ᠵᠤᠤ ᠵᠢᠶᠦ᠋ᠨ ᠪᠠᠯᠭᠠᠰᠤ ᠰᠢᠨ᠎ᠠ ᠲᠦᠷᠰᠦ ᠪᠠᠶᠢᠳᠠᠯ ᠢ ᠪᠤᠢ ᠪᠤᠯᠭᠠᠨ᠎ᠠ
ᠨᠡᠶᠢᠲᠡᠯᠡᠭᠰᠡᠨ ᠴᠠᠭ᠄
2021/5/19
    ᠳᠠᠯᠠᠳ ᠬᠤᠰᠢᠭᠤᠨ ᠤ ᠵᠣᠣ ᠵᠢᠶᠦ᠋ᠨ ᠪᠠᠯᠭᠠᠰᠤ ᠵᠠᠩᠭᠢᠯᠠᠭ᠎ᠠ ᠶᠢᠨ ᠬᠡᠰᠡᠭ ᠲᠤ ᠠᠩᠬᠠᠷᠤᠯ ᠢᠶᠠᠨ ᠲᠥᠪᠯᠡᠷᠡᠭᠦᠯᠵᠦ᠂ ᠪᠠᠭᠤᠷᠠᠶ ᠭᠤᠭᠴᠤᠭ᠎ᠠ ᠶᠢ ᠴᠢᠩᠭ᠎ᠠ ᠠᠳᠬᠤᠨ᠂ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ᠂ ᠲᠥᠷᠥᠯ ᠬᠤᠪᠢᠶᠠᠨ ᠲᠥᠷᠥ ᠶᠢᠨ ᠪᠣᠳᠣᠯᠭ᠎ᠠ ᠬᠡᠷᠡᠭᠵᠢᠭᠦᠯᠬᠦ ᠶᠢ ᠪᠠᠷᠢᠮᠲᠠᠯᠠᠵᠤ᠂ ᠬᠥᠳᠡᠭᠡ ᠲᠣᠰᠬᠤᠨ ᠤ ᠣᠷᠴᠢᠨ ᠲᠤᠭᠤᠷᠢᠨ ᠤ ᠴᠡᠭᠴᠡᠯᠡᠨ ᠵᠠᠰᠠᠯᠲᠠ ᠶᠢ ᠯᠠᠪᠳᠠᠭᠤᠨ ᠪᠠᠲᠤᠲᠠᠶ ᠠᠬᠢᠭᠤᠯᠤᠭᠠᠳ ︽ᠠᠭᠤᠷ ᠠᠮᠢᠰᠬᠤᠯ ᠰᠢᠨ᠎ᠡ ᠰᠤᠷᠭᠤᠭ᠂ ᠣᠷᠴᠢᠨ ᠲᠣᠭᠤᠷᠢᠨ ᠭᠤᠶᠣ ᠦᠵᠡᠰᠭᠦᠯᠠᠩ᠂ ᠢᠷᠡᠭᠡᠳᠦᠶ ᠰᠠᠶᠢᠨ ᠰᠠᠶᠢᠬᠠᠨ︾ ᠰᠢᠨ᠎ᠡ ᠪᠠᠶᠢᠳᠠᠯ ᠢ ᠪᠤᠢ ᠪᠤᠯᠭᠠᠪᠠ᠃        ᠬᠦᠮᠦᠨ ᠠᠷᠠᠳ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠠᠬᠢᠭᠤᠯᠬᠤ ᠲᠠᠯ᠎ᠠ ᠪᠠᠷ᠂ ᠲᠤᠰ ᠪᠠᠯᠭᠠᠰᠤ ︽ᠵᠤᠤ ᠵᠢᠶᠦ᠋ᠨ ᠪᠠᠯᠭᠠᠰᠤ ᠶᠢᠨ 2021 ᠣᠨ ᠤ ᠭᠦᠮᠦᠨ ᠠᠷᠠᠳ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠲᠥᠰᠦᠯ︾ ᠢ ᠰᠤᠳᠤᠯᠤᠨ ᠲᠣᠭᠲᠠᠭᠠᠵᠠᠢ᠃ ︽ᠣᠷᠣᠨ ᠪᠦᠰᠡ ᠶᠢ ᠲᠣᠭᠲᠠᠭᠠᠬᠤ᠂ ᠵᠠᠮ ᠱᠤᠭᠤᠮ ᠢ ᠲᠣᠭᠲᠠᠭᠠᠬᠤ᠂ ᠴᠠᠭ ᠢ ᠲᠣᠭᠲᠠᠭᠠᠬᠤ᠂ ᠠᠵᠢᠯᠲᠠᠨ ᠢ ᠲᠣᠭᠲᠠᠭᠠᠬᠤ︾ ᠱᠠᠭᠠᠷᠳᠠᠯᠭ᠎ᠠ ᠶᠣᠰᠣᠭᠠᠷ᠂ ᠬᠦᠮᠦᠨ ᠠᠷᠠᠳ ᠤᠨ ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯᠯᠠᠭ᠎ᠠ ᠶᠢ ᠨᠠᠮ ᠤᠨ ᠭᠡᠰᠢᠭᠦᠨ ᠤ ᠠᠵᠢᠯ ᠤᠨ ᠪᠠᠶᠢᠷᠢ ᠳᠣᠭᠢᠷᠠᠭᠤᠯᠤᠨ ᠬᠠᠷᠢᠭᠤᠴᠠᠯᠭ᠎ᠠ ᠲᠣᠭᠲᠠᠭᠠᠬᠤ ᠲᠠᠢ ᠣᠷᠭᠠᠨᠢᠭ ᠢᠶᠠᠷ ᠤᠶᠠᠯᠳᠤᠭᠤᠯᠵᠤ᠂ ︽ᠨᠠᠮ ᠤᠨ ᠪᠠᠶᠢᠭᠤᠯᠤᠯᠲᠠ + ᠣᠷᠣᠰᠢᠨ ᠠᠮᠢᠳᠤᠷᠠᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ︾ ᠤᠨᠴᠠᠯᠢᠭ ᠢ ᠲᠤᠪᠤᠶᠢᠯᠭᠠᠬᠰᠠᠨ ᠪᠠᠶᠢᠨ᠎ᠠ᠃ ︽ᠡᠮᠡᠭᠲᠡᠢ ᠰᠠᠶᠢᠨ ᠲᠤᠷᠠᠴᠤᠤᠯ︾ ᠤᠨ ᠠᠵᠢᠯᠯᠠᠭ᠎ᠠ ᠶᠢ ᠥᠷᠨᠢᠭᠦᠯᠵᠦ᠂ ᠡᠮᠡᠭᠲᠡᠶᠢᠴᠦᠳ ᠢᠶᠠᠷ ᠬᠡᠷ ᠪᠦᠯᠢ ᠶᠢ ᠳᠠᠶᠢᠴᠢᠯᠠᠨ᠂ ᠬᠡᠷ ᠪᠦᠯᠢ ᠪᠠᠷ ᠲᠣᠰᠬᠤᠨ ᠢ ᠳᠠᠶᠢᠴᠢᠯᠠᠵᠤ᠂ ︽ᠪᠥᠬᠦ ᠠᠷᠠᠳ ᠢᠶᠠᠷ ᠢᠶᠠᠨ ᠣᠷᠣᠯᠴᠠᠬᠤ᠂ ᠪᠥᠬᠦ ᠠᠷᠠᠳ ᠢᠶᠠᠷ ᠢᠶᠠᠨ ᠪᠠᠯᠠ ᠣᠷᠣᠭᠤᠯᠬᠤ᠂ ᠪᠥᠬᠦ ᠠᠷᠠᠳ ᠢᠶᠠᠷ ᠢᠶᠠᠨ ᠬᠠᠮᠢᠶᠠᠷᠤᠨ ᠬᠠᠮᠠᠭᠠᠯᠠᠬᠤ︾ ᠰᠢᠨ᠎ᠡ ᠪᠠᠶᠢᠳᠠᠯ ᠢ ᠪᠣᠶ ᠪᠣᠯᠭᠠᠪᠠ᠃ ᠨᠠᠮ ᠤᠨ ᠭᠡᠰᠢᠭᠦᠨ ᠤ ᠲᠠᠭᠤᠷᠢᠶᠠᠯ ᠦᠵᠡᠭᠦᠯᠵᠦ ᠳᠠᠶᠢᠴᠢᠯᠠᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠨᠠᠮ ᠤᠨ ᠭᠡᠰᠢᠭᠦᠨ ᠲᠦᠷᠦᠭᠦᠯᠡᠨ ᠬᠢᠬᠦ᠂ ᠤᠯᠠᠨ ᠲᠦᠮᠡᠨ ᠠᠳᠠᠯᠢᠳᠬᠠᠨ ᠠᠵᠢᠯᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠠ᠃ ᠣᠲᠣᠬᠠᠨ ᠪᠣᠯᠲᠠᠯ᠎ᠠ᠂ ᠵᠣᠣ ᠵᠢᠶᠦ᠋ᠨ ᠪᠠᠯᠭᠠᠰᠤ ᠨᠢ ᠪᠠᠯᠭᠠᠰᠤ ᠲᠣᠰᠬᠤᠨ ᠬᠤᠶᠠᠷ ᠱᠠᠲᠤᠨ ᠤ ᠺᠠᠳ᠋ᠷ ᠣᠯᠠᠨ ᠲᠦᠮᠡᠨ ᠢ ᠳᠠᠶᠢᠴᠢᠯᠠᠨ 8 ᠤᠳᠠᠭᠠᠨ ᠤ ᠲᠤᠰᠬᠠᠶ ᠠᠵᠢᠯᠯᠠᠭ᠎ᠠ ᠥᠷᠨᠢᠭᠦᠯᠵᠦ᠂ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ 4000 ᠭᠠᠷᠤᠶ ᠬᠥᠮᠦᠨ ᠤᠳᠠᠭ᠎ᠠ ᠳᠠᠶᠢᠴᠢᠯᠠᠭᠰᠠᠨ ᠪᠠᠶᠢᠨ᠎ᠠ᠃ ᠥᠷᠭᠡᠨ ᠤᠯᠠᠨ ᠨᠠᠮ ᠤᠨ ᠭᠡᠰᠢᠭᠦᠨ ᠬᠤᠰᠢᠭᠤᠴᠢ ᠵᠢᠱᠢᠶᠡᠴᠢ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠦᠷᠦᠭᠦᠴᠢ᠂ ᠰᠠᠨᠠᠭᠠᠴᠢᠯᠠᠭᠴᠢ᠂ ᠲᠠᠭᠠᠭᠤᠯᠤᠭᠴᠢ ᠪᠣᠯᠬᠤ ᠪᠠᠷ ᠴᠢᠷᠮᠠᠶᠢᠵᠤ᠂ ᠦᠵᠡᠰᠬᠦᠯᠡᠩᠲᠦ ᠰᠠᠶᠢᠬᠠᠨ᠂ ᠪᠣᠯᠪᠠᠰᠤᠨ᠂ ᠴᠡᠪᠡᠷ ᠴᠡᠮᠴᠡᠭᠡᠷ᠂ ᠡᠮᠬᠢ ᠳᠢᠭᠯᠢᠮ ᠲᠠᠢ ᠰᠢᠨ᠎ᠡ ᠭᠡᠷ ᠣᠷᠣᠨ ᠢ ᠪᠦᠳᠦᠭᠡᠨ ᠪᠠᠶᠢᠭᠤᠯᠬᠤ ᠳᠤ ᠬᠦᠴᠦᠨ ᠴᠢᠳᠠᠯ ᠢᠶᠠᠨ ᠡᠷᠭᠦᠭᠰᠡᠨ ᠪᠠᠶᠢᠨ᠎ᠠ᠃  ︽ᠤᠳᠤ ᠳᠤᠷ᠎ᠠ ᠪᠠᠷ ᠢᠶᠠᠨ ᠬᠤᠭ ᠨᠣᠪᠰᠢ ᠬᠠᠶᠠᠬᠤ ᠦᠵᠡᠭᠳᠡᠯ ᠲᠣᠩ ᠴᠥᠭᠡᠨ ᠬᠠᠷᠠᠭᠳᠠᠬᠤ ᠪᠣᠯᠵᠤ᠂ ᠲᠣᠰᠬᠤᠨ ᠤ ᠣᠷᠴᠢᠨ ᠲᠤᠭᠤᠷᠢᠨ ᠴᠡᠪᠡᠷ ᠴᠡᠮᠴᠡᠭᠡᠷ ᠪᠤᠯᠤᠭᠠᠳ᠂ ᠲᠣᠰᠬᠤᠨ ᠤ ᠠᠷᠠᠳ ᠤᠨ ᠰᠡᠳᠬᠢᠯ ᠰᠠᠨᠠᠭ᠎ᠠ ᠴᠤ ᠤᠯᠠᠮ ᠠᠭᠤᠵᠢᠷᠠᠵᠠᠶ︾ ᠭᠡᠵᠦ ᠡᠯ ᠭᠸᠦ ᠸᠠᠨ ᠲᠣᠰᠬᠤᠨ ᠤ ᠠᠷᠠᠳ ᠯᠢᠦ ᠭᠦᠸᠧ ᠴᠢᠶᠠᠩ ᠶᠠᠷᠢᠨ᠎ᠠ᠃ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠢᠩᠭ᠎ᠠ ᠠᠳᠬᠤᠬᠤ ᠶᠠᠪᠤᠴᠠ ᠳᠤ᠂ ᠵᠤᠤ ᠵᠢᠶᠦ᠋ᠨ ᠪᠠᠯᠭᠠᠰᠤ ᠨᠡᠶᠢᠳᠡ 40 ᠶᠡᠭᠡ ᠬᠤᠬ ᠤᠨ ᠰᠡᠪᠡ ᠲᠤᠬᠢᠷᠠᠭᠤᠯᠵᠤ᠂ ᠲᠦᠷᠦᠯ ᠬᠤᠪᠢᠶᠠᠭᠰᠠᠨ 300 ᠬᠤᠭ ᠤᠨ ᠬᠠᠶᠢᠷᠴᠠᠭ ᠭᠠᠷᠭᠠᠨ᠂ ᠬᠤᠭ ᠨᠣᠪᠰᠢ ᠪᠤᠯᠠᠬᠤ 1 ᠲᠠᠯᠠᠪᠠᠢ ᠶᠢ ᠥᠷᠭᠡᠳᠬᠡᠨ ᠪᠠᠶᠢᠭᠤᠯᠵᠤ᠂ ᠬᠤᠭ ᠨᠣᠪᠰᠢ ᠪᠤᠯᠠᠬᠤ 1 ᠲᠠᠯᠠᠪᠠᠢ ᠶᠢ ᠰᠢᠨ᠎ᠡ ᠪᠠᠷ ᠪᠠᠶᠢᠭᠤᠯᠤᠨ᠂ ᠬᠥᠳᠡᠭᠡ ᠲᠣᠰᠬᠤᠨ ᠤ ᠠᠮᠢᠳᠤᠷᠠᠯ ᠤᠨ ᠬᠤᠭ ᠨᠣᠪᠰᠢ ᠶᠢ ᠪᠦᠬᠦᠨ ᠢ ᠬᠤᠣᠷ ᠦᠭᠡᠶᠢᠳᠡᠭᠦᠯᠦᠨ ᠰᠢᠢᠳᠪᠦᠷᠢᠯᠡᠪᠡ᠃ ᠲᠣᠭᠲᠠᠭᠠᠯ ᠠᠴᠠ ᠵᠥᠷᠢᠴᠡᠵᠤ ᠪᠠᠷᠢᠭᠰᠠᠨ 8 ᠭᠠᠵᠠᠷ ᠢ ᠨᠤᠷᠠᠭᠠᠵᠤ᠂ ᠨᠤᠷᠠᠬᠤ ᠠᠶᠤᠯᠲᠠᠶ 7 ᠬᠠᠭᠤᠴᠢᠨ ᠭᠡᠷ ᠪᠠᠶᠢᠰᠢᠩ ᠢ ᠴᠡᠪᠡᠷᠯᠡᠨ᠂ ᠬᠥᠳᠡᠭᠡ ᠲᠣᠰᠬᠤᠨ ᠤ ᠤᠷᠴᠢᠨ ᠲᠤᠭᠤᠷᠢᠨ ᠢ ᠪᠦᠭᠦ ᠲᠠᠯ᠎ᠠ ᠪᠠᠷ ᠴᠡᠭᠴᠡᠯᠡᠨ ᠵᠠᠰᠠᠪᠠ᠃ ᠬᠥᠳᠡᠭᠡ ᠲᠣᠰᠬᠤᠨ ᠤ ᠬᠤᠣᠷ ᠦᠭᠡᠶᠢᠳᠡᠭᠦᠯᠦᠭᠰᠡᠨ ᠡᠷᠡᠭᠦᠯ ᠬᠠᠮᠠᠭᠠᠯᠠᠯ ᠤᠨ ᠵᠣᠷᠯᠣᠩ ᠤᠨ ᠪᠠᠶᠢᠭᠤᠯᠤᠯᠲᠠ ᠪᠠ ᠥᠭᠡᠷᠡᠴᠢᠯᠡᠯᠲᠡ ᠶᠢ ᠪᠦᠬᠦ ᠲᠠᠯ᠎ᠠ ᠪᠠᠷ ᠠᠬᠢᠭᠤᠯᠵᠤ᠂ ᠪᠡᠷᠢᠮᠵᠢᠶᠡᠵᠢᠭᠤᠯᠤᠨ ᠪᠠᠶᠢᠭᠤᠯᠬᠤ ᠶᠢ ᠶᠡᠭᠡ ᠪᠠᠷ ᠳᠡᠯᠭᠡᠷᠡᠭᠦᠯᠦᠨ᠂ ᠡᠷᠦᠬᠡ ᠶᠢᠨ ᠵᠣᠷᠯᠣᠩ ᠢ ᠥᠭᠡᠷᠡᠴᠢᠯᠡᠬᠦ ᠶᠢ ᠵᠢᠷᠤᠮᠵᠢᠭᠤᠯᠪᠠ᠃ ᠣᠲᠣᠬᠠᠨ ᠪᠣᠯᠲᠠᠯ᠎ᠠ᠂ ᠵᠣᠣ ᠵᠢᠶᠦ᠋ᠨ ᠪᠠᠯᠭᠠᠰᠤ ᠨᠡᠶᠢᠲᠡ 2653 ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠵᠤ᠂ ᠡᠨᠡ ᠨᠢ ᠪᠠᠶᠢᠩᠭᠤ ᠰᠠᠭᠤᠭ᠎ᠠ ᠡᠷᠦᠬᠡ ᠶᠢᠨ 62% ᠢ ᠡᠵᠡᠯᠡᠪᠡ᠃    
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ