ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ | ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ᠣᠳᠣᠬᠠᠨ ᠳᠤ᠂ ᠮᠠᠨ ᠤ ᠬᠤᠲᠠ ᠨᠢᠭᠡᠨᠲᠡ ᠣᠶ ᠰᠢᠭᠤᠶ ᠨᠤᠲᠤᠭ ᠪᠡᠯᠴᠢᠭᠡᠷ ᠤᠨ ᠲᠤᠶᠢᠮᠠᠷ ᠤᠨ ᠠᠶᠤᠯ ᠶᠡᠬᠡᠲᠡᠶ ᠬᠤᠭᠤᠴᠠᠭᠠᠨ ᠳᠤ ᠤᠷᠤᠭᠰᠠᠨ ᠪᠠᠶᠢᠨ᠎ᠠ᠃ | ᠪᠦᠬᠦ ᠬᠤᠲᠠ ᠶᠢᠨ ᠣᠶ ᠰᠢᠭᠤᠶ ᠨᠤᠲᠤᠭ ᠪᠡᠯᠴᠢᠭᠡᠷ ᠤᠨ ᠲᠤᠶᠢᠮᠠᠷ ᠢ ᠰᠡᠷᠭᠡᠶᠢᠯᠡᠨ ᠤᠨᠲᠠᠷᠠᠭᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠬᠤ ᠶᠢᠨ ᠲᠤᠰᠠᠳᠠ᠂ | ᠣᠶ ᠰᠢᠭᠤᠶ ᠨᠤᠲᠤᠭ ᠪᠡᠯᠴᠢᠭᠡᠷ ᠤᠨ ᠲᠤᠶᠢᠮᠠᠷ ᠤᠨ ᠠᠶᠤᠯ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠪᠠ ᠬᠢᠵᠠᠭᠠᠷᠯᠠᠵᠤ᠂ ᠠᠷᠠᠳ ᠣᠯᠠᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠪᠠ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠦᠨᠡᠨᠬᠦ ᠰᠠᠶᠢᠲᠤᠷ ᠬᠠᠮᠠᠭᠠᠯᠠᠵᠤ᠂ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠤᠶᠢᠮᠠᠷ ᠢ ᠰᠡᠷᠭᠡᠶᠢᠯᠡᠬᠦ ᠲᠦᠷᠢᠮ︾ ︵ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ 25 ᠳ᠋ᠤᠭᠠᠷ | ᠲᠣᠭᠠᠲᠤ ᠠᠯᠪᠠᠨ ᠵᠠᠷ ︶ ᠢ ᠦᠨᠳᠦᠰᠦᠯᠡᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠪᠥᠬᠦ ᠬᠤᠲᠠ ᠶᠢᠨ ᠬᠡᠪᠴᠢᠶᠡᠨ ᠳᠤ ᠭᠠᠯ ᠰᠡᠷᠭᠡᠶᠢᠯᠡᠬᠦ | ᠴᠢᠩᠭ᠎ᠠ ᠰᠡᠷᠭᠡᠶᠢᠯᠡᠯᠲᠡ ᠶᠢ ᠬᠡᠷᠡᠭᠵᠢᠭᠦᠯᠬᠦ ᠪᠠᠷ ᠲᠣᠭᠲᠠᠪᠠ᠂ ᠡᠳᠦᠭᠡ ᠳᠣᠤᠷᠠᠬᠢ ᠮᠡᠲᠦ ᠵᠠᠷᠯᠢᠭ ᠪᠠᠭᠤᠯᠭᠠᠶ᠎ᠠ᠃ | ᠨᠢᠭᠡ᠂ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠵᠠᠬᠢᠷᠤᠨ ᠬᠠᠮᠢᠶᠠᠷᠬᠤ ᠬᠤᠭᠤᠴᠠᠭ᠎ᠠ᠄ 2021 ᠣᠨ ᠤ 3 ᠰᠠᠷ᠎ᠠ ᠶᠢᠨ 15 ᠤ ᠡᠳᠦᠷ ᠠᠴᠠ 6 | ᠰᠠᠷ᠎ᠠ ᠶᠢᠨ 15 ᠤ ᠡᠳᠦᠷ ᠪᠣᠯᠲᠠᠯ᠎ᠠ᠃ | ᠬᠤᠶᠠᠷ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ᠄ ᠤᠯᠤᠰ ᠤᠨ ᠥᠮᠴᠢᠯᠡᠯᠲᠦ᠂ ᠬᠠᠮᠲᠤ ᠶᠢᠨ᠂ ᠬᠤᠪᠢ ᠶᠢᠨ ᠣᠶ ᠰᠢᠭᠤᠶ ︵ | ᠡᠪᠡᠰᠦ ᠪᠡᠯᠴᠢᠭᠡᠷ︶ ᠶᠢᠨ ᠲᠠᠯᠠᠪᠠᠶ᠂ ᠨᠡᠷᠡᠲᠦ ᠦᠵᠡᠮᠵᠢ ᠶᠢᠨ ᠵᠢᠭᠤᠯᠴᠢᠯᠠᠯ ᠤᠨ ᠣᠷᠣᠨ᠂ ᠣᠶ ᠰᠢᠭᠤᠶ ᠶᠢᠨ ᠭᠤᠤᠯᠳᠠᠯᠭ᠎ᠠ ᠲᠠᠢ ᠢᠨᠵᠧᠨᠧᠷᠢᠩ ᠤᠨ ᠣᠷᠣᠨ᠂ | ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠢᠨᠵᠧᠨᠧᠷᠢᠩ ᠤᠨ ᠣᠷᠣᠨ᠂ ᠣᠷᠣᠨ ᠨᠤᠲᠤᠭ ᠤᠨ ᠠᠮᠢ ᠠᠬᠤᠶ ᠶᠢᠨ ᠢᠨᠵᠧᠨᠧᠷᠢᠩ ᠤᠨ ᠣᠷᠣᠨ᠂ | ᠵᠣᠬᠢᠶᠠᠮᠠᠯ ᠰᠢᠯᠮᠦᠤᠰᠦᠲᠦ ᠣᠶ ᠶᠢᠨ ᠣᠷᠣᠨ᠂ ᠬᠤᠲᠠ ᠶᠢᠨ ᠲᠡᠭᠦᠷᠭᠡ ᠶᠢᠨ ᠨᠣᠭᠤᠭᠠᠷᠠᠭᠤᠯᠤᠯᠲᠠ ᠶᠢᠨ ᠣᠷᠣᠨ᠂ ᠣᠶ ᠰᠢᠭᠤᠶ ᠶᠢᠨ ᠴᠡᠴᠡᠷᠯᠢᠭ᠂ ᠪᠠᠶᠢᠭᠠᠯᠢ ᠶᠢᠨ | ᠬᠠᠮᠠᠭᠠᠯᠠᠯᠲᠠ ᠶᠢᠨ ᠣᠷᠣᠨ᠂ ᠵᠠᠰᠠᠮᠠᠯ ᠵᠠᠮ ᠤᠨ ᠬᠤᠶᠠᠷ ᠬᠠᠵᠠᠭᠤ ᠶᠢᠨ ᠨᠣᠭᠤᠭᠠᠷᠠᠭᠤᠯᠤᠯᠲᠠ ᠶᠢᠨ ᠪᠦᠰᠡ᠂ ᠠᠮᠢ ᠠᠬᠤᠶ ᠶᠢ ᠲᠥᠪᠯᠡᠷᠡᠭᠦᠯᠦᠨ ᠰᠡᠷᠭᠦᠭᠡᠬᠦ ᠣᠷᠣᠨ | ᠵᠢᠴᠢ ᠡᠯ᠎ᠡ ᠬᠤᠰᠢᠭᠤ ᠲᠤᠭᠤᠷᠢᠭ ᠤᠨ ᠵᠠᠭᠠᠭᠯᠠᠨ ᠲᠣᠭᠲᠠᠭᠠᠭᠰᠠᠨ ᠵᠠᠬᠢᠷᠤᠨ ᠬᠠᠮᠢᠶᠠᠷᠬᠤ ᠣᠷᠣᠨ᠃ | ᠭᠤᠷᠪᠠ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠪᠤᠯᠠᠰᠢᠨ ᠳᠡᠭᠡᠷ᠎ᠡ ᠴᠠᠭᠠᠰᠤ ᠰᠢᠲᠠᠭᠠᠬᠤ᠂ ᠲᠠᠮᠠᠬᠢ ᠲᠠᠲᠠᠬᠤ᠂ ᠬᠤᠸᠠᠷ | ᠫᠤᠤᠵᠢᠩ ᠲᠠᠯᠪᠢᠬᠤ᠂ ᠭᠠᠯ ᠰᠢᠲᠠᠭᠠᠬᠤ᠂ ᠡᠪᠡᠰᠦ ᠪᠡᠯᠴᠢᠭᠡᠷ ᠰᠢᠲᠠᠭᠠᠬᠤ᠂ ᠬᠡᠭᠡᠷ᠎ᠡ ᠬᠤᠭᠤᠯᠠᠯᠠᠬᠤ ᠵᠡᠷᠭᠡ ᠶᠢ ᠴᠢᠩᠭ᠎ᠠ ᠴᠠᠭᠠᠵᠠᠯᠠᠨ᠎ᠠ᠃ ᠤᠢ ᠰᠢᠭᠤᠶ ᠡᠪᠡᠰᠦ | ᠪᠡᠯᠴᠢᠭᠡᠷ ᠤᠨ ᠵᠠᠬ᠎ᠠ ᠬᠥᠪᠡᠭᠡ᠂ ᠤᠢ ᠰᠢᠭᠤᠶ ︵ᠡᠪᠡᠰᠦ︶ ᠶᠢᠨ ᠲᠠᠷᠢᠶᠠᠯᠠᠩ ᠤᠨ ᠠᠭᠤᠯᠵᠠᠷ ᠬᠡᠰᠡᠭ ᠲᠤ ᠠᠳᠠᠷ ᠰᠢᠲᠠᠭᠠᠬᠤ᠂ ᠭᠤᠤᠷᠰᠤ ᠰᠢᠲᠠᠭᠠᠬᠤ᠂ ᠬᠤᠭ | ᠨᠣᠪᠰᠢ ᠰᠢᠲᠠᠭᠠᠬᠤ ᠶᠢ ᠴᠢᠩᠭ᠎ᠠ ᠴᠠᠭᠠᠵᠠᠯᠠᠨ᠎ᠠ᠃ ᠭᠠᠯ ᠤᠨ ᠣᠴᠢ ᠲᠠᠢ ᠦᠯᠡᠳᠡᠭᠳᠡᠯ ᠰᠢᠲᠠᠯᠲᠠ ᠶᠢᠨ ᠪᠣᠳᠠᠰ ᠢ ᠭᠡᠷ ᠤᠨ ᠭᠠᠳᠠᠨ᠎ᠠ ᠠᠰᠬᠠᠬᠤ ᠶᠢ ᠴᠢᠩᠭ᠎ᠠ | ᠴᠠᠭᠠᠵᠠᠯᠠᠨ᠎ᠠ᠃ ᠬᠡᠭᠡᠷ᠎ᠡ ᠭᠠᠳᠠᠨ᠎ᠠ ᠪᠠᠷᠢᠯᠭ᠎ᠠ ᠶᠢᠨ ᠠᠵᠢᠯ ᠬᠢᠬᠦ ᠳᠤ ᠭᠠᠯ ᠬᠡᠷᠡᠭᠯᠡᠬᠦ ᠪᠤᠶᠤ ᠳᠡᠯᠪᠡᠴᠢᠬᠦ ᠵᠡᠷᠭᠡ ᠠᠵᠢᠯᠯᠠᠭ᠎ᠠ ᠬᠢᠬᠦ ᠴᠢᠬᠤᠯᠠ ᠲᠠᠢ ᠪᠣᠯ ᠡᠷᠬᠡᠪᠰᠢ | ᠲᠤᠬᠠᠶ ᠶᠢᠨ ᠭᠠᠵᠠᠷ ᠤᠨ ᠭᠠᠯ ᠢ ᠰᠡᠷᠭᠡᠶᠢᠯᠡᠬᠦ ︵ᠤᠨᠲᠠᠷᠠᠭᠠᠬᠤ︶ ᠵᠢᠯᠣᠭᠤᠳᠬᠤ ᠭᠠᠵᠠᠷ ᠢᠶᠠᠷ ᠵᠥᠪᠰᠢᠶᠡᠷᠡᠭᠦᠯᠬᠦ ᠬᠡᠷᠡᠭᠲᠡᠶ᠃ ᠳᠥᠷᠪᠡᠳᠦᠭᠡᠷ ᠳᠡᠰ ᠠᠴᠠ ᠳᠡᠭᠡᠭᠰᠢᠬᠢ | ᠰᠠᠯᠬᠢᠨ ᠲᠠᠢ ᠴᠠᠭ ᠠᠭᠤᠷ ᠤᠨ ᠨᠥᠬᠦᠴᠡᠯ ᠳᠣᠣᠷ᠎ᠠ ᠬᠡᠭᠡᠷ᠎ᠡ ᠭᠠᠳᠠᠨ᠎ᠠ ᠭᠠᠯ ᠬᠡᠷᠡᠭᠯᠡᠬᠦ ᠶᠠᠮᠠᠷᠪᠠ ᠠᠵᠢᠯᠯᠠᠭ᠎ᠠ ᠬᠢᠬᠦ ᠶᠢ ᠴᠢᠩᠭ᠎ᠠ ᠴᠠᠭᠠᠵᠠᠯᠠᠬᠤ ᠬᠡᠷᠡᠭᠲᠠᠢ᠃ | ᠳᠥᠷᠪᠡ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠤ ᠳᠣᠲᠣᠷᠠᠬᠢ ᠡᠯ᠎ᠡ ᠲᠥᠷᠥᠯ ᠤᠨ ᠦᠢᠯᠡᠳᠪᠦᠷᠢᠯᠡᠯ ᠤᠨ ᠠᠵᠢᠯᠯᠠᠬᠤ ᠴᠢᠬ᠂ | ᠵᠢᠭᠤᠯᠴᠢᠯᠠᠯ ᠤᠨ ᠦᠵᠡᠮᠵᠢ ᠶᠢᠨ ᠣᠷᠣᠨ ︵ᠦᠵᠡᠮᠵᠢ ᠶᠢᠨ ᠭᠠᠵᠠᠷ︶ ᠵᠢᠴᠢ ᠵᠠᠰᠠᠮᠠᠯ ᠵᠠᠮ᠂ ᠴᠠᠬᠢᠯᠭᠠᠨ ᠬᠦᠴᠦᠨ᠂ ᠴᠢᠯᠠᠭᠤᠨ ᠲᠣᠰᠣ᠂ ᠪᠠᠶᠢᠭᠠᠯᠢ ᠶᠢᠨ | ᠰᠢᠲᠠᠮᠠᠬᠠᠶ ᠬᠡᠶ᠂ ᠨᠡᠭᠦᠷᠡᠰᠦ ᠵᠡᠷᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠦᠭᠦᠳ ᠡᠷᠬᠡᠪᠰᠢ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ | ᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠶᠢᠨ ᠬᠠᠮᠲᠤ ᠠᠷᠢᠯᠭᠠᠵᠤ᠂ ᠭᠠᠯ ᠤᠨᠲᠠᠷᠠᠭᠠᠬᠤ ᠮᠠᠰᠢᠨ ᠪᠠᠭᠠᠵᠢ ᠶᠢ ᠬᠦᠢᠴᠡᠳ ᠳᠣᠭᠢᠷᠠᠭᠤᠯᠤᠨ᠂ ᠪᠣᠯᠪᠠᠰᠤᠷᠠᠭᠤᠯᠤᠯ | ᠭᠥᠷᠳᠡᠭᠰᠡᠨ ᠭᠠᠯ ᠤᠨᠲᠠᠷᠠᠭᠠᠬᠤ ᠠᠩᠭᠢ ᠶᠢᠨ ᠭᠡᠰᠢᠭᠦᠳ ᠢ ᠳᠣᠭᠢᠷᠠᠭᠤᠯᠬᠤ ᠬᠡᠷᠡᠭᠲᠡᠶ᠃ ︽ᠣᠶ ᠰᠢᠭᠤᠶ ᠶᠢᠨ ᠲᠤᠶᠢᠮᠠᠷ ᠢ ᠰᠡᠷᠭᠡᠶᠢᠯᠡᠬᠦ ᠲᠦᠷᠢᠮ︾ ︵ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 541 ᠳ᠋ᠤᠭᠡᠷ ᠲᠣᠭᠠᠲᠤ︶᠂ ︽ᠨᠤᠲᠤᠭ ᠪᠡᠯᠴᠢᠭᠡᠷ ᠤᠨ ᠭᠠᠯ | ᠰᠡᠷᠭᠡᠶᠢᠯᠡᠬᠦ ᠲᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠠᠷᠯᠢᠭ 542 ᠳ᠋ᠤᠭᠠᠷ ᠲᠣᠭᠠᠲᠤ︶ | ᠪᠣᠯᠤᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠲᠤᠶᠢᠮᠠᠷ ᠢ ᠰᠡᠷᠭᠡᠶᠢᠯᠡᠬᠦ ᠲᠦᠷᠢᠮ︾ ︵ᠥᠪᠥᠷ ᠮᠣᠩᠭᠤᠯ | ᠤᠨ ᠥᠪᠡᠷᠲᠡᠭᠡᠨ ᠵᠠᠰᠠᠬᠤ ᠣᠷᠣᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ | ᠶᠢᠨ 25 ᠳ᠋ᠤᠭᠠᠷ ᠲᠣᠭᠠᠲᠤ ᠠᠯᠪᠠᠨ ᠵᠠᠷ︶ ᠤᠨ ᠬᠤᠯᠪᠣᠭᠳᠠᠯ ᠪᠥᠬᠦᠶ ᠲᠣᠭᠲᠠᠭᠠᠯ ᠳᠤ ᠨᠡᠶᠢᠴᠡᠬᠦ ᠥᠬᠡᠶ ᠪᠦᠬᠦᠨ ᠢ ᠴᠥᠮ ᠴᠡᠭᠴᠡᠯᠡᠨ ᠰᠠᠶᠢᠵᠢᠷᠠᠭᠤᠯᠤᠨ᠎ᠠ᠃ ᠡᠯ᠎ᠡ | ᠬᠤᠰᠢᠭᠤ ᠣᠷᠣᠨ ᠤ ᠠᠷᠠᠳ ᠤᠨ ᠵᠠᠰᠠᠭ ᠤᠨ ᠣᠷᠳᠣᠨ ᠨᠤᠭᠤᠳ ᠠᠮᠢ ᠠᠬᠤᠶ ᠶᠢᠨ ᠣᠷᠴᠢᠨ ᠲᠣᠭᠤᠷᠢᠨ᠂ ᠡᠨᠧᠷᠭᠢ᠂ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ᠂ ᠣᠶ ᠰᠢᠭᠤᠶ ᠨᠤᠲᠤᠭ ᠪᠡᠯᠴᠢᠭᠡᠷ᠂ ᠪᠠᠶᠢᠭᠠᠯᠢ ᠶᠢᠨ ᠡᠬᠢ ᠪᠠᠶᠠᠯᠢᠭ᠂ ᠵᠠᠮ ᠬᠠᠷᠢᠯᠴᠠᠭ᠎ᠠ ᠲᠡᠭᠡᠭᠡᠪᠦᠷᠢ ᠵᠡᠷᠭᠡ ᠰᠠᠯᠠᠭ᠎ᠠ ᠮᠥᠴᠢᠷ ᠢ ᠵᠣᠬᠢᠶᠠᠨ | ᠪᠠᠶᠢᠭᠤᠯᠤᠨ ᠵᠠᠰᠠᠮᠠᠯ ᠵᠠᠮ ᠤᠨ ᠬᠤᠶᠠᠷ ᠬᠠᠵᠠᠭᠤ ᠪᠠᠷ ᠬᠤᠷᠠᠮᠳᠤᠭᠰᠠᠨ ᠨᠡᠭᠦᠷᠡᠰᠦᠨ ᠰᠢᠭᠠᠷᠤ᠂ ᠬᠤᠭ ᠡᠪᠡᠰᠦ ᠵᠡᠷᠭᠡ ᠰᠢᠲᠠᠮᠠᠬᠠᠶ ᠪᠣᠳᠠᠰ ᠢ ᠲᠦᠢᠯᠪᠤᠷᠢᠲᠠᠶ | ᠴᠡᠪᠡᠷᠯᠡᠨ ᠠᠷᠢᠯᠭᠠᠵᠤ᠂ ᠠᠮᠢ ᠠᠬᠤᠶ ᠶᠢᠨ ᠣᠷᠴᠢᠨ ᠲᠣᠭᠤᠷᠢᠨ᠂ ᠲᠠᠷᠢᠶᠠᠯᠠᠩ ᠮᠠᠯ ᠠᠵᠤ ᠠᠬᠤᠶ ᠵᠡᠷᠭᠡ ᠰᠠᠯᠠᠭ᠎ᠠ ᠮᠥᠴᠢᠷ ᠤᠳ ᠭᠤᠤᠷᠰᠤ ᠰᠢᠲᠠᠭᠠᠬᠤ᠂ ᠡᠰᠢ | ᠰᠦᠷᠡᠯ ᠰᠢᠲᠠᠭᠠᠬᠤ᠂ ᠲᠠᠷᠢᠶᠠᠨ ᠭᠠᠵᠠᠷ ︵ᠳᠠᠯᠠᠩ︶ ᠰᠢᠲᠠᠭᠠᠬᠤ᠂ ᠦᠨᠡᠰᠦ ᠰᠢᠲᠠᠭᠠᠵᠤ ᠪᠣᠷᠲᠣᠭᠤᠷ ᠴᠤᠭᠯᠠᠭᠤᠯᠬᠤ ᠵᠡᠷᠭᠡ ᠦᠢᠯᠡ ᠠᠵᠢᠯᠯᠠᠭ᠎ᠠ ᠶᠢ ᠪᠠᠶᠢᠴᠠᠭᠠᠨ | ᠰᠢᠢᠳᠪᠦᠷᠢᠯᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ | ᠲᠠᠪᠤ᠂ ᠵᠠᠮ ᠬᠠᠷᠢᠯᠴᠠᠭ᠎ᠠ ᠲᠡᠭᠡᠭᠡᠪᠦᠷᠢ᠂ ᠳᠣᠲᠣᠭᠠᠳᠤ ᠶᠢ ᠬᠠᠮᠠᠭᠠᠯᠠᠬᠤ ᠵᠠᠮ ᠬᠠᠷᠢᠯᠴᠠᠭᠠᠨ ᠤ ᠬᠠᠮᠢᠶᠠᠷᠤᠯᠲᠠ᠂ ᠶᠡᠷᠦᠩᠬᠡᠶᠢᠯᠡᠭᠰᠡᠨ ᠬᠠᠤᠯᠢ ᠬᠡᠷᠡᠭᠵᠢᠭᠦᠯᠬᠦ᠂ | ᠵᠠᠰᠠᠮᠠᠯ ᠵᠠᠮ ᠤᠨ ᠰᠦᠢᠳᠭᠡᠯ ᠬᠤᠷᠢᠶᠠᠬᠤ᠂ ᠲᠦᠷᠢᠶᠡᠰᠦᠨ ᠮᠠᠰᠢᠨ ᠲᠡᠷᠭᠡ᠂ ᠰᠢᠤᠳᠠᠨ᠂ ᠪᠠᠷᠠᠭᠠᠨ ᠤ ᠬᠦᠢᠯᠬᠡᠬᠡᠨ᠂ ᠲᠦᠷᠭᠡᠨ ᠬᠦᠷᠭᠡᠯᠲᠡ᠂ ᠨᠡᠭᠦᠷᠡᠰᠦ ᠵᠡᠷᠭᠡ | ᠡᠵᠡᠩᠨᠡᠯᠲᠡ ᠬᠠᠮᠢᠶᠠᠷᠤᠯᠲᠠ ᠶᠢᠨ ᠨᠢᠭᠡᠴᠡ ᠨᠢ ᠨᠠᠰᠢ ᠴᠠᠰᠢ ᠥᠩᠭᠡᠷᠡᠬᠦ ᠪᠤᠶᠤ ᠬᠠᠮᠢᠶᠠᠷᠴᠤ ᠪᠠᠶᠢᠭ᠎ᠠ ᠲᠡᠷᠭᠡ ᠬᠥᠰᠬᠡ ᠶᠢᠨ ᠠᠵᠢᠯᠲᠠᠨ ᠳᠤ ᠭᠠᠯ ᠰᠡᠷᠭᠡᠶᠢᠯᠡᠬᠦ | ᠤᠬᠠᠭᠤᠯᠭ᠎ᠠ ᠬᠥᠮᠦᠵᠢᠯ ᠪᠠ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠴᠢᠩᠭᠠᠳᠬᠠᠵᠤ᠂ ᠭᠠᠩᠰᠠ᠂ ᠰᠢᠳᠠᠭᠰᠠᠨ ᠨᠡᠭᠦᠷᠡᠰᠦ ᠵᠡᠷᠭᠡ ᠭᠠᠯ ᠤᠨ ᠲᠥᠷᠥᠯ ᠢ | ᠬᠠᠶᠠᠬᠤ ᠶᠢ ᠴᠢᠩᠭ᠎ᠠ ᠴᠠᠭᠠᠵᠠᠯᠠᠵᠤ᠂ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠭᠰᠠᠨ᠂ ᠪᠣᠭᠤᠳᠠᠯ ᠪᠠᠭᠯᠠᠭ᠎ᠠ ᠨᠢ ᠴᠢᠩᠭ᠎ᠠ ᠥᠬᠡᠶ ᠠᠴᠠ ᠪᠣᠯᠵᠣ ᠨᠡᠭᠦᠷᠡᠰᠦᠨ | ᠰᠢᠭᠠᠷᠤ ᠶᠢ ᠠᠭᠤᠷᠬᠠᠶ ᠶᠢᠨ ᠣᠷᠣᠨ ᠠᠴᠠ ᠭᠠᠳᠠᠨᠠᠬᠢ ᠣᠷᠣᠨ ᠪᠦᠰᠡ ᠳᠤ ᠬᠠᠶᠠᠬᠤ ᠶᠢ ᠴᠢᠩᠭ᠎ᠠ ᠴᠠᠭᠠᠵᠠᠯᠠᠨ᠎ᠠ᠃ ᠵᠢᠯᠣᠭᠤᠴᠢ᠂ ᠲᠡᠷᠭᠡᠨ ᠤ ᠬᠠᠮᠢᠶᠠᠷᠤᠯᠲᠠ ᠶᠢᠨ | ᠠᠵᠢᠯᠲᠠᠨ ᠪᠣᠯ ᠭᠠᠯ ᠢ ᠰᠡᠷᠭᠡᠶᠢᠯᠡᠬᠦ ᠬᠠᠷᠢᠭᠤᠴᠠᠯᠭ᠎ᠠ ᠶᠢᠨ ᠬᠥᠮᠦᠨ ᠪᠣᠯᠤᠨ᠎ᠠ᠃ | ᠵᠢᠷᠭᠤᠭ᠎ᠠ᠂ ᠡᠯ᠎ᠡ ᠲᠦᠷᠦᠯ ᠤᠨ ᠭᠠᠯ ᠤᠨᠲᠠᠷᠠᠭᠠᠬᠤ ᠡᠩᠨᠡᠭᠡ ᠴᠠᠭ ᠢᠮᠠᠭᠲᠠ ᠲᠠᠶᠢᠨ ᠤ ᠪᠡᠯᠡᠳᠬᠡᠯ ᠤᠨ ᠪᠠᠶᠢᠳᠠᠯ ᠳᠤ ᠪᠠᠶᠢᠵᠤ᠂ ᠭᠠᠯ ᠤᠨ ᠪᠠᠶᠢᠳᠠᠯ ᠢ | ᠣᠯᠵᠤ ᠮᠡᠳᠡᠮᠡᠭᠴᠡ ᠴᠡᠷᠢᠭ ᠤᠨ ᠬᠦᠴᠦᠨ ᠢᠶᠠᠨ ᠲᠥᠪᠯᠡᠷᠡᠭᠦᠯᠦᠨ ᠰᠢᠨᠵᠢᠯᠡᠬᠦ ᠤᠬᠠᠭᠠᠨᠴᠢ ᠪᠠᠷ ᠭᠠᠯ ᠤᠨᠲᠠᠷᠠᠭᠠᠵᠤ᠂ ︽ᠡᠷᠳᠡᠭᠡᠨ ᠠᠴᠠ ᠪᠠᠨ᠂ ᠪᠠᠭ᠎ᠠ ᠳᠡᠭᠡᠷ᠎ᠡ ᠨᠢ᠂ | ᠲᠡᠶᠢᠯᠬᠦ ᠲᠡᠭᠡᠷ᠎ᠡ ᠨᠢ︾ ᠶᠢ ᠪᠡᠶᠡᠯᠡᠭᠦᠯᠵᠦ᠂ ᠬᠥᠮᠦᠨ ᠦᠬᠦᠵᠦ ᠰᠢᠷᠬᠠᠲᠤᠬᠤ ᠡ᠊ᠨᠳᠡᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ | ᠳᠣᠯᠤᠭ᠎ᠠ᠂ ᠭᠠᠯ ᠰᠡᠷᠭᠡᠶᠢᠯᠡᠬᠦ ᠬᠠᠷᠢᠭᠤᠴᠠᠯᠭ᠎ᠠ ᠪᠠᠨ ᠬᠦᠢᠴᠡᠳᠭᠡᠭᠰᠡᠨ ᠥᠬᠡᠶ ᠂ ᠭᠠᠯ ᠰᠡᠷᠭᠡᠶᠢᠯᠡᠬᠦ ᠪᠠᠶᠢᠴᠠᠭᠠᠯᠲᠠ ᠶᠢ ᠬᠦᠯᠢᠶᠡᠬᠦ ᠥᠬᠡᠶ᠂ ᠭᠠᠯ ᠤᠨ ᠭᠠᠮᠰᠢᠭ | ᠤᠨ ᠳᠠᠯᠳᠠ ᠬᠡᠮ ᠢ ᠠᠷᠢᠯᠭᠠᠬᠤ ᠥᠬᠡᠶ᠂ ᠵᠦᠪᠰᠢᠶᠡᠷᠡᠯ ᠦᠬᠡᠢ ᠪᠠᠷ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠣᠷᠣᠨ ᠳᠤ ᠳᠤᠷ᠎ᠠ ᠪᠠᠷ | ᠤᠷᠤᠭᠰᠠᠨ ᠠᠴᠠ ᠪᠣᠯᠵᠣ᠂ ᠠᠳᠡᠭᠳᠡᠯ ᠢᠶᠠᠷ ᠪᠤᠶᠤ ᠵᠣᠷᠢᠭᠤᠳᠠ ᠪᠠᠷ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠡᠭᠦᠰᠭᠡᠭᠰᠡᠨ ᠪᠠᠶᠢᠪᠠᠯ᠂ ︽ᠣᠶ | ᠰᠢᠭᠤᠶ ᠶᠢᠨ ᠲᠤᠶᠢᠮᠠᠷ ᠢ ᠰᠡᠷᠭᠡᠶᠢᠯᠡᠬᠦ ᠲᠦᠷᠢᠮ︾ ᠪᠣᠯᠤᠨ ︽ᠨᠤᠲᠤᠭ ᠪᠡᠯᠴᠢᠭᠡᠷ ᠤᠨ ᠲᠤᠶᠢᠮᠠᠷ ᠢ ᠰᠡᠷᠭᠡᠶᠢᠯᠡᠬᠦ ᠲᠦᠷᠢᠮ︾ ᠵᠡᠷᠭᠡ ᠬᠤᠯᠪᠣᠭᠳᠠᠯ ᠪᠥᠬᠦᠶ | ᠲᠣᠭᠲᠠᠭᠠᠯ ᠢ ᠦᠨᠳᠦᠰᠦᠯᠡᠨ᠂ ᠦᠢᠯᠡ ᠪᠠᠶᠢᠳᠠᠯ ᠤᠨ ᠬᠦᠨᠳᠦ ᠬᠥᠩᠭᠡᠨ ᠢ ᠦᠵᠡᠵᠦ ᠪᠠᠶᠢᠭᠠᠳ᠂ ᠨᠢᠭᠡᠴᠡ ᠶᠢ 2000 ᠲᠥᠭᠦᠷᠢᠭ ᠠᠴᠠ 10 ᠲᠦᠮᠡᠨ | ᠲᠥᠭᠦᠷᠢᠭ ᠵᠣᠭᠤᠰ ᠢᠶᠠᠷ ᠲᠣᠷᠭᠠᠵᠤ᠂ ᠬᠤᠪᠢ ᠬᠥᠮᠦᠨ ᠢ 200 ᠲᠥᠭᠦᠷᠢᠭ ᠠᠴᠠ 5000 ᠲᠥᠭᠦᠷᠢᠭ ᠵᠣᠭᠤᠰ ᠢᠶᠠᠷ ᠲᠣᠷᠭᠠᠨ᠎ᠠ᠃ ᠶᠠᠯ᠎ᠠ ᠪᠤᠯᠵᠦ | ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃ ᠣᠶ ᠰᠢᠭᠤᠶ ᠶᠢᠨ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠨᠤᠭᠤᠳ | ᠲᠣᠭᠲᠠᠭᠠᠯ ᠠᠴᠠ ᠵᠥᠷᠢᠴᠡᠨ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ ᠶᠠᠪᠤᠳᠠᠯ ᠳᠤ ᠴᠣᠬᠢᠯᠲᠠ ᠥᠭᠬᠦ ᠡᠷᠴᠢᠮ ᠢᠶᠠᠨ ᠴᠢᠩᠭᠠᠷᠠᠭᠤᠯᠵᠤ᠂ ᠣᠶ ᠰᠢᠭᠤᠶ ᠨᠤᠲᠤᠭ | ᠪᠡᠯᠴᠢᠭᠡᠷ ᠤᠨ ᠲᠤᠶᠢᠮᠠᠷ ᠤᠨ ᠭᠠᠮᠰᠢᠭ ᠤᠨ ᠬᠡᠷᠡᠭ ᠢ ᠴᠢᠩᠭ᠎ᠠ ᠪᠠᠶᠢᠴᠠᠭᠠᠨ ᠰᠢᠢᠳᠪᠦᠷᠢᠯᠡᠬᠦ ᠶᠢᠨ ᠬᠠᠮᠲᠤ ᠴᠠᠭ ᠲᠤᠬᠠᠶ ᠳᠤᠨᠢ ᠬᠡᠷᠡᠭ ᠢ ᠳᠠᠭᠤᠰᠬᠠᠬᠤ ᠬᠡᠷᠡᠭᠲᠡᠶ᠃ | ᠨᠠᠢᠮᠠ᠂ ᠪᠠᠶᠢᠴᠠᠭᠠᠯᠲᠠ ᠳᠤ ᠢᠯᠡᠷᠡᠭᠦᠯᠦᠭᠰᠡᠨ ᠬᠠᠷᠢᠶ᠎ᠠ ᠣᠷᠣᠨ ᠤ ᠳᠣᠲᠣᠷ᠎ᠠ ᠭᠠᠯ ᠰᠡᠷᠭᠡᠶᠢᠯᠡᠬᠦ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠤᠭᠰᠠᠨ | ᠥᠬᠡᠶ᠂ ᠭᠠᠯ ᠤᠨ ᠢᠷᠡᠯᠲᠡ ᠶᠢᠨ ᠬᠠᠮᠢᠶᠠᠷᠤᠯᠲᠠ ᠴᠢᠩᠭ᠎ᠠ ᠪᠤᠰᠤ᠂ ᠭᠠᠯ ᠤᠨ ᠭᠠᠮᠰᠢᠭ ᠤᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠤᠭᠰᠠᠨ ᠥᠬᠡᠶ᠂ ᠭᠠᠯ | ᠰᠡᠷᠭᠡᠶᠢᠯᠡᠬᠦ ᠠᠷᠭ᠎ᠠ ᠬᠡᠮᠵᠢᠶ᠎ᠡ ᠨᠢ ᠬᠦᠴᠦᠨ ᠥᠬᠡᠶ᠂ ᠵᠣᠬᠢᠶᠠᠨ ᠪᠠᠶᠢᠭᠤᠯᠤᠯᠲᠠ ᠶᠢᠨ ᠤᠨᠲᠠᠷᠠᠭᠠᠯᠲᠠ ᠨᠢ ᠬᠦᠴᠦᠨ ᠥᠬᠡᠶ᠂ ᠬᠢᠨᠠᠨ ᠪᠠᠶᠢᠴᠠᠭᠠᠯᠲᠠ ᠨᠢ ᠪᠠᠷᠢᠮᠵᠢᠶ᠎ᠠ | ᠳᠤ ᠬᠥᠷᠬᠦ ᠥᠬᠡᠶ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠣᠯᠵᠤ ᠮᠡᠳᠡᠭᠰᠡᠨ ᠪᠠᠶᠢᠪᠠᠯ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ | ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠠᠵᠢᠯ ᠤᠨ ᠬᠠᠷᠢᠭᠤᠴᠠᠯᠭ᠎ᠠ ᠨᠡᠬᠡᠮᠵᠢᠯᠡᠬᠦ ᠠᠷᠭ᠎ᠠ︾ ︵ᠥᠪᠥᠷ ᠵᠠᠰᠠᠭ ᠲᠠᠷᠬᠠᠭᠠᠭᠰᠠᠨ ﹇2015﹈ 66 | ᠳ᠋ᠤᠭᠠᠷ ᠲᠣᠭᠠᠲᠤ︶ ᠵᠡᠷᠭᠡ ᠲᠣᠭᠲᠠᠭᠠᠯ ᠶᠣᠰᠣᠭᠠᠷ᠂ ᠡᠯ᠎ᠡ ᠱᠠᠲᠤ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ | ᠴᠢᠩᠭ᠎ᠠ ᠨᠡᠬᠡᠮᠵᠢᠯᠡᠬᠦ ᠬᠡᠷᠡᠭᠲᠡᠶ᠃ | ᠶᠢᠰᠦ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠣᠶ ᠰᠢᠭᠤᠶ ᠨᠤᠲᠤᠭ ᠪᠡᠯᠴᠢᠭᠡᠷ ᠤᠨ ᠲᠤᠶᠢᠮᠠᠷ ᠤᠨ ᠪᠠᠶᠢᠳᠠᠯ ᠢ ᠣᠯᠵᠤ ᠮᠡᠳᠡᠪᠡᠯ᠂ ᠴᠥᠮ ᠲᠤᠬᠠᠶ ᠶᠢᠨ | ᠭᠠᠵᠠᠷ ᠤᠨ ᠲᠤᠶᠢᠮᠠᠷ ᠢ ᠰᠡᠷᠭᠡᠶᠢᠯᠡᠬᠦ ︵ᠤᠨᠲᠠᠷᠠᠭᠠᠬᠤ︶ ᠵᠢᠯᠣᠭᠤᠳᠬᠤ ᠭᠠᠵᠠᠷ ᠪᠤᠶᠤ ᠬᠤᠲᠠ ᠶᠢᠨ ᠲᠦᠶ᠋ᠮᠡᠷ ᠢ ᠰᠡᠷᠭᠡᠶᠢᠯᠡᠬᠦ ᠭᠠᠯ ᠤᠨᠲᠠᠷᠠᠭᠠᠬᠤ ᠵᠢᠯᠣᠭᠤᠳᠬᠤ | ᠭᠠᠵᠠᠷ ᠤᠨ ᠠᠯᠪᠠᠨ ᠬᠡᠷ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ ︵ᠲᠦᠭᠰᠢᠭᠦᠷᠢ ᠮᠡᠳᠡᠭᠡᠯᠡᠬᠦ ᠤᠲᠠᠰᠤ᠄ 12119︶᠃ ᠶᠠᠮᠠᠷᠪᠠ ᠨᠢᠭᠡᠴᠡ ᠪᠣᠯᠤᠨ ᠬᠤᠪᠢ | ᠬᠥᠮᠦᠨ ᠭᠡᠳ ᠲᠦᠭᠰᠢᠭᠦᠷᠢ ᠮᠡᠳᠡᠭᠦᠯᠬᠦ ᠳᠤ ᠦᠨ᠎ᠡ ᠲᠥᠯᠥᠪᠦᠷᠢ ᠥᠬᠡᠶ ᠪᠠᠷ ᠲᠥᠬᠦᠮ ᠦᠵᠡᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠲᠦᠢᠮᠡᠷ ᠤᠨ ᠪᠠᠶᠢᠳᠠᠯ | ᠢ ᠬᠤᠳᠠᠯ ᠢᠶᠠᠷ ᠮᠡᠳᠡᠭᠦᠯᠬᠦ᠂ ᠳᠤᠷ᠎ᠠ ᠪᠠᠷ ᠢᠶᠠᠨ ᠮᠡᠳᠡᠭᠦᠯᠬᠦ᠂ ᠳᠠᠷᠤᠭᠠᠳ ᠮᠡᠳᠡᠭᠦᠯᠬᠦ ᠥᠬᠡᠶ ᠪᠠᠶᠢᠬᠤ ᠶᠢ ᠴᠠᠭᠠᠵᠠᠯᠠᠬᠤ ᠬᠡᠷᠡᠭᠲᠠᠢ᠃ | | ᠤᠷᠳᠤᠰ ᠬᠤᠳᠠ ᠶᠢᠨ ᠳᠠᠷᠤᠭ᠎ᠠ ᠯᠢ ᠯᠢ | 2021 ᠣᠨ ᠤ 3 ᠰᠠᠷ᠎ᠠ ᠶᠢᠨ 12 ᠤᠨ ᠡᠳᠦᠷ | | | |