ ᠪᠣᠯᠤᠭᠰᠠᠨ ᠪᠤᠰᠤᠳ ᠬᠠᠤᠯᠢ ᠴᠠᠭᠠᠵᠠ ᠶᠢᠨ ᠣᠶᠢᠯᠡᠴᠢᠯᠡᠬᠡᠨ ᠤ ᠵᠠᠷᠤᠳᠠᠯ ᠢ ᠬᠠᠤᠯᠢ | ᠴᠠᠭᠠᠵᠠ ᠶᠢᠨ ᠣᠶᠢᠯᠡᠴᠢᠯᠡᠬᠡᠨ ᠤ ᠵᠠᠷᠤᠳᠠᠯ ᠬᠤᠷᠢᠶᠠᠬᠤ ᠠᠵᠢᠯ ᠲᠥᠷᠥᠯ ᠤᠨ ᠵᠢᠯᠣᠭᠤᠳᠬᠤ ᠪᠠᠷᠢᠮᠵᠢᠶ᠎ᠠ ᠵᠡᠷᠭᠡ ᠬᠠᠮᠢᠶ᠎ᠠ ᠪᠥᠬᠦᠶ ᠲᠣᠭᠲᠠᠭᠠᠯ ᠢᠶᠠᠷ ᠯᠠᠪᠯᠠᠯᠲᠠ | ᠪᠣᠯᠭᠠᠵᠤ᠂ ᠬᠤᠶᠠᠷ ᠲᠠᠯ᠎ᠠ ᠪᠠᠷ ᠢᠶᠠᠨ ᠵᠥᠪᠳᠡᠯᠴᠡᠨ ᠲᠣᠭᠲᠠᠭᠠᠨ᠎ᠠ᠃ | ᠨᠠᠢᠮᠠᠳᠤᠭᠠᠷ ᠵᠣᠶᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠤᠳᠤᠷᠢᠳᠤᠯᠭ᠎ᠠ ᠶᠢᠨ ᠨᠠᠶᠢᠳᠠᠯᠭ᠎ᠠ ᠪᠠᠷ ᠪᠤᠶᠤ ᠡᠭᠦᠷᠭᠡ | ᠬᠠᠷᠢᠭᠤᠴᠠᠯᠭ᠎ᠠ ᠶᠣᠰᠣᠭᠠᠷ ᠬᠠᠤᠯᠢ ᠴᠠᠭᠠᠵᠠ ᠶᠢᠨ ᠵᠥᠪᠯᠡᠭᠴᠢ ᠶᠢ ᠵᠣᠬᠢᠶᠠᠨ ᠪᠠᠶᠢᠭᠤᠯᠵᠤ ᠰᠤᠳᠤᠯᠤᠨ ᠶᠠᠷᠢᠯᠴᠠᠬᠤ ᠬᠤᠷᠠᠯ᠂ ᠨᠤᠲᠠᠯᠠᠯᠲᠠ ᠶᠢᠨ ᠬᠤᠷᠠᠯ᠂ ᠲᠤᠰᠬᠠᠶ | ᠰᠡᠳᠦᠪᠲᠦ ᠬᠤᠷᠠᠯ ᠢ ᠬᠤᠷᠠᠯᠳᠤᠭᠤᠯᠬᠤ ᠳᠤ ᠬᠡᠷᠡᠭ ᠢᠶᠠᠷ ᠨᠥᠬᠦᠪᠥᠷᠢ ᠲᠣᠭᠲᠠᠭᠠᠬᠤ ᠶᠢ ᠬᠡᠷᠡᠭᠵᠢᠭᠦᠯᠵᠦ᠂ ᠬᠡᠷᠡᠭ ᠪᠦᠷᠢ ᠶᠢ ᠬᠦᠴᠢᠷ ᠬᠢᠯᠪᠠᠷ ᠤᠨ ᠬᠡᠮᠵᠢᠶ᠎ᠡ᠂ | ᠵᠠᠷᠤᠴᠠᠭᠤᠯᠤᠭᠰᠠᠨ ᠴᠠᠭ ᠵᠡᠷᠭᠡ ᠪᠠᠷ ᠬᠥᠮᠦᠨ ᠪᠦᠷᠢ ᠤᠳᠠᠭ᠎ᠠ ᠪᠤᠯᠭᠠᠨ 3000 — 5000 ᠲᠥᠭᠦᠷᠢᠭ ᠢᠶᠠᠷ ᠲᠣᠭᠲᠠᠭᠠᠨ᠎ᠠ᠃ | ᠶᠢᠰᠦᠳᠦᠭᠡᠷ ᠵᠣᠶᠢᠯ ᠬᠠᠤᠯᠢ ᠴᠠᠭᠠᠵᠠ ᠶᠢᠨ ᠣᠶᠢᠯᠡᠴᠢᠯᠡᠬᠡᠨ ᠤ ᠵᠠᠷᠤᠳᠠᠯ ᠢ ᠳᠥᠷᠪᠡᠨ ᠰᠠᠷ᠎ᠠ ᠳᠤ ᠨᠢᠭᠡ ᠤᠳᠠᠭ᠎ᠠ ᠲᠥᠪᠯᠡᠷᠡᠭᠦᠯᠦᠨ ᠥᠭᠬᠦ ᠠᠷᠭ᠎ᠠ ᠮᠠᠶ᠋ᠢᠭ | ᠢᠶᠠᠷ ᠥᠭᠴᠦ᠂ ᠬᠠᠤᠯᠢ ᠴᠠᠭᠠᠵᠠ ᠶᠢᠨ ᠣᠶᠢᠯᠡᠴᠢᠯᠡᠬᠡᠨ ᠤ ᠵᠠᠷᠤᠳᠠᠯ ᠢ ᠥᠭᠬᠦ ᠳᠤ ᠡᠷᠬᠡᠪᠰᠢ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠠᠴᠠ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠲᠤ ᠪᠠᠷᠢᠮᠲᠠ ᠪᠣᠯᠤᠨ ᠠᠵᠢᠯ ᠤᠨ ᠬᠡᠮᠵᠢᠶ᠎ᠡ ᠶᠢᠨ ᠨᠠᠷᠢᠨ ᠲᠠᠩᠰᠠ ᠵᠡᠷᠭᠡ ᠬᠠᠮᠢᠶ᠎ᠠ ᠪᠥᠬᠦᠶ ᠭᠡᠷᠡᠴᠢ | ᠪᠠᠷᠢᠮᠲᠠ ᠶᠢ ᠪᠢᠴᠢᠵᠦ ᠥᠭᠬᠦ ᠬᠡᠷᠡᠭᠲᠡᠶ᠃ | ᠠᠷᠪᠠᠳᠤᠭᠠᠷ ᠵᠣᠶᠢᠯ ᠲᠣᠰ ᠠᠷᠭ᠎ᠠ ᠶᠢᠨ ᠳᠣᠯᠣᠳᠤᠭᠠᠷ ᠵᠣᠶᠢᠯ ᠳᠤ ᠬᠤᠯᠪᠣᠭᠳᠠᠬᠤ ᠬᠠᠤᠯᠢ ᠴᠠᠭᠠᠵᠠ ᠶᠢᠨ ᠣᠶᠢᠯᠡᠴᠢᠯᠡᠬᠡᠨ ᠤ ᠵᠠᠷᠤᠳᠠᠯ ᠪᠦᠷᠢ ᠶᠢᠨ | ᠵᠠᠷᠤᠯᠭ᠎ᠠ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠠᠩᠬ᠎ᠠ ᠠᠯᠬᠤᠮ ᠤᠨ ᠥᠭᠬᠦ ᠰᠠᠨᠠᠯ ᠢᠶᠠᠨ ᠳᠤᠷᠠᠳᠴᠤ᠂ ᠬᠤᠲᠠ ᠶᠢᠨ ᠠᠷᠠᠳ | ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠳᠤ ᠳᠡᠪᠰᠢᠭᠦᠯᠵᠦ ᠰᠤᠳᠤᠯᠤᠨ ᠲᠣᠭᠲᠠᠭᠠᠯᠭᠠᠭᠰᠠᠨ ᠤ ᠳᠠᠷᠠᠭ᠎ᠠ | ᠲᠠᠰ ᠳᠠᠷᠠᠭᠠᠯᠠᠯ ᠢᠶᠠᠷ ᠥᠭᠬᠦ ᠬᠡᠷᠡᠭᠲᠡᠶ᠃ | ᠠᠷᠪᠠᠨ ᠨᠢᠭᠡᠳᠦᠭᠡᠷ ᠵᠦᠢᠯ ᠬᠠᠤᠯᠢ ᠴᠠᠭᠠᠵᠠ ᠶᠢᠨ ᠦᠢᠯᠡᠴᠢᠯᠡᠭᠡᠨ ᠤ ᠵᠠᠷᠤᠳᠠᠯ ᠢ ᠥᠭᠬᠦ ᠶᠠᠪᠤᠴᠠ | ︵ᠨᠢᠭᠡ︶ ᠬᠠᠤᠯᠢ ᠴᠠᠭᠠᠵᠠ ᠶᠢᠨ ᠵᠥᠪᠯᠡᠭᠴᠢ ᠨᠢ ᠬᠠᠤᠯᠢ ᠴᠠᠭᠠᠵᠠ ᠶᠢᠨ ᠣᠶᠢᠯᠡᠴᠢᠯᠡᠭᠡ ᠬᠠᠩᠭᠠᠬᠤ ᠳᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠠᠯᠪᠠᠨ ᠬᠡᠷ ᠠᠴᠠ ︽ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠶᠢᠨ ᠪᠢᠴᠢᠭ ᠮᠠᠲ᠋ᠧᠷᠢᠶᠠᠯ ᠢ ᠲᠤᠰᠢᠶᠠᠨ | ᠰᠢᠢᠳᠪᠦᠷᠢᠯᠡᠭᠦᠯᠬᠦ ᠮᠡᠳᠡᠭᠳᠡᠯ ᠤᠨ ᠬᠠᠭᠤᠳᠠᠰᠤ︾ ᠶᠢ ᠭᠠᠷᠭᠠᠵᠣ ᠦᠭᠭᠦᠨ᠎ᠡ᠃ | ︵ᠬᠤᠶᠠᠷ︶ ᠭᠡᠷ᠎ᠡ᠂ ᠬᠠᠤᠯᠢ ᠳᠤ ᠬᠤᠯᠪᠣᠭᠳᠠᠬᠤ ᠴᠢᠨᠠᠷᠲᠠᠶ ᠪᠢᠴᠢᠭ ᠮᠠᠲ᠋ᠧᠷᠢᠶᠠᠯ᠂ ᠪᠤᠰᠤᠳ ᠬᠠᠤᠯᠢ ᠴᠠᠭᠠᠵᠠ ᠶᠢᠨ ᠪᠢᠴᠢᠭ ᠮᠠᠲ᠋ᠧᠷᠢᠶᠠᠯ ᠢ ᠬᠢᠨᠠᠨ | ᠪᠠᠶᠢᠴᠠᠭᠠᠬᠤ᠂ ᠬᠠᠤᠯᠢ ᠴᠠᠭᠠᠵᠠ ᠶᠢᠨ ᠬᠡᠷᠡᠭ ᠶᠠᠪᠤᠳᠠᠯ ᠢ ᠰᠤᠳᠤᠯᠬᠤ ᠳᠤ ᠣᠷᠣᠯᠴᠠᠵᠤ ᠬᠠᠤᠯᠢ ᠴᠠᠭᠠᠵᠠ ᠶᠢᠨ ᠰᠠᠨᠠᠯ ᠭᠠᠷᠭᠠᠬᠤ᠂ ᠪᠣᠯᠪᠠᠰᠤᠷᠠᠭᠤᠯᠤᠯ ᠳᠤ ᠬᠢᠴᠢᠶᠡᠯ | ᠣᠷᠣᠬᠤ ᠵᠡᠷᠭᠡ ᠵᠠᠷᠭᠤ ᠶᠢᠨ ᠪᠤᠰᠤ ᠬᠠᠤᠯᠢ ᠴᠠᠭᠠᠵᠠ ᠶᠢᠨ ᠣᠶᠢᠯᠡᠴᠢᠯᠡᠬᠡᠨ ᠤ ᠲᠥᠷᠥᠯ ᠵᠣᠶᠢᠯ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ | ᠠᠴᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠳᠤ ᠳᠡᠪᠰᠢᠭᠦᠯᠦᠨ ᠶᠠᠷᠢᠯᠴᠠᠭᠤᠯᠬᠤ | ᠶᠢᠨ ᠬᠠᠮᠲᠤ ᠬᠠᠤᠯᠢ ᠴᠠᠭᠠᠵᠠ ᠶᠢᠨ ᠵᠥᠪᠯᠡᠭᠴᠢ ᠳᠤ ᠪᠠᠷᠢᠮᠲᠠ ᠪᠢᠴᠢᠭᠦᠯᠬᠦ ᠪᠠᠷ ᠮᠡᠳᠡᠭᠳᠡᠨ᠎ᠡ᠃ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ︽ᠵᠠᠷᠤᠯᠭ᠎ᠠ ᠶᠢᠨ ᠳᠠᠩᠰᠠ ᠲᠠᠶᠢᠯᠬᠤ ᠬᠠᠭᠤᠳᠠᠰᠤ︾ ᠶᠢ ᠲᠠᠭᠯᠠᠨ ᠪᠢᠴᠢᠬᠦ ᠶᠢᠨ ᠬᠠᠮᠲᠤ ᠡᠳ᠋ | ᠤᠨ ᠶᠠᠪᠤᠳᠠᠯ ᠤᠨ ᠳᠠᠩᠰᠠ ᠲᠠᠶᠢᠯᠬᠤ ᠲᠡᠰ ᠲᠠᠷᠠᠭᠠᠯᠠᠯ ᠢᠶᠠᠷ ᠬᠢᠨᠠᠨ ᠵᠥᠪᠰᠢᠶᠡᠷᠡᠭᠰᠡᠨ ᠤ ᠳᠠᠷᠠᠭ᠎ᠠ ᠵᠠᠷᠤᠳᠠᠯ ᠢ ᠦᠭᠭᠦᠨ᠎ᠡ᠃ | ︵ᠭᠤᠷᠪᠠ︶ ᠣᠷᠣᠯᠠᠨ ᠵᠠᠷᠭᠤᠯᠳᠤᠬᠤ᠂ ᠬᠥᠨᠳᠡᠯᠡᠨ ᠠᠴᠠ ᠲᠠᠰᠤᠯᠬᠤ ᠬᠡᠷᠡᠭ ᠲᠤ᠂ ᠬᠠᠤᠯᠢ ᠴᠠᠭᠠᠵᠠ ᠶᠢᠨ ᠵᠥᠪᠯᠡᠭᠴᠢ ᠨᠢ ᠬᠤᠲᠠ ᠶᠢᠨ ᠠᠷᠠᠳ ᠤᠨ ᠵᠠᠰᠠᠭ | ᠤᠨ ᠣᠷᠳᠣᠨ ᠤ ᠠᠯᠪᠠᠨ ᠬᠡᠷ ᠲᠤ ᠵᠠᠷᠭᠤ ᠬᠦᠯᠢᠶᠡᠬᠦ᠂ ᠬᠥᠨᠳᠡᠯᠡᠨ ᠠᠴᠠ ᠲᠠᠰᠤᠯᠬᠤ ᠮᠡᠳᠡᠭᠳᠡᠯ ᠤᠨ ᠪᠢᠴᠢᠭ᠂ ᠡᠷᠬᠡ ᠣᠯᠭᠤᠬᠤ ᠨᠠᠶᠢᠳᠠᠯᠭ᠎ᠠ ᠶᠢᠨ ᠪᠢᠴᠢᠭ᠂ | ᠰᠢᠭᠦᠯᠲᠡ ᠳᠤ ᠣᠷᠣᠯᠴᠠᠨ ᠵᠠᠷᠭᠤ ᠬᠦᠯᠢᠶᠡᠬᠦ ᠶᠢ ᠭᠡᠷᠡᠴᠢᠯᠡᠬᠦ ᠮᠠᠲ᠋ᠧᠷᠢᠶᠠᠯ᠂ ᠬᠠᠷᠢᠭᠤ ᠮᠠᠷᠭᠤᠬᠤ ᠪᠢᠴᠢᠭ᠂ ᠭᠡᠷᠡᠴᠢ ᠪᠠᠷᠢᠮᠲᠠ ᠶᠢᠨ ᠮᠠᠲ᠋ᠧᠷᠢᠶᠠᠯ᠂ ᠲᠢᠩᠬᠢᠮ ᠤᠨ | ᠰᠢᠭᠦᠯᠲᠡ ᠶᠢᠨ ᠲᠡᠮᠳᠡᠭᠯᠡᠯ᠂ ᠣᠷᠣᠯᠠᠬᠤ ᠦᠭᠡ᠂ ᠲᠠᠰᠤᠯᠤᠯᠲᠠ ᠶᠢᠨ ᠪᠢᠴᠢᠭ ᠪᠠ ᠬᠡᠷᠡᠭ ᠰᠢᠢᠳᠪᠦᠷᠢᠯᠡᠭᠰᠡᠨ ᠳ᠋ᠦᠩᠨᠡᠯᠲᠡ ᠵᠡᠷᠭᠡ ᠮᠠᠲ᠋ᠧᠷᠢᠶᠠᠯ ᠢ ᠲᠤᠰᠢᠶᠠᠵᠤ᠂ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠ᠊ ᠨ ᠬᠡᠷ ᠠᠴᠠ ᠡᠮᠬᠢᠯᠡᠵᠦ ᠨᠤᠲᠠᠯᠠᠨ᠎ᠠ᠃ | 1. ᠳᠡᠭᠡᠷᠡᠬᠢ ᠬᠡᠷᠡᠭ ᠢ ᠣᠷᠣᠯᠠᠨ ᠭᠦᠢᠴᠡᠳᠬᠡᠬᠦ ᠳᠤ ᠡᠳ᠋ ᠬᠥᠷᠥᠩᠭᠡ ᠶᠢᠨ ᠬᠠᠷᠢᠴᠠᠭ᠎ᠠ ᠳᠤ ᠬᠤᠯᠪᠣᠭᠳᠠᠬᠤ ᠥᠬᠡᠶ ᠪᠣᠯ᠂ ᠬᠤᠲᠠ ᠶᠢᠨ ᠠᠷᠠᠳ ᠤᠨ ᠵᠠᠰᠠᠭ | ᠤᠨ ᠣᠷᠳᠣᠨ ᠤ ᠠᠯᠪᠠᠨ ᠬᠡᠷ ᠠᠴᠠ ᠬᠠᠤᠯᠢ ᠴᠠᠭᠠᠵᠠ ᠶᠢᠨ ᠵᠥᠪᠯᠡᠭᠴᠢ ᠶᠢᠨ ᠰᠢᠢᠳᠪᠦᠷᠢᠯᠡᠭᠰᠡᠨ ᠪᠠᠶᠢᠳᠠᠯ ᠪᠠ ᠵᠠᠷᠤᠳᠠᠯ ᠦᠭᠬᠦ ᠪᠠᠷᠢᠮᠵᠢᠶ᠎ᠠ ᠶᠢ ᠦᠨᠳᠦᠰᠦᠯᠡᠨ | ᠵᠠᠷᠤᠳᠠᠯ ᠦᠭᠬᠦ ᠰᠠᠨᠠᠯ ᠢᠶᠠᠨ ᠳᠤᠷᠠᠳᠴᠤ᠂ ᠬᠠᠤᠯᠢ ᠴᠠᠭᠠᠵᠠ ᠶᠢᠨ ᠵᠥᠪᠯᠡᠭᠴᠢ ᠳᠤ ᠪᠠᠷᠢᠮᠲᠠ ᠪᠢᠴᠢᠭᠦᠯᠬᠦ ᠪᠠᠷ ᠮᠡᠳᠡᠭᠳᠡᠬᠦ ᠶᠢᠨ ᠬᠠᠮᠲᠤ ︽ᠵᠠᠷᠤᠯᠭ᠎ᠠ ᠶᠢᠨ ᠲᠠᠩᠰᠠ | ᠲᠠᠶᠢᠯᠬᠤ ᠬᠠᠭᠤᠳᠠᠰᠤ︾ ᠶᠢ ᠲᠠᠭᠯᠠᠨ᠎ᠠ᠃ | 2. ᠳᠡᠭᠡᠷᠡᠬᠢ ᠬᠡᠷᠡᠭ ᠢ ᠣᠷᠣᠯᠠᠨ ᠭᠦᠢᠴᠡᠳᠬᠡᠬᠦ ᠳᠤ ᠡᠳ᠋ ᠬᠥᠷᠥᠩᠭᠡ ᠶᠢᠨ ᠬᠠᠷᠢᠴᠠᠭ᠎ᠠ ᠳᠤ ᠬᠤᠯᠪᠣᠭᠳᠠᠪᠠᠯ᠂ ᠬᠤᠲᠠ ᠶᠢᠨ ᠠᠷᠠᠳ ᠤᠨ ᠵᠠᠰᠠᠭ ᠤᠨ ᠣᠷᠳᠣᠨ | ᠤ ᠠᠯᠪᠠᠨ ᠭᠡᠷ ᠠᠴᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠳᠤ ᠳᠡᠪᠰᠢᠭᠦᠯᠦᠨ | ᠬᠠᠮᠲᠤ ᠪᠠᠷ ᠶᠠᠷᠢᠯᠴᠠᠭᠤᠯᠵᠤ᠂ ᠶᠠᠷᠢᠯᠴᠠᠭᠰᠠᠨ ᠲᠡᠮᠳᠡᠭᠯᠡᠯ ᠪᠣᠯᠭᠠᠭᠠᠳ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠪᠢᠶᠠᠨ ᠬᠠᠮᠢᠶᠠᠷᠴᠤ ᠪᠠᠶᠢᠭ᠎ᠠ ᠳᠡᠳ᠋ | ᠨᠠᠷᠢᠨ ᠪᠢᠴᠢᠭ ᠤᠨ ᠳᠠᠷᠤᠭ᠎ᠠ ᠪᠠᠷ ᠬᠢᠨᠠᠨ ᠬᠠᠷᠭᠤᠭᠤᠯᠵᠤ ᠪᠠᠲᠤᠯᠠᠭᠤᠯᠤᠭᠰᠠᠨ ᠤ ᠳᠠᠷᠠᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠠᠴᠠ | ᠬᠠᠤᠯᠢ ᠴᠠᠭᠠᠵᠠ ᠶᠢᠨ ᠵᠥᠪᠯᠡᠭᠴᠢ ᠳᠤ ᠪᠠᠷᠢᠮᠲᠠ ᠪᠢᠴᠢᠭᠦᠯᠬᠦ ᠪᠠᠷ ᠮᠡᠳᠡᠭᠳᠡᠬᠦ ᠶᠢᠨ ᠬᠠᠮᠲᠤ ︽ᠵᠠᠷᠤᠯᠭ᠎ᠠ ᠶᠢᠨ ᠳᠠᠩᠰᠠ ᠲᠠᠶᠢᠯᠬᠤ ᠬᠠᠭᠤᠳᠠᠰᠤ︾ ᠶᠢ ᠲᠠᠭᠯᠠᠨ᠎ᠠ᠃ | ︵ᠳᠥᠷᠪᠡ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠨᠢ ︽ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠥᠪᠯᠡᠭᠴᠢ ᠶᠢᠨ ᠪᠢᠴᠢᠭ ᠮᠠᠲ᠋ᠧᠷᠢᠶᠠᠯ ᠢ ᠲᠤᠰᠢᠶᠠᠨ ᠰᠢᠢᠳᠪᠦᠷᠢᠯᠡᠭᠦᠯᠬᠦ ᠮᠡᠳᠡᠭᠳᠡᠯ ᠤᠨ ᠬᠠᠭᠤᠳᠠᠰᠤ︾ ︽ᠵᠠᠷᠤᠯᠭ᠎ᠠ ᠶᠢᠨ ᠲᠠᠩᠰᠠ ᠲᠠᠶᠢᠯᠬᠤ | ᠬᠠᠭᠤᠳᠠᠰᠤ︾ ᠪᠠ ᠪᠠᠷᠢᠮᠲᠠ ᠶᠢ ᠦᠨᠳᠦᠰᠦᠯᠡᠨ ᠵᠠᠷᠤᠳᠠᠯ ᠢ ᠥᠭᠭᠦᠨ᠎ᠡ᠃ | ᠠᠷᠪᠠᠨ ᠬᠤᠶᠠᠳᠤᠭᠠᠷ ᠵᠦᠢᠯ ᠬᠠᠤᠯᠢ ᠴᠠᠭᠠᠵᠠ ᠶᠢᠨ ᠰᠤᠳᠤᠯᠤᠨ ᠶᠠᠷᠢᠯᠴᠠᠬᠤ ᠬᠤᠷᠠᠯ᠂ ᠨᠤᠲᠠᠯᠠᠯᠲᠠ ᠶᠢᠨ ᠬᠤᠷᠠᠯ᠂ ᠠᠯᠪᠠᠨ ᠠᠵᠢᠯ ᠤᠨ ᠬᠤᠷᠠᠯ ᠢ | ᠬᠤᠷᠠᠯᠳᠤᠭᠤᠯᠬᠤ ᠵᠠᠷᠤᠳᠠᠯ ᠥᠭᠬᠦ ᠶᠠᠪᠤᠴᠠ | ︵ᠨᠢᠭᠡ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ︽ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ | ᠴᠠᠭᠠᠵᠠ ᠶᠢᠨ ᠵᠥᠪᠯᠡᠭᠴᠢ ᠶᠢᠨ ᠬᠤᠷᠠᠯ ᠤᠨ ᠮᠡᠳᠡᠭᠳᠡᠯ ᠤᠨ ᠬᠠᠭᠤᠳᠠᠰᠤ︾ ᠭᠠᠷᠭᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠪᠢᠶᠠᠨ | ᠬᠠᠮᠢᠶᠠᠷᠴᠤ ᠪᠠᠶᠢᠭ᠎ᠠ ᠳᠡᠳ᠋ ᠨᠠᠷᠢᠨ ᠪᠢᠴᠢᠭ ᠤᠨ ᠲᠠᠷᠤᠭ᠎ᠠ ᠪᠠᠷ ᠬᠢᠨᠠᠨ ᠵᠦᠪᠰᠢᠶᠡᠷᠡᠭᠦᠯᠦᠨ᠎ᠡ᠃ | ︵ᠬᠤᠶᠠᠷ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠬᠤᠷᠠᠯ ᠳᠤ ᠣᠷᠣᠯᠴᠠᠭᠰᠠᠨ ᠬᠠᠤᠯᠢ ᠴᠠᠭᠠᠵᠠ ᠶᠢᠨ ᠵᠥᠪᠯᠡᠭᠴᠢ ᠳᠤ | ᠪᠠᠷᠢᠮᠲᠠ ᠪᠢᠴᠢᠭᠦᠯᠬᠦ ᠪᠠᠷ ᠮᠡᠳᠡᠭᠳᠡᠬᠦ ᠶᠢᠨ ᠬᠠᠮᠲᠤ ︽ᠵᠠᠷᠤᠯᠭ᠎ᠠ ᠶᠢᠨ ᠲᠠᠩᠰᠠ ᠲᠠᠶᠢᠯᠬᠤ ᠬᠠᠭᠤᠳᠠᠰᠤ︾ ᠶᠢ ᠲᠠᠭᠯᠠᠵᠤ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠤ ᠬᠤᠪᠢᠶᠠᠨ ᠬᠠᠮᠢᠶᠠᠷᠴᠤ ᠪᠠᠶᠢᠭ᠎ᠠ ᠳᠡᠳ᠋ ᠨᠠᠷᠢᠨ ᠪᠢᠴᠢᠭ ᠤᠨ ᠳᠠᠷᠤᠭ᠎ᠠ ᠶᠢᠨ ᠬᠢᠨᠠᠨ ᠵᠥᠪᠰᠢᠶᠡᠷᠡᠭᠰᠡᠨ ᠰᠠᠨᠠᠯ ᠪᠠ ᠪᠠᠷᠢᠮᠲᠠ ᠶᠢ ᠦᠨᠳᠦᠰᠦᠯᠡᠨ ᠵᠠᠷᠤᠳᠠᠯ ᠢ | ᠥᠭᠭᠦᠨ᠎ᠡ᠃ | ᠠᠷᠪᠠᠨ ᠭᠤᠷᠪᠠᠳᠤᠭᠠᠷ ᠵᠦᠢᠯ ᠤᠨ ᠤ ᠳᠣᠲᠣᠷ᠎ᠠ ᠬᠠᠷᠠᠬᠠᠨ ᠰᠢᠢᠳᠪᠦᠷᠢᠯᠡᠵᠣ ᠳᠠᠭᠤᠰᠬᠠᠭᠠᠳᠤᠶ ᠵᠠᠷᠭᠤ ᠶᠢᠨ ᠬᠡᠷᠡᠭ ᠪᠠ ᠬᠠᠤᠯᠢ ᠳᠤ ᠬᠤᠯᠪᠣᠭᠳᠠᠬᠤ | ᠴᠢᠨᠠᠷᠲᠠᠶ ᠬᠡᠷᠡᠭ ᠶᠠᠪᠤᠳᠠᠯ ᠤᠨ ᠵᠠᠷᠤᠳᠠᠯ ᠥᠭᠬᠦ ᠶᠠᠪᠤᠴᠠ | ︵ᠨᠢᠭᠡ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠣᠨ ᠤ ᠳᠣᠲᠣᠷ᠎ᠠ ᠬᠠᠷᠠᠬᠠᠨ ᠰᠢᠭᠦᠵᠦ ᠳᠠᠭᠤᠰᠬᠠᠭᠠᠳᠤᠶ ᠬᠡᠷᠡᠭ ᠪᠠ ᠬᠠᠤᠯᠢ | ᠳᠤ ᠬᠤᠯᠪᠣᠭᠳᠠᠬᠤ ᠴᠢᠨᠠᠷᠲᠠᠶ ᠬᠡᠷᠡᠭ ᠶᠠᠪᠤᠳᠠᠯ ᠢ ᠪᠦᠷᠢᠳᠬᠡᠵᠣ᠂ ᠲᠣᠰ ᠠᠷᠭ᠎ᠠ ᠶᠢᠨ ᠳᠣᠯᠣᠳᠤᠭᠠᠷ ᠵᠣᠶᠢᠯ ᠪᠠ ᠶᠢᠰᠦᠳᠦᠭᠡᠷ ᠵᠣᠶᠢᠯ ᠢ ᠦᠨᠳᠦᠰᠦᠯᠡᠨ ᠤᠷᠢᠳᠴᠢᠯᠠᠨ | ᠵᠠᠷᠤᠳᠠᠯ ᠦᠭᠬᠦ ᠰᠠᠨᠠᠯ ᠳᠤᠷᠠᠳᠴᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠬᠤᠪᠢᠶᠠᠨ ᠬᠠᠮᠢᠶᠠᠷᠴᠤ ᠪᠠᠶᠢᠭ᠎ᠠ ᠳᠡᠳ᠋ ᠨᠠᠷᠢᠨ ᠪᠢᠴᠢᠭ ᠤᠨ ᠳᠠᠷᠤᠭ᠎ᠠ ᠪᠠ ᠨᠠᠷᠢᠨ ᠪᠢᠴᠢᠭ ᠤᠨ ᠳᠠᠷᠤᠭ᠎ᠠ ᠳᠤ ᠮᠡᠳᠡᠭᠦᠯᠵᠦ ᠬᠢᠨᠠᠭᠤᠯᠤᠨ᠎ᠠ᠃ | ︵ᠬᠤᠶᠠᠷ︶ ᠵᠠᠷᠤᠳᠠᠯ ᠥᠭᠬᠦ ᠶᠢ ᠵᠥᠪᠰᠢᠶᠡᠷᠡᠭᠰᠡᠨ ᠪᠤᠯ᠂ ᠲᠤᠰ ᠠᠷᠭ᠎ᠠ ᠶᠢᠨ ᠠᠷᠪᠠᠨ ᠨᠢᠭᠡᠳᠦᠭᠡᠷ ᠵᠦᠢᠯ ᠤᠨ ᠶᠣᠰᠣᠭᠠᠷ ᠵᠠᠷᠤᠳᠠᠯ ᠢ ᠥᠭᠭᠦᠨ᠎ᠡ᠃ | ︵ᠭᠤᠷᠪᠠ︶ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠠᠶᠢᠭᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠢᠶᠠᠷ ᠰᠤᠳᠤᠯᠤᠨ | ᠶᠠᠷᠢᠯᠴᠠᠭᠤᠯᠬᠤ ᠴᠢᠬᠤᠯᠠ ᠲᠠᠢ ᠪᠣᠯ᠂ ᠬᠤᠷᠠᠯ ᠤᠨ ᠲᠣᠭᠲᠠᠭᠠᠯ ᠢ ᠦᠨᠳᠦᠰᠦᠯᠡᠨ ᠬᠡᠷᠡᠭᠵᠢᠭᠦᠯᠦᠨ᠎ᠡ᠃ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ ᠤᠨ ᠰᠠᠯᠠᠭ᠎ᠠ ᠨᠢ ᠣᠨ ᠤ ᠳᠣᠲᠣᠷᠠᠬᠢ | ᠤᠷᠢᠳᠴᠢᠯᠠᠨ ᠦᠭᠭᠦᠭᠰᠡᠨ ᠵᠠᠷᠤᠳᠠᠯ᠂ ᠬᠠᠷᠠᠬᠠᠨ ᠰᠢᠭᠦᠵᠦ ᠳᠠᠭᠤᠰᠬᠠᠭᠠᠳᠤᠶ ᠬᠡᠷᠡᠭ ᠪᠠ ᠬᠠᠤᠯᠢ ᠳᠤ ᠬᠤᠯᠪᠣᠭᠳᠠᠬᠤ ᠴᠢᠨᠠᠷᠲᠠᠶ ᠬᠡᠷᠡᠭ ᠶᠠᠪᠤᠳᠠᠯ ᠢ ᠰᠢᠪᠠᠳᠠᠨ | ᠳᠠᠭᠠᠵᠤ᠂ ᠰᠢᠢᠳᠪᠦᠷᠢᠯᠡᠵᠣ ᠳᠠᠭᠤᠰᠬᠠᠭᠰᠠᠨ ᠤ ᠳᠠᠷᠠᠭ᠎ᠠ ᠪᠦᠷᠢᠨ ᠪᠦᠲᠦᠨ ᠮᠠᠲ᠋ᠧᠷᠢᠶᠠᠯ ᠢ ᠬᠤᠷᠢᠶᠠᠨ ᠴᠤᠭᠯᠠᠭᠤᠯᠵᠤ ᠲᠠᠩᠰᠠ ᠡᠪᠬᠡᠮᠡᠯ ᠳᠤ ᠣᠷᠣᠭᠤᠯᠤᠨ᠎ᠠ᠃ | ᠠᠷᠪᠠᠨ ᠳᠥᠷᠪᠡᠳᠦᠭᠡᠷ ᠵᠦᠢᠯ ᠬᠠᠤᠯᠢ ᠴᠠᠭᠠᠵᠠ ᠶᠢᠨ ᠣᠶᠢᠯᠡᠴᠢᠯᠡᠬᠡᠨ ᠤ ᠵᠠᠷᠤᠳᠠᠯ ᠢ ᠠᠪᠬᠤ ᠳᠤ ᠪᠢᠴᠢᠵᠦ ᠥᠭᠭᠦᠭᠰᠡᠨ ᠪᠠᠷᠢᠮᠲᠠ ᠳᠤ ᠬᠤᠪᠢ ᠬᠥᠮᠦᠨ ᠤ | ᠬᠥᠳᠡᠯᠮᠦᠷᠢ ᠣᠶᠢᠯᠡᠴᠢᠯᠡᠬᠡᠨ ᠤ ᠵᠠᠷᠤᠳᠠᠯ ᠤᠨ ᠪᠠᠷᠢᠮᠲᠠ ᠪᠠ ᠡᠩ ᠤᠨ ᠭᠠᠶᠢᠯᠢ ᠶᠢᠨ ᠶᠠᠪᠤᠳᠠᠯ ᠤᠨ ᠪᠠᠷᠢᠮᠲᠠ ᠪᠠᠭᠲᠠᠨ᠎ᠠ᠃ | ᠠᠷᠪᠠᠨ ᠲᠠᠪᠤᠳᠤᠭᠠᠷ ᠵᠦᠢᠯ ᠠᠵᠢᠯ ᠤᠨ ᠵᠠᠷᠤᠳᠠᠯ ᠤᠨ ᠬᠡᠷᠡᠭᠯᠡᠯᠲᠡ ᠨᠢ ᠬᠤᠲᠠ ᠶᠢᠨ ᠬᠢᠨᠠᠨ ᠪᠤᠳᠤᠬᠤ᠂ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ | ᠬᠢᠨᠠᠯᠲᠠ ᠲᠠᠯᠪᠢᠯᠳᠠ ᠶᠢ ᠬᠦᠯᠢᠶᠡᠨ᠎ᠡ᠃ | ᠠᠷᠪᠠᠨ ᠵᠢᠷᠭᠤᠳᠤᠭᠠᠷ ᠵᠣᠶᠢᠯ ᠲᠣᠰ ᠠᠷᠭ᠎ᠠ ᠶᠢ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ ᠲᠠᠶᠢᠯᠪᠤᠷᠢᠯᠠᠨ᠎ᠠ᠃ | ᠠᠷᠪᠠᠨ ᠳᠣᠯᠣᠳᠤᠭᠠᠷ ᠵᠦᠢᠯ ᠲᠤᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ ᠬᠦᠴᠦᠨ ᠲᠠᠢ ᠬᠤᠭᠤᠴᠠᠭ᠎ᠠ ᠨᠢ ᠲᠠᠪᠤᠨ ᠵᠢᠯ | ᠪᠣᠯᠤᠨ᠎ᠠ᠃ | ᠲᠣᠰ ᠠᠷᠭ᠎ᠠ ᠶᠢ ᠬᠡᠷᠡᠭᠵᠢᠭᠦᠯᠬᠦ ᠠᠴᠠ ᠡᠮᠦᠨ᠎ᠡ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠠᠤᠯᠢ ᠴᠠᠭᠠᠵᠠ ᠶᠢᠨ ᠵᠥᠪᠯᠡᠭᠴᠢ ᠠᠴᠠ ᠬᠠᠤᠯᠢ ᠴᠠᠭᠠᠵᠠ | ᠶᠢᠨ ᠣᠶᠢᠯᠡᠴᠢᠯᠡᠭᠡ ᠬᠠᠩᠭᠠᠭᠠᠳ ᠥᠭᠭᠦᠭᠡᠳᠦᠶ ᠬᠥᠯᠥᠰᠥ ᠣᠯᠭᠤᠮᠵᠢ ᠶᠢ ᠲᠣᠰ ᠠᠷᠭ᠎ᠠ ᠶᠢᠨ ᠶᠣᠰᠣᠭᠠᠷ ᠥᠭᠭᠦᠨ᠎ᠡ᠃ | | | | | | | | | | | |