ᠲᠠᠯᠠᠳ ᠬᠤᠰᠢᠭᠤᠨ ᠤ ᠵᠠᠰᠠᠮᠠᠯ ᠵᠠᠮ ᠤᠨ ᠬᠠᠮᠢᠶᠠᠷᠤᠯᠳᠠ ᠶᠢᠨ ᠠᠵᠢᠯ ᠤᠨ ᠲᠤᠭᠤᠷᠢᠭ ᠭᠠᠯ ᠰᠡᠷᠭᠡᠶᠢᠯᠡᠵᠤ ᠤᠨᠳᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠪᠤᠯᠪᠠᠰᠤᠷᠠᠯ ᠭᠢᠪᠡ
ᠨᠡᠶᠢᠲᠡᠯᠡᠭᠰᠡᠨ ᠴᠠᠭ᠄
2021/4/29
      ᠤᠢᠢᠷ᠎ᠠ ᠳᠤ᠂ ᠲᠠᠯᠠᠳ ᠬᠤᠰᠢᠭᠤᠨ ᠤ ᠵᠠᠰᠠᠮᠠᠯ ᠵᠠᠮ ᠤᠨ ᠬᠠᠮᠢᠶᠠᠷᠤᠯᠳᠠ ᠶᠢᠨ ᠠᠵᠢᠯ ᠤᠨ ᠲᠤᠭᠤᠷᠢᠭ ᠨᠢ ᠪᠦᠭᠦ ᠠᠵᠢᠯᠳᠠᠨ ᠳᠠᠭᠠᠨ ᠭᠠᠯ ᠰᠡᠷᠭᠡᠶᠢᠯᠡᠵᠤ ᠤᠨᠳᠠᠷᠠᠭᠠᠬᠤ ᠠᠮᠤᠷ ᠲᠦᠪᠰᠢᠨ ᠤ ᠮᠡᠳᠡᠯᠭᠡ ᠶᠢᠨ ᠪᠤᠯᠪᠠᠰᠤᠷᠠᠯ ᠭᠢᠪᠡ᠃       ᠪᠤᠯᠪᠠᠰᠤᠷᠠᠯ ᠳᠤ ᠲᠤᠰᠬᠠᠢ ᠮᠡᠷᠭᠡᠵᠢᠯᠳᠠᠨ ᠢ ᠤᠷᠢᠵᠤ ︽ᠭᠦᠮᠦᠨ ᠪᠦᠭᠦᠨ ᠭᠠᠯ ᠰᠡᠷᠭᠡᠶᠢᠯᠡᠵᠤ ᠤᠨᠳᠠᠷᠠᠭᠠᠬᠤ ᠮᠡᠳᠡᠯᠭᠡ ᠶᠢ ᠰᠤᠷᠤᠯᠴᠠᠨ᠂ ᠭᠦᠮᠦᠨ ᠪᠦᠭᠦᠨ ᠭᠠᠯ ᠰᠡᠷᠭᠡᠶᠢᠯᠡᠵᠤ ᠤᠨᠳᠠᠷᠠᠭᠠᠬᠤ ᠶᠢ ᠤᠢᠢᠯᠠᠭᠠᠬᠤ᠂ ᠭᠦᠮᠦᠨ ᠪᠦᠭᠦᠨ ᠭᠠᠯ ᠰᠡᠷᠭᠡᠶᠢᠯᠡᠵᠤ ᠤᠨᠳᠠᠷᠠᠭᠠᠵᠤ ᠴᠢᠳᠠᠬᠤ︾ ᠭᠤᠤᠯ ᠰᠡᠳᠦᠪ ᠤᠨ ᠲᠤᠭᠤᠷᠢᠨ ᠳᠤ᠂ ᠪᠤᠳᠠᠳᠤ ᠠᠮᠢᠳᠤᠷᠠᠯ ᠤᠨ ᠲᠤᠮᠳᠡᠭᠢ ᠨᠡᠶᠢᠳᠡᠯᠢᠭ ᠵᠢᠱᠢᠶ᠎ᠠ ᠶᠢ ᠠᠰᠢᠬᠯᠠᠨ ᠤᠨᠤᠯ ᠤᠨ ᠲᠠᠶᠢᠯᠤᠮᠵᠢ ᠭᠢᠭᠦ ᠲᠠᠢ ᠤᠶᠠᠯᠳᠤᠭᠤᠯᠵᠤ ᠪᠠᠶᠢᠭᠠᠳ ᠭᠡᠷ ᠲᠡᠭᠡᠨ ᠪᠠᠶᠢᠬᠤ ᠦᠶ᠎ᠠ᠂ ᠠᠶᠠᠨ ᠵᠠᠮ ᠳᠤ ᠶᠠᠪᠤᠬᠤ ᠦᠶ᠎ᠠ᠂ ᠭᠠᠳᠠᠬᠰᠢ ᠭᠠᠷᠴᠦ ᠠᠯᠪᠠᠯᠠᠬᠤ ᠦᠶ᠎ᠠ ᠵᠡᠷᠭᠡ ᠠᠮᠢᠳᠤᠷᠠᠯ ᠤᠨ ᠨᠠᠷᠢᠨ ᠭᠤᠬᠴᠤᠭ᠎ᠠ ᠠᠴᠠ ᠭᠠᠷᠳᠠᠨ ᠭᠠᠯ ᠰᠡᠷᠭᠡᠶᠢᠯᠡᠵᠤ ᠤᠨᠳᠠᠷᠠᠭᠠᠬᠤ ᠡᠳᠦᠷ ᠲᠤᠳᠤᠮ ᠤᠨ ᠪᠠᠶᠢᠴᠠᠭᠠᠯᠳᠠ ᠭᠢᠭᠦ᠂ ᠭᠠᠯ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠭᠠᠬᠤ ᠪᠠ ᠤᠷᠢᠳᠴᠢᠯᠠᠨ ᠰᠡᠷᠭᠡᠶᠢᠯᠡᠭᠦ᠂ ᠵᠠᠶᠢᠳᠠᠵᠤ ᠲᠤᠳᠠᠭᠠᠬᠤ ᠵᠡᠷᠭᠡ ᠦᠨᠳᠦᠰᠦᠨ ᠮᠡᠳᠡᠯᠭᠡ᠂ ᠭᠠᠯ ᠰᠡᠷᠭᠡᠶᠢᠯᠡᠵᠤ ᠤᠨᠳᠠᠷᠠᠭᠠᠬᠤ ᠲᠤᠨᠤᠭ ᠲᠦᠭᠦᠭᠡᠷᠤᠮᠵᠢ ᠶᠢ ᠭᠡᠷᠡᠭᠯᠡᠭᠦ ᠵᠡᠷᠭᠡ ᠠᠰᠠᠭᠤᠳᠠᠯ ᠤᠨ ᠲᠤᠬᠠᠢ ᠨᠠᠷᠢᠨ ᠭᠦᠨᠵᠡᠭᠡᠢ ᠲᠠᠶᠢᠯᠤᠮᠵᠢ ᠭᠢᠵᠤ᠂ ᠠᠵᠢᠯᠳᠠᠳ ᠤᠨ ᠭᠠᠯ ᠰᠡᠷᠭᠡᠶᠢᠯᠡᠵᠤ ᠤᠨᠳᠠᠷᠠᠭᠠᠬᠤ ᠠᠮᠤᠷ ᠲᠦᠪᠰᠢᠨ ᠤ ᠮᠡᠳᠡᠯᠭᠡ ᠶᠢ ᠴᠢᠨᠠᠬᠰᠢᠳᠠ ᠲᠡᠭᠡᠭᠰᠢᠯᠡᠭᠦᠯᠪᠡ᠃  
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ