ᠳᠤᠮᠳᠠᠳᠤ ᠤᠯᠤᠰ ᠤᠨ ᠰᠣᠨᠢᠨ ᠮᠡᠳᠡᠭᠡᠨ ᠤ ᠰᠦᠯᠵᠢᠶ᠎ᠡ ᠶᠢᠨ 1 ᠰᠠᠷ᠎ᠠ ᠶᠢᠨ 28 ᠤ ᠡᠳᠦᠷ ᠤᠨ ᠮᠡᠳᠡᠭᠡ ᠰᠤᠷᠭᠠᠨᠬᠥ᠋ᠮᠦᠵᠢᠯ ᠤᠨ ᠶᠠᠮᠤᠨ ᠤ ᠰᠦᠯᠵᠢᠶ᠎ᠡ ᠶᠢᠨ | ᠮᠡᠳᠡᠭᠡ ᠶᠢ ᠦᠨᠳᠦᠰᠦᠯᠡᠪᠡᠯ᠂ ᠰᠤᠷᠭᠠᠨ ᠬᠥᠮᠦᠵᠢᠯ ᠤᠨᠶᠠᠮᠤᠨ 28 ᠤ ᠡᠳᠦᠷ ᠰᠠᠨᠠᠭᠤᠯᠤᠮᠵᠢ ᠨᠡᠶᠢᠲᠡᠯᠡᠵᠦ᠂ ᠡᠪᠦᠯ ᠤᠨᠠᠮᠠᠷᠠᠯᠲᠠ ᠶᠢᠨ ᠬᠤᠭᠤᠴᠠᠭᠠᠨ ᠳᠠᠬᠢ | ᠰᠤᠷᠭᠠᠭᠤᠯᠢ ᠵᠢᠨᠭᠠᠳᠠᠨᠠᠬᠢ ᠪᠤᠯᠪᠠᠰᠤᠷᠠᠯ ᠤᠨᠲ᠋ᠠᠯᠠᠪᠤᠷ ᠤᠨ ᠬᠢᠵᠢᠭ ᠢ ᠰᠡᠷᠭᠡᠶᠢᠯᠡᠨ ᠬᠤᠷᠢᠬᠯᠠᠬᠤ ᠪᠠ ᠵᠢᠷᠤᠮᠵᠢᠭᠤᠯᠤᠨ ᠬᠠᠮᠢᠶᠠᠷᠬᠤ ᠠᠵᠢᠯ ᠢ ᠦᠨᠡᠨ ᠬᠦ ᠴᠢᠩᠭᠠᠳᠬᠠᠬᠤ | ᠬᠡᠷᠡᠭᠲᠡᠶ᠃ ᠬᠢᠵᠢᠭ ᠤᠨ ᠪᠠᠶᠢᠳᠠᠯ ᠤᠨ ᠳᠤᠮᠳᠠ ᠵᠡᠷᠭᠡ ᠶᠢᠨ ᠠᠶᠤᠯ ᠲᠦᠭᠰᠢᠭᠦᠷᠢ ᠪᠠ ᠲᠦᠭᠰᠢᠭᠦᠷᠢ ᠶᠡᠬᠡᠲᠡᠶ ᠭᠠᠵᠠᠷ ᠣᠷᠣᠨ ᠨᠢ ᠰᠦᠯᠵᠢᠶᠡᠨ ᠭᠠᠳᠠᠨᠠᠬᠢ ᠰᠤᠷᠭᠠᠭᠤᠯᠢ ᠶᠢᠨ | ᠭᠠᠳᠠᠨᠠᠬᠢ ᠠᠯᠢᠪᠠ ᠪᠤᠯᠪᠠᠰᠤᠷᠠᠯ ᠤᠨᠠᠵᠢᠯᠯᠠᠭ᠎ᠠ ᠪᠠᠨ ᠡᠷᠬᠡᠪᠰᠢ ᠵᠣᠭᠰᠣᠭᠠᠬᠤ ᠬᠡᠷᠡᠭᠲᠡᠶ ᠭᠡᠵᠦ ᠱᠠᠭᠠᠷᠳᠠᠪᠠ᠃ | ᠰᠤᠷᠭᠠᠨ ᠬᠥᠮᠦᠵᠢᠯ ᠤᠨ ᠶᠠᠮᠤᠨ ᠠᠴᠠ᠂ ᠤᠢᠢᠷ᠎ᠠ ᠶᠢᠨ ᠬᠤᠭᠤᠴᠠᠭᠠᠨ ᠳᠤ᠂ ᠮᠠᠨ ᠤ ᠤᠯᠤᠰ ᠤᠨ ᠲᠤᠰ ᠭᠠᠵᠠᠷ ᠤᠨ ᠬᠢᠵᠢᠭ ᠤᠨ ᠪᠠᠶᠢᠳᠠᠯ ᠬᠡᠰᠡᠭ ᠪᠤᠰᠠᠭ ᠢᠶᠠᠷ | ᠡᠭᠦᠰᠬᠦ ᠪᠠ ᠬᠡᠰᠡᠭ ᠭᠠᠵᠠᠷ ᠲᠤ ᠴᠤᠬᠯᠠᠷᠠᠯ ᠤᠨ ᠴᠢᠨᠠᠷᠲᠠᠢ ᠬᠢᠵᠢᠭ ᠤᠨ ᠪᠠᠶᠢᠳᠠᠯ ᠰᠣᠯᠪᠢᠴᠠᠨ ᠳᠠᠪᠬᠤᠴᠠᠬᠤ ᠪᠠᠶᠢᠳᠠᠯ ᠢᠯᠡᠷᠡᠵᠦ᠂ ᠡᠭᠦᠨ ᠤ ᠳᠡᠭᠡᠷ᠎ᠡ ᠴᠠᠭᠠᠨ ᠰᠠᠷ᠎ᠠ᠂ | ᠡᠪᠦᠯ ᠤᠨ ᠠᠮᠠᠷᠠᠯᠲᠠ ᠬᠦᠷᠴᠦ ᠢᠷᠡᠭᠦ ᠭᠡᠵᠦ ᠪᠠᠶᠢᠭ᠎ᠠ ᠪᠤᠯᠬᠤᠷ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠲᠠᠯᠠᠪᠤᠷ ᠤᠨ ᠬᠢᠵᠢᠭ ᠢ ᠰᠡᠷᠭᠡᠶᠢᠯᠡᠨ ᠬᠤᠷᠢᠬᠯᠠᠬᠤ ᠪᠠᠶᠢᠳᠠᠯ | ᠬᠦᠨᠳᠦ ᠨᠣᠴᠢᠲᠠᠢ ᠨᠠᠷᠢᠨ ᠪᠤᠳᠤᠯᠢᠶᠠᠨᠲᠠᠢ ᠪᠠᠶᠢᠨ᠎ᠠ᠃ ᠰᠤᠷᠭᠠᠭᠤᠯᠢ ᠵᠢᠨᠭᠠᠳᠠᠨᠠᠬᠢ ᠪᠤᠯᠪᠠᠰᠤᠷᠠᠯ ᠡᠴᠠᠪᠣᠯᠵᠣ ᠬᠢᠵᠢᠭ ᠳᠡᠯᠭᠡᠷᠡᠬᠦ ᠵᠢᠰᠡᠷᠭᠡᠶᠢᠯᠡᠵᠦ᠂ | ᠡᠪᠦᠯ ᠤᠨᠠᠮᠠᠷᠠᠯᠲᠠ ᠵᠢᠨᠬᠤᠭᠤᠴᠠᠭᠠᠨ ᠳᠠᠬᠢ ᠰᠤᠷᠭᠠᠭᠤᠯᠢ ᠵᠢᠨᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠶᠢᠨ ᠬᠠᠮᠢᠶᠠᠷᠤᠯᠲᠠ ᠶᠢ ᠵᠢᠷᠤᠮᠵᠢᠭᠤᠯᠤᠨ᠂ ᠰᠤᠷᠤᠭᠴᠢᠳ ᠤᠨ | ᠬᠡᠲᠦ ᠬᠦᠨᠳᠦ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠳᠠᠷᠤᠭᠠᠰᠤ ᠶᠢ ᠬᠥᠩᠭᠡᠷᠡᠭᠦᠯᠬᠦ ᠶᠢᠨ ᠲᠥᠯᠥᠭᠡ᠂ ᠰᠤᠷᠭᠠᠨ ᠬᠥᠮᠦᠵᠢᠯ ᠤᠨ ᠶᠠᠮᠤᠨ ᠠᠴᠠ ᠳᠣᠤᠷᠠᠬᠢ ᠮᠡᠲᠦ | ᠰᠠᠨᠠᠭᠤᠯᠤᠮᠵᠢ ᠭᠠᠷᠭᠠᠪᠠ᠄ | ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠲᠤᠬᠠᠶ ᠶᠢᠨ ᠭᠠᠵᠠᠷ ᠤᠨᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠤᠨ ᠪᠠᠶᠢᠷᠢᠯᠠᠭᠤᠯᠤᠯᠲᠠ ᠪᠠ ᠱᠠᠭᠠᠷᠳᠠᠯᠭ᠎ᠠ ᠶᠢ ᠦᠨᠳᠦᠰᠦᠯᠡᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠲᠠᠢ ᠬᠠᠮᠲᠤᠷᠠᠨ ᠡᠪᠦᠯ ᠤᠨᠠᠮᠠᠷᠠᠯᠲᠠ ᠶᠢᠨ ᠬᠤᠭᠤᠴᠠᠭᠠᠨ ᠳᠠᠬᠢ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ | ᠲᠠᠯᠠᠪᠤᠷ ᠭᠠᠵᠠᠷ ᠲᠤ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠡᠷᠬᠡᠪᠰᠢ ᠬᠢᠵᠢᠭ ᠢ ᠰᠡᠷᠭᠡᠶᠢᠯᠡᠨᠬᠤᠷᠢᠬᠯᠠᠬᠤ ᠪᠠᠷᠢᠮᠵᠢᠶ᠎ᠠ ᠪᠠ ᠱᠠᠭᠠᠷᠳᠠᠯᠭ᠎ᠠ ᠶᠣᠰᠣᠭᠠᠷ | ᠴᠢᠩᠭ᠎ᠠ ᠬᠠᠮᠢᠶᠠᠷᠴᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠤᠯᠪᠠᠰᠤᠷᠠᠯ ᠤᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠳᠤᠮᠳᠠᠳᠤ ᠪᠠᠭ᠎ᠠ | ᠰᠤᠷᠭᠠᠭᠤᠯᠢ ᠵᠢᠨᠰᠤᠷᠤᠭᠴᠢᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠦᠨᠡᠨ ᠬᠦ ᠬᠠᠮᠠᠭᠠᠯᠠᠬᠤ ᠬᠡᠷᠡᠭᠲᠡᠶ᠃ ᠬᠢᠵᠢᠭ ᠤᠨ ᠪᠠᠶᠢᠳᠠᠯ ᠤᠨᠲ᠋ᠤᠮᠳᠠ ᠵᠡᠷᠭᠡ ᠶᠢᠨ | ᠠᠶᠤᠯ ᠲᠦᠭᠰᠢᠭᠦᠷᠢ ᠪᠠ ᠲᠦᠭᠰᠢᠭᠦᠷᠢ ᠶᠡᠬᠡᠲᠡᠶ ᠭᠠᠵᠠᠷ ᠣᠷᠣᠨ ᠨᠢ ᠰᠦᠯᠵᠢᠶᠡᠨ ᠭᠠᠳᠠᠨᠠᠬᠢ ᠰᠤᠷᠭᠠᠭᠤᠯᠢ ᠶᠢᠨ ᠭᠠᠳᠠᠨᠠᠬᠢ ᠠᠯᠢᠪᠠ ᠪᠤᠯᠪᠠᠰᠤᠷᠠᠯ ᠤᠨ ᠠᠵᠢᠯᠯᠠᠭ᠎ᠠ ᠪᠠᠨ | ᠡᠷᠬᠡᠪᠰᠢ ᠵᠣᠭᠰᠣᠭᠠᠬᠤ ᠬᠡᠷᠡᠭᠲᠡᠶ᠃ | ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠲᠤ | ᠬᠠᠨᠳᠤᠭᠤᠯᠤᠭᠰᠠᠨ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠪᠠᠶᠢᠭᠤᠯᠤᠮᠵᠢ ᠳᠤ ᠲᠤᠬᠠᠶ ᠶᠢᠨ ᠭᠠᠵᠠᠷ ᠤᠨ ᠬᠢᠵᠢᠭ ᠢ ᠰᠡᠷᠭᠡᠶᠢᠯᠡᠨ ᠬᠤᠷᠢᠬᠯᠠᠬᠤ ᠠᠵᠢᠯ ᠤᠨ | ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠬᠢᠵᠢᠭ ᠢ ᠰᠡᠷᠭᠡᠶᠢᠯᠡᠬᠦ ᠠᠵᠢᠯ ᠳᠤ ᠥᠨᠴᠥᠭ ᠪᠤᠯᠤᠩ ᠦᠯᠡᠳᠡᠭᠡᠬᠦ ᠥᠬᠡᠶ ᠪᠠᠶᠢᠬᠤ ᠶᠢ ᠦᠨᠡᠨ ᠬᠦ | ᠪᠠᠲᠤᠯᠠᠬᠤ ᠶᠢ ᠰᠠᠨᠠᠭᠤᠯᠬᠤ ᠬᠡᠷᠡᠭᠲᠡᠢ᠃ ᠡᠭᠦᠨ ᠤ ᠬᠠᠮᠲᠤ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠦᠢᠯᠡᠠᠵᠢᠯᠯᠠᠭ᠎ᠠ ᠶᠢ ᠵᠢᠷᠤᠮᠵᠢᠭᠤᠯᠵᠤ᠂ ᠪᠠᠷᠢᠮᠵᠢᠶ᠎ᠠ ᠠᠴᠠ | ᠬᠡᠲᠦᠷᠡᠭᠦᠯᠦᠨ ᠤᠷᠢᠳᠴᠢᠯᠠᠬᠰᠠᠨ ᠪᠤᠯᠪᠠᠰᠤᠷᠠᠯ ᠬᠢᠵᠦ ᠰᠣᠷᠣᠭᠴᠢᠳ ᠤᠨᠲ᠋ᠠᠷᠤᠭᠠᠰᠤ ᠶᠢ ᠬᠦᠨᠳᠦᠷᠡᠭᠦᠯᠵᠦ ᠪᠣᠯᠬᠤ ᠥᠬᠡᠶ᠂ 3 ᠰᠠᠷ᠎ᠠ ᠠᠴᠠ ᠲᠠᠪᠠᠭᠤᠯᠤᠬᠰᠠᠨ | ᠰᠦᠢᠳᠬᠡᠯ ᠢ ᠨᠢᠭᠡ ᠯᠡ ᠤᠳᠠᠭ᠎ᠠ ᠳᠤ ᠬᠤᠷᠢᠶᠠᠬᠤ ᠪᠤᠶᠤ ᠬᠡᠯᠪᠡᠷᠢ ᠶᠢ ᠨᠢ ᠥᠭᠡᠷᠡᠲᠦᠭᠦᠯᠦᠨ ᠬᠤᠷᠢᠶᠠᠵᠤ ᠰᠦᠢᠳᠬᠡᠯ ᠪᠤᠴᠠᠭᠠᠬᠤ ᠳᠤ ᠬᠦᠴᠢᠷᠲᠡᠶ ᠳᠠᠯᠳᠠ ᠬᠡᠮ ᠢ ᠪᠣᠶ | ᠪᠣᠯᠭᠠᠵᠤ᠂ ᠬᠡᠷ ᠪᠦᠯᠢ ᠶᠢᠨ ᠠᠵᠤ ᠠᠬᠤᠶ ᠶᠢᠨ ᠳᠠᠷᠤᠭᠠᠰᠤ ᠶᠢ ᠬᠦᠨᠳᠦᠷᠡᠭᠦᠯᠵᠦ ᠪᠣᠯᠬᠤ ᠥᠬᠡᠶ᠃ | ᠡᠯ᠎ᠡ ᠱᠠᠲᠤᠨ ᠤ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠬᠢᠨ ᠥᠷᠭᠡᠨ ᠣᠯᠠᠨᠰᠤᠷᠤᠭᠴᠢᠳ ᠤᠨ ᠭᠡᠷ ᠤᠨ ᠠᠬᠠᠮᠠᠳ ᠲᠤ | ᠰᠠᠨᠠᠭᠤᠯᠬᠤ ᠨᠢ᠂ ᠬᠡᠦᠬᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠶᠢ ᠲᠡᠷᠢᠭᠦᠨ ᠪᠠᠶᠢᠷᠢᠨ ᠳᠤ ᠲᠠᠯᠪᠢᠵᠤ᠂ ᠲᠤᠬᠠᠶ ᠶᠢᠨ ᠭᠠᠵᠠᠷ ᠤᠨ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠬᠢᠵᠢᠭ ᠰᠡᠷᠭᠡᠶᠢᠯᠡᠬᠦ ᠱᠠᠭᠠᠷᠳᠠᠯᠭ᠎ᠠ ᠶᠢ ᠠᠩᠬᠠᠷᠤᠨ᠂ ᠰᠤᠷᠭᠠᠭᠤᠯᠢ ᠶᠢᠨ ᠭᠠᠳᠠᠨᠠᠬᠢ ᠪᠤᠯᠪᠠᠰᠤᠷᠠᠯ ᠤᠨ ᠲᠠᠯᠠᠪᠤᠷ ᠤᠨ ᠬᠢᠵᠢᠭ ᠰᠡᠷᠭᠡᠶᠢᠯᠡᠬᠦ ᠠᠵᠢᠯ ᠳᠤ ᠬᠢᠨᠠᠯᠲᠠ | ᠲᠠᠯᠪᠢᠵᠤ᠂ ᠠᠮᠤᠷ ᠲᠦᠪᠰᠢᠨ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠬᠤ ᠬᠡᠷᠡᠭᠲᠡᠶ᠃ ᠰᠤᠷᠤᠭᠴᠢᠳ ᠤᠨ ᠭᠡᠷ ᠤᠨ ᠠᠬᠠᠮᠠᠳ ᠵᠥᠪ ᠰᠤᠷᠭᠠᠨ ᠬᠥᠮᠦᠵᠢᠯ ᠤᠨ | ᠦᠵᠡᠯᠲᠡ ᠪᠠ ᠴᠢᠳᠠᠪᠤᠷᠢᠲᠠᠨ ᠪᠣᠯᠬᠤ ᠦᠵᠡᠯᠲᠡ ᠶᠢ ᠪᠤᠢ ᠪᠣᠯᠭᠠᠵᠤ᠂ ᠬᠡᠲᠦᠷᠬᠡᠢ ᠳᠠᠷᠤᠯᠲᠠ ᠦᠵᠡᠭᠦᠯᠵᠦ ᠪᠣᠯᠬᠤ ᠦᠭᠡᠢ᠂ ᠬᠡᠦᠬᠡᠳ ᠤᠨ ᠡᠪᠦᠯ ᠤᠨ ᠠᠮᠠᠷᠠᠯᠲᠠ ᠶᠢᠨ | ᠰᠤᠷᠤᠯᠭ᠎ᠠ᠂ ᠠᠮᠢᠳᠤᠷᠠᠯ ᠪᠠ ᠪᠣᠯᠪᠠᠰᠤᠷᠠᠯ ᠢ ᠰᠢᠨᠵᠢᠯᠡᠬᠦ ᠤᠬᠠᠭᠠᠨᠴᠢ ᠪᠠᠷ ᠵᠣᠬᠢᠰᠲᠠᠢ ᠲᠤᠬᠢᠷᠠᠭᠤᠯᠵᠤ᠂ ᠬᠡᠦᠬᠡᠳ ᠢ ᠡᠪᠦᠯ ᠤᠨ ᠠᠮᠠᠷᠠᠯᠲᠠ ᠪᠠᠨ ᠠᠮᠤᠷ ᠲᠦᠪᠰᠢᠨ᠂ ᠪᠠᠶᠠᠷ | ᠬᠦᠷ ᠲᠠᠢ᠂ ᠬᠠᠯᠠᠭᠤᠨ ᠳᠤᠯᠠᠭᠠᠨ ᠥᠩᠭᠡᠷᠡᠭᠦᠯᠬᠦ ᠪᠤᠯᠭᠠᠬᠤ ᠬᠡᠷᠡᠭᠲᠡᠢ᠃ | |