ᠳᠠᠯᠠᠳ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠬᠢᠨ 2021 ᠣᠨ ᠤ ᠭᠠᠯ  ᠤᠨ ᠭᠠᠮᠰᠢᠭ ᠤᠨ ᠲᠦᠭᠰᠢᠭᠦᠷᠢ ᠶᠢ ᠰᠡᠷᠭᠡᠶᠢᠯᠡᠬᠦ ᠮᠡᠳᠡᠯᠭᠡ ᠶᠢᠨ ᠬᠥᠮᠦᠵᠢᠯ ᠤᠨ ᠲᠠᠶᠢᠯᠤᠮᠵᠢ ᠶᠢ ᠡᠷᠭᠢᠯᠡᠪᠡ
ᠨᠡᠶᠢᠲᠡᠯᠡᠭᠰᠡᠨ ᠴᠠᠭ᠄
2021/4/23
   ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠺᠠᠳ᠋ᠷ ᠠᠵᠢᠯᠲᠠᠨ ᠠᠵᠢᠯᠴᠢᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠤᠶᠢᠯᠠᠭᠠᠭᠳᠠᠬᠤᠨ ᠢ ᠤᠯᠠᠮ ᠨᠢᠭᠡ ᠠᠯᠬᠤᠮ ᠨᠡᠮᠡᠭᠳᠡᠭᠦᠯᠵᠦ᠂ ᠭᠠᠯ ᠰᠡᠷᠭᠡᠶᠢᠯᠡᠬᠦ ᠦᠵᠡᠯ ᠤᠬᠠᠮᠰᠠᠷ ᠢ ᠨᠢ ᠳᠡᠭᠡᠭᠰᠢᠯᠡᠭᠦᠯᠵᠦ᠂ ᠴᠢᠬᠤᠯᠠ ᠪᠦᠬᠦᠢ ᠭᠠᠯ ᠰᠡᠷᠭᠡᠶᠢᠯᠡᠬᠦ ᠠᠮᠤᠷ ᠲᠦᠪᠰᠢᠨ ᠤ ᠮᠡᠳᠡᠯᠭᠡ ᠪᠣᠯᠤᠨ ᠮᠡᠷᠭᠡᠵᠢᠯ ᠤᠨ ᠴᠢᠳᠠᠪᠤᠷᠢ ᠶᠢ ᠡᠵᠡᠮᠰᠢᠭᠦᠯᠵᠦ᠂ ᠡᠯ᠎ᠡ ᠵᠦᠢᠯ ᠤᠨ ᠭᠠᠯ ᠤᠨᠲᠠᠷᠠᠭᠠᠬᠤ ᠬᠡᠷᠡᠭᠰᠡᠯ ᠢ ᠬᠡᠷᠡᠭᠯᠡᠬᠦ ᠠᠷᠭ᠎ᠠ ᠶᠢ ᠰᠠᠶᠢᠨ ᠤᠶᠢᠯᠠᠭᠠᠭᠤᠯᠵᠤ᠂ ᠠᠮᠤᠷ ᠲᠦᠪᠰᠢᠨ ᠤ ᠠᠳᠡᠯ ᠭᠠᠷᠬᠤ ᠶᠢ ᠰᠡᠷᠭᠡᠶᠢᠯᠡᠵᠦ᠂ ᠠᠮᠢ ᠨᠠᠰᠤ᠂ ᠡᠳ᠋ ᠬᠥᠷᠥᠩᠭᠡ ᠶᠢᠨ ᠠᠮᠤᠷ ᠲᠦᠪᠰᠢᠨ ᠢ ᠦᠨᠡᠨ ᠬᠦ ᠪᠠᠲᠤᠯᠠᠬᠤ ᠶᠢᠨ ᠲᠥᠯᠥᠭᠡ᠂ 4 ᠳ᠋ᠦ᠋ᠭᠡᠷ ᠰᠠᠷ᠎ᠠ ᠶᠢᠨ 16 ᠤ ᠦᠳᠡ ᠶᠢᠨ ᠡᠮᠦᠨ᠎ᠡ᠂ ᠳᠠᠯᠠᠳ ᠬᠤᠰᠢᠭᠤᠨ ᠤ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ ᠶᠢᠨ ᠬᠢᠨ ︽2021 ᠣᠨ ᠤ ᠭᠠᠯ ᠤᠨ ᠭᠠᠮᠰᠢᠭ ᠤᠨ ᠲᠦᠭᠰᠢᠭᠦᠷᠢ ᠶᠢ ᠰᠡᠷᠭᠡᠶᠢᠯᠡᠵᠦ ᠰᠠᠶᠢᠨ ᠰᠠᠶᠢᠬᠠᠨ ᠬᠡᠷ ᠣᠷᠣᠨ ᠢᠶᠠᠨ ᠪᠥᠲᠥᠭᠡᠨ ᠪᠠᠶᠢᠭᠤᠯᠬᠤ ᠮᠡᠳᠡᠯᠭᠡ ᠶᠢᠨ ᠬᠥᠮᠦᠵᠢᠯ ᠤᠨ ᠲᠠᠶᠢᠯᠤᠮᠵᠢ ︾ ᠶᠢ ᠡᠷᠬᠢᠯᠡᠪᠡ᠃ ᠰᠢᠰᠲ᠋ᠧᠮ ᠤᠨ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠢ ᠶᠢᠨ ᠬᠢᠨ 50 ᠭᠠᠷᠤᠶ ᠺᠠᠳ᠋ᠷ ᠠᠵᠢᠯᠲᠠᠨ ᠠᠵᠢᠯᠴᠢᠨ ᠵᠢᠴᠢ ᠠᠶᠤᠯᠭᠦᠶ ᠦᠶᠯᠡᠳᠪᠦᠷᠢᠯᠡᠯ ᠤᠨ ᠠᠵᠢᠯ ᠢ ᠬᠠᠷᠢᠭᠤᠴᠠᠵᠤ ᠪᠠᠶᠢᠭ᠎ᠠ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠶᠢᠯᠤᠮᠵᠢ ᠳᠤ ᠣᠷᠣᠯᠴᠠᠪᠠ᠃    ᠲᠣᠰ ᠤᠳᠠᠭᠠᠨ ᠤ ᠲᠠᠶᠢᠯᠤᠮᠵᠢ ᠳᠤ ᠥᠪᠥᠷ ᠮᠣᠩᠭᠤᠯ ᠤᠨ ᠭᠠᠯ ᠤᠨᠲᠠᠷᠠᠭᠠᠬᠤ ᠠᠵᠢᠯ ᠲᠥᠷᠥᠯ ᠤᠨ ᠨᠡᠶᠢᠭᠡᠮᠯᠢᠭ ᠤᠨ ᠨᠢᠭᠡᠳᠦᠭᠡᠷ ᠳᠡᠰ ᠤᠨ ᠯᠧᠺᠲ᠋ᠣᠷ ᠯᠢᠦ ᠶᠦᠩ ᠰᠢᠩ ᠪᠠᠭᠰᠢ ᠶᠢ ᠤᠷᠢᠵᠤ᠂ ᠨᠢᠭᠡ ᠨᠢᠭᠡ ᠬᠥᠮᠦᠨ ᠢ ᠰᠣᠴᠢᠭᠠᠮ᠎ᠠ ᠬᠡᠷᠡᠭ ᠤᠨ ᠵᠢᠱᠢᠶ᠎ᠡ ᠪᠠᠷ ᠳᠠᠮᠵᠢᠭᠤᠯᠵᠤ᠂ ᠣᠯᠠᠨ ᠳᠤ ᠡᠳᠦᠷ ᠲᠤᠲᠤᠮ ᠤᠨ ᠠᠵᠢᠯ ᠠᠮᠢᠳᠤᠷᠠᠯ ᠳᠤᠮᠳᠠᠬᠢ ᠭᠠᠯ ᠰᠡᠷᠭᠡᠶᠢᠯᠡᠬᠦ ᠠᠮᠤᠷ ᠲᠦᠪᠰᠢᠨ ᠤ ᠴᠢᠬᠤᠯᠠ ᠴᠢᠨᠠᠷ ᠢ ᠲᠠᠶᠢᠯᠪᠤᠷᠢᠯᠠᠪᠠ᠃    ᠲᠣᠰ ᠤᠳᠠᠭᠠᠨ ᠤ ᠪᠣᠯᠪᠠᠰᠤᠷᠠᠯ ᠢᠶᠠᠷ ᠳᠠᠮᠵᠢᠭᠤᠯᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ᠠᠶᠤᠯᠭᠦᠶ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠠᠵᠢᠯᠲᠠᠨ ᠤ ᠭᠠᠯ ᠰᠡᠷᠭᠡᠶᠢᠯᠡᠬᠦ ᠠᠮᠤᠷ ᠲᠦᠪᠰᠢᠨ ᠤ ᠲᠤᠬᠠᠶᠢᠯᠠᠭᠰᠠᠨ ᠠᠵᠢᠯ ᠤᠨ ᠬᠢᠷᠢ ᠬᠡᠮᠵᠢᠶ᠎ᠡ ᠪᠣᠯᠤᠨ ᠭᠠᠯ ᠰᠡᠷᠭᠡᠶᠢᠯᠡᠬᠦ ᠠᠮᠤᠷ ᠲᠦᠪᠰᠢᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠭᠠᠯ ᠰᠡᠷᠭᠡᠶᠢᠯᠡᠬᠦ ᠠᠮᠤᠷ ᠲᠦᠪᠰᠢᠨ ᠤ ︽ᠳᠥᠷᠪᠡᠨ ᠴᠢᠳᠠᠪᠤᠷᠢ︾ ︽ᠭᠤᠷᠪᠠ ᠶᠢ ᠮᠡᠳᠡᠬᠦ︾ ︽ᠳᠥᠷᠪᠡ ᠶᠢ ᠴᠢᠳᠠᠬᠤ︾ ᠶᠢ ᠪᠣᠯᠪᠠᠰᠤᠷᠠᠩᠭᠤᠶ ᠡᠵᠡᠮᠰᠢᠵᠦ᠂ ᠡᠳᠦᠷ ᠲᠤᠲᠤᠮ ᠤᠨ ᠠᠵᠢᠯ ᠳᠤᠮᠳᠠ ᠭᠠᠯ ᠰᠡᠷᠭᠡᠶᠢᠯᠡᠬᠦ ᠪᠠᠶᠢᠴᠠᠭᠠᠯᠲᠠ ᠪᠠ ᠰᠡᠷᠭᠡᠶᠢᠯᠡᠯᠲᠡ ᠶᠢ ᠬᠡᠷᠬᠢᠨ ᠰᠠᠶᠢᠲᠤᠷ ᠬᠢᠬᠦ ᠶᠢ ᠣᠶᠢᠯᠠᠭᠠᠵᠤ᠂ ᠭᠠᠯ ᠤᠨ ᠭᠠᠮᠰᠢᠭ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠴᠢᠳᠠᠪᠤᠷᠢ ᠪᠣᠯᠤᠨ ᠥᠪᠡᠷ ᠢ ᠪᠠᠨ‌‍ᠰᠡᠷᠭᠡᠶᠢᠯᠡᠵᠦ᠂ ᠥᠪᠡᠷ ᠢ ᠪᠠᠨ ᠠᠪᠤᠷᠠᠬᠤ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠵᠦ᠂ ᠭᠠᠯ ᠤᠨ ᠭᠠᠮᠰᠢᠭ ᠠᠴᠠ ᠪᠣᠯᠤᠭᠰᠠᠨ ᠡᠳ᠋ ᠬᠥᠷᠥᠩᠭᠡ ᠶᠢᠨ ᠬᠤᠬᠢᠷᠠᠯ ᠪᠠ ᠪᠡᠶ᠎ᠡ ᠮᠠᠬᠠᠪᠤᠳ ᠤᠨ ᠭᠡᠮᠲᠦᠯ ᠢ ᠪᠠᠭᠠᠰᠬᠠᠵᠤ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠰᠢᠰᠲ᠋ᠧᠮ ᠤᠨ ︽ᠪᠥᠬᠦ ᠠᠷᠠᠳ ᠢᠶᠠᠷ ᠢᠶᠠᠨ ᠭᠠᠯ ᠰᠡᠷᠭᠡᠶᠢᠯᠡᠬᠦ︾ ᠰᠠᠶᠢᠨ ᠰᠠᠶᠢᠬᠠᠨ ᠤᠷᠴᠢᠨ ᠪᠠᠶᠢᠳᠠᠯ ᠢ ᠤᠯᠠᠮ ᠨᠢᠭᠡ ᠠᠯᠬᠤᠮ ᠡᠭᠦᠳᠦᠨ ᠪᠠᠶᠢᠭᠤᠯᠪᠠ᠃    
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ