| ᠯᠢ ᠺᠧ ᠴᠢᠶᠠᠩ ᠬᠤᠷᠠᠯ ᠢ ᠡᠷᠬᠢᠯᠡᠵᠦ ᠯᠢ ᠵᠠᠨ ᠱᠣ᠋ ᠸᠠᠩ ᠬᠣ᠋ ᠨᠢᠩ ᠵᠤᠤ ᠯᠧ ᠵᠶᠢ ᠬᠠᠨ ᠵᠧᠩ ᠬᠤᠷᠠᠯ ᠳᠤ ᠣᠷᠣᠯᠴᠠᠵᠤ ᠸᠠᠩ ᠶᠠᠩ ᠶᠠᠷᠢᠶ᠎ᠠ | ᠲᠠᠯᠪᠢᠵᠠᠢ | ᠰᠢᠨᠬᠤᠸᠠ ᠬᠤᠷᠢᠶ᠎ᠠ ᠶᠢᠨ ᠪᠡᠭᠡᠵᠢᠩ ᠤᠨ 12 ᠰᠠᠷ᠎ᠠ ᠶᠢᠨ 4 ᠤ ᠴᠠᠬᠢᠯᠭᠠᠨ ᠮᠡᠳᠡᠭᠡ ᠪᠦᠬᠦ ᠤᠯᠤᠰ ᠤᠨ ᠱᠠᠰᠢᠨ ᠰᠤᠷᠲᠠᠬᠤᠨ ᠤ ᠠᠵᠢᠯ ᠤᠨ ᠬᠤᠷᠠᠯ 12 | ᠰᠠᠷ᠎ᠠ ᠶᠢᠨ 3 ᠠᠴᠠ 4 ᠤ ᠡᠳᠦᠷ ᠪᠣᠯᠲᠠᠯ᠎ᠠ ᠪᠡᠭᠡᠵᠢᠩ ᠳᠤ ᠬᠤᠷᠠᠯᠳᠤᠪᠠ᠃ ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ | ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ ᠫᠢᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠵᠤ᠂ ᠰᠢᠨ᠎ᠡ ᠴᠠᠭ | ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠣᠨᠣᠯ ᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠨᠠᠮ ᠤᠨ ᠱᠠᠰᠢᠨ ᠰᠤᠷᠲᠠᠬᠤᠨ ᠤ ᠠᠵᠢᠯ ᠤᠨ | ᠦᠨᠳᠦᠰᠦᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠱᠠᠰᠢᠨ ᠰᠢᠲᠦᠯᠭᠡ ᠡᠷᠬᠡ ᠴᠢᠯᠥᠭᠡᠲᠡᠢ ᠪᠠᠶᠢᠬᠤ ᠲᠤᠬᠠᠢ ᠨᠠᠮ ᠤᠨ ᠲᠦᠷᠦ ᠶᠢᠨ ᠪᠤᠳᠤᠯᠭ᠎ᠠ ᠶᠢ | ᠪᠦᠬᠦ ᠲᠠᠯ᠎ᠠ ᠪᠠᠷ ᠲᠤᠭᠤᠰᠢᠯᠠᠭᠤᠯᠵᠤ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠱᠠᠰᠢᠨ ᠰᠤᠷᠲᠠᠬᠤᠨ ᠤ | ᠨᠡᠶᠢᠭᠡᠮ ᠵᠢᠷᠤᠮᠲᠤ ᠨᠡᠶᠢᠭᠡᠮ ᠯᠦᠭᠡ ᠬᠠᠷᠢᠯᠴᠠᠨ ᠵᠣᠬᠢᠴᠠᠯᠳᠤᠬᠤ ᠶᠢ ᠢᠳᠡᠪᠬᠢᠳᠡᠢ ᠬᠦᠳᠦᠯᠦᠨ ᠵᠢᠯᠤᠭᠤᠳᠴᠤ᠂ ᠱᠠᠰᠢᠨ ᠰᠤᠷᠲᠠᠬᠤᠨ ᠤ ᠡᠲᠡᠭᠡᠳ ᠤᠨ ᠬᠢᠨ ᠤ | ᠥᠪᠡᠷ ᠢ ᠪᠠᠨ ᠬᠠᠮᠢᠶᠠᠷᠬᠤ ᠲᠦᠪᠰᠢᠨ ᠢ ᠳᠡᠭᠡᠭᠰᠢᠯᠡᠭᠦᠯᠵᠦ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠵᠠᠰᠠᠯᠲᠠ ᠶᠢᠨ ᠬᠠᠤᠯᠢᠵᠢᠯ ᠤᠨ ᠲᠦᠪᠰᠢᠨ ᠢ | ᠳᠡᠭᠡᠭᠰᠢᠯᠡᠭᠦᠯᠵᠦ᠂ ᠱᠠᠰᠢᠨ ᠰᠤᠷᠲᠠᠬᠤᠨ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠱᠠᠰᠢᠨ ᠰᠢᠲᠦᠳᠡᠭ ᠣᠯᠠᠨ ᠲᠦᠮᠡᠨ ᠢ ᠨᠠᠩ ᠰᠠᠶᠢᠳᠤᠷ | ᠵᠣᠬᠢᠶᠠᠨ ᠪᠠᠶᠢᠭᠤᠯᠤᠨ ᠬᠥᠲᠥᠯᠥᠨ ᠵᠢᠯᠣᠭᠤᠳᠴᠤ ᠥᠷᠭᠡᠨ ᠣᠯᠠᠨ ᠠᠷᠠᠳ ᠲᠦᠮᠡᠨ ᠲᠠᠢ ᠬᠠᠮᠲᠤ ᠪᠠᠷ ᠨᠡᠶᠢᠭᠡᠮ ᠵᠢᠷᠤᠮᠲᠤ ᠣᠳᠣᠬᠢᠴᠢᠯᠠᠭᠰᠠᠨ ᠬᠦᠴᠦᠷᠬᠡᠭ ᠤᠯᠤᠰ ᠢ | ᠪᠥᠬᠦ ᠲᠠᠯ᠎ᠠ ᠪᠠᠷ ᠪᠦᠳᠦᠬᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ | ᠲᠡᠷᠭᠡᠯᠰᠢᠭᠦᠯᠬᠦ ᠶᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠵᠦ ᠴᠢᠬᠤᠯᠠᠴᠢᠯᠠᠪᠠ᠃ | 12 ᠰᠠᠷ᠎ᠠ ᠶᠢᠨ 3 ᠠᠴᠠ 4 ᠤ ᠡᠳᠦᠷ ᠪᠣᠯᠲᠠᠯ᠎ᠠ᠂ ᠪᠦᠬᠦ ᠤᠯᠤᠰ ᠤᠨ ᠱᠠᠰᠢᠨ ᠰᠤᠷᠲᠠᠬᠤᠨ ᠤ ᠠᠵᠢᠯ ᠤᠨ ᠬᠤᠷᠠᠯ ᠪᠡᠭᠡᠵᠢᠩ ᠳᠤ ᠬᠤᠷᠠᠯᠳᠤᠪᠠ᠃ | ᠨᠠᠮ ᠤᠨ ᠲᠥᠪ ᠬᠤᠷᠢᠶ᠎ᠠ ᠶᠢᠨ ᠶᠡᠷᠦᠩᠬᠡᠶ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶ᠎ᠠ ᠶᠢᠨ ᠲᠡᠷᠢᠭᠦᠯᠡᠭᠴᠢ ᠰᠢ ᠶᠢᠨ | ᠫᠢᠩ ᠬᠤᠷᠠᠯ ᠳᠤ ᠣᠷᠣᠯᠴᠠᠵᠤ ᠴᠢᠬᠤᠯᠠ ᠶᠠᠷᠢᠶ᠎ᠠ ᠲᠠᠯᠪᠢᠪᠠ᠃ | ᠰᠢᠨᠬᠤᠸᠠ ᠬᠤᠷᠢᠶ᠎ᠠ ᠶᠢᠨ ᠰᠤᠷᠪᠤᠯᠵᠢᠯᠠᠭᠴᠢ ᠳ᠋ᠢᠩ ᠬᠠᠢ ᠲᠤᠤ ᠰᠠᠬᠦᠳᠡᠷᠯᠡᠪᠠ | ᠯᠢ ᠺᠧ ᠴᠢᠶᠠᠩ ᠬᠤᠷᠠᠯ ᠢ ᠡᠷᠬᠢᠯᠡᠪᠡ᠃ ᠯᠢ ᠵᠠᠨ ᠱᠣ᠋᠂ ᠸᠠᠩ ᠬᠣ᠋ ᠨᠢᠩ᠂ ᠵᠤᠤ ᠯᠧ ᠵᠶᠢ᠂ ᠬᠠᠨ ᠵᠧᠩ ᠬᠤᠷᠠᠯ ᠳᠤ ᠣᠷᠣᠯᠴᠠᠪᠠ᠃ ᠸᠠᠩ ᠶᠠᠩ | ᠳ᠋ᠦᠩᠨᠡᠯᠲᠡ ᠶᠢᠨ ᠶᠠᠷᠢᠶ᠎ᠠ ᠲᠠᠯᠪᠢᠪᠠ᠃ | ᠰᠢ ᠶᠢᠨ ᠫᠢᠩ ᠶᠠᠷᠢᠶᠠᠨ ᠳᠠᠭᠠᠨ᠂ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠱᠠᠰᠢᠨ ᠰᠤᠷᠲᠠᠬᠤᠨ ᠤ | ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠪᠡ᠃ ᠡᠯ᠎ᠡ ᠱᠠᠲᠤᠨ ᠤ ᠨᠠᠮ ᠤᠨ ᠬᠤᠷᠢᠶ᠎ᠠ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠱᠠᠰᠢᠨ ᠰᠤᠷᠲᠠᠬᠤᠨ ᠤ ᠠᠵᠢᠯ ᠢ ᠰᠢᠨ᠎ᠡ ᠶᠢ ᠡᠭᠦᠳᠦᠨ ᠠᠬᠢᠭᠤᠯᠵᠤ᠂ ᠢᠳᠡᠪᠬᠢᠲᠡᠢ | ᠦᠷ᠎ᠡ ᠪᠦᠲᠦᠮᠵᠢ ᠤᠯᠪᠠ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠨᠡᠩ ᠪᠦᠬᠦ ᠲᠠᠯ᠎ᠠ ᠪᠠᠷ ᠲᠤᠭᠤᠰᠢᠯᠠᠭᠤᠯᠵᠤ᠂ ᠱᠠᠰᠢᠨ | ᠰᠤᠷᠲᠠᠬᠤᠨ ᠤ ᠠᠵᠢᠯ ᠤᠨ ᠪᠠᠶᠢᠭᠤᠯᠤᠮᠵᠢ ᠲᠣᠭᠲᠠᠴᠠ ᠴᠢᠨᠠᠬᠰᠢᠳᠠ ᠲᠡᠭᠦᠯᠳᠡᠷᠵᠢᠵᠤ᠂ ᠱᠠᠰᠢᠨ ᠰᠤᠷᠲᠠᠬᠤᠨ ᠤ ᠠᠵᠢᠯ ᠤᠨ ᠬᠠᠤᠯᠢ ᠴᠠᠭᠠᠵᠠ ᠶᠢᠨ ᠰᠢᠰᠲ᠋ᠧᠮ ᠪᠠ | ᠲᠦᠷᠦ ᠶᠢᠨ ᠪᠤᠳᠤᠯᠭ᠎ᠠ ᠶᠢᠨ ᠪᠦᠲᠦᠴᠡ ᠡᠳᠦᠷ ᠢᠷᠡᠬᠦᠶ᠎ᠡ ᠪᠦᠷᠢᠨᠰᠢᠵᠦ᠂ ᠱᠠᠰᠢᠨ ᠰᠤᠷᠲᠠᠬᠤᠨ ᠤ ᠡᠲᠡᠭᠡᠳ ᠤᠨ ᠬᠥᠮᠦᠰ ᠪᠠ ᠱᠠᠰᠢᠨ ᠰᠢᠲᠦᠳᠡᠭ ᠤᠯᠠᠨ | ᠲᠦᠮᠡᠨ ᠤ ᠬᠠᠤᠯᠢ ᠶᠢ ᠬᠦᠨᠳᠦᠳᠭᠡᠬᠦ ᠬᠠᠤᠯᠢ ᠶᠢ ᠰᠤᠷᠬᠤ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠤᠬᠠᠮᠰᠠᠷ ᠲᠠᠰᠤᠷᠠᠯᠲᠠ ᠦᠭᠡᠢ ᠴᠢᠩᠭᠠᠷᠠᠨ᠂ ᠮᠠᠨ ᠤ | ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠠᠯᠬᠤᠮ ᠠᠯᠬᠤᠮ ᠢᠶᠠᠷ ᠭᠦᠨᠵᠡᠭᠡᠶᠢᠷᠡᠬᠦ ᠶᠢ ᠠᠬᠢᠭᠤᠯᠵᠠᠢ᠃ ᠱᠠᠰᠢᠨ ᠰᠤᠷᠲᠠᠬᠤᠨ ᠤ ᠡᠲᠡᠭᠡᠳ ᠤᠨ | ᠬᠢᠨ ᠡᠬᠡ ᠤᠯᠤᠰ ᠢᠶᠠᠨ ᠬᠠᠶᠢᠷᠠᠯᠠᠬᠤ ᠵᠤᠷᠢᠭ ᠰᠠᠨᠠᠭ᠎ᠠ ᠶᠢ ᠪᠠᠳᠠᠷᠠᠭᠤᠯᠵᠤ᠂ ᠶᠡᠭᠡ ᠲᠠᠯ᠎ᠠ ᠶᠢ ᠡᠷᠬᠢᠮᠯᠡᠵᠦ᠂ ᠬᠠᠤᠯᠢᠵᠢᠯ ᠢ ᠡᠷᠬᠢᠮᠯᠡᠵᠦ᠂ ᠰᠢᠨᠵᠢᠯᠡᠬᠦ ᠤᠬᠠᠭᠠᠨ ᠢ | ᠡᠷᠬᠢᠮᠯᠡᠵᠦ᠂ ᠬᠠᠶᠢᠷ᠎ᠠ ᠬᠠᠯᠠᠮᠵᠢ ᠶᠢ ᠡᠷᠬᠢᠮᠯᠡᠵᠦ᠂ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ | ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠪᠠᠨ ᠲᠠᠰᠤᠷᠠᠯᠲᠠ ᠦᠭᠡᠢ | ᠨᠡᠮᠡᠭᠳᠡᠭᠦᠯᠪᠡ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠨᠠᠮ ᠤᠨ ᠠᠷᠪᠠᠨ ᠨᠠᠶᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠴᠠ ᠱᠠᠰᠢᠨ ᠰᠤᠷᠲᠠᠬᠤᠨ ᠤ ᠠᠵᠢᠯ ᠤᠨ | ᠲᠤᠬᠠᠶ ᠠᠯᠢ ᠣᠯᠠᠨ ᠰᠢᠨ᠎ᠡ ᠣᠶᠢᠯᠠᠭᠠᠭᠳᠠᠬᠤᠨ ᠰᠢᠨ᠎ᠡ ᠠᠷᠭ᠎ᠠ ᠬᠡᠮᠵᠢᠶ᠎ᠡ ᠶᠢ ᠳᠤᠷᠠᠳᠴᠤ᠂ ᠰᠢᠨ᠎ᠡ ᠴᠠᠭ ᠦᠶ᠎ᠡ ᠳᠤ ᠱᠠᠰᠢᠨ ᠰᠤᠷᠲᠠᠬᠤᠨ ᠢ ᠬᠡᠷᠬᠢᠨ ᠲᠠᠨᠢᠬᠤ᠂ | ᠱᠠᠰᠢᠨ ᠰᠤᠷᠲᠠᠬᠤᠨ ᠤ ᠠᠰᠠᠭᠤᠳᠠᠯ ᠢ ᠬᠡᠷᠬᠢᠨ ᠰᠢᠶᠳᠪᠦᠷᠢᠯᠡᠬᠦ᠂ ᠨᠠᠮ ᠤᠨ ᠱᠠᠰᠢᠨ ᠰᠤᠷᠲᠠᠬᠤᠨ ᠤ ᠠᠵᠢᠯ ᠢ ᠬᠡᠷᠬᠢᠨ ᠰᠠᠶᠢᠲᠤᠷ ᠬᠢᠬᠦ ᠵᠡᠷᠭᠡ ᠴᠢᠬᠤᠯᠠ ᠶᠡᠭᠡ | ᠣᠨᠣᠯ ᠤᠨ ᠪᠠ ᠦᠶᠯᠡᠳᠦᠯᠭᠡ ᠶᠢᠨ ᠠᠰᠠᠭᠤᠳᠠᠯ ᠳᠤ ᠬᠠᠷᠢᠭᠤᠯᠲᠠ ᠥᠭᠴᠡᠶ᠃ ᠡᠷᠬᠡᠪᠰᠢ ᠱᠠᠰᠢᠨ ᠰᠤᠷᠲᠠᠬᠤᠨ ᠤ ᠠᠵᠢᠯ ᠢ ᠰᠠᠶᠢᠳᠤᠷ ᠬᠢᠬᠦ ᠶᠢᠨ ᠨᠠᠮ ᠪᠠ | ᠤᠯᠤᠰ ᠤᠨ ᠠᠵᠢᠯ ᠤᠨ ᠪᠦᠬᠦ ᠲᠠᠯ᠎ᠠ ᠳᠠᠬᠢ ᠴᠢᠬᠤᠯᠠ ᠴᠢᠨᠠᠷ ᠢ ᠭᠦᠨᠵᠡᠭᠡᠢ ᠲᠠᠨᠢᠵᠤ᠂ ᠡᠷᠬᠡᠪᠰᠢ ᠴᠢᠩᠭ᠎ᠠ ᠬᠦᠴᠦᠲᠡᠢ ᠤᠳᠤᠷᠢᠳᠬᠤ ᠲᠣᠭᠲᠠᠴᠠ ᠶᠢ ᠪᠠᠶᠢᠭᠤᠯᠤᠨ | ᠪᠦᠷᠢᠨᠰᠢᠭᠦᠯᠵᠦ᠂ ᠡᠷᠬᠡᠪᠰᠢ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠱᠠᠰᠢᠨ ᠰᠤᠷᠲᠠᠬᠤᠨ ᠤ ᠤᠨᠤᠯ ᠢ ᠪᠠᠷᠢᠮᠲᠠᠯᠠᠨ ᠬᠥᠭᠵᠢᠭᠦᠯᠵᠦ᠂ | ᠡᠷᠬᠡᠪᠰᠢ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠠᠷᠢᠮᠲᠠᠯᠠᠵᠤ᠂ ᠡᠷᠬᠡᠪᠰᠢ ᠮᠠᠨ ᠤ ᠤᠯᠤᠰ ᠤᠨ ᠱᠠᠰᠢᠨ ᠰᠤᠷᠲᠠᠬᠤᠨ ᠤ | ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠡᠷᠬᠡᠪᠰᠢ ᠥᠷᠭᠡᠨ ᠤᠯᠠᠨ ᠱᠠᠰᠢᠨ ᠰᠢᠲᠦᠳᠡᠭ ᠤᠯᠠᠨ ᠲᠦᠮᠡᠨ ᠢ ᠨᠠᠮ ᠪᠠ ᠵᠠᠰᠠᠭ ᠤᠨ ᠣᠷᠳᠣᠨ ᠤ | ᠲᠣᠭᠤᠷᠢᠨ ᠳᠤ ᠪᠦᠯᠬᠦᠮᠳᠡᠭᠦᠯᠬᠦ ᠶᠢ ᠪᠠᠷᠢᠮᠲᠠᠯᠠᠵᠤ᠂ ᠡᠷᠬᠡᠪᠰᠢ ᠢᠳᠡᠪᠬᠢᠲᠡᠢ ᠪᠥᠭᠡᠳ ᠡᠷᠡᠭᠦᠯ ᠱᠠᠰᠢᠨ ᠰᠤᠷᠲᠠᠬᠤᠨ ᠤ ᠬᠠᠷᠢᠴᠠᠭ᠎ᠠ ᠶᠢ ᠪᠠᠶᠢᠭᠤᠯᠵᠤ᠂ ᠡᠷᠬᠡᠪᠰᠢ | ᠱᠠᠰᠢᠨ ᠰᠤᠷᠲᠠᠬᠤᠨ ᠤ ᠪᠦᠯᠬᠦᠮ ᠤᠨ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢ ᠳᠡᠮᠵᠢᠵᠦ᠂ ᠡᠷᠬᠡᠪᠰᠢ ᠱᠠᠰᠢᠨ ᠰᠤᠷᠲᠠᠬᠤᠨ ᠤ ᠠᠵᠢᠯ ᠤᠨ | ᠬᠠᠤᠯᠢᠵᠢᠯ ᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠱᠠᠰᠢᠨ ᠰᠢᠲᠦᠯᠭᠡ ᠡᠷᠬᠡ ᠴᠢᠯᠥᠭᠡᠲᠡᠢ ᠪᠠᠶᠢᠬᠤ ᠲᠤᠬᠠᠢ ᠨᠠᠮ ᠤᠨ ᠲᠦᠷᠦ ᠶᠢᠨ ᠪᠤᠳᠤᠯᠭ᠎ᠠ ᠶᠢ ᠪᠦᠷᠢᠨ ᠪᠦᠲᠦᠨ᠂ ᠵᠥᠪ ᠣᠨᠣᠪᠴᠢᠲᠠᠢ᠂ | ᠪᠦᠬᠦ ᠲᠠᠯ᠎ᠠ ᠪᠠᠷ ᠲᠤᠭᠤᠰᠢᠯᠠᠭᠤᠯᠵᠤ᠂ ᠤᠯᠠᠨ ᠲᠦᠮᠡᠨ ᠤ ᠱᠠᠰᠢᠨ ᠰᠢᠲᠦᠯᠭᠡ ᠶᠢ ᠬᠦᠨᠳᠦᠳᠭᠡᠵᠦ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ | ᠬᠠᠮᠢᠶᠠᠷᠴᠤ᠂ ᠪᠡᠶ᠎ᠡ ᠪᠠᠨ ᠳᠠᠭᠠᠭᠠᠵᠤ ᠡᠵᠡᠨ ᠮᠡᠳᠡᠵᠦ ᠥᠪᠡᠷ ᠢᠶᠠᠨ ᠡᠷᠬᠢᠯᠡᠬᠦ ᠵᠠᠷᠴᠢᠮ ᠢ ᠪᠠᠷᠢᠮᠲᠠᠯᠠᠵᠤ᠂ ᠱᠠᠰᠢᠨ ᠰᠤᠷᠲᠠᠬᠤᠨ ᠤ ᠨᠡᠶᠢᠭᠡᠮ ᠵᠢᠷᠤᠮᠲᠤ ᠨᠡᠶᠢᠭᠡᠮ ᠯᠦᠭᠡ | ᠬᠠᠷᠢᠯᠴᠠᠨ ᠵᠣᠬᠢᠴᠠᠯᠳᠤᠬᠤ ᠶᠢ ᠢᠳᠡᠪᠬᠢᠳᠡᠢ ᠬᠦᠳᠤᠯᠤᠨ ᠵᠢᠯᠤᠭᠤᠳᠬᠤ ᠬᠡᠷᠡᠭᠲᠡᠢ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠮᠥᠨ ᠴᠢᠨᠠᠷ ᠪᠣᠯ ᠤᠯᠠᠨ | ᠲᠦᠮᠡᠨ ᠤ ᠠᠵᠢᠯ ᠮᠥᠨ᠃ ᠱᠠᠰᠢᠨ ᠰᠢᠲᠦᠳᠡᠭ ᠤᠯᠠᠨ ᠲᠦᠮᠡᠨ ᠪᠠ ᠱᠠᠰᠢᠨ ᠦᠯᠦ ᠰᠢᠲᠦᠳᠡᠭ ᠤᠯᠠᠨ ᠲᠦᠮᠡᠨ ᠤ ᠤᠯᠤᠰ ᠲᠦᠷᠦ ᠠᠵᠤ ᠠᠬᠤᠢ ᠶᠢᠨ ᠲᠠᠯ᠎ᠠ ᠪᠠᠷ | ᠬᠢ ᠦᠨᠳᠦᠰᠦᠨ ᠠᠰᠢᠭ ᠲᠤᠰᠠ ᠪᠣᠯ ᠨᠢᠭᠡᠳᠦᠯᠲᠡᠢ ᠪᠠᠶᠢᠳᠠᠭ᠂ ᠴᠥᠮ ᠨᠠᠮ ᠤᠨ ᠲᠦᠷᠦ ᠪᠠᠷᠢᠬᠤ ᠤᠯᠠᠨ ᠲᠦᠮᠡᠨᠴᠢ ᠰᠠᠭᠤᠷᠢ ᠮᠥᠨ᠃ ᠱᠠᠰᠢᠨ ᠰᠢᠲᠦᠳᠡᠭ ᠤᠯᠠᠨ | ᠲᠦᠮᠡᠨ ᠤ ᠱᠠᠰᠢᠨ ᠰᠢᠲᠦᠯᠭᠡ ᠡᠷᠬᠡ ᠴᠢᠯᠥᠭᠡᠲᠡᠢ ᠪᠠᠶᠢᠬᠤ ᠡᠷᠬᠡ ᠶᠢ ᠬᠠᠮᠠᠭᠠᠯᠠᠵᠤ᠂ ᠱᠠᠰᠢᠨ ᠰᠢᠲᠦᠳᠡᠭ ᠤᠯᠠᠨ ᠲᠦᠮᠡᠨ ᠲᠠᠢ ᠬᠠᠮᠤᠭ ᠤᠨ ᠶᠡᠭᠡ ᠬᠡᠮᠵᠢᠶ᠎ᠡ ᠪᠠᠷ | ᠪᠦᠯᠬᠦᠮᠳᠡᠬᠦ ᠮᠥᠷᠲᠡᠭᠡᠨ ᠪᠠᠰᠠ ᠱᠠᠰᠢᠨ ᠰᠢᠲᠦᠳᠡᠭ ᠤᠯᠠᠨ ᠲᠦᠮᠡᠨ ᠤ ᠠᠵᠢᠯ ᠢ ᠬᠦᠯᠢᠴᠡᠩᠭᠦᠢ ᠨᠢᠮᠪᠠᠢ ᠬᠢᠬᠦ ᠬᠡᠷᠡᠭᠲᠡᠢ᠃ ᠱᠠᠰᠢᠨ ᠰᠤᠷᠲᠠᠬᠤᠨ ᠤ ᠪᠦᠯᠬᠦᠮ ᠪᠣᠯ | ᠨᠠᠮ ᠪᠠ ᠵᠠᠰᠠᠭ ᠤᠨ ᠣᠷᠳᠣᠨ ᠠᠴᠠ ᠱᠠᠰᠢᠨ ᠰᠤᠷᠲᠠᠬᠤᠨ ᠤ ᠡᠲᠡᠭᠡᠳ ᠤᠨ ᠬᠢᠨ ᠪᠠ ᠥᠷᠭᠡᠨ ᠤᠯᠠᠨ ᠱᠠᠰᠢᠨ ᠰᠢᠲᠦᠳᠡᠭ ᠤᠯᠠᠨ ᠲᠦᠮᠡᠨ ᠲᠠᠢ ᠪᠦᠯᠬᠦᠮᠳᠡᠬᠦ ᠪᠠ | ᠬᠠᠷᠢᠯᠴᠠᠬᠤ ᠶᠢᠨ ᠬᠥᠭᠦᠷᠭᠡ ᠬᠤᠯᠪᠣᠭᠠᠰᠤ ᠮᠥᠨ᠂ ᠲᠡᠳᠡᠨ ᠤ ᠠᠵᠢᠯ ᠢᠶᠠᠨ ᠥᠷᠨᠢᠭᠦᠯᠬᠦ ᠳᠤ ᠴᠢᠬᠤᠯᠠ ᠪᠦᠬᠦᠢ ᠳᠡᠮᠵᠢᠯᠭᠡ ᠬᠠᠪᠰᠤᠷᠤᠯᠭ᠎ᠠ ᠦᠵᠡᠬᠦᠯᠵᠤ᠂ ᠲᠡᠳᠡᠨ ᠤ | ᠱᠠᠰᠢᠨ ᠰᠤᠷᠲᠠᠬᠤᠨ ᠤ ᠳᠣᠲᠣᠭᠠᠳᠤ ᠶᠢᠨ ᠬᠡᠷᠡᠭ ᠶᠠᠪᠤᠳᠠᠯ ᠳᠠᠬᠢ ᠦᠢᠯᠡᠳᠦᠯ ᠢ ᠬᠦᠨᠳᠦᠳᠭᠡᠨ ᠪᠠᠳᠠᠷᠠᠭᠤᠯᠬᠤ ᠬᠡᠷᠡᠭᠲᠡᠢ ᠭᠡᠵᠦ ᠵᠢᠭᠠᠵᠦ ᠭᠠᠷᠭᠠᠵᠠᠢ᠃ | ᠰᠢ ᠶᠢᠨ ᠫᠢᠩ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠶᠢ ᠭᠦᠨᠵᠡᠭᠡᠢ ᠠᠬᠢᠭᠤᠯᠵᠤ᠂ ᠮᠠᠨ ᠤ ᠤᠯᠤᠰ ᠤᠨ ᠱᠠᠰᠢᠨ | ᠰᠤᠷᠲᠠᠬᠤᠨ ᠤ ᠨᠡᠶᠢᠭᠡᠮ ᠵᠢᠷᠤᠮ ᠤᠨ ᠭᠤᠣᠯᠯᠠᠭᠴᠢ ᠥᠷᠲᠡᠭ ᠤᠨ ᠦᠵᠡᠯᠲᠡ ᠪᠠᠷ ᠵᠢᠯᠤᠭᠤᠳᠤᠯᠭ᠎ᠠ ᠪᠣᠯᠭᠠᠬᠤ ᠶᠢ ᠬᠦᠲᠦᠯᠦᠨ ᠵᠢᠯᠤᠭᠤᠳᠤᠨ ᠲᠡᠮᠵᠢᠵᠦ᠂ ᠱᠠᠰᠢᠨ | ᠰᠤᠷᠲᠠᠬᠤᠨ ᠤ ᠡᠲᠡᠭᠡᠳ ᠤᠨ ᠬᠢᠨ ᠪᠣᠯᠤᠨ ᠱᠠᠰᠢᠨ ᠰᠢᠲᠦᠳᠡᠭ ᠤᠯᠠᠨ ᠲᠦᠮᠡᠨ ᠤ ᠠᠭᠤᠤ ᠶᠡᠭᠡ ᠡᠬᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ | ᠰᠣᠶᠣᠯ᠂ ᠳᠤᠮᠳᠠᠳᠤ ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ ᠲᠠᠨᠢᠯᠲᠠ ᠶᠢ | ᠨᠡᠮᠡᠭᠳᠡᠭᠦᠯᠬᠦ ᠬᠡᠷᠡᠭᠲᠡᠢ᠃ ᠱᠠᠰᠢᠨ ᠰᠤᠷᠲᠠᠬᠤᠨ ᠤ ᠡᠲᠡᠭᠡᠳ ᠤᠨ ᠬᠢᠨ ᠳᠤ ᠤᠯᠤᠰ ᠢᠶᠠᠨ ᠬᠠᠶᠢᠷᠠᠯᠠᠬᠤ ᠦᠵᠡᠯ᠂ ᠬᠠᠮᠲᠤᠴᠢ ᠦᠵᠡᠯ᠂ ᠨᠡᠶᠢᠭᠡᠮ ᠵᠢᠷᠤᠮ ᠤᠨ | ᠬᠥᠮᠦᠵᠢᠯ ᠢ ᠥᠷᠨᠢᠭᠦᠯᠵᠦ᠂ ᠨᠠᠮ ᠤᠨ ᠲᠡᠦᠬᠡ᠂ ᠰᠢᠨ᠎ᠡ ᠳᠤᠮᠳᠠᠳᠤ ᠤᠯᠤᠰ ᠤᠨ ᠲᠡᠦᠬᠡ᠂ ᠥᠭᠡᠷᠡᠴᠢᠯᠡᠯᠲᠡ ᠨᠡᠭᠡᠭᠡᠯᠲᠡ ᠶᠢᠨ ᠲᠡᠦᠬᠡ᠂ ᠨᠡᠶᠢᠭᠡᠮ ᠵᠢᠷᠤᠮ ᠤᠨ | ᠬᠥᠭᠵᠢᠯᠲᠡ ᠶᠢᠨ ᠲᠡᠦᠬᠡ ᠶᠢᠨ ᠬᠥᠮᠦᠵᠢᠯ ᠢ ᠬᠠᠨᠳᠤᠯᠭᠠᠲᠤ ᠴᠢᠨᠠᠷᠲᠠᠢ ᠪᠠᠷ ᠴᠢᠩᠭᠠᠳᠬᠠᠵᠤ᠂ ᠱᠠᠰᠢᠨ ᠰᠤᠷᠲᠠᠬᠤᠨ ᠤ ᠡᠲᠡᠭᠡᠳ ᠤᠨ ᠬᠥᠮᠦᠰ ᠪᠠ ᠱᠠᠰᠢᠨ ᠰᠢᠲᠦᠳᠡᠭ | ᠤᠯᠠᠨ ᠲᠦᠮᠡᠨ ᠤ ᠨᠡᠶᠢᠭᠡᠮ ᠵᠢᠷᠤᠮ ᠤᠨ ᠭᠤᠣᠯᠯᠠᠭᠴᠢ ᠦᠷᠲᠡᠭ ᠤᠨ ᠦᠵᠡᠯᠲᠡ ᠶᠢ ᠪᠣᠶᠢᠵᠢᠭᠤᠯᠤᠨ ᠦᠢᠯᠡᠳᠦᠯᠭᠡᠵᠢᠭᠦᠯᠵᠦ᠂ ᠳᠤᠮᠳᠠᠳᠤ ᠶᠢᠨ ᠰᠣᠶᠣᠯ ᠢ | ᠪᠠᠳᠠᠷᠠᠭᠤᠯᠬᠤ ᠶᠢ ᠬᠦᠲᠦᠯᠦᠨ ᠵᠢᠯᠣᠭᠤᠳᠬᠤ ᠬᠡᠷᠡᠭᠲᠡᠢ᠃ ᠤᠯᠤᠰ ᠤᠨ ᠶᠡᠷᠦᠩᠬᠡᠢ ᠠᠮᠤᠷ ᠲᠦᠪᠰᠢᠨ ᠤ ᠦᠵᠡᠯᠲᠡ ᠶᠢ ᠪᠠᠷᠢᠮᠲᠠᠯᠠᠵᠤ᠂ ᠪᠡᠶ᠎ᠡ ᠪᠠᠨ ᠳᠠᠭᠠᠭᠠᠵᠤ ᠡᠵᠡᠨ | ᠮᠡᠳᠡᠨ ᠥᠪᠡᠷ ᠢᠶᠠᠨ ᠡᠷᠬᠢᠯᠡᠬᠦ ᠵᠠᠷᠴᠢᠮ ᠢ ᠪᠠᠷᠢᠮᠲᠠᠯᠠᠵᠤ᠂ ᠬᠤᠯᠪᠣᠭᠳᠠᠯ ᠪᠦᠬᠦᠢ ᠠᠵᠢᠯ ᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ ᠬᠡᠷᠡᠭᠲᠡᠢ᠃ ᠢᠨᠲ᠋ᠧᠷ | ᠰᠦᠯᠵᠢᠶᠡᠨ ᠤ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠮᠠᠨ ᠤ ᠤᠯᠤᠰ ᠤᠨ ᠱᠠᠰᠢᠨ ᠰᠤᠷᠲᠠᠬᠤᠨ ᠤ | ᠡᠷᠡᠭᠦᠯ ᠢᠶᠠᠷ ᠤᠯᠠᠮᠵᠢᠯᠠᠬᠤ ᠶᠢ ᠨᠥᠯᠥᠭᠡᠯᠡᠵᠦ ᠪᠠᠶᠢᠭ᠎ᠠ ᠲᠣᠪᠣᠶᠢᠮ᠎ᠠ ᠠᠰᠠᠭᠤᠳᠠᠯ ᠢ ᠦᠨᠡᠨ ᠬᠦ ᠰᠢᠶᠳᠪᠦᠷᠢᠯᠡᠬᠦ ᠬᠡᠷᠡᠭᠲᠡᠶ ᠭᠡᠵᠦ ᠴᠢᠬᠤᠯᠠᠴᠢᠯᠠᠵᠠᠢ᠃ | ᠰᠢ ᠶᠢᠨ ᠫᠢᠩ᠂ ᠱᠠᠰᠢᠨ ᠰᠤᠷᠲᠠᠬᠤᠨ ᠤ ᠡᠲᠡᠭᠡᠳ ᠤᠨ ᠬᠢᠨ ᠤ ᠥᠪᠡᠷ ᠢ ᠪᠠᠨ ᠬᠥᠮᠦᠵᠢᠭᠦᠯᠬᠦ᠂ ᠥᠪᠡᠷ ᠢ ᠪᠠᠨ ᠬᠠᠮᠢᠶᠠᠷᠬᠤ᠂ ᠥᠪᠡᠷ ᠢ ᠪᠠᠨ | ᠬᠢᠵᠠᠭᠠᠷᠯᠠᠬᠤ ᠶᠢ ᠳᠡᠮᠵᠢᠨ ᠬᠥᠲᠥᠯᠥᠨ ᠵᠢᠯᠣᠭᠤᠳᠴᠤ᠂ ᠱᠠᠰᠢᠨ ᠰᠤᠷᠲᠠᠬᠤᠨ ᠢ ᠪᠥᠬᠦ ᠲᠠᠯ᠎ᠠ ᠪᠠᠷ ᠴᠢᠩᠭ᠎ᠠ ᠵᠠᠰᠠᠵᠤ᠂ ᠲᠦᠷᠦᠭᠦᠯᠡᠨ ᠬᠠᠤᠯᠢ ᠶᠢ ᠰᠠᠬᠢᠵᠤ | ᠳᠦᠷᠢᠮ ᠢ ᠵᠢᠷᠤᠮᠯᠠᠵᠤ᠂ ᠱᠠᠰᠢᠨ ᠰᠤᠷᠲᠠᠬᠤᠨ ᠤ ᠬᠡᠪ ᠪᠣᠯᠪᠠᠰᠤᠷᠠᠯ ᠢ ᠳᠡᠭᠡᠭᠰᠢᠯᠡᠭᠦᠯᠬᠦ ᠬᠡᠷᠡᠭᠲᠡᠶ᠃ ᠱᠠᠰᠢᠨ ᠰᠤᠷᠲᠠᠬᠤᠨ ᠤ ᠪᠦᠯᠬᠦᠮ ᠤᠨ ᠲᠤᠰ ᠪᠡᠶ᠎ᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠤᠳᠤᠷᠢᠳᠬᠤ ᠪᠠᠭ ᠤᠨ ᠪᠦᠷᠢᠯᠳᠦᠬᠦᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠲᠦᠷᠢᠮ ᠢ ᠲᠡᠭᠦᠯᠳᠡᠷᠵᠢᠭᠦᠯᠬᠦ ᠬᠡᠷᠡᠭᠲᠡᠢ᠃ | ᠱᠠᠰᠢᠨ ᠰᠤᠷᠲᠠᠬᠤᠨ ᠤ ᠠᠵᠢᠯ ᠤᠨ ᠬᠠᠤᠯᠢᠵᠢᠯ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠠᠬᠢᠭᠤᠯᠵᠤ᠂ ᠬᠠᠤᠯᠢᠵᠢᠯ ᠤᠨ ᠤᠬᠠᠭᠤᠯᠭ᠎ᠠ ᠬᠥᠮᠦᠵᠢᠯ ᠢ ᠭᠦᠨᠵᠡᠭᠡᠢ | ᠥᠷᠨᠢᠭᠦᠯᠬᠦ ᠬᠡᠷᠡᠭᠲᠡᠢ᠃ ᠱᠠᠰᠢᠨ ᠰᠤᠷᠲᠠᠬᠤᠨ ᠤ ᠠᠵᠢᠯᠯᠠᠭ᠎ᠠ ᠶᠢ ᠬᠠᠤᠯᠢ ᠲᠣᠭᠲᠠᠭᠠᠯ ᠳᠤ ᠲᠣᠭᠲᠠᠭᠠᠭᠰᠠᠨ ᠬᠡᠪᠴᠢᠶᠡᠨ ᠳᠣᠲᠣᠷ᠎ᠠ ᠥᠷᠨᠢᠭᠦᠯᠬᠦ ᠬᠡᠷᠡᠭᠲᠡᠢ᠂ ᠠᠷᠠᠳ | ᠢᠷᠭᠡᠨ ᠤ ᠪᠡᠶ᠎ᠡ ᠶᠢᠨ ᠡᠷᠡᠭᠦᠯ ᠮᠡᠨᠳᠤ ᠶᠢ ᠬᠤᠬᠢᠷᠠᠭᠤᠯᠵᠤ ᠪᠣᠯᠬᠤ ᠦᠭᠡᠢ᠂ ᠨᠡᠶᠢᠲᠡ ᠶᠢᠨ ᠡᠮᠬᠢ ᠵᠢᠷᠤᠮ ᠪᠠ ᠰᠠᠶᠢᠨ ᠰᠠᠶᠢᠬᠠᠨ ᠬᠡᠪ ᠵᠠᠩᠰᠢᠯ ᠠᠴᠠ ᠵᠥᠷᠢᠴᠡᠵᠦ | ᠪᠣᠯᠬᠤ ᠦᠭᠡᠢ᠂ ᠰᠤᠷᠭᠠᠨ ᠬᠥᠮᠦᠵᠢᠯ᠂ ᠬᠠᠤᠯᠢ ᠴᠠᠭᠠᠵᠠ᠂ ᠵᠠᠰᠠᠭ ᠵᠠᠬᠢᠷᠭᠠᠨ ᠤ ᠡᠭᠦᠷᠭᠡ ᠴᠢᠳᠠᠪᠬᠢ ᠪᠠ ᠨᠡᠶᠢᠭᠡᠮ ᠤᠨ ᠠᠮᠢᠳᠤᠷᠠᠯ ᠳᠤ ᠭᠠᠷ ᠲᠦᠷᠦᠵᠦ ᠪᠣᠯᠬᠤ | ᠦᠭᠡᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠮᠠᠷᠺᠰ ᠤᠨ ᠦᠵᠡᠯ ᠤᠨ ᠱᠠᠰᠢᠨ ᠰᠤᠷᠲᠠᠬᠤᠨ ᠤ ᠦᠵᠡᠯᠲᠡ ᠶᠢ ᠨᠡᠪᠲᠡᠷᠡᠲᠡᠯ᠎ᠠ ᠤᠶᠢᠯᠠᠭᠠᠬᠤ᠂ ᠱᠠᠰᠢᠨ ᠰᠤᠷᠲᠠᠬᠤᠨ ᠤ ᠠᠵᠢᠯ ᠳᠤ | ᠴᠠᠭᠠᠷᠠᠭᠰᠠᠨ᠂ ᠱᠠᠰᠢᠨ ᠰᠢᠲᠦᠳᠡᠭ ᠤᠯᠠᠨ ᠲᠦᠮᠡᠨ ᠤ ᠠᠵᠢᠯ ᠢ ᠬᠢᠬᠦ ᠳᠡᠭᠡᠨ ᠴᠢᠳᠠᠮᠠᠭᠠᠢ ᠪᠠᠶᠢᠳᠠᠭ ᠨᠠᠮ ᠵᠠᠰᠠᠭ ᠤᠨ ᠺᠠᠳ᠋ᠷ ᠤᠨ ᠡᠩᠨᠡᠭᠡ ᠶᠢ ᠬᠥᠮᠦᠵᠢᠭᠦᠯᠵᠦ᠂ | ᠲᠡᠳᠡᠨ ᠳᠤ ᠮᠠᠷᠺᠰ ᠤᠨ ᠦᠵᠡᠯ ᠤᠨ ᠱᠠᠰᠢᠨ ᠰᠤᠷᠲᠠᠬᠤᠨ ᠤ ᠦᠵᠡᠯᠲᠡ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠤᠨᠤᠯ ᠪᠣᠯᠤᠨ ᠴᠢᠭᠯᠡᠯᠲᠡ ᠲᠦᠷᠦ ᠶᠢᠨ | ᠪᠤᠳᠤᠯᠭ᠎ᠠ᠂ ᠱᠠᠰᠢᠨ ᠰᠤᠷᠲᠠᠬᠤᠨ ᠤ ᠮᠡᠳᠡᠯᠭᠡ ᠶᠢ ᠭᠦᠨᠵᠡᠭᠡᠢ ᠰᠤᠷᠤᠯᠴᠠᠭᠤᠯᠵᠤ᠂ ᠵᠢᠯᠣᠭᠤᠳᠬᠤ ᠴᠢᠳᠠᠪᠤᠷᠢ ᠶᠢ ᠨᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ | ᠃ ᠤᠯᠤᠰ ᠲᠦᠷᠦ ᠶᠢᠨ ᠲᠠᠯ᠎ᠠ ᠪᠠᠷ ᠨᠠᠶᠢᠳᠠᠪᠤᠷᠢᠲᠠᠢ᠂ ᠱᠠᠰᠢᠨ ᠰᠤᠷᠲᠠᠬᠤᠨ ᠤ ᠲᠠᠯ᠎ᠠ ᠪᠠᠷ ᠠᠮᠵᠢᠯᠲᠠ ᠲᠠᠢ᠂ ᠶᠣᠰᠣ ᠰᠤᠷᠲᠠᠬᠤᠨ ᠤ ᠲᠠᠯ᠎ᠠ ᠪᠠᠷ ᠤᠯᠠᠨ ᠢ | ᠪᠢᠰᠢᠷᠡᠭᠦᠯᠵᠦ ᠳᠡᠶᠢᠯᠬᠦ᠂ ᠵᠠᠩᠭᠢᠯᠠᠭ᠎ᠠ ᠶᠢᠨ ᠦᠶ᠎ᠡ ᠳᠤ ᠦᠢᠯᠡᠳᠦᠯ ᠦᠵᠡᠭᠦᠯᠵᠦ ᠲᠡᠶᠢᠯᠬᠦ ᠱᠠᠰᠢᠨ ᠰᠤᠷᠲᠠᠬᠤᠨ ᠤ ᠡᠲᠡᠭᠡᠳ ᠤᠨ ᠲᠥᠯᠥᠭᠡᠯᠡᠭᠴᠢ ᠬᠥᠮᠦᠰ ᠤᠨ | ᠡᠩᠨᠡᠭᠡ ᠶᠢ ᠬᠥᠮᠦᠵᠢᠭᠦᠯᠬᠦ ᠬᠡᠷᠡᠭᠲᠡᠢ᠃ ᠦᠵᠡᠯ ᠰᠠᠨᠠᠭ᠎ᠠ ᠤᠯᠤᠰ ᠲᠦᠷᠦ ᠶᠢᠨ ᠲᠠᠯ᠎ᠠ ᠪᠠᠷ ᠡᠷᠡᠰ ᠪᠠᠲᠤ᠂ ᠮᠠᠷᠺᠰ ᠤᠨ ᠦᠵᠡᠯ ᠤᠨ ᠱᠠᠰᠢᠨ ᠰᠤᠷᠲᠠᠬᠤᠨ ᠤ | ᠦᠵᠡᠯᠲᠡ ᠶᠢ ᠪᠠᠷᠢᠮᠲᠠᠯᠠᠳᠠᠭ᠂ ᠰᠢᠯᠢᠳᠡᠭ ᠰᠠᠶᠢᠨ ᠰᠤᠷᠤᠯᠴᠠᠬᠤ ᠰᠤᠷᠲᠠᠯ ᠲᠠᠢ᠂ ᠰᠢᠨ᠎ᠡ ᠶᠢ ᠡᠭᠦᠳᠬᠦ ᠳᠡᠭᠡᠨ ᠴᠢᠳᠠᠮᠠᠭᠠᠢ ᠪᠠᠶᠢᠳᠠᠭ ᠱᠠᠰᠢᠨ ᠰᠤᠷᠲᠠᠬᠤᠨ ᠤ | ᠤᠬᠠᠭᠠᠨ ᠤ ᠰᠤᠳᠤᠯᠤᠯ ᠤᠨ ᠡᠩᠨᠡᠭᠡ ᠶᠢ ᠬᠥᠮᠦᠵᠢᠭᠦᠯᠵᠦ᠂ ᠮᠠᠷᠺᠰ ᠤᠨ ᠦᠵᠡᠯ ᠤᠨ ᠱᠠᠰᠢᠨ ᠰᠤᠷᠲᠠᠬᠤᠨ ᠤ ᠤᠬᠠᠭᠠᠨ ᠤ ᠰᠢᠨᠵᠢᠯᠡᠭᠡᠨ ᠤ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠡᠢ᠃ ᠱᠠᠰᠢᠨ ᠰᠤᠷᠲᠠᠬᠤᠨ ᠤ ᠠᠵᠢᠯ ᠤᠨ ᠪᠠᠶᠢᠭᠤᠯᠤᠮᠵᠢ ᠲᠣᠭᠲᠠᠴᠠ ᠶᠢ ᠪᠦᠷᠢᠨᠰᠢᠬᠦᠯᠵᠤ᠂ ᠨᠠᠮ ᠤᠨ ᠬᠤᠷᠢᠶ᠎ᠠ ᠠᠴᠠ ᠤᠳᠤᠷᠢᠳᠤᠬᠰᠠᠨ᠂ | ᠵᠠᠰᠠᠭ ᠤᠨ ᠣᠷᠳᠣᠨ ᠬᠠᠮᠢᠶᠠᠷᠤᠬᠰᠠᠨ᠂ ᠨᠡᠶᠢᠭᠡᠮ ᠠᠴᠠ ᠬᠠᠮᠵᠢᠯᠴᠠᠬᠰᠠᠨ᠂ ᠱᠠᠰᠢᠨ ᠰᠤᠷᠲᠠᠬᠤᠨ ᠤ ᠬᠢᠨ ᠥᠪᠡᠷ ᠢ ᠪᠠᠨ ᠱᠠᠭᠠᠷᠳᠠᠬᠰᠠᠨ ᠱᠠᠰᠢᠨ ᠰᠤᠷᠲᠠᠬᠤᠨ ᠤ | ᠬᠡᠷᠡᠭ ᠶᠠᠪᠤᠳᠠᠯ ᠤᠨ ᠵᠠᠰᠠᠯᠲᠠ ᠶᠢᠨ ᠪᠠᠶᠢᠷᠢᠰᠢᠯ ᠢ ᠪᠠᠶᠢᠭᠤᠯᠬᠤ ᠶᠢ ᠠᠬᠢᠭᠤᠯᠬᠤ ᠬᠡᠷᠡᠭᠲᠡᠢ᠃ ᠱᠠᠰᠢᠨ ᠰᠤᠷᠲᠠᠬᠤᠨ ᠤ ᠠᠵᠢᠯ ᠳᠤ ᠬᠤᠯᠪᠣᠭᠳᠠᠬᠤ ᠴᠢᠬᠤᠯᠠ ᠶᠡᠭᠡ | ᠬᠠᠷᠢᠴᠠᠭ᠎ᠠ ᠶᠢ ᠰᠠᠶᠢᠲᠤᠷ ᠡᠵᠡᠮᠳᠡᠵᠦ᠂ ᠰᠠᠭᠤᠷᠢ ᠶᠢ ᠲᠠᠯᠪᠢᠬᠤ᠂ ᠠᠯᠤᠰ ᠬᠡᠳᠦ ᠳᠤ ᠠᠰᠢᠭᠲᠠᠢ ᠠᠵᠢᠯ ᠢ ᠢᠯᠡᠭᠦᠬᠡᠨ ᠬᠢᠵᠦ᠂ ᠴᠥᠬᠦᠷᠡᠰᠢ ᠦᠭᠡᠢ ᠪᠠᠶᠢᠩᠭᠤ | ᠠᠳᠬᠤᠵᠤ᠂ ᠤᠷᠲᠤ ᠬᠤᠭᠤᠴᠠᠭ᠎ᠠ ᠪᠠᠷ ᠪᠠᠷᠢᠮᠲᠠᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠯᠢ ᠺᠧ ᠴᠢᠶᠠᠩ ᠬᠤᠷᠠᠯ ᠢ ᠡᠷᠬᠢᠯᠡᠬᠦ ᠳᠡᠭᠡᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠱᠠᠰᠢᠨ ᠰᠤᠷᠲᠠᠬᠤᠨ ᠤ ᠠᠵᠢᠯ ᠤᠨ ᠠᠮᠵᠢᠯᠲᠠ | ᠪᠠ ᠲᠤᠷᠰᠢᠯᠭ᠎ᠠ ᠶᠢ ᠪᠦᠬᠦ ᠲᠠᠯ᠎ᠠ ᠪᠠᠷ ᠳ᠋ᠦᠩᠨᠡᠵᠦ᠂ ᠱᠠᠰᠢᠨ ᠰᠤᠷᠲᠠᠬᠤᠨ ᠤ ᠠᠵᠢᠯ ᠳᠤ ᠲᠤᠯᠭᠠᠷᠠᠵᠤ ᠪᠠᠶᠢᠭ᠎ᠠ ᠪᠠᠶᠢᠳᠠᠯ ᠡᠭᠦᠷᠭᠡ ᠶᠢ ᠭᠦᠨᠵᠡᠭᠡᠶ ᠵᠠᠳᠠᠯᠵᠤ᠂ ᠰᠢᠨ᠎ᠡ | ᠴᠠᠭ ᠦᠶ᠎ᠡ ᠶᠢᠨ ᠱᠠᠰᠢᠨ ᠰᠤᠷᠲᠠᠬᠤᠨ ᠤ ᠠᠵᠢᠯ ᠤᠨ ᠰᠢᠨ᠎ᠡ ᠦᠵᠡᠯ ᠰᠠᠨᠠᠭ᠎ᠠ ᠰᠢᠨ᠎ᠡ ᠣᠶᠢᠯᠠᠭᠠᠭᠳᠠᠬᠤᠨ ᠰᠢᠨ᠎ᠡ ᠪᠠᠶᠢᠯᠳᠤᠬᠤ ᠪᠣᠳᠣᠯᠭ᠎ᠠ ᠶᠢ ᠰᠢᠰᠲ᠋ᠧᠮ ᠲᠠᠢ | ᠲᠣᠳᠣᠷᠬᠠᠶᠢᠯᠠᠨ ᠥᠭᠦᠯᠡᠵᠦ᠂ ᠮᠠᠨ ᠤ ᠤᠯᠤᠰ ᠤᠨ ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠬᠤ᠂ ᠰᠢᠨ᠎ᠡ ᠴᠠᠭ ᠦᠶ᠎ᠡ ᠶᠢᠨ ᠱᠠᠰᠢᠨ | ᠰᠤᠷᠲᠠᠬᠤᠨ ᠤ ᠠᠵᠢᠯ ᠢ ᠰᠠᠶᠢᠲᠤᠷ ᠬᠢᠬᠦ ᠶᠢᠨ ᠵᠢᠯᠣᠭᠤᠳᠬᠤ ᠦᠵᠡᠯ ᠰᠠᠨᠠᠭ᠎ᠠ᠂ ᠪᠠᠶᠢᠯᠳᠤᠬᠤ ᠪᠤᠳᠤᠯᠭ᠎ᠠ ᠶᠢᠨ ᠬᠠᠷᠠᠯᠲᠠ᠂ ᠭᠤᠤᠯᠳᠠᠯᠭ᠎ᠠ ᠲᠠᠢ ᠡᠭᠦᠷᠭᠡ ᠪᠠ | ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠲᠤᠳᠤᠷᠬᠠᠶᠢᠯᠠᠵᠤ᠂ ᠮᠠᠰᠢ ᠴᠢᠩᠭ᠎ᠠ ᠤᠯᠤᠰ ᠲᠥᠷᠥ ᠶᠢᠨ ᠴᠢᠨᠠᠷ᠂ ᠦᠵᠡᠯ ᠰᠠᠨᠠᠭᠠᠴᠢ ᠴᠢᠨᠠᠷ᠂ ᠤᠨᠤᠯ ᠤᠨ ᠴᠢᠨᠠᠷ | ᠲᠠᠢ ᠪᠠᠶᠢᠵᠤ᠂ ᠰᠢᠨ᠎ᠡ ᠴᠠᠭ ᠦᠶ᠎ᠡ ᠶᠢᠨ ᠱᠠᠰᠢᠨ ᠰᠤᠷᠲᠠᠬᠤᠨ ᠤ ᠠᠵᠢᠯ ᠢ ᠵᠢᠯᠣᠭᠤᠳᠬᠤ ᠬᠥᠲᠥᠯᠪᠦᠷᠢ ᠶᠢᠨ ᠴᠢᠨᠠᠷᠲᠠᠶ ᠲᠤᠯᠭᠤᠷ ᠪᠢᠴᠢᠭ ᠮᠥᠨ᠂ ᠰᠢᠨ᠎ᠡ ᠴᠠᠭ | ᠦᠶ᠎ᠡ ᠶᠢᠨ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠳᠤ ᠤᠷᠤᠭᠰᠢᠯᠠᠬᠤ ᠴᠢᠭᠯᠡᠯ ᠢ ᠲᠣᠳᠣᠷᠬᠠᠶ ᠵᠢᠭᠠᠨ ᠦᠭᠴᠦ᠂ ᠦᠨᠳᠦᠰᠦᠨ ᠵᠢᠷᠤᠮᠯᠠᠯ ᠬᠠᠩᠭᠠᠪᠠ᠃ | ᠨᠠᠷᠢᠨ ᠬᠢᠨᠠᠮᠠᠭᠠᠢ ᠰᠤᠷᠤᠯᠴᠠᠨ ᠤᠶᠢᠯᠠᠭᠠᠵᠤ᠂ ︽ᠳᠥᠷᠪᠡᠨ ᠤᠬᠠᠮᠰᠠᠷ︾ ᠢᠶᠠᠨ ᠲᠠᠰᠤᠷᠠᠯᠲᠠ ᠥᠬᠡᠶ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ | ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠶᠯᠡ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ | ᠫᠢᠩ ᠤᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠨᠢᠭᠡᠳᠭᠡᠵᠦ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ | ᠠᠳᠬᠤᠵᠤ᠂ ᠨᠠᠮ ᠤᠨ ᠱᠠᠰᠢᠨ ᠰᠤᠷᠲᠠᠬᠤᠨ ᠤ ᠠᠵᠢᠯ ᠤᠨ ᠰᠢᠨ᠎ᠡ ᠪᠠᠶᠢᠳᠠᠯ ᠢ ᠲᠠᠰᠤᠷᠠᠯᠲᠠ ᠥᠬᠡᠶ ᠡᠭᠦᠳᠴᠦ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ | ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠶᠢᠨ ᠲᠥᠯᠥᠭᠡ ᠴᠢᠷᠮᠠᠶᠢᠨ | ᠲᠡᠮᠡᠴᠡᠬᠦ ᠬᠡᠷᠡᠭᠲᠡᠶ ᠭᠡᠵᠦ ᠵᠢᠭᠠᠵᠤ ᠭᠠᠷᠭᠠᠪᠠ᠃ | ᠸᠠᠩ ᠶᠠᠩ ᠳ᠋ᠦᠩᠨᠡᠯᠲᠡ ᠶᠢᠨ ᠶᠠᠷᠢᠶᠠᠨ ᠳᠠᠭᠠᠨ᠂ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠢ ᠶᠡᠭᠡ ᠲᠠᠯ᠎ᠠ ᠶᠢ ᠠᠵᠢᠭᠯᠠᠨ ᠶᠡᠭᠡ | ᠬᠠᠨᠳᠤᠰᠢ ᠶᠢ ᠪᠣᠳᠣᠯᠬᠢᠯᠠᠵᠤ᠂ ᠴᠢᠭᠯᠡᠯ ᠢ ᠵᠢᠭᠠᠨ ᠠᠷᠭ᠎ᠠ ᠪᠣᠳᠣᠯᠭ᠎ᠠ ᠶᠢ ᠲᠣᠳᠣᠷᠬᠠᠶᠢᠯᠠᠵᠤ᠂ ᠰᠢᠨ᠎ᠡ ᠴᠠᠭ ᠦᠶ᠎ᠡ ᠶᠢᠨ ᠱᠠᠰᠢᠨ ᠰᠤᠷᠲᠠᠬᠤᠨ ᠤ ᠠᠵᠢᠯ ᠤᠨ ᠠᠯᠢ | ᠣᠯᠠᠨ ᠴᠢᠬᠤᠯᠠ ᠶᠡᠭᠡ ᠣᠨᠣᠯ ᠤᠨ ᠪᠠ ᠦᠶᠯᠡᠳᠦᠯᠭᠡ ᠶᠢᠨ ᠠᠰᠠᠭᠤᠳᠠᠯ ᠳᠤ ᠭᠦᠨᠵᠡᠭᠡᠶ ᠬᠠᠷᠢᠭᠤᠯᠲᠠ ᠥᠭᠴᠡᠶ᠂ ᠨᠠᠮ ᠤᠨ ᠱᠠᠰᠢᠨ ᠰᠤᠷᠲᠠᠬᠤᠨ ᠤ ᠠᠵᠢᠯ ᠤᠨ | ᠦᠶᠯᠡᠳᠦᠯᠭᠡ ᠶᠢᠨ ᠬᠠᠮᠤᠭ ᠤᠨ ᠰᠢᠨ᠎ᠡ ᠳ᠋ᠦᠩᠨᠡᠯᠲᠡ ᠮᠥᠨ᠂ ᠮᠠᠷᠺᠰ ᠤᠨ ᠦᠵᠡᠯ ᠤᠨ ᠱᠠᠰᠢᠨ ᠰᠤᠷᠲᠠᠬᠤᠨ ᠤ ᠦᠵᠡᠯᠲᠡ ᠶᠢ ᠳᠤᠮᠳᠠᠳᠤ ᠤᠯᠤᠰ ᠤᠨ ᠪᠣᠳᠠᠲᠤ | ᠪᠠᠶᠢᠳᠠᠯ ᠲᠠᠢ ᠤᠶᠠᠯᠳᠤᠭᠤᠯᠤᠭᠰᠠᠨ ᠬᠠᠮᠤᠭ ᠤᠨ ᠰᠢᠨ᠎ᠡ ᠦᠷ᠎ᠡ ᠪᠦᠲᠦᠭᠡᠯ ᠮᠥᠨ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠱᠠᠰᠢᠨ | ᠰᠤᠷᠲᠠᠬᠤᠨ ᠤ ᠣᠨᠣᠯ ᠤᠨ ᠬᠠᠮᠤᠭ ᠤᠨ ᠰᠢᠨ᠎ᠡ ᠬᠥᠭᠵᠢᠯᠲᠡ ᠮᠥᠨ᠂ ᠰᠢᠨ᠎ᠡ ᠴᠠᠭ ᠦᠶ᠎ᠡ ᠶᠢᠨ ᠱᠠᠰᠢᠨ ᠰᠤᠷᠲᠠᠬᠤᠨ ᠤ ᠠᠵᠢᠯ ᠢ ᠰᠠᠶᠢᠲᠤᠷ ᠬᠢᠬᠦ ᠶᠡᠷᠦᠩᠬᠡᠶ | ᠬᠥᠲᠥᠯᠪᠦᠷᠢ ᠮᠥᠨ᠃ ᠰᠢᠨ᠎ᠡ ᠴᠠᠭ ᠦᠶ᠎ᠡ ᠶᠢᠨ ᠨᠠᠮ ᠤᠨ ᠱᠠᠰᠢᠨ ᠰᠤᠷᠲᠠᠬᠤᠨ ᠤ ᠠᠵᠢᠯ ᠤᠨ ᠤᠨᠤᠯ ᠪᠣᠯᠤᠨ ᠴᠢᠭᠯᠡᠯᠲᠡ ᠲᠦᠷᠦ ᠶᠢᠨ ᠪᠤᠳᠤᠯᠭ᠎ᠠ ᠶᠢ ᠪᠦᠷᠢᠨ | ᠪᠦᠲᠦᠨ ᠵᠥᠪ ᠣᠨᠣᠪᠴᠢᠲᠠᠢ ᠪᠦᠬᠦ ᠲᠠᠯ᠎ᠠ ᠪᠠᠷ ᠤᠢᠢᠯᠠᠭᠠᠨ ᠲᠤᠭᠤᠰᠢᠯᠠᠭᠤᠯᠵᠤ᠂ ᠭᠤᠣᠯᠯᠠᠬᠤ ᠴᠢᠬᠤᠯᠠ ᠠᠭᠤᠯᠭ᠎ᠠ᠂ ᠵᠣᠷᠢᠭ ᠰᠠᠨᠠᠭᠠᠨ ᠤ ᠮᠥᠨ ᠴᠢᠨᠠᠷ᠂ ᠪᠠᠶᠠᠯᠢᠭ | ᠠᠭᠤᠯᠤᠭᠳᠠᠬᠤᠨ ᠪᠣᠯᠤᠨ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠵᠤ᠂ ᠰᠤᠷᠤᠯᠴᠠᠬᠤ ᠰᠡᠳᠭᠢᠬᠦ ᠬᠡᠷᠡᠭᠯᠡᠬᠦ ᠶᠢ ᠨᠡᠪᠲᠡᠷᠡᠭᠦᠯᠵᠦ᠂ ᠮᠡᠳᠡᠬᠦᠢ | ᠢᠲᠡᠭᠡᠬᠦᠢ ᠬᠢᠬᠦᠢ ᠪᠠᠨ ᠨᠢᠭᠡᠳᠭᠡᠬᠦ ᠬᠡᠷᠡᠭᠲᠡᠢ᠃ ᠨᠠᠮ ᠤᠨ ᠱᠠᠰᠢᠨ ᠰᠤᠷᠲᠠᠬᠤᠨ ᠤ ᠠᠵᠢᠯ ᠤᠨ ᠦᠨᠳᠦᠰᠦᠨ ᠴᠢᠭᠯᠡᠯᠲᠡ ᠶᠢ ᠪᠠᠷᠢᠮᠲᠠᠯᠠᠨ᠂ ᠮᠠᠨ ᠤ ᠤᠯᠤᠰ ᠤᠨ | ᠱᠠᠰᠢᠨ ᠰᠤᠷᠲᠠᠬᠤᠨ ᠤ ᠳᠤᠮᠳᠠᠳᠤ ᠤᠯᠤᠰᠴᠢᠯᠠᠬᠤ ᠴᠢᠭᠯᠡᠯ ᠢ ᠪᠠᠷᠢᠮᠲᠠᠯᠠᠵᠤ᠂ ᠬᠠᠤᠯᠢᠵᠢᠯ ᠤᠨ ᠰᠡᠳᠭᠢᠬᠦᠢ ᠪᠠ ᠬᠤᠯᠢᠵᠢᠯ ᠤᠨ ᠠᠷᠭ᠎ᠠ ᠬᠡᠯᠪᠡᠷᠢ ᠶᠢ ᠴᠢᠳᠠᠮᠠᠭᠠᠢ | ᠬᠡᠷᠡᠭᠯᠡᠨ ᠱᠠᠰᠢᠨ ᠰᠤᠷᠲᠠᠬᠤᠨ ᠤ ᠬᠦᠷᠢᠶᠡᠨ ᠳᠠᠬᠢ ᠵᠥᠷᠢᠴᠡᠯ ᠪᠠ ᠠᠰᠠᠭᠤᠳᠠᠯ ᠢ ᠰᠢᠢᠳᠪᠦᠷᠢᠯᠡᠵᠦ᠂ ᠮᠠᠨ ᠤ ᠤᠯᠤᠰ ᠤᠨ ᠱᠠᠰᠢᠨ ᠰᠤᠷᠲᠠᠬᠤᠨ ᠤ ᠡᠷᠡᠭᠦᠯ ᠢᠶᠠᠷ | ᠤᠯᠠᠮᠵᠢᠯᠠᠬᠳᠠᠬᠤ ᠶᠢ ᠠᠬᠢᠭᠤᠯᠵᠤ᠂ ᠱᠠᠰᠢᠨ ᠰᠤᠷᠲᠠᠬᠤᠨ ᠤ ᠨᠡᠶᠢᠭᠡᠮ ᠵᠢᠷᠤᠮᠲᠤ ᠨᠡᠶᠢᠭᠡᠮ ᠯᠦᠭᠡ ᠬᠠᠷᠢᠯᠴᠠᠨ ᠵᠣᠬᠢᠴᠠᠯᠳᠤᠬᠤ᠂ ᠳᠤᠮᠳᠠᠳᠤ ᠤᠯᠤᠰ ᠤᠨ ᠣᠨᠴᠠᠯᠢᠭ | ᠲᠠᠢ ᠨᠡᠶᠢᠭᠡᠮ ᠵᠢᠷᠤᠮ ᠤᠨ ᠰᠢᠨ᠎ᠡ ᠴᠠᠭ ᠦᠶ᠎ᠡ ᠲᠠᠢ ᠵᠣᠬᠢᠴᠠᠯᠳᠤᠬᠤ ᠶᠢ ᠢᠳᠡᠪᠬᠢᠲᠡᠢ ᠬᠦᠳᠦᠯᠦᠨ ᠵᠢᠯᠣᠭᠤᠳᠬᠤ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠰᠠᠯᠠᠭ᠎ᠠ | ᠮᠥᠴᠢᠷ ᠤᠨ ᠬᠢᠨ ᠬᠤᠷᠠᠯ ᠤᠨ ᠵᠣᠷᠢᠭ ᠰᠠᠨᠠᠭ᠎ᠠ ᠶᠢ ᠰᠠᠶᠢᠲᠤᠷ ᠰᠤᠷᠤᠯᠴᠠᠨ ᠲᠤᠭᠤᠰᠢᠯᠠᠭᠤᠯᠬᠤ ᠶᠢ ᠴᠢᠬᠤᠯᠠ ᠤᠯᠤᠰ ᠲᠥᠷᠥ ᠶᠢᠨ ᠡᠭᠦᠷᠭᠡ ᠪᠣᠯᠭᠠᠵᠤ᠂ | ᠰᠤᠷᠤᠯᠴᠠᠨ ᠤᠬᠠᠭᠤᠯᠤᠨ ᠲᠠᠶᠢᠯᠪᠤᠷᠢᠯᠠᠬᠤ ᠶᠢ ᠰᠠᠶᠢᠲᠤᠷ ᠠᠳᠬᠤᠵᠤ᠂ ᠬᠡᠷᠡᠭᠵᠢᠭᠦᠯᠬᠦ ᠰᠠᠨᠠᠯ ᠢ ᠲᠣᠭᠲᠠᠭᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ | ᠂ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ | ᠭᠠᠷᠭᠠᠪᠠ᠃ | ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ ᠲᠣᠪᠴᠢᠶᠠᠨ ᠤ ᠭᠡᠰᠢᠭᠦᠨ᠂ ᠲᠥᠪ ᠤᠨ ᠱᠦᠵᠢ ᠨᠡᠷ ᠤᠨ ᠭᠠᠵᠠᠷ ᠤᠨ ᠱᠦᠵᠢ᠂ ᠪᠦᠬᠦ ᠤᠯᠤᠰ ᠤᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠤᠯᠪᠣᠭᠳᠠᠯ ᠪᠦᠬᠦᠢ ᠤᠳᠤᠷᠢᠳᠬᠤ ᠨᠥᠬᠦᠳ᠂ ᠲᠦᠷᠦ ᠶᠢᠨ ᠶᠠᠪᠤᠳᠠᠯ ᠤᠨ | ᠭᠡᠰᠢᠭᠦᠨ᠂ ᠠᠷᠠᠳ ᠤᠨ ᠳᠡᠭᠡᠳᠦ ᠰᠢᠭᠦᠬᠦ ᠬᠤᠷᠢᠶ᠎ᠠ ᠶᠢᠨ ᠳᠠᠷᠤᠭ᠎ᠠ᠂ ᠠᠷᠠᠳ ᠤᠨ ᠳᠡᠭᠡᠳᠦ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠠᠷᠤᠭ᠎ᠠ᠂ ᠪᠦᠬᠦ ᠤᠯᠤᠰ ᠤᠨ | ᠤᠯᠤᠰ ᠲᠦᠷᠦ ᠶᠢᠨ ᠵᠥᠪᠯᠡᠯᠭᠡᠨ ᠤ ᠬᠤᠯᠪᠣᠭᠳᠠᠯ ᠪᠦᠬᠦᠢ ᠤᠳᠤᠷᠢᠳᠬᠤ ᠨᠥᠬᠦᠳ ᠬᠤᠷᠠᠯ ᠳᠤ ᠣᠷᠣᠯᠴᠠᠪᠠ᠃ | ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ | ᠪᠢᠩᠲ᠋ᠤᠸᠠᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠪᠣᠯᠤᠨ ᠱᠠᠰᠢᠨ ᠰᠤᠷᠲᠠᠬᠤᠨ ᠤ ᠠᠵᠢᠯ ᠢ ᠬᠤᠪᠢᠳᠠᠨ ᠬᠠᠮᠢᠶᠠᠷᠴᠤ ᠪᠠᠶᠢᠭ᠎ᠠ | ᠬᠠᠷᠢᠭᠤᠴᠠᠯᠭᠠᠲᠠᠨ ᠨᠥᠬᠦᠳ᠂ ᠳᠡᠳ᠋ ᠮᠤᠵᠢ ᠶᠢᠨ ᠲᠡᠰ ᠤᠨ ᠬᠤᠳᠠ ᠶᠢᠨ ᠨᠠᠮ ᠤᠨ ᠬᠤᠷᠢᠶ᠎ᠠ ᠶᠢᠨ ᠭᠤᠣᠯ ᠬᠠᠷᠢᠭᠤᠴᠠᠯᠭᠠᠲᠠᠨ ᠨᠥᠬᠦᠳ᠂ ᠲᠥᠪ ᠤᠨ ᠪᠠ | ᠲᠦᠷᠦ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠬᠤᠯᠪᠣᠭᠳᠠᠯ ᠪᠦᠬᠦᠢ ᠠᠷᠠᠳ ᠤᠨ ᠪᠦᠯᠬᠦᠮ᠂ ᠲᠥᠪ ᠤᠨ ᠴᠡᠷᠢᠭ ᠤᠨ ᠶᠠᠪᠤᠳᠠᠯ ᠤᠨ | ᠬᠤᠷᠢᠶ᠎ᠠ ᠶᠢᠨ ᠪᠠᠶᠢᠭᠤᠯᠭ᠎ᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ᠂ ᠴᠡᠷᠢᠭ ᠠᠩᠬᠢ ᠶᠢᠨ ᠬᠤᠯᠪᠣᠭᠳᠠᠯ ᠪᠦᠬᠦᠢ | ᠨᠢᠭᠡᠴᠢ᠂ ᠬᠤᠯᠪᠣᠭᠳᠠᠯ ᠪᠦᠬᠦᠢ ᠰᠤᠳᠤᠯᠭᠠᠨ ᠤ ᠪᠠᠶᠢᠭᠤᠯᠤᠮᠵᠢ ᠶᠢᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠢ᠃ ᠬᠤᠷᠠᠯ ᠨᠢ ᠲᠧᠯᠸᠢᠰ ᠤᠲᠠᠰᠤ | ᠬᠤᠷᠠᠯ ᠤᠨ ᠬᠡᠯᠪᠡᠷᠢ ᠪᠠᠷ ᠬᠤᠷᠠᠯᠳᠤᠵᠤ᠂ ᠡᠯ᠎ᠡ ᠮᠤᠵᠢ ᠣᠷᠣᠨ ᠬᠤᠳᠠ ᠪᠣᠯᠤᠨ ᠰᠢᠨᠵᠢᠶᠠᠩ ᠤᠨ ᠦᠢᠯᠡᠳᠪᠦᠷᠢᠯᠡᠯ ᠪᠦᠳᠦᠭᠡᠨ ᠪᠠᠶᠢᠭᠤᠯᠤᠯᠲᠠ ᠶᠢᠨ ᠪᠢᠩᠲ᠋ᠤᠸᠠᠨ ᠳᠤ | ᠬᠤᠪᠢᠶᠠᠷᠢ ᠬᠤᠷᠠᠯ ᠤᠨ ᠲᠠᠯᠠᠪᠠᠢ ᠲᠤᠬᠢᠷᠠᠭᠤᠯᠪᠠ᠃ | |