ᠣᠷᠳᠣᠰ ᠬᠤᠲᠠ ᠶᠢᠨ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ︽ᠣᠷᠣᠨ ᠪᠦᠰᠡ ᠶᠢᠨ ᠦᠨᠡᠯᠡᠨ ᠵᠢᠱᠢᠯᠲᠡ ᠠᠵᠢᠯ︾ ᠤᠨ ᠬᠡᠷᠡᠭᠵᠢᠭᠦᠯᠬᠦ ᠲᠥᠰᠦᠯ ︵ᠲᠦᠷ ᠬᠡᠷᠡᠭᠵᠢᠭᠦᠯᠬᠦ︶ ᠢ ᠲᠠᠷᠤᠮᠠᠯᠯᠠᠨ ᠶᠠᠪᠤᠭᠤᠯᠬᠤ ᠲᠤᠬᠠᠢ ᠤᠷᠳᠤᠰ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠮᠡᠳᠡᠭᠳᠡᠯ    ᠤᠷᠳᠤᠰ ᠵᠠᠰᠠᠭ ᠲᠠᠷᠬᠠᠭᠠᠭᠰᠠᠨ ﹇2021﹈ 159 ᠳ᠋ᠤᠬᠡᠷ ᠲᠤᠭᠠᠳᠤ
ᠨᠡᠶᠢᠲᠡᠯᠡᠭᠰᠡᠨ ᠴᠠᠭ᠄
2021/12/30
ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ᠄     ︽ᠣᠷᠳᠣᠰ ᠬᠤᠲᠠ ᠶᠢᠨ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ︿ᠣᠷᠣᠨ ᠪᠦᠰᠡ ᠶᠢᠨ ᠦᠨᠡᠯᠡᠨ ᠵᠢᠱᠢᠬᠦ ᠠᠵᠢᠯ﹀ ᠤᠨ ᠬᠡᠷᠡᠭᠵᠢᠭᠦᠯᠬᠦ ᠲᠥᠰᠦᠯ ︵ᠲᠦᠷ ᠬᠡᠷᠡᠭᠵᠢᠭᠦᠯᠬᠦ︶︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠳᠠᠳᠤ ᠪᠠᠶᠢᠳᠠᠯ ᠲᠠᠢ ᠪᠠᠨ ᠤᠶᠠᠯᠳᠤᠭᠤᠯᠤᠨ᠂ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠲᠦᠭᠡᠶ᠃                                         ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ                                             2021 ᠣᠨ ᠤ 9 ᠰᠠᠷ᠎ᠠ ᠶᠢᠨ 2 ᠤᠨ ᠡᠳᠦᠷᠣᠷᠳᠣᠰ ᠬᠤᠲᠠ ᠶᠢᠨ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ︽ᠣᠷᠣᠨ ᠪᠦᠰᠡ ᠶᠢᠨ ᠦᠨᠡᠯᠡᠨ ᠵᠢᠱᠢᠯᠲᠡ︾ ᠶᠢᠨ ᠬᠡᠷᠡᠭᠵᠢᠭᠦᠯᠬᠦ ᠲᠥᠰᠦᠯ ︵ᠲᠦᠷ ᠬᠡᠷᠡᠭᠵᠢᠭᠦᠯᠬᠦ︶    ᠲᠥᠪ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠠᠷᠠᠳ ᠤᠨ ᠵᠠᠰᠠᠭ ᠤᠨ ᠣᠷᠳᠣᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢᠨ ᠬᠤᠪᠢᠷᠠᠭᠤᠯᠤᠯᠲᠠ ᠶᠢ ᠠᠬᠢᠭᠤᠯᠬᠤ ᠪᠠ ︽ᠪᠠᠭᠤᠯᠭᠠᠬᠤ ᠬᠠᠮᠢᠶᠠᠷᠬᠤ ᠣᠶᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠵᠠᠬ᠎ᠠ ᠳᠡᠯᠭᠡᠭᠦᠷ ᠤᠨ ᠭᠤᠤᠯ ᠴᠣᠭᠴᠠ ᠳᠤ ᠨᠠᠩ ᠰᠠᠶᠢᠨ ᠣᠶᠢᠯᠡᠴᠢᠯᠡᠬᠦ ᠲᠤᠬᠠᠶ ᠡᠯ᠎ᠡ ᠵᠣᠶᠢᠯ ᠤᠨ ᠰᠢᠢᠳᠪᠦᠷᠢᠳᠤ ᠪᠣᠳᠣᠯᠭ᠎ᠠ ᠪᠠᠶᠢᠷᠢᠯᠠᠭᠤᠯᠤᠯᠲᠠ ᠶᠢ ᠴᠢᠨᠠᠭᠰᠢᠳᠠ ᠲᠤᠤᠱᠯᠠᠭᠤᠯᠤᠨ ᠨᠠᠶᠢᠳᠠᠪᠦᠷᠢᠵᠢᠭᠤᠯᠵᠤ᠂ ᠦᠢᠯᠡᠴᠢᠯᠡᠭᠡᠨ ᠤ ᠴᠢᠳᠠᠪᠤᠷᠢ ᠪᠠᠨ ᠴᠢᠨᠠᠭᠰᠢᠳᠠ ᠳᠡᠭᠡᠭᠰᠢᠯᠡᠭᠦᠯᠬᠦ ᠪᠠ ᠰᠢᠨ᠎ᠡ ᠶᠢ ᠡᠭᠦᠳᠴᠦ᠂ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠠᠬᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠲᠦᠷᠬᠡᠳᠬᠡᠬᠦ ᠶᠢᠨ ᠲᠤᠰᠠᠳᠠ᠂ ᠮᠠᠨ ᠤ ᠬᠤᠳᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠤᠰ ᠲᠥᠰᠦᠯ ᠢ ᠲᠣᠭᠲᠠᠭᠠᠪᠠ᠃     ᠨᠢᠭᠡ᠂ ᠶᠡᠷᠦᠩᠬᠡᠶ ᠱᠠᠭᠠᠷᠳᠠᠯᠭ᠎ᠠ     ︵ᠨᠢᠭᠡ︶ ᠭᠤᠣᠯ ᠬᠠᠷᠠᠯᠲᠠ ᠪᠦᠬᠦ ᠬᠤᠲᠠ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠬᠡᠪᠴᠢᠶᠡᠨ ᠳᠤ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠪᠤᠶᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ᠣᠷᠣᠨ ᠪᠦᠰᠡ ᠶᠢᠨ ᠴᠢᠨᠠᠷᠲᠠᠶ ᠦᠨᠡᠯᠡᠨ ᠵᠢᠱᠢᠬᠦ ᠠᠵᠢᠯ ᠢ ᠨᠢᠭᠡᠳᠦᠯᠲᠡᠶ ᠵᠣᠬᠢᠶᠠᠨ ᠪᠠᠶᠢᠭᠤᠯᠤᠨ ᠥᠷᠨᠢᠭᠦᠯᠬᠦ ᠪᠠᠷ ᠳᠠᠮᠵᠢᠭᠤᠯᠤᠨ᠂ ᠪᠦᠲᠦᠭᠡᠨ ᠪᠠᠶᠢᠭᠤᠯᠤᠯᠲᠠ ᠶᠢᠨ ᠲᠦᠷᠦᠯ ᠵᠣᠶᠢᠯ ᠢ ᠬᠢᠨᠠᠨ ᠵᠥᠪᠰᠢᠶᠡᠷᠡᠬᠦ ᠶᠠᠪᠤᠴᠠ ᠳᠤ ᠬᠤᠯᠪᠣᠭᠳᠠᠬᠤ ᠤᠷᠢᠳᠠᠴᠢ ᠴᠢᠨᠠᠷᠲᠠᠶ ᠦᠨᠡᠯᠡᠨ ᠵᠢᠱᠢᠬᠦ ᠠᠵᠢᠯ ᠢ ᠲᠦᠷᠭᠡᠬᠡᠨ ᠪᠡᠶᠡᠯᠡᠭᠦᠯᠵᠦ᠂ ᠪᠦᠬᠦᠯᠢ ᠴᠣᠭᠴᠠ ᠶᠢᠨ ᠴᠢᠨᠠᠷᠲᠠᠶ᠂ ᠣᠷᠣᠨ ᠪᠦᠰᠡ ᠶᠢᠨ ᠴᠢᠨᠠᠷᠲᠠᠶ ᠦᠨᠡᠯᠡᠨ ᠵᠢᠱᠢᠭᠰᠡᠨ ᠦᠷ᠎ᠡ ᠪᠦᠲᠦᠭᠡᠯ ᠢ ᠪᠤᠢ ᠪᠣᠯᠭᠠᠵᠤ᠂ ᠲᠦᠷᠦᠯ ᠵᠣᠶᠢᠯ ᠢ ᠪᠦᠲᠦᠭᠡᠨ ᠪᠠᠶᠢᠭᠤᠯᠬᠤ ᠨᠢᠭᠡᠴᠡ ᠳᠤ ᠬᠠᠩᠭᠠᠨ ᠥᠭᠴᠦ ᠬᠠᠮᠲᠤ ᠪᠠᠷ ᠡᠳ᠋ᠯᠡᠭᠦᠯᠦᠨ ᠬᠡᠷᠡᠭᠯᠡᠭᠦᠯᠵᠦ᠂ ᠪᠦᠲᠦᠭᠡᠨ ᠪᠠᠶᠢᠭᠤᠯᠤᠯᠲᠠ ᠶᠢᠨ ᠲᠦᠷᠦᠯ ᠵᠣᠶᠢᠯ ᠢ ᠬᠢᠨᠠᠨ ᠵᠥᠪᠰᠢᠶᠡᠷᠡᠬᠦ ᠶᠠᠪᠤᠴᠠ ᠳᠠᠬᠢ ᠦᠨᠡᠯᠡᠨ ᠵᠢᠱᠢᠵᠦ ᠦᠨᠡᠯᠡᠬᠦ ᠵᠦᠢᠯᠡᠰ ᠤᠯᠠᠨ᠂ ᠴᠠᠭ ᠬᠤᠷᠣᠭᠠᠬᠤ ᠨᠢ ᠤᠷᠲᠤ᠂ ᠥᠪᠡᠷ ᠤᠨ ᠦᠷᠲᠡᠭ ᠨᠢ ᠥᠨᠳᠥᠷ ᠵᠡᠷᠭᠡ ᠠᠰᠠᠭᠤᠳᠠᠯ ᠢ ᠰᠢᠢᠳᠪᠦᠷᠢᠯᠡᠵᠣ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠴᠢᠨᠠᠭᠰᠢᠳᠠ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠵᠦ᠂ ᠲᠦᠷᠦᠯ ᠵᠣᠶᠢᠯ ᠢ ᠨᠠᠶᠢᠳᠠᠪᠤᠷᠢᠵᠢᠭᠤᠯᠬᠤ ᠶᠢ ᠲᠦᠷᠬᠡᠳᠬᠡᠨ᠎ᠡ᠃     ︵ᠬᠤᠶᠠᠷ︶ ᠬᠡᠷᠡᠭᠵᠢᠭᠦᠯᠬᠦ ᠬᠡᠪᠴᠢᠶ᠎ᠡ     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ ᠬᠢᠨᠠᠨ ᠬᠠᠷᠭᠤᠭᠤᠯᠬᠤ ᠠᠯᠪᠠᠨ ᠵᠠᠷ ᠤᠨ ᠭᠠᠷᠴᠠᠭ ︵2021 ᠣᠨ ᠤ ᠬᠡᠪᠯᠡᠯ︶︾ ᠳᠤ ᠤᠷᠤᠭᠤᠯᠤᠭᠰᠠᠨ 8 ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠵᠢᠴᠢ 15 ᠬᠦᠷᠢᠶᠡᠯᠡᠩ ᠲᠤᠭᠤᠷᠢᠭ ᠤᠨ ᠬᠠᠷᠢᠶ᠎ᠠ ᠬᠡᠰᠡᠭ᠄ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ︵ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠡᠰᠡᠭ᠂ ᠲᠣᠨᠣᠭᠯᠠᠯ ᠦᠢᠯᠡᠳᠬᠦ ᠠᠵᠤ ᠦᠢᠯᠡᠰ ᠤᠨ ᠬᠡᠰᠡᠭ᠂ ᠬᠥᠩᠭᠡᠨ ᠨᠡᠬᠡᠮᠡᠯ ᠤᠨ ᠠᠵᠤ ᠦᠢᠯᠡᠰ ᠤᠨ ᠬᠡᠰᠡᠭ︶᠂ ᠥᠪᠥᠷ ᠮᠣᠩᠭᠤᠯ ᠤᠨ ᠣᠷᠳᠣᠰ ᠤᠨ ᠳᠠᠯᠠᠳ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ︵ᠳᠠᠯᠠᠳ ᠠᠵᠤ ᠦᠢᠯᠡᠰ ᠤᠨ ᠬᠡᠰᠡᠭ︶᠂ ᠥᠪᠥᠷ ᠮᠣᠩᠭᠤᠯ ᠤᠨ ᠣᠷᠳᠣᠰ  ᠤᠨ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ︵ᠵᠡᠭᠦᠨᠭᠠᠷ ᠠᠵᠤ ᠦᠢᠯᠡᠰ ᠤᠨ ᠬᠡᠰᠡᠭ᠂ ᠳ᠋ᠠ ᠯᠤ᠋ ᠠᠵᠤ ᠦᠢᠯᠡᠰ ᠤᠨ ᠬᠡᠰᠡᠭ︶᠂ ᠥᠪᠥᠷ ᠮᠣᠩᠭᠤᠯ ᠤᠨ ᠣᠷᠳᠣᠰ ᠤᠨ ᠮᠧᠩ ᠰᠤ᠋ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ︵ᠵᠢᠶᠠᠩᠰᠦ ᠠᠵᠤ ᠦᠢᠯᠡᠰ ᠤᠨ ᠬᠡᠰᠡᠭ᠂ ᠱᠧᠩ ᠶᠤᠸᠠᠨ ᠠᠵᠤ ᠦᠢᠯᠡᠰ ᠤᠨ ᠬᠡᠰᠡᠭ︶᠂ ᠥᠪᠥᠷ ᠮᠣᠩᠭᠤᠯ ᠤᠨ ᠣᠷᠳᠣᠰ ᠤᠨ ᠱᠤᠷᠤᠭ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ︵ᠱᠣᠷᠤᠭ ᠠᠵᠤ ᠦᠢᠯᠡᠰ ᠤᠨ ᠬᠡᠰᠡᠭ᠂ ᠨᠠᠷᠢᠠᠭᠤᠤᠯ ᠠᠵᠤ ᠣᠶᠢᠯᠡᠰ ᠤᠨ ᠬᠡᠰᠡᠭ︶᠂ ᠥᠪᠥᠷ ᠮᠣᠩᠭᠤᠯ ᠤᠨ ᠣᠷᠳᠣᠰ ᠤᠨ ᠬᠠᠩᠬᠢᠨ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ︵ᠲᠤᠭᠤᠶᠢᠳᠠᠯ᠎ᠠ ᠠᠵᠤ ᠣᠶᠢᠯᠡᠰ ᠤᠨ ᠬᠡᠰᠡᠭ᠂ ᠰᠢᠨ᠎ᠡ ᠡᠨᠧᠷᠭᠢ ᠶᠢᠨ ᠠᠵᠤ ᠣᠶᠢᠯᠡᠰ ᠤᠨ ᠬᠡᠰᠡᠭ︶᠂ ᠥᠪᠥᠷ ᠮᠣᠩᠭᠤᠯ ᠤᠨ ᠣᠷᠳᠣᠰ  ᠤᠨ ᠣᠲᠤᠭ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ︵ᠴᠢ ᠫᠠᠨ ᠵᠢᠩ ᠠᠵᠤ ᠣᠶᠢᠯᠡᠰ ᠤᠨ ᠬᠡᠰᠡᠭ᠂ ᠮᠧᠩ ᠰᠢ ᠠᠵᠤ ᠣᠶᠢᠯᠡᠰ ᠤᠨ ᠬᠡᠰᠡᠭ ︶᠂ ᠥᠪᠥᠷ ᠮᠣᠩᠭᠤᠯ ᠤᠨ ᠣᠷᠳᠣᠰ ᠤᠨ ᠱᠠᠩᠬᠤ ᠶᠢᠨ ᠰᠦᠮ᠎ᠡ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ᠂ ᠲᠦᠩ ᠴᠤᠸᠠᠨ ᠮᠠᠰᠢᠨ ᠲᠡᠷᠭᠡᠨ ᠤ ᠦᠵᠡᠰᠬᠦᠯᠡᠩ ᠤᠨ ᠬᠦᠷᠢᠶᠡᠯᠡᠩ᠃     ︵ᠭᠤᠷᠪᠠ︶ ᠬᠡᠷᠡᠭᠵᠢᠭᠦᠯᠬᠦ ᠭᠤᠣᠯ ᠴᠣᠭᠴᠠ     ᠬᠤᠰᠢᠭᠤ ᠲᠤᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠲᠦᠷᠦᠭᠦᠯᠡᠨ ᠵᠤᠬᠢᠶᠠᠨ ᠪᠠᠶᠢᠭᠤᠯᠵᠤ᠂ ᠬᠠᠷᠢᠶ᠎ᠠ ᠣᠷᠣᠨ ᠤ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠨᠢᠭᠡᠳᠤᠯᠲᠠᠢ ᠲᠦᠯᠦᠪᠯᠡᠨ ᠠᠬᠢᠭᠤᠯᠤᠨ᠎ᠠ︔ ᠡᠯ᠎ᠡ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ ᠡᠯ᠎ᠡ ᠵᠣᠶᠢᠯ ᠤᠨ ᠦᠨᠡᠯᠡᠨ ᠵᠢᠱᠢᠬᠦ ᠠᠵᠢᠯ ᠢ ᠪᠣᠳᠠᠲᠠᠶ ᠬᠡᠷᠡᠭᠵᠢᠭᠦᠯᠬᠦ ᠶᠢ ᠬᠠᠷᠢᠭᠤᠴᠠᠨ᠎ᠠ︔ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠤᠭᠳᠠᠯ ᠪᠥᠬᠦᠶ ᠰᠠᠯᠠᠭ᠎ᠠ ᠮᠥᠴᠢᠷ ᠤᠳ ᠬᠢᠨᠠᠨ ᠬᠠᠮᠢᠶᠠᠷᠴᠤ ᠵᠢᠯᠣᠭᠤᠳᠬᠤ ᠶᠢ ᠬᠠᠷᠢᠭᠤᠴᠠᠨ᠎ᠠ᠃     ᠬᠤᠶᠠᠷ᠂ ᠠᠭᠤᠯᠭ᠎ᠠ ᠡᠭᠦᠷᠭᠡ     ︵ᠨᠢᠭᠡ︶ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ     ︽ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠲᠦᠷᠢᠮ︾ ︵ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠲᠦᠷᠤ  ᠶᠢᠨ ᠶᠠᠪᠤᠳᠠᠯ ᠤᠨ ᠬᠤᠷᠢᠶᠠᠨ ᠤ ᠵᠠᠷᠯᠢᠭ 559 ᠳ᠋ᠤᠬᠡᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠷᠬᠡᠪᠰᠢ ᠶᠡᠷᠦᠩᠬᠡᠶ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠠᠴᠠ ᠡᠮᠦᠨ᠎ᠡ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠠᠵᠢᠯ ᠢ  ᠪᠡᠶᠡᠯᠡᠭᠦᠯᠦᠨ᠎ᠡ᠃ ᠣᠳᠣᠬᠠᠨ ᠳᠤ ᠪᠥᠬᠦ ᠬᠤᠲᠠ  ᠶᠢᠨ ᠡᠯ᠎ᠡ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠴᠥᠮ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠠᠵᠢᠯ ᠢ ᠨᠢᠭᠡᠨᠲᠡ ᠪᠡᠶᠡᠯᠡᠭᠦᠯᠦᠭᠰᠡᠨ ᠪᠠᠶᠢᠨ᠎ᠠ᠂ ᠲᠠᠷᠠᠭᠠᠴᠢ ᠶᠢᠨ ᠠᠯᠬᠤᠮ ᠳᠤ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠶᠢ ᠰᠢᠨ᠎ᠡ ᠪᠠᠷ ᠨᠠᠶᠢᠷᠠᠭᠤᠯᠤᠨ ᠵᠣᠬᠢᠶᠠᠬᠤ ᠪᠤᠶᠤ ᠵᠠᠰᠠᠨ ᠨᠠᠶᠢᠷᠠᠭᠤᠯᠬᠤ ᠶᠠᠪᠤᠴᠠ ᠳᠤ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠨᠥᠯᠥᠭᠡᠯᠡᠯ ᠢ ᠦᠨᠡᠯᠡᠬᠦ ᠶᠢ ᠵᠠᠰᠠᠨ ᠨᠠᠶᠢᠷᠠᠭᠤᠯᠬᠤ ᠠᠵᠢᠯ ᠢ ᠴᠠᠭ ᠲᠤᠬᠠᠶ ᠳᠤᠨᠢ ᠦᠷᠨᠢᠭᠦᠯᠦᠨ᠎ᠡ᠃ ︵ᠬᠤᠲᠠ ᠶᠢᠨ ᠰᠢᠭᠤᠳ ᠬᠠᠷᠢᠶ᠎ᠠ ᠬᠢᠨᠠᠨ ᠬᠠᠮᠢᠶᠠᠷᠬᠤ ᠰᠠᠯᠠᠭ᠎ᠠ ᠮᠥᠴᠢᠷ᠄ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ︶     ︵ᠬᠤᠶᠠᠷ︶ ᠲᠦᠯᠦᠪᠵᠢᠭᠦᠯᠬᠡ ᠶᠢᠨ ᠤᠰᠤᠨ ᠤ ᠡᠬᠢ ᠪᠠᠶᠠᠯᠢᠭ ᠤᠨ ᠨᠤᠳᠠᠯᠠᠯᠳᠠ    ᠤᠯᠤᠰ ᠵᠢᠴᠢ ᠥᠪᠡᠷᠲᠡᠭᠡᠨ ᠵᠠᠰᠠᠬᠤ ᠣᠷᠣᠨ ᠤ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠣᠷᠣᠨ ᠪᠦᠰᠡ ᠶᠢᠨ ᠦᠨᠡᠯᠡᠨ ᠵᠢᠱᠢᠬᠦ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠷᠬᠡᠪᠰᠢ ᠶᠡᠷᠦᠩᠬᠡᠶ ᠲᠥᠯᠥᠪᠵᠢᠭᠦᠯᠭᠡ ᠶᠢ ᠬᠢᠨᠠᠨ ᠵᠥᠪᠰᠢᠶᠡᠷᠡᠬᠦ ᠠᠴᠠ ᠡᠮᠦᠨ᠎ᠡ ᠲᠥᠯᠥᠪᠵᠢᠭᠦᠯᠭᠡ ᠶᠢᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢ ᠪᠡᠶᠡᠯᠡᠭᠦᠯᠦᠨ᠎ᠡ᠃ ᠣᠳᠣᠬᠠᠨ ᠳᠤ ᠪᠥᠬᠦ ᠬᠤᠲᠠ ᠶᠢᠨ ᠡᠯ᠎ᠡ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠴᠥᠮ ᠲᠥᠯᠥᠪᠵᠢᠭᠦᠯᠭᠡ ᠶᠢᠨ ᠤᠰᠤᠨ ᠤ ᠡᠬᠢ ᠪᠠᠶᠠᠯᠢᠭ ᠢ ᠨᠤᠲᠠᠯᠠᠬᠤ ᠠᠵᠢᠯ ᠢ ᠨᠢᠭᠡᠨᠲᠡ ᠥᠷᠨᠢᠭᠦᠯᠵᠦ᠂ ᠡᠭᠦᠨ ᠳᠤ 7 ᠬᠦᠷᠢᠶᠡᠯᠡᠩ ᠲᠣᠭᠤᠷᠢᠭ  ᠤᠨ 12 ᠬᠡᠰᠡᠭ ᠵᠢᠴᠢ ᠲᠦᠩ ᠴᠤᠸᠠᠨ ᠮᠠᠰᠢᠨ ᠲᠡᠷᠭᠡᠨ ᠤ ᠦᠵᠡᠰᠬᠦᠯᠡᠩ ᠤᠨ ᠬᠦᠷᠢᠶᠡᠯᠡᠩ ᠨᠢᠭᠡᠨᠳᠡ ᠪᠡᠶᠡᠯᠡᠭᠦᠯᠵᠣ᠂ ᠲᠠᠷᠠᠭᠠᠴᠢ ᠶᠢᠨ ᠠᠯᠬᠤᠮ ᠳᠤ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠶᠡᠷᠦᠩᠬᠡᠶ ᠲᠥᠯᠥᠪᠵᠢᠭᠦᠯᠭᠡ ᠶᠢ ᠰᠢᠨ᠎ᠡ ᠪᠠᠷ ᠨᠠᠶᠢᠷᠠᠭᠤᠯᠤᠨ ᠵᠣᠬᠢᠶᠠᠬᠤ ᠪᠤᠶᠤ ᠵᠠᠰᠠᠨ ᠨᠠᠶᠢᠷᠠᠭᠤᠯᠬᠤ ᠶᠠᠪᠤᠴᠠ ᠳᠤ ᠲᠥᠯᠥᠪᠵᠢᠭᠦᠯᠭᠡ ᠶᠢᠨ ᠤᠰᠤᠨ ᠤ ᠡᠬᠢ ᠪᠠᠶᠠᠯᠢᠭ ᠢ ᠨᠤᠲᠠᠯᠠᠬᠤ ᠠᠵᠢᠯ ᠢ ᠴᠠᠭ ᠲᠤᠬᠠᠶ ᠳᠤᠨᠢ ᠦᠷᠨᠢᠭᠦᠯᠦᠨ᠎ᠡ︔ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠣᠶᠢᠯᠡᠰ ᠤᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠣᠶᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ  ᠤᠨ ᠲᠡᠯᠡᠳ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ ᠲᠡᠯᠡᠳ ᠠᠵᠤ ᠣᠶᠢᠯᠡᠰ ᠤᠨ ᠬᠡᠰᠡᠭ ᠢ ᠨᠢᠭᠡᠨᠲᠡ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠳᠤ ᠮᠡᠳᠡᠭᠦᠯᠦᠨ ᠬᠢᠨᠠᠨ ᠵᠥᠪᠰᠢᠶᠡᠷᠡᠭᠦᠯᠬᠦ ᠪᠠᠷ ᠪᠠᠶᠢᠨ᠎ᠠ︔ ᠥᠪᠥᠷ ᠮᠣᠩᠭᠤᠯ ᠤᠨ ᠣᠷᠳᠣᠰ ᠤᠨ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ ᠵᠡᠭᠦᠨᠭᠠᠷ ᠠᠵᠤ ᠣᠶᠢᠯᠡᠰ ᠤᠨ ᠬᠡᠰᠡᠭ ᠲᠤ ᠶᠠᠭ ᠥᠪᠡᠷᠲᠡᠭᠡᠨ ᠵᠠᠰᠠᠬᠤ ᠣᠷᠣᠨ ᠤ ᠤᠰᠤᠨ ᠠᠰᠢᠭᠯᠠᠯᠲᠠ ᠶᠢᠨ ᠲᠢᠩᠬᠢᠮ ᠤᠨ ᠱᠠᠭᠠᠷᠳᠠᠯᠭ᠎ᠠ ᠶᠣᠰᠣᠭᠠᠷ᠂ ᠶᠡᠷᠦᠩᠬᠡᠶ ᠲᠦᠯᠦᠪᠵᠢᠭᠦᠯᠬᠡ ᠲᠠᠢ ᠤᠶᠠᠯᠳᠤᠭᠤᠯᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠭᠦᠯᠦᠯᠲᠡ ᠳᠤ  ᠲᠤᠬᠢᠷᠠᠭᠤᠯᠤᠯᠳᠠ ᠬᠢᠵᠣ ᠵᠠᠰᠠᠨ ᠨᠠᠶᠢᠷᠠᠭᠤᠯᠵᠤ ᠪᠠᠶᠢᠨ᠎ᠠ᠃ ︵ᠬᠤᠲᠠ ᠶᠢᠨ ᠰᠢᠭᠤᠳ ᠬᠠᠷᠢᠶ᠎ᠠ ᠬᠢᠨᠠᠨ ᠬᠠᠮᠢᠶᠠᠷᠬᠤ ᠰᠠᠯᠠᠭ᠎ᠠ ᠮᠥᠴᠢᠷ᠄ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ︶     ︵ᠭᠤᠷᠪᠠ︶ ᠣᠷᠣᠨ ᠪᠦᠰᠡ ᠶᠢᠨ ᠬᠥᠷᠥᠰᠥ ᠰᠢᠷᠣᠶ ᠶᠢ ᠬᠠᠮᠠᠭᠠᠯᠠᠬᠤ ᠦᠨᠡᠯᠡᠨ ᠵᠢᠱᠢᠯᠲᠡ     ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠤᠨ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 6 ᠬᠦᠷᠢᠶᠡᠯᠡᠩ ᠲᠣᠭᠤᠷᠢᠭ ᠤᠨ 11 ᠬᠡᠰᠡᠭ ᠲᠤ ᠨᠢᠭᠡᠨᠲᠡ ︽ᠲᠠᠪᠤ ᠶᠢ ᠨᠡᠪᠲᠡᠷᠡᠭᠦᠯᠵᠦ ᠨᠢᠭᠡ ᠶᠢ ᠲᠡᠭᠰᠢᠯᠡᠬᠦ︾ ᠶᠢ ᠪᠡᠶᠡᠯᠡᠭᠦᠯᠦᠭᠰᠡᠨ ᠪᠤᠶᠤ ᠬᠥᠷᠥᠰᠥ ᠰᠢᠷᠣᠶ ᠶᠢ ᠬᠠᠮᠠᠭᠠᠯᠠᠬᠤ ᠲᠥᠰᠦᠯ ᠤᠨ ᠴᠣᠬᠤᠯᠠᠪᠤᠷᠢ ᠶᠢ ᠣᠯᠤᠭᠰᠠᠨ ᠪᠣᠯᠬᠤᠷ ᠬᠥᠷᠥᠰᠥ ᠰᠢᠷᠣᠶ ᠶᠢ ᠬᠠᠮᠠᠭᠠᠯᠠᠬᠤ ᠣᠷᠣᠨ ᠪᠦᠰᠡ ᠶᠢᠨ ᠦᠨᠡᠯᠡᠨ ᠵᠢᠱᠢᠯᠲᠡ ᠬᠢᠬᠦ ᠴᠢᠬᠤᠯᠠ ᠥᠬᠡᠶ︔ ᠥᠪᠥᠷ ᠮᠣᠩᠭᠤᠯ ᠤᠨ ᠣᠷᠳᠣᠰ ᠤᠨ ᠱᠠᠩᠬᠤ ᠶᠢᠨ ᠰᠦᠮ᠎ᠡ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ᠂ ᠥᠪᠥᠷ ᠮᠣᠩᠭᠤᠯ ᠤᠨ ᠣᠷᠳᠣᠰ ᠤᠨ ᠱᠣᠷᠤᠭ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ ᠱᠣᠷᠤᠭ ᠠᠵᠤ ᠣᠶᠢᠯᠡᠰ ᠤᠨ ᠬᠡᠰᠡᠭ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠨ᠎ᠡ ᠪᠠᠷ ᠲᠥᠯᠥᠪᠵᠢᠭᠦᠯᠦᠨ ᠪᠥᠲᠥᠭᠡᠨ ᠪᠠᠶᠢᠭᠤᠯᠬᠤ ᠣᠷᠣᠨ ᠪᠦᠰᠡ ᠶᠢᠨ ᠬᠥᠷᠥᠰᠥ ᠰᠢᠷᠣᠶ ᠶᠢ ᠬᠠᠮᠠᠭᠠᠯᠠᠬᠤ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠪᠡᠶᠡᠯᠡᠭᠦᠯᠬᠦ ᠪᠠᠷ ᠲᠥᠯᠥᠪᠯᠡᠵᠦ ᠪᠣᠶ︔ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠣᠶᠢᠯᠡᠰ  ᠤᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ ᠬᠥᠩᠭᠡᠨ ᠨᠡᠬᠡᠮᠡᠯ ᠤᠨ ᠠᠵᠤ ᠣᠶᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠲᠡᠯᠡᠳ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ ᠲᠡᠯᠡᠳ ᠠᠵᠤ ᠣᠶᠢᠯᠡᠰ ᠤᠨ ᠬᠡᠰᠡᠭ᠂ ᠲᠦᠩ ᠴᠣᠸᠠᠨ ᠮᠠᠰᠢᠨ ᠲᠡᠷᠭᠡᠨ ᠤ ᠦᠵᠡᠰᠬᠦᠯᠡᠩ ᠤᠨ ᠬᠦᠷᠢᠶᠡᠯᠡᠩ 2022 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠰᠢᠨ᠎ᠡ ᠪᠠᠷ ᠲᠥᠯᠥᠪᠵᠢᠭᠦᠯᠦᠨ ᠪᠥᠲᠥᠭᠡᠨ ᠪᠠᠶᠢᠭᠤᠯᠬᠤ ᠣᠷᠣᠨ ᠪᠦᠰᠡ ᠶᠢᠨ ᠬᠥᠷᠥᠰᠥ ᠰᠢᠷᠣᠶ ᠶᠢ ᠬᠠᠮᠠᠭᠠᠯᠠᠬᠤ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ  ᠪᠡᠶᠡᠯᠡᠭᠦᠯᠬᠦ ᠪᠠᠷ ᠲᠥᠯᠥᠪᠯᠡᠵᠦ ᠪᠣᠶ᠃ ︵ᠬᠤᠲᠠ ᠶᠢᠨ ᠰᠢᠭᠤᠳ ᠬᠠᠷᠢᠶ᠎ᠠ ᠬᠢᠨᠠᠨ ᠬᠠᠮᠢᠶᠠᠷᠬᠤ ᠰᠠᠯᠠᠭ᠎ᠠ ᠮᠥᠴᠢᠷ᠄ ᠬᠤᠲᠠ ᠶᠢᠨ ᠤᠰᠤᠨ ᠠᠰᠢᠭᠯᠠᠯᠲᠠ ᠶᠢᠨ ᠲᠣᠪᠴᠢᠶ᠎ᠠ︶     ︵ᠲᠥᠷᠪᠡ︶ ᠣᠷᠣᠨ ᠪᠦᠰᠡ ᠶᠢᠨ ᠭᠠᠵᠠᠷ ᠤᠨ ᠭᠠᠶ ᠭᠠᠮᠰᠢᠭ ᠤᠨ ᠠᠶᠤᠯᠳᠤ ᠴᠢᠨᠠᠷ ᠢ ᠦᠨᠡᠯᠡᠨ ᠵᠢᠱᠢᠬᠦ      ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠣᠷᠣᠨ ᠪᠦᠰᠡ ᠶᠢᠨ ᠭᠠᠵᠠᠷ ᠤᠨ ᠭᠠᠢ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 2021 ᠣᠨ ᠤ 12 ᠳ᠋ᠣᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠡᠰᠡᠭ ᠢ ᠪᠡᠶᠡᠯᠡᠭᠦᠯᠵᠦ᠂ ᠥᠪᠥᠷ ᠮᠣᠩᠭᠤᠯ ᠤᠨ ᠣᠷᠳᠣᠰ ᠤᠨ ᠳᠠᠯᠠᠳ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ ᠳᠠᠯᠠᠳ ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠵᠡᠭᠦᠨᠭᠠᠷ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ ᠳ᠋ᠠ ᠯᠦ ᠠᠵᠤ ᠦᠢᠯᠡᠰ ᠤᠨ  ᠬᠡᠰᠡᠭ᠂ ᠥᠪᠥᠷ ᠮᠣᠩᠭᠤᠯ ᠤᠨ ᠣᠷᠳᠣᠰ ᠤᠨ ᠱᠣᠷᠤᠭ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ᠤᠨ ᠱᠣᠷᠤᠭ ᠠᠵᠤ ᠣᠶᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠣᠲᠤᠭ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ ︵ᠴᠢ ᠫᠠᠨ ᠵᠢᠩ ᠠᠵᠤ ᠣᠶᠢᠯᠡᠰ ᠤᠨ ᠬᠡᠰᠡᠭ᠂ ᠮᠧᠩ ᠰᠢ ᠠᠵᠤ ᠣᠶᠢᠯᠡᠰ ᠤᠨ ᠬᠡᠰᠡᠭ︶᠂ ᠥᠪᠥᠷ ᠮᠣᠩᠭᠤᠯ ᠤᠨ ᠣᠷᠳᠣᠰ ᠤᠨ ᠱᠠᠩᠬᠤ ᠶᠢᠨ ᠰᠦᠮ᠎ᠡ ᠠᠵᠤ ᠠᠬᠤᠶ ᠶᠢᠨ ᠨᠡᠭᠡᠭᠡᠯᠲᠡ ᠶᠢᠨ ᠬᠦᠷᠢᠶᠡᠯᠡᠩ ᠲᠣᠭᠤᠷᠢᠭ᠂ ᠲᠦᠩ ᠴᠤᠸᠠᠨ ᠮᠠᠰᠢᠨ ᠲᠡᠷᠭᠡᠨ ᠤ ᠦᠵᠡᠰᠬᠦᠯᠡᠩ ᠤᠨ ᠬᠦᠷᠢᠶᠡᠯᠡᠩ ᠤᠨ ᠭᠠᠵᠠᠷ ᠤᠨ ᠭᠠᠶ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠠᠵᠢᠯ ᠢ ᠪᠡᠶᠡᠯᠡᠭᠦᠯᠦᠨ᠎ᠡ︔ ᠪᠤᠰᠤᠳ ᠬᠦᠷᠢᠶᠡᠯᠡᠩ ᠲᠣᠭᠤᠷᠢᠭ ᠵᠢᠴᠢ ᠬᠡᠰᠡᠭ ᠨᠢ 2022 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠭᠠᠵᠠᠷ ᠤᠨ ᠭᠠᠶ ᠭᠠᠮᠰᠢᠭ ᠤᠨ ᠠᠶᠤᠯᠲᠤ ᠴᠢᠨᠠᠷ ᠢ ᠦᠨᠡᠯᠡᠨ ᠵᠢᠱᠢᠬᠦ ᠠᠵᠢᠯ ᠢ ᠪᠡᠶᠡᠯᠡᠭᠦᠯᠦᠨ᠎ᠡ᠃ ︵ᠬᠤᠲᠠ ᠶᠢᠨ ᠰᠢᠭᠤᠳ ᠬᠠᠷᠢᠶ᠎ᠠ ᠬᠢᠨᠠᠨ ᠬᠠᠮᠢᠶᠠᠷᠬᠤ ᠰᠠᠯᠠᠭ᠎ᠠ ᠮᠥᠴᠢᠷ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶     ︵ᠲᠠᠪᠤ︶ ᠣᠷᠣᠨ ᠪᠦᠰᠡ ᠶᠢᠨ ᠲᠠᠷᠦᠵᠣ ᠪᠦᠷᠬᠦᠭᠰᠡᠨ ᠠᠭᠤᠷᠬᠠᠶ ᠶᠢᠨ ᠡᠬᠢ ᠪᠠᠶᠠᠯᠢᠭ ᠢ ᠪᠠᠶᠢᠴᠠᠭᠠᠵᠤ ᠦᠨᠡᠯᠡᠨ ᠵᠢᠱᠢᠬᠦ     ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠰᠠᠯᠠᠭ᠎ᠠ ᠮᠥᠴᠢᠷ ᠤᠨ ᠳᠠᠷᠤᠵᠤ ᠪᠦᠷᠬᠦᠭᠰᠡᠨ ᠠᠭᠤᠷᠬᠠᠶ  ᠶᠢᠨ ᠡᠬᠢ ᠪᠠᠶᠠᠯᠢᠭ ᠤᠨ ᠪᠠᠶᠢᠴᠠᠭᠠᠯᠲᠠ ᠶᠢᠨ ᠣᠷᠣᠨ ᠪᠦᠰᠡ ᠶᠢᠨ ᠦᠨᠡᠯᠡᠨ ᠵᠢᠱᠢᠯᠳᠡ ᠶᠢᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ 2021 ᠣᠨ ᠤ 9 ᠳ᠋ᠤᠬᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠷᠳᠣᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠡᠰᠡᠭ ᠢ ᠪᠡᠶᠡᠯᠡᠭᠦᠯᠵᠣ᠂ ᠥᠪᠥᠷ ᠮᠣᠩᠭᠤᠯ ᠤᠨ ᠣᠷᠳᠣᠰ ᠤᠨ ᠳᠠᠯᠠᠳ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠳᠠᠯᠠᠳ ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠵᠡᠭᠦᠨᠭᠠᠷ ᠠᠵᠤ ᠠᠬᠤᠶ ᠶᠢᠨ ᠨᠡᠬᠡᠬᠡᠯᠳᠡ  ᠶᠢᠨ ᠬᠦᠷᠢᠶᠡᠯᠡᠩ ᠲᠤᠭᠤᠷᠢᠭ ᠤᠨ ᠳ᠋ᠠ ᠯᠦ ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠱᠤᠷᠤᠭ ᠤᠨ ᠠᠵᠣ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠱᠤᠷᠤᠭ ᠤᠨ ᠠᠵᠣ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠣᠲᠤᠭ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ︵ᠴᠢ ᠫᠠᠨ ᠵᠢᠩ ᠤᠨ ᠠᠵᠤ ᠦᠢᠯᠡᠰ ᠤᠨ ᠬᠡᠰᠡᠭ᠂ ᠮᠧᠩ ᠰᠢ ᠠᠵᠤ ᠦᠢᠯᠡᠰ ᠤᠨ ᠬᠡᠰᠡᠭ︶᠂ ᠥᠪᠥᠷ ᠮᠣᠩᠭᠤᠯ ᠤᠨ ᠣᠷᠳᠣᠰ ᠤᠨ ᠱᠠᠩᠬᠤ ᠶᠢᠨ ᠰᠦᠮ᠎ᠡ ᠠᠵᠣ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ᠂ ᠲᠦᠩ ᠴᠤᠸᠠᠨ ᠮᠠᠰᠢᠨ ᠲᠡᠷᠭᠡᠨ ᠤ ᠦᠵᠡᠰᠬᠦᠯᠡᠩ ᠤᠨ ᠬᠦᠷᠢᠶᠡᠯᠡᠩ ᠤᠨ ᠴᠢᠬᠤᠯᠠ ᠠᠭᠤᠷᠬᠠᠶ ᠶᠢᠨ ᠡᠬᠢ ᠪᠠᠶᠠᠯᠢᠭ ᠢ ᠲᠠᠷᠤᠵᠤ ᠪᠦᠷᠦᠭᠰᠡᠨ ᠪᠠᠶᠢᠳᠠᠯ ᠢ ᠬᠢᠨᠠᠨ ᠬᠠᠷᠭᠤᠭᠤᠯᠬᠤ ᠠᠵᠢᠯ᠂ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠠᠷᠤᠵᠤ ᠪᠦᠷᠬᠦᠭᠰᠡᠨ ᠴᠢᠬᠤᠯᠠ ᠠᠭᠤᠷᠬᠠᠶ ᠶᠢᠨ ᠡᠬᠢ ᠪᠠᠶᠠᠯᠢᠭ ᠢ ᠦᠨᠡᠯᠡᠨ ᠵᠢᠱᠢᠬᠦ ᠠᠵᠢᠯ ᠢ ᠪᠡᠶᠡᠯᠡᠭᠦᠯᠦᠨ᠎ᠡ︔ ᠪᠤᠰᠤᠳ ᠬᠦᠷᠢᠶᠡᠯᠡᠩ ᠲᠣᠭᠤᠷᠢᠭ ᠵᠢᠴᠢ ᠬᠡᠰᠡᠭ ᠢ 2022 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ᠃ ︵ᠬᠤᠲᠠ ᠶᠢᠨ ᠰᠢᠭᠤᠳ ᠬᠠᠷᠢᠶ᠎ᠠ ᠬᠢᠨᠠᠨ ᠬᠠᠮᠢᠶᠠᠷᠬᠤ ᠰᠠᠯᠠᠭ᠎ᠠ ᠮᠥᠴᠢᠷ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶     ︵ᠵᠢᠷᠭᠤᠭ᠎ᠠ︶ ᠣᠷᠣᠨ ᠪᠦᠰᠡ ᠶᠢᠨ ᠲᠡᠦᠬᠡ ᠶᠢᠨ ᠳᠤᠷᠠᠰᠬᠠᠯᠲᠤ ᠵᠤᠶᠢᠯᠡᠰ ᠤᠨ ᠨᠥᠯᠥᠭᠡ ᠶᠢ ᠦᠨᠡᠯᠡᠨ ᠵᠢᠱᠢᠬᠦ     ᠤᠯᠤᠰ ᠪᠠ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠲᠡᠤᠬᠡ ᠶᠢᠨ ᠳᠤᠷᠠᠰᠬᠠᠯᠲᠤ ᠵᠣᠶᠢᠯᠡᠰ ᠤᠨ ᠨᠥᠯᠥᠭᠡ ᠶᠢ ᠦᠨᠡᠯᠡᠨ ᠵᠢᠱᠢᠬᠦ ᠬᠠᠮᠢᠶ᠎ᠠ ᠪᠥᠬᠦᠶ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠡᠯ᠎ᠡ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠨᠢ 2021 ᠣᠨ ᠤ 9 ᠳ᠋ᠤᠬᠡᠷ ᠰᠠᠷ᠎ᠠ ᠶᠢᠨ ᠰᠡᠭᠦᠯᠴᠢ ᠠᠴᠠ ᠡᠮᠦᠨ᠎ᠡ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠲᠡᠤᠬᠡ ᠶᠢᠨ ᠳᠤᠷᠠᠰᠬᠠᠯᠲᠤ ᠵᠣᠶᠢᠯᠡᠰ ᠢ ᠪᠠᠶᠢᠴᠠᠭᠠᠬᠤ ᠠᠵᠢᠯ ᠢ ᠪᠡᠶᠡᠯᠡᠭᠦᠯᠦᠨ᠎ᠡ︔ ᠣᠷᠳᠣᠰ ᠤᠨ ᠳᠡᠭᠡᠳᠦ ᠰᠢᠨ᠎ᠡ ᠮᠡᠷᠭᠡᠵᠢᠯ  ᠤᠨ ᠠᠵᠤ ᠦᠢᠯᠡᠰ ᠤᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠬᠥᠩᠭᠡᠨ ᠨᠡᠬᠡᠮᠡᠯ ᠤᠨ ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠳᠠᠯᠠᠳ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠳᠠᠯᠠᠳ ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠵᠡᠭᠦᠨᠭᠠᠷ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠳ᠋ᠠ ᠯᠦ ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠱᠤᠷᠤᠭ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠱᠣᠷᠤᠭ ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠬᠠᠩᠭᠢᠨ ᠠᠵᠤ ᠠᠬᠤᠶ  ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠲᠤᠭᠤᠶᠢᠳᠠᠯ᠎ᠠ ᠠᠵᠤ ᠣᠶᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠣᠲᠤᠭ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠮᠧᠩ ᠰᠢ ᠠᠵᠤ ᠣᠶᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠱᠠᠩᠬᠤ ᠶᠢᠨ ᠰᠦᠮ᠎ᠡ ᠠᠵᠣ ᠠᠬᠤᠶ  ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠨᠢ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠷᠣᠨ ᠪᠦᠰᠡ ᠶᠢᠨ ᠲᠡᠤᠬᠡ ᠶᠢᠨ ᠳᠤᠷᠠᠰᠬᠠᠯᠲᠤ ᠵᠣᠶᠢᠯᠡᠰ ᠤᠨ ᠨᠥᠯᠥᠭᠡ ᠶᠢ ᠦᠨᠡᠯᠡᠨ ᠵᠢᠱᠢᠬᠦ ᠠᠵᠢᠯ ᠢ ᠪᠡᠶᠡᠯᠡᠭᠦᠯᠦᠨ᠎ᠡ︔ ᠪᠤᠰᠤᠳ ᠬᠦᠷᠢᠶᠡᠯᠡᠩ ᠲᠣᠭᠤᠷᠢᠭ ᠵᠢᠴᠢ ᠬᠡᠰᠡᠭ ᠨᠢ 2022 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠷᠣᠨ ᠪᠦᠰᠡ ᠶᠢᠨ ᠲᠡᠤᠬᠡ ᠶᠢᠨ ᠳᠤᠷᠠᠰᠬᠠᠯᠲᠤ ᠵᠤᠶᠢᠯᠡᠰ ᠤᠨ ᠨᠥᠯᠥᠭᠡ ᠶᠢ ᠦᠨᠡᠯᠡᠨ ᠵᠢᠱᠢᠬᠦ ᠠᠵᠢᠯ ᠢ ᠪᠡᠶᠡᠯᠡᠭᠦᠯᠦᠨ᠎ᠡ᠃ ︵ᠬᠤᠲᠠ ᠶᠢᠨ ᠰᠢᠭᠤᠳ ᠬᠠᠷᠢᠶ᠎ᠠ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠄ ᠬᠤᠲᠠ ᠶᠢᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ︶     ︵ᠲᠤᠯᠤᠭ᠎ᠠ︶ ᠣᠷᠣᠨ ᠪᠦᠰᠡ ᠤᠨ ᠴᠢᠨᠠᠷᠲᠠᠶ ᠭᠠᠵᠠᠷ ᠬᠥᠳᠡᠯᠦᠯᠲᠡ ᠤᠨ ᠠᠶᠤᠯ ᠦᠭᠡᠢ ᠴᠢᠨᠠᠷ ᠢ ᠦᠨᠡᠯᠡᠬᠦ    ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠣᠷᠣᠨ ᠪᠦᠰᠡ  ᠶᠢᠨ ᠴᠢᠨᠠᠷᠲᠠᠶ ᠭᠠᠵᠠᠷ ᠬᠥᠳᠡᠯᠦᠯᠲᠡ ᠶᠢᠨ ᠠᠶᠤᠯ ᠦᠭᠡᠶ ᠶᠢᠨ ᠴᠢᠨᠠᠷ ᠢ ᠦᠨᠡᠯᠡᠬᠦ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠣᠷᠳᠣᠰ  ᠤᠨ ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠬᠥᠩᠭᠡᠨ ᠨᠡᠬᠡᠮᠡᠯ ᠤᠨ ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠳᠠᠯᠠᠳ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠳᠠᠯᠠᠳ ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠵᠡᠭᠦᠨᠭᠠᠷ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠳ᠋ᠠ ᠯᠦ ᠠᠵᠤ ᠦᠢᠯᠡᠰ ᠤᠨ ᠬᠡᠰᠡᠭ᠂ ᠥᠪᠥᠷ ᠮᠣᠩᠭᠤᠯ  ᠤᠨ ᠣᠷᠳᠣᠰ ᠤᠨ ᠬᠠᠩᠭᠢᠨ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠲᠤᠭᠤᠶᠢᠳᠠᠯ᠎ᠠ ᠠᠵᠤ ᠣᠶᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠣᠲᠤᠭ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠮᠧᠩ ᠰᠢ ᠠᠵᠤ ᠣᠶᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠱᠠᠩᠬᠤ ᠶᠢᠨ ᠰᠦᠮ᠎ᠡ ᠠᠵᠣ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠨᠢ 2021 ᠣᠨ ᠤ 12 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠷᠣᠨ ᠪᠦᠰᠡ ᠶᠢᠨ ᠴᠢᠨᠠᠷᠲᠠᠶ ᠭᠠᠵᠠᠷ ᠬᠥᠳᠡᠯᠦᠯᠲᠡ ᠶᠢᠨ ᠠᠶᠤᠯ ᠦᠬᠡᠢ ᠶᠢᠨ ᠴᠢᠨᠠᠷ ᠢ ᠦᠨᠡᠯᠡᠬᠦ ᠠᠵᠢᠯ ᠢ ᠪᠡᠶᠡᠯᠡᠭᠦᠯᠦᠨ᠎ᠡ︔ ᠪᠤᠰᠤᠳ ᠬᠦᠷᠢᠶᠡᠯᠡᠩ ᠲᠣᠭᠤᠷᠢᠭ ᠵᠢᠴᠢ ᠬᠡᠰᠡᠭ ᠨᠢ 2022 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠷᠣᠨ ᠪᠦᠰᠡ ᠶᠢᠨ ᠴᠢᠨᠠᠷᠲᠠᠶ ᠭᠠᠵᠠᠷ ᠬᠥᠳᠡᠯᠦᠯᠲᠡ ᠶᠢᠨ ᠠᠶᠤᠯ ᠥᠬᠡᠶ ᠶᠢᠨ ᠴᠢᠨᠠᠷ ᠢ ᠦᠨᠡᠯᠡᠬᠦ ᠠᠵᠢᠯ ᠢ ᠪᠡᠶᠡᠯᠡᠭᠦᠯᠦᠨ᠎ᠡ᠃ ︵ᠬᠤᠲᠠ ᠶᠢᠨ ᠰᠢᠭᠤᠳ ᠬᠠᠷᠢᠶ᠎ᠠ ᠬᠢᠨᠠᠨ ᠬᠠᠮᠢᠶᠠᠷᠬᠤ ᠰᠠᠯᠠᠭ᠎ᠠ ᠮᠥᠴᠢᠷ᠄ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ︶     ︵ᠨᠠᠢᠮᠠ︶ ᠣᠷᠣᠨ ᠪᠦᠰᠡ ᠶᠢᠨ ᠠᠭᠤᠷ ᠠᠮᠢᠰᠬᠤᠯ ᠤᠨ ᠪᠣᠯᠤᠮᠵᠢᠲᠤ ᠴᠢᠨᠠᠷ ᠤᠨ ᠨᠤᠲᠠᠯᠠᠯᠲᠠ     ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠬᠤᠲᠠ ᠶᠢᠨ ᠴᠠᠭ ᠠᠭᠤᠷ ᠤᠨ ᠰᠠᠯᠠᠭ᠎ᠠ ᠮᠥᠴᠢᠷ ᠤᠨ ᠣᠷᠣᠨ ᠪᠦᠰᠡ ᠶᠢᠨ ᠴᠢᠨᠠᠷᠲᠠᠶ ᠠᠭᠤᠷ ᠠᠮᠢᠰᠬᠤᠯ  ᠤᠨ ᠪᠣᠯᠤᠮᠵᠢᠲᠤ ᠴᠢᠨᠠᠷ ᠢ ᠨᠤᠲᠠᠯᠠᠬᠤ ᠠᠵᠢᠯ ᠤᠨ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠣᠷᠳᠣᠰ ᠤᠨ ᠳᠡᠭᠡᠳᠦ ᠰᠢᠨ᠎ᠡ ᠮᠡᠷᠭᠡᠵᠢᠯ  ᠤᠨ ᠠᠵᠤ ᠦᠢᠯᠡᠰ ᠤᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ︵ᠳᠡᠭᠡᠳᠦ ᠰᠢᠨ᠎ᠡ ᠮᠡᠷᠭᠡᠵᠢᠯ ᠤᠨ ᠠᠵᠤ ᠦᠢᠯᠡᠰ ᠤᠨ ᠬᠡᠰᠡᠭ᠂ ᠲᠣᠨᠣᠭᠯᠠᠯ ᠦᠢᠯᠡᠳᠬᠦ ᠠᠵᠤ ᠦᠢᠯᠡᠰ ᠤᠨ ᠬᠡᠰᠡᠭ︶᠂ ᠥᠪᠥᠷ ᠮᠣᠩᠭᠤᠯ ᠤᠨ ᠣᠷᠳᠣᠰ ᠤᠨ ᠳᠠᠯᠠᠳ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠳᠠᠯᠠᠳ ᠠᠵᠤ ᠦᠢᠯᠡᠰ  ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠵᠡᠭᠦᠨᠭᠠᠷ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠳ᠋ᠠ ᠯᠦ ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ  ᠮᠧᠩ ᠰᠤ᠋ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠵᠢᠶᠠᠩᠰᠦ ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠱᠤᠷᠤᠭ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠱᠤᠷᠤᠭ ᠠᠵᠤ ᠦᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠬᠠᠩᠭᠢᠨ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠰᠢᠨ᠎ᠡ ᠡᠨᠧᠷᠭᠢ ᠶᠢᠨ ᠠᠵᠤ ᠣᠶᠢᠯᠡᠰ ᠤᠨ ᠬᠡᠰᠡᠭ ᠂ ᠥᠪᠥᠷ ᠮᠣᠩᠭᠤᠯ ᠤᠨ ᠣᠷᠳᠣᠰ ᠤᠨ ᠣᠲᠤᠭ ᠠᠵᠤ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠴᠢ ᠫᠠᠨ ᠵᠢᠩ ᠠᠵᠤ ᠣᠶᠢᠯᠡᠰ ᠤᠨ ᠬᠡᠰᠡᠭ᠂ ᠥᠪᠥᠷ ᠮᠣᠩᠭᠤᠯ ᠤᠨ ᠣᠷᠳᠣᠰ ᠤᠨ ᠱᠠᠩᠬᠤ ᠶᠢᠨ ᠰᠦᠮ᠎ᠡ ᠠᠵᠣ ᠠᠬᠤᠶ ᠶᠢᠨ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠨᠢ 2021 ᠣᠨ ᠤ 12 ᠳ᠋ᠤᠭᠠᠷ ᠰᠠᠷ᠎ᠠ  ᠶᠢᠨ ᠰᠡᠭᠦᠯᠴᠢ ᠠᠴᠠ ᠡᠮᠦᠨ᠎ᠡ ᠣᠷᠣᠨ ᠪᠦᠰᠡ ᠶᠢᠨ ᠴᠢᠨᠠᠷᠲᠠᠶ ᠠᠭᠤᠷ ᠠᠮᠢᠰᠬᠤᠯ ᠤᠨ ᠪᠣᠯᠤᠮᠵᠢᠲᠤ ᠴᠢᠨᠠᠷ ᠤᠨ ᠨᠤᠲᠠᠯᠠᠯᠲᠠ ᠶᠢ ᠪᠡᠶᠡᠯᠡᠭᠦᠯᠦᠨ᠎ᠡ︔ ᠪᠤᠰᠤᠳ ᠬᠦᠷᠢᠶᠡᠯᠡᠩ ᠲᠣᠭᠤᠷᠢᠭ ᠵᠢᠴᠢ ᠬᠡᠰᠡᠭ ᠨᠢ 2022 ᠣᠨ ᠤ 10 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠷᠣᠨ ᠪᠦᠰᠡ ᠶᠢᠨ ᠴᠢᠨᠠᠷᠲᠠᠶ ᠠᠭᠤᠷ ᠠᠮᠢᠰᠬᠤᠯ  ᠤᠨ ᠪᠣᠯᠤᠮᠵᠢᠲᠤ ᠴᠢᠨᠠᠷ ᠤᠨ ᠨᠤᠲᠠᠯᠠᠯᠲᠠ ᠶᠢ ᠪᠡᠶᠡᠯᠡᠭᠦᠯᠦᠨ᠎ᠡ᠃ ︵ᠬᠤᠲᠠ ᠶᠢᠨ ᠰᠢᠭᠤᠳ ᠬᠠᠷᠢᠶ᠎ᠠ ᠬᠢᠨᠠᠨ ᠬᠠᠮᠢᠶᠠᠷᠬᠤ ᠰᠠᠯᠠᠭ᠎ᠠ ᠮᠥᠴᠢᠷ᠄ ᠬᠤᠲᠠ ᠶᠢᠨ ᠴᠠᠭ ᠠᠭᠤᠷ ᠤᠨ ᠲᠣᠪᠴᠢᠶ᠎ᠠ︶     ︵ᠶᠢᠰᠦ︶ ᠣᠷᠣᠨ ᠪᠦᠰᠡ ᠶᠢᠨ ᠡᠨᠧᠷᠬᠢ ᠠᠷᠪᠢᠯᠠᠬᠤ ᠶᠢ ᠦᠨᠡᠯᠡᠨ ᠵᠢᠱᠢᠬᠦ     ᠣᠷᠣᠨ ᠪᠦᠰᠡ ᠶᠢᠨ ᠡᠨᠧᠷᠬᠢ ᠠᠷᠪᠢᠯᠠᠬᠤ ᠶᠢ ᠦᠨᠡᠯᠡᠨ ᠵᠢᠱᠢᠬᠦ ᠠᠵᠢᠯ ᠤᠨ ᠲᠤᠬᠠᠶ ᠥᠪᠡᠷᠲᠡᠭᠡᠨ ᠵᠠᠰᠠᠬᠤ ᠣᠷᠣᠨ ᠪᠣᠯᠤᠨ ᠬᠤᠳᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠰᠠᠯᠠᠭ᠎ᠠ ᠮᠥᠴᠢᠷ ᠤᠨ ᠬᠠᠮᠢᠶ᠎ᠠ ᠪᠥᠬᠦᠢ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠪᠠᠶᠢᠭ᠎ᠠ ᠬᠤᠰᠢᠭᠤ ᠲᠣᠭᠤᠷᠢᠭ ᠢᠶᠠᠷ ᠨᠢᠭᠡᠴᠡ ᠪᠣᠯᠭᠠᠨ᠂ ᠣᠷᠣᠨ ᠪᠦᠰᠡ ᠶᠢᠨ ᠡᠨᠧᠷᠬᠢ ᠠᠷᠪᠢᠯᠠᠬᠤ ᠶᠢ ᠦᠨᠡᠯᠡᠨ ᠵᠢᠱᠢᠬᠦ ᠠᠵᠢᠯ ᠢ ᠶᠠᠪᠤᠭᠳᠠᠭᠤᠯᠤᠨ᠎ᠠ᠃ ︵ᠬᠤᠲᠠ ᠶᠢᠨ ᠰᠢᠭᠤᠳ ᠬᠠᠷᠢᠶ᠎ᠠ ᠬᠢᠨᠠᠨ ᠬᠠᠮᠢᠶᠠᠷᠬᠤ ᠰᠠᠯᠠᠭ᠎ᠠ ᠮᠥᠴᠢᠷ᠄ ᠬᠤᠲᠠ ᠶᠢᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ︶     ︵ᠠᠷᠪᠠ︶ ᠥᠷᠨᠢᠭᠦᠯᠬᠦ ᠴᠢᠬᠤᠯᠠ ᠲᠠᠢ ᠪᠤᠰᠤᠳ ᠣᠷᠣᠨ ᠪᠦᠰᠡ ᠶᠢᠨ ᠦᠨᠡᠯᠡᠨ ᠵᠢᠱᠢᠯᠲᠡ     ᠬᠡᠷᠪᠡ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠥᠷᠨᠢᠭᠦᠯᠬᠦ ᠪᠠᠷ ᠱᠠᠭᠠᠷᠳᠠᠭᠰᠠᠨ ᠪᠤᠰᠤᠳ ᠣᠷᠣᠨ ᠪᠦᠰᠡ ᠶᠢᠨ ᠦᠨᠡᠯᠡᠨ ᠵᠢᠱᠢᠬᠦ ᠵᠣᠶᠢᠯᠡᠰ ᠪᠠᠶᠢᠪᠠᠯ᠂ ᠲᠣᠰ ᠲᠥᠰᠦᠯ ᠶᠣᠰᠣᠭᠠᠷ ᠬᠠᠷᠢᠴᠠᠭᠤᠯᠤᠨ ᠬᠡᠷᠡᠭᠵᠢᠭᠦᠯᠦᠨ᠎ᠡ᠃     ᠭᠤᠷᠪᠠ᠂ ᠬᠡᠷᠡᠭᠵᠢᠭᠦᠯᠬᠦ ᠠᠯᠬᠤᠮ ᠳᠠᠷᠠᠭ᠎ᠠ     ︵ᠨᠢᠭᠡ︶ ᠬᠢᠨᠠᠨ ᠲᠣᠭᠲᠠᠭᠠᠬᠤ ᠲᠡᠰ ᠳᠠᠷᠠᠭᠠᠯᠠᠯ ᠢ ᠵᠢᠷᠤᠮᠵᠢᠭᠤᠯᠤᠨ᠎ᠠ    ᠬᠤᠲᠠ ᠶᠢᠨ ᠰᠢᠭᠤᠳ ᠬᠠᠷᠢᠶ᠎ᠠ ᠬᠢᠨᠠᠨ ᠬᠠᠮᠢᠶᠠᠷᠬᠤ ᠰᠠᠯᠠᠭ᠎ᠠ ᠮᠥᠴᠢᠷ ᠠᠴᠠ ᠳᠡᠭᠡᠳᠦ ᠱᠠᠲᠤᠨ ᠤ ᠰᠠᠯᠠᠭ᠎ᠠ ᠮᠥᠴᠢᠷ ᠲᠠᠢ ᠢᠳᠡᠪᠬᠢᠲᠡᠶ ᠵᠣᠯᠭᠠᠭᠤᠯᠵᠤ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ ᠶᠣᠰᠣᠭᠠᠷ ᠬᠡᠷᠡᠭᠵᠢᠭᠦᠯᠬᠦ ᠣᠷᠣᠨ ᠪᠦᠰᠡ ᠶᠢᠨ ᠦᠨᠡᠯᠡᠨ ᠵᠢᠱᠢᠬᠦ ᠵᠣᠶᠢᠯᠡᠰ ᠤᠨ ᠠᠵᠢᠯᠯᠠᠭᠠᠨ ᠤ ᠵᠢᠷᠤᠮᠵᠢᠯ᠂ ᠮᠡᠷᠭᠡᠵᠢᠯ  ᠤᠨ ᠪᠠᠷᠢᠮᠵᠢᠶ᠎ᠠ᠂ ᠬᠡᠷᠡᠭᠯᠡᠬᠦ ᠨᠥᠬᠦᠴᠡᠯ᠂ ᠬᠦᠴᠦᠨ ᠲᠠᠢ ᠬᠤᠭᠤᠴᠠᠭ᠎ᠠ᠂ ᠬᠢᠨᠠᠨ ᠲᠣᠭᠲᠠᠭᠠᠬᠤ ᠴᠤᠪᠤᠷᠠᠯ᠂  ᠰᠤᠶᠢᠳᠬᠡᠯ ᠬᠤᠷᠢᠶᠠᠬᠤ ᠪᠠᠷᠢᠮᠵᠢᠶ᠎ᠠ ᠵᠢᠴᠢ ᠦᠨᠡᠯᠡᠨ ᠵᠢᠱᠢᠬᠦ ᠵᠣᠶᠢᠯᠡᠰ ᠢ ᠳᠠᠭᠠᠭᠠᠨ ᠭᠦᠢᠴᠡᠳᠬᠡᠬᠦ ᠭᠤᠷᠪᠠᠳᠠᠬᠢ ᠲᠠᠯ᠎ᠠ ᠶᠢᠨ ᠪᠠᠶᠢᠭᠤᠯᠤᠮᠵᠢ ᠶᠢᠨ ᠱᠠᠭᠠᠷᠳᠠᠯᠭ᠎ᠠ ᠵᠡᠷᠭᠡ ᠠᠭᠤᠯᠭ᠎ᠠ ᠶᠢ ᠲᠣᠳᠣᠷᠬᠠᠶᠢᠯᠠᠵᠤ᠂ ᠡᠯ᠎ᠡ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠰᠠᠶᠢᠲᠤᠷ ᠥᠷᠨᠢᠭᠦᠯᠬᠦ ᠳᠤ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠬᠠᠩᠭᠠᠵᠤ᠂ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠦᠨᠳᠦᠰᠦ ᠪᠠᠷᠢᠮᠲᠠ ᠲᠠᠢ᠂ ᠡᠮᠬᠢ ᠵᠢᠷᠤᠮ ᠲᠠᠢ ᠥᠷᠨᠢᠭᠦᠯᠬᠦ ᠶᠢ ᠦᠨᠡᠨ ᠬᠦ ᠪᠠᠳᠤᠯᠠᠨ᠎ᠠ᠃     ︵ᠬᠤᠶᠠᠷ︶ ᠦᠨᠡᠯᠡᠨ ᠵᠢᠱᠢᠯᠳᠡ ᠶᠢᠨ ᠬᠡᠷᠡᠭᠵᠢᠭᠦᠯᠦᠯᠲᠡ ᠶᠢ ᠲᠦᠷᠭᠡᠳᠬᠡᠨ᠎ᠡ     ᠤᠯᠤᠰ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠬᠠᠤᠯᠢ ᠲᠣᠭᠲᠠᠭᠠᠯ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠰᠤᠳᠤᠯᠵᠤ᠂ ᠲᠡᠷᠢᠭᠦᠨ ᠤ ᠭᠠᠵᠠᠷ ᠣᠷᠣᠨ ᠤ ᠠᠮᠵᠢᠯᠲᠠ ᠲᠠᠢ ᠲᠤᠷᠰᠢᠯᠭ᠎ᠠ ᠶᠢ  ᠰᠤᠷᠤᠯᠴᠠᠨ ᠲᠣᠯᠢ ᠪᠣᠯᠭᠠᠵᠤ᠂ ᠪᠥᠬᠦ ᠬᠤᠲᠠ ᠶᠢᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠨᠢᠭᠡ ᠴᠣᠠᠠᠴᠠᠵᠢᠭᠤᠯᠥᠨ ᠠᠬᠢᠭᠤᠯᠤᠨ᠎ᠠ᠃ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠬᠡᠬᠡᠯᠳᠡ ᠶᠢᠨ ᠬᠦᠷᠢᠶᠡᠯᠡᠩ ᠲᠤᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠢ ᠠᠵᠤ ᠣᠶᠢᠯᠡᠰ ᠤᠨ ᠬᠥᠭᠵᠢᠯᠲᠡ ᠶᠢᠨ ᠬᠡᠷᠡᠭᠴᠡᠭᠡ᠂ ᠲᠥᠷᠥᠯ ᠵᠣᠶᠢᠯ ᠤᠨ ᠪᠥᠲᠥᠭᠡᠨ ᠪᠠᠶᠢᠭᠤᠯᠤᠯᠲᠠ ᠶᠢᠨ ᠲᠥᠯᠥᠪᠯᠡᠭᠡ ᠵᠡᠷᠭᠡ ᠪᠣᠳᠠᠲᠤ ᠪᠠᠶᠢᠳᠠᠯ ᠢ ᠦᠨᠳᠦᠰᠦᠯᠡᠨ᠂ ᠣᠷᠣᠨ ᠪᠦᠰᠡ ᠶᠢᠨ ᠦᠨᠡᠯᠡᠨ ᠵᠢᠱᠢᠯᠲᠡ ᠶᠢ ᠥᠷᠨᠢᠭᠦᠯᠬᠦ ᠣᠷᠣᠨ ᠪᠦᠰᠡ ᠶᠢᠨ ᠲᠠᠯᠠᠪᠠᠶ᠂ ᠪᠠᠶᠢᠷᠢᠰᠢᠯ ᠤᠨ ᠬᠡᠪᠴᠢᠶ᠎ᠡ ᠶᠢ ᠲᠦᠷᠭᠡᠨ ᠢᠶᠠᠷ ᠰᠢᠨᠵᠢᠯᠡᠬᠦ ᠤᠬᠠᠭᠠᠨᠴᠢ ᠪᠥᠭᠡᠳ ᠵᠦᠶ ᠵᠣᠬᠢᠰᠲᠠᠶ ᠲᠣᠭᠲᠠᠭᠠᠵᠤ᠂ ᠡᠯ᠎ᠡ ᠵᠣᠶᠢᠯ ᠤᠨ ᠣᠷᠣᠨ ᠪᠦᠰᠡ ᠶᠢᠨ ᠦᠨᠡᠯᠡᠨ ᠵᠢᠱᠢᠯᠲᠡ ᠳᠤ ᠲᠣᠭᠲᠠᠭᠠᠭᠰᠠᠨ ᠪᠠᠷᠢᠮᠵᠢᠶᠠᠲᠤ ᠲᠠᠰ ᠳᠠᠷᠠᠭᠠᠯᠠᠯ ᠶᠣᠰᠣᠭᠠᠷ ᠭᠤᠶᠤᠴᠢᠯᠠᠬᠤ᠂ ᠬᠤᠳᠠᠯᠳᠤᠨ ᠠᠪᠬᠤ᠂ ᠨᠠᠶᠢᠷᠠᠭᠤᠯᠤᠨ ᠵᠣᠬᠢᠶᠠᠬᠤ ᠶᠢᠨ ᠬᠠᠮᠲᠤ ᠦᠨᠡᠯᠡᠨ ᠵᠢᠱᠢᠭᠰᠡᠨ ᠮᠡᠳᠡᠭᠦᠯᠦᠯᠲᠡ ᠶᠢ ᠲᠦᠷᠭᠡᠨ ᠢᠶᠠᠷ ᠪᠣᠶ ᠪᠣᠯᠭᠠᠨ᠎ᠠ᠃     ︵ᠭᠤᠷᠪᠠ︶ ᠬᠢᠨᠠᠨ ᠪᠠᠶᠢᠴᠠᠭᠠᠬᠤ ᠠᠷᠭ᠎ᠠ ᠮᠠᠶ᠋ᠢᠭ ᠲᠤ ᠰᠢᠨ᠎ᠡ ᠶᠢ ᠡᠭᠦᠳᠦᠨ᠎ᠡ     ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ︽ᠨᠢᠭᠡ ᠴᠤᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ︾ ᠪᠠ ︽ᠬᠠᠮᠤᠭ ᠠᠷᠪᠢᠨ ᠳᠠᠭᠠᠨ ᠨᠢᠭᠡ ᠯᠠ ᠤᠳᠠᠭ᠎ᠠ ᠭᠦᠶᠦᠯᠬᠡᠬᠦ︾ ᠥᠭᠡᠷᠡᠴᠢᠯᠡᠯᠲᠡ ᠶᠢ ᠭᠦᠨᠵᠡᠭᠡᠶ ᠠᠬᠢᠭᠤᠯᠵᠤ᠂ ᠵᠦᠢᠯᠡᠰ ᠤᠨ ᠬᠢᠨᠠᠨ ᠵᠥᠪᠰᠢᠶᠡᠷᠡᠯ ᠢ ᠲᠥᠪᠯᠡᠷᠡᠭᠦᠯᠦᠨ ᠬᠤᠯᠪᠣᠯᠳᠤᠭᠤᠯᠬᠤ ᠲᠣᠭᠲᠠᠴᠠ  ᠶᠢ ᠨᠠᠶᠢᠳᠠᠪᠤᠷᠢᠵᠢᠭᠤᠯᠤᠨ᠎ᠠ᠃ ᠣᠷᠣᠨ ᠪᠦᠰᠡ ᠶᠢᠨ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠵᠤ ᠳᠠᠭᠤᠰᠤᠭᠰᠠᠨ ᠤ ᠳᠠᠷᠠᠭ᠎ᠠ᠂ ᠬᠢᠨᠠᠨ ᠵᠥᠪᠰᠢᠶᠡᠷᠡᠬᠦ ᠡᠷᠬᠡ ᠮᠡᠳᠡᠯ ᠶᠣᠰᠣᠭᠠᠷ ᠵᠤᠬᠢᠴᠠᠯᠳᠤᠭᠰᠠᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠬᠦᠷᠬᠡᠨ᠎ᠡ᠃ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠠᠮᠢᠶ᠎ᠠ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠣᠰᠣᠭᠠᠷ ᠭᠥᠯᠢᠶᠡᠨ ᠠᠪᠴᠤ ᠰᠢᠢᠳᠪᠦᠷᠢᠯᠡᠭᠰᠡᠨ ᠤ ᠳᠠᠷᠠᠭ᠎ᠠ᠂ ᠪᠠᠶᠢᠴᠠᠭᠠᠬᠤ ᠪᠤᠶᠤ ᠬᠠᠷᠭᠤᠭᠤᠯᠤᠨ ᠪᠠᠶᠢᠴᠠᠭᠠᠭᠰᠠᠨ ᠤ ᠳᠠᠷᠠᠭ᠎ᠠ᠂ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠬᠢᠨᠠᠨ ᠲᠣᠭᠲᠠᠭᠠᠬᠤ ᠪᠤᠶᠤ ᠭᠤᠷᠪᠠᠳᠠᠬᠢ ᠡᠲᠡᠭᠡᠳ ᠠᠴᠠ ᠠᠰᠠᠭᠤᠨ ᠯᠠᠪᠯᠠᠬᠤ ᠵᠡᠷᠭᠡ ᠪᠠᠷ ᠳᠠᠮᠵᠢᠭᠤᠯᠤᠨ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠨᠤᠲᠠᠯᠠᠵᠤ ᠪᠣᠯᠤᠨ᠎ᠠ᠃ ᠣᠷᠣᠨ ᠪᠦᠰᠡ ᠶᠢᠨ ᠦᠨᠡᠯᠡᠨ ᠵᠢᠱᠢᠯᠲᠡ ᠳᠤ ᠣᠯᠠᠨ ᠦᠨᠡᠯᠡᠨ ᠵᠢᠱᠢᠯᠲᠡ ᠶᠢ ᠨᠡᠶᠢᠯᠡᠭᠦᠯᠦᠨ ᠨᠢᠭᠡ ᠪᠣᠯᠭᠠᠬᠤ᠂ ᠬᠠᠮᠲᠤᠷᠠᠨ ᠦᠨᠡᠯᠡᠨ ᠵᠢᠱᠢᠬᠦ᠂ ᠬᠠᠮᠲᠤᠷᠠᠨ ᠬᠢᠨᠠᠨ ᠪᠠᠶᠢᠴᠠᠭᠠᠬᠤ ᠶᠢ ᠬᠡᠷᠡᠭᠵᠢᠭᠦᠯᠬᠦ ᠶᠢ ᠵᠣᠷᠢᠭᠵᠢᠭᠤᠯᠤᠨ᠂ ᠣᠷᠣᠨ ᠪᠦᠰᠡ ᠶᠢᠨ ᠦᠨᠡᠯᠡᠨ ᠵᠢᠱᠢᠭᠰᠡᠨ ᠦᠷ᠎ᠡ ᠪᠦᠲᠦᠭᠡᠯ ᠤᠨ ᠵᠥᠪᠰᠢᠶᠡᠷᠡᠯ ᠤᠯᠬᠤ ᠶᠢ ᠲᠦᠷᠬᠡᠨ ᠢᠶᠠᠷ ᠠᠬᠢᠭᠤᠯᠤᠨ᠎ᠠ᠃     ︵ᠲᠥᠷᠪᠡ︶ ᠦᠨᠡᠯᠡᠨ ᠵᠢᠱᠢᠭᠰᠡᠨ ᠦᠷ᠎ᠡ ᠪᠦᠲᠦᠭᠡᠯ ᠢ ᠬᠡᠷᠡᠭᠯᠡᠨ᠎ᠡ    ᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠣᠶᠢᠯᠡᠴᠢᠯᠡᠬᠡᠨ ᠤ ᠲᠣᠪᠴᠢᠶ᠎ᠠ ᠨᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠵᠢᠴᠢ ᠬᠤᠯᠪᠤᠭᠳᠠᠯ ᠪᠥᠬᠦᠶ ᠰᠠᠯᠠᠭ᠎ᠠ ᠮᠥᠴᠢᠷ ᠲᠠᠢ ᠬᠠᠮᠲᠤᠷᠠᠨ ᠨᠠᠷᠢᠨ ᠲᠠᠩᠰᠠ ᠳᠤ ᠣᠷᠣᠭᠤᠯᠤᠭᠰᠠᠨ ᠦᠨᠡᠯᠡᠨ ᠵᠢᠱᠢᠬᠦ ᠵᠣᠶᠢᠯᠡᠰ ᠢ ᠵᠣᠶᠢᠯ ᠳᠠᠷᠠᠭᠠᠯᠠᠨ ᠬᠢᠨᠠᠨ ᠬᠠᠷᠭᠤᠭᠤᠯᠵᠤ ᠰᠤᠳᠤᠯᠤᠭᠠᠳ᠂ ᠬᠠᠷᠢᠯᠴᠠᠨ ᠮᠡᠳᠡᠷᠡᠵᠦ ᠬᠠᠮᠲᠤ ᠪᠠᠷ ᠡᠳ᠋ᠯᠡᠬᠦ ᠨᠠᠷᠢᠯᠢᠭ ᠣᠨᠣᠴᠠᠲᠠᠶ ᠪᠣᠳᠠᠲᠠᠶ ᠰᠠᠨᠠᠯ ᠪᠠ ᠬᠠᠮᠲᠤ ᠪᠠᠷ ᠡᠳ᠋ᠯᠡᠬᠦ ᠶᠢ ᠬᠢᠵᠠᠭᠠᠷᠯᠠᠬᠤ ᠨᠠᠷᠢᠨ ᠲᠠᠩᠰᠠ ᠶᠢᠨ ᠭᠠᠷᠴᠠᠭ ᠢ ᠳᠤᠷᠠᠳᠤᠨ ᠭᠠᠷᠭᠠᠬᠤ ᠶᠢᠨ ᠬᠠᠮᠲᠤ ᠴᠠᠭ ᠲᠤᠬᠠᠶ ᠳᠤᠨᠢ ᠨᠡᠶᠢᠭᠡᠮ ᠳᠤ ᠨᠡᠶᠢᠲᠡᠯᠡᠵᠦ᠂ ᠵᠠᠬ᠎ᠠ ᠳᠡᠯᠭᠡᠭᠦᠷ  ᠤᠨ ᠭᠤᠤᠯ ᠴᠣᠭᠴᠠ ᠶᠢᠨ ᠪᠠᠶᠢᠴᠠᠭᠠᠨ ᠯᠠᠪᠯᠠᠬᠤ ᠳᠤ ᠲᠥᠬᠦᠮ ᠦᠵᠡᠭᠦᠯᠦᠨ᠎ᠡ᠃ ᠳᠡᠭᠡᠳᠦ ᠳᠣᠤᠷᠠᠳᠤ ᠱᠠᠲᠤ ᠬᠤᠯᠪᠣᠭᠠᠯᠠᠨ ᠬᠥᠳᠡᠯᠦᠯᠴᠡᠬᠦ᠂ ᠵᠡᠭᠦᠨᠰᠢ ᠪᠠᠷᠠᠭᠤᠨᠰᠢ ᠬᠠᠮᠵᠢᠯᠴᠠᠬᠤ᠂ ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠴᠢᠩᠭᠠᠳᠬᠠᠵᠤ᠂ ᠨᠠᠩ ᠣᠯᠠᠨ ᠦᠨᠡᠯᠡᠨ ᠵᠢᠱᠢᠭᠰᠡᠨ ᠦᠷ᠎ᠡ ᠪᠦᠲᠦᠭᠡᠯ ᠢ ᠬᠠᠷᠢᠯᠴᠠᠨ ᠮᠡᠳᠡᠷᠡᠬᠦ᠂ ᠬᠠᠮᠲᠤ ᠪᠠᠷ ᠡᠳ᠋ᠯᠡᠬᠦ ᠶᠢ ᠴᠢᠷᠮᠠᠶᠢᠨ ᠪᠡᠶᠡᠯᠡᠭᠦᠯᠵᠦ᠂ ᠠᠵᠤ ᠠᠬᠤᠶᠢᠯᠠᠯ ᠤᠨ ᠳᠠᠷᠤᠭᠠᠰᠤ ᠶᠢ ᠦᠨᠡᠨ ᠬᠦ ᠬᠥᠩᠭᠡᠷᠡᠭᠦᠯᠵᠦ᠂ ᠠᠵᠤ ᠠᠬᠤᠶᠢᠯᠠᠯ ᠤᠨ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃     ᠳᠥᠷᠪᠡ᠂ ᠠᠵᠢᠯ ᠤᠨ ᠱᠠᠭᠠᠷᠳᠠᠯᠭ᠎ᠠ     ︵ᠨᠢᠭᠡ︶ ᠲᠠᠨᠢᠯᠲᠠ ᠪᠠᠨ ᠳᠡᠭᠡᠭᠰᠢᠯᠡᠭᠦᠯᠵᠦ᠂ ᠨᠢᠭᠡᠳᠦᠯᠲᠡᠶ ᠲᠥᠯᠥᠪᠯᠡᠨ ᠠᠬᠢᠭᠤᠯᠤᠨ᠎ᠠ     ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠲᠦᠷᠬᠡᠨ ᠢᠶᠠᠷ ᠠᠬᠢᠭᠤᠯᠬᠤ ᠪᠤᠯ ︽ᠪᠠᠭᠤᠯᠭᠠᠬᠤ ᠬᠠᠮᠢᠶᠠᠷᠬᠤ ᠣᠶᠢᠯᠡᠴᠢᠯᠡᠬᠦ︾ ᠥᠭᠡᠷᠡᠴᠢᠯᠡᠯᠲᠡ ᠶᠢ ᠲᠦᠷᠭᠡᠳᠬᠡᠬᠦ᠂ ᠲᠥᠷᠥᠯ ᠵᠣᠶᠢᠯ ᠤᠨ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠢᠴᠢ ᠬᠦᠷᠢᠶᠡᠯᠡᠩ ᠲᠣᠭᠤᠷᠢᠭ ᠤᠨ ᠲᠥᠷᠥᠯ ᠵᠣᠶᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠬᠦ᠂ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠡᠯ᠎ᠡ ᠬᠤᠰᠢᠭᠤ ᠲᠤᠭᠤᠷᠢᠭ᠂ ᠡᠯ᠎ᠡ ᠰᠠᠯᠠᠭ᠎ᠠ ᠮᠥᠴᠢᠷ ᠤᠳ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠣ᠂ ᠬᠤᠰᠢᠭᠤ ᠲᠤᠭᠤᠷᠢᠭ ᠬᠢᠭᠡᠳ ᠰᠠᠯᠠᠭ᠎ᠠ ᠮᠥᠴᠢᠷ᠂ ᠰᠠᠯᠠᠭ᠎ᠠ ᠮᠥᠴᠢᠷ ᠬᠢᠭᠡᠳ ᠰᠠᠯᠠᠭ᠎ᠠ ᠮᠥᠴᠢᠷ ᠤᠨ ᠬᠤᠭᠤᠷᠣᠨᠳᠣᠬᠢ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠨ᠂ ᠨᠢᠭᠡᠳᠦᠯᠲᠡᠶ ᠲᠥᠯᠥᠪᠯᠡᠨ ᠠᠬᠢᠭᠤᠯᠵᠤ᠂ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ ᠦᠨᠡᠨ ᠬᠦ ᠰᠢᠢᠳᠪᠦᠷᠢᠯᠡᠵᠣ᠂ ᠠᠵᠢᠯ ᠢ ᠡᠮᠬᠢ ᠵᠢᠷᠤᠮ ᠲᠠᠢ  ᠦᠷᠨᠢᠭᠦᠯᠬᠦ ᠶᠢ ᠦᠨᠡᠨ ᠬᠦ ᠪᠠᠳᠤᠯᠠᠨ᠎ᠠ᠃     ︵ᠬᠤᠶᠠᠷ︶ ᠬᠠᠷᠢᠭᠤᠴᠠᠯᠭ᠎ᠠ ᠶᠢ ᠴᠢᠩᠭᠠᠷᠠᠭᠤᠯᠵᠤ᠂ ᠨᠠᠶᠢᠳᠠᠪᠤᠷᠢᠵᠢᠭᠤᠯᠤᠯᠲᠠ ᠶᠢ ᠠᠬᠢᠭᠤᠯᠤᠨ᠎ᠠ     ᠬᠤᠲᠠ ᠶᠢᠨ ᠠᠵᠤ ᠣᠶᠢᠯᠡᠳᠪᠦᠷᠢ ᠪᠠ ᠮᠡᠳᠡᠭᠡ ᠵᠠᠩᠬᠢᠴᠢᠯᠠᠯᠳᠠ ᠶᠢᠨ ᠲᠣᠪᠴᠢᠶ᠎ᠠ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢ ᠦᠨᠡᠯᠡᠨ ᠵᠢᠱᠢᠬᠦ ᠠᠵᠢᠯ ᠢ ᠠᠬᠢᠭᠤᠯᠬᠤ ᠶᠢ ᠬᠠᠮᠳᠤᠪᠠᠷ ᠬᠠᠷᠢᠭᠤᠴᠠᠵᠣ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠴᠤᠭᠯᠠᠭᠤᠯᠤᠨ ᠲᠣᠪᠴᠢᠶ᠎ᠠ ᠶᠢᠨ ᠬᠤᠭᠤᠷᠣᠨᠳᠣᠬᠢ ᠬᠠᠮᠲᠤᠷᠠᠭᠰᠠᠨ ᠬᠤᠷᠠᠯ ᠤᠨ ᠲᠦᠷᠢᠮ ᠢ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠳᠣᠭᠢᠷᠠᠭᠤᠯᠵᠤ᠂ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠨ᠎ᠡ᠃ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠢᠳᠡᠪᠬᠢᠲᠡᠶ ᠪᠠᠷ ᠬᠠᠮᠵᠢᠯᠴᠠᠨ᠂ ᠰᠠᠯᠠᠭ᠎ᠠ ᠮᠥᠴᠢᠷ ᠤᠨ ᠬᠠᠷᠢᠭᠤᠴᠠᠯᠭ᠎ᠠ ᠪᠠ ᠬᠢᠨᠠᠨ ᠬᠠᠮᠢᠶᠠᠷᠬᠤ ᠬᠠᠷᠢᠭᠤᠴᠠᠯᠭ᠎ᠠ ᠪᠠᠨ ᠰᠠᠶᠢᠲᠤᠷ ᠭᠦᠢᠴᠡᠳᠬᠡᠨ᠎ᠡ᠃ ᠬᠤᠲᠠ ᠶᠢᠨ ᠡᠳ᠋ ᠤᠨ ᠵᠠᠰᠠᠭ  ᠤᠨ ᠲᠣᠪᠴᠢᠶ᠎ᠠ ᠠᠴᠠ ᠣᠷᠣᠨ ᠪᠦᠰᠡ ᠶᠢᠨ ᠦᠨᠡᠯᠡᠨ ᠵᠢᠱᠢᠬᠦ ᠵᠠᠷᠤᠳᠠᠯ ᠤᠨ ︽ᠱᠠᠩᠨᠠᠬᠤ ᠪᠠᠷ ᠨᠥᠬᠦᠪᠥᠷᠢᠯᠡᠬᠦ ᠶᠢ ᠣᠷᠣᠯᠠᠭᠤᠯᠬᠤ︾ ᠠᠷᠭ᠎ᠠ ᠬᠡᠮᠵᠢᠶ᠎ᠡ ᠶᠢ ᠰᠤᠳᠤᠯᠤᠨ ᠳᠤᠷᠠᠳᠴᠤ᠂ ᠪᠠᠯᠠ ᠮᠥᠩᠭᠦ ᠶᠢᠨ ᠢᠷᠡᠯᠲᠡ ᠶᠢ ᠲᠣᠳᠣᠷᠬᠠᠶᠢᠯᠠᠨ᠂ ᠰᠢᠯᠭᠠᠨ ᠬᠢᠨᠠᠬᠤ ᠪᠠᠷᠢᠮᠵᠢᠶ᠎ᠠ ᠪᠠ ᠴᠠᠭ ᠤᠨ ᠬᠢᠵᠠᠭᠠᠷ ᠤᠨ ᠱᠠᠭᠠᠷᠳᠠᠯᠭ᠎ᠠ ᠶᠢ ᠨᠠᠷᠢᠯᠢᠭᠵᠢᠭᠤᠯᠤᠨ᠎ᠠ᠃ ᠡᠯ᠎ᠡ ᠬᠤᠰᠢᠭᠤ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠳ ᠬᠠᠷᠢᠶ᠎ᠠ ᠭᠠᠵᠠᠷ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠵᠦ᠂ ᠠᠵᠢᠯ ᠤᠨ ᠲᠥᠰᠦᠯ ᠢ ᠴᠢᠨᠠᠭᠰᠢᠳᠠ ᠨᠠᠷᠢᠯᠢᠬᠵᠢᠭᠤᠯᠤᠨ ᠲᠡᠭᠦᠯᠳᠡᠷᠵᠢᠭᠦᠯᠵᠦ᠂ ᠠᠵᠢᠯ ᠤᠨ ᠡᠭᠦᠷᠭᠡ ᠶᠢᠨ ᠨᠠᠷᠢᠨ ᠲᠠᠩᠰᠠ ᠶᠢ ᠲᠣᠭᠲᠠᠭᠠᠨ᠂ ᠬᠠᠮᠢᠶ᠎ᠠ ᠪᠥᠬᠦᠶ ᠠᠷᠭ᠎ᠠ ᠬᠡᠮᠵᠢᠶ᠎ᠡ ᠪᠠ ᠪᠣᠳᠠᠲᠠᠶ ᠬᠠᠷᠢᠭᠤᠴᠠᠯᠭᠠᠲᠠᠨ ᠢ ᠲᠣᠳᠣᠷᠬᠠᠶᠢᠯᠠᠵᠤ᠂ ᠠᠵᠢᠯ ᠤᠨ ᠵᠠᠷᠤᠳᠠᠯ ᠢ ᠪᠠᠲᠤᠯᠠᠨ᠂ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠦᠨᠡᠯᠡᠨ ᠵᠢᠱᠢᠭᠰᠡᠨ ᠮᠡᠳᠡᠭᠦᠯᠦᠯᠲᠡ ᠶᠢ ᠨᠠᠶᠢᠷᠠᠭᠤᠯᠤᠨ ᠵᠣᠬᠢᠶᠠᠬᠤ ᠪᠠ ᠮᠡᠳᠡᠭᠦᠯᠦᠨ ᠵᠥᠪᠰᠢᠶᠡᠷᠡᠭᠦᠯᠬᠦ ᠠᠬᠢᠴᠠ ᠶᠢ ᠲᠦᠷᠭᠡᠳᠬᠡᠵᠦ᠂ ᠠᠵᠢᠯ ᠤᠨ ᠬᠤᠭᠤᠴᠠᠭ᠎ᠠ ᠶᠢ ᠲᠣᠩᠭᠤᠷᠠᠭᠤᠯᠤᠨ ᠵᠢᠭᠰᠠᠭᠠᠵᠤ᠂ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠦᠨᠡᠨ ᠬᠦ ᠰᠠᠶᠢᠲᠤᠷ ᠬᠢᠵᠦ᠂ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠤᠨ ᠬᠠᠤᠯᠢ ᠲᠣᠭᠲᠠᠭᠠᠯ ᠶᠣᠰᠣᠭᠠᠷ ᠲᠦᠷᠭᠡᠨ ᠢᠶᠠᠷ ᠤᠷᠤᠭᠰᠢᠲᠠᠶ ᠶᠠᠪᠤᠭᠳᠠᠬᠤ ᠶᠢ ᠦᠨᠡᠨ ᠬᠦ ᠪᠠᠳᠤᠯᠠᠨ᠎ᠠ᠃     ︵ᠭᠤᠷᠪᠠ︶ ᠮᠥᠷᠳᠡᠨ ᠵᠢᠯᠣᠭᠤᠳᠴᠤ᠂ ᠬᠢᠨᠠᠨ ᠵᠢᠯᠣᠭᠤᠳᠬᠤ ᠪᠠᠨ ᠴᠢᠩᠭᠠᠳᠬᠠᠨ᠎ᠠ     ᠬᠤᠲᠠ ᠶᠢᠨ ᠰᠢᠭᠤᠳ ᠬᠠᠷᠢᠶ᠎ᠠ ᠡᠯ᠎ᠡ ᠬᠢᠨᠠᠨ ᠬᠠᠮᠢᠶᠠᠷᠬᠤ ᠰᠠᠯᠠᠭ᠎ᠠ ᠮᠥᠴᠢᠷ ᠤᠳ ᠨᠢᠭᠲᠠ ᠬᠠᠮᠵᠢᠯᠴᠠᠨ᠂ ᠠᠵᠢᠯ ᠤᠨ ᠨᠡᠶᠢᠯᠡᠮᠡᠯ ᠬᠦᠴᠦᠨ ᠢ ᠪᠦᠷᠢᠯᠳᠦᠭᠦᠯᠵᠦ᠂ ᠢᠳᠡᠪᠬᠢᠲᠡᠶ ᠪᠠᠷ ᠰᠦᠪᠡᠭᠴᠢᠯᠡᠨ ᠰᠢᠨ᠎ᠡ ᠶᠢ ᠡᠭᠦᠳᠴᠦ᠂ ᠮᠡᠷᠭᠡᠵᠢᠯ ᠤᠨ ᠮᠥᠷᠳᠡᠨ ᠵᠢᠯᠣᠭᠤᠳᠬᠤ ᠪᠠᠨ ᠴᠢᠩᠭᠠᠳᠬᠠᠨ᠂ ᠠᠵᠢᠯ ᠤᠨ ᠳᠤᠮᠳᠠ ᠢᠯᠡᠷᠡᠭᠰᠡᠨ ᠠᠰᠠᠭᠤᠳᠠᠯ ᠢ ᠴᠠᠭ ᠲᠤᠬᠠᠶ ᠳᠤᠨᠢ ᠮᠥᠷᠳᠡᠨ ᠪᠠᠶᠢᠴᠠᠭᠠᠵᠣ ᠰᠤᠳᠤᠯᠬᠤ ᠶᠢᠨ ᠬᠠᠮᠲᠤ ᠰᠢᠢᠳᠪᠦᠷᠢᠯᠡᠬᠦ ᠲᠥᠰᠦᠯ  ᠲᠤᠷᠠᠳᠤᠨ᠎ᠠ᠃ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠦᠨᠡᠯᠡᠨ ᠵᠢᠱᠢᠬᠦ ᠡᠭᠦᠷᠭᠡ ᠶᠢ ᠠᠬᠢᠭᠤᠯᠤᠭᠰᠠᠨ ᠪᠠᠶᠢᠳᠠᠯ ᠤᠨ ᠠᠵᠢᠯ ᠤᠨ ᠲᠣᠬᠢᠷᠠᠭᠤᠯᠤᠯᠲᠠ ᠶᠢ ᠴᠢᠩᠭᠠᠳᠬᠠᠵᠤ ᠂ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠪᠣᠳᠠᠲᠠᠶ ᠨᠠᠶᠢᠳᠠᠪᠤᠷᠢᠵᠢᠭᠤᠯᠤᠨ᠂ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠳᠤᠯᠠᠨ᠎ᠠ᠃ ᠣᠷᠣᠨ ᠪᠦᠰᠡ ᠶᠢᠨ ᠦᠨᠡᠯᠡᠨ ᠵᠢᠱᠢᠯᠲᠡ ᠶᠢ ᠥᠷᠨᠢᠭᠦᠯᠦᠭᠰᠡᠨ ᠪᠠᠶᠢᠳᠠᠯ ᠢ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠨ ᠤ ᠪᠣᠳᠠᠲᠤ ᠠᠮᠵᠢᠯᠲᠠ ᠶᠢ ᠰᠢᠯᠭᠠᠨ ᠬᠢᠨᠠᠵᠤ ᠦᠨᠡᠯᠡᠬᠦ ᠲᠤᠭᠳᠠᠯᠴᠠᠭ᠎ᠠ ᠳᠤ ᠣᠷᠣᠭᠤᠯᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠱᠠᠭᠠᠷᠳᠠᠨ ᠪᠠᠶᠢᠴᠠᠭᠠᠬᠤ ᠲᠠᠰᠤᠭ ᠨᠢ ᠡᠯ᠎ᠡ ᠬᠤᠰᠢᠭᠤ ᠲᠣᠭᠤᠷᠢᠭ ᠡᠯ᠎ᠡ ᠰᠠᠯᠠᠭ᠎ᠠ ᠮᠥᠴᠢᠷ ᠤᠨ ᠠᠵᠤ ᠣᠶᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠦᠨᠡᠯᠡᠨ ᠵᠢᠱᠢᠬᠦ ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠬᠤ ᠪᠠᠨ ᠴᠢᠩᠭᠠᠳᠬᠠᠨ᠎ᠠ᠃  
ᠢᠷᠡᠯᠲᠡ᠄ ᠤᠷᠳᠤᠰ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ