ᠵᠠᠰᠠᠭ ᠤᠨ ᠤᠷᠳᠤᠨ ᠤ ᠲᠤᠮᠣ ᠠᠵᠢᠯ ᠶᠠᠪᠤᠳᠠᠯ ᠤᠨ ᠳᠡᠮᠳᠡᠭᠯᠡᠯ  ︵ᠶᠢᠰᠦᠳᠦᠭᠡᠷ ᠰᠠᠷ᠎ᠠ︶
ᠨᠡᠶᠢᠲᠡᠯᠡᠭᠰᠡᠨ ᠴᠠᠭ᠄
2021/12/30
    8 ᠰᠠᠷ᠎ᠠ ᠶᠢᠨ 31 ᠤ ᠡᠳᠦᠷ  ᠬᠤᠲᠠ ᠶᠢᠨ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ 2021 ᠣᠨ ᠤ ᠠᠷᠪᠠᠨ ᠳᠥᠷᠪᠡᠳᠦᠭᠡᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠪᠥᠬᠦ ᠬᠤᠲᠠ ᠶᠢᠨ ᠵᠢᠷᠭᠤᠳᠤᠭᠠᠷ ᠬᠤᠭᠤᠴᠠᠭᠠᠨ ᠤ ᠤᠳᠤᠷᠢᠳᠬᠤ ᠺᠠᠳ᠋ᠷᠴᠤᠳ ᠤᠨ ᠬᠢᠴᠢᠶᠡᠯ ᠤᠨ ᠲᠠᠩᠬᠢᠮ ᠬᠢᠶ᠎ᠠ ᠪᠠᠭᠰᠢ ᠲᠣᠭᠤᠷᠢᠭ ᠲᠤ ᠶᠠᠪᠤᠭᠳᠠᠪᠠ᠃ ᠬᠤᠲᠠ ᠶᠢᠨ ᠤᠳᠤᠷᠢᠳᠤᠯᠭ᠎ᠠ ᠯᠢ ᠯᠢ᠂ ᠰᠤ᠋ ᠵᠥᠩ ᠱᠧᠩ᠂ ᠱᠧ ᠰᠢ ᠸᠧᠨ᠂ ᠵᠧᠨ ᠬᠤᠸᠠ ᠂ ᠯᠢᠦ ᠰᠢᠶᠤᠤ ᠹᠧᠩ᠂ ᠵᠠᠩ ᠸᠧᠶ᠂ ᠪᠦᠷᠢᠨᠴᠢᠮᠡᠭ᠂ ᠱᠢ ᠶᠠᠨ ᠵᠢᠶᠧ᠂ ᠺᠦᠩ ᠹᠠᠨ ᠹᠸᠢ᠂ ᠯᠢᠦ ᠹᠧᠩ ᠶᠦᠨ᠂ ᠮ᠊ ᠭᠠᠷᠤᠳᠢ᠂ ᠤᠯᠠᠭᠠᠨ᠂ ᠹᠠᠩ ᠵᠢᠶᠠᠨ ᠬᠤᠸᠠ ᠨᠠᠷ ᠲᠠᠶᠢᠯᠤᠮᠵᠢ ᠶᠢ ᠰᠣᠨᠣᠰᠴᠤ᠂ ᠰᠤ᠋ ᠵᠥᠩ ᠱᠧᠩ ᠬᠤᠷᠠᠯ ᠢ ᠡᠷᠭᠢᠯᠡᠭᠰᠡᠨ ᠤ ᠬᠠᠮᠳᠤ ᠶᠠᠷᠢᠶ᠎ᠠ ᠲᠠᠯᠪᠢᠵᠤ᠂ ᠬᠤᠸᠠ ᠷᠦᠢ ᠹᠧᠩ ᠬᠤᠪᠢᠶᠠᠷᠢ ᠬᠤᠷᠠᠯ ᠤᠨ ᠲᠠᠯᠠᠪᠠᠶ ᠳᠤ ᠣᠷᠣᠯᠴᠠᠵᠠᠶ᠃    8 ᠰᠠᠷ᠎ᠠ ᠶᠢᠨ 31 ᠤ ᠡᠳᠦᠷ  ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠣᠷᠣᠯᠠᠭᠴᠢ ᠳᠠᠷᠤᠭ᠎ᠠ ᠳ᠋ᠦ᠋ ᠬᠤᠶ ᠯᠢᠶᠠᠩ 2021 ᠣᠨ ᠤ 15 ᠳ᠋ᠤᠭᠠᠷ ᠤᠳᠠᠭ᠎ᠠ ᠶᠢᠨ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃    9 ᠰᠠᠷ᠎ᠠ ᠶᠢᠨ 1 ᠤ ᠡᠳᠦᠷ  ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠤᠷᠤᠯᠠᠭᠴᠢ ᠳᠠᠷᠤᠭ᠎ᠠ ᠳ᠋ᠦ᠋ ᠬᠤᠢ ᠯᠢᠶᠠᠩ ᠡᠵᠡᠨ ᠬᠤᠷᠤᠭ᠎ᠠ ᠬᠤᠰᠢᠭᠤᠨ ᠳᠤ ᠬᠦᠳᠡᠭᠡ ᠲᠤᠰᠬᠤᠨ ᠢ ᠬᠦᠭᠵᠢᠬᠦᠯᠬᠦ ᠠᠵᠢᠯ ᠢ ᠪᠠᠶᠢᠴᠠᠭᠠᠨ ᠰᠤᠳᠤᠯᠵᠦ᠂ ᠬᠤᠳᠠ ᠶᠢᠨ ᠤᠳᠤᠷᠢᠳᠤᠯᠭ᠎ᠠ ᠬᠤᠸᠠ ᠷᠦᠢ ᠹᠧᠩ᠂ ᠮᠢᠶᠣᠣ ᠴᠧᠩ ᠢᠦᠢ᠂ ᠬᠤᠳᠠ ᠶᠢᠨ ᠵᠠᠰᠠᠭ ᠤᠨ ᠣᠷᠳᠣᠨ ᠤ ᠨᠡᠷᠢᠠ ᠪᠢᠴᠢᠭ ᠤᠨ ᠲᠡᠷᠤᠭ᠎ᠠ ᠵᠠᠩ ᠵᠦᠩ ᡁᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    9 ᠰᠠᠷ᠎ᠠ ᠶᠢᠨ 1 ᠤ ᠡᠳᠦᠷ  ᠬᠤᠳᠠ ᠶᠢᠨ ᠲᠦᠷᠪᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠭᠤᠴᠢᠨ ᠬᠤᠶᠠᠳᠤᠭᠠᠷ ᠤᠳᠠᠭ᠎ᠠ ᠶᠢᠨ ᠬᠤᠷᠠᠯ ᠬᠤᠯᠪᠤᠭᠠᠯᠠᠬᠰᠠᠨ ᠲᠤᠭᠤᠢᠢᠯᠠᠩ ᠤᠨ ᠬᠤᠷᠠᠯ ᠬᠤᠷᠠᠯᠳᠤᠭᠤᠯᠵᠤ᠂ ᠬᠤᠳᠠ ᠶᠢᠨ ᠵᠠᠮ ᠬᠠᠷᠢᠯᠴᠠᠭ᠎ᠠ ᠲᠡᠭᠡᠭᠡᠪᠤᠷᠢ ᠶᠢᠨ ᠲᠤᠪᠴᠢᠶᠠᠨ ᠤ ᠲᠦᠯᠦᠭᠡᠯᠡᠭᠴᠢᠳ ᠤᠨ ᠰᠠᠨᠠᠯ ᠵᠦᠪᠯᠡᠯᠭᠡ ᠶᠢ ᠭᠦᠢᠴᠡᠳᠭᠡᠭᠰᠡᠨ ᠠᠵᠢᠯ ᠳᠤ ᠦᠨᠠᠯᠠᠯᠳᠠ ᠪᠠ ᠬᠠᠨᠤᠮᠵᠢ ᠶᠢᠨ ᠭᠡᠮᠵᠢᠶᠠᠨ ᠤ ᠦᠨᠠᠯᠠᠯᠳᠠ ᠭᠢᠪᠡ᠃    ᠬᠤᠳᠠ ᠶᠢᠨ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠡᠷᠭᠢᠯᠡᠭᠴᠢ ᠵᠠᠩ ᠵᠠᠨ ᠯᠢᠨ᠂ ᠲᠡᠳ᠋ ᠡᠷᠭᠢᠯᠡᠭᠴᠢ ᠾᠧ ᠶᠢᠨ᠂ ᠸᠠᠩ ᠫᠢᠡᠭ᠂ ᠪᠠᠶᠠᠷ᠂ ᠶᠠᠩ ᠶᠦᠨ᠂ ᠵᠤᠤ ᠹᠸᠢ ᠯᠦ᠂ ᠨᠠᠷᠢᠨ ᠪᠢᠴᠢᠭ ᠤᠨ ᠲᠠᠷᠤᠭ᠎ᠠ ᠹᠠᠨ ᠵᠢᠶᠦ᠋ᠨ ᠫᠢᠡᠭ᠂ ᠨᠠᠮ ᠤᠨ ᠲᠤᠭᠤᠢᠢᠯᠠᠩ ᠤᠨ ᠪᠦᠷᠢᠯᠳᠦᠭᠦᠨ ᠶᠠᠩ ᠶᠦᠡᠭ ᠬᠤᠷᠠᠯ ᠳᠤ ᠤᠷᠤᠯᠴᠠᠵᠤ᠂ ᠲᠡᠳ᠋ ᠡᠷᠭᠢᠯᠡᠭᠴᠢ ᠾᠧ ᠲᠤᠤ ᠬᠤᠷᠠᠯ ᠢ ᠡᠷᠭᠢᠯᠡᠪᠡ᠃ ᠬᠤᠳᠠ ᠶᠢᠨ ᠲᠡᠳ᠋ ᠲᠠᠷᠤᠭ᠎ᠠ ᠺᠦᠡᠭ ᠹᠠᠨ ᠹᠸᠢ ᠤᠪᠤᠷ ᠢᠶᠠᠨ ᠢᠯᠡᠳᠭᠡᠭᠦ ᠶᠠᠷᠢᠶ᠎ᠠ ᠲᠠᠯᠪᠢᠪᠠ᠃    9 ᠰᠠᠷ᠎ᠠ ᠶᠢᠨ 2 ᠤᠨ ᠡᠳᠦᠷ  ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠤᠷᠤᠯᠠᠬᠴᠢ ᠳᠠᠷᠤᠭ᠎ᠠ ᠳ᠋ᠦ᠋ ᠬᠤᠶ ᠯᠢᠶᠠᠩ ᠦᠦᠰᠢᠨ ᠬᠤᠰᠢᠭᠤ᠂ ᠣᠲᠤᠭ ᠤᠨ ᠡᠮᠦᠨᠡᠲᠦ ᠬᠤᠰᠢᠭᠤ᠂ ᠣᠲᠤᠭ ᠬᠤᠰᠢᠭᠤᠨ ᠳᠤ ᠠᠵᠤ ᠦᠢᠯᠡᠰ ᠢ ᠭᠦᠭᠵᠢᠭᠦᠯᠭᠦ᠂ ᠭᠦᠳᠡᠭᠡ ᠲᠤᠰᠬᠤᠨ ᠢ ᠭᠦᠭᠵᠢᠭᠦᠯᠬᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃ ᠬᠤᠳᠠ ᠶᠢᠨ ᠳᠡᠳ᠋ ᠳᠠᠷᠤᠭ᠎ᠠ ᠺᠦᠩ ᠹᠠᠨ ᠹᠸᠢ᠂ ᠬᠤᠳᠠ ᠶᠢᠨ ᠵᠠᠰᠠᠭ ᠤᠨ ᠣᠷᠳᠣᠨ ᠤ ᠨᠡᠷᠢᠠ ᠪᠢᠴᠢᠭ ᠤᠨ ᠲᠡᠷᠤᠭ᠎ᠠ ᠵᠠᠩ ᠵᠦᠩ ᡁᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃    9 ᠰᠠᠷ᠎ᠠ ᠶᠢᠨ 5 ᠤ ᠡᠳᠦᠷ  ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠢᠶ᠎ᠠ ᠪᠠᠭᠰᠢ ᠲᠣᠭᠤᠷᠢᠭ ᠤᠨ ᠪᠢᠨ ᠾᠧ ᠵᠡᠭᠡᠯᠢ ᠭᠤᠳᠤᠮᠵᠢ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠬᠦᠷᠴᠦ᠂ ᠡ᠊ᠩ ᠤᠨ ᠨᠠᠮ ᠤᠨ ᠭᠡᠰᠢᠭᠦᠨ ᠤ ᠬᠤᠪᠢ ᠪᠠᠷ ᠪᠥᠬᠦ ᠬᠤᠲᠠ ᠶᠢᠨ ᠠᠵᠢᠯ ᠤᠨ ᠪᠠᠶᠢᠷᠢᠨ ᠳᠤ ᠪᠠᠶᠢᠭ᠎ᠠ ᠨᠠᠮ ᠤᠨ ᠭᠡᠰᠢᠭᠦᠳ ᠨᠡᠶᠢᠭᠡᠮ ᠲᠣᠭᠤᠷᠢᠭ ᠲᠤ ᠬᠦᠷᠴᠦ ᠰᠠᠶᠢᠨ ᠳᠤᠷ᠎ᠠ ᠠᠴᠠ ᠪᠠᠨ ᠦᠢᠯᠡᠴᠢᠯᠡᠬᠦ ᠠᠵᠢᠯᠯᠠᠭ᠎ᠠ ᠳᠤ ᠣᠷᠣᠯᠴᠠᠪᠠ᠃ ᠬᠤᠲᠠ ᠶᠢᠨ ᠤᠳᠤᠷᠢᠳᠤᠯᠭ᠎ᠠ ᠰᠤ᠋ ᠵᠥᠩ ᠱᠧᠩ᠂ ᠱᠧ ᠰᠢ ᠸᠧᠨ᠂ ᠯᠢᠦ ᠰᠢᠶᠤᠤ ᠹᠧᠩ᠂ ᠵᠠᠩ ᠸᠧᠶ᠂ ᠭᠤᠤ ᠸᠧᠨ ᠾᠧ᠂ ᠮᠢᠶᠣᠣ ᠴᠧᠩ ᠢᠦᠶ᠂ ᠬᠤᠲᠠ ᠶᠢᠨ ᠰᠢᠭᠦᠬᠦ ᠬᠤᠷᠢᠶᠡᠨ ᠤ ᠬᠤᠷᠢᠶᠠᠨ ᠳᠠᠷᠤᠭ᠎ᠠ ᠰᠤ᠋ ᠯᠢ ᠵᠢᠶᠦ᠋ᠨ᠂ ᠪᠠᠶᠢᠴᠠᠭᠠᠬᠤ ᠬᠤᠷᠢᠶᠡᠨ ᠤ ᠪᠠᠶᠢᠴᠠᠭᠠᠭᠴᠢ ᠳᠠᠷᠤᠭ᠎ᠠ ᠶᠠᠩ ᠱᠢ ᠯᠢᠨ᠂ ᠣᠷᠳᠣᠰ ᠤᠨ ᠬᠡᠷᠡᠭᠯᠡᠭᠡᠨ ᠤ ᠮᠡᠷᠭᠡᠵᠢᠯ ᠤᠨ ᠳᠡᠬᠡᠳᠦ ᠰᠤᠷᠭᠠᠭᠤᠯᠢ ᠶᠢᠨ ᠤᠳᠤᠷᠢᠳᠤᠯᠭ᠎ᠠ ᠶᠢᠦ ᠵᠢᠶᠦ᠋ᠨ ᠴᠧᠩ᠂ ᠲᠢᠶᠧ ᠶᠦᠩ ᠨᠡᠷ ᠠᠵᠢᠯᠯᠠᠭ᠎ᠠ ᠳᠤ ᠤᠷᠤᠯᠴᠠᠪᠠ᠃    9 ᠰᠠᠷ᠎ᠠ ᠶᠢᠨ 7 ᠤ ᠡᠳᠦᠷ  ᠬᠤᠲᠠ ᠶᠢᠨ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯ ᠳᠤᠭᠤᠶᠢᠯᠠᠩ ᠤᠨ 2021 ᠣᠨ ᠤ ᠠᠷᠪᠠᠨ ᠲᠠᠪᠤᠳᠤᠭᠠᠷ ᠤᠳᠠᠭᠠᠨ ᠤ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠵᠢᠴᠢ ᠪᠥᠬᠦ ᠬᠤᠲᠠ ᠶᠢᠨ ᠲᠤᠯᠤᠳᠤᠭᠠᠷ ᠬᠤᠭᠤᠴᠠᠭᠠᠨ ᠤ ᠤᠳᠤᠷᠢᠳᠬᠤ ᠺᠠᠳ᠋ᠷᠴᠤᠳ ᠤᠨ ᠬᠢᠴᠢᠶᠡᠯ ᠤᠨ ᠲᠠᠩᠬᠢᠮ ᠬᠢᠶ᠎ᠠ ᠪᠠᠭᠰᠢ ᠲᠣᠭᠤᠷᠢᠭ ᠲᠤ ᠶᠠᠪᠤᠭᠳᠠᠪᠠ᠃ ᠬᠤᠲᠠ ᠶᠢᠨ  ᠤᠳᠤᠷᠢᠳᠤᠯᠭ᠎ᠠ ᠯᠢ ᠯᠢ᠂ ᠳ᠋ᠦ᠋ ᠬᠤᠢ ᠯᠢᠶᠠᠩ᠂ ᠵᠠᠩ ᠵᠠᠨ ᠯᠢᠨ ᠵᠡᠷᠭᠡ ᠬᠤᠳᠠ ᠶᠢᠨ ᠳᠦᠷᠪᠡᠨ ᠶᠡᠭᠡ ᠤᠳᠤᠷᠢᠳᠬᠤ ᠪᠠᠭ ᠤᠨ ᠪᠠᠶᠢᠭᠤᠯᠭ᠎ᠠ ᠳᠠᠭᠠᠨ ᠪᠠᠶᠢᠭ᠎ᠠ ᠤᠳᠤᠷᠢᠳᠤᠯᠭ᠎ᠠ᠂  ᠬᠤᠳᠠ ᠶᠢᠨ ᠰᠢᠬᠦᠬᠦ ᠬᠤᠷᠢᠶᠠᠨ ᠤ ᠬᠤᠷᠢᠶᠠᠨ ᠳᠠᠷᠤᠭ᠎ᠠ᠂ ᠪᠠᠶᠢᠴᠠᠭᠠᠬᠤ ᠬᠤᠷᠢᠶᠠᠨ ᠤ ᠪᠠᠶᠢᠴᠠᠭᠠᠭᠴᠢ ᠳᠠᠷᠤᠭ᠎ᠠ ᠲᠠᠶᠢᠯᠤᠮᠵᠢ ᠶᠢ ᠰᠣᠨᠣᠰᠴᠤ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠳᠡᠰ ᠤᠨ ᠳᠠᠷᠤᠭ᠎ᠠ ᠰᠤ᠋ ᠵᠥᠩ ᠱᠧᠩ ᠬᠤᠷᠠᠯ ᠢ ᠡᠷᠭᠢᠯᠡᠭᠰᠡᠨ ᠤ ᠬᠠᠮᠳᠤ ᠶᠠᠷᠢᠶ᠎ᠠ ᠲᠠᠯᠪᠢᠪᠠ᠃    9 ᠰᠠᠷ᠎ᠠ ᠶᠢᠨ 7 ᠤ ᠡᠳᠦᠷ   ᠣᠷᠳᠣᠰ ᠤᠨ ᠨᠠᠭᠦᠷᠡᠰᠦᠳᠦ᠋ᠷᠦᠭᠴᠢ ᠶᠢᠨ ᠳᠠᠪᠬᠤᠷ ᠢᠰᠦᠯ ᠤᠨ ᠭᠠᠳᠠᠭᠰᠢᠯᠠᠭᠤᠯᠤᠯ  ᠢ ᠵᠦᠭᠰᠢᠷᠡᠭᠦᠯᠦᠨ ᠨᠠᠮᠳᠠᠭᠠᠬᠤ ᠰᠤᠳᠤᠯᠬᠤ ᠬᠦᠷᠢᠶᠠᠯᠠᠩ ᠵᠢᠴᠢ《ᠰᠢᠨᠵᠢᠯᠡᠬᠦ ᠤᠬᠠᠭᠠᠨ ᠮᠡᠷᠭᠡᠵᠢᠯ ᠢᠶᠠᠷ ᠦᠪᠦᠷ ᠮᠤᠩᠭᠤᠯ ᠢᠶᠠᠨ ᠬᠦᠭᠵᠢᠭᠦᠯᠬᠦ》ᠳᠦᠷᠦᠯ ᠵᠦᠢᠯ ᠤᠨ ᠭᠡᠷ᠎ᠡ ᠳᠣᠭᠳᠠᠬᠤ ᠠᠵᠢᠯᠯᠠᠭ᠎ᠠ ᠤᠷᠳᠤᠰ ᠤᠨ ᠤᠯᠠᠨ ᠤᠯᠤᠰ ᠤᠨ ᠦᠵᠡᠰᠭᠦᠯᠡᠩ ᠤᠨ ᠳᠦᠪ ᠲᠤ ᠶᠠᠪᠤᠭᠳᠠᠪᠠ᠃    ᠯᠢ ᠯᠢ᠂ ᠳ᠋ᠦ᠋ ᠬᠤᠢ ᠯᠢᠶᠠᠩ᠂ ᠵᠠᠩ ᠵᠠᠨ ᠯᠢᠨ᠂ ᠭᠤᠤ ᠵᠠᠨ ᠱᠧᠩ ᠵᠡᠷᠭᠡ ᠬᠤᠳᠠ ᠶᠢᠨ ᠤᠳᠤᠷᠢᠳᠤᠯᠭ᠎ᠠ᠂ ᠬᠤᠯᠪᠤᠭᠳᠠᠯ ᠪᠦᠬᠦᠢ ᠠᠺᠠᠳᠧᠮᠢᠴᠢ ᠮᠡᠷᠭᠡᠵᠢᠯᠳᠡᠨ ᠪᠠ ᠶᠡᠭᠡ ᠳᠡᠭᠡᠳᠦ ᠰᠤᠷᠭᠠᠭᠤᠯᠢ ᠶᠢᠨ ᠤᠳᠤᠷᠢᠳᠤᠯᠭ᠎ᠠ ᠨᠠᠷ ᠠᠵᠢᠯᠯᠠᠭ᠎ᠠ ᠳᠤ ᠤᠷᠤᠯᠴᠠᠪᠠ᠃    9 ᠰᠠᠷ᠎ᠠ ᠶᠢᠨ 8 ᠤ ᠡᠳᠦᠷ   ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠤᠷᠤᠯᠠᠭᠴᠢ ᠳᠠᠷᠤᠭ᠎ᠠ ᠳ᠋ᠦ᠋ ᠬᠤᠢ ᠯᠢᠶᠠᠩ ᠬᠠᠩᠭᠢᠨ ᠬᠤᠰᠢᠭᠤ᠂ ᠳᠠᠯᠠᠳ ᠬᠤᠰᠢᠭᠤᠨ ᠳᠤ ᠬᠤᠳᠠ ᠬᠦᠳᠡᠭᠡ ᠶᠢᠨ ᠪᠤᠵᠠᠷ ᠤᠰᠤ ᠬᠠᠶᠠᠭᠳᠠᠮᠠᠯ ᠪᠤᠳᠠᠰ ᠢ ᠰᠢᠢᠳᠪᠤᠷᠢᠯᠡᠬᠦ᠂ ᠬᠠᠳᠤᠨ ᠭᠤᠤᠯ ᠤᠨ ᠰᠠᠪᠠ ᠭᠠᠵᠠᠷ ᠤᠨ ᠭᠤᠤᠯ ᠳᠤ ᠴᠢᠳᠬᠤᠬᠤ ᠪᠤᠬᠢᠷᠳᠤᠯ ᠢ ᠭᠠᠳᠠᠭᠰᠢᠯᠠᠭᠤᠯᠬᠤ ᠠᠮᠠᠰᠠᠷ ᠢ ᠪᠠᠶᠢᠴᠠᠭᠠᠬᠤ᠂ ᠬᠦᠷᠢᠶᠡᠯᠡᠩ ᠳᠤᠭᠤᠷᠢᠭ ᠤᠨ ᠠᠵᠦ ᠦᠢᠯᠡᠰ ᠤᠨ ᠬᠦᠭᠵᠢᠯᠳᠡ ᠵᠡᠷᠭᠡ ᠠᠵᠢᠯ ᠳᠤ ᠪᠠᠶᠢᠴᠠᠭᠠᠨ ᠰᠤᠳᠤᠯᠤᠯᠳᠠ ᠬᠢᠪᠠ᠃ ᠬᠤᠳᠠ ᠶᠢᠨ ᠳᠡᠳ᠋ ᠳᠠᠷᠤᠭ᠎ᠠ ᠺᠦᠩ ᠹᠠᠨ ᠹᠸᠢ᠂ ᠬᠤᠳᠠ ᠶᠢᠨ ᠵᠠᠰᠠᠭ ᠤᠨ ᠤᠷᠳᠤᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᡁᠢ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃    9 ᠰᠠᠷ᠎ᠠ ᠶᠢᠨ 10 ᠤ ᠡᠳᠦᠷ  ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠤᠷᠤᠯᠠᠭᠴᠢ ᠳᠠᠷᠤᠭ᠎ᠠ ᠳ᠋ᠦ᠋ ᠬᠤᠢ ᠯᠢᠶᠠᠩ ᠤᠳᠤᠭ ᠬᠤᠰᠢᠭᠤᠨ ᠳᠤ ᠬᠦᠷᠴᠦ ᠪᠠᠭᠰᠢ ᠶᠢᠨ ᠲᠦᠯᠦᠭᠡᠯᠡᠭᠴᠢ ᠶᠢ ᠪᠤᠯᠭᠤᠭᠠᠨ ᠲᠤᠬᠤᠨᠢᠭᠤᠯᠵᠦ᠂ ᠠᠮᠢ ᠠᠬᠤᠢ ᠪᠠ ᠲᠡᠦᠬᠡ ᠶᠢᠨ ᠳᠤᠷᠠᠰᠬᠠᠯᠳᠤ ᠵᠦᠢᠯᠡᠰ ᠢ ᠬᠠᠮᠠᠭᠠᠯᠠᠬᠤ ᠠᠵᠢᠯ ᠢ ᠪᠠᠶᠢᠴᠠᠭᠠᠨ ᠰᠤᠳᠤᠯᠪᠠ᠃ ᠬᠤᠳᠠ ᠶᠢᠨ ᠵᠠᠰᠠᠭ ᠤᠨ ᠤᠷᠳᠤᠨ ᠤ ᠨᠡᠷᠢᠨ ᠪᠢᠴᠢᠭ ᠤᠨ ᠳᠠᠷᠤᠭ᠎ᠠ ᠵᠠᠩ ᠵᠦᠩ ᡁᠢ ᠲᠤᠬᠤᠨᠢᠭᠤᠯᠭ᠎ᠠ ᠪᠠ ᠪᠠᠶᠢᠴᠠᠭᠠᠨ ᠰᠤᠳᠤᠯᠤᠯᠳᠠ ᠳᠤ ᠤᠷᠤᠯᠴᠠᠵᠠᠢ᠃    9 ᠰᠠᠷ᠎ᠠ ᠶᠢᠨ 10 ᠤ ᠡᠳᠦᠷ  ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠢᠶ᠎ᠠ ᠪᠠᠭᠰᠢ ᠲᠤᠭᠤᠷᠢᠭ ᠲᠤ ᠪᠠᠭᠰᠢ ᠨᠠᠷ ᠢ ᠪᠣᠯᠭᠤᠭᠠᠨ ᠲᠣᠬᠤᠨᠢᠭᠤᠯᠵᠦ᠂ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠢ ᠲᠦᠯᠦᠬᠡᠯᠡᠨ᠂ ᠪᠥᠬᠦ ᠬᠤᠲᠠ ᠶᠢᠨ ᠰᠤᠷᠭᠠᠨ ᠬᠥᠮᠦᠵᠢᠯ ᠤᠨ ᠡᠮᠦᠨ᠎ᠡ ᠹᠷᠣᠨᠲ ᠲᠤ ᠰᠢᠷᠭᠠᠭᠤ ᠠᠵᠢᠯᠯᠠᠵᠤ ᠪᠠᠶᠢᠭ᠎ᠠ ᠥᠷᠭᠡᠨ ᠣᠯᠠᠨ ᠪᠠᠭᠰᠢ ᠪᠣᠯᠤᠨ ᠰᠤᠷᠭᠠᠨ ᠬᠥᠮᠦᠵᠢᠯ ᠤᠨ ᠠᠵᠢᠯᠲᠠᠳ ᠲᠤ  ᠪᠠᠶᠠᠷ ᠤᠨ ᠡᠳᠦᠷ ᠤᠨ ᠮᠡᠨᠳᠦᠴᠢᠯᠡᠯ ᠪᠠ ᠡᠷᠬᠢᠮ ᠳᠡᠭᠡᠳᠦ ᠬᠦᠨᠳᠦᠳᠬᠡᠯ ᠳᠡᠪᠰᠢᠭᠦᠯᠪᠡ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠡᠷᠢᠠ ᠪᠢᠴᠢᠭ ᠤᠨ ᠲᠡᠷᠤᠭ᠎ᠠ ᠵᠠᠩ ᠸᠧᠶ᠂ ᠬᠤᠲᠠ ᠶᠢᠨ ᠳᠡᠳ᠋ ᠳᠠᠷᠤᠭ᠎ᠠ ᠸᠠᠩ ᠰᠢᠨ ᠢᠦᠶ ᠪᠠᠷ᠎ᠠ ᠪᠣᠯᠵᠣ ᠲᠣᠬᠤᠨᠢᠭᠤᠯᠭ᠎ᠠ ᠪᠠ ᠪᠠᠶᠢᠴᠠᠭᠠᠨ ᠰᠤᠳᠤᠯᠤᠯᠲᠠ ᠬᠢᠪᠠ᠃     9 ᠰᠠᠷ᠎ᠠ ᠶᠢᠨ 13 ᠤ ᠡᠳᠦᠷ  ᠬᠤᠳᠠ ᠶᠢᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠨᠠᠮ ᠤᠨ ᠳᠤᠭᠤᠢᠢᠯᠠᠩ ᠤᠨ ᠨᠠᠮ ᠤᠨ ᠳᠡᠤᠭᠡ ᠶᠢᠨ ᠰᠤᠷᠤᠯᠴᠠᠯᠭ᠎ᠠ ᠬᠦᠮᠤᠵᠢᠯ ᠤᠨ ᠳᠤᠰᠬᠠᠢ ᠰᠡᠳᠤᠪᠳᠤ ᠰᠤᠳᠤᠯᠤᠨ ᠶᠠᠷᠢᠯᠴᠠᠬᠤ ᠬᠤᠷᠠᠯ ᠵᠢᠴᠢ ᠤᠨᠤᠯ ᠤᠨ ᠰᠤᠷᠤᠯᠴᠠᠯᠭ᠎ᠠ ᠶᠢᠨ ᠭᠤᠤᠯ ᠳᠤᠭᠤᠢᠢᠯᠠᠩ ᠤᠨ 2021 ᠤᠨ ᠤ ᠶᠢᠰᠦᠳᠦᠭᠡᠷ ᠤᠳᠠᠭ᠎ᠠ ᠶᠢᠨ ᠬᠠᠮᠳᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂ ︽ᠶᠡᠷᠦᠩᠭᠡᠢ ᠱᠦᠵᠢ ᠰᠢ ᠶᠢᠨ ᠫᠢᠩ ᠤᠨ ᠦᠨᠳᠤᠰᠤᠳᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠳᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠳᠦᠬᠦᠷ ᠵᠦᠪ ᠤᠨᠤᠪᠴᠢᠳᠠᠢ ᠪᠦᠬᠦ ᠳᠠᠯ᠎ᠠ ᠪᠠᠷ ᠡᠵᠡᠮᠳᠡᠵᠤ᠂ ᠳᠤᠮᠳᠠᠳᠤ ᠶᠢᠨ ᠦᠨᠳᠤᠰᠤᠳᠡᠨ ᠤ ᠬᠠᠮᠳᠤ ᠶᠢᠨ ᠴᠤᠬᠴᠠ ᠶᠢᠨ ᠤᠬᠠᠮᠰᠠᠷ ᠢ ᠪᠠᠳᠤ ᠴᠤᠬᠴᠠᠯᠠᠨ᠂ ᠰᠢᠨ᠎ᠠ ᠴᠠᠭ ᠦᠶ᠎ᠠ ᠶᠢᠨ ᠨᠠᠮ ᠤᠨ ᠦᠨᠳᠤᠰᠤᠳᠡᠨ ᠤ ᠠᠵᠢᠯ ᠤᠨ ᠴᠢᠨᠠᠷ ᠰᠠᠶᠢᠳᠠᠢ ᠬᠦᠭᠵᠢᠯᠳᠡ ᠶᠢ ᠠᠬᠢᠭᠤᠯᠤᠶ᠎ᠠ︾ ᠭᠡᠬᠦ ᠭᠤᠤᠯ ᠰᠡᠳᠤᠪ ᠤᠨ ᠳᠤᠭᠤᠷᠢᠨ ᠳᠤ ᠳᠤᠰᠬᠠᠢ ᠶᠠᠷᠢᠯᠴᠠᠭ᠎ᠠ ᠦᠷᠨᠢᠬᠦᠯᠪᠡ᠃    ᠬᠤᠳᠠ ᠶᠢᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠢᠢᠯᠠᠩ ᠤᠨ ᠳᠡᠳ᠋ ᠱᠦᠵᠢ᠂ ᠡᠷᠬᠢᠯᠡᠭᠴᠢ ᠵᠠᠩ ᠵᠠᠨ ᠯᠢᠨ ᠬᠤᠷᠠᠯ ᠢ ᠡᠷᠬᠢᠯᠡᠭᠰᠡᠨ ᠤ ᠬᠠᠮᠳᠤ ᠶᠠᠷᠢᠶ᠎ᠠ ᠳᠠᠯᠪᠢᠪᠠ᠃ ᠬᠤᠳᠠ ᠶᠢᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠨᠠᠮ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ᠂ ᠳᠡᠳ᠋ ᠡᠷᠬᠢᠯᠡᠭᠴᠢ ᠾᠧ ᠳᠤᠤ᠂ ᠪᠠᠶᠠᠷ᠂ ᠶᠠᠩ ᠶᠦᠨ᠂ ᠵᠤᠤ ᠹᠸᠢ ᠯᠥ᠂ ᠨᠠᠮ ᠤᠨ ᠤᠳᠤᠷᠢᠳᠬᠤ ᠳᠤᠭᠤᠢᠢᠯᠠᠩ ᠤᠨ ᠪᠦᠷᠢᠯᠳᠦᠬᠦᠨ᠂ ᠠᠯᠪᠠᠨ ᠭᠡᠷ ᠤᠨ ᠡᠷᠬᠢᠯᠡᠭᠴᠢ ᠶᠠᠩ ᠶᠦᠩ ᠰᠤᠷᠤᠯᠴᠠᠯᠭ᠎ᠠ ᠳᠤ ᠤᠷᠤᠯᠴᠠᠪᠠ᠃ ᠬᠤᠳᠠ ᠶᠢᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠳᠡᠳ᠋ ᠡᠷᠬᠢᠯᠡᠭᠴᠢ ᠾᠧ ᠶᠢᠨ᠂ ᠬᠤᠳᠠ ᠶᠢᠨ ᠳᠡᠳ᠋ ᠳᠠᠷᠤᠭ᠎ᠠ᠂ ᠬᠤᠳᠠ ᠶᠢᠨ ᠠᠷᠠᠳ ᠤᠨ ᠳᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠢᠨ ᠵᠢᠱᠢᠭᠳᠡᠭᠴᠢ ᠱᠢ ᠶᠠᠨ ᠵᠢᠶᠧ ᠬᠤᠷᠠᠯ ᠳᠤ ᠰᠤᠯᠠ ᠤᠷᠤᠯᠴᠠᠵᠠᠢ᠃     9 ᠰᠠᠷ᠎ᠠ ᠶᠢᠨ 17 ᠤ ᠡᠳᠦᠷ  ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠣᠷᠣᠯᠠᠭᠴᠢ ᠳᠠᠷᠤᠭ᠎ᠠ ᠳ᠋ᠦ᠋ ᠬᠤᠶ ᠯᠢᠶᠠᠩ ᠲᠤᠰᠬᠠᠶ ᠰᠡᠳᠦᠪᠲᠦ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ ᠨᠡᠭᠦᠷᠡᠰᠦᠨ ᠤ ᠡᠬᠢ ᠪᠠᠶᠠᠯᠢᠭ ᠤᠨ ᠬᠦᠷᠢᠶᠡᠨ ᠳᠠᠬᠢ ᠬᠠᠤᠯᠢ ᠳᠦᠷᠢᠮ ᠠᠴᠠ ᠵᠥᠷᠢᠴᠡᠭᠰᠡᠨ ᠠᠰᠠᠭᠤᠳᠠᠯ ᠢ ᠲᠤᠰᠬᠠᠶ ᠴᠡᠭᠴᠡᠯᠡᠨ ᠵᠠᠰᠠᠬᠤ ᠠᠵᠢᠯ ᠳᠤ ᠲᠣᠬᠢᠷᠠᠭᠤᠯᠤᠯᠲᠠ ᠬᠢᠵᠦ᠂ ᠲᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠤᠳᠤᠷᠢᠳᠤᠯᠭ᠎ᠠ ᠺᠦᠩ ᠹᠠᠨ ᠹᠸᠢ᠂ ᠮᠢᠶᠣᠣ ᠴᠧᠩ ᠢᠦᠶ᠂ ᠯᠢᠦ ᠹᠧᠩ ᠶᠦᠨ᠂ ᠬᠤᠲᠠ ᠶᠢᠨ ᠵᠠᠰᠠᠭ ᠤᠨ ᠣᠷᠳᠣᠨ ᠤ ᠨᠡᠷᠢᠠ ᠪᠢᠴᠢᠭ ᠤᠨ ᠲᠡᠷᠤᠭ᠎ᠠ ᠵᠠᠩ ᠵᠥᠩ ᡁᠢ ᠬᠤᠷᠠᠯ ᠳᠤ ᠤᠷᠤᠯᠴᠠᠪᠠ᠃     9 ᠰᠠᠷ᠎ᠠ ᠶᠢᠨ 22 ᠤᠨ ᠡᠳᠦᠷ  ᠬᠤᠲᠠ ᠶᠢᠨ ᠵᠠᠰᠠᠭ ᠤᠨ ᠣᠷᠳᠣᠨ 2021 ᠣᠨ ᠤ ᠠᠩᠬᠠᠳᠤᠭᠠᠷ ᠤᠳᠠᠭᠠᠨ ᠤ ᠪᠥᠬᠦᠳᠡ ᠬᠤᠷᠠᠯ ᠵᠢᠴᠢ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠬᠤᠷᠠᠯ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠠᠵᠢᠯ ᠤᠨ ᠬᠤᠷᠠᠯ ᠬᠤᠷᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠣᠷᠣᠯᠠᠭᠴᠢ ᠳᠠᠷᠤᠭ᠎ᠠ ᠳ᠋ᠦ᠋ ᠬᠤᠶ ᠯᠢᠶᠠᠩ ᠬᠤᠷᠠᠯ ᠳᠤ ᠤᠷᠤᠯᠴᠠᠬᠤ ᠶᠢᠨ ᠬᠠᠮᠳᠤ ᠶᠠᠷᠢᠶ᠎ᠠ ᠲᠠᠯᠪᠢᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠤ᠋ ᠼᠦᠢ ᠹᠠᠩ ᠬᠤᠷᠠᠯ ᠢ ᠡᠷᠭᠢᠯᠡᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠡᠷᠬᠢᠯᠡᠭᠴᠢ ᠵᠧᠨ ᠬᠤᠸᠠ ᠤᠷᠢᠯᠭ᠎ᠠ ᠪᠠᠷ ᠬᠤᠷᠠᠯ ᠳᠤ ᠣᠷᠣᠯᠴᠠᠵᠤ᠂ ᠬᠤᠲᠠ ᠶᠢᠨ ᠵᠠᠰᠠᠭ ᠤᠨ ᠣᠷᠳᠣᠨ ᠤ ᠪᠥᠬᠦ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠣᠷᠣᠯᠴᠠᠵᠠᠶ᠃     9 ᠰᠠᠷ᠎ᠠ ᠶᠢᠨ 22 ᠤᠨ ᠡᠳᠦᠷ   ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ  ᠣᠷᠣᠯᠠᠭᠴᠢ ᠳᠠᠷᠤᠭ᠎ᠠ ᠳ᠋ᠦ᠋ ᠬᠤᠢ ᠯᠢᠶᠠᠩ ᠪᠥᠬᠦ ᠬᠤᠲᠠ ᠶᠢᠨ ᠠᠵᠤ ᠠᠬᠤᠶ ᠶᠢᠨ ᠡᠷᠬᠢᠯᠳᠡ ᠪᠠ ᠭᠤᠤᠯᠳᠠᠯᠭ᠎ᠠ ᠲᠠᠢ ᠲᠥᠷᠥᠯ ᠵᠦᠢᠯ ᠭᠤᠤᠯᠳᠠᠯᠭ᠎ᠠ ᠲᠠᠢ ᠠᠵᠢᠯ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠰᠤ᠋ ᠼᠦᠢ ᠹᠠᠩ᠂ ᠯᠢᠦ ᠰᠢᠶᠤᠤ  ᠹᠧᠩ᠂ ᠬᠤᠲᠠ ᠶᠢᠨ ᠳᠡᠳ᠋ ᠳᠠᠷᠤᠭ᠎ᠠ ᠸᠠᠩ ᠰᠢᠨ ᠢᠦᠶ᠂ ᠭᠤᠤ ᠸᠧᠨ ᠾᠧ᠂ ᠺᠦᠩ ᠹᠠᠨ ᠹᠸᠢ᠂ ᠮᠢᠶᠣᠣ ᠴᠧᠩ ᠢᠦᠶ᠂ ᠡᠷᠳᠡᠨᠢᠪᠢᠯᠢᠭ᠂ ᠯᠢᠦ ᠹᠧᠩ ᠶᠦᠨ ᠨᠠᠷ ᠬᠤᠷᠠᠯ ᠳᠤ ᠤᠷᠤᠯᠴᠠᠵᠠᠢ᠃     9 ᠰᠠᠷ᠎ᠠ ᠶᠢᠨ 22 ᠤᠨ ᠡᠳᠦᠷ  ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠣᠷᠣᠯᠠᠭᠴᠢ  ᠳᠠᠷᠤᠭ᠎ᠠ ᠳ᠋ᠦ᠋ ᠬᠤᠢ ᠯᠢᠶᠠᠩ ᠬᠤᠲᠠ ᠶᠢᠨ ᠵᠠᠰᠠᠭ ᠤᠨ ᠣᠷᠳᠣᠨ ᠤ 2021 ᠣᠨ ᠤ 17 ᠳ᠋ᠤᠭᠠᠷ ᠤᠳᠠᠭᠠᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ᠃     9 ᠰᠠᠷ᠎ᠠ ᠶᠢᠨ 22 ᠤᠨ ᠡᠳᠦᠷ  ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠬᠤᠲᠠ ᠶᠢᠨ ᠣᠷᠣᠯᠠᠭᠴᠢ ᠳᠠᠷᠤᠭ᠎ᠠ ᠳ᠋ᠦ᠋ ᠬᠤᠢ ᠯᠢᠶᠠᠩ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 11 ᠳ᠋ᠦ᠋ᠭᠡᠷ ᠤᠳᠠᠭᠠᠨ ᠤ ᠬᠤᠷᠠᠯ ᠢ ᠡᠷᠬᠢᠯᠡᠨ ᠬᠤᠷᠠᠯᠳᠤᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠰᠢ ᠶᠢᠨ ᠫᠢᠩ ᠶᠡᠷᠦᠩᠬᠡᠢ ᠱᠦᠵᠢ ᠶᠢᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠡᠵᠡᠮᠰᠢᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠵᠤ᠂ ᠰᠢᠨ᠎ᠡ ᠴᠠᠭ ᠦᠶ᠎ᠡ ᠶᠢᠨ ᠨᠠᠮ ᠤᠨ ᠦᠨᠳᠦᠰᠦᠲᠡᠨ ᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠣᠭᠤᠷᠢᠨ ᠳᠤ ᠰᠤᠳᠤᠯᠤᠨ ᠶᠠᠷᠢᠯᠴᠠᠵᠤ᠂ ᠶᠡᠷᠦᠩᠬᠡᠢ ᠱᠦᠵᠢ ᠰᠢ ᠶᠢᠨ ᠫᠢᠩ ᠤᠨ ᠤᠢᠢᠷ᠎ᠠ ᠶᠢᠨ ᠬᠤᠭᠤᠴᠠᠭᠠᠨ ᠤ ᠴᠢᠬᠤᠯᠠ ᠵᠣᠬᠢᠶᠠᠯ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠢᠴᠢᠭ ᠤᠨ ᠬᠡᠯᠪᠡᠷᠢ ᠪᠠᠷ ᠰᠤᠷᠤᠯᠴᠠᠪᠠ᠃     9 ᠰᠠᠷ᠎ᠠ ᠶᠢᠨ 23 ᠤ ᠡᠳᠦᠷ ᠤᠨ ᠦᠳᠡ ᠶᠢᠨ ᠬᠤᠶᠢᠨ᠎ᠠ  ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠲᠠᠪᠤᠳᠤᠭᠠᠷ ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠤᠨ ᠪᠡᠯᠡᠳᠬᠡᠯ ᠬᠤᠷᠠᠯ ᠬᠤᠷᠠᠯᠳᠤᠪᠠ᠃     ᠯᠢ ᠯᠢ ᠬᠤᠷᠠᠯ ᠡᠷᠬᠢᠯᠡᠬᠦ ᠶᠢᠨ ᠬᠠᠮᠳᠤ ᠶᠠᠷᠢᠶ᠎ᠠ ᠲᠠᠯᠪᠢᠵᠤ᠂ ᠳ᠋ᠦ᠋ ᠬᠤᠢ ᠯᠢᠶᠠᠩ᠂ ᠰᠢᠩ ᠵᠧᠩ᠂ ᠰᠤ᠋ ᠵᠥᠩ ᠱᠧᠩ᠂  ᠱᠧ ᠰᠢ ᠸᠧᠨ᠂ ᠰᠤ᠋ ᠼᠦᠢ ᠹᠠᠩ᠂ ᠵᠧᠨ ᠬᠤᠸᠠ᠂ ᠭᠤᠤ ᠳ᠋ᠧ ᠴᠢᠤᠸᠠᠨ᠂ ᠯᠢᠦ ᠰᠢᠶᠤᠤ ᠹᠧᠩ᠂ ᠵᠠᠩ ᠸᠧᠶ᠂ ᠬᠤᠸᠠ ᠷᠦᠢ ᠹᠧᠩ᠂ ᠪᠦᠷᠢᠨᠴᠢᠮᠡᠭ ᠨᠠᠷ ᠬᠤᠷᠠᠯ ᠳᠤ ᠣᠷᠣᠯᠴᠠᠵᠠᠶ᠃     9 ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ  ᠬᠤᠲᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠶᠡᠭᠡ ᠬᠤᠷᠠᠯ ᠤᠨ ᠪᠠᠶᠢᠭ᠎ᠠ ᠭᠠᠵᠠᠷ ᠲᠤ ᠵᠠᠯᠭᠠᠭ᠎ᠠ ᠪᠠᠷ ᠢᠷᠡᠵᠦ ᠨᠡᠷ᠎ᠡ ᠮᠡᠳᠡᠭᠦᠯᠪᠡ᠃ ᠬᠤᠲᠠ ᠶᠢᠨ ᠤᠳᠤᠷᠢᠳᠤᠯᠭ᠎ᠠ ᠯᠢ ᠯᠢ᠂ ᠳ᠋ᠦ᠋ ᠬᠤᠢ ᠯᠢᠶᠠᠩ᠂ ᠵᠠᠩ ᠵᠠᠨ ᠯᠢᠨ᠂ ᠭᠤᠤ ᠵᠠᠨ ᠱᠧᠩ᠂ ᠰᠤ᠋ ᠵᠥᠩ ᠱᠧᠩ᠂ ᠱᠧ ᠰᠢ ᠸᠧᠨ᠂ ᠰᠤ᠋ ᠼᠦᠢ ᠹᠠᠩ᠂ ᠵᠧᠨ ᠬᠤᠸᠠ᠂ ᠭᠤᠤ ᠳ᠋ᠧ ᠴᠢᠤᠸᠠᠨ᠂ ᠯᠢᠦ ᠰᠢᠶᠤᠤ ᠹᠧᠩ᠂ ᠵᠠᠩ ᠸᠧᠶ᠂ ᠬᠤᠸᠠ ᠷᠦᠢ ᠹᠧᠩ ᠨᠠᠷ ᠡᠯ᠎ᠡ ᠲᠥᠯᠥᠭᠡᠯᠡᠭᠴᠢᠳ ᠤᠨ ᠪᠦᠯᠬᠦᠮ ᠤᠨ ᠰᠠᠭᠤᠭ᠎ᠠ ᠭᠠᠵᠠᠷ ᠲᠤ ᠬᠦᠷᠴᠦ᠂ ᠬᠤᠲᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠢ ᠳᠣᠲᠣᠨᠣ ᠪᠠᠷ ᠪᠣᠯᠭᠤᠭᠠᠨ ᠲᠣᠬᠤᠨᠢᠭᠤᠯᠪᠠ᠃     9 ᠰᠠᠷ᠎ᠠ ᠶᠢᠨ 24 ᠤ ᠡᠳᠦᠷ  ᠳᠤᠮᠳᠠᠳᠤ ᠤᠯᠤᠰ ᠤᠨ ᠡᠪ ᠬᠠᠮᠲᠤ ᠨᠠᠮ ᠤᠨ ᠤᠷᠳᠤᠰ ᠬᠤᠳᠠ ᠶᠢᠨ ᠲᠠᠪᠤᠳᠤᠭᠠᠷ  ᠤᠳᠠᠭᠠᠨ ᠤ ᠲᠥᠯᠥᠭᠡᠯᠡᠭᠴᠢᠳ ᠤᠨ ᠶᠡᠭᠡ ᠬᠤᠷᠠᠯ ᠦᠪᠡᠳᠡᠭᠰᠢ ᠶᠡᠭᠡ ᠪᠠᠷ ᠡᠬᠢᠯᠡᠪᠡ᠃ ᠳ᠋ᠦ᠋ ᠬᠤᠢ ᠯᠢᠶᠠᠩ ᠬᠤᠷᠠᠯ ᠢ ᠡᠷᠬᠢᠯᠡᠵᠡᠢ᠃     9 ᠰᠠᠷ᠎ᠠ ᠶᠢᠨ 24 ᠤ ᠡᠳᠦᠷ ᠠᠴᠠ 25 ᠤ ᠡᠳᠦᠷ ᠪᠣᠯᠲᠠᠯ᠎ᠠ  ᠰᠤ᠋ ᠵᠥᠩ ᠱᠧᠩ᠂ ᠱᠧ ᠰᠢ ᠸᠧᠡ᠂ ᠰᠤ᠋ ᠼᠦᠢ ᠹᠠᠩ᠂ ᠵᠧᠨ ᠬᠤᠸᠠ᠂ ᠭᠤᠤ ᠳ᠋ᠧ ᠴᠢᠤᠸᠠᠨ᠂ ᠯᠢᠦ ᠰᠢᠶᠤᠤ ᠹᠧᠩ᠂ ᠵᠠᠩ ᠸᠧᠶ᠂ ᠬᠤᠸᠠ ᠷᠦᠢ ᠹᠧᠩ᠂ ᠪᠦᠷᠢᠨᠴᠢᠮᠡᠭ ᠦᠪᠡᠷ ᠦᠪᠡᠷ ᠤᠨ ᠪᠠᠶᠢᠭ᠎ᠠ ᠲᠦᠯᠦᠭᠡᠯᠡᠭᠴᠢᠳ ᠤᠨ ᠪᠦᠯᠬᠦᠮ ᠳᠤ ᠲᠦᠯᠦᠭᠡᠯᠡᠭᠴᠢᠳ ᠲᠠᠢ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠢᠯᠡᠳᠬᠡᠯ ᠢ ᠶᠠᠷᠢᠯᠴᠠᠪᠠ᠃     9 ᠰᠠᠷ᠎ᠠ ᠶᠢᠨ 25 ᠤ ᠡᠳᠦᠷ  ᠳ᠋ᠦ᠋ ᠬᠤᠢ ᠯᠢᠶᠠᠩ ᠤᠷᠢᠳ ᠬᠤᠵᠢᠳ ᠬᠤᠳᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠦᠦᠰᠢᠨ ᠬᠤᠰᠢᠭᠤᠨ ᠤ ᠲᠥᠯᠥᠭᠡᠯᠡᠭᠴᠢᠳ ᠤᠨ ᠪᠦᠯᠬᠦᠮ ᠪᠠ ᠴᠡᠷᠢᠭ ᠠᠩᠬᠢ᠂ ᠶᠡᠭᠡ ᠳᠡᠭᠡᠳᠦ ᠰᠤᠷᠭᠠᠭᠤᠯᠢ᠂ ᠠᠵᠤ ᠠᠬᠤᠶᠢᠯᠠᠯ ᠤᠨ ᠲᠥᠯᠥᠭᠡᠯᠡᠭᠴᠢᠳ ᠤᠨ ᠪᠦᠯᠬᠦᠮ ᠳᠤ ᠬᠦᠷᠴᠦ᠂ ᠲᠥᠯᠥᠭᠡᠯᠡᠭᠴᠢᠳ ᠲᠠᠢ ᠬᠠᠮᠲᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠮᠡᠳᠡᠭᠦᠯᠦᠯᠲᠡ ᠪᠣᠯᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠠᠵᠢᠯ ᠤᠨ ᠮᠡᠳᠡᠭᠦᠯᠦᠯᠲᠡ ᠶᠢ ᠶᠠᠷᠢᠯᠴᠠᠪᠠ᠃ ᠥᠨᠳᠥᠷ ᠲᠤ ᠵᠣᠭᠰᠣᠨ ᠠᠯᠤᠰ ᠢ ᠪᠣᠳᠣᠯᠬᠢᠯᠠᠵᠤ᠂ ᠲᠡᠷᠢᠭᠦᠨ ᠳᠤ ᠣᠷᠣᠬᠤ ᠪᠠᠷ ᠡᠷᠡᠯᠬᠡᠭᠯᠡᠨ ᠲᠡᠮᠡᠴᠡᠵᠦ᠂ ᠣᠳᠣᠬᠢᠴᠢᠯᠠᠭᠰᠠᠨ ᠣᠷᠳᠣᠰ ᠢ ᠪᠥᠲᠥᠭᠡᠨ ᠪᠠᠶᠢᠭᠤᠯᠬᠤ ᠳᠤ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ᠃     9 ᠰᠠᠷ᠎ᠠ ᠶᠢᠨ 29 ᠤ ᠡᠳᠦᠷ  ᠨᠠᠢᠮᠠᠳᠤᠭᠠᠷ ᠬᠤᠭᠤᠴᠠᠭᠠᠨ ᠤ ᠬᠥᠪᠴᠢ ᠶᠢᠨ ᠤᠯᠠᠨ ᠤᠯᠤᠰ ᠤᠨ ᠡᠯᠡᠰᠦᠨ ᠤ ᠶᠠᠷᠢᠶᠠᠨ ᠤ ᠲᠠᠪᠴᠠᠩ ᠪᠦᠬᠦ ᠵᠥᠪᠯᠡᠬᠦ ᠵᠦᠢᠯ ᠢᠶᠠᠨ ᠳᠠᠭᠤᠰᠬᠠᠵᠤ᠂ ᠲᠡᠭᠦᠰ ᠠᠮᠵᠢᠯᠲᠠ ᠲᠠᠢ ᠦᠨᠳᠦᠷᠯᠡᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠶᠠᠮᠤᠨ ᠤ ᠨᠡᠶᠢᠭᠡᠮ ᠤᠨ ᠬᠥᠭᠵᠢᠯᠲᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠤᠷᠭᠠᠨ ᠤ ᠳᠠᠷᠤᠭ᠎ᠠ ᠦ᠋ ᠶᠤᠸᠠᠨ ᠪᠢᠨ᠂ ᠬᠤᠳᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠳᠠ ᠶᠢᠨ ᠳᠡᠳ᠋ ᠳᠠᠷᠤᠭ᠎ᠠ ᠯᠢᠦ ᠰᠢᠶᠤᠤ ᠹᠧᠩ ᠲᠡᠭᠦᠰᠬᠦ ᠶᠣᠰᠣᠯᠠᠯ ᠳᠤ ᠤᠷᠤᠯᠴᠠᠬᠤ ᠶᠢᠨ ᠬᠠᠮᠳᠤ ᠶᠠᠷᠢᠶ᠎ᠠ ᠲᠠᠯᠪᠢᠪᠠ᠃ 
ᠢᠷᠡᠯᠲᠡ᠄ ᠤᠷᠳᠤᠰ ᠬᠤᠳᠠ ᠶᠢᠨ ᠵᠠᠰᠠᠭ ᠤᠨ ᠤᠷᠳᠤᠨ ᠤ ᠰᠦᠯᠵᠢᠶ᠎ᠡ