ᠣᠷᠳᠣᠰ ᠬᠤᠲᠠ ᠶᠢᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ  ᠢ ᠪᠠᠶᠢᠭᠤᠯᠬᠤ  ᠲᠤᠬᠠᠢ ᠣᠷᠳᠣᠰ  ᠬᠤᠲᠠ  ᠶᠢᠨ ᠠᠷᠠᠳ ᠤᠨ ᠵᠠᠰᠠᠭ ᠤᠨ ᠣᠷᠳᠣᠨ  ᠤ ᠠᠯᠪᠠᠨ ᠬᠡᠷ ᠤᠨ  ᠮᠡᠳᠡᠭᠳᠡᠯ  ᠣᠷᠳᠣᠰ ᠵᠠᠰᠠᠭ ᠠᠯᠪᠠᠨ ᠲᠠᠷᠬᠠᠭᠠᠭᠰᠠᠨ  ﹇2021 ﹈ 44  ᠳ᠋ᠣᠭᠡᠷ ᠲᠣᠭᠠᠲᠤ
ᠨᠡᠶᠢᠲᠡᠯᠡᠭᠰᠡᠨ ᠴᠠᠭ᠄
2021/12/30
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄     ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠬᠠᠤᠯᠢ︾ ᠶᠢ ᠭᠦᠨᠵᠡᠭᠡᠶ ᠲᠤᠤᠱᠯᠠᠭᠤᠯᠤᠨ ᠨᠠᠶᠢᠲᠠᠪᠤᠷᠢᠵᠢᠭᠤᠯᠵᠤ᠂ ᠮᠠᠨ ᠤ ᠬᠤᠲᠠ ᠶᠢᠨ ᠨᠠᠰᠤᠨ ᠳᠤ ᠥᠯᠥ ᠬᠦᠷᠦᠭᠰᠡᠳ ᠢ ᠬᠠᠮᠠᠭᠠᠯᠠᠬᠤ ᠠᠵᠢᠯ ᠢ ᠨᠢᠭᠡᠳᠦᠯᠲᠡᠶ ᠲᠥᠯᠥᠪᠯᠡᠬᠦ᠂ ᠵᠣᠬᠢᠴᠠᠭᠤᠯᠬᠤ᠂  ᠱᠠᠭᠠᠷᠳᠠᠭᠤᠯᠬᠤ ᠪᠠ ᠵᠢᠯᠣᠭᠤᠳᠬᠤ ᠠᠵᠢᠯ ᠢ ᠴᠢᠨᠠᠭᠰᠢᠳᠠ ᠴᠢᠩᠭᠠᠳᠬᠠᠬᠤ ᠶᠢᠨ ᠲᠤᠰᠠᠳᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠣᠷᠳᠣᠰ ᠬᠤᠲᠠ ᠶᠢᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠤᠳᠤᠷᠢᠳᠬᠤ ᠳᠤᠭᠤᠶᠢᠯᠠᠩ ︵ᠲᠤᠤᠷ᠎ᠠ ᠤᠳᠤᠷᠢᠳᠬᠤ ᠳᠤᠭᠤᠶᠢᠯᠠᠩ  ᠭᠡᠨ᠎ᠡ︶ ᠢ ᠪᠠᠶᠢᠭᠤᠯᠬᠤ ᠪᠠᠷ ᠲᠣᠭᠲᠠᠵᠤ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠢ ᠬᠤᠲᠠ ᠶᠢᠨ ᠨᠡᠶᠢᠭᠡᠮ ᠤᠨ ᠠᠵᠢᠯ ᠦᠢᠯᠡᠰ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠲᠤᠰᠬᠠᠶ ᠠᠵᠢᠯ ᠪᠣᠯᠭᠠᠵᠤ᠂ ᠤᠳᠤᠷᠢᠳᠬᠤ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠬᠤᠲᠠ ᠶᠢᠨ ᠨᠡᠶᠢᠭᠡᠮ ᠤᠨ ᠠᠵᠢᠯ ᠦᠢᠯᠡᠰ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠳ᠋ᠦ᠋ ᠬᠤᠶ ᠯᠢᠶᠠᠩ ᠡᠭᠦᠷᠭᠡᠯᠡᠨ᠎ᠡ᠂ ᠪᠦᠷᠢᠯᠳᠦᠬᠦᠨ ᠨᠢ ᠳᠣᠤᠷᠠᠬᠢ ᠮᠡᠲᠦ᠄     ᠳᠤᠭᠤᠶᠢᠯᠠᠩ ᠤᠨ ᠳᠠᠷᠤᠭ᠎ᠠ᠄ ᠳ᠋ᠦ᠋ ᠾᠦᠢ ᠯᠢᠶᠠᠩ      ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ     ᠳᠤᠭᠤᠶᠢᠯᠠᠩ ᠤᠨ ᠲᠡᠳ᠋ ᠳᠠᠷᠤᠭ᠎ᠠ᠄     ᠱᠢ ᠶᠠᠨ ᠵᠢᠶᠧ          ᠬᠤᠲᠠ ᠶᠢᠨ  ᠲᠡᠳ᠋ ᠳᠠᠷᠤᠭ᠎ᠠ     ᠭᠤᠤ  ᠸᠧᠨ ᠾᠧ        ᠬᠤᠳᠠ ᠶᠢᠨ ᠲᠡᠳ᠋ ᠳᠠᠷᠤᠭ᠎ᠠ᠂ ᠬᠤᠳᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠠᠷᠤᠭ᠎ᠠ     ᠵᠠᠩ ᠵᠥᠩ ᡁᠢ          ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ᠂ ᠠᠯᠪᠠᠨ ᠭᠡᠷ ᠤᠨ ᠡᠷᠬᠢᠯᠡᠭᠴᠢ     ᠴᠧᠨ ᠰᠢ ᠷᠦᠩ         ᠬᠤᠲᠠ ᠶᠢᠨ ᠠᠷᠠᠳ ᠤᠨ ᠵᠠᠰᠠᠭ ᠤᠨ ᠣᠷᠳᠣᠨ ᠤ  ᠲᠡᠳ᠋ ᠨᠠᠷᠢᠨ ᠪᠢᠴᠢᠭ ᠤᠨ ᠳᠠᠷᠤᠭ᠎ᠠ    ᠰᠢᠨ ᠬᠤᠩ ᠯᠢᠶᠠᠩ    ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶᠠᠨ ᠤ ᠲᠠᠷᠤᠭ᠎ᠠ     ᠪᠦᠷᠢᠯᠳᠦᠬᠦᠨ᠄    ᠶᠠᠩ ᠢᠦᠶ ᠯᠦᠩ     ᠬᠤᠲᠠ ᠶᠢᠨ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠳᠡᠳ᠋ ᠳᠠᠷᠤᠭ᠎ᠠ     ᠭᠤᠤ ᠹᠧᠩ          ᠬᠤᠲᠠ ᠶᠢᠨ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠲᠡᠳ᠋ ᠱᠦᠵᠢ    ᠴᠢᠶᠣᠤ ᠶᠢᠨ ᠯᠢ       ᠬᠤᠲᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ  ᠵᠠᠩᠬᠢᠴᠢᠯᠠᠯᠲᠠ ᠶᠢᠨ ᠵᠥᠪᠯᠡᠯ ᠤᠨ ᠠᠯᠪᠠᠨ ᠬᠡᠷ ᠤᠨ ᠳᠡᠳ᠋ ᠡᠷᠬᠢᠯᠡᠭᠴᠢ     ᠶᠢᠨ ᠷᠦᠢ           ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠠᠤᠯᠢ ᠲᠦᠷᠢᠮ ᠤᠨ ᠠᠵᠢᠯ ᠤᠨ ᠵᠦᠪᠯᠡᠯ ᠤᠨ ᠡᠷᠬᠢᠯᠡᠭᠴᠢ    ᠡᠦ ᠽᠠᠢ ᠾᠧᠦ       ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠳᠡᠳ᠋ ᠡᠷᠬᠢᠯᠡᠭᠴᠢ     ᠰᠢᠤᠢ ᠵᠢᠶᠦ᠋ᠨ ᠴᠢᠩ    ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶᠠᠨ ᠤ ᠳᠡᠳ᠋ ᠳᠠᠷᠤᠭ᠎ᠠ     ᠸᠠᠩ ᠰᠦᠸᠧ ᠬᠤᠤ    ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ     ᠸᠠᠩ ᠹᠧᠶ           ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠳᠡᠳ᠋ ᠳᠠᠷᠤᠭ᠎ᠠ    ᠯᠢᠦ ᠢᠦᠢ ᠵᠧᠨ       ᠬᠤᠲᠠ ᠶᠢᠨ ᠠᠷᠠᠳ ᠤᠨ  ᠶᠠᠪᠤᠳᠠᠯ ᠤᠨ ᠲᠣᠪᠴᠢᠶᠠᠨ ᠤ ᠳᠡᠳ᠋ ᠳᠠᠷᠤᠭ᠎ᠠ    ᠪᠠᠶ ᠭᠤᠸᠠᠩ         ᠬᠤᠸᠠ  ᠬᠤᠲᠠ ᠶᠢᠨ ᠬᠠᠤᠯᠢ ᠴᠠᠭᠠᠵᠠ ᠶᠢᠨ ᠲᠣᠪᠴᠢᠶᠠᠨ ᠤ ᠳᠡᠳ᠋ ᠳᠠᠷᠤᠭ᠎ᠠ    ᠯᠢᠦ ᠸᠧᠨ ᠴᠢᠩ      ᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠳᠡᠳ᠋ ᠳᠠᠷᠤᠭ᠎ᠠ     ᠵᠧᠦ ᠷᠦ᠋ ᠱᠠᠨ       ᠬᠤᠳᠠ ᠶᠢᠨ ᠣᠷᠣᠨ ᠰᠠᠭᠤᠴᠠ ᠪᠠ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠶᠢᠨ ᠲᠣᠪᠴᠢᠶᠠᠨ ᠤ ᠳᠡᠳ᠋ ᠳᠠᠷᠤᠭ᠎ᠠ     ᠸᠠᠩ  ᠹᠧᠩ ᠯᠢᠶᠠᠨ   ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠡᠳ᠋ ᠳᠠᠷᠤᠭ᠎ᠠ     ᠰᠢᠨᠵᠢᠯᠡᠲᠦ          ᠬᠤᠲᠠ ᠶᠢᠨ ᠵᠠᠮ  ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶᠠᠨ ᠤ ᠳᠡᠳ᠋ ᠳᠠᠷᠤᠭ᠎ᠠ     ᠶᠠᠩ ᠲᠠᠢ           ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠡᠳ᠋ ᠳᠠᠷᠤᠭ᠎ᠠ     ᠰᠢᠶᠧ ᠶᠦᠩ ᠹᠧᠩ    ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶᠠᠨ ᠤ ᠳᠡᠳ᠋ ᠳᠠᠷᠤᠭ᠎ᠠ     ᠸᠠᠩ ᠱᠧᠩ         ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠨᠠᠮ ᠤᠨ ᠬᠤᠷᠢᠶᠠᠨ ᠤ ᠱᠦᠵᠢ       ᠳ᠋ᠢ ᠹᠧᠶ ᠫᠢᠩ        ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ     ᠮᠢᠶᠣᠣ ᠵᠢᠶ ᠭᠤᠸᠠᠩ    ᠬᠤᠲᠠ ᠶᠢᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ     ᠱᠧ ᠬᠦᠶ ᠯᠠᠨ        ᠬᠤᠲᠠ ᠶᠢᠨ ᠵᠠᠬ᠎ᠠ ᠳᠡᠯᠭᠡᠭᠦᠷ ᠤᠨ  ᠬᠢᠨᠠᠨ ᠬᠠᠮᠢᠶᠠᠷᠤᠯᠲᠠ ᠶᠢᠨ ᠲᠣᠪᠴᠢᠶᠠᠨ ᠤ ᠳᠡᠳ᠋ ᠳᠠᠷᠤᠭ᠎ᠠ     ᠯᠢᠦ ᠴᠦᠨ ᠱᠠᠨ      ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ     ᠯᠢᠦ ᠭᠤᠸᠠᠩ ᠸᠧᠨ    ᠬᠤᠲᠠ ᠶᠢᠨ ᠡᠮᠨᠡᠯᠭᠡ ᠶᠢᠨ ᠪᠠᠲᠤᠯᠠᠭ᠎ᠠ ᠶᠢᠨ ᠲᠣᠪᠴᠢᠶᠠᠨ ᠤ ᠳᠡᠳ᠋ ᠳᠠᠷᠤᠭ᠎ᠠ     ᠵᠢᠶᠠ ᠴᠠᠩ ᠪᠢᠩ     ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠳᠡᠳ᠋ ᠳᠠᠷᠤᠭ᠎ᠠ     ᠯᠢ ᠸᠧᠶ ᠳ᠋ᠦᠩ       ᠬᠤᠲᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠳᠡᠳ᠋ ᠪᠠᠶᠢᠴᠠᠭᠠᠬᠤ ᠳᠠᠷᠤᠭ᠎ᠠ     ᠵᠣᠣ ᠪᠢᠨ           ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠬᠤᠶᠠᠳᠤᠭᠠᠷ ᠳᠡᠰ ᠤᠨ ᠪᠠᠶᠢᠴᠠᠭᠠᠨ ᠰᠣᠳᠣᠯᠣᠭᠴᠢ     ᠸᠠᠩ ᠫᠧᠶ ᠴᠢᠨ      ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ     ᠵᠧᠦ ᠰᠢ ᠶᠠᠨ        ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ     ᠰᠣᠶᠣᠯ             ᠬᠤᠲᠠ ᠶᠢᠨ ᠠᠵᠢᠯᠴᠢᠨ ᠤ ᠶᠡᠷᠦᠩᠬᠡᠶ ᠡᠪᠯᠡᠯ ᠤᠨ ᠳᠡᠳ᠋ ᠲᠡᠷᠢᠭᠦᠯᠡᠭᠴᠢ     ᠪᠠᠶ ᠵᠢᠶᠧ          ᠡᠪ ᠬᠠᠮᠲᠤ ᠵᠠᠯᠠᠭᠤᠴᠤᠳ ᠤᠨ ᠡᠪᠯᠡᠯ ᠤᠨ ᠣᠷᠳᠣᠰ ᠬᠤᠲᠠ ᠶᠢᠨ ᠬᠤᠷᠢᠶ᠎ᠠ ᠶᠢᠨ ᠳᠡᠳ᠋ ᠱᠦᠵᠢ    ᠯᠢᠦ ᠵᠢᠶᠦ᠋ᠨ        ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠳᠡᠳ᠋ ᠲᠡᠷᠢᠭᠦᠯᠡᠭᠴᠢ    ᠱᠢ ᠵᠢᠶᠦ᠋ᠨ         ᠬᠤᠲᠠ ᠶᠢᠨ ᠵᠡᠮᠳᠡᠭᠴᠦᠳ ᠤᠨ ᠬᠤᠯᠪᠣᠭᠠᠲᠤ ᠬᠤᠷᠠᠯ ᠤᠨ ᠳᠡᠳ᠋ ᠬᠡᠷᠡᠭ ᠡᠷᠬᠢᠯᠡᠭᠴᠢᠳ ᠤᠨ ᠳᠠᠷᠤᠭ᠎ᠠ    ᠬᠠᠨ ᠯᠧᠢ          ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠣᠭᠠᠲᠤ ᠬᠤᠷᠠᠯ ᠤᠨ ᠳᠡᠳ᠋ ᠲᠡᠷᠢᠭᠦᠯᠡᠭᠴᠢ    ᠸᠠᠩ ᠵᠢᠶᠠᠨ ᠬᠤᠸᠠ   ᠬᠤᠲᠠ ᠶᠢᠨ ᠬᠤᠶᠢᠴᠢ ᠦᠶ᠎ᠡ ᠶᠢᠨ ᠬᠢᠨ ᠢ ᠬᠠᠯᠠᠮᠵᠢᠯᠠᠬᠤ ᠠᠵᠢᠯ ᠤᠨ ᠵᠥᠪᠯᠡᠯ ᠤᠨ ᠳᠡᠳ᠋ ᠡᠷᠬᠢᠯᠡᠭᠴᠢ᠂ ᠨᠠᠷᠢᠨ ᠪᠢᠴᠢᠭ ᠤᠨ ᠳᠠᠷᠤᠭ᠎ᠠ     ᠤᠳᠤᠷᠢᠳᠬᠤ ᠳᠤᠭᠤᠶᠢᠯᠠᠩ ᠨᠢ ᠰᠢ ᠶᠢᠨ ᠫᠢᠩ ᠶᠡᠷᠦᠩᠬᠡᠶ ᠱᠦᠵᠢ ᠶᠢᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠣᠣᠱᠯᠠᠭᠤᠯᠵᠤ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ  ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠲᠠᠪᠤᠷᠢᠵᠢᠭᠤᠯᠬᠤ ᠶᠢ ᠬᠠᠷᠢᠭᠤᠴᠠᠬᠤ ᠬᠡᠷᠡᠭᠲᠠᠢ︔ ᠪᠥᠬᠦ ᠬᠤᠲᠠ ᠶᠢᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠢ ᠨᠢᠭᠡᠳᠦᠯᠲᠡᠶ ᠲᠥᠯᠥᠪᠯᠡᠨ ᠵᠣᠬᠢᠴᠠᠭᠤᠯᠵᠤ᠂ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠴᠢᠬᠤᠯᠠ ᠶᠡᠭᠡ  ᠵᠦᠢᠯᠡᠰ ᠢ ᠰᠤᠳᠤᠯᠤᠨ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠲᠥᠯᠥᠪᠵᠢᠭᠦᠯᠭᠡ᠂ ᠲᠥᠷᠥ ᠶᠢᠨ ᠪᠣᠳᠣᠯᠭ᠎ᠠ᠂ ᠬᠡᠷᠡᠭᠵᠢᠭᠦᠯᠦᠯᠲᠡ᠂ ᠪᠠᠷᠢᠮᠵᠢᠶ᠎ᠠ ᠶᠢ ᠲᠣᠭᠲᠠᠭᠠᠨ ᠬᠡᠷᠡᠭᠵᠢᠭᠦᠯᠬᠦ ᠶᠢ ᠵᠣᠬᠢᠴᠠᠭᠤᠯᠤᠨ ᠠᠬᠢᠭᠤᠯᠬᠤ ᠬᠡᠷᠡᠭᠲᠠᠢ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠬᠠᠤᠯᠢ︾ ᠵᠡᠷᠭᠡ ᠬᠠᠮᠢᠶ᠎ᠠ ᠪᠥᠬᠦᠶ ᠬᠠᠤᠯᠢ ᠲᠣᠭᠲᠠᠭᠠᠯ ᠪᠠ ᠲᠦᠷᠢᠮ ᠢ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠡᠯ᠎ᠡ ᠬᠤᠰᠢᠭᠤ ᠲᠤᠭᠤᠷᠢᠭ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠡᠭᠦᠷᠭᠡ ᠪᠠᠨ ᠪᠡᠶᠡᠯᠡᠭᠦᠯᠦᠭᠰᠡᠨ ᠪᠠᠶᠢᠳᠠᠯ ᠢ  ᠱᠠᠭᠠᠷᠳᠠᠭᠤᠯᠤᠨ ᠪᠠᠶᠢᠴᠠᠭᠠᠵᠤ᠂ ᠨᠠᠰᠤᠨ ᠳᠤ ᠥᠯᠥ ᠭᠦᠷᠦᠭᠰᠡᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠬᠦᠨᠳᠦ ᠶᠡᠭᠡ ᠬᠡᠷᠡᠭ ᠢ ᠰᠢᠢᠳᠪᠦᠷᠢᠯᠡᠬᠦ ᠠᠵᠢᠯ ᠢ  ᠱᠠᠭᠠᠷᠳᠠᠭᠤᠯᠤᠨ  ᠬᠦᠢᠴᠡᠳᠬᠡᠬᠦ ᠬᠡᠷᠡᠭᠲᠠᠢ︔ ᠡᠯ᠎ᠡ ᠬᠤᠰᠢᠭᠤ ᠲᠣᠭᠤᠷᠢᠭ᠂  ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠤᠯᠢ ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠣᠰᠣᠭᠠᠷ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠢ ᠰᠠᠶᠢᠲᠤᠷ ᠬᠢᠬᠦ ᠶᠢ ᠵᠢᠯᠣᠭᠤᠳᠴᠤ᠂ ᠡᠭᠦᠷᠭᠡ ᠲᠤᠰᠢᠶᠠᠯ ᠢᠶᠠᠨ ᠰᠠᠶᠢᠲᠤᠷ  ᠬᠦᠢᠴᠡᠳᠭᠡᠭᠰᠡᠨ ᠥᠬᠡᠶ᠂ ᠮᠠᠭᠤ ᠨᠥᠯᠥᠭᠡ ᠭᠠᠷᠭᠠᠭᠰᠠᠨ ᠬᠤᠰᠢᠭᠤ ᠲᠣᠭᠤᠷᠢᠭ ᠪᠤᠶᠤ ᠰᠠᠯᠠᠭ᠎ᠠ ᠮᠥᠴᠢᠷ ᠢ ᠱᠠᠭᠠᠷᠳᠠᠭᠤᠯᠤᠨ ᠬᠦᠢᠴᠡᠳᠬᠡᠬᠦᠯᠵᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠬᠤ ᠬᠡᠷᠡᠭᠲᠠᠢ︔ ᠨᠠᠰᠤᠨ ᠳᠤ ᠥᠯᠥ ᠭᠦᠷᠦᠭᠰᠡᠳ ᠢ ᠬᠠᠮᠠᠭᠠᠯᠠᠬᠤ ᠠᠵᠢᠯ ᠤᠨ ᠲᠤᠷᠰᠢᠯᠭ᠎ᠠ ᠶᠢ ᠳ᠋ᠦᠩᠨᠡᠨ ᠳᠡᠯᠭᠡᠷᠡᠭᠦᠯᠵᠦ᠂ ᠲᠤᠭ᠎ᠠ ᠪᠦᠷᠢᠳᠬᠡᠯ ᠤᠨ ᠪᠠᠶᠢᠴᠠᠭᠠᠯᠲᠠ᠂ ᠤᠬᠠᠭᠤᠯᠭ᠎ᠠ ᠬᠥᠮᠦᠵᠢᠯ ᠪᠠ ᠬᠥᠬᠢᠭᠦᠯᠦᠨ ᠱᠠᠩᠨᠠᠬᠤ ᠠᠵᠢᠯ ᠢ ᠵᠣᠬᠢᠶᠠᠨ ᠪᠠᠶᠢᠭᠤᠯᠤᠨ  ᠦᠷᠨᠢᠬᠦᠯᠬᠦ ᠬᠡᠷᠡᠭᠲᠠᠢ︔ ᠤᠳᠤᠷᠢᠳᠤᠯᠭ᠎ᠠ ᠶᠢᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃     ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠳᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠳᠤ ᠭᠠᠷᠭᠠᠵᠤ᠂ ᠤᠳᠤᠷᠢᠳᠬᠤ ᠳᠤᠭᠤᠶᠢᠯᠠᠩ ᠤᠨ ᠡᠳᠦᠷ ᠲᠤᠳᠤᠮ ᠤᠨ ᠠᠵᠢᠯ ᠢ ᠡᠭᠦᠷᠭᠡᠯᠡᠭᠦᠯᠦᠨ᠎ᠡ᠃ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠠᠷᠠᠳ ᠤᠨ  ᠶᠠᠪᠤᠳᠠᠯ ᠤᠨ ᠲᠣᠪᠴᠢᠶᠠᠨ ᠤ ᠳᠠᠷᠤᠭ᠎ᠠ ᠰᠢᠨ ᠬᠤᠩ ᠯᠢᠶᠠᠩ ᠬᠠᠪᠰᠤᠷᠭᠠᠨ ᠬᠠᠷᠢᠭᠤᠴᠠᠵᠤ᠂ ᠪᠠᠶᠢᠩᠭᠤ ᠶᠢᠨ ᠳᠡᠳ᠋ ᠡᠷᠬᠢᠯᠡᠭᠴᠢ ᠶᠢᠨ ᠲᠤᠰᠢᠶᠠᠯ ᠢ ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠡᠳ᠋ ᠳᠠᠷᠤᠭ᠎ᠠ ᠯᠢᠦ ᠢᠦᠶ ᠵᠧᠨ᠂ ᠬᠤᠲᠠ ᠶᠢᠨ ᠰᠦᠯᠵᠢᠶᠡᠨ ᠤ ᠠᠮᠤᠷ ᠲᠦᠪᠰᠢᠨ ᠪᠠ ᠮᠡᠳᠡᠭᠡ  ᠵᠠᠩᠬᠢᠴᠢᠯᠠᠯᠲᠠ ᠶᠢᠨ ᠵᠥᠪᠯᠡᠯ ᠤᠨ ᠠᠯᠪᠠᠨ ᠭᠡᠷ ᠤᠨ ᠳᠡᠳ᠋ ᠡᠷᠬᠢᠯᠡᠭᠴᠢ ᠴᠢᠶᠣᠤ ᠶᠢᠨ ᠯᠢ᠂ ᠬᠤᠲᠠ ᠶᠢᠨ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠳᠡᠳ᠋ ᠳᠠᠷᠤᠭ᠎ᠠ ᠰᠢᠤᠢ ᠵᠢᠶᠦ᠋ᠨ ᠴᠢᠩ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠡᠳ᠋ ᠳᠠᠷᠤᠭ᠎ᠠ ᠸᠠᠩ ᠹᠸᠢ᠂ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠨᠠᠮ ᠤᠨ ᠬᠤᠷᠢᠶ᠎ᠠ ᠶᠢᠨ ᠱᠦᠵᠢ ᠸᠠᠩ ᠱᠧᠩ᠂ ᠬᠤᠲᠠ ᠶᠢᠨ ᠠᠷᠠᠳ ᠤᠨ ᠰᠢᠭᠦᠬᠦ ᠬᠤᠷᠢᠶ᠎ᠠ ᠶᠢᠨ ᠳᠡᠳ᠋ ᠬᠤᠷᠢᠶᠠᠨ ᠳᠠᠷᠤᠭ᠎ᠠ ᠵᠢᠶᠠ ᠴᠠᠩ ᠪᠢᠩ᠂ ᠬᠤᠲᠠ ᠶᠢᠨ ᠠᠷᠠᠳ ᠤᠨ ᠪᠠᠶᠢᠴᠠᠭᠠᠬᠤ ᠬᠤᠷᠢᠶ᠎ᠠ ᠶᠢᠨ ᠳᠡᠳ᠋ ᠪᠠᠶᠢᠴᠠᠭᠠᠬᠤ ᠳᠠᠷᠤᠭ᠎ᠠ ᠯᠢ ᠸᠧᠶ ᠳ᠋ᠦᠩ᠂ ᠡᠪ ᠬᠠᠮᠲᠤ ᠵᠠᠯᠠᠭᠤᠴᠤᠳ ᠤᠨ ᠡᠪᠯᠡᠯ ᠤᠨ ᠣᠷᠳᠣᠰ ᠬᠤᠲᠠ ᠶᠢᠨ ᠬᠤᠷᠢᠶ᠎ᠠ ᠶᠢᠨ ᠳᠡᠳ᠋ ᠱᠦᠵᠢ ᠪᠠᠶ ᠵᠢᠶᠧ᠂ ᠬᠤᠲᠠ ᠶᠢᠨ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠸᠠᠩ ᠫᠸᠢ ᠴᠢᠨ ᠬᠠᠪᠰᠤᠷᠭᠠᠨ ᠬᠠᠷᠢᠭᠤᠴᠠᠨ᠎ᠠ᠃     ᠡᠭᠦᠨ ᠠᠴᠠ ᠬᠤᠶᠢᠰᠢ ᠬᠤᠳᠠ ᠶᠢᠨ ᠤᠳᠤᠷᠢᠳᠤᠯᠭ᠎ᠠ  ᠠᠴᠠ ᠭᠠᠳᠠᠨ᠎ᠠ᠂ ᠪᠤᠰᠤᠳ ᠬᠥᠮᠦᠰ ᠲᠤ ᠬᠤᠪᠢᠷᠠᠯᠲᠠ ᠭᠠᠷᠪᠠᠯ ᠤᠳᠤᠷᠢᠳᠬᠤ ᠳᠤᠭᠤᠶᠢᠯᠠᠩ ᠠᠴᠠ ᠥᠪᠡᠷᠰᠡᠳ ᠢᠶᠠᠨ ᠲᠣᠬᠢᠷᠠᠭᠤᠯᠤᠨ᠎ᠠ᠂ ᠠᠰ ᠲᠤᠨᠢ  ᠪᠢᠴᠢᠭ ᠮᠠᠲ᠋ᠧᠷᠢᠶᠠᠯ ᠢᠶᠠᠷ ᠮᠡᠳᠡᠭᠳᠡᠬᠦ ᠦᠭᠡᠢ᠃                                         ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ                                                 2021 ᠣᠨ ᠤ 6 ᠰᠠᠷ᠎ᠠ ᠶᠢᠨ 11  ᠤ ᠡᠳᠦᠷ 
ᠢᠷᠡᠯᠲᠡ᠄ ᠤᠷᠳᠤᠰ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ