4 ᠰᠠᠷ᠎ᠠ ᠶᠢᠨ23 ᠤ ᠡᠳᠦᠷ᠂ ᠬᠤᠰᠢᠭᠤ ᠨᠠᠮ ᠤᠨ ᠬᠤᠷᠢᠶ᠎ᠠ ᠶᠢᠨ ᠱᠦᠵᠢ ᠰᠤᠶᠤᠯᠳᠤ ᠳᠠᠯᠠᠳ ᠬᠤᠰᠢᠭᠤᠨ ᠤ ᠨᠠᠮ ᠤᠨ ᠬᠤᠷᠢᠶᠠᠨ ᠤ ᠠᠷᠪᠠᠨ ᠳᠠᠪᠤᠳᠤᠭᠠᠷ | ᠬᠤᠭᠤᠴᠠᠭᠠᠨ ᠤ176 ᠳ᠋ᠤᠭᠠᠷ ᠤᠳᠠᠭᠠᠨ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠬᠢᠯᠡᠨ ᠬᠤᠷᠠᠯᠳᠤᠭᠤᠯᠵᠠᠢ᠃ | ᠬᠤᠷᠠᠯ ᠠᠴᠠ《 ᠳᠠᠯᠠᠳ ᠬᠤᠰᠢᠭᠤᠨ ᠤ“ ᠺᠠᠳ᠋ᠷ ᠤᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠬᠦᠯᠬᠦ”ᠢᠨᠵᠧᠨᠧᠷᠢᠩ ᠤᠨ ᠬᠡᠷᠡᠭᠵᠢᠭᠦᠯᠬᠦ ᠳᠦᠰᠦᠯ》 ᠢ ᠬᠢᠨᠠᠨ | ᠵᠦᠪᠯᠡᠵᠡᠢ᠃ | ᠰᠤᠶᠤᠯᠳᠤ ᠴᠢᠬᠤᠯᠠᠴᠢᠯᠠᠭᠰᠠᠨ ᠨᠢ ᠂ ᠺᠠᠳ᠋ᠷ ᠤᠨ ᠬᠡᠪ ᠴᠢᠨᠠᠷ ᠴᠢᠳᠠᠪᠤᠷᠢ ᠶᠢ ᠳᠡᠭᠡᠭᠰᠢᠯᠡᠬᠦᠯᠬᠦ ᠢᠨᠵᠧᠨᠧᠷᠢᠩ ᠢ ᠬᠡᠷᠡᠭᠵᠢᠭᠦᠯᠬᠦ ᠳᠤ ᠤᠯᠤᠰ ᠳᠦᠷᠦ ᠶᠢᠨ ᠬᠡᠪ | ᠴᠢᠨᠠᠷ ᠢ ᠳᠡᠭᠡᠭᠰᠢᠯᠡᠬᠦᠯᠬᠦ᠂ ᠴᠠᠭ ᠦᠶ᠎ᠡ ᠶᠢᠨ ᠳᠠᠪᠰᠢᠯᠳᠡ ᠳᠤ ᠵᠤᠬᠢᠴᠠᠬᠤ ᠲᠠᠯ᠎ᠠ ᠠᠴᠠ ᠪᠤᠳᠤᠯᠬᠢᠯᠠᠨ᠂ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ | ᠬᠦᠴᠦᠯᠡᠨ ᠬᠥᠮᠦᠵᠢᠭᠦᠯᠬᠦ ᠪᠠ ᠪᠣᠶ ᠪᠣᠯᠭᠠᠵᠤ᠂ ᠪᠥᠬᠦ ᠬᠤᠰᠢᠭᠤᠨ ᠤ ᠨᠡᠶᠢᠭᠡᠮ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠳᠤ ᠪᠠᠲᠤ ᠴᠢᠩᠭ᠎ᠠ | ᠴᠢᠳᠠᠪᠤᠷᠢᠲᠠᠨ ᠤ ᠪᠠᠲᠤᠯᠠᠭ᠎ᠠ ᠬᠠᠩᠭᠠᠬᠤ ᠬᠡᠷᠡᠭᠲᠡᠶ᠃ ᠺᠠᠳ᠋ᠷᠴᠤᠳ ᠤᠨ ᠰᠤᠷᠤᠯᠴᠠᠬᠤ ᠴᠢᠳᠠᠪᠤᠷᠢ ᠶᠢ ᠳᠡᠭᠡᠭᠰᠢᠯᠡᠭᠦᠯᠦᠨ᠂ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠪᠣᠯᠤᠨ ᠺᠠᠳ᠋ᠷᠴᠤᠳ ᠤᠨ ᠬᠡᠪ ᠴᠢᠨᠠᠷ ᠴᠢᠳᠠᠪᠤᠷᠢ ᠶᠢᠨ ᠳᠡᠭᠡᠭᠰᠢᠯᠡᠯᠲᠡ ᠶᠢ ᠪᠦᠲᠦᠮᠵᠢᠲᠡᠢ ᠤᠶᠠᠯᠳᠤᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ | ᠬᠥᠮᠦᠵᠢᠯ ᠢ ᠡᠳᠦᠷ ᠳᠤᠳᠤᠮ ᠤᠨ ᠠᠮᠢᠳᠤᠷᠠᠯ ᠳᠤ ᠠᠭᠤᠰᠬᠠᠵᠤ᠂ ᠺᠠᠳ᠋ᠷ ᠤᠨ ᠡᠩᠨᠡᠭᠡᠨ ᠤ ᠤᠨᠤᠯ ᠤᠨ ᠰᠤᠷᠤᠯᠴᠠᠯᠭ᠎ᠠ ᠶᠢ ᠲᠠᠰᠤᠷᠠᠯᠲᠠ ᠦᠭᠡᠢ ᠴᠢᠩᠭᠠᠳᠬᠠᠨ᠂ | ᠰᠤᠷᠤᠯᠴᠠᠬᠤ ᠳᠤ ᠰᠡᠳᠬᠢᠮᠵᠢ ᠲᠠᠢ᠂ ᠰᠤᠷᠤᠯᠴᠠᠬᠤ ᠳᠤ ᠤᠬᠠᠮᠰᠠᠷ ᠲᠠᠢ᠂ ᠰᠤᠷᠤᠯᠴᠠᠬᠤ ᠳᠤ ᠣᠯᠤᠯᠲᠠ ᠲᠠᠢ ᠪᠠᠶᠢᠬᠤ ᠶᠢ ᠪᠡᠶᠡᠯᠡᠭᠦᠯᠵᠦ᠂ ᠣᠷᠣᠰᠢᠵᠤ ᠪᠠᠶᠢᠭ᠎ᠠ | ᠳᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠬᠡᠷᠡᠭᠲᠡᠢ᠃ ᠺᠠᠳ᠋ᠷᠴᠤᠳ ᠤᠨ ᠤᠯᠠᠨ ᠲᠦᠮᠡᠨ ᠳᠤ ᠦᠢᠯᠡᠴᠢᠯᠡᠬᠦ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ | ᠂ ᠲᠦᠷᠦ ᠶᠢᠨ ᠪᠤᠳᠤᠯᠭ᠎ᠠ ᠤᠨᠤᠯ ᠤᠨ ᠤᠬᠠᠭᠤᠯᠭ᠎ᠠ ᠶᠢ ᠲᠠᠰᠤᠷᠠᠯᠲᠠ ᠦᠭᠡᠢ ᠴᠢᠩᠭᠠᠳᠬᠠᠵᠤ᠂ ᠠᠷᠠᠳ ᠤᠯᠠᠨ ᠤ ᠠᠮᠤᠷ ᠲᠦᠪᠰᠢᠨ ᠠᠶᠤᠯ ᠲᠦᠭᠰᠢᠭᠦᠷᠢ ᠬᠦᠴᠢᠷ | ᠵᠣᠪᠠᠭᠤᠷᠢ ᠶᠢ ᠴᠠᠭ ᠢᠮᠠᠭᠲᠠ ᠰᠡᠳᠬᠢᠯ ᠳᠡᠭᠡᠨ ᠪᠤᠳᠤᠵᠤ᠂ ᠠᠷᠠᠳ ᠤᠯᠠᠨ ᠤ ᠠᠵᠢᠯ ᠢ ᠰᠠᠶᠢᠲᠤᠷ ᠬᠢᠬᠦ ᠴᠢᠳᠠᠪᠤᠷᠢ ᠶᠢᠨ ᠲᠦᠪᠰᠢᠨ ᠢ ᠬᠦᠴᠦᠯᠡᠨ ᠳᠡᠭᠡᠭᠰᠢᠯᠡᠭᠦᠯᠵᠦ᠂ | ᠠᠷᠠᠳ ᠤᠯᠠᠨ ᠳᠤ ᠦᠨᠡᠨ ᠬᠦ ᠪᠣᠳᠠᠲᠤ ᠶᠠᠪᠤᠳᠠᠯ ᠬᠢᠵᠦ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ᠃ ᠺᠠᠳ᠋ᠷᠴᠤᠳ ᠤᠨ ᠰᠢᠨ᠎ᠡ ᠶᠢ ᠡᠭᠦᠳᠬᠦ | ᠴᠢᠳᠠᠪᠤᠷᠢ ᠶᠢ ᠳᠡᠭᠡᠭᠰᠢᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ᠂ | ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠡᠷᠭᠡ ᠭᠤᠤᠯᠳᠠᠯᠭ᠎ᠠ ᠲᠠᠢ ᠠᠵᠢᠯ ᠲᠠᠢ ᠤᠶᠠᠯᠳᠤᠭᠤᠯᠤᠨ᠂ ᠰᠡᠳᠬᠢᠬᠦᠶ ᠶᠢᠨ ᠠᠷᠭ᠎ᠠ ᠮᠠᠶ᠋ᠢᠭ ᠪᠠ | ᠠᠵᠢᠯ ᠤᠨ ᠰᠤᠷᠲᠠᠯ ᠢᠶᠠᠨ ᠲᠠᠰᠤᠷᠠᠯᠲᠠ ᠥᠬᠡᠶ ᠬᠤᠪᠢᠷᠠᠭᠤᠯᠤᠨ᠂ ᠠᠵᠢᠯ ᠤᠨ ᠣᠶᠢᠯᠠᠭᠠᠭᠳᠠᠬᠤᠨ ᠪᠠ ᠠᠷᠭ᠎ᠠ ᠬᠡᠮᠵᠢᠶ᠎ᠡ ᠪᠠᠨ ᠰᠢᠨ᠎ᠡ ᠪᠠᠷ ᠡᠭᠦᠳᠴᠦ᠂ ᠪᠥᠬᠦ | ᠬᠤᠰᠢᠭᠤᠨ ᠤ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢ ᠰᠢᠨ᠎ᠡ ᠴᠠᠭ ᠦᠶ᠎ᠡ ᠳᠤ ᠵᠣᠬᠢᠴᠠᠭᠤᠯᠤᠨ᠂ ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠨ᠂ ᠰᠢᠨ᠎ᠡ | ᠵᠢᠳᠬᠦᠯ ᠴᠢᠷᠮᠠᠶᠢᠯᠭ᠎ᠠ ᠭᠠᠷᠭᠠᠬᠤ ᠶᠢ ᠤᠷᠳᠤ ᠬᠤᠭᠤᠴᠠᠭ᠎ᠠ ᠪᠠᠷ ᠳᠥᠯᠭᠢᠨ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠳᠤ ᠪᠠᠲᠤ ᠴᠢᠩᠭ᠎ᠠ ᠪᠠᠲᠤᠯᠠᠭ᠎ᠠ ᠬᠠᠩᠭᠠᠬᠤ ᠬᠡᠷᠡᠭᠳᠡᠢ ᠭᠡᠵᠡᠢ᠃ | ᠬᠤᠷᠠᠯ ᠠᠴᠠ ᠪᠠᠰᠠ ᠰᠤᠮᠤ ᠪᠠᠯᠭᠠᠰᠤᠨ ᠤ ᠨᠠᠮ ᠤᠨ ᠭᠡᠰᠢᠭᠦᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤ ᠨᠠᠮ ᠤᠨ ᠬᠤᠷᠢᠶᠠᠨ ᠤ ᠬᠤᠭᠤᠴᠠᠭ᠎ᠠ | ᠰᠣᠯᠢᠬᠤ ᠠᠵᠢᠯ ᠤᠨ ᠬᠠᠮᠢᠶ᠎ᠠ ᠪᠥᠬᠦᠶ ᠤᠴᠢᠷ ᠶᠠᠪᠤᠳᠠᠯ ᠤᠳ ᠢ ᠬᠢᠨᠠᠨ ᠵᠥᠪᠯᠡᠵᠡᠶ᠃ | |