ᠵᠠᠩ ᠰᠢᠦ ᠯᠢᠩ
ᠨᠡᠶᠢᠲᠡᠯᠡᠭᠰᠡᠨ ᠴᠠᠭ᠄
2021/12/31
                                                ᠡᠮᠡᠭᠳᠡᠢ᠂ ᠬᠢᠳᠠᠳ ᠦᠨᠳᠦᠰᠦᠳᠡᠨ᠂ 1972 ᠤᠨ ᠤ 9 ᠰᠠᠷ᠎ᠠ ᠳᠤ ᠳᠦᠷᠦᠪᠡ᠂ ᠡᠪ ᠬᠠᠮᠳᠤ ᠨᠠᠮ ᠤᠨ ᠭᠡᠰᠢᠭᠦᠨ ᠂ ᠦᠪᠦᠷ ᠮᠤᠩᠭᠤᠯ ᠤᠨ ᠬᠠᠩᠭᠢᠨ ᠬᠤᠰᠢᠭᠤᠨ ᠤ ᠬᠦᠮᠦᠨ᠂ ᠰᠤᠳᠤᠯᠬᠤ ᠰᠤᠷᠤᠭᠴᠢ ᠶᠢᠨ ᠰᠤᠷᠤᠯᠭ᠎ᠠ ᠶᠢᠨ ᠨᠠᠮᠳᠠᠷ  ᠲᠠᠢ᠂ 1995 ᠤᠨ ᠤ 6 ᠰᠠᠷ᠎ᠠ ᠳᠤ ᠨᠠᠮ ᠳᠤ ᠤᠷᠤᠵᠦ᠂1995 ᠤᠨ ᠤ10 ᠰᠠᠷ᠎ᠠ ᠳᠤ ᠠᠵᠢᠯ ᠤᠨ ᠪᠠᠶᠢᠷᠢᠨ ᠳᠤ ᠭᠠᠷᠴᠤ᠂ ᠡᠳᠦᠭᠡ ᠳᠠᠯᠠᠳ ᠬᠤᠰᠢᠭᠤᠨ ᠤ ᠨᠠᠮ ᠤᠨ ᠬᠤᠷᠢᠶᠠᠨ ᠤ ᠱᠦᠵᠢ ᠶᠢᠨ ᠳᠤᠰᠢᠶᠠᠯ ᠢ ᠡᠭᠦᠷᠭᠡᠯᠡᠵᠦ ᠪᠤᠢ᠃    1995 ᠤᠨ ᠤ10 ᠰᠠᠷ᠎ᠠ—1999 ᠤᠨ ᠤ 9 ᠰᠠᠷ᠎ᠠ ᠪᠤᠯᠳᠠᠯ᠎ᠠ   ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠳ᠋ᠦᠩᠱᠧᠩ ᠬᠤᠳᠠ ᠶᠢᠨ  ᠪᠦᠷᠢᠳᠦ ᠶᠢᠨ ᠰᠢᠯᠢ ᠰᠢᠶᠠᠩ ᠤᠨ ᠠᠷᠠᠳ ᠤᠨ ᠵᠠᠰᠠᠭ ᠤᠨ ᠤᠷᠳᠤᠨ ᠤ ᠺᠠᠳ᠋ᠷ ᠢᠶᠠᠷ ᠠᠵᠢᠯᠯᠠᠵᠦ ᠪᠠᠶᠢᠵᠠᠢ ;     1999ᠤᠨ ᠤ 9 ᠰᠠᠷ᠎ᠠ—2001 ᠤᠨ ᠤ 3 ᠰᠠᠷ᠎ᠠ ᠪᠤᠯᠳᠠᠯ᠎ᠠ   ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠳ᠋ᠦᠩᠱᠧᠩ ᠬᠤᠳᠠ ᠶᠢᠨ ᠴᠠᠶᠢᠳᠠᠮ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠤ ᠳᠡᠳ᠋ ᠪᠠᠯᠭᠠᠰᠤᠨ ᠳᠠᠷᠤᠭ᠎ᠠ ᠪᠠᠷ ᠠᠵᠢᠯᠯᠠᠵᠦ ᠪᠠᠶᠢᠵᠠᠢ;    2001ᠤᠨ ᠤ 3 ᠰᠠᠷ᠎ᠠ—2002 ᠤᠨ ᠤ 5 ᠰᠠᠷ᠎ᠠ ᠪᠤᠯᠳᠠᠯ᠎ᠠ   ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠳ᠋ᠦᠩᠱᠧᠩ ᠬᠤᠳᠠ ᠶᠢᠨ ᠬᠠᠨᠳᠠᠢ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠤ ᠳᠡᠳ᠋ ᠪᠠᠯᠭᠠᠰᠤᠨ ᠳᠠᠷᠤᠭ᠎ᠠ ᠪᠠᠷ ᠠᠵᠢᠯᠯᠠᠵᠦ ᠪᠠᠶᠢᠵᠠᠢ ;     2002 ᠤᠨ ᠤ 5 ᠰᠠᠷ᠎ᠠ—2004 ᠤᠨ ᠤ2 ᠰᠠᠷ᠎ᠠ ᠪᠤᠯᠳᠠᠯ᠎ᠠ    ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠳ᠋ᠦᠩᠱᠧᠩ ᠲᠤᠭᠤᠷᠢᠭ ᠤᠨ ᠴᠠᠶᠢᠳᠠᠮ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠪᠠᠯᠭᠠᠰᠤᠨ ᠳᠠᠷᠤᠭ᠎ᠠ ︵ᠡᠨᠡᠬᠦ ᠬᠤᠭᠤᠴᠠᠭᠠᠨ ᠳᠤ᠂ 2003 ᠤᠨ ᠤ 8 ᠰᠠᠷ᠎ᠠ—2003 ᠤᠨ ᠤ 12 ᠰᠠᠷ᠎ᠠ ᠪᠤᠯᠳᠠᠯ᠎ᠠ᠂ ᠤᠷᠳᠤᠰ ᠬᠤᠳᠠ ᠶᠢᠨ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ ᠶᠢᠨ ᠢᠳᠡᠷ ᠵᠠᠯᠠᠭᠤ ᠺᠠᠳ᠋ᠷᠴᠤᠳ ᠤᠨ ᠠᠩᠭᠢ ᠳᠤ ᠰᠤᠷᠤᠯᠴᠠᠵᠦ ᠪᠠᠶᠢᠵᠠᠢ︶ ᠪᠠᠷ ᠠᠵᠢᠯᠯᠠᠵᠦ ᠪᠠᠶᠢᠵᠠᠢ᠃   2004ᠤᠨ ᠤ 2 ᠰᠠᠷ᠎ᠠ—2006 ᠤᠨ ᠤ 9 ᠰᠠᠷ᠎ᠠ ᠪᠤᠯᠳᠠᠯ᠎ᠠ   ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠳ᠋ᠦᠩᠱᠧᠩ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠤ ᠲᠤᠭᠤᠷᠢᠭ ᠤᠨ ᠳᠠᠷᠤᠭ᠎ᠠ ᠶᠢᠨ ᠳᠤᠰᠠᠯᠠᠭᠴᠢ ᠪᠠᠷ ᠠᠵᠢᠯᠯᠠᠵᠦ ᠪᠠᠶᠢᠵᠠᠢ;   2006ᠤᠨ ᠤ 9 ᠰᠠᠷ᠎ᠠ—2007 ᠤᠨ ᠤ11 ᠰᠠᠷ᠎ᠠ ᠪᠤᠯᠳᠠᠯ᠎ᠠ  ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠳᠡᠰ ᠤᠨ ᠳᠠᠷᠤᠭ᠎ᠠ ᠪᠠᠷ ᠠᠵᠢᠯᠯᠠᠵᠦ ᠪᠠᠶᠢᠵᠠᠢ;    2007ᠤᠨ ᠤ11 ᠰᠠᠷ᠎ᠠ—2010 ᠤᠨ ᠤ7 ᠰᠠᠷ᠎ᠠ ᠪᠤᠯᠳᠠᠯ᠎ᠠ  ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠳᠡᠰ ᠤᠨ ᠳᠠᠷᠤᠭ᠎ᠠ᠂ ᠵᠠᠰᠠᠭ ᠤᠨ ᠤᠷᠳᠤᠨ ᠤ ᠬᠤᠰᠢᠭᠤ ᠳᠡᠳ᠋ ᠳᠠᠷᠤᠭ᠎ᠠ ᠪᠠᠷ ᠠᠵᠢᠯᠠᠵᠦ ᠪᠠᠶᠢᠵᠠᠢ;   2010ᠤᠨ ᠤ7 ᠰᠠᠷ᠎ᠠ—2012 ᠤᠨ ᠤ10 ᠰᠠᠷ᠎ᠠ ᠪᠤᠯᠳᠠᠯ᠎ᠠ  ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠬᠤᠰᠢᠭᠤ ᠳᠡᠳ᠋ ᠳᠠᠷᠤᠭ᠎ᠠ ᠪᠠᠷ ᠠᠵᠢᠯᠯᠠᠵᠦ ᠪᠠᠶᠢᠵᠠᠢ;    2012ᠤᠨ ᠤ10 ᠰᠠᠷ᠎ᠠ—2013 ᠤᠨ ᠤ4 ᠰᠠᠷ᠎ᠠ ᠪᠤᠯᠳᠠᠯ᠎ᠠ   ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠡᠵᠡᠨ ᠬᠤᠷᠤᠭ᠎ᠠ ᠬᠤᠰᠢᠭᠤᠨ ᠤ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠳᠡᠳ᠋ ᠳᠠᠷᠤᠭ᠎ᠠ ᠪᠠᠷ ᠠᠵᠢᠯᠯᠠᠵᠦ ᠪᠠᠶᠢᠵᠠᠢ;    2013 ᠤᠨ ᠤ4 ᠰᠠᠷ᠎ᠠ—2015 ᠤᠨ ᠤ11 ᠰᠠᠷ᠎ᠠ ᠪᠤᠯᠳᠠᠯ᠎ᠠ    ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠷᠳᠤᠰ ᠬᠤᠳᠠ ᠶᠢᠨ ᠰᠤᠷᠭᠠᠨ ᠬᠦᠮᠦᠵᠢᠯ ᠤᠨ ᠳᠤᠪᠴᠢᠶᠠᠨ ᠤ ᠨᠠᠮ ᠤᠨ ᠬᠤᠷᠢᠶᠠᠨ ᠤ ᠱᠦᠵᠢ ᠂ ᠳᠡᠳ᠋ ᠳᠤᠪᠴᠢᠶᠠᠨ ᠳᠠᠷᠤᠭ᠎ᠠ ᠪᠠᠷ ᠠᠵᠢᠯᠯᠠᠵᠦ ᠪᠠᠶᠢᠵᠠᠢ;    2015ᠤᠨ ᠤ11 ᠰᠠᠷ᠎ᠠ—2017 ᠤᠨ ᠤ6 ᠰᠠᠷ᠎ᠠ ᠪᠤᠯᠳᠠᠯ᠎ᠠ    ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠷᠳᠤᠰ ᠬᠤᠳᠠ ᠶᠢᠨ ᠰᠤᠷᠭᠠᠨ ᠬᠦᠮᠦᠵᠢᠯ ᠤᠨ ᠳᠤᠪᠴᠢᠶᠠᠨ ᠤ ᠳᠡᠳ᠋ ᠳᠤᠪᠴᠢᠶᠠᠨ ᠳᠠᠷᠤᠭ᠎ᠠ  ᠪᠠᠷ ᠠᠵᠢᠯᠯᠠᠵᠦ ᠪᠠᠶᠢᠵᠠᠢ ︵ᠭᠠᠵᠠᠷ ᠤᠨ ᠳᠡᠰ︶;    2017 ᠤᠨ ᠤ 6 ᠰᠠᠷ᠎ᠠ—2018 ᠤᠨ ᠤ 2 ᠰᠠᠷ᠎ᠠ ᠪᠤᠯᠳᠠᠯ᠎ᠠ    ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠷᠳᠤᠰ ᠬᠤᠳᠠ ᠶᠢᠨ ᠰᠤᠷᠭᠠᠨ ᠬᠦᠮᠦᠵᠢᠯ ᠤᠨ ᠳᠤᠪᠴᠢᠶᠠᠨ ᠤ ᠭᠠᠵᠠᠷ ᠤᠨ ᠳᠡᠰ ᠤᠨ ᠤᠳᠤᠷᠢᠳᠤᠯᠭ᠎ᠠ ᠶᠢᠨ ᠳᠤᠰᠢᠶᠠᠯ ᠤᠨ ᠬᠦᠷᠳᠡᠭᠡᠯ ᠢ ᠬᠦᠷᠳᠡᠵᠦ ᠪᠠᠶᠢᠵᠠᠢ ;    2018ᠤᠨ ᠤ2 ᠰᠠᠷ᠎ᠠ—2021 ᠤᠨ ᠤ1 ᠰᠠᠷ᠎ᠠ ᠪᠤᠯᠳᠠᠯ᠎ᠠ    ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠷᠳᠤᠰ ᠬᠤᠳᠠ ᠶᠢᠨ ᠨᠠᠮ ᠤᠨ ᠬᠤᠷᠢᠶᠠᠨ ᠤ ᠨᠠᠷᠢᠨ ᠪᠢᠴᠢᠭ ᠤᠨ ᠳᠡᠳ᠋ ᠳᠠᠷᠤᠭ᠎ᠠ ᠪᠠᠷ ᠠᠵᠢᠯᠯᠠᠵᠦ ᠪᠠᠶᠢᠵᠠᠢ ︵ᠭᠠᠵᠠᠷ ᠤᠨ ᠳᠠᠰ︶;    2021ᠤᠨ1 ᠰᠠᠷ᠎ᠠ—2021 ᠤᠨ ᠤ 2 ᠰᠠᠷ᠎ᠠ ᠪᠤᠯᠳᠠᠯ᠎ᠠ    ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠳᠠᠯᠠᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ ᠶᠢᠨ ᠨᠡᠷ᠎ᠡ ᠵᠢᠱᠢᠭᠰᠡᠳ ᠪᠠᠷ ᠰᠤᠩᠭᠤᠳᠠᠪᠠ;       2021 ᠤᠨ ᠤ2 ᠰᠠᠷ᠎ᠠ—2021 ᠤᠨ ᠤ3 ᠰᠠᠷ᠎ᠠ ᠪᠤᠯᠳᠠᠯ᠎ᠠ   ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠳᠠᠯᠠᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠨᠠᠮ ᠤᠨ ᠳᠤᠭᠤᠶᠢᠯᠠᠩ ᠤᠨ ᠱᠦᠵᠢ᠂ ᠵᠠᠰᠠᠭ ᠤᠨ ᠤᠷᠳᠤᠨ ᠤ ᠤᠷᠤᠯᠠᠭᠴᠢ ᠬᠤᠰᠢᠭᠤ ᠳᠠᠷᠤᠭ᠎ᠠ ᠪᠠᠷ ᠠᠵᠢᠯᠯᠠᠵᠦ ᠪᠠᠶᠢᠵᠠᠢ ;     2021ᠤᠨ ᠤ3 ᠰᠠᠷ᠎ᠠ— 2021 ᠤᠨ ᠤ6 ᠰᠠᠷ᠎ᠠ ᠪᠤᠯᠳᠠᠯ᠎ᠠ   ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠳᠠᠯᠠᠳ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠤᠷᠳᠤᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠵᠠᠰᠠᠭ ᠤᠨ ᠤᠷᠳᠤᠨ ᠤ ᠬᠤᠰᠢᠭᠤ ᠳᠠᠷᠤᠭ᠎ᠠ  ᠪᠠᠷ ᠠᠵᠢᠯᠯᠠᠵᠦ ᠪᠠᠶᠢᠵᠠᠢ᠃     2021ᠤᠨ ᠤ6 ᠰᠠᠷ᠎ᠠ — ᠤᠳᠤ ᠪᠤᠯᠳᠠᠯ᠎ᠠ    ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠳᠠᠯᠠᠳ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠱᠦᠵᠢ ᠪᠠᠷ ᠠᠵᠢᠯᠯᠠᠵᠦ ᠪᠠᠶᠢᠨ᠎ᠠ᠃            
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠤᠷᠳᠤᠨ ᠤ ᠰᠦᠯᠵᠢᠶ᠎ᠠ