​ᠵᠠᠰᠠᠭ ᠤᠨ ᠤᠷᠳᠤᠨ ᠤ ᠲᠤᠮᠣ ᠠᠵᠢᠯ ᠶᠠᠪᠤᠳᠠᠯ ᠤᠨ ᠳᠡᠮᠳᠡᠭᠯᠡᠯ ︵ᠠᠷᠪᠠᠳᠤᠭᠠᠷ ᠰᠠᠷ᠎ᠠ︶
ᠨᠡᠶᠢᠲᠡᠯᠡᠭᠰᠡᠨ ᠴᠠᠭ᠄
2021/12/30
       10 ᠰᠠᠷ᠎ᠠ ᠶᠢᠨ 1 ᠤ ᠡᠳᠦᠷ  ᠬᠤᠳᠠ ᠶᠢᠨ ᠨᠠᠮ ᠤᠨ ᠬᠤᠷᠢᠶᠡᠨ ᠤ ᠲᠡᠳ᠋ ᠱᠦᠵᠢ᠂ ᠬᠤᠳᠠ ᠶᠢᠨ ᠤᠷᠤᠯᠠᠬᠴᠢ ᠲᠠᠷᠤᠭ᠎ᠠ ᠳ᠋ᠦ᠋ ᠬᠤᠢ ᠯᠢᠶᠠᠩ ᠳ᠋ᠦᠡᠭᠱᠸᠡᠭ ᠲᠤᠭᠤᠷᠢᠭ᠂ ᠭᠢᠶ᠎ᠡ ᠪᠠᠭᠰᠢ ᠲᠤᠭᠤᠷᠢᠭ ᠲᠤ ᠠᠶᠤᠯ ᠦᠭᠡᠢ ᠦᠢᠯᠡᠳᠪᠤᠷᠢᠯᠡᠯ᠂ ᠳᠤᠯᠠᠭᠠᠯᠠᠭ᠎ᠠ ᠶᠢᠨ ᠬᠠᠨᠭ᠍ᠭᠠᠯᠭ᠎ᠠ᠂ ᠴᠠᠭᠢᠯᠭᠠᠨ ᠭᠦᠴᠦᠨ ᠤ ᠪᠠᠳᠤᠯᠠᠭ᠎ᠠ ᠪᠡ ᠵᠠᠬ᠎ᠠ ᠲᠡᠯᠭᠡᠭᠦᠷ ᠤᠨ ᠦᠨ᠎ᠡ ᠶᠢ ᠲᠤᠬᠳᠠᠪᠤᠷᠢᠵᠢᠭᠤᠯᠬᠤ ᠬᠠᠨᠭ᠍ᠭᠠᠯᠭ᠎ᠠ ᠶᠢ ᠪᠠᠳᠤᠯᠠᠬᠤ ᠵᠡᠷᠭᠡ ᠠᠵᠢᠯ ᠢ ᠪᠠᠶᠢᠴᠠᠭᠠᠨ ᠰᠤᠳᠤᠯᠬᠤ ᠶᠢᠨ ᠬᠠᠮᠳᠤ᠂ ᠬᠤᠳᠠ ᠶᠢᠨ ᠨᠠᠮ ᠤᠨ ᠬᠤᠷᠢᠶ᠎ᠡ᠂ ᠬᠤᠳᠠ ᠶᠢᠨ ᠵᠠᠰᠠᠭ ᠤᠨ ᠤᠷᠳᠤᠨ ᠢ ᠲᠦᠯᠦᠭᠡᠯᠡᠨ ᠠᠵᠢᠯ ᠤᠨ ᠪᠠᠶᠢᠷᠢ ᠪᠠᠨ ᠪᠠᠳᠤ ᠰᠠᠭᠢᠵᠤ ᠪᠠᠶᠢᠭ᠎ᠠ ᠨᠢᠭᠡᠳᠤᠭᠡᠷ ᠹᠷᠳᠲ ᠤᠨ ᠺᠠᠳ᠋ᠷ ᠠᠵᠢᠯᠳᠡᠳ ᠲᠤ ᠪᠠᠶᠠᠷ ᠤᠨ ᠡᠳᠦᠷ ᠤᠨ ᠮᠠᠨᠳᠤᠴᠢᠯᠡᠯ ᠪᠡ ᠲᠤᠳᠤᠨᠤ ᠬᠠᠯᠠᠮᠵᠢᠯᠡᠯ ᠭᠦᠷᠭᠡᠭᠰᠡᠨ ᠪᠠᠶᠢᠨ᠎ᠡ᠃ ᠬᠤᠳᠠ ᠶᠢᠨ ᠨᠠᠮ ᠤᠨ ᠬᠤᠷᠢᠶᠡᠨ ᠤ ᠪᠠᠶᠢᠡᠭᠭᠤ ᠶᠢᠨ ᠭᠡᠰᠢᠭᠦᠨ᠂ ᠬᠤᠳᠠ ᠶᠢᠨ ᠲᠡᠳ᠋ ᠲᠠᠷᠤᠭ᠎ᠠ ᠰᠤ᠋ ᠼᠦᠢ ᠹᠠᠨᠭ᠌᠂ ᠬᠤᠳᠠ ᠶᠢᠨ ᠲᠡᠳ᠋ ᠲᠠᠷᠤᠭ᠎ᠠ ᠸᠠᠩ ᠰᠢᠨ ᠢᠤᠢ᠂ ᠭᠤᠤ ᠸᠧᠨ ᠡᡁᠧ᠂ ᠬᠤᠳᠠ ᠶᠢᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠲᠠᠷᠤᠭ᠎ᠠ ᠵᠠᠩ ᠵᠦᠡᠭ ᡁᠢ  ᠪᠠᠶᠢᠴᠠᠭᠠᠨ ᠰᠤᠳᠤᠯᠦᠯᠳᠡ ᠳᠤ ᠤᠷᠤᠯᠴᠡᠪᠡ᠃     10 ᠰᠠᠷ᠎ᠠ ᠶᠢᠨ 5 ᠤ ᠡᠳᠦᠷ   ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠶᠢᠨ ᠤᠷᠤᠯᠠᠬᠴᠢ ᠲᠠᠷᠤᠭ᠎ᠠ ᠳ᠋ᠥ᠋ ᠬᠤᠢ ᠯᠢᠶᠠᠩ ᠳ᠋ᠦᠡᠭᠱᠸᠡᠭ ᠲᠤᠭᠤᠷᠢᠭ ᠪᠠ ᠭᠢᠶ᠎ᠠ ᠪᠠᠭᠰᠢ ᠲᠤᠭᠤᠷᠢᠭ ᠲᠤ ᠪᠠᠶᠠᠷ ᠤᠨ ᠡᠳᠦᠷ ᠤᠨ ᠠᠮᠠᠷᠠᠯᠳᠠ ᠶᠢᠨ ᠬᠤᠭᠤᠴᠠᠭᠠᠨ ᠳᠤ ᠨᠢᠭᠡᠳᠦᠭᠡᠷ ᠹᠷᠤᠨᠲ ᠢ ᠪᠠᠳᠤ ᠰᠠᠭᠢᠵᠤ ᠪᠠᠶᠢᠭ᠎ᠠ ᠭᠠᠯ ᠰᠡᠷᠭᠡᠶᠢᠯᠡᠵᠤ ᠤᠨᠳᠠᠷᠠᠭᠠᠬᠤ  ᠵᠢᠯᠤᠭᠤᠳᠤᠭᠴᠢ ᠪᠠᠶᠢᠯᠳᠤᠬᠴᠢᠳ ᠢ ᠪᠤᠯᠭᠤᠭᠠᠨ ᠲᠤᠬᠤᠨᠢᠭᠤᠯᠵᠤ᠂ ᠵᠠᠷᠢᠮ ᠪᠠᠶᠢᠭᠤᠯᠭ᠎ᠠ ᠶᠢᠨ ᠵᠢᠵᠢᠭᠦᠷᠯᠡᠨ ᠠᠵᠢᠯᠯᠠᠵᠤ ᠪᠠᠶᠢᠭ᠎ᠠ ᠪᠠᠶᠢᠳᠠᠯ ᠳᠤ ᠪᠠᠶᠢᠴᠠᠭᠠᠯᠳᠠ ᠭᠢᠪᠡ᠃ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠭᠦᠨ᠂ ᠬᠤᠳᠠ ᠶᠢᠨ ᠲᠡᠳ᠋ ᠲᠠᠷᠤᠭ᠎ᠠ ᠰᠥ᠋ ᠼᠦᠢ ᠹᠠᠨᠭ᠌᠂ ᠬᠤᠳᠠ ᠶᠢᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠲᠠᠷᠤᠭ᠎ᠠ ᠵᠠᠩ ᠵᠦᠡᠭ ᡁᠢ ᠪᠤᠯᠭᠤᠭᠠᠨ ᠲᠤᠬᠤᠨᠢᠭᠤᠯᠬᠤ ᠪᠠ ᠪᠠᠶᠢᠴᠠᠭᠠᠯᠳᠠ ᠳᠤ ᠤᠷᠤᠯᠴᠠᠪᠠ᠃    10 ᠰᠠᠷ᠎ᠠ ᠶᠢᠨ 6 ᠤ ᠡᠳᠦᠷ   ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠶᠢᠨ ᠤᠷᠤᠯᠠᠬᠴᠢ ᠲᠠᠷᠤᠭ᠎ᠠ ᠳ᠋ᠦ᠋ ᠬᠤᠢ ᠯᠢᠶᠠᠩ ᠦᠤᠰᠢᠨ ᠬᠤᠰᠢᠭᠤ᠂ ᠡᠵᠡᠨ ᠬᠤᠷᠤᠭ᠎ᠠ ᠬᠤᠰᠢᠭᠤ᠂ ᠵᠡᠭᠦᠨᠭᠠᠷ ᠬᠤᠰᠢᠭᠤᠨ ᠳᠤ ᠨᠠᠭᠤᠷ ᠭᠤᠤᠯ ᠤᠨ ᠬᠠᠮᠢᠶᠠᠷᠤᠯᠳᠠ ᠬᠠᠮᠠᠭᠠᠯᠠᠯᠳᠠ ᠪᠠ ᠭᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠢ ᠱᠠᠯᠠᠪᠳᠠᠭᠤᠯᠤᠨ ᠵᠢᠯᠤᠭᠤᠳᠴᠦ ᠪᠠᠶᠢᠴᠠᠭᠠᠪᠠ᠃ ᠬᠤᠳᠠ ᠶᠢᠨ ᠤᠳᠤᠷᠢᠳᠤᠯᠭ᠎ᠠ ᠰᠥ᠋ ᠼᠦᠢ ᠹᠠᠨᠭ᠌᠂ ᠬᠤᠸᠠ ᠷᠦᠢ ᠹᠸᠡᠭ᠂ ᠡᠷᠳᠡᠨᠢᠪᠢᠯᠢᠭ᠂ ᠬᠤᠳᠠ ᠶᠢᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠲᠠᠷᠤᠭ᠎ᠠ ᠵᠠᠩ ᠵᠦᠡᠭ ᡁᠢ ᠬᠤᠯᠪᠤᠬᠳᠠᠯ ᠪᠦᠭᠦᠢ ᠱᠠᠭᠠᠷᠳᠠᠨ ᠵᠢᠯᠤᠭᠤᠳᠬᠤ ᠳᠤ ᠤᠷᠤᠯᠴᠠᠪᠠ᠃    10 ᠰᠠᠷ᠎ᠠ ᠶᠢᠨ 8 ᠤ ᠡᠳᠦᠷ  ᠬᠤᠳᠠ ᠶᠢᠨ ᠨᠠᠮ ᠤᠨ ᠬᠤᠷᠢᠶᠡᠨ ᠤ ᠪᠠᠶᠢᠡᠭᠭᠤ ᠶᠢᠨ ᠬᠤᠷᠢᠶ᠎ᠡ ᠬᠤᠷᠡᠯ ᠬᠤᠷᠡᠯᠳᠤᠭᠤᠯᠵᠤ᠂ ᠶᠠᠷᠦᠩᠭᠡᠢ ᠱᠦᠵᠢ ᠰᠢ ᠶᠢᠨ ᠫᠢᠡᠭ ᠤᠨ ᠴᠢᠬᠤᠯᠡ ᠶᠠᠷᠢᠶ᠎ᠡ ᠴᠢᠬᠤᠯᠡ ᠵᠤᠭᠢᠶᠡᠯ ᠤᠨ ᠵᠤᠷᠢᠭ ᠰᠠᠨᠠᠭ᠎ᠠ ᠶᠢ ᠤᠯᠡᠮᠵᠢᠯᠡᠨ ᠰᠤᠷᠤᠯᠴᠡᠵᠤ᠂ ᠪᠦᠭᠦ ᠬᠤᠳᠠ ᠶᠢᠨ ᠡᠨᠧᠷᠭᠢ ᠴᠠᠭᠢᠯᠭᠠᠨ ᠭᠦᠴᠦᠨ ᠤ ᠪᠠᠳᠤᠯᠠᠭ᠎ᠠ ᠵᠡᠷᠭᠡ ᠠᠵᠢᠯ ᠢ ᠰᠤᠳᠤᠯᠪᠡ᠃ ᠬᠤᠳᠠ ᠶᠢᠨ ᠨᠠᠮ ᠤᠨ ᠬᠤᠷᠢᠶᠡᠨ ᠤ ᠱᠦᠵᠢ ᠯᠢ ᠯᠢ ᠬᠤᠷᠡᠯ ᠢ ᠡᠷᠭᠢᠯᠡᠪᠡ᠃    10 ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ  ᠠᠮᠤᠭᠤᠯᠠᠩ ᠣᠷᠳᠣᠰ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠠᠮᠤᠭᠤᠯᠠᠩ ᠣᠷᠳᠣᠰ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ᠂ ᠠᠯᠪᠡᠠ ᠭᠡᠷ ᠤᠨ ᠪᠦᠷᠢᠯᠳᠦᠬᠦᠨ ᠵᠢᠴᠢ 10 ᠠᠵᠢᠯ ᠤᠨ ᠳᠤᠭᠤᠶᠢᠯᠠᠩ ᠤᠨ ᠠᠵᠢᠯ ᠤᠨ ᠳᠦᠷᠢᠮ ᠢ ᠲᠤᠬᠢᠷᠠᠭᠤᠯᠤᠨ ᠰᠤᠳᠤᠯᠵᠤ᠂ ︽ᠠᠮᠤᠭᠤᠯᠠᠩ ᠣᠷᠳᠣᠰ ᠤᠨ ᠪᠠᠶᠢᠭᠤᠯᠤᠯᠲᠠ ᠵᠢᠴᠢ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ︿ᠠᠷᠪᠠᠨ ᠳᠥᠷᠪᠡᠳᠦᠭᠡᠷ ᠲᠠᠪᠤᠨ ᠵᠢᠯ﹀ ᠤᠨ ᠲᠥᠯᠥᠪᠵᠢᠭᠦᠯᠭᠡ︾᠂ ︽ᠣᠷᠳᠣᠰ ᠤᠨ ᠬᠤᠲᠠ ᠶᠢᠨ ᠬᠡᠪᠴᠢᠶᠡᠨ ᠳᠠᠬᠢ ᠨᠡᠶᠢᠭᠡᠮ ᠤᠨ ᠵᠠᠰᠠᠯᠲᠠ ᠶᠢᠨ ᠣᠳᠣᠬᠢᠴᠢᠯᠠᠯᠲᠠ ᠶᠢᠨ ᠲᠤᠷᠰᠢᠯᠲᠠ ᠶᠢᠨ ᠴᠡᠭ ᠤᠨ ᠠᠵᠢᠯ ᠤᠨ ᠡᠭᠦᠷᠭᠡ ᠶᠢ ᠵᠠᠳᠠᠯᠬᠤ ᠬᠠᠷᠢᠭᠤᠴᠠᠯᠭ᠎ᠠ ᠶᠢᠨ ᠨᠠᠷᠢᠨ ᠲᠠᠩᠰᠠ ᠪᠤᠯᠤᠨ ᠰᠢᠯᠭᠠᠨ ᠦᠨᠡᠯᠡᠬᠦ ᠠᠵᠢᠯ ᠤᠨ ᠵᠢᠯᠣᠭᠤᠳᠤᠮᠵᠢ︾ ᠶᠢ ᠰᠤᠳᠤᠯᠤᠨ ᠬᠢᠨᠠᠨ ᠵᠥᠪᠯᠡᠵᠦ᠂ ︽ᠣᠷᠳᠣᠰ ᠬᠤᠲᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠬᠤ ᠮᠡᠳᠡᠭᠳᠡᠯ︾᠂ ︽ᠣᠷᠳᠣᠰ ᠬᠤᠲᠠ ᠶᠢᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠬᠦ ᠶᠢ ᠬᠡᠷᠡᠭᠵᠢᠭᠦᠯᠬᠦ ᠲᠥᠰᠦᠯ︾ ᠢ ᠰᠤᠳᠤᠯᠤᠨ ᠬᠢᠨᠠᠨ ᠵᠥᠪᠯᠡᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ᠂ ᠠᠮᠤᠭᠤᠯᠠᠩ ᠣᠷᠳᠣᠰ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢ ᠯᠢ ᠬᠤᠷᠠᠯ ᠢ ᠡᠷᠭᠢᠯᠡᠭᠰᠡᠨ ᠤ ᠬᠠᠮᠲᠦ ᠶᠠᠷᠢᠶ᠎ᠠ ᠲᠠᠯᠪᠢᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠤᠷᠤᠯᠠᠬᠴᠢ ᠳᠠᠷᠤᠭ᠎ᠠ᠂ ᠠᠮᠤᠭᠤᠯᠠᠩ ᠣᠷᠳᠣᠰ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠳ᠋ᠦ᠋ ᠬᠤᠶ ᠯᠢᠶᠠᠩ ᠬᠤᠷᠠᠯ ᠳᠤ ᠤᠷᠤᠯᠴᠠᠬᠰᠠᠨ ᠤ ᠬᠠᠮᠲᠦ ᠶᠠᠷᠢᠶ᠎ᠠ ᠲᠠᠯᠪᠢᠪᠠ᠃     10 ᠰᠠᠷ᠎ᠠ ᠶᠢᠨ 8 ᠤ ᠡᠳᠦᠷ  ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠤᠷᠤᠯᠠᠬᠴᠢ ᠳᠠᠷᠤᠭ᠎ᠠ ᠳ᠋ᠦ᠋ ᠬᠤᠶ ᠯᠢᠶᠠᠩ ᠤᠷᠢᠳ ᠬᠤᠵᠢᠳ ᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ᠂ ᠲᠤᠭ᠎ᠠ ᠪᠦᠷᠢᠳᠬᠡᠯ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠦᠪᠯᠡᠯ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ᠂ ᠣᠨ ᠤ ᠬᠠᠷᠠᠯᠲᠠ ᠡᠭᠦᠷᠭᠡ᠂ ᠭᠤᠤᠯᠳᠠᠯᠭ᠎ᠠ ᠲᠠᠢ ᠠᠵᠢᠯ ᠢ ᠠᠬᠢᠭᠤᠯᠤᠨ ᠨᠠᠶᠢᠳᠠᠪᠤᠷᠢᠵᠢᠭᠤᠯᠤᠭᠰᠠᠨ ᠪᠠᠶᠢᠳᠠᠯ ᠵᠢᠴᠢ ᠺᠠᠳ᠋ᠷ ᠤᠨ ᠡ᠊ᠩᠨᠡᠭᠡ᠂ ᠰᠤᠷᠲᠠᠯ ᠴᠢᠳᠠᠪᠤᠷᠢ ᠶᠢᠨ ᠪᠠᠶᠢᠭᠤᠯᠤᠯᠲᠠ ᠵᠡᠷᠭᠡ ᠪᠠᠶᠢᠳᠠᠯ ᠢ ᠭᠦᠨᠵᠡᠭᠡᠶ ᠣᠶᠢᠯᠠᠭᠠᠭᠰᠠᠨ ᠤ ᠬᠠᠮᠲᠦ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠦ᠋ ᠼᠦᠢ ᠹᠠᠩ᠂ ᠬᠤᠲᠠ ᠶᠢᠨ ᠵᠠᠰᠠᠭ ᠤᠨ ᠣᠷᠳᠣᠨ ᠤ ᠨᠡᠷᠢᠠ ᠪᠢᠴᠢᠭ ᠤᠨ ᠲᠡᠷᠤᠭ᠎ᠠ ᠵᠠᠩ ᠵᠥᠩ ᡁᠢ ᠪᠠᠶᠢᠴᠠᠭᠠᠨ ᠰᠤᠳᠤᠯᠤᠯᠲᠠ ᠪᠠ ᠶᠠᠷᠢᠯᠴᠠᠬᠤ ᠬᠤᠷᠠᠯ ᠳᠤ ᠣᠷᠣᠯᠴᠠᠪᠠ᠃    10 ᠰᠠᠷ᠎ᠠ ᠶᠢᠨ 8  ᠤ ᠡᠳᠦᠷ  ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠵᠠᠰᠠᠭ ᠤᠨ  ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ ᠱᠦᠵᠢ᠂ ᠬᠤᠳᠠ ᠶᠢᠨ ᠤᠷᠤᠯᠠᠭᠴᠢ ᠳᠠᠷᠤᠭ᠎ᠠ ᠳ᠋ᠦ᠋ ᠬᠤᠢ ᠯᠢᠶᠠᠩ ᠬᠤᠳᠠ ᠶᠢᠨ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠲᠤᠭᠤᠶᠢᠯᠠᠩ ᠤᠨ 12 ᠳ᠋ᠤᠭᠠᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠪᠠ᠃    10 ᠰᠠᠷ᠎ᠠ ᠶᠢᠨ 10 ᠤ ᠡᠳᠦᠷ   ᠳᠥᠷᠪᠡᠳᠦᠭᠡᠷ ᠬᠤᠭᠤᠴᠠᠭᠠᠨ ᠤ ᠳᠤᠮᠳᠠᠳᠤ ᠤᠯᠤᠰ ︵ᠣᠷᠳᠣᠰ︶ ᠤᠨ ᠣᠯᠠᠨ ᠤᠯᠤᠰ ᠤᠨ ᠨᠤᠤᠰᠤ ᠨᠤᠤᠯᠤᠭᠤᠷ ᠤᠨ ᠦᠵᠡᠬᠦᠯᠭᠡ ᠶᠢᠨ ᠴᠤᠭᠯᠠᠭᠠᠨ ᠳ᠋ᠦᠩᠱᠧᠩ ᠲᠣᠭᠤᠷᠢᠭ ᠲᠤ ᠡᠬᠢᠯᠡᠪᠡ᠃ ᠳᠤᠮᠳᠠᠳᠤ ᠤᠯᠤᠰ ᠤᠨ ᠤᠯᠠᠨ ᠤᠯᠤᠰ ᠤᠨ ᠠᠷᠠᠯᠵᠢᠶ᠎ᠠ ᠶᠢ ᠠᠬᠢᠭᠤᠯᠬᠤ ᠵᠥᠪᠯᠡᠯ ᠤᠨ ᠨᠠᠮ ᠤᠨ ᠤᠳᠤᠷᠢᠳᠬᠤ  ᠳᠤᠭᠤᠶᠢᠯᠠᠩ ᠤᠨ ᠬᠡᠰᠢᠬᠦᠨ᠂ ᠨᠡᠶᠢᠭᠡᠮᠯᠢᠭ  ᠤᠨ ᠳᠡᠳ᠋ ᠳᠠᠷᠤᠭ᠎ᠠ ᠵᠠᠩ ᠱᠤᠤ ᠭᠠᠩ᠂ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠬᠤᠸᠠᠩ ᡁᠢ ᠴᠢᠶᠠᠩ᠂ ᠬᠤᠳᠠ ᠶᠢᠨ ᠤᠳᠤᠷᠢᠳᠤᠯᠭ᠎ᠠ ᠯᠢ ᠯᠢ᠂ ᠳ᠋ᠦ᠋ ᠬᠤᠢ ᠯᠢᠶᠠᠩ᠂ ᠵᠠᠩ ᠵᠠᠨ ᠯᠢᠨ᠂ ᠭᠤᠤ ᠵᠠᠨ ᠱᠧᠩ ᠨᠡᠷ ᠡᠬᠢᠯᠡᠯᠳᠡ ᠶᠢᠨ ᠶᠤᠰᠦᠯᠡᠯ ᠳᠤ ᠣᠷᠣᠯᠴᠠᠪᠠ᠃ ᠬᠤᠸᠠᠩ ᡁᠢ ᠴᠢᠶᠠᠩ ᠶᠡᠭᠡ ᠬᠤᠷᠠᠯ ᠡᠬᠢᠯᠡᠭᠰᠡᠨ ᠢ ᠵᠠᠷᠯᠠᠪᠠ᠃    10 ᠰᠠᠷ᠎ᠠ ᠶᠢᠨ 10 ᠤ ᠡᠳᠦᠷ  ᠪᠡᠭᠡᠵᠢᠩ ᠤᠨ ᠪᠤᠤ ᠯᠢ ᠵᠦᠴᠦᠭᠡ ᠶᠢᠨ ᠬᠦᠷᠢᠶᠡᠯᠡᠩ ᠤᠨ ᠤᠷᠳᠤᠰ ᠬᠤᠳᠠ ᠳᠤ ᠰᠠᠭᠤᠷᠢᠰᠢᠬᠤ ᠭᠡᠷ᠎ᠡ ᠳᠤᠭᠳᠠᠠᠬᠤ ᠵᠢᠴᠢ ᠠᠩᠬᠠᠨ ᠤ ᠲᠤᠭᠯᠠᠯᠳᠠ ᠶᠢᠨ ᠶᠤᠰᠤᠯᠠᠯ ᠬᠢᠶ᠎ᠠ ᠪᠠᠭᠰᠢ ᠲᠤᠭᠤᠷᠢᠭ ᠲᠤ ᠶᠠᠪᠤᠭᠳᠠᠪᠠ᠃ ᠳᠤᠮᠳᠠᠳᠤ ᠤᠯᠤᠰ ᠤᠨ ᠪᠤᠤ ᠯᠢ ᠪᠦᠯᠦᠭᠯᠡᠯ ᠤᠨ ᠬᠢᠵᠠᠭᠠᠷᠳᠤ ᠺᠤᠮᠫᠠᠨᠢ ᠶᠢᠨ ᠶᠡᠷᠦᠩᠬᠡᠢ ᠳᠠᠭᠠᠭᠠᠮᠠᠯ ᠤᠨ ᠳᠤᠰᠠᠯᠠᠭᠴᠢ᠂ ᠪᠤᠤ ᠯᠢ ᠰᠤᠶᠤᠯ ᠤᠨ ᠪᠦᠯᠦᠭᠯᠡᠯ ᠤᠨ ᠬᠤᠪᠢ ᠤᠷᠤᠭᠤᠯᠤᠭᠰᠠᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠨᠠᠮ ᠤᠨ ᠬᠤᠷᠢᠶᠠᠨ ᠤ ᠱᠦᠵᠢ᠂ ᠶᠡᠷᠦᠩᠬᠡᠢ ᠳᠠᠭᠠᠭᠠᠮᠠᠯ ᠸᠠᠩ ᠪᠦᠸᠧ᠂ ᠪᠤᠤ ᠯᠢ ᠰᠤᠶᠤᠯ ᠤᠨ ᠪᠦᠯᠦᠭᠯᠡᠯ ᠤᠨ ᠬᠤᠪᠢ ᠤᠷᠤᠭᠤᠯᠤᠭᠰᠠᠨ ᠬᠢᠵᠠᠭᠠᠷᠳᠤ ᠬᠠᠷᠢᠭᠤᠴᠠᠯᠭᠠᠳᠤ ᠺᠤᠮᠫᠠᠨᠢ ᠶᠢᠨ ᠶᠡᠷᠦᠩᠬᠡᠢ ᠳᠡᠳ᠋ ᠳᠠᠭᠠᠭᠠᠮᠠᠯ᠂ ᠪᠡᠭᠡᠵᠢᠩ ᠤᠨ ᠪᠤᠤ ᠯᠢ ᠵᠦᠴᠦᠭᠡ ᠶᠢᠨ ᠬᠦᠷᠢᠶᠡᠯᠡᠩ ᠤᠨ ᠬᠠᠮᠢᠶᠠᠷᠤᠯᠳᠠ ᠶᠢᠨ ᠬᠢᠵᠠᠭᠠᠷᠳᠤ ᠺᠤᠮᠫᠠᠨᠢ ᠶᠢᠨ ᠨᠠᠮ ᠤᠨ ᠬᠤᠷᠢᠶᠠᠨ ᠤ ᠱᠦᠵᠢ᠂ ᠬᠡᠷᠡᠭ ᠮᠡᠳᠡᠭᠴᠢᠳ ᠤᠨ ᠳᠠᠷᠤᠭ᠎ᠠ ᠭᠦᠸᠧ ᠸᠧᠨ ᠫᠧᠩ᠂ ᠯᠢ ᠯᠢ᠂ ᠳ᠋ᠦ᠋ ᠬᠤᠢ ᠯᠢᠶᠠᠩ ᠵᠡᠷᠭᠡ ᠬᠤᠳᠠ ᠶᠢᠨ ᠤᠳᠤᠷᠢᠳᠤᠯᠭ᠎ᠠ᠂ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠰᠤᠶᠤᠯ ᠪᠠ ᠵᠢᠭᠤᠯᠴᠢᠯᠠᠯ ᠤᠨ ᠲᠢᠩᠬᠢᠮ ᠤᠨ ᠬᠤᠯᠪᠤᠭᠳᠠᠯ ᠪᠦᠬᠦᠢ ᠬᠠᠷᠢᠭᠤᠴᠠᠯᠭᠠᠳᠠᠨ ᠭᠡᠷ᠎ᠡ ᠳᠤᠭᠳᠠᠠᠬᠤ ᠶᠤᠰᠤᠯᠠᠯ ᠳᠤ ᠤᠷᠤᠯᠴᠠᠬᠤ ᠶᠢᠨ ᠬᠠᠮᠳᠤ ᠠᠩᠬᠠᠨ ᠤ ᠲᠤᠭᠯᠠᠯᠳᠠ ᠶᠢ ᠰᠤᠨᠢᠷᠬᠠᠪᠠ᠃     10 ᠰᠠᠷ᠎ᠠ ᠶᠢᠨ 10 ᠤ ᠡᠳᠦᠷ  ᠳᠤᠮᠳᠠᠳᠤ ᠤᠯᠤᠰ ᠤᠨ ᠠᠷᠠᠯᠵᠢᠶ᠎ᠠ ᠶᠢ ᠠᠬᠢᠭᠤᠯᠬᠤ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠳᠠᠷᠤᠭ᠎ᠠ ᠵᠠᠩ ᠱᠤᠤ ᠭᠠᠩ ᠳ᠋ᠦᠩᠱᠧᠩ ᠲᠣᠭᠤᠷᠢᠭ ᠲᠤ ᠪᠠᠶᠢᠴᠠᠭᠠᠨ ᠰᠤᠳᠤᠯᠤᠯᠲᠠ ᠬᠢᠭᠰᠡᠨ ᠤ ᠬᠠᠮᠳᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠳᠠ ᠶᠢᠨ ᠳᠡᠳ᠋ ᠳᠠᠷᠤᠭ᠎ᠠ ᠮᠢᠶᠣᠣ ᠴᠧᠩ ᠢᠦᠢ᠂ ᠳ᠋ᠦᠩᠱᠧᠩ ᠲᠣᠭᠤᠷᠢᠭ ᠤᠨ ᠨᠠᠮ ᠵᠠᠰᠠᠭ ᠤᠨ ᠭᠤᠣᠯ ᠤᠳᠤᠷᠢᠳᠤᠯᠭ᠎ᠠ ᠪᠠᠶᠢᠴᠠᠭᠠᠨ ᠰᠤᠳᠤᠯᠤᠯᠲᠠ ᠪᠠ  ᠶᠠᠷᠢᠯᠴᠠᠬᠤ ᠬᠤᠷᠠᠯ ᠳᠤ ᠣᠷᠣᠯᠴᠠᠪᠠ᠃    10 ᠰᠠᠷ᠎ᠠ ᠶᠢᠨ 11 ᠤ ᠡᠳᠦᠷ  ᠣᠷᠳᠣᠰ ᠤᠨ ᠮᠥᠩᠭᠦᠨ ᠬᠦᠢᠯᠭᠡᠭᠡᠨ ᠤ ᠠᠵᠤ ᠠᠬᠤᠶ ᠶᠢᠨ ᠬᠥᠭᠵᠢᠯᠲᠡ ᠶᠢᠨ ᠶᠡᠭᠡ ᠬᠤᠷᠠᠯ ᠬᠢᠶ᠎ᠠ ᠪᠠᠭᠰᠢ ᠲᠤᠭᠤᠷᠢᠭ ᠲᠤ ᠬᠤᠷᠠᠯᠳᠤᠪᠠ᠃ ᠶᠡᠭᠡ ᠬᠤᠷᠠᠯ ᠤᠨ ᠵᠣᠷᠢᠯᠭ᠎ᠠ ᠨᠢ ᠶᠡᠷᠦᠩᠬᠡᠶ ᠱᠦᠵᠢ ᠰᠢ ᠶᠢᠨ ᠫᠢᠩ ᠤᠨ ᠮᠥᠩᠭᠦᠨ ᠬᠦᠢᠯᠭᠡᠭᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢᠨ ᠵᠣᠷᠢᠭ ᠰᠠᠨᠠᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠮᠥᠩᠭᠦᠨ ᠬᠦᠢᠯᠭᠡᠭᠡᠨ ᠤ ︽ᠴᠢᠰᠦᠨ ᠰᠤᠳᠠᠰᠤ︾ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠮᠥᠩᠭᠦᠨ ᠬᠦᠢᠯᠭᠡᠭᠡᠨ ᠤ ᠪᠣᠳᠠᠲᠤ ᠴᠣᠭᠴᠠ ᠶᠢᠨ ᠠᠵᠤ ᠠᠬᠤᠶ ᠳᠤ ᠦᠢᠯᠡᠴᠢᠯᠡᠬᠦ ᠴᠢᠳᠠᠪᠤᠷᠢ ᠶᠢᠨ ᠲᠦᠪᠰᠢᠨ ᠢ ᠴᠢᠩᠭᠠᠳᠬᠠᠵᠤ᠂ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠰᠠᠶᠢᠲᠤᠷ ᠦᠢᠯᠡᠴᠢᠯᠡᠭᠦᠯᠬᠦ ᠶᠢᠨ ᠲᠥᠯᠥᠭᠡ ᠶᠤᠮ᠃ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠷᠠᠯ ᠳᠤ ᠣᠷᠣᠯᠴᠠᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠣᠷᠣᠯᠠᠭᠴᠢ ᠳᠠᠷᠤᠭ᠎ᠠ ᠳ᠋ᠦ᠋ ᠬᠤᠶ ᠯᠢᠶᠠᠩ ᠬᠤᠷᠠᠯ ᠳᠤ ᠤᠷᠤᠯᠴᠠᠭᠰᠠᠨ ᠤ ᠬᠠᠮᠲᠦ ᠶᠠᠷᠢᠶ᠎ᠡ ᠲᠠᠯᠪᠢᠪᠠ᠃ ᠬᠤᠲᠠ ᠶᠢᠨ ᠳᠡᠳ᠋ ᠳᠠᠷᠤᠭ᠎ᠠ ᠮᠢᠶᠣᠣ ᠴᠧᠩ ᠢᠦᠶ ᠬᠤᠷᠠᠯ ᠢ ᠡᠷᠭᠢᠯᠡᠪᠡ᠃    10 ᠰᠠᠷ᠎ᠠ ᠶᠢᠨ 11 ᠤ ᠡᠳᠦᠷ ᠤᠨ ᠦᠳᠡ ᠶᠢᠨ ᠡᠮᠦᠨ᠎ᠡ  ᠦᠪᠡᠷᠳᠡᠬᠡᠨ ᠵᠠᠰᠠᠬᠤ ᠤᠷᠤᠨ ᠤ ᠬᠠᠤᠯᠢᠵᠢᠯ ᠤᠨ ᠪᠠᠶᠢᠭᠤᠯᠤᠯᠳᠠ ᠶᠢᠨ ᠱᠠᠭᠠᠷᠳᠠᠨ ᠪᠠᠶᠢᠴᠠᠭᠠᠬᠤ ᠳᠠᠪᠤᠳᠤᠭᠠᠷ ᠳᠤᠭᠤᠢᠢᠯᠠᠩ ᠮᠠᠨ ᠤ ᠬᠤᠳᠠ ᠳᠤ ᠢᠷᠡᠵᠤ ᠳᠤᠰᠬᠠᠢ ᠰᠡᠳᠦᠪᠳᠤ ᠮᠡᠳᠡᠬᠦᠯᠦᠯᠳᠡ ᠶᠢᠨ ᠬᠤᠷᠡᠯ ᠬᠤᠷᠠᠯᠳᠤᠭᠤᠯᠪᠠ᠃ ᠦᠪᠡᠷᠳᠡᠬᠡᠨ ᠵᠠᠰᠠᠬᠤ ᠤᠷᠤᠨ ᠤ ᠬᠠᠤᠯᠢᠵᠢᠯ ᠤᠨ ᠪᠠᠶᠢᠭᠤᠯᠤᠯᠳᠠ ᠶᠢᠨ ᠱᠠᠭᠠᠷᠳᠠᠨ ᠪᠠᠶᠢᠴᠠᠭᠠᠬᠤ ᠳᠠᠪᠤᠳᠤᠭᠠᠷ ᠳᠤᠭᠤᠢᠢᠯᠠᠩ ᠤᠨ ᠳᠠᠷᠤᠭ᠎ᠠ᠂ ᠦᠪᠡᠷᠳᠡᠬᠡᠨ ᠵᠠᠰᠠᠬᠤ ᠤᠷᠤᠨ ᠤ ᠠᠷᠡᠳ ᠤᠨ ᠦᠨᠳᠦᠷ ᠵᠡᠷᠬᠡ ᠶᠢᠨ ᠰᠢᠬᠦᠬᠦ ᠬᠤᠷᠢᠶᠡᠨ ᠤ ᠰᠢᠬᠦᠨ ᠳᠠᠰᠤᠯᠬᠤ ᠺᠤᠮᠢᠰ ᠤᠨ ᠳᠤᠰᠬᠠᠢ ᠳᠤᠰᠢᠶᠠᠯᠳᠤ ᠬᠡᠰᠢᠬᠦᠨ ᠪᠠᠭᠠᠨ᠎ᠠ ᠬᠤᠷᠡᠯ ᠢ ᠡᠷᠬᠢᠯᠡᠭᠰᠡᠨ ᠤ ᠬᠠᠮᠳᠤ ᠶᠠᠷᠢᠶ᠎ᠡ ᠳᠠᠯᠪᠢᠪᠠ᠃ ᠬᠤᠳᠠ ᠶᠢᠨ ᠨᠠᠮ ᠤᠨ ᠬᠤᠷᠢᠶᠡᠨ ᠤ ᠱᠦᠵᠢ ᠯᠢ ᠯᠢ ᠬᠠᠤᠯᠢᠵᠢᠯ ᠤᠨ ᠪᠠᠶᠢᠭᠤᠯᠤᠯᠳᠠ ᠶᠢ ᠠᠬᠢᠭᠤᠯᠬᠤ ᠨᠢᠬᠡᠳᠦᠬᠡᠷ ᠬᠠᠷᠢᠭᠤᠴᠠᠯᠭᠠᠳᠠᠨ ᠤ ᠳᠤᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠵᠢᠴᠢ ᠬᠠᠤᠯᠢᠵᠢᠯ ᠤᠨ ᠪᠠᠶᠢᠭᠤᠯᠤᠯᠳᠠ ᠶᠢᠨ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠬᠰᠠᠨ ᠪᠠᠶᠢᠳᠠᠯ ᠪᠠ ᠬᠠᠤᠯᠢᠵᠢᠯ ᠤᠨ ᠪᠠᠶᠢᠭᠤᠯᠤᠯᠳᠠ ᠶᠢᠨ ᠪᠦᠬᠦ ᠳᠠᠯ᠎ᠠ ᠶᠢᠨ ᠠᠵᠢᠯ ᠤᠨ ᠬᠠᠷᠢᠭᠤ ᠮᠡᠳᠡᠬᠦᠯᠦᠯᠳᠡ ᠬᠢᠪᠡ᠃    10 ᠰᠠᠷ᠎ᠠ ᠶᠢᠨ 12 ᠤᠨ ᠡᠳᠦᠷ  2021 ᠣᠷᠳᠣᠰ ᠤᠨ ᠨᠡᠭᠦᠷᠡᠰᠦᠲᠥ᠋ᠷᠥᠭᠴᠢ ᠥᠯᠤ ᠭᠠᠳᠠᠭᠰᠢᠯᠠᠭᠤᠯᠬᠤ ᠠᠵᠤ ᠦᠢᠯᠡᠰ ᠤᠨ ᠲᠦᠷᠦᠭᠦᠴᠦᠳ ᠤᠨ ᠬᠤᠷᠠᠯ ᠡᠬᠢᠯᠡᠪᠡ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠲᠦᠷᠦᠭᠦᠴᠦᠳ ᠤᠨ ᠬᠤᠷᠠᠯ ᠳᠤ ᠪᠠᠶᠠᠷ ᠤᠨ ᠵᠠᠬᠢᠳᠠᠯ ᠢᠯᠡᠭᠡᠵᠦ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠳᠡᠳ᠋ ᠱᠦᠵᠢ᠂ ᠥᠪᠡᠷᠲᠡᠭᠡᠨ ᠵᠠᠰᠠᠬᠤ ᠣᠷᠣᠨ ᠤ ᠲᠡᠷᠢᠭᠦᠯᠡᠭᠴᠢ ᠸᠠᠩ ᠯᠢ ᠰᠢᠶᠠ ᠡᠬᠢᠯᠡᠯᠳᠡ ᠶᠢᠨ ᠶᠤᠰᠦᠯᠡᠯ ᠳᠤ ᠤᠷᠤᠯᠴᠠᠭᠰᠠᠨ ᠤ ᠬᠠᠮᠳᠤ ᠶᠠᠷᠢᠶ᠎ᠠ ᠳᠠᠯᠪᠢᠵᠠᠢ᠃    10 ᠰᠠᠷ᠎ᠠ ᠶᠢᠨ 13 ᠤ ᠡᠳᠦᠷ  ᠤᠷᠳᠤᠰ ᠬᠤᠳᠠ ᠶᠢᠨ 2021 ᠤᠨ ᠤ ᠭᠤᠤᠯᠳᠠᠯᠭᠠᠳᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠲᠤᠭᠤᠷᠢᠨ ᠦᠵᠡᠭᠦ ᠲᠠᠶᠢᠴᠢᠯᠠᠯᠳᠠ ᠶᠢᠨ ᠬᠤᠷᠠᠯ ᠵᠢᠴᠢ ︽ᠰᠠᠯᠭᠢ ᠭᠡᠷᠠᠯ ᠤᠰᠤᠳᠦ᠋ᠷᠦᠭᠴᠢ ᠶᠢ ᠬᠠᠳᠠᠭᠠᠯᠠᠬᠤ ᠲᠡᠷᠭᠡ︾ ᠶᠢᠨ ᠱᠠᠩᠬᠠᠢ ᠶᠢᠨ ᠮᠠᠰᠢᠨ ᠲᠡᠷᠭᠡᠨ ᠤ ᠪᠦᠯᠦᠭᠯᠡᠯ ᠤᠨ ᠬᠤᠨᠭ᠌ ᠶᠠᠨ ᠤᠷᠳᠤᠰ ᠤᠨ ᠲᠦᠷᠦᠯ ᠵᠦᠢᠯ ᠢ ᠡᠭᠢᠯᠡᠭᠦᠯᠭᠦ ᠶᠤᠰᠤᠯᠠᠯ ᠶᠠᠪᠤᠬᠳᠠᠪᠠ᠃ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠪᠤᠯᠤᠨ ᠱᠠᠩᠬᠠᠢ ᠶᠢᠨ ᠮᠠᠰᠢᠨ ᠲᠡᠷᠭᠡᠨ ᠤ ᠪᠦᠯᠦᠭᠯᠡᠯ ᠤᠨ ᠶᠡᠷᠦᠩᠭᠡᠢ ᠲᠡᠳ᠋ ᠲᠠᠭᠠᠭᠠᠮᠠᠯ ᠯᠠᠨ ᠴᠢᠩ ᠰᠦᠡᠭ᠂ ᠱᠠᠩᠬᠠᠢ ᠶᠢᠨ ᠮᠠᠰᠢᠨ ᠲᠡᠷᠭᠡᠨ ᠤ ᠪᠦᠯᠦᠭᠯᠡᠯ ᠤᠨ ᠶᠡᠷᠦᠩᠭᠡᠢ ᠲᠡᠳ᠋ ᠲᠠᠭᠠᠭᠠᠮᠠᠯ ᠂ ᠶᠡᠷᠦᠩᠭᠡᠢ ᠢᠨᠵᠧᠨᠧᠷ ᠱᠢ ᠽᠦ ᠵᠢᠶ᠋ᠸ ᠱᠠᠩᠬᠠᠢ ᠶᠢᠨ ᠮᠠᠰᠢᠨ ᠲᠡᠷᠭᠡᠨ ᠤ ᠪᠦᠯᠦᠭᠯᠡᠯ ᠤᠨ ᠬᠤᠨᠭ᠌ ᠶᠠᠨ ᠮᠠᠰᠢᠨ ᠲᠡᠷᠭᠡᠨ ᠤ ᠭᠢᠵᠠᠭᠠᠷᠳᠤ ᠺᠤᠮᠫᠠᠨᠢ ᠶᠢᠨ ᠦᠪᠤᠷ ᠮᠤᠩᠭᠤᠯ ᠳᠠᠬᠢ ᠬᠤᠪᠢᠶᠠᠷᠢ ᠺᠤᠮᠫᠠᠨᠢ᠂ ᠦᠪᠤᠷ ᠮᠤᠩᠭᠤᠯ ᠤᠨ ᠵᠢᠶ᠋ᠸ ᠴᠢᠩ ᠰᠢᠨᠵᠢᠯᠡᠭᠦ ᠤᠬᠠᠭᠠᠨ ᠮᠡᠷᠭᠡᠵᠢᠯ ᠤᠨ ᠭᠢᠵᠠᠭᠠᠷᠳᠤ ᠺᠤᠮᠫᠠᠨᠢ ᠶᠢᠨ ᠫᠠᠶᠢᠰᠠ ᠶᠢ ᠬᠠᠮᠳᠤ ᠪᠠᠷ ᠰᠡᠭᠦᠪᠡ᠃ ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠶᠢᠨ ᠤᠷᠤᠯᠠᠬᠴᠢ ᠲᠠᠷᠤᠭ᠎ᠠ ᠳ᠋ᠦ᠋ ᠬᠤᠢ ᠯᠢᠶᠠᠩ ᠲᠦᠷᠦᠯ ᠵᠦᠢᠯ ᠢ ᠡᠭᠢᠯᠡᠭᠦᠯᠦᠭᠰᠡᠨ ᠢ ᠵᠠᠷᠯᠠᠪᠠ᠃ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠭᠢᠯᠡᠭᠴᠢ ᠵᠠᠩ ᠵᠠᠨ ᠯᠢᠨ᠂ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠭᠤᠤ ᠵᠠᠨ ᠱᠸᠡᠭ ᠵᠡᠷᠭᠡ ᠬᠤᠳᠠ ᠶᠢᠨ ᠤᠳᠤᠷᠢᠳᠤᠯᠭ᠎ᠠ ᠤᠷᠤᠯᠴᠠᠪᠠ᠃    10 ᠰᠠᠷ᠎ᠠ ᠶᠢᠨ 14 ᠤ ᠡᠳᠦᠷ  ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠲᠡᠭᠡᠭᠡᠪᠦᠷᠢ ᠶᠢᠨ ᠨᠡᠶᠢᠭᠡᠮᠯᠢᠭ᠂ ᠤᠷᠳᠤᠰ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠣᠯᠯᠠᠨ ᠡᠷᠬᠢᠯᠡᠭᠰᠡᠨ 2021 ᠠᠩᠬᠠᠳᠤᠭᠠᠷ ᠬᠤᠭᠤᠴᠠᠭᠠᠨ ᠤ ᠳᠤᠮᠳᠠᠳᠤ ᠤᠯᠤᠰ ᠤᠨ ᠰᠠᠯᠪᠤᠷᠢ ᠱᠤᠭᠤᠮ ᠤᠨ ᠠᠭᠠᠷ ᠤᠨ ᠠᠶᠠᠯᠠᠯ ᠤᠨ ᠬᠥᠭᠵᠢᠯᠲᠡ ᠶᠢᠨ ᠲᠦᠷᠦᠭᠦᠴᠦᠳ ᠤᠨ ᠬᠤᠷᠠᠯ ᠮᠠᠨ ᠤ ᠬᠤᠳᠠ ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠳᠡᠳ᠋ ᠲᠡᠷᠢᠭᠦᠯᠡᠭᠴᠢ ᠠᠶ ᠯᠢ ᠬᠤᠸᠠ ᠲᠦᠷᠦᠭᠦᠴᠦᠳ ᠤᠨ ᠬᠤᠷᠠᠯ ᠳᠤ ᠣᠷᠣᠯᠴᠠᠭᠰᠠᠨ ᠤ ᠬᠠᠮᠳᠤ ᠶᠠᠷᠢᠶ᠎ᠠ ᠲᠠᠯᠪᠢᠪᠠ᠃ ᠳᠤᠮᠳᠠᠳᠤ ᠤᠯᠤᠰ ᠤᠨ ᠠᠷᠠᠳ ᠤᠨ ᠠᠭᠠᠷ ᠤᠨ ᠠᠶᠠᠯᠠᠯ ᠤᠨ ᠲᠣᠪᠴᠢᠶ᠎ᠠ ᠶᠢᠨ ᠲᠤᠪᠴᠢᠶᠠᠨ ᠳᠡᠳ᠋ ᠳᠠᠷᠤᠭ᠎ᠠ ᠯᠢᠦᠶ ᠡᠯ ᠰᠢᠤᠸᠠᠢ᠂ ᠪᠥᠬᠦ ᠤᠯᠤᠰ ᠤᠨ ᠤᠯᠤᠰ ᠲᠥᠷᠥ ᠶᠢᠨ ᠵᠥᠪᠯᠡᠯᠭᠡᠨ ᠤ ᠪᠠᠶᠢᠩᠭᠤ ᠶᠢᠨ ᠭᠡᠰᠢᠭᠦᠨ᠂ ᠳᠤᠮᠳᠠᠳᠤ ᠤᠯᠤᠰ ᠤᠨ ᠠᠭᠠᠷ ᠤᠨ ᠠᠶᠠᠯᠠᠯ ᠤᠨ ᠲᠡᠭᠡᠭᠡᠪᠦᠷᠢ ᠶᠢᠨ ᠨᠡᠶᠢᠭᠡᠮᠯᠢᠭ ᠤᠨ ᠬᠡᠷᠡᠭ ᠡᠷᠬᠢᠯᠡᠭᠴᠢᠳ ᠤᠨ ᠳᠠᠷᠤᠭ᠎ᠠ ᠸᠠᠩ ᠴᠠᠩ ᠱᠦᠨ᠂ ᠳᠤᠮᠳᠠᠳᠤ ᠤᠯᠤᠰ ᠤᠨ ᠬᠤᠳᠠᠯᠳᠤᠭᠠᠨ ᠤ ᠬᠡᠷᠡᠭᠯᠡᠭᠡᠨ ᠤ ᠨᠢᠰᠬᠡᠯ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠶᠢᠨ ᠶᠡᠷᠦᠩᠬᠡᠢ ᠵᠠᠬᠢᠷᠤᠯ ᠵᠣᠣ ᠶᠤᠸᠠᠢ ᠷᠠᠩ᠂ ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠰᠠᠭᠤᠷᠢ ᠵᠤᠷᠭᠠᠨ ᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠷᠧᠨ ᠬᠤᠩ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠲᠦᠷᠦᠭᠦᠴᠦᠳ ᠤᠨ ᠬᠤᠷᠠᠯ ᠳᠤ ᠤᠷᠤᠯᠴᠠᠨ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠣᠷᠣᠯᠠᠭᠴᠢ ᠳᠠᠷᠤᠭ᠎ᠠ ᠳ᠋ᠦ᠋ ᠬᠤᠶ ᠯᠢᠶᠠᠩ ᠲᠦᠷᠦᠭᠦᠴᠦᠳ ᠤᠨ ᠬᠤᠷᠠᠯ ᠳᠤ ᠤᠷᠤᠯᠴᠠᠭᠰᠠᠨ ᠤ ᠬᠠᠮᠳᠤ ᠶᠠᠷᠢᠶ᠎ᠠ ᠲᠠᠯᠪᠢᠵᠤ᠂ ᠬᠤᠲᠠ ᠶᠢᠨ ᠳᠡᠳ᠋ ᠳᠠᠷᠤᠭ᠎ᠠ ᠯᠢᠦ ᠹᠧᠩ ᠶᠦᠨ ᠲᠦᠷᠦᠭᠦᠴᠦᠳ ᠤᠨ ᠬᠤᠷᠠᠯ ᠳᠤ ᠣᠷᠣᠯᠴᠠᠪᠠ᠃     10 ᠰᠠᠷ᠎ᠠ ᠶᠢᠨ 15 ᠤ ᠡᠳᠦᠷ  ᠬᠤᠳᠠ ᠶᠢᠨ ᠨᠠᠮ ᠤᠨ ᠬᠤᠷᠢᠶᠡᠨ ᠤ ᠦᠨᠳᠦᠰᠦᠳᠡᠨ ᠤ ᠠᠵᠢᠯ ᠤᠨ ᠬᠤᠷᠠᠯ ᠬᠢᠶ᠎ᠠ ᠪᠠᠭᠰᠢ ᠳᠤᠭᠤᠷᠢᠬ ᠲᠤ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠡᠨ ᠤ ᠱᠦᠵᠢ ᠯᠢ ᠯᠢ ᠬᠤᠷᠡᠯ ᠳᠤ ᠤᠷᠤᠯᠴᠠᠬᠰᠠᠨ ᠤ ᠬᠠᠮᠳᠤ ᠶᠠᠷᠢᠶ᠎ᠡ ᠳᠠᠯᠪᠢᠪᠠ᠃ ᠬᠤᠳᠠ ᠶᠢᠨ ᠨᠠᠮ ᠤᠨ ᠬᠤᠷᠢᠶᠡᠨ ᠤ ᠳᠡᠳ᠋ ᠱᠦᠵᠢ᠂ ᠬᠤᠳᠠ ᠶᠢᠨ ᠤᠷᠤᠯᠠᠬᠴᠢ ᠳᠠᠷᠤᠭ᠎ᠠ ᠳ᠋ᠦ᠋ ᠬᠤᠢ ᠯᠢᠶᠠᠩ ᠬᠤᠷᠡᠯ ᠢ ᠡᠷᠬᠢᠯᠡᠪᠠ᠃ ᠬᠤᠳᠠ ᠶᠢᠨ ᠠᠷᠡᠳ ᠤᠨ ᠳᠦᠯᠦᠭᠡᠯᠡᠭᠴᠢᠳ ᠤᠨ ᠶᠡᠭᠡ ᠬᠤᠷᠡᠯ ᠤᠨ ᠪᠠᠶᠢᠡᠭᠭᠤ ᠶᠢᠨ ᠬᠤᠷᠢᠶᠡᠨ ᠤ ᠡᠷᠬᠢᠯᠡᠭᠴᠢ ᠵᠠᠩ ᠵᠠᠨ ᠯᠢᠨ᠂ ᠬᠤᠳᠠ ᠶᠢᠨ ᠤᠯᠤᠰ ᠳᠦᠷᠦ ᠶᠢᠨ ᠵᠦᠪᠯᠡᠯᠬᠡᠨ ᠤ ᠳᠡᠷᠢᠬᠦᠯᠡᠭᠴᠢ ᠭᠤᠤ ᠵᠠᠨ ᠱᠸᠡᠭ ᠵᠡᠷᠬᠡ ᠬᠤᠳᠠ ᠶᠢᠨ ᠳᠦᠷᠪᠡᠨ ᠶᠡᠭᠡ ᠤᠳᠤᠷᠢᠳᠬᠤ ᠪᠠᠬ ᠤᠨ ᠤᠳᠤᠷᠢᠳᠤᠯᠭ᠎ᠠ ᠨᠡᠷ ᠬᠤᠷᠡᠯ ᠳᠤ ᠤᠷᠤᠯᠴᠠᠪᠠ᠃ ᠬᠤᠳᠠ ᠶᠢᠨ ᠨᠠᠮ ᠤᠨ ᠬᠤᠷᠢᠶᠡᠨ ᠤ ᠪᠠᠶᠢᠡᠭᠭᠤ ᠶᠢᠨ ᠬᠡᠰᠢᠬᠦᠨ᠂ ᠨᠢᠬᠡᠳᠦᠮᠡᠯ ᠹᠷᠤᠨᠲ ᠤᠨ ᠬᠡᠯᠳᠡᠰ ᠤᠨ ᠳᠠᠷᠤᠭ᠎ᠠ ᠪᠦᠷᠢᠨᠴᠢᠮᠡᠭ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶᠡᠨ ᠤ ᠦᠨᠳᠦᠰᠦᠳᠡᠨ ᠤ ᠠᠵᠢᠯ ᠤᠨ ᠬᠤᠷᠡᠯ ᠤᠨ ᠵᠤᠷᠢᠬ ᠰᠠᠨᠠᠭ᠎ᠠ ᠶᠢ ᠤᠯᠠᠮᠵᠢᠯᠠᠪᠠ᠃    10 ᠰᠠᠷ᠎ᠠ ᠶᠢᠨ 15 ᠤ ᠡᠳᠦᠷ  ᠤᠷᠳᠤᠰ ᠬᠤᠳᠠ ᠶᠢᠨ 2021 ᠤᠨ ᠤ ᠭᠤᠤᠯᠳᠠᠯᠭᠠᠳᠤ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢᠨ ᠲᠤᠭᠤᠷᠢᠨ ᠦᠵᠡᠭᠦ ᠳ᠋ᠦᠩᠨᠡᠯᠳᠡ ᠶᠢᠨ ᠶᠠᠷᠢᠯᠴᠠᠬᠤ ᠬᠤᠷᠠᠯ ᠳ᠋ᠦᠩᠱᠧᠩ ᠲᠤᠭᠤᠷᠢᠭ ᠲᠤ ᠬᠤᠷᠠᠯᠳᠤᠪᠠ᠃ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠷᠠᠯ ᠢ ᠡᠷᠬᠢᠯᠡᠬᠦ ᠶᠢᠨ ᠬᠠᠮᠳᠤ ᠶᠠᠷᠢᠶ᠎ᠠ ᠲᠠᠯᠪᠢᠵᠦ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠤᠷᠤᠯᠠᠭᠴᠢ ᠳᠠᠷᠤᠭ᠎ᠠ ᠳ᠋ᠦ᠋ ᠬᠤᠢ ᠯᠢᠶᠠᠩ ᠬᠤᠷᠠᠯ ᠳᠤ ᠤᠷᠤᠯᠴᠠᠬᠤ ᠶᠢᠨ ᠬᠠᠮᠳᠤ ᠶᠠᠷᠢᠶ᠎ᠠ ᠲᠠᠯᠪᠢᠵᠦ᠂  ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠭᠢᠯᠡᠭᠴᠢ ᠵᠠᠩ ᠵᠠᠨ ᠯᠢᠨ᠂ ᠬᠤᠳᠠ ᠶᠢᠨ ᠤᠯᠤᠰ ᠲᠦᠷᠦ ᠶᠢᠨ ᠵᠦᠪᠯᠡᠯᠭᠡᠨ ᠤ ᠲᠡᠷᠢᠭᠦᠯᠡᠭᠴᠢ ᠭᠤᠤ ᠵᠠᠨ ᠱᠸᠡᠭ ᠵᠡᠷᠭᠡ ᠬᠤᠳᠠ ᠶᠢᠨ ᠤᠳᠤᠷᠢᠳᠤᠯᠭ᠎ᠠ ᠬᠤᠷᠠᠯ ᠳᠤ ᠤᠷᠤᠯᠴᠠᠪᠠ᠃    10 ᠰᠠᠷ᠎ᠠ ᠶᠢᠨ 21 ᠤ ᠡᠳᠦᠷ  ᠬᠤᠳᠠ ᠶᠢᠨ ᠨᠠᠮ ᠤᠨ ᠬᠤᠷᠢᠶᠡᠨ ᠤ ᠱᠦᠵᠢ ᠯᠢ ᠯᠢ ᠡᠵᠡᠨ ᠬᠤᠷᠤᠭ᠎ᠠ ᠬᠤᠰᠢᠭᠤ᠂ ᠬᠤᠳᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠦᠪ ᠪᠡ ᠬᠤᠳᠠ ᠶᠢᠨ ᠰᠢᠨ᠎ᠡ ᠲᠢᠳᠢᠮᠯᠢᠭ ᠠᠭᠤᠰᠭᠢᠨ ᠦᠷᠪᠢᠰᠦᠯ ᠢ ᠰᠡᠷᠭᠡᠶᠢᠯᠡᠨ ᠡᠵᠡᠮᠳᠡᠭᠦ ᠵᠢᠭᠠᠨ ᠵᠢᠯᠤᠭᠤᠳᠬᠤ ᠭᠠᠵᠠᠷ ᠲᠤ ᠭᠦᠨᠵᠡᠭᠡᠶᠢᠷᠡᠨ ᠭᠢᠵᠢᠭ ᠤᠨ ᠪᠠᠶᠢᠳᠡᠯ ᠢ ᠰᠡᠷᠭᠡᠶᠢᠯᠡᠨ ᠡᠵᠡᠮᠳᠡᠭᠦ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠤᠭᠤᠳᠴᠡᠢ᠃ ᠲᠡᠷᠡ ᠶᠠᠷᠦᠩᠭᠡᠢ ᠱᠦᠵᠢ ᠰᠢ ᠶᠢᠨ ᠫᠢᠡᠭ ᠤᠨ ᠭᠢᠵᠢᠭ ᠤᠨ ᠪᠠᠶᠢᠳᠡᠯ ᠢ ᠰᠡᠷᠭᠡᠶᠢᠯᠡᠨ ᠡᠵᠡᠮᠳᠡᠭᠦ ᠲᠤᠬᠠᠢ ᠴᠢᠬᠤᠯᠡ ᠵᠢᠭᠠᠪᠤᠷᠢ ᠶᠢᠨ ᠵᠤᠷᠢᠭ ᠰᠠᠨᠠᠭ᠎ᠠ ᠶᠢ ᠡᠷᠡᠰ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠦᠪ᠂ ᠲᠦᠷᠦ ᠶᠢᠨ ᠶᠠᠪᠤᠳᠡᠯ ᠤᠨ ᠬᠤᠷᠢᠶ᠎ᠡ ᠪᠡ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠤ ᠡᠯ᠎ᠡ ᠲᠦᠷᠦᠯ ᠤᠨ ᠰᠢᠢᠳᠪᠤᠷᠢᠳᠤ ᠪᠤᠳᠤᠯᠭ᠎ᠠ ᠶᠢᠨ ᠪᠠᠶᠢᠷᠢᠯᠠᠭᠤᠯᠤᠯᠳᠡ ᠶᠢ ᠪᠦᠭᠦ ᠲᠡᠯ᠎ᠡ ᠪᠠᠷ ᠨᠠᠶᠢᠳᠠᠪᠤᠷᠢᠵᠢᠭᠤᠯᠵᠤ᠂ ᠲᠠᠶᠢᠪᠤᠰᠢᠷᠡᠬᠤ ᠦᠵᠡᠯ ᠰᠠᠨᠠᠭ᠎ᠠ᠂ ᠭᠤᠷᠢᠳᠡᠬᠤ ᠪᠤᠳᠤᠯ ᠢ ᠲᠡᠪᠴᠢᠨ᠂ ᠡᠯ᠎ᠡ ᠲᠦᠷᠦᠯ ᠤᠨ ᠰᠡᠷᠭᠡᠶᠢᠯᠡᠨ ᠡᠵᠡᠮᠳᠡᠭᠦ ᠠᠷᠭ᠎ᠠ ᠠᠪᠴᠡᠯ ᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠭᠢᠵᠢᠭ ᠤᠨ ᠪᠠᠶᠢᠳᠡᠯ ᠢ ᠰᠡᠷᠭᠡᠶᠢᠯᠡᠨ ᠡᠵᠡᠮᠳᠡᠭᠦ ᠬᠤᠷᠢᠭ᠎ᠠ ᠱᠤᠭᠤᠮ ᠢ ᠡᠷᠡᠰ ᠰᠠᠭᠢᠬᠤ ᠭᠡᠷᠡᠭᠳᠡᠢ ᠭᠡᠵᠤ ᠴᠢᠬᠤᠯᠠᠴᠢᠯᠡᠪᠡ᠃    10 ᠰᠠᠷ᠎ᠠ ᠶᠢᠨ 21 ᠤ ᠡᠳᠦᠷ  ᠬᠤᠳᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠡᠷᠬᠢᠯᠡᠭᠴᠢ ᠵᠠᠩ ᠵᠠᠨ ᠯᠢᠨ ᠬᠤᠷᠠᠯ ᠢ ᠡᠷᠭᠢᠯᠡᠭᠰᠡᠨ ᠤ ᠬᠠᠮᠲᠦ ᠶᠠᠷᠢᠶ᠎ᠠ ᠲᠠᠯᠪᠢᠵᠠᠶ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠸᠠᠩ ᠫᠢᠩ᠂ ᠾᠧ ᠲᠤᠤ᠂ ᠪᠠᠶᠠᠷ᠂ ᠵᠣᠣ ᠹᠸᠢ ᠯᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠠᠯᠪᠡᠠ ᠭᠡᠷ ᠤᠨ ᠡᠷᠬᠢᠯᠡᠭᠴᠢ ᠶᠠᠩ ᠶᠦᠩ ᠬᠤᠷᠠᠯ ᠳᠤ ᠤᠷᠤᠯᠴᠠᠪᠠ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠾᠧ ᠶᠢᠨ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠵᠢᠱᠢᠭᠳᠡᠭᠴᠢ ᠱᠢ ᠶᠠᠨ ᠵᠢᠶᠧ᠂ ᠨᠡᠷᠢᠠ ᠪᠢᠴᠢᠭ ᠤᠨ ᠲᠡᠷᠤᠭ᠎ᠠ ᠹᠠᠨ ᠵᠢᠶᠦ᠋ᠨ ᠫᠢᠩ ᠬᠤᠷᠠᠯ ᠳᠤ ᠰᠤᠯᠠ ᠣᠷᠣᠯᠴᠠᠪᠠ᠃    10 ᠰᠠᠷ᠎ᠠ ᠶᠢᠨ 21 ᠤ ᠡᠳᠦᠷ  ᠬᠤᠳᠠ ᠶᠢᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ 53 ᠳ᠋ᠤᠭᠠᠷ ᠤᠳᠠᠭ᠎ᠠ ᠶᠢᠨ ᠡᠷᠭᠢᠯᠡᠭᠴᠢ ᠨᠠᠷ ᠤᠨ ᠬᠤᠷᠠᠯ ᠬᠤᠷᠠᠯᠳᠤᠵᠤ᠂ ᠬᠤᠳᠠ ᠶᠢᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠭᠤᠴᠢᠨ ᠲᠦᠷᠪᠡᠳᠦᠭᠡᠷ ᠤᠳᠠᠭ᠎ᠠ ᠶᠢᠨ ᠬᠤᠷᠠᠯ ᠢ 10 ᠰᠠᠷ᠎ᠠ ᠶᠢᠨ 27 ᠤ ᠡᠳᠦᠷ ᠭᠢᠶ᠎ᠠ ᠪᠠᠭᠰᠢ ᠲᠤᠭᠤᠷᠢᠭ ᠲᠤ ᠬᠤᠷᠠᠯᠳᠤᠭᠤᠯᠬᠤ ᠪᠠᠷ ᠲᠤᠬᠳᠠᠪᠠ᠃ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠭᠢᠯᠡᠭᠴᠢ ᠵᠠᠩ ᠵᠠᠨ ᠯᠢᠨ ᠬᠤᠷᠠᠯ ᠢ ᠡᠷᠭᠢᠯᠡᠵᠤ᠂ ᠲᠡᠳ᠋ ᠡᠷᠭᠢᠯᠡᠭᠴᠢ ᠾᠧ ᠶᠢᠨ᠂ ᠸᠠᠩ ᠫᠢᠡᠭ᠂ ᠾᠧ ᠲᠤᠤ᠂ ᠪᠠᠶᠠᠷ᠂ ᠵᠤᠤ ᠹᠸᠢ ᠯᠦ᠂ ᠨᠠᠷᠢᠨ ᠪᠢᠴᠢᠭ ᠤᠨ ᠲᠠᠷᠤᠭ᠎ᠠ ᠹᠠᠨ ᠵᠢᠶᠦ᠋ᠨ ᠫᠢᠡᠭ ᠬᠤᠷᠠᠯ ᠳᠤ ᠤᠷᠤᠯᠴᠠᠪᠠ᠃ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠲᠡᠳ᠋ ᠡᠷᠭᠢᠯᠡᠭᠴᠢ ᠶᠢᠨ ᠵᠢᠱᠢᠭᠳᠡᠭᠴᠢ ᠱᠢ ᠶᠠᠨ ᠵᠢᠶ᠋ᠸ᠂ ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠨᠠᠮ ᠤᠨ ᠤᠳᠤᠷᠢᠳᠬᠤ ᠲᠤᠭᠤᠢᠢᠯᠠᠩ ᠤᠨ ᠪᠦᠷᠢᠯᠳᠦᠭᠦᠨ᠂ ᠠᠯᠪᠠᠨ ᠭᠡᠷ ᠤᠨ ᠡᠷᠭᠢᠯᠡᠭᠴᠢ ᠶᠠᠩ ᠶᠦᠡᠭ ᠬᠤᠷᠠᠯ ᠳᠤ ᠰᠤᠯᠠ ᠤᠷᠤᠯᠴᠠᠪᠠ᠃    10 ᠰᠠᠷ᠎ᠠ ᠶᠢᠨ 22 ᠤᠨ ᠡᠳᠦᠷ ᠤᠨ ᠦᠳᠡ ᠶᠢᠨ ᠡᠮᠦᠨ᠎ᠡ   ᠪᠥᠬᠦ ᠤᠯᠤᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠤᠨ ᠲᠠᠷᠠᠭ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠣᠷᠣᠯᠠᠭᠴᠢ ᠳᠠᠷᠤᠭ᠎ᠠ ᠳ᠋ᠦ᠋ ᠬᠤᠶ ᠯᠢᠶᠠᠩ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠳᠣᠭᠢᠷᠠᠭᠤᠯᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠣᠭᠢᠷᠠᠭᠤᠯᠤᠨ ᠪᠠᠶᠢᠷᠢᠯᠠᠭᠤᠯᠤᠬᠰᠠᠨ ᠤ ᠬᠠᠮᠲᠤ ᠬᠤᠲᠠ ᠶᠢᠨ ᠲᠤᠳᠤᠭᠠᠳᠤ ᠶᠢ ᠬᠠᠮᠠᠭᠠᠯᠠᠬᠤ ᠲᠤᠪᠴᠢᠶ᠎ᠠ᠂ ᠣᠷᠳᠣᠰ ᠤᠨ ᠬᠡᠭᠡᠷ᠎ᠡ ᠶᠢᠨ ᠠᠮᠢᠲᠠᠨ ᠤ ᠬᠦᠷᠢᠶᠡᠯᠡᠩ᠂ ᠤᠷᠳᠤᠰ ᠤᠨ ᠲᠠᠯᠠᠢ ᠶᠢᠨ ᠠᠮᠢᠳᠠᠨ ᠤ ᠣᠷᠳᠣᠨ᠂ ᠳ᠋ᠦᠩᠱᠧᠩ ᠲᠣᠭᠤᠷᠢᠭ ᠤᠨ ᠲᠥᠪᠯᠡᠷᠡᠭᠦᠯᠦᠨ ᠲᠤᠰᠠᠭᠠᠷᠯᠠᠬᠤ ᠴᠡᠭ ᠪᠤᠯᠬᠤ ᠶᠢᠨ ᠱᠦᠶ ᠶᠤᠸᠠᠨ ᠪᠠᠭᠤᠳᠠᠯ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠱᠠᠭᠠᠷᠳᠠᠨ ᠵᠢᠯᠣᠭᠤᠳᠪᠠ᠃ ᠬᠤᠳᠠ ᠶᠢᠨ ᠳᠡᠳ᠋ ᠳᠠᠷᠤᠭ᠎ᠠ ᠸᠠᠩ ᠰᠢᠨ ᠢᠦᠢ᠂ ᠬᠤᠳᠠ ᠶᠢᠨ ᠵᠠᠰᠠᠭ ᠤᠨ ᠣᠷᠳᠣᠨ ᠤ ᠨᠡᠷᠢᠠ ᠪᠢᠴᠢᠭ ᠤᠨ ᠲᠡᠷᠤᠭ᠎ᠠ ᠵᠠᠩ ᠵᠦᠩ ᡁᠢ ᠬᠤᠷᠠᠯ ᠪᠠ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    10 ᠰᠠᠷ᠎ᠠ ᠶᠢᠨ 23 ᠤ ᠡᠳᠦᠷ   ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠣᠷᠣᠯᠠᠭᠴᠢ ᠳᠠᠷᠤᠭ᠎ᠠ᠂ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠶᠡᠷᠦᠩᠬᠡᠶ ᠵᠢᠯᠣᠭᠤᠳᠣᠭᠴᠢ ᠳ᠋ᠦ᠋ ᠬᠤᠶ ᠯᠢᠶᠠᠩ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ 2021 ᠣᠨ ᠤ 18 ᠳ᠋ᠤᠭᠠᠷ ᠤᠳᠠᠭ᠎ᠠ ᠶᠢᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠲᠧᠯᠸᠢᠰ ᠳ᠋ᠢᠶᠠᠩᠬᠤᠸᠠ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤ ᠪᠠᠴᠢᠮ ᠲᠣᠬᠢᠷᠠᠭᠤᠯᠤᠯᠲᠠ ᠪᠠ ᠪᠠᠴᠢᠮ ᠪᠠᠶᠢᠷᠢᠯᠠᠭᠤᠯᠤᠯᠲᠠ ᠬᠢᠪᠠ᠃ ᠬᠤᠳᠠ ᠶᠢᠨ ᠳᠡᠳ᠋ ᠳᠠᠷᠤᠭ᠎ᠠ ᠸᠠᠩ ᠰᠢᠨ ᠢᠦᠢ᠂ ᠬᠤᠳᠠ ᠶᠢᠨ ᠵᠠᠰᠠᠭ ᠤᠨ ᠣᠷᠳᠣᠨ ᠤ ᠨᠡᠷᠢᠠ ᠪᠢᠴᠢᠭ ᠤᠨ ᠲᠡᠷᠤᠭ᠎ᠠ ᠵᠠᠩ ᠵᠦᠩ ᡁᠢ ᠬᠤᠷᠠᠯ ᠳᠤ ᠣᠷᠣᠯᠴᠠᠪᠠ᠃    10 ᠰᠠᠷ᠎ᠠ ᠶᠢᠨ 25 ᠤ ᠡᠳᠦᠷ  ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠮᠠᠨ ᠤ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠢ ᠰᠤᠳᠤᠯᠤᠨ ᠵᠠᠳᠠᠯᠵᠤ᠂ ᠪᠥᠬᠦ ᠬᠤᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠳᠠᠬᠢᠨ ᠪᠠᠶᠢᠷᠢᠯᠠᠭᠤᠯᠤᠨ᠂ ᠳᠠᠬᠢᠨ ᠠᠬᠢᠭᠤᠯᠵᠤ᠂ ᠳᠠᠬᠢᠨ ᠨᠠᠶᠢᠳᠠᠪᠤᠷᠢᠵᠢᠭᠤᠯᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ᠂ ᠬᠤᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠠᠷᠭᠠᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠳᠠᠷᠤᠭ᠎ᠠ ᠯᠢ ᠯᠢ ᠬᠤᠷᠠᠯ ᠢ ᠡᠷᠭᠢᠯᠡᠭᠰᠡᠨ ᠤ ᠬᠠᠮᠲᠦ ᠶᠠᠷᠢᠶ᠎ᠠ ᠲᠠᠯᠪᠢᠵᠠᠶ᠃    10 ᠰᠠᠷ᠎ᠠ ᠶᠢᠨ 25 ᠤ ᠡᠳᠦᠷ ᠤᠨ ᠤᠷᠤᠢ  ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠣᠷᠣᠯᠠᠭᠴᠢ ᠳᠠᠷᠤᠭ᠎ᠠ ᠳ᠋ᠦ᠋ ᠬᠤᠢ ᠯᠢᠶᠠᠩ ᠡᠵᠡᠨ ᠬᠤᠷᠤᠭ᠎ᠠ ᠬᠤᠰᠢᠭᠤᠨ ᠤ ᠨᠠᠷᠢᠨᠲᠣᠬᠤᠢ ᠪᠠᠯᠭᠠᠰᠤᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠠᠵᠢᠯ ᠢ ᠱᠠᠯᠠᠪᠳᠠᠭᠤᠯᠤᠨ ᠪᠠᠶᠢᠴᠠᠭᠠᠬᠤ ᠳᠠᠭᠠᠨ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠤᠬᠠᠶ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠢ ᠡᠷᠡᠰ ᠳᠤᠭᠤᠰᠢᠯᠠᠭᠤᠯᠤᠨ᠂ ᠠᠷᠠᠳ ᠲᠦᠮᠡᠨ ᠢ ᠳᠡᠭᠡᠳᠦᠯᠡᠵᠤ᠂ ᠠᠮᠢ ᠨᠠᠰᠤ ᠶᠢ ᠳᠡᠭᠡᠳᠦᠯᠡᠨ᠂ ᠪᠥᠬᠦ ᠬᠦᠴᠦᠨ ᠢᠶᠠᠷ ᠢᠶᠠᠨ ᠲᠣᠭᠲᠠᠴᠠ ᠶᠢ ᠬᠦᠴᠦᠷᠬᠡᠭᠵᠢᠭᠦᠯᠬᠦ ᠶᠢ ᠪᠠᠷᠢᠮᠲᠠᠯᠠᠵᠤ᠂ ᠠᠷᠭ᠎ᠠ ᠬᠡᠮᠵᠢᠶ᠎ᠡ ᠶᠢ ᠪᠣᠳᠠᠲᠠᠶ ᠪᠠᠷ ᠬᠡᠷᠡᠭᠵᠢᠭᠦᠯᠦᠨ᠂ ᠳᠤᠲᠠᠭᠤᠳᠡᠯ ᠢ ᠨᠥᠬᠦᠪᠥᠷᠢᠯᠡᠵᠦ᠂ ᠬᠢᠵᠢᠭ ᠤᠨ ᠪᠠᠶᠢᠳᠠᠯ ᠤᠨ ᠳᠠᠷᠬᠠᠨ ᠳᠡᠯᠭᠡᠷᠡᠬᠦ ᠶᠢ ᠰᠡᠷᠭᠡᠶᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃       10 ᠰᠠᠷ᠎ᠠ ᠶᠢᠨ 26 ᠤ ᠡᠳᠦᠷ  ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶ᠎ᠡ ᠶᠢᠨ ᠥᠷᠭᠡᠳᠬᠡᠭᠰᠡᠨ ᠬᠤᠷᠠᠯ ᠵᠢᠴᠢ ᠬᠤᠳᠠ ᠶᠢᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠬᠤᠷᠠᠯ ᠢ ᠡᠷᠬᠢᠯᠡᠨ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ᠂ ᠬᠠᠳᠤᠨ ᠭᠤᠣᠯ ᠤᠨ ᠠᠮᠢ ᠠᠬᠤᠢ ᠶᠢᠨ ᠬᠠᠮᠠᠭᠠᠯᠠᠯᠲᠠ ᠪᠠ ᠴᠢᠨᠠᠷ ᠰᠠᠶᠢᠲᠠᠢ ᠬᠥᠭᠵᠢᠯᠲᠡ ᠶᠢᠨ ᠠᠵᠢᠯ ᠢ ᠭᠦᠨᠵᠡᠭᠡᠢ ᠠᠬᠢᠭᠤᠯᠬᠤ ᠶᠢ ᠰᠤᠳᠤᠯᠤᠨ᠂ ᠲᠦᠷᠦᠭᠦᠦ ᠭᠤᠷᠪᠠᠨ ᠤᠯᠠᠷᠢᠯ ᠤᠨ ᠪᠦᠬᠦ ᠬᠤᠳᠠ ᠶᠢᠨ ᠠᠵᠤ ᠠᠬᠤᠢ ᠶᠢᠨ ᠪᠠᠶᠢᠳᠠᠯ ᠢ ᠵᠠᠳᠠᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠷᠢᠯᠠᠭᠤᠯᠪᠠ᠃    10 ᠰᠠᠷ᠎ᠠ ᠶᠢᠨ 27 ᠤ ᠡᠳᠦᠷ  ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠳᠠᠯᠠᠳ ᠬᠤᠰᠢᠭᠤᠨ ᠳᠤ ᠬᠦᠨᠵᠡᠭᠡᠶᠢᠷᠡᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ ᠬᠦᠭᠵᠢᠯᠳᠡ ᠶᠢᠨ ᠡᠯ᠎ᠠ ᠳᠦᠷᠤᠯ ᠤᠨ ᠠᠵᠢᠯ ᠢ ᠱᠠᠯᠠᠪᠳᠠᠭᠤᠯᠤᠨ ᠵᠢᠯᠤᠭᠤᠳᠪᠠ᠃ ᠳᠡᠷᠡ ᠶᠡᠷᠦᠩᠭᠡᠢ ᠱᠦᠵᠢ ᠰᠢ ᠶᠢᠨ ᠫᠢᠩ ᠤᠨ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠳᠤᠭᠤᠰᠢᠯᠠᠭᠤᠯᠵᠤ᠂ ᠳᠦᠪ ᠪᠡ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠡᠯ᠎ᠠ ᠳᠦᠷᠤᠯ ᠤᠨ ᠪᠠᠶᠢᠷᠢᠯᠠᠭᠤᠯᠤᠯᠳᠠ ᠶᠢᠨ ᠱᠠᠭᠠᠷᠳᠠᠯᠭ᠎ᠠ ᠶᠢ ᠪᠦᠬᠦ ᠳᠠᠯ᠎ᠠ ᠪᠠᠷ ᠨᠠᠶᠢᠳᠠᠪᠤᠷᠢᠵᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠦᠭᠵᠢᠯᠳᠡ ᠶᠢᠨ ᠠᠵᠢᠯ ᠢ ᠨᠢᠭᠡᠳᠤᠯᠳᠡᠢ ᠳᠦᠯᠦᠪᠵᠢᠬᠦᠯᠤᠨ ᠰᠠᠶᠢᠳᠤᠷ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠳᠤ ᠪᠠᠬᠢ ᠰᠡᠷᠭᠡᠶᠢᠯᠡᠯᠳᠡ ᠶᠢᠨ ᠱᠤᠭᠤᠮ ᠢ ᠡᠷᠡᠰ ᠪᠠᠬᠢᠵᠢᠬᠦᠯᠤᠨ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠠ ᠴᠢᠨᠠᠷ ᠰᠠᠶᠢᠳᠠᠢ ᠬᠦᠭᠵᠢᠯᠳᠡ ᠶᠢ ᠯᠠᠪᠳᠠᠭᠤᠨ ᠪᠠᠳᠤᠳᠠᠢ ᠠᠬᠢᠭᠤᠯᠬᠤ ᠭᠡᠷᠡᠭᠳᠡᠢ ᠭᠡᠵᠤ ᠴᠢᠬᠤᠯᠠᠴᠢᠯᠠᠪᠠ᠃ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠨ᠂ ᠨᠠᠷᠢᠨ ᠪᠢᠴᠢᠭ ᠤᠨ ᠳᠠᠷᠤᠭ᠎ᠠ ᠵᠠᠩ ᠸᠧᠢ᠂ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠨ᠂ ᠨᠢᠭᠡᠳᠤᠮᠡᠯ ᠹᠷᠤᠨᠲ ᠤᠨ ᠭᠡᠯᠳᠡᠰ ᠤᠨ ᠳᠠᠷᠤᠭ᠎ᠠ ᠪᠦᠷᠢᠨᠴᠢᠮᠡᠭ᠂ ᠬᠤᠳᠠ ᠶᠢᠨ ᠳᠡᠳ᠋ ᠳᠠᠷᠤᠭ᠎ᠠ ᠡᠷᠳᠡᠨᠢᠪᠢᠯᠢᠭ ᠳᠤᠰ ᠳᠤᠰ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃    10 ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ   ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠤᠷᠤᠯᠠᠭᠴᠢ ᠳᠠᠷᠤᠭ᠎ᠠ ᠳ᠋ᠦ᠋ ᠬᠤᠢ ᠯᠢᠶᠠᠩ ᠪᠦᠬᠦ ᠬᠤᠳᠠ ᠶᠢᠨ ᠨᠡᠭᠦᠷᠡᠰᠦᠨ ᠤ ᠦᠨ᠎ᠡ ᠶᠢ ᠲᠤᠬᠳᠠᠪᠤᠷᠢᠵᠢᠭᠤᠯᠬᠤ ᠬᠠᠨᠭ᠍ᠭᠠᠯᠭ᠎ᠠ ᠶᠢ ᠪᠠᠳᠤᠯᠠᠬᠤ ᠳᠤᠬᠢᠷᠠᠭᠤᠯᠤᠯᠳᠠ ᠶᠢᠨ ᠬᠤᠷᠠᠯ ᠢ ᠡᠷᠬᠢᠯᠡᠨ ᠬᠤᠷᠠᠯᠳᠤᠭᠤᠯᠵᠦ᠂ ᠤᠯᠤᠰ ᠤᠨ ᠬᠦᠭᠵᠢᠭᠦᠯᠦᠯᠳᠡ ᠦᠭᠡᠷᠡᠴᠢᠯᠡᠯᠳᠡ ᠶᠢᠨ ᠵᠦᠪᠯᠡᠯ ᠪᠠ ᠦᠪᠡᠷᠳᠡᠭᠡᠨ ᠵᠠᠰᠠᠬᠤ ᠤᠷᠤᠨ ᠤ ᠬᠤᠯᠪᠤᠭᠳᠠᠯ ᠪᠦᠬᠦᠢ ᠬᠤᠷᠠᠯ ᠤᠨ ᠵᠤᠷᠢᠭ ᠰᠠᠨᠠᠭ᠎ᠠ ᠶᠢ ᠤᠯᠠᠮᠵᠢᠯᠠᠨ᠂ ᠳᠠᠷᠠᠭᠠᠴᠢ ᠶᠢᠨ ᠠᠯᠬᠤᠮ ᠤᠨ ᠨᠡᠭᠦᠷᠡᠰᠦᠨ ᠤ ᠦᠨ᠎ᠡ ᠶᠢ ᠲᠤᠬᠳᠠᠪᠤᠷᠢᠵᠢᠭᠤᠯᠬᠤ ᠬᠠᠨᠭ᠍ᠭᠠᠯᠭ᠎ᠠ ᠶᠢ ᠪᠠᠳᠤᠯᠠᠬᠤ ᠠᠵᠢᠯ ᠢ ᠳᠤᠬᠢᠷᠠᠭᠤᠯᠤᠨ ᠪᠠᠶᠢᠷᠢᠯᠠᠭᠤᠯᠪᠠ᠃ ᠦᠪᠡᠷᠳᠡᠭᠡᠨ ᠵᠠᠰᠠᠬᠤ ᠤᠷᠤᠨ ᠤ ᠡᠨᠧᠷᠬᠢ ᠶᠢᠨ ᠳᠤᠪᠴᠢᠶᠠᠨ ᠤ ᠳᠤᠪᠴᠢᠶᠠᠨ ᠳᠠᠷᠤᠭ᠎ᠠ ᠸᠠᠩ ᠶᠢᠨ ᠪᠤᠤ ᠬᠠᠷᠠᠭᠠᠨ ᠳᠠᠪᠳᠠᠮᠵᠢ ᠶᠢᠨ ᠵᠠᠯᠭᠠᠯᠳᠠ ᠶᠢᠨ ᠬᠡᠯᠪᠡᠷᠢ ᠪᠠᠷ ᠬᠤᠷᠠᠯ ᠳᠤ ᠤᠷᠤᠯᠴᠠᠬᠤ ᠶᠢᠨ ᠬᠠᠮᠳᠤ ᠶᠡᠷᠢᠶ᠎ᠠ ᠲᠠᠯᠪᠢᠵᠦ᠂ ᠬᠤᠳᠠ ᠶᠢᠨ ᠳᠡᠳ᠋ ᠳᠠᠷᠤᠭ᠎ᠠ ᠯᠢᠦ ᠹᠧᠩ ᠶᠦᠨ᠂ ᠬᠤᠳᠠ ᠶᠢᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᡁᠢ ᠬᠤᠷᠠᠯ ᠳᠤ ᠤᠷᠤᠯᠴᠠᠪᠠ᠃    10 ᠰᠠᠷ᠎ᠠ ᠶᠢᠨ 27 ᠤ ᠡᠳᠦᠷ   ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠤᠷᠤᠯᠠᠭᠴᠢ ᠳᠠᠷᠤᠭ᠎ᠠ ᠳ᠋ᠦ᠋ ᠬᠤᠢ ᠯᠢᠶᠠᠩ ᠤᠷᠢᠳ ᠬᠤᠵᠢᠳ ᠥᠪᠥᠷ ᠮᠣᠩᠭᠤᠯ ᠤᠨ ᠨᠡᠭᠦᠷᠡᠰᠦᠨ ᠤ ᠠᠷᠠᠯᠵᠢᠶᠠᠨ ᠤ ᠲᠥᠪ᠂ ᠬᠤᠲᠠ ᠶᠢᠨ ᠲᠡᠮᠦᠷ ᠵᠠᠮ ᠠᠷᠠᠳ ᠤᠨ ᠠᠭᠠᠷ ᠤᠨ ᠲᠡᠭᠡᠭᠡᠪᠦᠷᠢ ᠶᠢᠨ ᠲᠥᠪ᠂ ᠬᠤᠲᠠ ᠶᠢᠨ ᠳᠤᠮᠳᠠ ᠵᠢᠵᠢᠭ ᠠᠵᠤ ᠠᠬᠤᠶᠢᠯᠠᠯ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠳᠤ ᠬᠦᠷᠴᠦ ᠪᠥᠬᠦ ᠬᠤᠲᠠ ᠶᠢᠨ ᠠᠵᠤ ᠦᠢᠯᠡᠳᠪᠤᠷᠢ ᠠᠵᠤ ᠠᠬᠤᠶ ᠶᠢᠨ ᠬᠥᠭᠵᠢᠯᠲᠡ ᠶᠢᠨ ᠡᠷᠬᠢᠯᠳᠡ ᠶᠢᠨ ᠪᠠᠶᠢᠳᠠᠯ ᠢ ᠪᠠᠶᠢᠴᠠᠭᠠᠨ ᠰᠤᠳᠤᠯᠬᠤ ᠶᠢᠨ ᠬᠠᠮᠳᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠳᠠ ᠶᠢᠨ ᠳᠡᠳ᠋ ᠳᠠᠷᠤᠭ᠎ᠠ ᠯᠢᠦ ᠹᠡᠩ ᠶᠦᠨ᠂ ᠬᠤᠳᠠ ᠶᠢᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᡁᠢ ᠪᠠᠶᠢᠴᠠᠭᠠᠨ ᠰᠤᠳᠤᠯᠤᠯᠳᠠ ᠪᠠ ᠶᠠᠷᠢᠯᠴᠠᠬᠤ ᠬᠤᠷᠠᠯ ᠳᠤ ᠤᠷᠤᠯᠴᠠᠪᠠ᠃    10 ᠰᠠᠷ᠎ᠠ ᠶᠢᠨ 28 ᠤ ᠡᠳᠦᠷ  ᠬᠤᠳᠠ ᠶᠢᠨ ᠨᠠᠮ ᠤᠨ ᠬᠤᠷᠢᠶᠡᠨ ᠤ ᠱᠦᠵᠢ ᠯᠢ ᠯᠢ ᠡᠵᠡᠨ ᠬᠤᠷᠤᠭ᠎ᠠ ᠬᠤᠰᠢᠭᠤ ᠪᠡ ᠭᠢᠶ᠎ᠡ ᠪᠠᠭᠰᠢ ᠲᠤᠭᠤᠷᠢᠭ ᠲᠤ ᠭᠢᠵᠢᠭ ᠤᠨ ᠪᠠᠶᠢᠳᠡᠯ ᠢ ᠰᠡᠷᠭᠡᠶᠢᠯᠡᠨ ᠡᠵᠡᠮᠳᠡᠭᠦ ᠠᠵᠢᠯ ᠢ ᠪᠠᠶᠢᠴᠠᠭᠠᠨ ᠰᠤᠳᠤᠯᠵᠤ ᠱᠠᠯᠠᠪᠳᠠᠭᠤᠯᠤᠨ ᠵᠢᠯᠤᠭᠤᠳᠪᠡ᠃ ᠤᠳᠤᠬᠠᠨ ᠤ ᠭᠢᠵᠢᠭ ᠤᠨ ᠪᠠᠶᠢᠳᠡᠯ ᠢ ᠰᠡᠷᠭᠡᠶᠢᠯᠡᠨ ᠡᠵᠡᠮᠳᠡᠭᠦ ᠳᠤ ᠲᠤᠯᠭᠠᠷᠠᠵᠤ ᠪᠠᠶᠢᠭ᠎ᠠ ᠪᠡᠷᠭᠡ ᠪᠤᠳᠤᠯᠢᠶᠡᠨᠳᠡᠢ ᠪᠠᠶᠢᠳᠡᠯ ᠢ ᠰᠡᠷᠭᠡᠭ ᠢᠶᠠᠷ ᠲᠡᠨᠢᠵᠤ᠂ ᠰᠡᠷᠭᠡᠶᠢᠯᠡᠨ ᠡᠵᠡᠮᠳᠡᠭᠦ ᠠᠷᠭ᠎ᠠ ᠠᠪᠴᠡᠯ ᠢ ᠴᠢᠨᠠᠬᠰᠢᠳᠡ ᠨᠠᠶᠢᠳᠠᠪᠤᠷᠢᠵᠢᠭᠤᠯᠤᠨ᠂ ᠰᠡᠷᠭᠡᠶᠢᠯᠡᠨ ᠡᠵᠡᠮᠳᠡᠭᠦ ᠬᠠᠷᠢᠭᠤᠴᠠᠯᠭ᠎ᠠ ᠶᠢ ᠪᠤᠳᠠᠳᠠᠶᠢᠵᠢᠭᠤᠯᠵᠤ᠂ ᠤᠯᠡᠨ ᠲᠦᠮᠡᠨ ᠤ ᠪᠠᠶ᠎ᠡ ᠮᠠᠬᠠᠪᠤᠳ ᠤᠨ ᠡᠷᠡᠭᠦᠯ ᠮᠠᠨᠳᠤ ᠪᠡ ᠠᠮᠦᠷ ᠲᠦᠪᠰᠢᠨ ᠢ ᠡᠷᠡᠰ ᠬᠠᠮᠠᠭᠠᠯᠠᠬᠤ ᠭᠡᠷᠡᠭᠳᠡᠢ ᠭᠡᠵᠤ ᠴᠢᠬᠤᠯᠠᠴᠢᠯᠡᠪᠡ᠃    10 ᠰᠠᠷ᠎ᠠ ᠶᠢᠨ 28 ᠤ ᠡᠳᠦᠷ  ᠬᠤᠳᠠ ᠶᠢᠨ ᠳᠦᠷᠪᠡᠳᠤᠭᠡᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠭᠤᠴᠢᠨ ᠳᠦᠷᠪᠡᠳᠤᠭᠡᠷ ᠤᠳᠠᠭ᠎ᠠ ᠶᠢᠨ ᠬᠤᠷᠠᠯ ᠬᠢᠶ᠎ᠡ ᠪᠠᠭᠰᠢ ᠲᠤᠭᠤᠷᠢᠭ ᠲᠤ ᠡᠬᠢᠯᠡᠬᠦ ᠶᠢᠨ ᠬᠠᠮᠳᠤ ᠨᠢᠭᠡᠳᠦᠭᠡᠷ ᠤᠳᠠᠭᠠᠨ ᠤ ᠪᠦᠬᠦᠳᠡ ᠬᠤᠷᠠᠯ ᠬᠤᠷᠠᠯᠳᠤᠭᠤᠯᠪᠠ᠃ ᠬᠤᠳᠠ ᠶᠢᠨ ᠳᠦᠷᠪᠡᠳᠤᠭᠡᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠤᠳᠤ ᠪᠠᠶᠢᠭ᠎ᠠ ᠪᠦᠷᠢᠯᠳᠦᠬᠦᠨ 36 ᠬᠦᠮᠤᠨ ᠪᠠᠶᠢᠵᠤ᠂ ᠳᠤᠰ ᠤᠳᠠᠭᠠᠨ ᠤ ᠬᠤᠷᠠᠯ ᠳᠤ 31 ᠬᠦᠮᠤᠨ ᠤᠷᠤᠯᠴᠠᠨ᠂ ᠬᠠᠤᠯᠢ ᠳᠤ ᠳᠤᠬᠳᠠᠭᠠᠬᠰᠠᠨ ᠬᠦᠮᠤᠨ ᠤ ᠳᠤᠭ᠎ᠠ ᠳᠤ ᠨᠡᠶᠢᠴᠡᠪᠡ᠃ ᠬᠤᠳᠠ ᠶᠢᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ ᠬᠤᠷᠠᠯ ᠢ ᠡᠷᠬᠢᠯᠡᠭᠰᠡᠨ ᠤ ᠬᠠᠮᠳᠤ ᠶᠠᠷᠢᠶ᠎ᠠ ᠳᠠᠯᠪᠢᠪᠠ᠃ ᠬᠤᠳᠠ ᠶᠢᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠳᠡᠳ᠋ ᠡᠷᠭᠢᠯᠡᠭᠴᠢ ᠾᠧ ᠶᠢᠨ᠂ ᠸᠠᠩ ᠫᠢᠩ᠂ ᠾᠧ ᠳᠤᠤ᠂ ᠪᠠᠶᠠᠷ᠂ ᠶᠠᠩ ᠶᠦᠨ᠂ ᠵᠤᠤ ᠹᠸᠢ ᠯᠥ᠂ ᠨᠠᠷᠢᠨ ᠪᠢᠴᠢᠭ ᠤᠨ ᠳᠠᠷᠤᠭ᠎ᠠ ᠹᠠᠨ ᠵᠢᠶᠦ᠋ᠨ ᠫᠢᠩ ᠬᠤᠷᠠᠯ ᠳᠤ ᠤᠷᠤᠯᠴᠠᠵᠠᠢ᠃ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠵᠧᠨ ᠬᠤᠸᠠ᠂ ᠬᠤᠳᠠ ᠶᠢᠨ ᠳᠡᠳ᠋ ᠳᠠᠷᠤᠭ᠎ᠠ ᠺᠦᠩ ᠹᠠᠨ ᠹᠸᠢ᠂ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠰᠥ᠋ ᠯᠢ ᠵᠢᠶᠦ᠋ᠨ᠂ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠴᠢ ᠳᠠᠷᠤᠭ᠎ᠠ ᠶᠠᠩ ᠱᠢ ᠯᠢᠨ᠂ ᠬᠤᠳᠠ ᠶᠢᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ᠂ ᠠᠯᠪᠠᠨ ᠭᠡᠷ ᠤᠨ ᠡᠷᠬᠢᠯᠡᠭᠴᠢ ᠶᠠᠩ ᠶᠦᠩ ᠬᠤᠷᠠᠯ ᠳᠤ ᠰᠤᠯᠠ ᠤᠷᠤᠯᠴᠠᠪᠠ᠃    10 ᠰᠠᠷ᠎ᠠ ᠶᠢᠨ 29 ᠤ ᠡᠳᠦᠷ  ᠬᠤᠳᠠ ᠶᠢᠨ ᠳᠦᠷᠪᠡᠳᠤᠭᠡᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠭᠤᠴᠢᠨ ᠳᠦᠷᠪᠡᠳᠤᠭᠡᠷ ᠤᠳᠠᠭ᠎ᠠ ᠶᠢᠨ ᠬᠤᠷᠠᠯ ᠬᠤᠶᠠᠳᠤᠭᠠᠷ ᠪᠦᠬᠦᠳᠡ ᠬᠤᠷᠠᠯ ᠬᠤᠷᠠᠯᠳᠤᠭᠤᠯᠪᠠ᠃ ᠬᠤᠳᠠ ᠶᠢᠨ ᠳᠦᠷᠪᠡᠳᠤᠭᠡᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠤᠳᠤ ᠪᠠᠶᠢᠭ᠎ᠠ ᠪᠦᠷᠢᠯᠳᠦᠬᠦᠨ 36 ᠬᠦᠮᠤᠨ ᠪᠠᠶᠢᠵᠤ᠂ ᠳᠤᠰ ᠤᠳᠠᠭᠠᠨ ᠤ ᠬᠤᠷᠠᠯ ᠳᠤ 31 ᠬᠦᠮᠤᠨ ᠤᠷᠤᠯᠴᠠᠨ᠂ ᠬᠠᠤᠯᠢ ᠳᠤ ᠳᠤᠬᠳᠠᠭᠠᠬᠰᠠᠨ ᠬᠦᠮᠤᠨ ᠤ ᠳᠤᠭ᠎ᠠ ᠳᠤ ᠨᠡᠶᠢᠴᠡᠪᠡ᠃   ᠬᠤᠳᠠ ᠶᠢᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ ᠬᠤᠷᠠᠯ ᠢ ᠡᠷᠬᠢᠯᠡᠭᠰᠡᠨ ᠤ ᠬᠠᠮᠳᠤ ᠶᠠᠷᠢᠶ᠎ᠠ ᠳᠠᠯᠪᠢᠪᠠ᠃ ᠬᠤᠳᠠ ᠶᠢᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠳᠡᠳ᠋ ᠡᠷᠭᠢᠯᠡᠭᠴᠢ ᠾᠧ ᠶᠢᠨ᠂ ᠸᠠᠩ ᠫᠢᠩ᠂ ᠾᠧ ᠳᠤᠤ᠂ ᠪᠠᠶᠠᠷ᠂ ᠶᠠᠩ ᠶᠦᠨ᠂ ᠵᠤᠤ ᠹᠸᠢ ᠯᠥ᠂ ᠨᠠᠷᠢᠨ ᠪᠢᠴᠢᠭ ᠤᠨ ᠳᠠᠷᠤᠭ᠎ᠠ ᠹᠠᠨ ᠵᠢᠶᠦ᠋ᠨ ᠫᠢᠩ ᠬᠤᠷᠠᠯ ᠳᠤ ᠤᠷᠤᠯᠴᠠᠵᠠᠢ᠃ ᠬᠤᠳᠠ ᠶᠢᠨ ᠨᠠᠮ ᠤᠨ ᠬᠤᠷᠢᠶᠠᠨ ᠤ ᠪᠠᠶᠢᠡᠭᠭᠤ ᠶᠢᠨ ᠭᠡᠰᠢᠬᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠦᠪᠯᠡᠯ ᠤᠨ ᠡᠷᠬᠢᠯᠡᠭᠴᠢ ᠵᠧᠨ ᠬᠤᠸᠠ᠂ ᠬᠤᠳᠠ ᠶᠢᠨ ᠳᠡᠳ᠋ ᠳᠠᠷᠤᠭ᠎ᠠ ᠺᠦᠩ ᠹᠠᠨ ᠹᠸᠢ᠂ ᠬᠤᠳᠠ ᠶᠢᠨ ᠠᠷᠠᠳ ᠤᠨ ᠳᠤᠮᠳᠠ ᠵᠡᠷᠭᠡ ᠶᠢᠨ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ ᠰᠥ᠋ ᠯᠢ ᠵᠢᠶᠦ᠋ᠨ᠂ ᠬᠤᠳᠠ ᠶᠢᠨ ᠠᠷᠠᠳ ᠤᠨ ᠪᠠᠶᠢᠴᠠᠭᠠᠬᠤ ᠬᠤᠷᠢᠶᠠᠨ ᠤ ᠪᠠᠶᠢᠴᠠᠭᠠᠬᠴᠢ ᠳᠠᠷᠤᠭ᠎ᠠ ᠶᠠᠩ ᠱᠢ ᠯᠢᠨ᠂ ᠬᠤᠳᠠ ᠶᠢᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ᠂ ᠠᠯᠪᠠᠨ ᠭᠡᠷ ᠤᠨ ᠡᠷᠬᠢᠯᠡᠭᠴᠢ ᠶᠠᠩ ᠶᠦᠩ ᠬᠤᠷᠠᠯ ᠳᠤ ᠰᠤᠯᠠ ᠤᠷᠤᠯᠴᠠᠪᠠ᠃    10 ᠰᠠᠷ᠎ᠠ ᠶᠢᠨ 29 ᠤ ᠡᠳᠦᠷ  ᠬᠤᠳᠠ ᠶᠢᠨ ᠨᠠᠮ ᠤᠨ ᠬᠤᠷᠢᠶᠡᠨ ᠤ ᠲᠡᠳ᠋ ᠱᠦᠵᠢ᠂ ᠬᠤᠳᠠ ᠶᠢᠨ ᠤᠷᠤᠯᠠᠬᠴᠢ ᠲᠠᠷᠤᠭ᠎ᠠ ᠳ᠋ᠦ᠋ ᠬᠤᠢ ᠯᠢᠶᠠᠩ ᠬᠡᠰᠡᠭ ᠬᠤᠳᠠ ᠶᠢᠨ ᠰᠢᠭᠤᠳ ᠬᠠᠷᠢᠶ᠎ᠠ ᠰᠠᠯᠠᠭ᠎ᠠ ᠮᠥᠴᠢᠷ᠂ ᠰᠢᠭᠤᠳ ᠬᠠᠮᠢᠶᠠᠷᠬᠤ ᠰᠠᠯᠠᠭ᠎ᠠ ᠮᠥᠴᠢᠷ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠤ ᠭᠦᠨᠵᠡᠭᠡᠶᠢᠷᠡᠨ᠂ ᠭᠤᠷᠪᠠᠳᠤᠭᠠᠷ ᠠᠵᠤ ᠦᠢᠯᠡᠰ ᠤᠨ ᠬᠥᠭᠵᠢᠯᠲᠡ᠂ ᠤᠯᠤᠰ ᠤᠨ ᠥᠮᠴᠢᠯᠡᠯ ᠤᠨ ᠡᠳ᠋ ᠬᠦᠷᠦᠩᠭᠡ ᠤᠯᠤᠰ ᠤᠨ ᠥᠮᠴᠢᠯᠡᠯ ᠤᠨ ᠠᠵᠤ ᠠᠬᠤᠶᠢᠯᠠᠯ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠠᠮᠢ ᠠᠬᠤᠢ ᠶᠢ ᠬᠠᠮᠠᠭᠠᠯᠠᠬᠤ ᠵᠡᠷᠭᠡ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠥᠪᠥᠷ ᠮᠣᠩᠭᠤᠯ ᠳᠠᠬᠢ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠢᠨ᠎ᠡ ᠬᠥᠭᠵᠢᠯᠲᠡ ᠶᠢᠨ ᠤᠢᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠡᠯ᠎ᠡ  ᠵᠦᠢᠯ  ᠤᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠡᠷᠡ ᠶᠣᠰᠣᠭᠠᠷ ᠨᠢ ᠰᠠᠶᠢᠲᠤᠷ ᠨᠠᠶᠢᠳᠠᠪᠤᠷᠢᠵᠢᠭᠤᠯᠵᠤ᠂ ᠡᠯ᠎ᠡ ᠳᠦᠷᠦᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠨᠠᠷᠢᠯᠢᠭᠵᠢᠭᠤᠯᠵᠦ ᠂ ᠪᠦᠬᠦ ᠬᠤᠳᠠ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃    10 ᠰᠠᠷ᠎ᠠ ᠶᠢᠨ 29 ᠤ ᠡᠳᠦᠷ ᠤᠨ ᠦᠳᠡ ᠶᠢᠨ ᠡᠮᠦᠨ᠎ᠡ  ᠬᠤᠳᠠ ᠶᠢᠨ ᠳᠦᠷᠪᠡᠳᠤᠭᠡᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠭᠤᠴᠢᠨ ᠳᠦᠷᠪᠡᠳᠤᠭᠡᠷ ᠤᠳᠠᠭ᠎ᠠ ᠶᠢᠨ ᠬᠤᠷᠠᠯ ᠬᠤᠯᠪᠤᠭᠠᠯᠠᠬᠰᠠᠨ ᠬᠤᠷᠠᠯ ᠬᠤᠷᠠᠯᠳᠤᠭᠤᠯᠵᠤ᠂ ᠬᠤᠳᠠ ᠶᠢᠨ ᠵᠠᠬ᠎ᠠ ᠳᠡᠯᠭᠡᠬᠦᠷ ᠤᠨ ᠬᠢᠨᠠᠯᠳᠠ ᠬᠠᠮᠢᠶᠠᠷᠤᠯᠳᠠ ᠶᠢᠨ ᠳᠤᠪᠴᠢᠶᠠᠨ ᠤ ᠳᠦᠯᠦᠭᠡᠯᠡᠭᠴᠢ ᠶᠢᠨ ᠰᠠᠨᠠᠭᠤᠯᠭ᠎ᠠ᠂ ᠰᠢᠬᠦᠮᠵᠢᠯᠡᠯ ᠪᠠ ᠰᠠᠨᠠᠯ ᠢ ᠬᠦᠢᠴᠡᠳᠭᠡᠭᠰᠡᠨ ᠠᠵᠢᠯ ᠳᠤ ᠦᠨᠡᠯᠡᠯᠳᠡ ᠬᠢᠵᠤ᠂ ᠳᠡᠷᠡᠴᠢᠯᠡᠨ ᠬᠠᠨᠤᠮᠵᠢ ᠶᠢᠨ ᠬᠢᠨᠠᠨ ᠰᠢᠯᠭᠠᠷᠠᠭᠤᠯᠤᠯᠳᠠ ᠬᠢᠪᠡ᠃    ᠬᠤᠳᠠ ᠶᠢᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠬᠢᠯᠡᠭᠴᠢ ᠵᠠᠩ ᠵᠠᠨ ᠯᠢᠨ ᠬᠤᠷᠠᠯ ᠳᠤ ᠤᠷᠤᠯᠴᠠᠭᠰᠠᠨ ᠤ ᠬᠠᠮᠳᠤ ᠶᠠᠷᠢᠶ᠎ᠠ ᠳᠠᠯᠪᠢᠪᠠ᠃ ᠬᠤᠳᠠ ᠶᠢᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠳᠡᠳ᠋ ᠡᠷᠬᠢᠯᠡᠭᠴᠢ ᠾᠧ ᠶᠢᠨ᠂ ᠸᠠᠩ ᠫᠢᠩ᠂ ᠪᠠᠶᠠᠷ᠂ ᠵᠤᠤ ᠹᠸᠢ ᠯᠥ᠂ ᠨᠠᠷᠢᠨ ᠪᠢᠴᠢᠭ ᠤᠨ ᠳᠠᠷᠤᠭ᠎ᠠ ᠹᠠᠨ ᠵᠢᠶᠦ᠋ᠨ ᠫᠢᠩ᠂ ᠨᠠᠮ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ᠂ ᠠᠯᠪᠠᠨ ᠭᠡᠷ ᠤᠨ ᠡᠷᠬᠢᠯᠡᠭᠴᠢ ᠶᠠᠩ ᠶᠦᠩ ᠬᠤᠷᠠᠯ ᠳᠤ ᠰᠤᠯᠠ ᠤᠷᠤᠯᠴᠠᠵᠤ᠂ ᠳᠡᠳ᠋ ᠡᠷᠬᠢᠯᠡᠭᠴᠢ ᠾᠧ ᠳᠤᠤ ᠬᠤᠷᠠᠯ ᠢ ᠡᠷᠬᠢᠯᠡᠪᠡ᠃ ᠬᠤᠳᠠ ᠶᠢᠨ ᠳᠡᠳ᠋ ᠳᠠᠷᠤᠭ᠎ᠠ ᠸᠠᠩ ᠰᠢᠨ ᠢᠤᠢ ᠤᠪᠤᠷ ᠢᠶᠠᠨ ᠢᠯᠡᠷᠭᠡᠶᠢᠯᠡᠬᠦ ᠦᠭᠡ ᠭᠡᠯᠡᠪᠠ᠃      10 ᠰᠠᠷ᠎ᠠ ᠶᠢᠨ 29 ᠤ ᠡᠳᠦᠷ ᠤᠨ ᠦᠳᠡ ᠶᠢᠨ ᠬᠤᠶᠢᠨ᠎ᠠ  ᠬᠤᠳᠠ ᠶᠢᠨ ᠳᠦᠷᠪᠡᠳᠤᠭᠡᠷ ᠬᠤᠭᠤᠴᠠᠭᠠᠨ ᠤ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠭᠤᠴᠢᠨ ᠳᠦᠷᠪᠡᠳᠤᠭᠡᠷ ᠤᠳᠠᠭ᠎ᠠ ᠶᠢᠨ ᠬᠤᠷᠠᠯ ᠬᠤᠯᠪᠤᠭᠠᠯᠠᠬᠰᠠᠨ ᠬᠤᠷᠠᠯ ᠬᠤᠷᠠᠯᠳᠤᠭᠤᠯᠵᠤ᠂ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠤᠳᠠᠯᠳᠤᠭ᠎ᠠ ᠡᠷᠭᠢᠯᠡᠭᠦ ᠤᠷᠴᠢᠨ ᠠᠬᠤᠢ ᠶᠢ ᠰᠢᠯᠢᠳᠡᠭᠵᠢᠭᠦᠯᠭᠦ᠂ ᠠᠵᠤ ᠦᠢᠯᠡᠰ ᠤᠨ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠳᠠ ᠶᠢ ᠠᠭᠢᠭᠤᠯᠤᠬᠰᠠᠨ ᠪᠠᠶᠢᠳᠠᠯ ᠳᠤ ᠲᠤᠰᠬᠠᠢ ᠰᠡᠳᠦᠪᠳᠤ ᠠᠰᠠᠭᠤᠨ ᠯᠠᠪᠯᠠᠯᠭ᠎ᠠ ᠭᠢᠪᠡ᠃    10 ᠰᠠᠷ᠎ᠠ ᠶᠢᠨ 29 ᠤ ᠡᠳᠦᠷ ᠤᠨ ᠤᠷᠤᠢ  ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠶᠢᠨ ᠤᠷᠤᠯᠠᠬᠴᠢ ᠲᠠᠷᠤᠭ᠎ᠠ ᠳ᠋ᠦ᠋ ᠬᠤᠢ ᠯᠢᠶᠠᠩ ᠤᠷᠢᠳ ᠬᠤᠵᠢᠳ ᠭᠢᠶ᠎ᠠ ᠪᠠᠭᠰᠢ ᠲᠤᠭᠤᠷᠢᠭ᠂ ᠡᠵᠡᠨ ᠬᠤᠷᠤᠭ᠎ᠠ ᠬᠤᠰᠢᠭᠤᠨ ᠤ ᠲᠦᠪᠯᠡᠷᠡᠭᠦᠯᠦᠨ ᠲᠤᠰᠠᠭᠠᠷᠯᠠᠬᠤ ᠴᠡᠭ ᠲᠤ ᠭᠦᠷᠴᠦ ᠠᠯᠠᠱᠠ ᠠᠶᠢᠮᠠᠭ ᠲᠤ ᠬᠤᠴᠤᠷᠭᠠᠵᠤ ᠠᠪᠤᠭᠰᠠᠨ ᠠᠶᠠᠨᠴᠢᠳ ᠢ ᠭᠦᠯᠢᠶᠠᠨ ᠠᠪᠴᠤ ᠲᠦᠪᠯᠡᠷᠡᠭᠦᠯᠦᠨ ᠲᠤᠰᠠᠭᠠᠷᠯᠠᠬᠤ ᠴᠡᠭ ᠤᠨ ᠪᠡᠯᠡᠳᠭᠡᠯ ᠠᠵᠢᠯ ᠢ ᠪᠠᠶᠢᠴᠠᠭᠠᠵᠤ ᠱᠠᠯᠠᠪᠳᠠᠭᠤᠯᠤᠨ ᠵᠢᠯᠤᠭᠤᠳᠤᠬᠰᠠᠨ ᠤ ᠬᠠᠮᠳᠤ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠤᠷᠳᠤᠨ ᠢ ᠲᠦᠯᠦᠭᠡᠯᠡᠨ ᠭᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠨᠢᠭᠡᠳᠦᠭᠡᠷ ᠹᠷᠤᠨᠲ ᠤᠨ ᠠᠵᠢᠯᠳᠠᠳ ᠢ ᠪᠤᠯᠭᠤᠭᠠᠨ ᠲᠤᠬᠤᠨᠢᠭᠤᠯᠵᠤ ᠲᠠᠯᠠᠷᠬᠠᠵᠤ ᠪᠠᠶᠢᠭ᠎ᠠ ᠪᠠᠨ ᠢᠯᠡᠳᠭᠡᠪᠡ᠃ ᠬᠤᠳᠠ ᠶᠢᠨ ᠲᠡᠳ᠋ ᠲᠡᠷᠤᠭ᠎ᠠ ᠸᠠᠩ ᠰᠢᠨ ᠢᠤᠢ᠂ ᠭᠤᠤ ᠸᠧᠨ ᠾᠧ᠂ ᠬᠤᠳᠠ ᠶᠢᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠲᠠᠷᠤᠭ᠎ᠠ ᠵᠠᠩ ᠵᠦᠡᠭ ᡁᠢ ᠪᠠᠶᠢᠴᠠᠭᠠᠯᠳᠠ ᠭᠢᠵᠤ ᠱᠠᠭᠠᠷᠳᠠᠨ ᠵᠢᠯᠤᠭᠤᠳᠬᠤ ᠳᠤ ᠤᠷᠤᠯᠴᠠᠪᠠ᠃     10 ᠰᠠᠷ᠎ᠠ ᠶᠢᠨ 30 ᠤ ᠡᠳᠦᠷ  ᠬᠤᠳᠠ ᠶᠢᠨ ᠨᠠᠮ ᠤᠨ ᠬᠤᠷᠢᠶᠠᠨ ᠤ ᠲᠡᠳ᠋ ᠱᠦᠵᠢ᠂ ᠬᠤᠳᠠ ᠶᠢᠨ ᠤᠷᠤᠯᠠᠬᠴᠢ ᠲᠠᠷᠤᠭ᠎ᠠ᠂ ᠬᠤᠳᠠ ᠶᠢᠨ ᠭᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠵᠢᠯᠤᠭᠤᠳᠬᠤ ᠭᠠᠵᠠᠷ ᠤᠨ ᠶᠡᠷᠦᠩᠭᠡᠢ ᠵᠢᠯᠤᠭᠤᠳᠤᠬᠴᠢ ᠳ᠋ᠥ᠋ ᠬᠤᠢ ᠯᠢᠶᠠᠩ ᠬᠤᠳᠠ ᠶᠢᠨ ᠭᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠭᠦ ᠵᠢᠯᠤᠭᠤᠳᠬᠤ ᠭᠠᠵᠠᠷ ᠤᠨ 2021 ᠤᠨ ᠤ 20 ᠳ᠋ᠤᠭᠠᠷ ᠤᠳᠠᠭ᠎ᠠ ᠶᠢᠨ ᠲᠤᠭᠢᠷᠠᠭᠤᠯᠤᠯᠳᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠡ᠃ ᠬᠤᠳᠠ ᠶᠢᠨ ᠲᠡᠳ᠋ ᠲᠠᠷᠤᠭ᠎ᠠ ᠸᠠᠩ ᠰᠢᠨ ᠢᠤᠢ᠂ ᠬᠤᠳᠠ ᠶᠢᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠲᠠᠷᠤᠭ᠎ᠠ ᠵᠠᠩ ᠵᠦᠡᠭ ᡁᠢ ᠬᠤᠷᠠᠯ ᠳᠤ ᠤᠷᠤᠯᠴᠠᠪᠠ᠃  
ᠢᠷᠡᠯᠲᠡ᠄ ᠤᠷᠳᠤᠰ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ