ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ᠂ ᠰᠢᠭᠤᠳ | ᠬᠠᠷᠢᠶ᠎ᠠ ᠨᠢᠭᠡᠴᠡ᠂ ᠲᠣᠮᠣ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠳᠤ᠄ | ︽ᠣᠷᠳᠣᠰ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠳ ᠬᠤᠯᠪᠣᠭᠠᠯᠠᠨ ︽ᠬᠤᠶᠠᠷ ᠢ | ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ ᠤᠨ ᠮᠡᠳᠡᠭᠳᠡᠯ︾ ᠢ ᠡᠳᠦᠭᠡ ᠲᠠᠨᠠᠷ | ᠲᠤ ᠳᠠᠷᠤᠮᠠᠯᠯᠠᠨ ᠶᠠᠪᠤᠭᠤᠯᠤᠯ᠎ᠠ᠂ ᠪᠤᠲᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠲᠤᠭᠠᠶ᠃ | ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ | 2021 ᠣᠨ ᠤ 2 ᠰᠠᠷ᠎ᠠ ᠶᠢᠨ 2 ᠤᠨ ᠡᠳᠦᠷ | | | ᠤᠷᠳᠤᠰ ᠬᠤᠳᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠵᠢᠨᠰᠠᠯᠠᠭ᠎ᠠ ᠮᠥᠴᠢᠷ ᠤᠳ ᠬᠤᠯᠪᠤᠭᠠᠯᠠᠨ | ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠤᠯᠲᠠ ᠶᠢᠨ ᠠᠵᠢᠯ ᠤᠨ ᠬᠡᠷᠡᠭᠵᠢᠭᠦᠯᠬᠦ ᠲᠥᠰᠦᠯ | ︽ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠳ ᠬᠤᠯᠪᠤᠭᠠᠯᠠᠨ ︽ᠬᠤᠶᠠᠷ ᠢ ᠲᠤᠬᠢᠯᠲᠤᠯ ᠢᠶᠠᠷ ᠬᠢᠬᠦ ᠂ | ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ | ᠲᠠᠷᠬᠠᠭᠠᠭᠰᠠᠨ ﹇2019 ﹈ 5 ᠳ᠋ᠤᠭᠠᠷ ᠲᠣᠭᠠᠲᠤ︶ ᠪᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠰᠠᠯᠠᠭ᠎ᠠ ᠮᠥᠴᠢᠷ ᠤᠳ ᠬᠤᠯᠪᠤᠭᠠᠯᠠᠨ ︽ ᠬᠤᠶᠠᠷ ᠢ ᠲᠤᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠤᠯᠭᠠᠬᠤ︾ | ᠬᠢᠨᠠᠨ ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ︾ ︵ᠥᠪᠥᠷ ᠵᠠᠰᠠᠭ ᠲᠠᠷᠬᠠᠭᠠᠭᠰᠠᠨ ﹇2019 ﹈ 10 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠪᠥᠬᠦ | ᠲᠠᠯ᠎ᠠ ᠪᠠᠷ ᠲᠤᠤᠱᠯᠠᠭᠤᠯᠤᠨ ᠨᠠᠶᠢᠲᠠᠪᠤᠷᠢᠵᠢᠭᠤᠯᠵᠤ᠂ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠤᠯᠲᠠ ᠶᠢᠨ ᠠᠵᠢᠯ | ᠤᠨ ᠲᠣᠭᠲᠠᠴᠠ ᠶᠢ ᠴᠢᠨᠠᠭᠰᠢᠳᠠ ᠪᠦᠷᠢᠨᠰᠢᠬᠦᠯᠵᠦ᠂ ᠰᠠᠯᠠᠭ᠎ᠠ ᠮᠥᠴᠢᠷ ᠤᠨ ᠬᠠᠮᠲᠤᠷᠠᠨ ᠬᠢᠨᠠᠨ ᠬᠠᠮᠢᠶᠠᠷᠬᠤ ᠠᠵᠢᠯ ᠢ ᠴᠢᠩᠭᠠᠳᠬᠠᠬᠤ ᠶᠢᠨ ᠲᠤᠰᠠᠳᠠ᠂ ᠡᠳᠦᠭᠡ | ᠲᠣᠰ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ︵ᠨᠢᠭᠡ︶ ᠵᠢᠯᠣᠭᠤᠳᠬᠤ ᠦᠵᠡᠯ ᠰᠠᠨᠠᠭ᠎ᠠ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ | ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ | ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ | ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠰᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠲᠠᠪᠤᠷᠢᠵᠢᠭᠤᠯᠵᠤ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ | ᠬᠦᠷᠢᠶ᠎ᠡ ᠴᠠᠷᠠᠭ᠎ᠠ ᠳᠤ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ︵ᠪᠠᠶᠢᠴᠠᠭᠠᠬᠤ ᠡᠲᠡᠭᠡᠳ ᠢ ᠲᠣᠬᠢᠶᠠᠯᠳᠤᠯ ᠢᠶᠠᠷ ᠰᠣᠩᠭᠤᠨ | ᠭᠠᠷᠭᠠᠬᠤ᠂ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠠᠵᠢᠯᠲᠠᠨ ᠢ ᠲᠣᠬᠢᠶᠠᠯᠳᠤᠯ ᠢᠶᠠᠷ ᠰᠣᠩᠭᠤᠨ ᠲᠣᠮᠢᠯᠠᠬᠤ᠂ ᠰᠤᠭᠤᠴᠢᠨ ᠪᠠᠶᠢᠴᠠᠭᠠᠭᠰᠠᠨ ᠪᠠᠶᠢᠳᠠᠯ ᠵᠢᠴᠢ | ᠪᠠᠶᠢᠴᠠᠭᠠᠨ ᠰᠢᠢᠳᠪᠦᠷᠢᠯᠡᠭᠰᠡᠨ ᠦᠷ᠎ᠡ ᠳ᠋ᠦᠩ ᠢ ᠴᠠᠭ ᠲᠤᠬᠠᠶ ᠳᠤᠨᠢ ᠨᠡᠶᠢᠭᠡᠮ ᠳᠤ ᠢᠯᠡ ᠪᠣᠯᠭᠠᠬᠤ︶ ᠬᠢᠨᠠᠯᠲᠠ ᠬᠠᠮᠢᠶᠠᠷᠤᠯᠲᠠ ᠪᠠᠷ ᠦᠨᠳᠦᠰᠦᠨ ᠠᠷᠭ᠎ᠠ ᠪᠠᠷᠢᠯ | ᠪᠣᠯᠭᠠᠵᠤ᠂ ᠭᠤᠤᠯᠳᠠᠯᠭ᠎ᠠ ᠲᠠᠢ ᠬᠢᠨᠠᠨ ᠬᠠᠮᠢᠶᠠᠷᠤᠯᠲᠠ ᠪᠠᠷ ᠨᠥᠬᠦᠪᠥᠷᠢ ᠪᠣᠯᠭᠠᠵᠤ᠂ ᠢᠲᠡᠭᠡᠮᠵᠢ ᠶᠢᠨ ᠬᠢᠨᠠᠨ ᠬᠠᠮᠢᠶᠠᠷᠤᠯᠲᠠ ᠪᠠᠷ ᠰᠠᠭᠤᠷᠢ ᠪᠣᠯᠭᠠᠭᠰᠠᠨ ᠰᠢᠨ᠎ᠡ | ᠬᠡᠯᠪᠡᠷᠢ ᠶᠢᠨ ᠬᠢᠨᠠᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠨᠰᠢᠭᠦᠯᠦᠨ᠎ᠡ᠃ ᠬᠢᠨᠠᠨ ᠬᠠᠮᠢᠶᠠᠷᠤᠯᠲᠠ ᠶᠢᠨ ᠣᠨᠣᠯᠵᠢᠬᠤᠨ ᠢ ᠦᠨᠡᠨᠬᠦ ᠬᠤᠪᠢᠷᠠᠭᠤᠯᠵᠤ᠂ ᠬᠢᠨᠠᠨ | ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ᠭᠤᠤᠯᠴᠢ ᠪᠠᠷ ᠥᠷᠢᠰᠦᠯᠳᠦᠬᠦ ᠵᠠᠬ᠎ᠠ ᠳᠡᠯᠭᠡᠭᠦᠷ ᠤᠨ ᠣᠷᠴᠢᠨ ᠲᠣᠭᠤᠷᠢᠨ ᠪᠠ ᠵᠠᠬ᠎ᠠ | ᠳᠡᠯᠭᠡᠭᠦᠷᠴᠢᠯᠡᠬᠦ᠂ ᠬᠠᠤᠯᠢ ᠪᠠᠷ ᠵᠠᠰᠠᠬᠤ᠂ ᠳᠡᠯᠡᠬᠡᠶᠢᠴᠢᠯᠡᠬᠦ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠤᠯᠠᠮ ᠨᠢᠭᠡ ᠠᠯᠬᠤᠮ ᠪᠣᠶ ᠪᠣᠯᠭᠠᠨ᠎ᠠ᠃ | ︵ᠬᠤᠶᠠᠷ︶ ᠦᠨᠳᠦᠰᠦᠨ ᠵᠠᠷᠴᠢᠮ | ᠪᠥᠬᠦ ᠲᠠᠯ᠎ᠠ ᠶᠢ ᠬᠠᠮᠤᠷᠬᠤ ᠶᠢ ᠪᠠᠷᠢᠮᠲᠠᠯᠠᠨ᠎ᠠ᠃ ︽ᠬᠤᠶᠠᠷ ᠢ ᠲᠤᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠶᠢ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠲᠠ ᠶᠢᠨ ᠦᠨᠳᠦᠰᠦᠨ ᠠᠷᠭ᠎ᠠ ᠪᠠᠷᠢᠯ ᠪᠠ ᠲᠦᠭᠡᠮᠡᠯ ᠠᠷᠭ᠎ᠠ ᠮᠠᠶ᠋ᠢᠭ ᠪᠣᠯᠭᠠᠵᠤ᠂ ᠣᠨᠴᠣᠭᠤᠶ ᠭᠤᠤᠯᠳᠠᠯᠭ᠎ᠠ ᠲᠠᠢ ᠬᠦᠷᠢᠶ᠎ᠡ ᠶᠢ ᠭᠠᠷᠭᠠᠪᠠᠯ᠂ ᠵᠠᠷᠴᠢᠮ | ᠳᠡᠭᠡᠷ᠎ᠡ ᠪᠠᠨ ᠪᠣᠶ ᠪᠥᠬᠦᠶ ᠵᠠᠰᠠᠭ ᠵᠠᠬᠢᠷᠭᠠᠨ ᠤ ᠪᠠᠶᠢᠴᠠᠭᠠᠬᠤ ᠵᠦᠢᠯᠡᠰ ᠢ ᠴᠥᠮ ᠬᠤᠶᠠᠷ ᠢ ᠲᠤᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠠᠷᠭ᠎ᠠ ᠮᠠᠶ᠋ᠢᠭ ᠢᠶᠠᠷ | ᠶᠠᠪᠤᠭᠳᠠᠭᠤᠯᠵᠤ᠂ ᠡᠳᠦᠷ ᠲᠤᠲᠤᠮ ᠤᠨ ᠬᠢᠨᠠᠨ ᠬᠠᠮᠢᠶᠠᠷᠤᠯᠲᠠ ᠶᠢᠨ ᠤᠤᠯ ᠤᠨ ︽ᠲᠣᠭᠤᠷᠢᠨ ᠪᠠᠶᠢᠴᠠᠭᠠᠬᠤ ᠲᠦᠷᠢᠮ︾ ᠪᠠ ᠳᠤᠷ᠎ᠠ ᠪᠠᠷ ᠢᠶᠠᠨ ᠪᠠᠶᠢᠴᠠᠭᠠᠬᠤ ᠶᠢ | ᠣᠷᠣᠯᠠᠭᠤᠯᠵᠤ᠂ ᠬᠡᠪᠰᠢᠭᠰᠡᠨ ᠬᠠᠮᠢᠶᠠᠷᠤᠯᠲᠠ ᠶᠢᠨ ᠲᠣᠭᠲᠠᠴᠠ ᠶᠢ ᠪᠦᠷᠢᠯᠳᠦᠭᠦᠯᠦᠨ᠎ᠡ᠃ ᠰᠣᠩᠭᠤᠨ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠬᠡᠷᠡᠭ ᠤᠨ | ᠰᠦᠪᠡᠭᠴᠢ ᠶᠢ ᠴᠠᠭ ᠲᠤᠬᠠᠶ ᠳᠤᠨᠢ ᠰᠢᠯᠵᠢᠭᠦᠯᠦᠨ ᠲᠤᠰᠢᠶᠠᠵᠤ ᠰᠢᠢᠳᠪᠦᠷᠢᠯᠡᠬᠦᠯᠬᠦ ᠶᠢᠨ ᠬᠠᠮᠲᠤ ᠪᠠᠶᠢᠴᠠᠭᠠᠭᠰᠠᠨ ᠦᠷ᠎ᠡ ᠳ᠋ᠦᠩ ᠪᠠ ᠰᠢᠳᠬᠡᠭᠰᠡᠨ ᠦᠷ᠎ᠡ ᠳ᠋ᠦᠩ ᠢ | ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠨᠡᠷ᠎ᠡ ᠳᠡᠭᠡᠷ᠎ᠡ ᠲᠡᠮᠳᠡᠭᠯᠡᠵᠦ᠂ ᠬᠠᠤᠯᠢ ᠶᠢ ᠵᠥᠷᠢᠴᠡᠵᠦ ᠢᠲᠡᠭᠡᠯ ᠢᠶᠠᠨ ᠠᠯᠳᠠᠭᠰᠠᠨ ᠠᠵᠢᠯᠯᠠᠭ᠎ᠠ ᠶᠢᠨ ᠤᠷᠳᠤ | ᠬᠤᠭᠤᠴᠠᠭᠠᠨ ᠤ ᠬᠦᠴᠦᠨ ᠪᠦᠬᠦᠢ ᠬᠢᠵᠠᠭᠠᠷᠯᠠᠯ ᠢ ᠪᠤᠢ ᠪᠣᠯᠭᠠᠪᠠ᠃ | ᠵᠢᠷᠤᠮᠵᠢᠯ ᠲᠠᠢ ᠢᠯᠡ ᠲᠣᠳᠣ ᠪᠠᠶᠢᠬᠤ ᠶᠢ ᠪᠠᠷᠢᠮᠲᠠᠯᠠᠨ᠎ᠠ᠃ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠢᠨᠵᠢᠯᠡᠬᠦ ᠤᠬᠠᠭᠠᠨᠴᠢ ᠵᠢᠷᠤᠮᠵᠢᠭᠰᠠᠨ᠂ ᠡᠷᠬᠡ ᠲᠡᠭᠰᠢ ᠲᠥᠪ ᠭᠤᠤᠯᠴᠢ᠂ ᠢᠯᠡ ᠲᠣᠳᠣ ︽ | ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠤᠯᠲᠠ ᠶᠢᠨ ᠠᠵᠢᠯ ᠤᠨ ᠲᠣᠭᠲᠠᠴᠠ ᠶᠢ ᠪᠣᠶ ᠪᠣᠯᠭᠠᠨ᠎ᠠ᠃ ᠬᠠᠤᠯᠢ ᠴᠠᠭᠠᠵᠠ | ᠬᠠᠤᠯᠢ ᠲᠣᠭᠲᠠᠭᠠᠯ ᠳᠤ ᠲᠣᠳᠣᠷᠬᠠᠶ ᠲᠣᠭᠲᠠᠭᠠᠭᠰᠠᠨ ᠠᠴᠠ ᠭᠠᠳᠠᠨ᠎ᠠ᠂ ᠰᠤᠭᠤᠴᠢᠨ ᠪᠠᠶᠢᠴᠠᠭᠠᠬᠤ ᠵᠦᠢᠯᠡᠰ᠂ ᠰᠤᠭᠤᠴᠢᠨ ᠪᠠᠶᠢᠴᠠᠭᠠᠬᠤ ᠲᠥᠯᠥᠪᠯᠡᠭᠡ᠂ | ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠴᠥᠮ ᠴᠠᠭ ᠲᠤᠬᠠᠶ ᠳᠤᠨᠢ᠂ ᠣᠨᠣᠪᠴᠢᠲᠠᠶ᠂ ᠵᠢᠷᠤᠮᠵᠢᠯ ᠲᠠᠢ ᠪᠠᠷ ᠨᠡᠶᠢᠭᠡᠮ ᠳᠤ ᠢᠯᠡ ᠪᠣᠯᠭᠠᠵᠤ᠂ ︽ᠢᠯᠡ ᠪᠠᠷ | ᠬᠢᠨᠠᠨ ᠬᠠᠮᠢᠶᠠᠷᠬᠤ︾ ᠶᠢ ᠦᠨᠡᠨ ᠬᠦ ᠪᠠᠲᠤᠯᠠᠵᠤ᠂ ︽ᠳᠤᠷ᠎ᠠ ᠵᠣᠷᠢᠭ ᠢᠶᠠᠷ ᠢᠶᠠᠨ ᠬᠠᠤᠯᠢ ᠬᠡᠷᠡᠭᠵᠢᠭᠦᠯᠬᠦ︾ ᠶᠢ ᠡᠷᠡᠰ ᠬᠤᠷᠢᠭᠯᠠᠬᠤ ᠬᠡᠷᠡᠭᠲᠡᠶ᠃ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ᠢᠲᠡᠭᠡᠮᠵᠢ ᠶᠢᠨ ᠠᠶᠤᠯ ᠲᠦᠭᠰᠢᠭᠦᠷᠢ ᠶᠢ ᠲᠥᠷᠥᠯ ᠬᠤᠪᠢᠶᠠᠨ ᠬᠢᠨᠠᠨ ᠬᠠᠮᠢᠶᠠᠷᠬᠤ ᠶᠢ | ᠬᠡᠷᠡᠭᠵᠢᠭᠦᠯᠵᠦ᠂ ᠲᠣᠪᠤᠶᠢᠮ᠎ᠠ ᠠᠰᠠᠭᠤᠳᠠᠯ ᠪᠠ ᠠᠶᠤᠯ ᠲᠦᠭᠰᠢᠭᠦᠷᠢ ᠳᠤ ᠴᠢᠭᠯᠡᠭᠦᠯᠦᠨ ᠬᠤᠶᠠᠷ ᠢ ᠲᠣᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠶᠢ ᠥᠷᠨᠢᠭᠦᠯᠵᠦ᠂ | ᠬᠢᠨᠠᠨ ᠬᠠᠮᠢᠶᠠᠷᠤᠯᠲᠠ ᠶᠢᠨ ᠨᠠᠷᠢᠯᠢᠭ ᠣᠨᠣᠪᠴᠢᠲᠤ ᠴᠢᠨᠠᠷ ᠢ ᠳᠡᠭᠡᠭᠰᠢᠯᠡᠭᠦᠯᠦᠨ᠎ᠡ᠃ ᠰᠤᠭᠤᠴᠢᠨ ᠪᠠᠶᠢᠴᠠᠭᠠᠬᠤ ᠲᠥᠯᠥᠪᠯᠡᠭᠡ ᠶᠣᠰᠣᠭᠠᠷ ︽ᠬᠤᠶᠠᠷ ᠢ | ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠶᠢᠨ ᠬᠢᠨᠠᠨ ᠬᠠᠮᠢᠶᠠᠷᠤᠯᠲᠠ ᠶᠢ ᠰᠠᠶᠢᠲᠤᠷ ᠬᠢᠬᠦ ᠶᠢᠨ ᠬᠠᠮᠲᠤ᠂ ᠵᠠᠭᠠᠯᠳᠤᠵᠤ ᠢᠯᠡᠴᠢᠯᠡᠨ ᠮᠡᠳᠡᠭᠦᠯᠬᠦ᠂ | ᠰᠢᠯᠵᠢᠭᠦᠯᠦᠨ ᠬᠦᠢᠴᠡᠳᠬᠡᠬᠦ ᠲᠤᠰᠢᠶᠠᠨ ᠥᠭᠴᠦ ᠰᠢᠢᠳᠪᠦᠷᠢᠯᠡᠬᠦᠯᠬᠦ᠂ ᠲᠤᠭ᠎ᠠ ᠪᠠᠷᠢᠮᠲᠠ ᠶᠢ ᠬᠢᠨᠠᠨ ᠬᠡᠮᠵᠢᠬᠦ ᠵᠡᠷᠭᠡ ᠴᠢᠭᠯᠡᠯ ᠤᠨ ᠪᠣᠳᠠᠲᠠᠶ ᠠᠰᠠᠭᠤᠳᠠᠯ ᠳᠤ | ᠴᠢᠭᠯᠡᠭᠦᠯᠬᠦ ᠴᠢᠨᠠᠷᠲᠠᠶ ᠪᠠᠷ ᠪᠠᠶᠢᠴᠠᠭᠠᠯᠲᠠ ᠬᠢᠵᠦ᠂ ᠢᠯᠡᠷᠡᠭᠦᠯᠦᠭᠰᠡᠨ ᠠᠰᠠᠭᠤᠳᠠᠯ ᠤᠨ ᠰᠦᠪᠡᠭᠴᠢ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ | ᠬᠡᠷᠡᠭᠲᠡᠶ᠃ | ᠬᠠᠮᠵᠢᠯᠴᠠᠨ ᠠᠬᠢᠭᠤᠯᠬᠤ ᠶᠢ ᠪᠠᠷᠢᠮᠲᠠᠯᠠᠨ᠎ᠠ᠃ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠭᠤᠤᠯ ᠴᠣᠭᠴᠠ ᠶᠢᠨ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠵᠣᠬᠢᠬᠤ ᠠᠵᠢᠯ ᠤᠨ ᠲᠣᠭᠲᠠᠴᠠ ᠶᠢ ᠪᠠᠶᠢᠭᠤᠯᠤᠨ᠂ ᠰᠠᠯᠠᠭ᠎ᠠ ᠮᠥᠴᠢᠷ ᠤᠳ ᠬᠤᠯᠪᠣᠭᠠᠯᠠᠨ ︽ᠬᠤᠶᠠᠷ ᠢ ᠲᠤᠬᠢᠶᠠᠯᠳᠤᠯ | ᠢᠶᠠᠷ ᠬᠢᠬᠦ ᠂ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠬᠡᠷᠡᠭᠵᠢᠭᠦᠯᠦᠨ᠎ᠡ᠃ ᠰᠠᠯᠠᠭ᠎ᠠ ᠮᠥᠴᠢᠷ ᠤᠨ ᠬᠤᠭᠤᠷᠣᠨᠳᠣ ᠪᠠᠨ ᠬᠤᠶᠠᠷ ᠢ | ᠲᠤᠬᠢᠶᠠᠯᠳᠤᠯ ᠢᠶᠠᠷ ᠰᠤᠭᠤᠴᠢᠨ ᠪᠠᠶᠢᠴᠠᠭᠠᠭᠰᠠᠨ ᠦᠷ᠎ᠡ ᠳ᠋ᠦᠩ ᠢ ᠬᠠᠮᠲᠤᠪᠠᠷ ᠭᠥᠷᠳᠡᠵᠦ ᠰᠣᠯᠢᠯᠴᠠᠬᠤ ᠪᠠ ᠬᠠᠷᠢᠯᠴᠠᠨ ᠮᠡᠳᠡᠷᠡᠵᠦ ᠬᠠᠷᠢᠯᠴᠠᠨ ᠬᠡᠷᠡᠭᠯᠡᠬᠦ ᠲᠣᠭᠲᠠᠴᠠ | ᠶᠢ ᠪᠠᠶᠢᠭᠤᠯᠬᠤ ᠬᠡᠷᠡᠭᠲᠡᠶ᠃ | ᠬᠤᠶᠠᠷ᠂ ᠠᠵᠢᠯ ᠤᠨ ᠬᠠᠷᠠᠯᠲᠠ | 2021 ᠣᠨ ᠤ 1 ᠳ᠋ᠣᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠬᠦᠷᠢᠶᠡᠨ ᠳᠠᠬᠢ ᠬᠠᠮᠢᠶ᠎ᠠ ᠪᠥᠬᠦᠶ | ᠰᠠᠯᠠᠭ᠎ᠠ ᠮᠥᠴᠢᠷ ᠤᠨ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠰᠠᠭᠤᠷᠢ ᠠᠵᠢᠯ ᠤᠨ ᠵᠢᠷᠤᠮᠵᠢᠯᠲᠠ ᠶᠢ ᠪᠡᠶᠡᠯᠡᠭᠦᠯᠵᠦ᠂ ︽ᠨᠢᠭᠡ | ᠬᠠᠭᠤᠳᠠᠰᠤ ᠬᠤᠶᠠᠷ ᠬᠥᠮᠥᠷᠭᠡ ᠨᠢᠭᠡ ᠨᠠᠷᠢᠨ ᠲᠦᠷᠢᠮ︾ ᠢ ᠪᠥᠬᠦ ᠲᠠᠯ᠎ᠠ ᠪᠠᠷ ᠪᠠᠶᠢᠭᠤᠯᠤᠨ ᠲᠡᠭᠦᠯᠳᠡᠷᠵᠢᠭᠦᠯᠦᠨ᠎ᠡ︔ 2021 ᠣᠨ ᠤ 3 ᠰᠠᠷ᠎ᠠ ᠶᠢᠨ | ᠰᠡᠭᠦᠯᠴᠢ ᠠᠴᠠ ᠡᠮᠦᠨ᠎ᠡ᠂ ᠪᠥᠬᠦ ᠬᠤᠲᠠ ᠶᠢᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠠᠵᠢᠯ ᠢ | ᠪᠥᠬᠦ ᠲᠠᠯ᠎ᠠ ᠪᠠᠷ ᠡᠬᠢᠯᠡᠭᠦᠯᠵᠦ᠂ ᠵᠥᠪ ᠵᠠᠮ ᠳᠠᠭᠠᠨ ᠣᠷᠣᠪᠠ︔ 2021 ᠣᠨ ᠤ 9 ᠰᠠᠷ᠎ᠠ ᠶᠢᠨ ᠰᠡᠭᠦᠯᠴᠢ ᠠᠴᠠ ᠡᠮᠦᠨ᠎ᠡ᠂ ᠪᠥᠬᠦ ᠬᠤᠲᠠ ᠶᠢᠨ ︽ᠬᠤᠶᠠᠷ ᠢ | ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠤᠯᠲᠠ ᠶᠢᠨ ᠠᠵᠢᠯ ᠢ ᠪᠥᠬᠦ ᠲᠠᠯ᠎ᠠ ᠪᠠᠷ ᠥᠷᠨᠢᠭᠦᠯᠵᠦ᠂ ᠣᠨ ᠤ ᠬᠤᠳᠠᠯᠳᠤᠭ᠎ᠠ ᠡᠷᠭᠢᠯᠡᠬᠦ | ᠣᠷᠴᠢᠨ ᠨᠥᠬᠦᠴᠡᠯ ᠤᠨ ᠦᠨᠡᠯᠡᠯᠲᠡ ᠶᠢ ᠤᠷᠤᠭᠰᠢᠲᠠᠶ ᠥᠩᠭᠡᠷᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ︔ 2021 ᠣᠨ ᠤ ᠵᠢᠯ ᠤᠨ ᠰᠡᠭᠦᠯᠴᠢ ᠠᠴᠠ ᠡᠮᠦᠨ᠎ᠡ | ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠤᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ | ᠶᠢ ᠢᠯᠡ ᠪᠣᠯᠭᠠᠬᠤ︾ ᠬᠢᠨᠠᠨ ᠬᠠᠮᠢᠶᠠᠷᠤᠯᠲᠠ ᠶᠢ ᠴᠢᠨᠠᠷ ᠰᠠᠶᠢᠲᠠᠶ᠂ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ | ᠵᠠᠰᠠᠭ ᠤᠨ ᠣᠷᠳᠣᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠳᠤ ᠬᠤᠯᠪᠣᠭᠠᠯᠠᠨ ︽ | ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠤᠯᠲᠠ ᠶᠢ ᠪᠠᠶᠢᠩᠭᠤᠵᠢᠭᠤᠯᠬᠤ ᠬᠡᠷᠡᠭᠲᠡᠶ᠃ ᠭᠤᠷᠪᠠ ᠠᠴᠠ ᠲᠠᠪᠤᠨ ᠵᠢᠯ ᠤᠨ | ᠬᠤᠭᠤᠴᠠᠭᠠᠨ ᠳᠤ᠂ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠬᠦᠷᠢᠶ᠎ᠡ ᠴᠠᠷᠠᠭᠠᠨ ᠤ ᠰᠢᠨ᠎ᠡ ᠬᠡᠯᠪᠡᠷᠢ ᠶᠢᠨ ᠬᠢᠨᠠᠨ ᠬᠠᠮᠢᠶᠠᠷᠤᠯᠲᠠ ᠶᠢᠨ ᠲᠣᠭᠲᠠᠴᠠ ᠶᠢ | ᠨᠡᠩ ᠲᠡᠭᠦᠯᠳᠡᠷᠵᠢᠭᠦᠯᠵᠦ᠂ ᠶᠡᠷᠦᠩᠬᠡᠶᠢᠯᠡᠭᠰᠡᠨ ᠬᠢᠨᠠᠨ ᠬᠠᠮᠢᠶᠠᠷᠤᠯᠲᠠ᠂ ᠣᠶᠤᠨᠴᠢ ᠬᠢᠨᠠᠨ ᠬᠠᠮᠢᠶᠠᠷᠤᠯᠲᠠ ᠶᠢ ᠪᠡᠶᠡᠯᠡᠭᠦᠯᠬᠦ ᠪᠠᠷ ᠴᠢᠷᠮᠠᠶᠢᠬᠤ ᠬᠡᠷᠡᠭᠲᠠᠢ᠃ | ᠭᠤᠷᠪᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ | ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠠᠵᠢᠯ ᠢ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠬᠤ ᠶᠢᠨ ᠲᠤᠰᠠᠳᠠ | ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠪᠠᠷ ᠲᠦᠷᠦᠭᠦᠯᠡᠨ ᠬᠢᠬᠦ ᠨᠢᠭᠡᠴᠡ ᠪᠣᠯᠭᠠᠵᠤ᠂ ᠵᠠᠬ᠎ᠠ ᠳᠡᠯᠭᠡᠭᠦᠷ ᠤᠨ ᠬᠢᠨᠠᠨ | ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠶᠢᠨ ᠬᠠᠮᠢᠶ᠎ᠠ ᠪᠥᠬᠦᠶ ᠰᠠᠯᠠᠭ᠎ᠠ ᠮᠥᠴᠢᠷ ᠢᠶᠠᠷ ᠪᠦᠷᠢᠯᠳᠦᠬᠦᠨ ᠪᠣᠯᠭᠠᠭᠰᠠᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ | ᠢᠯᠡ ᠪᠣᠯᠭᠠᠬᠤ︾ ᠠᠵᠢᠯ ᠤᠨ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠤᠨ᠎ᠠ᠃ | ︵ᠨᠢᠭᠡ︶ ᠪᠦᠷᠢᠯᠳᠦᠬᠦᠨ | ᠴᠤᠭᠯᠠᠭᠤᠯᠤᠭᠴᠢ᠄ ᠬᠠᠨ ᠢᠦᠶ ᠭᠤᠸᠠᠩ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ ᠳᠠᠷᠤᠭ᠎ᠠ | ᠪᠦᠷᠢᠯᠳᠦᠬᠦᠨ ᠄ ᠯᠢᠦ ᠯᠢ ᠴᠧᠩ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠶᠢᠨ ᠳᠡᠳ᠋ ᠳᠠᠷᠤᠭ᠎ᠠ | ᠴᠧᠨ ᠶᠦᠩ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ | ᠭᠦᠸᠧ ᠵᠠᠨ ᠪᠢᠨ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ | ᠰᠤᠳᠤᠯᠤᠭᠴᠢ | ᠰᠢᠶᠧ ᠶᠦᠩ ᠹᠧᠩ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ᠳᠡᠳ᠋ ᠳᠠᠷᠤᠭ᠎ᠠ | ᠨᠢᠤ ᠱᠧᠩ ᠯᠢ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶᠠᠨ ᠤ ᠲᠡᠳ᠋ ᠳᠠᠷᠤᠭ᠎ᠠ | ᠳ᠋ᠢᠩ ᠬᠠᠶ ᠫᠢᠩ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠳᠡᠳ᠋ ᠳᠠᠷᠤᠭ᠎ᠠ | ᠴᠢᠶᠣᠤ ᠱᠢ ᠬᠤᠸᠠᠢ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ | ᠵᠣᠣ ᠯᠢᠨ ᠬᠤᠲᠠ ᠶᠢᠨ ᠭᠠᠶᠢᠯᠢ ᠶᠢᠨ ᠲᠣᠪᠴᠢᠶᠠᠨ ᠤ ᠳᠡᠳ᠋ ᠳᠠᠷᠤᠭ᠎ᠠ | ᠸᠠᠩ ᠸᠧᠨ ᠵᠢᠶᠧ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠬᠤᠶᠠᠳᠤᠭᠠᠷ ᠳᠡᠰ ᠤᠨ ᠪᠠᠶᠢᠴᠠᠭᠠᠨ | ᠰᠤᠳᠤᠯᠤᠭᠴᠢ | ᠵᠠᠩ ᠰᠢᠤᠸᠠᠢ ᠺᠠᠶ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ | ᠵᠠᠩ ᠴᠢᠩ ᠱᠧᠩ ᠬᠤᠲᠠ ᠶᠢᠨ ᠠᠮᠢ ᠠᠬᠤᠶ ᠶᠢᠨ ᠣᠷᠴᠢᠨ ᠨᠥᠬᠦᠴᠡᠯ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ | ᠰᠤᠳᠤᠯᠤᠭᠴᠢ | ᠸᠠᠩ ᠱᠦ ᠱᠧᠩ ᠬᠤᠲᠠ ᠶᠢᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶᠠᠨ ᠤ ᠳᠡᠳ᠋ | ᠳᠠᠷᠤᠭ᠎ᠠ | ᠭᠦᠸᠧ ᠰᠢᠶᠤᠤ ᠹᠧᠩ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ | ᠶᠣᠣ ᠴᠦᠨ ᠬᠤᠸᠠ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠭᠤᠷᠪᠠᠳᠤᠭᠠᠷ | ᠳᠡᠰ ᠤᠨ ᠪᠠᠶᠢᠴᠠᠭᠠᠨ ᠰᠤᠳᠤᠯᠤᠭᠴᠢ | ᠴᠢᠤᠸᠠᠨ ᠢᠦᠶ ᠷᠤᠤ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ | ᠮᠠ ᠰᠢᠶᠤᠤ ᠬᠥᠩ ᠣᠷᠳᠣᠰ ᠤᠨ ᠪᠣᠭᠤᠮᠲᠠ ᠶᠢᠨ ᠳᠠᠷᠤᠭ᠎ᠠ | ᠵᠠᠩ ᠯᠢ ᠮᠢᠨ ᠬᠤᠲᠠ ᠶᠢᠨ ᠭᠠᠯ ᠤᠨᠲᠠᠷᠠᠭᠠᠬᠤ ᠠᠪᠤᠷᠠᠨ ᠲᠤᠰᠠᠯᠠᠬᠤ ᠰᠠᠯᠪᠤᠷᠢ ᠠᠩᠭᠢ ᠶᠢᠨ ᠳᠡᠳ᠋ ᠳᠠᠷᠤᠭ᠎ᠠ | ᠳᠡᠭᠡᠷᠡᠬᠢ ᠰᠠᠯᠠᠭ᠎ᠠ ᠮᠥᠴᠢᠷ ᠤᠨ ᠤᠳᠤᠷᠢᠳᠤᠯᠭ᠎ᠠ ᠨᠢ ᠠᠵᠢᠯ ᠤᠨ ᠬᠤᠪᠢᠷᠠᠯᠲᠠ ᠠᠴᠠ ᠪᠣᠯᠵᠣ ᠲᠣᠬᠢᠷᠠᠭᠤᠯᠤᠯᠲᠠ ᠬᠢᠬᠦ ᠴᠢᠬᠤᠯᠠᠲᠠᠶ ᠪᠠᠶᠢᠪᠠᠯ᠂ ᠪᠠᠶᠢᠭ᠎ᠠ | ᠨᠢᠭᠡᠴᠡ ᠨᠢ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠤᠳᠤᠷᠢᠳᠤᠯᠭ᠎ᠠ ᠶᠢᠨ ᠨᠡᠷᠡᠰ ᠢ ᠬᠠᠮᠲᠤᠷᠠᠭᠰᠠᠨ ᠬᠤᠷᠠᠯ ᠤᠨ ᠠᠯᠪᠠᠨ ᠬᠡᠷ ᠲᠤ ᠮᠡᠳᠡᠭᠦᠯᠵᠦ ᠳᠠᠩᠰᠠᠯᠠᠭᠤᠯᠤᠨ᠎ᠠ | ᠃ | ︵ᠬᠤᠶᠠᠷ︶ ᠭᠤᠤᠯ ᠲᠤᠰᠢᠶᠠᠯ ᠬᠠᠷᠢᠭᠤᠴᠠᠯᠭ᠎ᠠ᠃ ᠬᠠᠮᠲᠤᠷᠠᠭᠰᠠᠨ ᠬᠤᠷᠠᠯ ᠪᠣᠯ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ | ᠬᠢᠨᠠᠨ ᠬᠠᠮᠢᠶᠠᠷᠤᠯᠲᠠ ᠶᠢᠨ ᠵᠢᠯᠣᠭᠤᠳᠬᠤ ᠪᠠ ᠵᠣᠬᠢᠴᠠᠭᠤᠯᠬᠤ ᠪᠠᠶᠢᠭᠤᠯᠤᠮᠵᠢ ᠪᠣᠯᠤᠨ᠎ᠠ᠃ ᠭᠤᠣᠯ ᠲᠤᠰᠢᠶᠠᠯ ᠬᠠᠷᠢᠭᠤᠴᠠᠯᠭ᠎ᠠ ᠪᠣᠯ ᠲᠥᠷᠥ ᠶᠢᠨ ᠶᠠᠪᠤᠳᠠᠯ ᠤᠨ | ᠬᠤᠷᠢᠶᠠᠨ ᠤ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠠᠬᠢᠭᠤᠯᠬᠤ ᠠᠵᠢᠯ ᠤᠨ ᠪᠠᠶᠢᠷᠢᠯᠠᠭᠤᠯᠤᠯᠲᠠ ᠪᠠ | ᠱᠠᠭᠠᠷᠳᠠᠯᠭ᠎ᠠ ᠶᠢ ᠰᠤᠳᠤᠯᠤᠨ ᠲᠤᠤᠱᠯᠠᠭᠤᠯᠵᠤ᠂ ᠮᠠᠨ ᠤ ᠬᠤᠲᠠ ᠶᠢᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠨ | ᠬᠠᠮᠢᠶᠠᠷᠤᠯᠲᠠ ᠶᠢᠨ ᠬᠡᠷᠡᠭᠵᠢᠭᠦᠯᠬᠦ ᠠᠷᠭ᠎ᠠ ᠶᠢ ᠲᠣᠭᠲᠠᠭᠠᠨ᠎ᠠ︔ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠶᠢᠨ ᠬᠢᠨᠠᠨ ᠬᠠᠮᠢᠶᠠᠷᠴᠤ | ᠵᠢᠯᠣᠭᠤᠳᠤᠨ ᠵᠣᠬᠢᠴᠠᠭᠤᠯᠬᠤ ᠪᠠ ᠰᠢᠮᠳᠠᠭᠤᠯᠤᠨ ᠪᠠᠶᠢᠴᠠᠭᠠᠬᠤ ᠶᠢ ᠴᠢᠩᠭᠠᠳᠬᠠᠬᠤ ᠬᠡᠷᠡᠭᠲᠡᠶ︔ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ | ︾ ᠬᠢᠨᠠᠨ ᠬᠠᠮᠢᠶᠠᠷᠤᠯᠲᠠ ᠶᠢ ᠨᠢᠭᠡᠳᠦᠯᠲᠡᠶ ᠲᠥᠯᠥᠪᠯᠡᠬᠦ ᠶᠢ ᠴᠢᠩᠭᠠᠳᠬᠠᠵᠤ᠂ ᠰᠠᠯᠠᠭ᠎ᠠ ᠮᠥᠴᠢᠷ ᠤᠳ ᠬᠠᠮᠵᠢᠯᠴᠠᠬᠤ᠂ ᠳᠡᠭᠡᠳᠦ ᠳᠣᠤᠷᠠᠳᠤ ᠱᠠᠲᠤ ᠬᠠᠮᠲᠤᠷᠠᠨ | ᠬᠥᠳᠡᠯᠦᠯᠴᠡᠬᠦ᠂ ᠣᠷᠭᠠᠨᠢᠭ ᠢᠶᠠᠷ ᠵᠣᠯᠭᠠᠭᠤᠯᠬᠤ ᠠᠵᠢᠯ ᠤᠨ ᠲᠣᠭᠲᠠᠴᠠ ᠶᠢ ᠪᠣᠶ ᠪᠣᠯᠭᠠᠨ᠎ᠠ︔ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ | ︾ ᠬᠢᠨᠠᠨ ᠬᠠᠮᠢᠶᠠᠷᠤᠯᠲᠠ ᠶᠢᠨ ᠬᠦᠴᠢᠷᠳᠡᠯ ᠪᠠ ᠠᠰᠠᠭᠤᠳᠠᠯ ᠢ ᠰᠤᠳᠤᠯᠤᠨ ᠰᠢᠢᠳᠪᠦᠷᠢᠯᠡᠨ᠎ᠡ︔ ᠪᠦᠷᠢᠯᠳᠦᠬᠦᠨ ᠨᠢᠭᠡᠴᠡ ᠶᠢ ᠵᠣᠬᠢᠶᠠᠨ ᠪᠠᠶᠢᠭᠤᠯᠤᠨ ︽ᠬᠤᠶᠠᠷ ᠢ | ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠤᠯᠲᠠ ᠶᠢᠨ ᠲᠤᠷᠰᠢᠯᠭ᠎ᠠ ᠠᠷᠭ᠎ᠠ ᠪᠠᠷᠢᠯ ᠢ ᠰᠣᠯᠢᠯᠴᠠᠭᠤᠯᠵᠤ᠂ ᠬᠠᠮᠢᠶ᠎ᠠ ᠪᠥᠬᠦᠶ ᠠᠵᠢᠯ ᠤᠨ | ᠪᠠᠶᠢᠳᠠᠯ ᠢ ᠨᠡᠶᠢᠲᠡᠯᠡᠨ ᠨᠡᠪᠲᠡᠷᠡᠭᠦᠯᠦᠨ᠎ᠡ︔ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠵᠦᠢᠯ ᠤᠳ ᠢ ᠪᠡᠶᠡᠯᠡᠭᠦᠯᠦᠨ᠎ᠡ᠃ | ᠬᠠᠮᠲᠤᠷᠠᠭᠰᠠᠨ ᠬᠤᠷᠠᠯ ᠤᠨ ᠠᠯᠪᠠᠨ ᠬᠡᠷ ᠢ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ ᠳᠤ ᠳᠣᠭᠢᠷᠠᠭᠤᠯᠵᠤ᠂ ᠬᠠᠮᠲᠤᠷᠠᠭᠰᠠᠨ | ᠬᠤᠷᠠᠯ ᠤᠨ ᠡᠳᠦᠷ ᠲᠤᠲᠤᠮ ᠤᠨ ᠠᠵᠢᠯ ᠢ ᠡᠭᠦᠷᠭᠡᠯᠡᠭᠦᠯᠦᠨ᠂ ᠬᠠᠮᠲᠤᠷᠠᠭᠰᠠᠨ ᠬᠤᠷᠠᠯ ᠤᠨ ᠵᠥᠪᠯᠡᠨ ᠲᠣᠭᠲᠠᠭᠠᠭᠰᠠᠨ ᠵᠦᠢᠯᠡᠰ ᠢ ᠱᠠᠭᠠᠷᠳᠠᠨ | ᠨᠠᠶᠢᠳᠠᠪᠤᠷᠢᠵᠢᠭᠤᠯᠬᠤ ᠶᠢ ᠬᠠᠷᠢᠭᠤᠴᠠᠵᠤ᠂ ᠬᠠᠮᠲᠤᠷᠠᠭᠰᠠᠨ ᠬᠤᠷᠠᠯ ᠤᠨ ᠲᠤᠰᠢᠶᠠᠨ ᠰᠢᠢᠳᠪᠦᠷᠢᠯᠡᠬᠦᠯᠦᠭᠰᠡᠨ ᠪᠤᠰᠤᠳ ᠵᠦᠢᠯᠡᠰ ᠢ ᠳᠠᠭᠠᠭᠠᠨ ᠬᠦᠢᠴᠡᠳᠭᠡᠨ᠎ᠡ᠃ | ᠬᠠᠮᠲᠤᠷᠠᠭᠰᠠᠨ ᠬᠤᠷᠠᠯᠳᠤᠭᠠᠨ ᠳᠤ ᠬᠠᠷᠢᠯᠴᠠᠭᠴᠢ ᠭᠠᠷᠭᠠᠵᠤ᠂ ᠡᠯ᠎ᠡ ᠪᠦᠷᠢᠯᠳᠦᠬᠦᠨ ᠨᠢᠭᠡᠴᠡ ᠶᠢᠨ ᠬᠤᠯᠪᠣᠭᠳᠠᠯ ᠪᠦᠬᠦᠢ ᠰᠠᠯᠠᠭ᠎ᠠ ᠲᠡᠰᠤᠬ ᠤᠨ | ᠬᠠᠷᠢᠭᠤᠴᠠᠯᠭᠠᠲᠠᠨ ᠢᠶᠠᠷ ᠬᠠᠷᠢᠭᠤᠴᠠᠭᠤᠯᠤᠨ᠎ᠠ᠃ | ᠳᠥᠷᠪᠡ᠂ ᠭᠤᠤᠯ ᠡᠭᠦᠷᠭᠡ | ︵ᠨᠢᠭᠡ︶ ᠨᠢᠭᠡᠳᠦᠯᠲᠡᠶ ᠬᠢᠨᠠᠨ ᠬᠠᠮᠢᠶᠠᠷᠬᠤ ᠲᠠᠪᠴᠠᠩ ᠢ ᠬᠡᠷᠡᠭᠯᠡᠨ᠎ᠡ | ︽ᠤᠯᠤᠰ ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ︵ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ | ᠬᠠᠮᠢᠶᠠᠷᠬᠤ ᠲᠠᠪᠴᠠᠩ — ᠥᠪᠥᠷ ᠮᠣᠩᠭᠤᠯ︶︾ ᠤᠨ ᠲᠠᠪᠴᠠᠩ ᠢ ᠮᠠᠨ ᠤ ᠬᠤᠲᠠ ᠶᠢᠨ ᠡᠯ᠎ᠡ ᠱᠠᠲᠤᠨ ᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠠᠯᠠᠭ᠎ᠠ | ᠮᠥᠴᠢᠷ ᠤᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠤᠯᠲᠠ ᠶᠢ ᠪᠥᠬᠦ ᠲᠠᠯ᠎ᠠ ᠪᠠᠷ ᠥᠷᠨᠢᠭᠦᠯᠬᠦ ᠨᠢᠭᠡᠳᠦᠯᠲᠡᠶ | ᠲᠠᠪᠴᠠᠩ ︵ᠲᠤᠤᠷ᠎ᠠ ︽ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ︾ ᠭᠡᠵᠦ ᠨᠡᠷᠡᠶᠢᠳᠦᠨ᠎ᠡ᠂ ᠰᠦᠯᠵᠢᠶᠡᠨ ᠤ ᠬᠠᠶ᠋ᠢᠭ᠄ http://59. | 196.244.10:100/ ᠶᠢ ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠦᠯᠵᠢᠶ᠎ᠡ ᠪᠠᠷ ᠳᠠᠮᠵᠢᠭᠤᠯᠤᠨ ᠲᠡᠮᠳᠡᠭᠯᠡᠨ᠎ᠡ︶ ᠪᠣᠯᠭᠠᠨ᠎ᠠ᠃ | ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ | ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠪᠦᠷᠢᠯᠳᠦᠬᠦᠨ ᠰᠠᠯᠠᠭ᠎ᠠ ᠮᠥᠴᠢᠷ | ︵ᠬᠤᠶᠠᠷ︶ ︽ᠨᠢᠭᠡ ᠬᠠᠭᠤᠳᠠᠰᠤ᠂ ᠬᠤᠶᠠᠷ ᠬᠥᠮᠥᠷᠭᠡ᠂ ᠨᠢᠭᠡ ᠨᠠᠷᠢᠨ ᠲᠦᠷᠢᠮ︾ ᠢ ᠪᠠᠶᠢᠭᠤᠯᠤᠨ ᠲᠡᠭᠦᠯᠳᠡᠷᠵᠢᠭᠦᠯᠦᠨ᠎ᠡ | 1. ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠡᠯ᠎ᠡ ᠰᠠᠯᠠᠭ᠎ᠠ ᠮᠥᠴᠢᠷ ᠤᠳ ᠤᠯᠤᠰ᠂ | ᠥᠪᠡᠷᠲᠡᠭᠡᠨ ᠵᠠᠰᠠᠬᠤ ᠣᠷᠣᠨ ᠤ ᠠᠵᠢᠯ ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠰᠣᠩᠭᠤᠨ ᠪᠠᠶᠢᠴᠠᠭᠠᠬᠤ ᠵᠦᠢᠯ ᠤᠨ ᠨᠠᠷᠢᠨ ᠳᠠᠩᠰᠠ | ᠵᠢᠴᠢ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠳᠤ ᠲᠣᠭᠲᠠᠭᠠᠭᠰᠠᠨ ᠪᠠᠶᠢᠳᠠᠯ ᠪᠣᠯᠤᠨ ︽ᠭᠤᠷᠪᠠ ᠶᠢ ᠲᠣᠭᠲᠠᠭᠠᠬᠤ ᠲᠥᠰᠦᠯ︾ ᠳᠤ | ᠲᠣᠭᠲᠠᠭᠠᠭᠰᠠᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠢᠨ ᠶᠣᠰᠣᠭᠠᠷ᠂ ᠲᠣᠰ ᠰᠠᠯᠠᠭ᠎ᠠ ᠮᠥᠴᠢᠷ ᠤᠨ ᠢᠶᠠᠨ ᠬᠤᠶᠠᠷ ᠢ ᠲᠤᠬᠢᠶᠠᠯᠳᠤᠯ ᠢᠶᠠᠷ ᠰᠤᠭᠤᠴᠢᠨ | ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ︵︽ᠨᠢᠭᠡ ᠬᠠᠭᠤᠳᠠᠰᠤ︾ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢ ᠡᠮᠬᠢᠯᠡᠨ ᠨᠡᠶᠢᠯᠡᠭᠦᠯᠵᠦ ᠪᠠᠶᠢᠭᠤᠯᠤᠨ᠂ | ᠰᠤᠭᠤᠴᠢᠨ ᠪᠠᠶᠢᠴᠠᠭᠠᠬᠤ ᠵᠦᠶ᠋ᠯᠡᠰ᠂ ᠦᠨᠳᠦᠰᠦᠯᠡᠯ᠂ ᠠᠭᠤᠯᠭ᠎ᠠ᠂ ᠠᠷᠭ᠎ᠠ ᠮᠠᠶ᠋ᠢᠭ ᠵᠡᠷᠭᠡ ᠶᠢ ᠲᠣᠳᠣᠷᠬᠠᠶᠢᠯᠠᠬᠤ ᠶᠢᠨ ᠬᠠᠮᠲᠤ᠂ ︽ᠰᠠᠯᠠᠭ᠎ᠠ ᠮᠥᠴᠢᠷ ᠤᠨ | ᠬᠠᠮᠵᠢᠯᠴᠠᠨ ᠬᠢᠨᠠᠨ ᠬᠠᠮᠢᠶᠠᠷᠬᠤ ᠲᠠᠪᠴᠠᠩ︾ ᠪᠠ ᠲᠣᠰ ᠨᠢᠭᠡᠴᠡ ᠶᠢᠨ ᠢᠶᠠᠨ ᠰᠦᠯᠵᠢᠶᠡᠨ ᠥᠷᠲᠡᠭᠡ ᠪᠠᠷ ᠳᠠᠮᠵᠢᠭᠤᠯᠤᠨ ᠨᠡᠶᠢᠭᠡᠮ ᠳᠤ ᠢᠯᠡ ᠨᠡᠶᠢᠲᠡᠯᠡᠨ᠎ᠡ᠃ | ᠬᠤᠶᠠᠷ ᠢ ᠲᠤᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠵᠦᠢᠯᠡᠰ ᠢ ᠡᠩ ᠤᠨ ᠪᠠᠶᠢᠴᠠᠭᠠᠬᠤ ᠵᠦᠢᠯᠡᠰ ᠪᠠ ᠭᠤᠤᠯᠳᠠᠯᠭ᠎ᠠ ᠲᠠᠢ ᠪᠠᠶᠢᠴᠠᠭᠠᠬᠤ ᠵᠦᠢᠯᠡᠰ ᠭᠡᠵᠦ | ᠬᠤᠪᠢᠶᠠᠨ᠎ᠠ᠃ ᠭᠤᠤᠯᠳᠠᠯᠭ᠎ᠠ ᠲᠠᠢ ᠪᠠᠶᠢᠴᠠᠭᠠᠬᠤ ᠵᠦᠶ᠋ᠯᠡᠰ ᠢ ᠠᠮᠤᠷ ᠲᠦᠪᠰᠢᠨ᠂ ᠶᠠᠰᠤ ᠴᠢᠨᠠᠷ᠂ ᠣᠯᠠᠨ ᠨᠡᠶᠢᠲᠡ ᠶᠢᠨ ᠠᠰᠢᠭ ᠲᠤᠰᠠ ᠵᠡᠷᠭᠡ ᠴᠢᠬᠤᠯᠠ ᠬᠦᠷᠢᠶ᠎ᠡ | ᠴᠠᠷᠠᠭ᠎ᠠ ᠳᠤ ᠴᠢᠭᠯᠡᠭᠦᠯᠦᠨ᠂ ᠰᠤᠭᠤᠴᠢᠨ ᠪᠠᠶᠢᠴᠠᠭᠠᠬᠤ ᠬᠠᠷᠢᠴᠠᠯ ᠳᠤ ᠳᠡᠭᠡᠳᠦ ᠬᠢᠵᠠᠭᠠᠷ ᠭᠠᠷᠭᠠᠬᠤ ᠥᠬᠡᠶ᠂ 100% ᠪᠠᠷ ᠰᠤᠭᠤᠴᠢᠨ ᠪᠠᠶᠢᠴᠠᠭᠠᠵᠤ ᠪᠣᠯᠤᠨ᠎ᠠ︔ | ᠡᠩ ᠤᠨ ᠪᠠᠶᠢᠴᠠᠭᠠᠬᠤ ᠵᠦᠢᠯᠡᠰ ᠢ ᠡᠩ ᠤᠨ ᠪᠠᠶᠢᠴᠠᠭᠠᠬᠤ ᠬᠦᠷᠢᠶ᠎ᠡ ᠴᠠᠷᠠᠭ᠎ᠠ ᠳᠤ ᠬᠠᠨᠳᠤᠭᠤᠯᠵᠤ᠂ ᠰᠤᠭᠤᠴᠢᠨ ᠪᠠᠶᠢᠴᠠᠭᠠᠬᠤ ᠬᠠᠷᠢᠴᠠᠯ ᠢ ᠬᠢᠨᠠᠨ ᠬᠠᠮᠢᠶᠠᠷᠤᠯᠲᠠ | ᠶᠢᠨ ᠪᠣᠳᠠᠲᠤ ᠪᠠᠶᠢᠳᠠᠯ ᠢ ᠦᠨᠳᠦᠰᠦᠯᠡᠨ ᠴᠢᠩᠭ᠎ᠠ ᠬᠢᠵᠠᠭᠠᠷᠯᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ | ᠬᠠᠭᠤᠳᠠᠰᠤ ᠳᠤ᠄ ᠰᠤᠭᠤᠴᠢᠨ ᠪᠠᠶᠢᠴᠠᠭᠠᠬᠤ ᠲᠥᠷᠥᠯ ᠵᠦᠢᠯ᠂ ᠪᠠᠶᠢᠴᠠᠭᠠᠭᠳᠠᠬᠤ ᠡᠲᠡᠭᠡᠳ᠂ ᠵᠦᠢᠯᠡᠰ ᠤᠨ ᠲᠥᠷᠥᠯ ᠢᠯᠭᠠᠯ᠂ ᠪᠠᠶᠢᠴᠠᠭᠠᠬᠤ ᠠᠷᠭ᠎ᠠ ᠮᠠᠶ᠋ᠢᠭ᠂ | ᠪᠠᠶᠢᠴᠠᠭᠠᠬᠤ ᠭᠤᠤᠯ ᠴᠣᠭᠴᠠ᠂ ᠪᠠᠶᠢᠴᠠᠭᠠᠬᠤ ᠦᠨᠳᠦᠰᠦᠯᠡᠯ ᠪᠠᠭᠲᠠᠨ᠎ᠠ᠃ | 2. ᠪᠠᠶᠢᠴᠠᠭᠠᠭᠳᠠᠬᠤ ᠡᠲᠡᠭᠡᠳ ᠤᠨ ᠨᠡᠷᠡᠰ ᠤᠨ ᠬᠥᠮᠥᠷᠭᠡ ᠪᠠ ᠪᠠᠶᠢᠴᠠᠭᠠᠬᠤ ᠠᠵᠢᠯᠲᠠᠨ ᠤ ᠳ᠋ᠠᠶᠢᠲ᠋ᠠ ᠶᠢᠨ ᠬᠥᠮᠥᠷᠭᠡ ᠶᠢ ᠪᠠᠶᠢᠭᠤᠯᠬᠤ ᠬᠡᠷᠡᠭᠲᠡᠶ᠃ ᠡᠯ᠎ᠡ | ᠰᠠᠯᠠᠭ᠎ᠠ ᠮᠥᠴᠢᠷ ᠤᠳ ᠲᠣᠰ ᠰᠠᠯᠠᠭ᠎ᠠ ᠮᠥᠴᠢᠷ ᠤᠨ ᠵᠶ᠋ᠠᠨᠬᠤᠶᠠᠷ ᠢ ᠲᠤᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠵᠦᠢᠯᠡᠰ ᠯᠦᠭᠡ ᠵᠣᠬᠢᠴᠠᠯᠳᠤᠭᠰᠠᠨ | ᠪᠠᠶᠢᠴᠠᠭᠠᠭᠳᠠᠬᠤ ᠡᠲᠡᠭᠡᠳ ᠤᠨ ᠨᠡᠷᠡᠰ ᠤᠨ ᠬᠥᠮᠥᠷᠭᠡ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠠᠵᠢᠯᠲᠠᠨ ᠤ ᠨᠡᠷᠡᠰ ᠤᠨ ᠬᠥᠮᠥᠷᠭᠡ ︵︽ᠬᠤᠶᠠᠷ | ᠬᠥᠮᠥᠷᠭᠡ︾ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢ ᠲᠦᠷᠭᠡᠬᠡᠨ ᠪᠠᠶᠢᠭᠤᠯᠤᠨ ᠪᠦᠷᠢᠨᠰᠢᠬᠦᠯᠬᠦ ᠬᠡᠷᠡᠭᠲᠡᠶ᠃ ᠪᠠᠶᠢᠴᠠᠭᠠᠭᠳᠠᠬᠤ ᠡᠲᠡᠭᠡᠳ ᠤᠨ ᠨᠡᠷᠡᠰ ᠤᠨ | ᠬᠥᠮᠥᠷᠭᠡ ᠳᠤ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠵᠡᠷᠭᠡ ᠵᠠᠬ᠎ᠠ ᠳᠡᠯᠭᠡᠭᠦᠷ ᠤᠨ ᠭᠤᠣᠯ ᠴᠣᠭᠴᠠ ᠶᠢ ᠪᠠᠭᠲᠠᠭᠠᠵᠤ ᠪᠣᠯᠤᠨ᠎ᠠ᠂ | ᠪᠠᠰᠠ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠵᠡᠷᠭᠡ ᠶᠢ ᠪᠠᠭᠲᠠᠭᠠᠵᠤ ᠪᠣᠯᠤᠨ᠎ᠠ᠂ ᠡᠯ᠎ᠡ ᠰᠠᠯᠠᠭ᠎ᠠ ᠮᠥᠴᠢᠷ ᠤᠳ ᠪᠣᠶ ᠪᠥᠬᠦᠶ ᠬᠢᠨᠠᠨ ᠬᠠᠮᠢᠶᠠᠷᠬᠤ | ᠡᠲᠡᠭᠡᠳ ᠢ ︽ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ︾ ᠳᠤ ᠣᠷᠣᠭᠤᠯᠵᠤ᠂ ᠲᠣᠰ ᠨᠢᠭᠡᠴᠡ ᠶᠢᠨ ᠢᠶᠠᠨ ᠪᠠᠶᠢᠴᠠᠭᠠᠭᠳᠠᠬᠤ ᠡᠲᠡᠭᠡᠳ | ᠤᠨ ᠨᠡᠷᠡᠰ ᠤᠨ ᠵᠢᠭᠰᠠᠭᠠᠯᠲᠠ ᠶᠢᠨ ᠬᠥᠮᠥᠷᠭᠡ ᠶᠢ ᠪᠦᠷᠢᠯᠳᠦᠭᠦᠯᠬᠦ ᠶᠢᠨ ᠬᠠᠮᠲᠤ ᠬᠢᠨᠠᠨ ᠬᠠᠮᠢᠶᠠᠷᠬᠤ ᠡᠲᠡᠭᠡᠳ ᠤᠨ ᠵᠥᠪᠰᠢᠶᠡᠷᠡᠨ ᠣᠷᠣᠭᠤᠯᠬᠤ ᠪᠠ ᠪᠤᠴᠠᠭᠠᠵᠤ | ᠭᠠᠷᠭᠠᠭᠰᠠᠨ ᠪᠠᠶᠢᠳᠠᠯ ᠢ ᠦᠨᠳᠦᠰᠦᠯᠡᠨ᠂ ᠴᠠᠭ ᠲᠤᠬᠠᠶ ᠳᠤᠨᠢ ᠳᠣᠭᠢᠷᠠᠭᠤᠯᠤᠨ ᠨᠥᠬᠦᠪᠥᠷᠢᠯᠡᠵᠦ᠂ ᠨᠡᠷᠡᠰ ᠤᠨ ᠵᠢᠭᠰᠠᠭᠠᠯᠲᠠ ᠶᠢᠨ ᠬᠥᠮᠥᠷᠭᠡ ᠶᠢᠨ ᠦᠨᠡᠨ ᠪᠣᠳᠠᠲᠠᠶ᠂ | ᠪᠥᠬᠦ ᠲᠠᠯ᠎ᠠ ᠶᠢᠨ᠂ ᠬᠠᠤᠯᠢ ᠳᠤ ᠨᠡᠶᠢᠴᠡᠬᠦ ᠶᠢ ᠦᠨᠡᠨᠬᠦ ᠪᠠᠲᠤᠯᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ᠬᠠᠤᠯᠢ ᠴᠠᠭᠠᠵᠠ ᠶᠢᠨ ᠰᠠᠯᠠᠭ᠎ᠠ ᠮᠥᠴᠢᠷ ᠤᠨ ᠬᠢᠨᠠᠨ | ᠣᠯᠭᠤᠭᠰᠠᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠦᠨᠡᠮᠯᠡᠯ ᠢ ᠦᠨᠳᠦᠰᠦᠯᠡᠨ᠂ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠠᠵᠢᠯᠲᠠᠨ ᠤ ᠨᠡᠷᠡᠰ ᠤᠨ | ᠬᠥᠮᠥᠷᠭᠡ ᠶᠢ ᠪᠠᠶᠢᠭᠤᠯᠬᠤ ᠶᠢᠨ ᠬᠠᠮᠲᠤ ᠭᠠᠳᠠᠭᠰᠢ ᠢᠯᠡ ᠨᠡᠶᠢᠲᠡᠯᠡᠬᠦ ᠬᠡᠷᠡᠭᠲᠡᠶ᠃ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠠᠵᠢᠯᠲᠠᠨ ᠤ ᠨᠡᠷᠡᠰ ᠤᠨ | ᠬᠥᠮᠥᠷᠭᠡ ᠳᠤ ᠠᠵᠢᠯᠲᠠᠨ ᠨᠢᠭᠡᠴᠡ ᠶᠢᠨ ᠬᠤᠪᠢᠷᠠᠯᠲᠠ᠂ ᠠᠵᠢᠯ ᠤᠨ ᠪᠠᠶᠢᠷᠢ ᠶᠢᠨ ᠲᠣᠬᠢᠷᠠᠭᠤᠯᠤᠯᠲᠠ ᠵᠡᠷᠭᠡ ᠬᠦᠴᠦᠨ ᠵᠦᠢᠯ ᠢ ᠳᠠᠭᠠᠵᠤ ᠬᠥᠳᠡᠯᠦᠩᠭᠦᠶ ᠪᠠᠷ | ᠲᠣᠬᠢᠷᠠᠭᠤᠯᠤᠯᠲᠠ ᠬᠢᠨ᠎ᠠ᠃ ᠬᠠᠤᠯᠢ ᠬᠡᠷᠡᠭᠵᠢᠭᠦᠯᠬᠦ ᠶᠢ ᠪᠠᠶᠢᠴᠠᠭᠠᠬᠤ ᠠᠵᠢᠯᠲᠠᠨ ᠤ ᠮᠡᠳᠡᠭᠡ ᠵᠠᠩᠭᠢ ᠳᠤ ᠣᠪᠣᠭ ᠨᠡᠷ᠎ᠡ᠂ ᠨᠢᠭᠡᠴᠡ᠂ ᠴᠢᠨᠠᠷ ᠤᠨ ᠢᠯᠭᠠᠯ᠂ ᠬᠠᠤᠯᠢ | ᠬᠡᠷᠡᠭᠵᠢᠭᠦᠯᠬᠦ ᠦᠨᠡᠮᠯᠡᠯ ᠤᠨ ᠨᠣᠮᠧᠷ᠂ ᠬᠠᠤᠯᠢ ᠬᠡᠷᠡᠭᠵᠢᠭᠦᠯᠬᠦ ᠠᠵᠢᠯ ᠤᠨ ᠪᠠᠶᠢᠷᠢ ᠶᠢᠨ ᠪᠠᠶᠢᠳᠠᠯ ᠵᠡᠷᠭᠡ ᠶᠢ ᠪᠠᠭᠲᠠᠭᠠᠬᠤ ᠶᠢᠨ ᠬᠠᠮᠲᠤ᠂ ᠬᠠᠤᠯᠢ ᠬᠡᠷᠡᠭᠵᠢᠭᠦᠯᠬᠦ ᠬᠢᠷᠢ | ᠬᠡᠮ᠂ ᠲᠤᠬᠠᠶᠢᠯᠠᠭᠰᠠᠨ ᠠᠵᠢᠯ ᠤᠨ ᠲᠤᠰᠬᠠᠶ ᠮᠡᠷᠭᠡᠵᠢᠯ ᠢ ᠦᠨᠳᠦᠰᠦᠯᠡᠨ ᠲᠥᠷᠥᠯ ᠬᠤᠪᠢᠶᠠᠨ ᠲᠣᠳᠣᠷᠬᠠᠶᠢᠯᠠᠬᠤ ᠬᠡᠷᠡᠭᠲᠡᠶ᠃ ᠣᠨᠴᠠ ᠲᠣᠭᠲᠠᠭᠠᠭᠰᠠᠨ ᠬᠦᠷᠢᠶ᠎ᠡ | ᠴᠠᠷᠠᠭ᠎ᠠ ᠶᠢ ᠰᠤᠭᠤᠴᠢᠨ ᠪᠠᠶᠢᠴᠠᠭᠠᠬᠤ ᠳᠤ᠂ ᠬᠠᠤᠯᠢ ᠬᠡᠷᠡᠭᠵᠢᠭᠦᠯᠵᠦ ᠪᠠᠶᠢᠴᠠᠭᠠᠬᠤ ᠬᠥᠮᠦᠨ ᠤ ᠲᠤᠭ᠎ᠠ ᠶᠢᠨ ᠱᠠᠭᠠᠷᠳᠠᠯᠭ᠎ᠠ ᠶᠢ ᠬᠠᠩᠭᠠᠭᠰᠠᠨ ᠰᠠᠭᠤᠷᠢᠨ ᠳᠡᠭᠡᠷ᠎ᠡ᠂ | ᠪᠠᠶᠢᠴᠠᠭᠠᠨ ᠰᠢᠯᠭᠠᠬᠤ ᠪᠠᠶᠢᠭᠤᠯᠤᠮᠵᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ᠂ ᠲᠤᠰᠬᠠᠶ ᠮᠡᠷᠭᠡᠵᠢᠯᠲᠡᠨ ᠡᠷᠳᠡᠮᠲᠡᠨ ᠵᠡᠷᠭᠡ ᠶᠢ ᠰᠢᠩᠭᠡᠭᠡᠨ | ᠠᠪᠴᠤ ᠪᠠᠶᠢᠴᠠᠭᠠᠬᠤ ᠡᠩᠨᠡᠭᠡ ᠳᠤ ᠣᠷᠣᠭᠤᠯᠵᠤ᠂ ᠲᠤᠰᠬᠠᠶ ᠮᠡᠷᠭᠡᠵᠢᠯᠲᠡᠨ ᠤ ᠠᠰᠠᠭᠤᠨ ᠯᠠᠪᠯᠠᠬᠤ ᠰᠠᠨᠠᠯ ᠬᠠᠩᠭᠠᠬᠤ ᠵᠡᠷᠭᠡ ᠠᠷᠭ᠎ᠠ ᠮᠠᠶ᠋ᠢᠭ ᠢᠶᠠᠷ ᠳᠡᠮᠵᠢᠨ | ᠬᠠᠪᠰᠤᠷᠤᠨ ᠬᠠᠤᠯᠢ ᠬᠡᠷᠡᠭᠵᠢᠭᠦᠯᠵᠦ᠂ ᠲᠤᠰᠬᠠᠶ ᠮᠡᠷᠭᠡᠵᠢᠯ ᠤᠨ ᠴᠢᠨᠠᠷᠲᠠᠶ ᠰᠤᠭᠤᠴᠢᠨ ᠪᠠᠶᠢᠴᠠᠭᠠᠬᠤ ᠬᠡᠷᠡᠭᠴᠡᠭᠡ ᠶᠢ ᠬᠠᠩᠭᠠᠬᠤ ᠬᠡᠷᠡᠭᠲᠡᠶ᠃ | 3. ᠬᠤᠶᠠᠷ ᠢ ᠲᠤᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠠᠵᠢᠯ ᠤᠨ ᠵᠢᠷᠤᠮᠵᠢᠯ ᠢ ᠨᠢᠭᠡᠳᠦᠯᠲᠡᠶ ᠲᠣᠭᠲᠠᠭᠠᠨ᠎ᠠ᠃ ᠡᠯ᠎ᠡ ᠰᠠᠯᠠᠭ᠎ᠠ ᠮᠥᠴᠢᠷ ᠤᠳ ᠲᠣᠰ | ᠰᠠᠯᠠᠭ᠎ᠠ ᠮᠥᠴᠢᠷ ᠤᠨ ᠢᠶᠠᠨ ᠬᠤᠶᠠᠷ ᠢ ᠲᠤᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠠᠵᠢᠯ ᠤᠨ ᠨᠠᠷᠢᠨ ᠲᠦᠷᠢᠮ ᠪᠠ ᠵᠢᠯᠣᠭᠤᠳᠣᠯᠭ᠎ᠠ ︵︽ᠨᠢᠭᠡ ᠨᠠᠷᠢᠨ | ᠲᠦᠷᠢᠮ︾ ᠭᠡᠵᠦ ᠶᠡᠷᠦᠩᠬᠡᠶᠢᠯᠡᠨ ᠨᠡᠷᠡᠶᠢᠳᠦᠨ᠎ᠡ︶ ᠶᠢ ᠲᠣᠭᠲᠠᠭᠠᠨ ᠲᠡᠭᠦᠯᠳᠡᠷᠵᠢᠭᠦᠯᠬᠦ ᠬᠡᠷᠡᠭᠲᠡᠶ᠂ ᠪᠣᠳᠠᠲᠠᠶ ᠪᠠᠷ ᠬᠡᠯᠡᠪᠡᠯ᠄ ᠰᠤᠭᠤᠴᠢᠨ ᠪᠠᠶᠢᠴᠠᠭᠠᠬᠤ ᠵᠠᠷᠴᠢᠮ᠂ | ᠡᠭᠦᠷᠭᠡ᠂ ᠠᠷᠭ᠎ᠠ ᠮᠠᠶ᠋ᠢᠭ᠂ ᠦᠷ᠎ᠡ ᠳ᠋ᠦᠩ ᠢ ᠢᠯᠡ ᠨᠡᠶᠢᠲᠡᠯᠡᠬᠦ᠂ ᠱᠠᠭᠠᠷᠳᠠᠨ ᠪᠠᠶᠢᠴᠠᠭᠠᠵᠤ ᠰᠢᠯᠭᠠᠨ ᠬᠢᠨᠠᠬᠤ ᠵᠡᠷᠭᠡ ᠶᠢ ᠪᠠᠭᠲᠠᠭᠠᠵᠤ᠂ ᠪᠣᠳᠠᠲᠠᠶ ᠠᠵᠢᠯᠯᠠᠬᠤ | ᠲᠥᠷᠢᠮᠵᠢᠯ ᠪᠠ ᠲᠦᠷᠢᠮ ᠢ ᠪᠣᠶ ᠪᠣᠯᠭᠠᠵᠤ᠂ ᠦᠨᠳᠦᠰᠦᠨ ᠱᠠᠲᠤᠨ ᠤ ᠪᠠᠶᠢᠴᠠᠭᠠᠬᠤ ᠠᠵᠢᠯᠲᠠᠨ ᠤ ᠠᠵᠢᠯᠯᠠᠬᠤ ᠳᠤ ᠲᠥᠬᠦᠮ ᠦᠵᠡᠭᠦᠯᠦᠨ᠂ ᠰᠤᠭᠤᠴᠢᠨ | ᠪᠠᠶᠢᠴᠠᠭᠠᠵᠤ ᠪᠠᠶᠢᠴᠠᠭᠠᠬᠤ ᠶᠢᠨ ᠵᠢᠷᠤᠮᠵᠢᠯ ᠤᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠬᠤᠶᠠᠷ ᠢ ᠲᠤᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠠᠵᠢᠯ ᠤᠨ ᠨᠠᠷᠢᠨ | ᠲᠦᠷᠢᠮ ᠢ ︽ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ︾ ᠳᠤ ᠣᠷᠣᠭᠤᠯᠬᠤ ᠴᠢᠬᠤᠯᠠ ᠥᠬᠡᠶ᠂ ᠭᠡᠪᠡᠴᠦ ᠬᠠᠮᠢᠶ᠎ᠠ ᠪᠥᠬᠦᠶ ᠰᠦᠯᠵᠢᠶᠡᠨ | ᠥᠷᠲᠡᠭᠡ ᠪᠠᠷ ᠳᠠᠮᠵᠢᠭᠤᠯᠤᠨ ᠢᠯᠡ ᠨᠡᠶᠢᠲᠡᠯᠡᠬᠦ ᠬᠡᠷᠡᠭᠲᠡᠶ᠃ | ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ | ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠪᠦᠷᠢᠯᠳᠦᠬᠦᠨ ᠰᠠᠯᠠᠭ᠎ᠠ ᠮᠥᠴᠢᠷ | ︵ᠭᠤᠷᠪᠠ︶ ᠰᠠᠯᠠᠭ᠎ᠠ ᠮᠥᠴᠢᠷ ᠤᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠠᠵᠢᠯ | 1. ᠣᠨ ᠤ ᠰᠤᠭᠤᠴᠢᠨ ᠪᠠᠶᠢᠴᠠᠭᠠᠬᠤ ᠠᠵᠢᠯ ᠤᠨ ᠲᠥᠯᠥᠪᠯᠡᠭᠡ ᠶᠢ ᠲᠣᠭᠲᠠᠭᠠᠨ᠎ᠠ᠃ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ | ᠶᠢᠨ ᠡᠯ᠎ᠡ ᠰᠠᠯᠠᠭ᠎ᠠ ᠮᠥᠴᠢᠷ ᠨᠢ ᠵᠢᠯ ᠪᠦᠷᠢ ᠶᠢᠨ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠣᠰ ᠵᠢᠯ ᠤᠨ ᠰᠤᠭᠤᠴᠢᠨ ᠪᠠᠶᠢᠴᠠᠭᠠᠬᠤ ᠲᠥᠯᠥᠪᠯᠡᠭᠡ ᠪᠠᠨ | ᠲᠣᠭᠲᠠᠭᠠᠬᠤ ᠬᠡᠷᠡᠭᠲᠡᠶ᠃ ᠰᠤᠭᠤᠴᠢᠨ ᠪᠠᠶᠢᠴᠠᠭᠠᠬᠤ ᠲᠥᠯᠥᠪᠯᠡᠭᠡ ᠳᠤ ᠭᠤᠤᠯᠳᠠᠭᠤ᠄ ᠰᠤᠭᠤᠴᠢᠨ ᠪᠠᠶᠢᠴᠠᠭᠠᠬᠤ ᠲᠥᠷᠥᠯ ᠵᠦᠢᠯ᠂ ᠬᠦᠷᠢᠶ᠎ᠡ ᠬᠡᠪᠴᠢᠶ᠎ᠡ᠂ ᠬᠠᠷᠢᠴᠠᠯ | ᠂ ᠠᠷᠭ᠎ᠠ ᠮᠠᠶ᠋ᠢᠭ᠂ ᠪᠠᠶᠢᠴᠠᠭᠠᠬᠤ ᠠᠭᠤᠯᠭ᠎ᠠ᠂ ᠬᠡᠷᠡᠭᠵᠢᠭᠦᠯᠬᠦ ᠴᠠᠭ ᠵᠡᠷᠭᠡ ᠪᠠᠭᠲᠠᠨ᠎ᠠ᠃ ᠣᠨ ᠤ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠤᠯᠤᠰ ᠤᠨ ᠠᠵᠤ | ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠪᠠ ᠰᠠᠯᠠᠭ᠎ᠠ ᠮᠥᠴᠢᠷ ᠤᠨ ᠠᠯᠪᠠᠨ ᠤ ᠲᠠᠯ᠎ᠠ ᠶᠢᠨ ᠰᠦᠯᠵᠢᠶᠡᠨ ᠥᠷᠲᠡᠭᠡ ᠪᠠᠷ | ᠳᠠᠮᠵᠢᠭᠤᠯᠤᠨ ᠨᠡᠶᠢᠭᠡᠮ ᠳᠤ ᠢᠯᠡ ᠨᠡᠶᠢᠲᠡᠯᠡᠬᠦ ᠶᠢᠨ ᠬᠠᠮᠲᠤ ᠴᠠᠭ ᠲᠤᠬᠠᠶ ᠳᠤᠨᠢ ᠬᠤᠲᠠ ᠳᠤ ︽ᠬᠤᠶᠠᠷ ᠢ ᠲᠤᠬᠢᠶᠠᠯᠳᠤᠯ ᠢᠶᠠᠷ ᠬᠢᠬᠦ ᠂ ᠨᠢᠭᠡ ᠶᠢ ᠢᠯᠡ ᠪᠣᠯᠭᠠᠬᠤ︾ | ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠬᠡᠷ ᠲᠤ ᠮᠡᠳᠡᠭᠦᠯᠦᠨ ᠳᠠᠩᠰᠠᠯᠠᠭᠤᠯᠵᠤ᠂ ᠵᠢᠯ ᠤᠨ ᠡᠴᠦᠰ ᠤᠨ ᠰᠢᠯᠭᠠᠨ ᠬᠢᠨᠠᠬᠤ ᠦᠨᠳᠦᠰᠦᠯᠡᠯ ᠪᠣᠯᠭᠠᠬᠤ | ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ᠣᠨ ᠤ ᠬᠤᠶᠠᠷ ᠢ ᠲᠤᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠴᠢᠩᠭ᠎ᠠ ᠵᠢᠷᠤᠮᠯᠠᠨ ᠰᠤᠭᠤᠴᠢᠨ | ᠪᠠᠶᠢᠴᠠᠭᠠᠬᠤ ᠶᠢ ᠥᠷᠨᠢᠭᠦᠯᠵᠦ᠂ ᠪᠠᠶᠢᠴᠠᠭᠠᠬᠤ ᠤᠳᠠᠭ᠎ᠠ ᠪᠠᠨ ᠳᠤᠷ᠎ᠠ ᠪᠠᠷ ᠢᠶᠠᠨ ᠨᠡᠮᠡᠬᠦ ᠪᠤᠶᠤ ᠪᠠᠭᠠᠰᠬᠠᠵᠤ ᠪᠣᠯᠬᠤ ᠥᠬᠡᠶ᠂ ᠬᠤᠶᠠᠷ ᠢ ᠲᠤᠬᠢᠶᠠᠯᠳᠤᠯ ᠢᠶᠠᠷ | ᠰᠤᠭᠤᠴᠢᠨ ᠪᠠᠶᠢᠴᠠᠭᠠᠬᠤ ᠵᠦᠢᠯᠡᠰ ᠲᠤ ᠬᠤᠯᠪᠣᠭᠳᠠᠬᠤ ᠬᠢᠨᠠᠨ ᠬᠠᠮᠢᠶᠠᠷᠤᠯᠲᠠ ᠶᠢᠨ ᠬᠦᠷᠢᠶ᠎ᠡ ᠴᠠᠷᠠᠭ᠎ᠠ ᠳᠤ ᠵᠠᠷᠴᠢᠮ ᠳᠡᠭᠡᠷ᠎ᠡ ᠪᠠᠨ ᠲᠤᠰᠬᠠᠶ ᠵᠦᠢᠯ ᠤᠨ | ᠪᠠᠶᠢᠴᠠᠭᠠᠯᠲᠠ ᠪᠠ ︽ᠪᠦᠬᠦᠨ ᠢ ᠬᠠᠮᠤᠷᠬᠤ︾ ᠮᠠᠶ᠋ᠢᠭ ᠤᠨ ᠲᠣᠭᠤᠷᠢᠨ ᠪᠠᠶᠢᠴᠠᠭᠠᠯᠲᠠ ᠶᠢ ᠳᠠᠭᠢᠵᠤ ᠪᠠᠶᠢᠷᠢᠯᠠᠭᠤᠯᠬᠤ ᠥᠬᠡᠶ ᠪᠠᠶᠢᠵᠤ᠂ ᠳᠤᠷ᠎ᠠ ᠪᠠᠷ ᠢᠶᠠᠨ | ᠪᠠᠶᠢᠴᠠᠭᠠᠬᠤ ᠪᠠ ᠬᠠᠤᠯᠢ ᠬᠡᠷᠡᠭᠵᠢᠭᠦᠯᠦᠨ ᠠᠷᠠᠳ ᠢ ᠦᠢᠮᠡᠬᠦᠯᠬᠦ ᠠᠴᠠ ᠰᠡᠷᠭᠡᠶᠢᠯᠡᠬᠦ ᠬᠡᠷᠡᠭᠲᠡᠶ᠃ ᠣᠨ ᠤ ᠰᠤᠭᠤᠴᠢᠨ ᠪᠠᠶᠢᠴᠠᠭᠠᠬᠤ ᠵᠦᠶ᠋ᠯᠡᠰ ᠲᠤ ᠲᠣᠰ ᠰᠠᠯᠠᠭ᠎ᠠ | ᠮᠥᠴᠢᠷ ᠤᠨ ᠬᠤᠶᠠᠷ ᠢ ᠲᠤᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢ ᠬᠠᠮᠤᠷᠴᠤ᠂ ᠰᠤᠭᠤᠴᠢᠨ ᠪᠠᠶᠢᠴᠠᠭᠠᠬᠤ ᠶᠢ ᠨᠢᠭᠡᠨᠲᠡ | ᠪᠡᠶᠡᠯᠡᠭᠦᠯᠦᠭᠰᠡᠨ ᠠᠵᠤ ᠠᠬᠤᠶᠢᠯᠠᠯ ᠨᠢ ᠣᠨ ᠤ ᠰᠤᠭᠤᠴᠢᠨ ᠪᠠᠶᠢᠴᠠᠭᠠᠬᠤ ᠠᠵᠢᠯ ᠤᠨ ᠲᠥᠯᠥᠪᠯᠡᠭᠡ ᠶᠢᠨ 100% ᠳᠤ ᠬᠦᠷᠴᠦ᠂ ᠰᠤᠭᠤᠴᠢᠨ ᠪᠠᠶᠢᠴᠠᠭᠠᠭᠰᠠᠨ | ᠦᠷ᠎ᠡ ᠳ᠋ᠦᠩ ᠢ 100% ᠪᠠᠷ ︽ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ︾ ᠳᠤ ᠣᠷᠣᠭᠤᠯᠬᠤ ᠬᠡᠷᠡᠭᠲᠡᠶ᠃ ᠣᠨ ᠤ ᠰᠤᠭᠤᠴᠢᠨ | ᠪᠠᠶᠢᠴᠠᠭᠠᠬᠤ ᠲᠥᠯᠥᠪᠯᠡᠭᠡ ᠳᠤ ᠪᠣᠳᠠᠲᠠᠶ ᠪᠠᠶᠢᠳᠠᠯ ᠢ ᠦᠨᠳᠦᠰᠦᠯᠡᠨ ᠲᠣᠬᠢᠷᠠᠭᠤᠯᠤᠯᠲᠠ ᠬᠢᠵᠦ᠂ ᠲᠣᠬᠢᠷᠠᠭᠤᠯᠤᠯᠲᠠ ᠬᠢᠭᠰᠡᠨ ᠤ ᠳᠠᠷᠠᠭᠠᠬᠢ 10 ᠠᠵᠢᠯᠯᠠᠬᠤ ᠡᠳᠦᠷ | ᠤᠨ ᠳᠣᠲᠣᠷ᠎ᠠ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠳᠤ ᠣᠷᠣᠭᠤᠯᠵᠤ᠂ ᠳᠠᠭᠢᠵᠤ ᠢᠯᠡ ᠨᠡᠶᠢᠲᠡᠯᠡᠬᠦ ᠶᠢᠨ ᠬᠠᠮᠲᠤ ᠳᠠᠩᠰᠠᠯᠠᠭᠤᠯᠬᠤ ᠬᠡᠷᠡᠭᠲᠡᠶ᠃ | 2. ᠪᠠᠶᠢᠴᠠᠭᠠᠯᠲᠠ ᠬᠢᠬᠦ᠃ ᠡᠯ᠎ᠡ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠤᠳ ᠣᠨ ᠤ ᠰᠤᠭᠤᠴᠢᠨ ᠪᠠᠶᠢᠴᠠᠭᠠᠬᠤ ᠠᠵᠢᠯ ᠤᠨ ᠲᠥᠯᠥᠪᠯᠡᠭᠡ ᠶᠢ | ᠦᠨᠳᠦᠰᠦᠯᠡᠨ᠂ ᠢᠯᠡ᠂ ᠲᠥᠪ ᠭᠤᠤᠯᠴᠢ ᠠᠷᠭ᠎ᠠ ᠮᠠᠶ᠋ᠢᠭ ᠢᠶᠠᠷ ᠳᠠᠮᠵᠢᠭᠤᠯᠤᠨ ︽ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ︾ ᠤᠨ | ᠪᠠᠶᠢᠴᠠᠭᠠᠭᠳᠠᠬᠤ ᠡᠲᠡᠭᠡᠳ ᠤᠨ ᠨᠡᠷᠡᠰ ᠤᠨ ᠬᠥᠮᠥᠷᠭᠡ ᠠᠴᠠ ᠪᠠᠶᠢᠴᠠᠭᠠᠭᠳᠠᠬᠤ ᠡᠲᠡᠭᠡᠳ ᠢ ᠲᠣᠬᠢᠶᠠᠯᠳᠤᠯ ᠢᠶᠠᠷ ᠰᠤᠭᠤᠴᠢᠨ ᠠᠪᠬᠤ ᠶᠢᠨ ᠬᠠᠮᠲᠤ᠂ ᠪᠣᠳᠠᠲᠤ | ᠪᠠᠶᠢᠳᠠᠯ ᠢᠶᠠᠨ ᠦᠨᠳᠦᠰᠦᠯᠡᠨ ᠬᠠᠤᠯᠢ ᠬᠡᠷᠡᠭᠵᠢᠭᠦᠯᠵᠦ ᠪᠠᠶᠢᠴᠠᠭᠠᠬᠤ ᠠᠵᠢᠯᠲᠠᠨ ᠢ ᠲᠣᠬᠢᠶᠠᠯᠳᠤᠯ ᠢᠶᠠᠷ ᠳᠣᠭᠢᠷᠠᠭᠤᠯᠤᠨ᠎ᠠ᠃ ᠲᠡᠷᠡᠴᠢᠯᠡᠨ ᠰᠤᠭᠤᠴᠢᠨ ᠪᠠᠶᠢᠴᠠᠭᠠᠵᠤ | ᠪᠠᠶᠢᠴᠠᠭᠠᠬᠤ ᠠᠷᠭ᠎ᠠ ᠮᠠᠶ᠋ᠢᠭ ᠢ ᠵᠦᠶ ᠵᠣᠬᠢᠰᠲᠠᠶ ᠲᠣᠭᠲᠠᠭᠠᠵᠤ᠂ ᠬᠢᠨᠠᠨ ᠬᠠᠮᠢᠶᠠᠷᠤᠯᠲᠠ ᠶᠢᠨ ᠪᠤᠲᠠᠲᠤ ᠪᠠᠶᠢᠳᠠᠯ ᠢ ᠦᠨᠳᠦᠰᠦᠯᠡᠨ ᠲᠤᠬᠠᠶ ᠶᠢᠨ ᠭᠠᠵᠠᠷ ᠲᠤᠨᠢ | ᠪᠠᠶᠢᠴᠠᠭᠠᠬᠤ᠂ ᠪᠢᠴᠢᠭ ᠢᠶᠠᠷ ᠪᠠᠶᠢᠴᠠᠭᠠᠬᠤ᠂ ᠰᠦᠯᠵᠢᠶ᠎ᠡ ᠪᠠᠷ ᠪᠠᠶᠢᠴᠠᠭᠠᠬᠤ᠂ ᠲᠤᠰᠬᠠᠶ ᠪᠠᠶᠢᠭᠤᠯᠤᠮᠵᠢ ᠳᠤ ᠨᠠᠶᠢᠳᠠᠵᠤ ᠪᠠᠶᠢᠴᠠᠭᠠᠯᠭᠠᠬᠤ ᠵᠡᠷᠭᠡ ᠠᠷᠭ᠎ᠠ ᠮᠠᠶ᠋ᠢᠭ ᠢ | ᠠᠪᠴᠤ ᠶᠠᠪᠤᠭᠳᠠᠭᠤᠯᠬᠤ ᠬᠡᠷᠡᠭᠲᠡᠶ᠃ | 3. ᠪᠠᠶᠢᠴᠠᠭᠠᠯᠲᠠ ᠶᠢᠨ ᠦᠷ᠎ᠡ ᠳ᠋ᠦᠩ ᠳᠤ ᠪᠢᠴᠢᠵᠦ ᠣᠷᠣᠭᠤᠯᠤᠨ᠎ᠠ᠃ ᠰᠤᠭᠤᠴᠢᠨ ᠪᠠᠶᠢᠴᠠᠭᠠᠵᠤ ᠪᠠᠶᠢᠴᠠᠭᠠᠭᠰᠠᠨ ᠦᠷ᠎ᠡ ᠳ᠋ᠦᠩ ᠢ ︽ᠬᠡᠨ ᠪᠠᠶᠢᠴᠠᠭᠠᠪᠠᠯ ᠬᠡᠨ | ᠣᠷᠣᠭᠤᠯᠬᠤ︾ ᠵᠠᠷᠴᠢᠮ ᠶᠣᠰᠣᠭᠠᠷ᠂ ᠪᠠᠶᠢᠴᠠᠭᠠᠵᠤ ᠳᠠᠭᠤᠰᠤᠭᠰᠠᠨ ᠡᠳᠦᠷ ᠠᠴᠠ ᠡᠬᠢᠯᠡᠨ 20 ᠠᠵᠢᠯᠯᠠᠬᠤ ᠡᠳᠦᠷ ᠤᠨ ᠳᠣᠲᠣᠷ᠎ᠠ᠂ ︽ᠰᠠᠯᠠᠭ᠎ᠠ ᠮᠥᠴᠢᠷ ᠤᠨ | ᠬᠠᠮᠵᠢᠯᠴᠠᠨ ᠬᠢᠨᠠᠨ ᠬᠠᠮᠢᠶᠠᠷᠬᠤ ᠲᠠᠪᠴᠠᠩ︾ ᠢᠶᠠᠷ ᠳᠠᠮᠵᠢᠭᠤᠯᠤᠨ ᠠᠵᠤ ᠠᠬᠤᠶᠢᠯᠠᠯ ᠤᠨ ᠨᠡᠷ᠎ᠡ ᠳᠡᠭᠡᠷ᠎ᠡ ᠴᠤᠭᠯᠠᠭᠤᠯᠬᠤ ᠶᠢᠨ ᠬᠠᠮᠲᠤ ᠨᠡᠶᠢᠭᠡᠮ ᠳᠤ ᠢᠯᠡ | ᠨᠡᠶᠢᠲᠡᠯᠡᠨ᠎ᠡ᠃ ᠵᠠᠷᠯᠠᠨ ᠨᠡᠶᠢᠲᠡᠯᠡᠭᠰᠡᠨ ᠥᠬᠡᠶ ᠶᠢ ᠰᠤᠭᠤᠴᠢᠨ ᠪᠠᠶᠢᠴᠠᠭᠠᠵᠤ ᠳᠠᠭᠤᠰᠬᠠᠭᠰᠠᠨ ᠥᠬᠡᠶ ᠪᠠᠷ ᠦᠵᠡᠨ᠎ᠡ᠃ ᠬᠤᠶᠠᠷ ᠢ ᠲᠣᠬᠢᠶᠠᠯᠳᠤᠯ ᠢᠶᠠᠷ ᠰᠤᠭᠤᠴᠢᠨ | ᠪᠠᠶᠢᠴᠠᠭᠠᠬᠤ ᠳᠤ ᠢᠯᠡᠷᠡᠭᠦᠯᠦᠭᠰᠡᠨ ᠡᠯ᠎ᠡ ᠲᠥᠷᠥᠯ ᠤᠨ ᠠᠰᠠᠭᠤᠳᠠᠯ ᠳᠤ ︽ᠬᠡᠨ ᠳᠤ ᠬᠠᠷᠢᠶᠠᠯᠠᠭᠳᠠᠪᠠᠯ ᠬᠡᠨ ᠬᠠᠷᠢᠭᠤᠴᠠᠬᠤ︾ ᠵᠠᠷᠴᠢᠮ ᠶᠣᠰᠣᠭᠠᠷ ᠲᠠᠷᠠᠭᠠᠴᠢ ᠶᠢᠨ | ᠬᠢᠨᠠᠨ ᠬᠠᠮᠢᠶᠠᠷᠤᠯᠲᠠ ᠶᠢᠨ ᠵᠣᠯᠭᠠᠯᠴᠠᠭ᠎ᠠ ᠶᠢ ᠰᠠᠶᠢᠲᠤᠷ ᠬᠢᠬᠦ ᠬᠡᠷᠡᠭᠲᠡᠶ᠃ ᠣᠯᠵᠤ ᠮᠡᠳᠡᠭᠰᠡᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠬᠠᠤᠯᠢ ᠶᠣᠰᠣᠭᠠᠷ ᠵᠠᠯᠬᠠᠭᠠᠨ ᠰᠢᠳᠬᠡᠬᠦ ᠡᠷᠴᠢᠮ ᠢᠶᠠᠨ ᠴᠢᠩᠭᠠᠷᠠᠭᠤᠯᠵᠤ᠂ ᠶᠠᠯᠠᠲᠤ ᠬᠡᠷᠡᠭ ᠲᠤ ᠰᠡᠵᠢᠭᠯᠡᠭᠳᠡᠭᠰᠡᠳ ᠢ ᠴᠠᠭ ᠲᠤᠬᠠᠶ ᠳᠤᠨᠢ ᠬᠠᠤᠯᠢ ᠴᠠᠭᠠᠵᠠ ᠶᠢᠨ | ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ᠂ ᠬᠢᠨᠠᠨ ᠬᠠᠮᠢᠶᠠᠷᠤᠯᠲᠠ ᠠᠴᠠ ᠰᠠᠯᠤᠩᠭᠢᠷᠠᠬᠤ ᠠᠴᠠ ᠰᠡᠷᠬᠡᠶᠢᠯᠡᠬᠦ ᠬᠡᠷᠡᠭᠲᠠᠢ᠃ | ᠲᠦᠷᠦᠭᠦᠯᠡᠬᠦ ᠰᠠᠯᠠᠭ᠎ᠠ ᠮᠥᠴᠢᠷ᠄ ᠬᠤᠲᠠ ᠶᠢᠨ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠲᠣᠪᠴᠢᠶ᠎ᠠ | ᠬᠠᠷᠢᠭᠤᠴᠠᠯᠭᠠᠲᠤ ᠰᠠᠯᠠᠭ᠎ᠠ ᠮᠥᠴᠢᠷ᠄ ᠡᠯ᠎ᠡ ᠪᠦᠷᠢᠯᠳᠦᠬᠦᠨ ᠰᠠᠯᠠᠭ᠎ᠠ ᠮᠥᠴᠢᠷ | ︵ᠳᠥᠷᠪᠡ︶ ᠰᠠᠯᠠᠭ᠎ᠠ ᠮᠥᠴᠢᠷ ᠠᠯᠤᠰᠯᠠᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠠᠵᠢᠯ ᠢ ᠬᠤᠯᠪᠤᠭᠠᠯᠠᠨ ᠬᠢᠨ᠎ᠡ | 1. ᠣᠨ ᠤ ᠬᠠᠮᠲᠤᠷᠠᠨ ᠰᠤᠭᠤᠴᠢᠨ ᠪᠠᠶᠢᠴᠠᠭᠠᠬᠤ ᠠᠵᠢᠯ ᠤᠨ ᠲᠥᠯᠥᠪᠯᠡᠭᠡ ᠶᠢ ᠲᠣᠭᠲᠠᠭᠠᠨ᠎ᠠ᠃ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠬᠦᠷᠢᠶ᠎ᠡ | ᠴᠠᠷᠠᠭ᠎ᠠ ᠶᠢᠨ ᠡᠯ᠎ᠡ ᠰᠠᠯᠠᠭ᠎ᠠ ᠮᠥᠴᠢᠷ ᠨᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠬ᠎ᠠ ᠳᠡᠯᠭᠡᠭᠦᠷ ᠤᠨ ᠬᠢᠨᠠᠨ ᠬᠠᠮᠢᠶᠠᠷᠤᠯᠲᠠ ᠶᠢᠨ ᠬᠦᠷᠢᠶ᠎ᠡ | ᠴᠠᠷᠠᠭ᠎ᠠ ᠶᠢᠨ ᠰᠠᠯᠠᠭ᠎ᠠ ᠮᠥᠴᠢᠷ ᠤᠨ ᠬᠠᠮᠲᠤᠷᠠᠨ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠲᠠᠩᠰᠠ ︵ᠨᠢᠭᠡᠳᠦᠭᠡᠷ ᠨᠢᠭᠤᠷ︶︾ ᠶᠢ ᠦᠨᠳᠦᠰᠦᠯᠡᠨ ᠰᠠᠯᠠᠭ᠎ᠠ | ᠮᠥᠴᠢᠷ ᠠᠯᠤᠰᠯᠠᠭᠰᠠᠨ ︽ᠬᠤᠶᠠᠷ ᠢ ᠲᠤᠬᠢᠶᠠᠯᠳᠤᠯ ᠢᠶᠠᠷ ᠬᠢᠬᠦ ᠂ ᠨᠢᠭᠡ ᠶᠢ ᠢᠯᠡ ᠪᠣᠯᠭᠠᠬᠤ︾ ᠬᠠᠮᠲᠤᠷᠠᠨ ᠬᠢᠨᠠᠨ ᠬᠠᠮᠢᠶᠠᠷᠬᠤ ᠠᠵᠢᠯ ᠢ ᠥᠷᠨᠢᠭᠦᠯᠦᠨ᠎ᠡ᠃ | ᠬᠠᠮᠲᠤᠷᠠᠨ ᠰᠤᠭᠤᠴᠢᠨ ᠪᠠᠶᠢᠴᠠᠭᠠᠬᠤ ᠶᠢ ᠡᠭᠦᠰᠭᠡᠭᠰᠡᠨ ᠰᠠᠯᠠᠭ᠎ᠠ ᠮᠥᠴᠢᠷ ᠨᠢ ᠵᠢᠯ ᠪᠦᠷᠢ ᠶᠢᠨ 1 ᠳ᠋ᠣᠭᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠤᠰ ᠬᠦᠷᠢᠶᠡᠨ ᠤ | ᠬᠠᠮᠲᠤᠷᠠᠨ ᠰᠤᠭᠤᠴᠢᠨ ᠪᠠᠶᠢᠴᠠᠭᠠᠬᠤ ᠠᠵᠢᠯ ᠤᠨ ᠲᠥᠯᠥᠪᠯᠡᠭᠡ ᠪᠠᠨ ᠨᠢᠭᠡᠳᠦᠯᠲᠡᠶ ᠲᠥᠯᠥᠪᠯᠡᠨ ᠲᠣᠭᠲᠠᠭᠠᠵᠤ᠂ ᠣᠨ ᠤ ᠰᠤᠭᠤᠴᠢᠨ ᠪᠠᠶᠢᠴᠠᠭᠠᠬᠤ ᠵᠦᠢᠯᠡᠰ ᠲᠤ | ᠲᠣᠰ ᠬᠦᠷᠢᠶ᠎ᠡ ᠴᠠᠷᠠᠭ᠎ᠠ ᠶᠢᠨ ᠬᠤᠶᠠᠷ ᠢ ᠲᠤᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠶᠢ ᠪᠠᠭᠲᠠᠭᠠᠵᠤ᠂ ᠰᠤᠭᠤᠴᠢᠨ | ᠪᠠᠶᠢᠴᠠᠭᠠᠬᠤ ᠲᠥᠯᠥᠪᠯᠡᠭᠡ ᠳᠤ ᠭᠤᠤᠯᠳᠠᠭᠤ᠄ ᠠᠵᠢᠯ ᠤᠨ ᠲᠥᠯᠥᠪᠯᠡᠭᠡ ᠶᠢᠨ ᠨᠡᠷᠡᠶᠢᠳᠦᠯ᠂ ᠰᠤᠭᠤᠴᠢᠨ ᠪᠠᠶᠢᠴᠠᠭᠠᠬᠤ ᠡᠭᠦᠷᠭᠡ ᠶᠢᠨ ᠨᠡᠷᠡᠶᠢᠳᠦᠯ᠂ ᠰᠤᠭᠤᠴᠢᠨ | ᠪᠠᠶᠢᠴᠠᠭᠠᠬᠤ ᠵᠦᠶ᠋ᠯᠡᠰ᠂ ᠪᠠᠶᠢᠴᠠᠭᠠᠬᠤ ᠡᠲᠡᠭᠡᠳ᠂ ᠰᠤᠭᠤᠴᠢᠨ ᠪᠠᠶᠢᠴᠠᠭᠠᠬᠤ ᠬᠠᠷᠢᠴᠠᠯ᠂ ᠲᠤᠭ᠎ᠠ ᠬᠡᠮᠵᠢᠶ᠎ᠡ᠂ ᠣᠷᠣᠯᠴᠠᠭᠰᠠᠨ ᠰᠠᠯᠠᠭ᠎ᠠ ᠮᠥᠴᠢᠷ᠂ ᠰᠤᠭᠤᠴᠢᠨ | ᠪᠠᠶᠢᠴᠠᠭᠠᠵᠤ ᠪᠠᠶᠢᠴᠠᠭᠠᠭᠰᠠᠨ ᠡᠳᠦᠷ ᠬᠤᠭᠤᠴᠠᠭ᠎ᠠ ᠵᠡᠷᠭᠡ ᠵᠦᠢᠯᠡᠰ ᠢ ᠪᠠᠭᠲᠠᠭᠠᠨ᠎ᠠ᠃ ᠣᠨ ᠤ ᠬᠠᠮᠲᠤᠷᠠᠨ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠤᠯᠤᠰ | ᠤᠨ ᠠᠵᠤ ᠠᠬᠤᠶᠢᠯᠠᠯ ᠤᠨ ᠢᠲᠡᠭᠡᠮᠵᠢ ᠶᠢᠨ ᠮᠡᠳᠡᠭᠡ ᠵᠠᠩᠭᠢ ᠶᠢ ᠢᠯᠡ ᠨᠡᠶᠢᠲᠡᠯᠡᠬᠦ ᠰᠢᠰᠲ᠋ᠧᠮ ᠪᠠ ᠰᠠᠯᠠᠭ᠎ᠠ ᠮᠥᠴᠢᠷ ᠤᠨ ᠠᠯᠪᠠᠨ ᠤ ᠲᠠᠯ᠎ᠠ ᠶᠢᠨ ᠰᠦᠯᠵᠢᠶ᠎ᠡ ᠪᠠᠷ | ᠳᠠᠮᠵᠢᠭᠤᠯᠤᠨ ᠨᠡᠶᠢᠭᠡᠮ ᠳᠤ ᠢᠯᠡ ᠨᠡᠶᠢᠲᠡᠯᠡᠬᠦ ᠶᠢᠨ ᠬᠠᠮᠲᠤ ᠴᠠᠭ ᠲᠤᠬᠠᠶ ᠳᠤᠨᠢ ᠬᠤᠲᠠ ᠶᠢᠨ ︽ᠬᠤᠶᠠᠷ ᠢ ᠲᠣᠬᠢᠶᠠᠯᠳᠤᠯ ᠢᠶᠠᠷ᠂ ᠨᠢᠭᠡ ᠶᠢ ᠢᠯᠡ ᠪᠣᠯᠭᠠᠬᠤ︾ | ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ ᠬᠡᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ ᠵᠢᠯ ᠤᠨ ᠡᠴᠦᠰ ᠤᠨ ᠰᠢᠯᠭᠠᠨ ᠬᠢᠨᠠᠬᠤ ᠦᠨᠳᠦᠰᠦᠯᠡᠯ | ᠪᠣᠯᠤᠭᠰᠠᠨ ᠤ ᠬᠤᠪᠢ ᠳᠤ᠂ ᠬᠤᠲᠠ ᠶᠢᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠠᠵᠢᠯ ᠤᠨ ᠬᠠᠮᠲᠤᠷᠠᠭᠰᠠᠨ ᠬᠤᠷᠠᠯ ᠤᠨ ᠠᠯᠪᠠᠨ | ᠬᠡᠷ ᠠᠴᠠ ᠡᠯ᠎ᠡ ᠬᠦᠷᠢᠶᠡᠨ ᠤ ᠬᠠᠮᠲᠤᠷᠠᠨ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠬᠤᠷᠢᠶᠠᠩᠭᠤᠶᠢᠯᠠᠵᠤ᠂ ᠪᠥᠬᠦ ᠬᠤᠲᠠ ᠶᠢᠨ ᠰᠠᠯᠠᠭ᠎ᠠ ᠮᠥᠴᠢᠷ ᠠᠯᠤᠰᠯᠠᠭᠰᠠᠨ | ᠬᠠᠮᠲᠤᠷᠠᠨ ᠰᠤᠭᠤᠴᠢᠨ ᠪᠠᠶᠢᠴᠠᠭᠠᠬᠤ ᠲᠥᠯᠥᠪᠯᠡᠭᠡ ᠶᠢ ᠪᠣᠶ ᠪᠣᠯᠭᠠᠵᠤ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ ᠵᠠᠷᠯᠠᠨ | ᠨᠡᠶᠢᠲᠡᠯᠡᠨ᠎ᠡ᠃ ᠡᠯ᠎ᠡ ᠰᠠᠯᠠᠭ᠎ᠠ ᠮᠥᠴᠢᠷ ᠤᠨ ᠣᠨ ᠤ ᠬᠠᠮᠲᠤᠷᠠᠨ ᠰᠤᠭᠤᠴᠢᠨ ᠪᠠᠶᠢᠴᠠᠭᠠᠬᠤ ᠠᠵᠢᠯ ᠤᠨ ᠲᠥᠯᠥᠪᠯᠡᠭᠡ ᠶᠢ ᠪᠤᠲᠠᠲᠤ ᠪᠠᠶᠢᠳᠠᠯ ᠢ ᠦᠨᠳᠦᠰᠦᠯᠡᠨ | ᠬᠥᠳᠡᠯᠦᠩᠭᠦᠶ ᠪᠠᠷ ᠳᠣᠭᠢᠷᠠᠭᠤᠯᠵᠤ᠂ ᠳᠣᠭᠢᠷᠠᠭᠤᠯᠤᠭᠰᠠᠨ ᠤ ᠳᠠᠷᠠᠭᠠᠬᠢ 10 ᠠᠵᠢᠯᠯᠠᠬᠤ ᠡᠳᠦᠷ ᠤᠨ ᠳᠣᠲᠣᠷ᠎ᠠ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ ᠳᠤ | ᠣᠷᠣᠭᠤᠯᠵᠤ᠂ ᠳᠠᠭᠢᠵᠤ ᠢᠯᠡ ᠨᠡᠶᠢᠲᠡᠯᠡᠬᠦ ᠶᠢᠨ ᠬᠠᠮᠲᠤ ᠳᠠᠩᠰᠠᠯᠠᠭᠤᠯᠬᠤ ᠬᠡᠷᠡᠭᠲᠡᠶ᠃ | 2. ᠣᠨ ᠤ ᠲᠥᠯᠥᠪᠯᠡᠭᠡ ᠶᠣᠰᠣᠭᠠᠷ ᠬᠡᠷᠡᠭᠵᠢᠭᠦᠯᠬᠦ ᠲᠥᠰᠦᠯ ᠲᠣᠭᠲᠠᠭᠠᠵᠤ ᠬᠤᠶᠠᠷ ᠢ ᠲᠤᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠶᠢ ᠥᠷᠨᠢᠭᠦᠯᠦᠨ᠎ᠡ᠃ | ᠬᠠᠮᠲᠤᠷᠠᠨ ᠰᠤᠭᠤᠴᠢᠨ ᠪᠠᠶᠢᠴᠠᠭᠠᠬᠤ ᠶᠢ ᠡᠬᠢᠯᠡᠭᠦᠯᠬᠦ ᠰᠠᠯᠠᠭ᠎ᠠ ᠮᠥᠴᠢᠷ ᠨᠢ ᠬᠠᠮᠲᠤᠷᠠᠭᠰᠠᠨ ᠣᠨ ᠤ ᠰᠤᠭᠤᠴᠢᠨ ᠪᠠᠶᠢᠴᠠᠭᠠᠬᠤ ᠠᠵᠢᠯ ᠤᠨ ᠲᠥᠯᠥᠪᠯᠡᠭᠡ ᠶᠣᠰᠣᠭᠠᠷ | ᠂ ᠪᠣᠳᠠᠲᠠᠶ ᠬᠡᠷᠡᠭᠵᠢᠭᠦᠯᠬᠦ ᠲᠥᠰᠦᠯ ᠢ ᠲᠣᠭᠲᠠᠭᠠᠬᠤ ᠶᠢᠨ ᠬᠠᠮᠲᠤ᠂ ᠪᠠᠶᠢᠴᠠᠭᠠᠭᠳᠠᠬᠤ ᠡᠲᠡᠭᠡᠳ ᠤᠨ ᠨᠡᠷᠡᠰ ᠢ ᠨᠢᠭᠡᠳᠦᠯᠲᠡᠶ ᠬᠤᠶᠠᠷ ᠢ ᠲᠤᠬᠢᠶᠠᠯᠳᠤᠯ ᠢᠶᠠᠷ | ᠰᠤᠭᠤᠴᠢᠨ ᠠᠪᠬᠤ ᠶᠢ ᠬᠠᠷᠢᠭᠤᠴᠠᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠠᠵᠢᠯᠲᠠᠨ ᠢ ᠬᠤᠶᠠᠷ ᠢ ᠲᠤᠬᠢᠶᠠᠯᠳᠤᠯ ᠢᠶᠠᠷ ᠰᠣᠩᠭᠤᠨ ᠲᠣᠮᠢᠯᠠᠨ᠎ᠠ᠃ | ᠪᠠᠶᠢᠴᠠᠭᠠᠬᠤ ᠡᠲᠡᠭᠡᠳ ᠢ ᠲᠣᠬᠢᠶᠠᠯᠳᠤᠯ ᠢᠶᠠᠷ ᠰᠣᠩᠭᠤᠨ ᠠᠪᠬᠤ ᠪᠠ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠬᠤ ᠠᠵᠢᠯᠲᠠᠨ ᠢ ᠲᠣᠬᠢᠶᠠᠯᠳᠤᠯ ᠢᠶᠠᠷ ᠰᠣᠩᠭᠤᠨ | ᠲᠣᠮᠢᠯᠠᠬᠤ ᠳᠤ᠂ ᠴᠥᠮ ︽ᠬᠠᠮᠵᠢᠯᠴᠠᠨ ᠬᠢᠨᠠᠨ ᠬᠠᠮᠢᠶᠠᠷᠬᠤ ᠲᠠᠪᠴᠠᠩ︾ ᠢᠶᠠᠷ ᠳᠠᠮᠵᠢᠭᠤᠯᠤᠨ ᠲᠣᠬᠢᠶᠠᠯᠳᠤᠯ ᠢᠶᠠᠷ ᠰᠣᠩᠭᠤᠨ ᠠᠪᠴᠤ᠂ ᠪᠥᠬᠦ ᠶᠠᠪᠤᠴᠠ ᠳᠤ ᠣᠷᠣ | ᠮᠥᠷ ᠦᠯᠡᠳᠡᠭᠡᠬᠦ ᠬᠡᠷᠡᠭᠲᠡᠶ᠃ ᠬᠤᠶᠠᠷ ᠢ ᠲᠤᠬᠢᠶᠠᠯᠳᠤᠯ ᠢᠶᠠᠷ ᠰᠤᠭᠤᠴᠢᠨ ᠪᠠᠶᠢᠴᠠᠭᠠᠬᠤ ᠳᠤ ᠪᠣᠳᠠᠲᠠᠶ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ᠂ ᠪᠢᠴᠢᠭ ᠢᠶᠠᠷ | ᠪᠠᠶᠢᠴᠠᠭᠠᠬᠤ᠂ ᠰᠦᠯᠵᠢᠶ᠎ᠡ ᠪᠠᠷ ᠬᠢᠨᠠᠨ ᠬᠡᠮᠵᠢᠬᠦ ᠵᠡᠷᠭᠡ ᠪᠠᠶᠢᠴᠠᠭᠠᠯᠲᠠ ᠶᠢᠨ ᠠᠷᠭ᠎ᠠ ᠮᠠᠶ᠋ᠢᠭ ᠢ ᠠᠪᠴᠤ ᠪᠣᠯᠤᠨ᠎ᠠ︔ ᠲᠤᠰᠬᠠᠶ ᠮᠡᠷᠭᠡᠵᠢᠯ ᠤᠨ ᠬᠦᠷᠢᠶ᠎ᠡ ᠴᠠᠷᠠᠭ᠎ᠠ ᠳᠤ | ᠬᠤᠯᠪᠣᠭᠳᠠᠪᠠᠯ᠂ ᠬᠢᠷᠢ ᠴᠢᠳᠠᠮᠵᠢ ᠲᠠᠢ ᠪᠠᠶᠢᠭᠤᠯᠤᠮᠵᠢ ᠳᠤ ᠨᠠᠶᠢᠳᠠᠵᠤ ᠪᠠᠶᠢᠴᠠᠭᠠᠨ ᠰᠢᠯᠭᠠᠵᠤ ᠪᠠᠶᠢᠴᠠᠭᠠᠨ ᠰᠢᠨᠵᠢᠬᠦ᠂ ᠡᠳ᠋ ᠤᠨ ᠶᠠᠪᠤᠳᠠᠯ ᠤᠨ ᠬᠢᠨᠠᠨ ᠪᠤᠳᠤᠬᠤ᠂ | ᠪᠠᠶᠢᠴᠠᠭᠠᠨ ᠯᠠᠪᠯᠠᠬᠤ ᠵᠡᠷᠭᠡ ᠠᠵᠢᠯ ᠢ ᠥᠷᠨᠢᠭᠦᠯᠬᠦ ᠪᠤᠶᠤ ᠬᠠᠮᠢᠶ᠎ᠠ ᠪᠥᠬᠦᠶ ᠪᠠᠶᠢᠭᠤᠯᠤᠮᠵᠢ ᠶᠢᠨ ᠭᠠᠷᠭᠠᠭᠰᠠᠨ ᠬᠢᠨᠠᠨ ᠲᠣᠭᠲᠠᠭᠠᠭᠰᠠᠨ ᠳ᠋ᠦᠩᠨᠡᠯᠲᠡ ᠶᠢ ᠬᠠᠤᠯᠢ | ᠶᠣᠰᠣᠭᠠᠷ ᠬᠡᠷᠡᠭᠯᠡᠵᠦ ᠪᠣᠯᠤᠨ᠎ᠠ᠃ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠢ ᠪᠠᠶᠢᠴᠠᠭᠠᠬᠤ ᠠᠵᠢᠯᠲᠠᠨ ︽ᠬᠤᠶᠠᠷ ᠢ ᠲᠤᠬᠢᠶᠠᠯᠳᠤᠯ ᠢᠶᠠᠷ ᠰᠤᠭᠤᠴᠢᠨ | ᠪᠠᠶᠢᠴᠠᠭᠠᠵᠤ ᠪᠠᠶᠢᠴᠠᠭᠠᠬᠤ ᠬᠦᠰᠦᠨᠦᠭᠲᠦ︾ ᠶᠢ ᠦᠨᠡᠨ ᠪᠣᠳᠠᠲᠠᠶ ᠪᠠᠷ ᠲᠠᠭᠯᠠᠵᠤ᠂ ︽ᠨᠢᠭᠡ ᠤᠳᠠᠭ᠎ᠠ ᠳᠤ ᠨᠢᠭᠡ ᠲᠠᠩᠰᠠ ᠡᠪᠬᠡᠮᠡᠯ︾ ᠤᠨ ᠵᠠᠷᠴᠢᠮ ᠶᠣᠰᠣᠭᠠᠷ | ᠲᠠᠩᠰᠠ ᠡᠪᠬᠡᠮᠡᠯ ᠳᠤ ᠣᠷᠣᠭᠤᠯᠤᠨ ᠬᠠᠳᠠᠭᠠᠯᠠᠬᠤ ᠬᠡᠷᠡᠭᠲᠡᠶ᠃ ᠲᠤᠬᠠᠶ ᠶᠢᠨ ᠭᠠᠵᠠᠷ ᠲᠤᠨᠢ ᠬᠠᠷᠭᠤᠭᠤᠯᠤᠨ ᠪᠠᠶᠢᠴᠠᠭᠠᠬᠤ ᠳᠤ᠂ ᠪᠠᠶᠢᠴᠠᠭᠠᠭᠳᠠᠬᠤ ᠡᠲᠡᠭᠡᠳ ᠤᠨ | ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ︵ᠬᠠᠷᠢᠭᠤᠴᠠᠯᠭᠠᠲᠠᠨ︶ ᠠᠴᠠ ᠪᠠᠶᠢᠴᠠᠭᠠᠭᠰᠠᠨ ᠪᠠᠶᠢᠳᠠᠯ ᠳᠤ ᠭᠠᠷ ᠤᠨ ᠥᠰᠥᠭ ᠵᠢᠷᠤᠬᠤ ᠪᠤᠶᠤ ᠲᠠᠮᠠᠭ᠎ᠠ ᠳᠠᠷᠤᠵᠤ | ᠨᠤᠲᠠᠯᠠᠬᠤ ᠬᠡᠷᠡᠭᠲᠡᠶ︔ ᠭᠠᠷ ᠤᠨ ᠦᠰᠦᠭ ᠵᠢᠷᠤᠬᠤ ᠪᠤᠶᠤ ᠲᠠᠮᠠᠭ᠎ᠠ ᠳᠠᠷᠤᠬᠤ ᠶᠢ ᠲᠡᠪᠴᠢᠭᠰᠡᠨ ᠪᠠᠶᠢᠪᠠᠯ᠂ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠠᠵᠢᠯᠳᠠᠨ | ᠰᠢᠯᠲᠠᠭᠠᠨ ᠢ ᠨᠢ ᠲᠣᠳᠣᠷᠬᠠᠶᠢᠯᠠᠨ ᠪᠢᠴᠢᠵᠦ᠂ ᠴᠢᠬᠤᠯᠠᠲᠠᠶ ᠦᠶ᠎ᠡ ᠳᠤ ᠬᠤᠯᠪᠣᠭᠳᠠᠯ ᠪᠦᠬᠦᠢ ᠬᠥᠮᠦᠰ ᠢ ᠤᠷᠢᠵᠤ ᠭᠠᠷ ᠤᠨ ᠦᠰᠦᠭ ᠵᠢᠷᠤᠭᠤᠯᠵᠤ ᠭᠡᠷᠡᠴᠢᠯᠡᠭᠦᠯᠬᠦ | ᠬᠡᠷᠡᠭᠲᠡᠶ᠃ | 3. ᠪᠠᠶᠢᠴᠠᠭᠠᠯᠲᠠ ᠶᠢᠨ ᠦᠷ᠎ᠡ ᠳ᠋ᠦᠩ ᠳᠤ ᠪᠢᠴᠢᠵᠦ ᠣᠷᠣᠭᠤᠯᠤᠨ᠎ᠠ᠃ ︽ᠬᠡᠨ ᠪᠠᠶᠢᠴᠠᠭᠠᠪᠠᠯ ᠬᠡᠨ ᠪᠢᠴᠢᠵᠦ ᠤᠷᠤᠭᠤᠯᠵᠤ ᠲᠡᠷᠡ ᠢᠯᠡ ᠨᠡᠶᠢᠲᠡᠯᠡᠬᠦ︾ | ᠵᠠᠷᠴᠢᠮ ᠶᠣᠰᠣᠭᠠᠷ᠂ ᠪᠠᠶᠢᠴᠠᠭᠠᠬᠤ ᠰᠠᠯᠠᠭ᠎ᠠ ᠮᠥᠴᠢᠷ ᠤᠳ ᠵᠠᠷᠴᠢᠮ ᠳᠡᠭᠡᠷ᠎ᠡ ᠪᠠᠨ ᠪᠠᠶᠢᠴᠠᠭᠠᠯᠲᠠ ᠶᠢ ᠪᠡᠶᠡᠯᠡᠭᠦᠯᠦᠭᠰᠡᠨ ᠡᠳᠦᠷ ᠠᠴᠠ ᠡᠬᠢᠯᠡᠨ 20 ᠠᠵᠢᠯᠯᠠᠬᠤ | ᠡᠳᠦᠷ ᠤᠨ ᠳᠣᠲᠣᠷ᠎ᠠ᠂ ︽ᠰᠠᠯᠠᠭ᠎ᠠ ᠮᠥᠴᠢᠷ ᠤᠨ ᠬᠠᠮᠵᠢᠯᠴᠠᠨ ᠬᠢᠨᠠᠨ ᠬᠠᠮᠢᠶᠠᠷᠬᠤ ᠲᠠᠪᠴᠠᠩ︾ ᠢᠶᠠᠷ ᠳᠠᠮᠵᠢᠭᠤᠯᠤᠨ ᠰᠤᠭᠤᠴᠢᠨ ᠪᠠᠶᠢᠴᠠᠭᠠᠵᠤ ᠪᠠᠶᠢᠴᠠᠭᠠᠭᠰᠠᠨ | ᠦᠷ᠎ᠡ ᠳ᠋ᠦᠩ ᠢ ᠪᠢᠴᠢᠵᠦ ᠣᠷᠣᠭᠤᠯᠬᠤ ᠶᠢᠨ ᠬᠠᠮᠲᠤ ᠢᠯᠡ ᠨᠡᠶᠢᠲᠡᠯᠡᠬᠦ ᠶᠢᠨ ᠬᠠᠮᠲᠤ ᠨᠡᠶᠢᠭᠡᠮ ᠳᠤ ᠢᠯᠡ ᠨᠡᠶᠢᠲᠡᠯᠡᠬᠦ ᠬᠡᠷᠡᠭᠲᠡᠶ᠃ ᠰᠤᠭᠤᠴᠢᠨ ᠪᠠᠶᠢᠴᠠᠭᠠᠵᠤ | ᠪᠠᠶᠢᠴᠠᠭᠠᠭᠰᠠᠨ ᠦᠷ᠎ᠡ ᠳ᠋ᠦᠩ ᠢ ᠢᠯᠡ ᠨᠡᠶᠢᠲᠡᠯᠡᠬᠦ ᠶᠢ ᠵᠥᠪᠬᠡᠨ ᠪᠠᠶᠢᠴᠠᠭᠠᠬᠤ ᠦᠶ᠋ᠯᠡ ᠠᠵᠢᠯᠯᠠᠭ᠎ᠠ ᠶᠢᠨ ᠲᠣᠰ ᠪᠡᠶ᠎ᠡ ᠳᠤ ᠬᠠᠨᠳᠤᠭᠤᠯᠵᠤ᠂ ᠦᠷᠭᠦᠯᠵᠢᠯᠡᠨ | ᠪᠠᠶᠢᠴᠠᠭᠠᠭᠳᠠᠬᠤ ᠡᠲᠡᠭᠡᠳ ᠲᠤ ᠵᠠᠰᠠᠭ ᠵᠠᠬᠢᠷᠭᠠᠨ ᠤ ᠰᠢᠳᠬᠡᠯ ᠥᠭᠬᠦ ᠵᠡᠷᠭᠡ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠦᠭᠰᠡᠨ ᠦᠷ᠎ᠡ ᠳ᠋ᠦᠩ ᠤᠨ ᠮᠡᠳᠡᠭᠡ ᠵᠠᠩᠭᠢ ᠶᠢ | ᠲᠣᠭᠲᠠᠭᠠᠭᠰᠠᠨ ᠲᠠᠰ ᠳᠠᠷᠠᠭᠠᠯᠠᠯ ᠶᠣᠰᠣᠭᠠᠷ ᠠᠰ ᠲᠤᠨᠢ ᠢᠯᠡ ᠨᠡᠶᠢᠲᠡᠯᠡᠨ᠎ᠡ᠃ ᠪᠠᠶᠢᠴᠠᠭᠠᠬᠤ ᠶᠠᠪᠤᠴᠠ ᠳᠤ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ | ᠠᠵᠢᠯᠯᠠᠭ᠎ᠠ ᠣᠷᠣᠰᠢᠵᠤ ᠪᠠᠶᠢᠬᠤ ᠶᠢ ᠣᠯᠵᠤ ᠮᠡᠳᠡᠪᠡᠯ᠂ ᠬᠠᠤᠯᠢ ᠲᠣᠭᠲᠠᠭᠠᠯ ᠶᠣᠰᠣᠭᠠᠷ ᠵᠣᠬᠢᠴᠠᠩᠭᠤᠶ ᠪᠠᠷ ᠰᠢᠢᠳᠪᠦᠷᠢᠯᠡᠬᠦ ᠬᠡᠷᠡᠭᠲᠡᠶ᠃ ᠡᠯ᠎ᠡ ᠬᠤᠯᠪᠣᠭᠳᠠᠯ ᠪᠥᠬᠦᠶ | ᠰᠠᠯᠠᠭ᠎ᠠ ᠮᠥᠴᠢᠷ ᠤᠳ ᠰᠠᠯᠠᠭ᠎ᠠ ᠮᠥᠴᠢᠷ ᠤᠨ ᠳᠣᠲᠣᠭᠠᠳᠤ ᠶᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠰᠦᠪᠡᠭᠴᠢ ᠶᠢ ᠰᠢᠯᠵᠢᠭᠦᠯᠬᠦ | ᠲᠣᠭᠲᠠᠴᠠ ᠶᠢ ᠪᠠᠶᠢᠭᠤᠯᠵᠤ᠂ ᠡᠭᠦᠷᠭᠡ ᠬᠠᠷᠢᠭᠤᠴᠠᠯᠭ᠎ᠠ ᠨᠢ ᠵᠣᠬᠢᠴᠠᠯᠳᠤᠭᠰᠠᠨ ᠳᠣᠲᠣᠭᠠᠳᠤ ᠪᠠᠶᠢᠭᠤᠯᠤᠮᠵᠢ ᠠᠴᠠ ᠰᠢᠢᠳᠪᠦᠷᠢᠯᠡᠬᠦ ᠬᠡᠷᠡᠭᠲᠡᠶ᠃ ᠬᠠᠤᠯᠢ | ᠲᠣᠭᠲᠠᠭᠠᠯ ᠠᠴᠠ ᠵᠥᠷᠢᠴᠡᠭᠰᠡᠨ ᠦᠶ᠋ᠯᠡ ᠠᠵᠢᠯᠯᠠᠭ᠎ᠠ ᠨᠢ ᠪᠤᠰᠤᠳ ᠰᠠᠯᠠᠭ᠎ᠠ ᠮᠥᠴᠢᠷ ᠤᠨ ᠬᠢᠨᠠᠨ ᠬᠠᠮᠢᠶᠠᠷᠬᠤ ᠡᠭᠦᠷᠭᠡ ᠬᠠᠷᠢᠭᠤᠴᠠᠯᠭ᠎ᠠ ᠳᠤ ᠬᠠᠷᠢᠶᠠᠯᠠᠭᠳᠠᠪᠠᠯ᠂ | ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠰᠦᠪᠡᠭᠴᠢ ᠶᠢ ᠴᠠᠭ ᠲᠤᠬᠠᠶ ᠳᠤᠨᠢ ᠬᠠᠮᠢᠶ᠎ᠠ ᠪᠥᠬᠦᠶ ᠰᠠᠯᠠᠭ᠎ᠠ ᠮᠥᠴᠢᠷ ᠲᠤ ᠮᠡᠳᠡᠭᠳᠡᠵᠦ᠂ ᠶᠠᠯ᠎ᠠ | ᠬᠢᠭᠰᠡᠨ ᠢᠶᠠᠷ ᠰᠡᠵᠢᠭᠯᠡᠭᠳᠡᠭᠰᠡᠨ ᠪᠠᠶᠢᠪᠠᠯ ᠴᠠᠭ ᠲᠤᠬᠠᠶ ᠳᠤᠨᠢ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠬᠦ ᠶᠢᠨ ᠬᠠᠮᠲᠤ ᠮᠡᠳᠡᠭᠳᠡᠵᠦ᠂ | ᠰᠢᠯᠵᠢᠭᠦᠯᠦᠨ ᠬᠦᠷᠭᠡᠭᠰᠡᠨ ᠲᠡᠮᠳᠡᠭᠯᠡᠯ ᠢ ᠰᠠᠶᠢᠲᠤᠷ ᠬᠢᠬᠦ ᠬᠡᠷᠡᠭᠲᠡᠶ᠃ | ᠲᠦᠷᠦᠭᠦᠯᠡᠨ ᠬᠢᠬᠦ ᠰᠠᠯᠠᠭ᠎ᠠ ᠮᠥᠴᠢᠷ᠄ ᠬᠠᠮᠲᠤᠷᠠᠨ ᠰᠤᠭᠤᠴᠢᠨ ᠪᠠᠶᠢᠴᠠᠭᠠᠬᠤ ᠵᠦᠢᠯᠡᠰ ᠢ ᠡᠬᠢᠯᠡᠭᠦᠯᠬᠦ ᠰᠠᠯᠠᠭ᠎ᠠ ᠮᠥᠴᠢᠷ | ᠬᠠᠷᠢᠭᠤᠴᠠᠯᠭᠠᠲᠤ ᠰᠠᠯᠠᠭ᠎ᠠ ᠮᠥᠴᠢᠷ᠄ ᠬᠠᠮᠢᠶ᠎ᠠ ᠪᠥᠬᠦᠶ ᠬᠠᠮᠵᠢᠯᠴᠠᠬᠤ ᠰᠠᠯᠠᠭ᠎ᠠ ᠮᠥᠴᠢᠷ | ︵ᠲᠠᠪᠤ︶ ᠢᠲᠡᠭᠡᠮᠵᠢ ᠶᠢᠨ ᠲᠠᠰ ᠬᠤᠪᠢᠶᠠᠨ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠶᠡᠬᠡᠪᠡᠷ ᠠᠬᠢᠭᠤᠯᠤᠨ᠎ᠠ᠃ | ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠤᠯᠲᠠ ᠶᠢ ᠢᠲᠡᠭᠡᠮᠵᠢ ᠶᠢᠨ ᠵᠡᠷᠭᠡ ᠳᠡᠰ ᠲᠠᠢ ᠬᠠᠷᠢᠯᠴᠠᠨ | ᠤᠶᠠᠯᠳᠤᠭᠤᠯᠵᠤ᠂ ᠢᠲᠡᠭᠡᠮᠵᠢ ᠶᠢᠨ ᠲᠦᠭᠰᠢᠭᠦᠷᠢ ᠶᠢ ᠲᠠᠰ ᠬᠤᠪᠢᠶᠠᠨ ᠲᠥᠷᠥᠯ ᠬᠤᠪᠢᠶᠠᠨ ᠬᠢᠨᠠᠨ ᠬᠠᠮᠢᠶᠠᠷᠬᠤ ᠶᠢ ᠪᠥᠬᠦ ᠲᠠᠯ᠎ᠠ ᠪᠠᠷ ᠠᠬᠢᠭᠤᠯᠤᠨ᠂ ᠰᠤᠭᠤᠴᠢᠨ | ᠪᠠᠶᠢᠴᠠᠭᠠᠬᠤ ᠳᠠᠪᠲᠠᠮᠵᠢ ᠤᠳᠠᠭ᠎ᠠ᠂ ᠬᠠᠷᠢᠴᠠᠯ ᠢ ᠵᠦᠶ ᠵᠣᠬᠢᠰᠲᠠᠶ ᠲᠣᠭᠲᠠᠭᠠᠵᠤ᠂ ᠬᠥᠳᠡᠯᠦᠩᠭᠦᠶ ᠪᠠᠷ ᠳᠣᠭᠢᠷᠠᠭᠤᠯᠤᠨ᠂ ᠢᠲᠡᠭᠡᠮᠵᠢ ᠪᠠᠷ ᠨᠡᠯᠢᠶᠡᠳ ᠰᠠᠶᠢᠨ᠂ | ᠲᠦᠭᠰᠢᠭᠦᠷᠢ ᠪᠠᠷ ᠨᠡᠯᠢᠶᠡᠳ ᠳᠣᠤᠷ᠎ᠠ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠰᠤᠭᠤᠴᠢᠨ ᠪᠠᠶᠢᠴᠠᠭᠠᠬᠤ ᠬᠠᠷᠢᠴᠠᠯ ᠪᠠ ᠳᠠᠪᠲᠠᠮᠵᠢ ᠤᠳᠠᠭ᠎ᠠ ᠶᠢ ᠵᠦᠶ ᠵᠣᠬᠢᠰᠲᠠᠶ | ᠪᠠᠭᠤᠷᠠᠭᠤᠯᠵᠤ᠂ ᠬᠡᠪ ᠤᠨ ᠦᠢᠯᠡᠳᠪᠦᠷᠢᠯᠡᠯ ᠡᠵᠡᠩᠨᠡᠯᠲᠡ ᠳᠤ ᠦᠵᠡᠭᠦᠯᠬᠦ ᠨᠥᠯᠥᠭᠡ ᠶᠢ ᠪᠠᠭᠠᠰᠬᠠᠵᠤ ᠪᠣᠯᠤᠨ᠎ᠠ︔ ᠡᠩ ᠤᠨ ᠢᠲᠡᠭᠡᠮᠵᠢ ᠶᠢᠨ ᠲᠦᠭᠰᠢᠭᠦᠷᠢ ᠲᠠᠢ | ᠵᠠᠬ᠎ᠠ ᠳᠡᠯᠭᠡᠭᠦᠷ ᠤᠨ ᠭᠤᠤᠯ ᠴᠣᠭᠴᠠ ᠶᠢ ᠡᠩ ᠤᠨ ᠬᠠᠷᠢᠴᠠᠯ ᠪᠠ ᠤᠳᠠᠭ᠎ᠠ ᠳᠠᠷᠠᠭ᠎ᠠ ᠪᠠᠷ ᠰᠤᠭᠤᠴᠢᠨ ᠪᠠᠶᠢᠴᠠᠭᠠᠨ᠎ᠠ︔ ᠬᠠᠤᠯᠢ ᠠᠴᠠ ᠵᠥᠷᠢᠴᠡᠨ ᠢᠲᠡᠭᠡᠯ | ᠠᠯᠳᠠᠭᠰᠠᠨ᠂ ᠲᠦᠭᠰᠢᠭᠦᠷᠢ ᠪᠠᠷ ᠨᠡᠯᠢᠶᠡᠳ ᠥᠨᠳᠥᠷ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠰᠤᠭᠤᠴᠢᠨ ᠪᠠᠶᠢᠴᠠᠭᠠᠬᠤ ᠬᠠᠷᠢᠴᠠᠯ ᠪᠠ ᠤᠳᠠᠭ᠎ᠠ ᠲᠠᠪᠳᠠᠮᠵᠢ ᠶᠢ | ᠵᠣᠬᠢᠰᠲᠠᠶ ᠳᠡᠭᠡᠭᠰᠢᠯᠡᠭᠦᠯᠵᠦ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠬᠠᠮᠢᠶᠠᠷᠬᠤ ᠪᠠ ᠵᠠᠯᠬᠠᠭᠠᠨ ᠴᠡᠭᠡᠷᠯᠡᠭᠦᠯᠬᠦ ᠶᠢ ᠬᠡᠷᠡᠭᠵᠢᠭᠦᠯᠦᠨ᠎ᠡ᠃ ᠬᠠᠤᠯᠢ ᠰᠠᠬᠢᠭᠴᠢᠳ ᠢ | ᠬᠠᠮᠢᠭ᠎ᠠ ᠴᠤ ᠰᠠᠭᠠᠳ ᠦᠭᠡᠢ ᠶᠠᠪᠤᠭᠤᠯᠵᠤ᠂ ᠬᠠᠤᠯᠢ ᠵᠥᠷᠢᠴᠡᠭᠰᠡᠳ ᠢ ᠬᠠᠮᠢᠭ᠎ᠠ ᠴᠦ ᠶᠠᠪᠤᠵᠤ ᠴᠢᠳᠠᠬᠤ ᠦᠭᠡᠢ ᠪᠣᠯᠭᠠᠵᠤ᠂ ᠭᠤᠣᠯᠴᠢ ᠪᠠᠷ ᠥᠷᠢᠰᠥᠯᠳᠦᠬᠦ ᠵᠠᠬ᠎ᠠ | ᠳᠡᠯᠭᠡᠭᠦᠷ ᠤᠨ ᠣᠷᠴᠢᠨ ᠨᠥᠬᠦᠴᠡᠯ ᠪᠠ ᠬᠠᠤᠯᠢ ᠪᠠᠷ ᠵᠠᠰᠠᠬᠤ ᠣᠷᠴᠢᠨ ᠨᠥᠬᠦᠴᠡᠯ ᠢ ᠪᠤᠢ ᠪᠣᠯᠭᠠᠨ᠎ᠠ᠃ | ᠬᠠᠷᠢᠭᠤᠴᠠᠯᠭᠠᠲᠤ ᠰᠠᠯᠠᠭ᠎ᠠ ᠮᠥᠴᠢᠷ᠄ ᠬᠠᠮᠲᠤᠷᠠᠨ ᠰᠤᠭᠤᠴᠢᠨ ᠪᠠᠶᠢᠴᠠᠭᠠᠬᠤ ᠵᠦᠢᠯᠡᠰ ᠢ ᠡᠬᠢᠯᠡᠭᠦᠯᠬᠦ ᠰᠠᠯᠠᠭ᠎ᠠ ᠮᠥᠴᠢᠷ᠂ ᠬᠠᠮᠢᠶ᠎ᠠ ᠪᠥᠬᠦᠶ ᠬᠠᠮᠵᠢᠯᠴᠠᠬᠤ | ᠰᠠᠯᠠᠭ᠎ᠠ ᠮᠥᠴᠢᠷ | ᠲᠠᠪᠤ᠂ ᠬᠠᠷᠢᠭᠤᠴᠠᠯᠭ᠎ᠠ ᠶᠢᠨ ᠵᠠᠭᠠᠭ | ︵ᠨᠢᠭᠡ︶ ᠦᠨᠳᠦᠰᠦᠨ ᠵᠠᠷᠴᠢᠮ᠃ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠶᠢᠨ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ | ᠃ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠪᠠᠨ ᠬᠦᠢᠴᠡᠳᠬᠡᠭᠰᠡᠨ ᠥᠬᠡᠶ᠂ | ᠵᠣᠬᠢᠰ ᠥᠬᠡᠶ ᠬᠦᠢᠴᠡᠳᠭᠡᠭᠰᠡᠨ᠂ ᠬᠠᠤᠯᠢ ᠠᠴᠠ ᠵᠥᠷᠢᠴᠡᠨ ᠬᠦᠢᠴᠡᠳᠬᠡᠭᠰᠡᠨ ᠪᠠᠶᠢᠪᠠᠯ᠂ ᠬᠠᠤᠯᠢ ᠲᠣᠭᠲᠠᠭᠠᠯ ᠶᠣᠰᠣᠭᠠᠷ ᠴᠢᠩᠭ᠎ᠠ ᠰᠢᠢᠳᠪᠦᠷᠢᠯᠡᠬᠦ ᠬᠡᠷᠡᠭᠲᠡᠶ︔ | ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠭᠦᠯᠦᠨ᠎ᠡ᠃ | ᠲᠡᠷᠡᠴᠢᠯᠡᠨ᠂ ︽ᠲᠤᠰᠢᠶᠠᠯ ᠢᠶᠠᠨ ᠭᠦᠢᠴᠡᠳᠬᠡᠭᠰᠡᠨ ᠪᠤᠯ ᠪᠠᠷᠢᠮᠲᠠ ᠶᠤᠰᠤᠭᠠᠷ ᠬᠠᠷᠢᠭᠤᠴᠠᠯᠭ᠎ᠠ ᠠᠴᠠ ᠬᠡᠯᠲᠦᠷᠢᠭᠦᠯᠬᠦ᠂ ᠲᠤᠰᠢᠶᠠᠯ ᠳᠠᠭᠠᠨ ᠣᠰᠣᠯᠳᠠᠭᠰᠠᠨ ᠪᠤᠯ | ᠪᠠᠷᠢᠮᠲᠠ ᠶᠤᠰᠤᠭᠠᠷ ᠬᠠᠷᠢᠭᠤᠴᠠᠯᠭ᠎ᠠ ᠨᠡᠬᠡᠮᠵᠢᠯᠡᠬᠦ︾ ᠵᠠᠷᠴᠢᠮ ᠢ ᠪᠠᠷᠢᠮᠲᠠᠯᠠᠵᠤ᠂ ᠡᠯ᠎ᠡ ᠰᠠᠯᠠᠭ᠎ᠠ ᠮᠥᠴᠢᠷ ᠤᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠠᠵᠢᠯᠲᠠᠨ | ᠰᠤᠭᠤᠴᠢᠨ ᠪᠠᠶᠢᠴᠠᠭᠠᠬᠤ ᠵᠦᠢᠯᠡᠰ ᠤᠨ ᠨᠠᠷᠢᠨ ᠬᠠᠭᠤᠳᠠᠰᠤ ᠪᠠ ᠬᠠᠮᠢᠶ᠎ᠠ ᠪᠥᠬᠦᠶ ᠠᠵᠢᠯ ᠤᠨ ᠲᠦᠷᠢᠮ ᠢ ᠴᠢᠩᠭ᠎ᠠ ᠦᠨᠳᠦᠰᠦᠯᠡᠨ ︽ᠬᠤᠶᠠᠷ ᠢ | ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠤᠯᠲᠠ ᠶᠢ ᠥᠷᠨᠢᠭᠦᠯᠵᠦ᠂ ᠪᠠᠶᠢᠴᠠᠭᠠᠭᠳᠠᠬᠤ ᠡᠲᠡᠭᠡᠳ ᠢ ᠲᠠᠲᠠᠵᠤ ᠠᠪᠴᠢᠷᠠᠭᠰᠠᠨ ᠥᠬᠡᠶ | ᠪᠤᠶᠤ ᠲᠠᠲᠠᠵᠤ ᠠᠪᠴᠢᠷᠠᠬᠤ ᠦᠶ᠎ᠡ ᠳᠤ ᠪᠠᠶᠢᠴᠠᠭᠠᠨ ᠭᠠᠷᠭᠠᠭᠰᠠᠨ ᠥᠬᠡᠶ ᠠᠰᠠᠭᠤᠳᠠᠯ ᠪᠦᠬᠦᠨ ᠳᠤ᠂ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠠᠵᠢᠯᠲᠠᠨ ᠳᠤ | ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠵᠡᠷᠭᠡ ᠪᠠᠶᠢᠳᠠᠯ ᠣᠷᠣᠰᠢᠬᠤ ᠥᠬᠡᠶ ᠯᠡ ᠶᠤᠮ | ᠪᠣᠯ᠂ ᠬᠠᠮᠢᠶ᠎ᠠ ᠪᠥᠬᠦᠶ ᠬᠠᠷᠢᠭᠤᠴᠠᠯᠭ᠎ᠠ ᠨᠡᠬᠡᠮᠵᠢᠯᠡᠬᠦ ᠠᠴᠠ ᠭᠡᠯᠳᠦᠷᠢᠬᠦᠯᠦᠨ᠎ᠡ ᠃ | ︵ᠬᠤᠶᠠᠷ︶ ᠬᠠᠷᠢᠭᠤᠴᠠᠯᠭ᠎ᠠ ᠨᠡᠬᠡᠮᠵᠢᠯᠡᠭᠰᠡᠨ ᠪᠠᠶᠢᠳᠠᠯ᠃ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠠᠵᠢᠯᠲᠠᠨ ︽ | ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢᠨ ᠳᠤᠮᠳᠠ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠭ | ᠵᠠᠬᠢᠷᠭᠠᠨ ᠤ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠄ ᠱᠠᠭᠠᠷᠳᠠᠯᠭ᠎ᠠ ᠶᠣᠰᠣᠭᠠᠷ ᠰᠤᠭᠤᠴᠢᠨ ᠪᠠᠶᠢᠴᠠᠭᠠᠭᠰᠠᠨ ᠥᠬᠡᠶ ᠠᠴᠠ ᠪᠣᠯᠵᠣ ᠮᠠᠭᠤ ᠦᠷ᠎ᠡ ᠳ᠋ᠦᠩ ᠭᠠᠷᠭᠠᠭᠰᠠᠨ | ︔ ᠰᠣᠭᠤᠴᠢᠨ ᠪᠠᠶᠢᠴᠠᠭᠠᠭᠰᠠᠨ ᠦᠷ᠎ᠡ ᠳ᠋ᠦᠩ ᠢ ᠬᠠᠤᠯᠢ ᠶᠣᠰᠣᠭᠠᠷ ᠴᠠᠭ ᠲᠤᠬᠠᠶ ᠳᠤᠨᠢ ᠵᠠᠷᠯᠠᠨ ᠨᠡᠶᠢᠲᠡᠯᠡᠭᠰᠡᠨ ᠥᠬᠡᠶ ᠠᠴᠠ ᠪᠣᠯᠵᠣ ᠮᠠᠭᠤ ᠦᠷ᠎ᠡ ᠳ᠋ᠦᠩ | ᠭᠠᠷᠭᠠᠭᠰᠠᠨ︔ ᠰᠤᠭᠤᠴᠢᠨ ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠶᠠᠯ᠎ᠠ ᠬᠢᠭᠰᠡᠨ ᠰᠡᠵᠢᠭᠯᠡᠯᠲᠡᠶ ᠬᠡᠷᠡᠭ ᠢ ᠬᠠᠤᠯᠢ ᠶᠣᠰᠣᠭᠠᠷ ᠳᠣᠲᠣᠭᠠᠳᠤ ᠶᠢ ᠬᠠᠮᠠᠭᠠᠯᠠᠬᠤ | ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠰᠢᠢᠳᠪᠦᠷᠢᠯᠡᠬᠦᠯᠦᠭᠰᠡᠨ ᠦᠭᠡᠢ︔ ᠰᠣᠩᠭᠤᠨ ᠪᠠᠶᠢᠴᠠᠭᠠᠬᠤ ᠡᠭᠦᠷᠭᠡ ᠶᠢ ᠭᠦᠢᠴᠡᠳᠬᠡᠭᠰᠡᠨ ᠦᠭᠡᠢ ᠪᠤᠶᠤ | ᠬᠤᠶᠢᠰᠢᠯᠠᠭᠤᠯᠤᠨ ᠭᠦᠢᠴᠡᠳᠬᠡᠭᠰᠡᠨ︔ ᠬᠠᠤᠯᠢ ᠲᠣᠭᠲᠠᠭᠠᠯ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠶᠣᠰᠣᠲᠠᠶ ᠪᠤᠰᠤᠳ ᠪᠠᠶᠢᠳᠠᠯ᠃ | ︵ᠭᠤᠷᠪᠠ︶ ᠬᠠᠷᠢᠭᠤᠴᠠᠯᠭ᠎ᠠ ᠠᠴᠠ ᠭᠡᠯᠳᠦᠷᠢᠭᠦᠯᠬᠦ ᠪᠠᠶᠢᠳᠠᠯ᠃ ᠡᠯ᠎ᠡ ᠰᠠᠯᠠᠭ᠎ᠠ ᠮᠥᠴᠢᠷ ᠵᠢᠴᠢ ᠲᠡᠭᠦᠨ ᠤ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ | ᠠᠵᠢᠯᠲᠠᠨ ︽ᠬᠤᠶᠠᠷ ᠢ ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠬᠢᠨᠠᠨ ᠬᠠᠮᠢᠶᠠᠷᠤᠯᠲᠠ ᠶᠢᠨ ᠳᠤᠮᠳᠠ ᠳᠣᠤᠷᠠᠬᠢ ᠪᠠᠶᠢᠳᠠᠯ ᠤᠨ ᠨᠢᠭᠡ ᠨᠢ | ᠪᠠᠶᠢᠵᠤ᠂ ᠬᠠᠮᠢᠶ᠎ᠠ ᠪᠥᠬᠦᠶ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠠᠰᠠᠭᠤᠳᠠᠯ ᠭᠠᠷᠤᠭᠰᠠᠨ ᠪᠤᠯ᠂ ᠵᠠᠰᠠᠭ ᠵᠠᠬᠢᠷᠭᠠᠨ ᠤ ᠬᠠᠷᠢᠭᠤᠴᠠᠯᠭ᠎ᠠ ᠶᠢ ᠭᠡᠯᠳᠦᠷᠢᠭᠦᠯᠵᠦ | ᠪᠣᠯᠤᠨ᠎ᠠ᠄ ᠬᠠᠤᠯᠢ ᠴᠠᠭᠠᠵᠠ ᠬᠠᠤᠯᠢ ᠲᠣᠭᠲᠠᠭᠠᠯ ᠲᠦᠷᠢᠮ ᠲᠣᠭᠲᠠᠭᠠᠯ ᠤᠨ ᠲᠣᠭᠲᠠᠭᠠᠯ ᠪᠠ ᠰᠤᠭᠤᠴᠢᠨ ᠪᠠᠶᠢᠴᠠᠭᠠᠬᠤ ᠠᠵᠢᠯ ᠤᠨ ᠲᠥᠯᠥᠪᠯᠡᠭᠡ ᠶᠢᠨ | ᠲᠣᠬᠢᠷᠠᠭᠤᠯᠤᠯᠲᠠ ᠶᠣᠰᠣᠭᠠᠷ᠂ ᠰᠤᠭᠤᠴᠢᠨ ᠪᠠᠶᠢᠴᠠᠭᠠᠵᠤ ᠪᠠᠶᠢᠴᠠᠭᠠᠬᠤ ᠡᠭᠦᠷᠭᠡ ᠬᠠᠷᠢᠭᠤᠴᠠᠯᠭ᠎ᠠ ᠪᠠᠨ ᠨᠢᠭᠡᠨᠲᠡ ᠬᠦᠢᠴᠡᠳᠭᠡᠭᠰᠡᠨ︔ ᠤᠳᠤ ᠶᠢᠨ ᠪᠠᠶᠢᠭ᠎ᠠ ᠲᠤᠰᠬᠠᠶ | ᠮᠡᠷᠭᠡᠵᠢᠯ ᠤᠨ ᠠᠷᠭ᠎ᠠ ᠪᠠᠷᠢᠯ ᠤᠨ ᠬᠢᠵᠠᠭᠠᠷᠯᠠᠯ ᠠᠴᠠ ᠪᠤᠯᠵᠤ ᠣᠷᠣᠰᠢᠵᠤ ᠪᠠᠶᠢᠭ᠎ᠠ ᠠᠰᠠᠭᠤᠳᠠᠯ ᠢ ᠣᠯᠵᠤ ᠮᠡᠳᠡᠬᠦ ᠦᠭᠡᠢ ᠪᠠᠶᠢᠬᠤ︔ ᠪᠠᠶᠢᠴᠠᠭᠠᠭᠳᠠᠬᠤ ᠡᠲᠡᠭᠡᠳ ᠨᠢ | ᠡ᠊ᠨᠳᠡᠯ ᠭᠠᠷᠴᠤ᠂ ᠰᠢᠨᠵᠢ ᠴᠢᠨᠠᠷ ᠤᠨ ᠲᠠᠯ᠎ᠠ ᠪᠠᠷ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠠᠵᠢᠯᠳᠠᠨ ᠤ ᠰᠣᠭᠤᠴᠢᠨ ᠪᠠᠶᠢᠴᠠᠭᠠᠵᠤ ᠪᠠᠶᠢᠴᠠᠭᠠᠬᠤ ᠲᠠᠢ | ᠰᠢᠯᠲᠠᠭᠠᠨ ᠦᠷ᠎ᠡ ᠶᠢᠨ ᠬᠠᠷᠢᠴᠠᠭ᠎ᠠ ᠣᠷᠣᠰᠢᠬᠤ ᠦᠭᠡᠢ︔ ᠪᠠᠶᠢᠴᠠᠭᠠᠯᠭᠠᠬᠤ ᠪᠠᠷ ᠨᠠᠶᠢᠳᠠᠭᠰᠠᠨ ᠲᠤᠰᠬᠠᠶ ᠮᠡᠷᠭᠡᠵᠢᠯ ᠤᠨ ᠪᠠᠶᠢᠭᠤᠯᠤᠮᠵᠢ ᠬᠤᠳᠠᠯ ᠬᠠᠭᠤᠷᠮᠠᠭ | ᠮᠡᠳᠡᠭᠦᠯᠦᠯᠲᠡ ᠭᠠᠷᠭᠠᠵᠤ ᠥᠭᠭᠦᠭᠰᠡᠨ ᠠᠴᠠ ᠪᠤᠯᠵᠤ ᠪᠤᠷᠤᠭᠤ ᠮᠠᠭᠠᠳᠯᠠᠨ ᠲᠣᠭᠲᠠᠭᠠᠭᠰᠠᠨ ᠪᠤᠶᠤ ᠰᠢᠢᠳᠪᠦᠷᠢᠯᠡᠬᠦ ᠳᠤ ᠬᠦᠷᠦᠭᠦᠯᠦᠭᠰᠡᠨ︔ ᠬᠠᠤᠯᠢ ᠲᠣᠭᠲᠠᠭᠠᠯ | ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠦᠭᠡᠢ ᠪᠠᠶᠢᠪᠠᠯ ᠵᠣᠬᠢᠬᠤ ᠪᠤᠰᠤᠳ ᠪᠠᠶᠢᠳᠠᠯ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠨ ᠤᠳᠤᠷᠢᠳᠬᠤ ᠪᠠᠨ ᠴᠢᠩᠭᠠᠳᠬᠠᠬᠤ ᠬᠡᠷᠡᠭᠲᠠᠢ᠃ ᠡᠯ᠎ᠡ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠨᠢ ︽ᠬᠤᠶᠠᠷ ᠢ | ᠲᠣᠬᠢᠶᠠᠯᠳᠤᠯ ᠢᠶᠠᠷ ᠬᠢᠵᠦ᠂ ᠨᠢᠭᠡ ᠶᠢ ᠢᠯᠡ ᠪᠣᠯᠭᠠᠬᠤ︾ ᠬᠢᠨᠠᠨᠬᠠᠮᠢᠶᠠᠷᠤᠯᠲᠠ ᠶᠢᠨ ᠠᠵᠢᠯ ᠤᠨ ᠨᠢᠭᠡᠳᠦᠭᠡᠷ ᠬᠠᠷᠢᠭᠤᠴᠠᠯᠭᠠᠲᠠᠨ ᠪᠠᠶᠢᠵᠤ᠂ ᠠᠵᠢᠯ ᠤᠨ | ᠲᠥᠰᠦᠯ ᠢᠶᠠᠨ ᠪᠡᠶ᠎ᠡ ᠪᠠᠷ ᠢᠶᠠᠨ ᠪᠠᠶᠢᠷᠢᠯᠠᠭᠤᠯᠬᠤ᠂ ᠵᠠᠩᠭᠢᠯᠠᠭ᠎ᠠ ᠶᠢᠨ ᠭᠤᠭᠴᠤᠭ᠎ᠠ ᠶᠢ ᠪᠡᠶ᠎ᠡ ᠪᠠᠷ ᠢᠶᠠᠨ ᠵᠣᠬᠢᠴᠠᠭᠤᠯᠬᠤ᠂ ᠨᠠᠶᠢᠳᠠᠪᠤᠷᠢᠵᠢᠭᠤᠯᠤᠭᠰᠠᠨ ᠪᠠᠶᠢᠳᠠᠯ ᠢ | ᠪᠡᠶ᠎ᠡ ᠪᠠᠷ ᠢᠶᠠᠨ ᠱᠠᠭᠠᠷᠳᠠᠨ ᠪᠠᠶᠢᠴᠠᠭᠠᠬᠤ ᠶᠢ ᠪᠡᠶᠡᠯᠡᠭᠦᠯᠵᠦ᠂ ᠬᠢᠨᠠᠨ ᠬᠠᠮᠢᠶᠠᠷᠤᠯᠲᠠ ᠶᠢᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠶ᠃ | | ︵ᠬᠤᠶᠠᠷ︶ ᠱᠠᠭᠠᠷᠳᠠᠨ ᠪᠠᠶᠢᠴᠠᠭᠠᠵᠤ ᠰᠢᠯᠭᠠᠨ ᠬᠢᠨᠠᠬᠤ ᠶᠢ ᠴᠢᠩᠭᠠᠳᠬᠠᠬᠤ ᠬᠡᠷᠡᠭᠲᠡᠶ᠃ ᠬᠤᠲᠠ ᠶᠢᠨ ᠠᠷᠠᠳ ᠤᠨ ᠵᠠᠰᠠᠭ ᠤᠨ ᠣᠷᠳᠣᠨ ᠨᠢ ᠬᠤᠲᠠ ᠶᠢᠨ | ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ᠂ ᠡᠯ᠎ᠡ ᠬᠤᠰᠢᠭᠤ ᠲᠣᠭᠤᠷᠢᠭ ᠤᠨ ︽ᠬᠤᠶᠠᠷ ᠢ ᠲᠤᠬᠢᠶᠠᠯᠳᠤᠯ ᠢᠶᠠᠷ ᠬᠢᠬᠦ ᠂ ᠨᠢᠭᠡ ᠶᠢ ᠢᠯᠡ ᠪᠣᠯᠭᠠᠬᠤ︾ ᠠᠵᠢᠯ ᠢ | ᠬᠡᠷᠡᠭᠵᠢᠭᠦᠯᠦᠭᠰᠡᠨ ᠪᠠᠶᠢᠳᠠᠯ ᠢ 2021 ᠣᠨ ᠤ ᠭᠤᠤᠯᠳᠠᠯᠭ᠎ᠠ ᠲᠠᠢ ᠠᠵᠢᠯ ᠤᠨ ᠰᠢᠯᠭᠠᠨ ᠬᠢᠨᠠᠬᠤ ᠠᠭᠤᠯᠭ᠎ᠠ ᠳᠤ ᠣᠷᠣᠭᠤᠯᠵᠤ᠂ ᠠᠵᠢᠯ ᠤᠨ ᠠᠬᠢᠴᠠ ᠪᠠᠷ | ᠤᠳᠠᠭᠠᠨ ᠪᠠᠶᠢᠭ᠎ᠠ ᠬᠤᠲᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ᠂ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠬᠠᠷᠢᠭᠤᠴᠠᠯᠭᠠᠲᠠᠨ ᠲᠠᠢ | ᠪᠣᠯᠵᠣᠨ ᠶᠠᠷᠢᠯᠴᠠᠨ᠎ᠠ᠃ | ︵ᠭᠤᠷᠪᠠ︶ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠳ ᠬᠠᠤᠯᠢ ᠬᠡᠷᠡᠭᠵᠢᠭᠦᠯᠬᠦ ᠣᠨᠣᠯᠵᠢᠬᠤᠨ ᠢᠶᠠᠨ | ᠦᠨᠡᠨᠬᠦ ᠬᠤᠪᠢᠷᠠᠭᠤᠯᠵᠤ᠂ ᠤᠬᠠᠭᠤᠯᠬᠤ ᠡᠷᠴᠢᠮ ᠢᠶᠠᠨ ᠴᠢᠩᠭᠠᠷᠠᠭᠤᠯᠤᠨ᠂ ᠬᠠᠤᠯᠢ ᠬᠡᠷᠡᠭᠵᠢᠭᠦᠯᠬᠦ ᠠᠵᠢᠯᠲᠠᠨ ᠤ ᠪᠣᠯᠪᠠᠰᠤᠷᠠᠭᠤᠯᠤᠯ ᠢ ᠴᠢᠩᠭᠠᠳᠬᠠᠵᠤ᠂ ︽ᠬᠤᠶᠠᠷ | ᠢ ᠲᠤᠬᠢᠶᠠᠯᠳᠤᠯ ᠢᠶᠠᠷ ᠬᠢᠬᠦ ᠂ ᠨᠢᠭᠡ ᠶᠢ ᠢᠯᠡ ᠪᠣᠯᠭᠠᠬᠤ︾ ᠰᠤᠭᠤᠴᠢᠨ ᠪᠠᠶᠢᠴᠠᠭᠠᠵᠤ ᠬᠢᠨᠠᠨ ᠬᠠᠮᠢᠶᠠᠷᠬᠤ ᠲᠦᠷᠢᠮ ᠢ ᠰᠦᠪᠡᠭᠴᠢᠯᠡᠨ ᠲᠡᠭᠦᠯᠳᠡᠷᠵᠢᠭᠦᠯᠵᠦ᠂ | ᠬᠠᠤᠯᠢ ᠬᠡᠷᠡᠭᠵᠢᠭᠦᠯᠬᠦ ᠴᠢᠳᠠᠪᠤᠷᠢ ᠪᠠ ᠬᠢᠷᠢ ᠬᠡᠮᠵᠢᠶ᠎ᠡ ᠪᠠᠨ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ | |