ᠲᠠᠯᠠᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶ᠎ᠠ᠄ ᠤᠬᠠᠭᠤᠯᠭ᠎ᠠ ᠬᠦᠮᠦᠵᠢᠯ ᠤᠨ ᠠᠵᠢᠯᠯᠠᠭ᠎ᠠ ᠦᠷᠨᠢᠬᠦᠯᠦᠨ ᠰᠢᠨᠵᠢᠯᠡᠬᠦ ᠤᠬᠠᠭᠠᠨᠴᠢ ᠪᠠᠷ ᠥᠮᠡᠨ ᠢ ᠰᠡᠷᠭᠡᠶᠢᠯᠡᠨ᠎ᠠ
ᠨᠡᠶᠢᠲᠡᠯᠡᠭᠰᠡᠨ ᠴᠠᠭ᠄
2021/5/19
 

    ᠲᠦᠷᠦᠬᠦᠬᠡᠨ 27 ᠳ᠋ᠤᠭᠠᠷ ᠬᠤᠭᠤᠴᠠᠭᠠᠨ ᠤ ᠪᠦᠬᠦ ᠤᠯᠤᠰ ᠤᠨ ᠬᠠᠪᠤᠳᠠᠷᠳᠤ ᠡᠪᠡᠳᠴᠢᠨ ᠢ ᠰᠡᠷᠭᠡᠶᠢᠯᠡᠨ ᠵᠠᠰᠠᠬᠤ ᠤᠬᠠᠭᠤᠯᠭ᠎ᠠ ᠶᠢᠨ ᠭᠠᠷᠠᠭ ᠬᠦᠷᠴᠦ ᠢᠷᠡᠬᠦ

ᠲᠠᠰᠢᠷᠠᠮ ᠢᠶᠠᠷ ᠲᠠᠯᠠᠳ ᠬᠤᠰᠢᠭᠤᠨ ᠤ ᠠᠷᠠᠳ ᠤᠨ ᠡᠮᠨᠡᠯᠭᠡ ᠶᠢᠨ ᠬᠤᠷᠢᠶᠠᠨ ᠤ ᠬᠠᠪᠤᠳᠠᠷ ᠤᠨ ᠴᠢᠰᠤᠨ ᠤ ᠰᠠᠯᠠᠭ᠎ᠠ ᠶᠢᠨ ᠬᠢᠨ ︽ᠡᠷᠡᠭᠦᠯ ᠡ᠊ᠩᠬᠡ ᠳᠤᠮᠳᠠᠳᠤ

ᠤᠯᠤᠰ ᠡᠷᠡᠭᠦᠯ ᠡ᠊ᠩᠬᠡ ᠭᠡᠷ ᠪᠦᠯᠢ — ᠠᠮᠢ ᠨᠠᠰᠤ ᠪᠠᠨ ᠬᠠᠶᠢᠷᠠᠯᠠᠨ ᠬᠠᠯᠠᠮᠵᠢᠯᠠᠵᠤ ᠰᠢᠨᠵᠢᠯᠡᠬᠦ ᠤᠬᠠᠭᠠᠨᠴᠢ ᠪᠠᠷ ᠥᠮᠡᠨ ᠢ ᠰᠡᠷᠭᠡᠶᠢᠯᠡᠬᠦ︾ ᠭᠤᠤᠯ ᠰᠡᠳᠦᠪ ᠤᠨ

ᠲᠤᠭᠤᠷᠢᠨ ᠳᠤ ᠡᠷᠡᠭᠦᠯ ᠮᠡᠨᠳᠦ ᠶᠢᠨ ᠤᠬᠠᠭᠤᠯᠭ᠎ᠠ ᠬᠥᠮᠦᠵᠢᠯ ᠵᠢᠴᠢ ᠠᠯᠪᠠᠨ ᠵᠢᠷᠤᠮ ᠤᠨ ᠡᠮᠴᠢᠯᠡᠭᠡᠨ ᠤ ᠠᠵᠢᠯᠯᠠᠭ᠎ᠠ ᠥᠷᠨᠢᠭᠦᠯᠪᠡ᠃

     ᠣᠶᠢᠷ᠎ᠠ ᠶᠢᠨ ᠵᠢᠯ ᠤᠳ ᠲᠤ ᠬᠠᠪᠤᠳᠠᠷᠳᠤ ᠡᠪᠡᠳᠴᠢᠨ ᠳᠤ ᠨᠡᠷᠪᠡᠭᠳᠡᠬᠦ ᠨᠣᠷᠮ᠎ᠠ ᠵᠢᠯ ᠳᠠᠷᠠᠭᠠᠯᠠᠨ ᠳᠡᠭᠡᠭᠰᠢᠯᠡᠵᠦ᠂ ᠥᠮᠡᠨ ᠡᠪᠡᠳᠴᠢᠨ ᠨᠢ ᠨᠢᠭᠡᠨᠲᠡ ᠰᠠᠭᠤᠭᠠᠯᠢ

ᠠᠷᠠᠳ ᠤᠨ ᠡᠷᠡᠭᠦᠯ ᠮᠡᠨᠳᠦ ᠶᠢ ᠬᠦᠨᠳᠦ ᠨᠣᠴᠢᠲᠠᠶ ᠰᠦᠷᠳᠡᠭᠦᠯᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠠᠰᠠᠭᠤᠳᠠᠯ ᠪᠣᠯᠵᠡᠢ᠃ ᠮᠠᠰᠢ ᠣᠯᠠᠨ ᠬᠥᠮᠦᠨ

ᠥᠮᠡᠨ ᠢ ᠶᠠᠷᠢᠪᠠᠯ ᠦᠪᠡᠷ ᠤᠨ ᠡᠷᠬᠡ ᠦᠬᠡᠢ ᠴᠢᠷᠠᠢ ᠨᠢ ᠬᠤᠪᠢᠷᠠᠨ ᠠᠶᠤᠳᠠᠭ ᠪᠣᠯᠪᠠᠴᠤ ᠥᠮᠡᠨ ᠢ ᠬᠡᠷᠬᠢᠨ ᠰᠡᠷᠭᠡᠶᠢᠯᠡᠬᠦ᠂ ᠥᠮᠡᠨ ᠳᠤ ᠨᠡᠷᠪᠡᠭᠳᠡᠬᠦ ᠲᠦᠭᠰᠢᠭᠦᠷᠢ ᠶᠢ

ᠬᠡᠷᠬᠢᠨ ᠪᠠᠭᠠᠰᠬᠠᠬᠤ ᠲᠤᠬᠠᠶ ᠬᠠᠷᠢᠨ ᠶᠠᠭᠤ ᠴᠤ ᠮᠡᠳᠡᠬᠦ ᠥᠬᠡᠶ ᠪᠠᠶᠢᠳᠠᠭ᠃ ᠲᠤᠰ ᠤᠳᠠᠭᠠᠨ ᠤ ᠤᠬᠠᠭᠤᠯᠭ᠎ᠠ ᠶᠢᠨ ᠠᠵᠢᠯᠯᠠᠭ᠎ᠠ ᠨᠢ ᠲᠠᠯᠠᠳ ᠬᠤᠰᠢᠭᠤᠨ ᠤ

ᠠᠷᠠᠳ ᠤᠨ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠶᠡᠭᠡ ᠲᠢᠩᠬᠢᠮ ᠳᠤ ᠡᠮᠬᠢ ᠵᠢᠷᠤᠮ ᠲᠠᠢ ᠶᠠᠪᠤᠭᠳᠠᠵᠤ᠂ ᠮᠠᠰᠢ ᠣᠯᠠᠨ ᠡᠪᠡᠳᠴᠢᠲᠡᠨ ᠵᠢᠴᠢ ᠬᠡᠷ

ᠪᠦᠯᠢ ᠶᠢᠨ ᠬᠢᠨ ᠤᠷᠤᠯᠴᠠᠵᠠᠢ᠃

    ᠬᠠᠪᠤᠳᠠᠷ ᠤᠨ ᠴᠢᠰᠤᠨ ᠤ ᠰᠠᠯᠠᠭᠠᠨ ᠤ ᠡᠮᠴᠢ ᠰᠤᠪᠢᠯᠠᠭᠴᠢᠳ ᠠᠴᠠ ᠠᠰᠠᠭᠤᠨ ᠯᠠᠪᠯᠠᠬᠤ ᠪᠠᠷ ᠢᠷᠡᠭᠰᠡᠨ ᠡᠪᠡᠳᠴᠢᠲᠡᠨ ᠵᠢᠴᠢ ᠲᠡᠲᠡᠨ ᠤ ᠭᠡᠷ

ᠪᠦᠯᠢ ᠶᠢᠨ ᠬᠢᠨ ᠳᠤ ᠮᠠᠳᠠᠭ ᠲᠠᠢ ᠠᠰᠠᠭᠤᠳᠠᠯ ᠢ ᠨᠢ ᠲᠠᠶᠢᠯᠵᠤ᠂ ᠴᠢᠰᠤᠨ ᠳᠠᠷᠤᠯᠲᠠ᠂ ᠴᠢᠰᠤᠨ ᠰᠢᠬᠢᠷ ᠢ ᠨᠢ ᠬᠡᠮᠵᠢᠵᠦ᠂ ᠥᠮᠡᠨ ᠢ ᠰᠡᠷᠭᠡᠶᠢᠯᠡᠬᠦ ᠤᠬᠠᠭᠤᠯᠭ᠎ᠠ ᠶᠢᠨ

ᠮᠠᠲ᠋ᠧᠷᠢᠶᠠᠯ ᠲᠠᠷᠬᠠᠭᠠᠨ ᠵᠢᠵᠢᠭ ᠪᠡᠯᠡᠭ ᠬᠦᠷᠬᠡᠵᠡᠢ᠃ ᠪᠠᠰᠠ ᠸᠢᠳᠢᠣ᠋ ᠨᠡᠪᠲᠡᠷᠡᠭᠦᠯᠬᠦ᠂ ᠵᠢᠷᠭᠢ᠊ ᠡᠶ᠎ᠡ ᠶᠢᠨ ᠤᠯᠠᠨ ᠨᠡᠶᠢᠲᠡ ᠶᠢᠨ ᠲᠠᠪᠴᠠᠩ ᠳᠤ ᠵᠣᠬᠢᠶᠠᠯ ᠨᠡᠶᠢᠲᠡᠯᠡᠬᠦ

ᠵᠡᠷᠭᠡ ᠬᠡᠯᠪᠡᠷᠢ ᠪᠠᠷ ᠡᠷᠡᠭᠦᠯ ᠮᠡᠨᠳᠦ ᠶᠢᠨ ᠤᠬᠠᠭᠤᠯᠭ᠎ᠠ ᠬᠢᠵᠦ᠂ ᠢᠳᠡᠭᠡᠨ ᠤᠮᠳᠠᠭᠠᠨ ᠢᠶᠠᠨ ᠲᠡᠩᠴᠡᠭᠦᠷᠢᠲᠡᠢ ᠪᠠᠶᠢᠯᠭᠠᠬᠤ᠂ ᠵᠣᠬᠢᠬᠤ ᠬᠡᠮᠵᠢᠶᠡᠨ ᠤ ᠬᠥᠳᠡᠯᠭᠡᠭᠡᠨ ᠬᠢᠬᠦ

᠂ ᠰᠢᠨᠵᠢᠯᠡᠬᠦ ᠤᠬᠠᠭᠠᠨᠴᠢ ᠪᠠᠷ ᠮᠠᠷᠢᠶ᠎ᠠ ᠰᠢᠭᠤᠷᠠᠭᠤᠯᠬᠤ᠂ ᠲᠠᠮᠠᠬᠢ ᠶᠢ ᠵᠣᠭᠰᠣᠭᠠᠵᠤ ᠠᠷᠢᠬᠢ ᠶᠢ ᠬᠡᠮᠵᠢᠶ᠎ᠡ ᠲᠠᠢ ᠤᠤᠭᠤᠬᠤ᠂ ᠵᠢᠮ᠎ᠡ ᠶᠣᠰᠣ ᠲᠠᠢ ᠪᠠᠷ ᠠᠵᠢᠯᠯᠠᠵᠤ

ᠠᠮᠠᠷᠠᠬᠤ ᠪᠠᠷ ᠳᠠᠮᠵᠢᠨ ᠰᠢᠨᠵᠢᠯᠡᠬᠦ ᠤᠬᠠᠭᠠᠨᠴᠢ ᠪᠠᠷ ᠥᠮᠡᠨ ᠢ ᠰᠡᠷᠭᠡᠶᠢᠯᠡᠬᠦ ᠶᠢ ᠰᠠᠨᠠᠭᠠᠴᠢᠯᠠᠭᠰᠠᠨ ᠪᠠᠶᠢᠨ᠎ᠠ᠃ ᠡᠭᠦᠨ ᠤ ᠬᠠᠮᠲᠤ᠂ ᠲᠣᠰ ᠡᠮᠨᠡᠯᠭᠡ ᠶᠢᠨ ᠬᠤᠷᠢᠶ᠎ᠠ

ᠪᠠᠰᠠ ᠬᠠᠪᠤᠳᠠᠷᠳᠤ ᠡᠪᠡᠳᠴᠢᠨ ᠳᠤ ᠨᠡᠷᠪᠡᠭᠳᠡᠭᠰᠡᠳ ᠲᠤ ᠬᠦᠴᠢᠷ ᠵᠣᠪᠠᠭᠤᠷᠢ ᠶᠢ ᠨᠢ ᠰᠢᠶ᠋ᠳᠪᠦᠷᠢᠯᠡᠨ ᠥᠭᠴᠦ᠂ ︽ᠨᠢᠭᠡ ᠯᠡ ᠥᠷᠲᠡᠭᠡᠨ ᠤ ᠮᠠᠶ᠋ᠢᠭ︾  ᠤᠨ

ᠦᠢᠯᠡᠴᠢᠯᠡᠭᠡ ᠬᠠᠩᠭᠠᠵᠤ᠂ ᠡᠪᠡᠳᠴᠢᠲᠡᠨ ᠳᠤ ᠬᠠᠮᠤᠭ ᠤᠨ ᠣᠬᠤᠷ ᠬᠤᠭᠤᠴᠠᠭᠠᠨ ᠳᠤ ᠬᠠᠮᠤᠭ ᠤᠨ ᠰᠠᠶᠢᠨ ᠣᠨᠣᠰᠢᠯᠠᠨ ᠡᠮᠨᠡᠬᠦ ᠲᠥᠰᠦᠯ ᠢ ᠭᠠᠷᠭᠠᠨ ᠦᠭᠴᠡᠢ᠃  

   ᠠᠯᠪᠠᠨ ᠵᠢᠷᠤᠮ ᠤᠨ ᠡᠮᠴᠢᠯᠡᠭᠡ ᠳᠠᠭᠤᠰᠤᠭᠰᠠᠨ ᠤ ᠳᠠᠷᠠᠭ᠎ᠠ᠂ ᠬᠠᠪᠤᠳᠠᠷ ᠤᠨ ᠴᠢᠰᠤᠨ ᠤ ᠰᠠᠯᠠᠭᠠᠨ ᠤ ᠡᠮᠴᠢ ᠰᠤᠪᠢᠯᠠᠭᠴᠢᠳ ᠪᠠᠰᠠ ᠡᠮᠨᠡᠯᠭᠡ ᠳᠤ ᠰᠠᠭᠤᠵᠤ

ᠪᠠᠶᠢᠭ᠎ᠠ ᠡᠪᠡᠳᠴᠢᠲᠡᠨ ᠵᠢᠴᠢ ᠭᠡᠷ ᠪᠦᠯᠢ ᠶᠢᠨ ᠬᠢᠨ ᠳᠤ ᠬᠠᠪᠤᠳᠠᠷᠳᠤ ᠡᠪᠡᠳᠴᠢᠨ ᠳᠤ ᠨᠡᠷᠪᠡᠭᠳᠡᠭᠰᠡᠳ ᠤᠨ ᠢᠳᠡᠭᠡᠨ ᠤᠮᠳᠠᠭᠠᠨ ᠤ ᠰᠢᠮ᠎ᠡ ᠲᠡᠵᠢᠭᠡᠯ ᠵᠢᠴᠢ

ᠰᠡᠳᠬᠢᠴᠡ ᠶᠢᠨ ᠰᠤᠪᠢᠯᠠᠯᠲᠠ ᠨᠢ ᠥᠮᠡᠨ ᠢ ᠡᠰᠡᠷᠭᠦᠴᠡᠬᠦ ᠶᠠᠪᠤᠴᠠ ᠳᠤ ᠴᠢᠬᠤᠯᠠ ᠤᠢᠢᠯᠡᠳᠦᠯ ᠲᠠᠢ ᠪᠠᠶᠢᠳᠠᠭ ᠮᠦᠷᠲᠡᠭᠡᠨ ᠬᠡᠷ ᠤᠨ ᠬᠥᠮᠦᠰ ᠤᠨ ᠳᠡᠮᠵᠢᠯᠭᠡ ᠪᠠ

ᠵᠣᠷᠢᠭᠵᠢᠭᠤᠯᠤᠯ ᠵᠢᠴᠢ ᠡᠪᠡᠳᠴᠢᠲᠡᠨ ᠤ ᠪᠠᠶᠠᠰᠤᠩᠭᠤᠶ ᠢᠳᠡᠪᠬᠢᠲᠡᠶ ᠠᠮᠢᠳᠤᠷᠠᠯ ᠤᠨ ᠣᠪᠣᠷ ᠪᠤᠯ ᠥᠮᠡᠨ ᠢ ᠡᠰᠡᠷᠭᠦᠴᠡᠬᠦ ᠪᠠᠶᠢᠯᠳᠤᠭᠠᠨ ᠤ ᠳᠤᠲᠠᠭᠳᠠᠵᠤ ᠪᠣᠯᠤᠰᠢ

ᠥᠬᠡᠶ ᠬᠤᠷᠴᠠ ᠵᠡᠪᠰᠡᠭ ᠮᠥᠨ᠂ ᠭᠡᠷ ᠪᠦᠯᠢ ᠶᠢᠨ ᠪᠦᠷᠢᠯᠳᠦᠬᠦᠨ ᠨᠢᠭᠡ ᠪᠦᠷᠢ ᠬᠥᠳᠡᠯᠦᠯᠴᠡᠨ᠂ ᠬᠠᠮᠲᠤ ᠪᠠᠷ ᠥᠮᠡᠨ ᠢ ᠰᠡᠷᠭᠡᠶᠢᠯᠡᠨ ᠥᠮᠡᠨ ᠢ ᠡᠰᠡᠷᠭᠦᠴᠡᠵᠦ᠂

ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠮᠠᠶ᠋ᠢᠭ ᠢ ᠪᠣᠶ ᠪᠣᠯᠭᠠᠨ᠂ ᠰᠢᠨᠵᠢᠯᠡᠬᠦ ᠤᠬᠠᠭᠠᠨᠴᠢ ᠪᠠᠷ ᠥᠮᠡᠨ ᠢ ᠡᠰᠡᠷᠭᠦᠴᠡᠬᠦ ᠬᠡᠷᠡᠭᠳᠡᠢ ᠭᠡᠵᠦ ᠶᠠᠷᠢᠵᠦ ᠥᠭᠴᠡᠶ᠃  

    ᠲᠡᠯᠡᠭᠡᠢ ᠶᠢᠨ ᠡᠷᠡᠬᠦᠯ ᠬᠠᠮᠠᠭᠠᠯᠡᠯ ᠤᠨ ᠵᠤᠬᠢᠶᠡᠠ ᠪᠠᠶᠢᠭᠤᠯᠦᠯᠳᠠ ᠠᠴᠠ᠄ ︽ᠭᠤᠷᠪᠠᠨ ᠤ ᠨᠢᠭᠡ ᠬᠤᠪᠢ ᠶᠢᠨ ᠥᠮᠡᠨ ᠢ ᠪᠦᠷᠢᠮᠦᠰᠦᠨ ᠰᠡᠷᠭᠡᠶᠢᠯᠡᠵᠦ ᠪᠣᠯᠤᠨ᠎ᠠ᠂

ᠭᠤᠷᠪᠠᠨ ᠤ ᠨᠢᠭᠡ ᠬᠤᠪᠢ ᠶᠢᠨ ᠥᠮᠡᠨ ᠢ ᠡᠷᠲᠡ ᠢᠯᠡᠷᠡᠭᠦᠯᠬᠦ ᠪᠠᠷ ᠳᠡᠮᠵᠢᠨ ᠦᠨᠳᠦᠰᠦᠨ ᠠᠴᠠ ᠨᠢ ᠵᠠᠰᠠᠵᠤ ᠪᠣᠯᠤᠨ᠎ᠠ᠂ ᠭᠤᠷᠪᠠᠨ ᠤ ᠨᠢᠭᠡ ᠬᠤᠪᠢ ᠶᠢᠨ ᠥᠮᠡᠨ ᠢ

ᠣᠲᠣ ᠦᠶ᠎ᠡ ᠶᠢᠨ ᠡᠮᠴᠢᠯᠡᠭᠡᠨ ᠤ ᠠᠷᠭ᠎ᠠ ᠬᠡᠮᠵᠢᠶ᠎ᠡ ᠪᠠᠷ ᠲᠠᠮᠵᠢᠨ ᠠᠮᠢ ᠨᠠᠰᠤ ᠶᠢ ᠨᠢ ᠤᠷᠲᠤᠳᠬᠠᠵᠤ᠂ ᠵᠣᠪᠠᠭᠤᠷᠢ ᠵᠦᠳᠡᠭᠦᠷᠢ ᠶᠢ ᠨᠢ ᠬᠥᠩᠭᠡᠷᠡᠭᠦᠯᠦᠨ᠂

ᠠᠮᠢᠳᠤᠷᠠᠯ ᠤᠨ ᠴᠢᠨᠠᠷ ᠴᠢᠨᠰᠠᠭ᠎ᠠ ᠶᠢ ᠨᠢ ᠰᠠᠶᠢᠵᠢᠷᠠᠭᠤᠯᠵᠤ ᠪᠣᠯᠤᠨ᠎ᠠ︾ ᠬᠡᠵᠦ ᠲᠤᠷᠠᠳᠤᠨ ᠭᠠᠷᠭᠠᠭᠰᠠᠨ ᠪᠠᠶᠢᠳᠠᠭ᠃ ᠡᠮᠴᠢ ᠰᠤᠪᠢᠯᠠᠭᠴᠢᠳ ᠠᠴᠠ ᠴᠦ᠄ ︽

ᠠᠮᠢᠳᠤᠷᠠᠯ ᠤᠨ ᠠᠷᠭ᠎ᠠ ᠮᠠᠶ᠋ᠢᠭ ᠠᠴᠠ ᠪᠠᠨ ᠭᠠᠷᠳᠠᠵᠤ᠂ ᠢᠳᠡᠪᠬᠢᠲᠡᠶ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ ᠨᠢ ᠥᠮᠡᠨ ᠡᠪᠡᠳᠴᠢᠨ ᠠᠴᠠ ᠬᠤᠯᠠᠳᠠᠬᠤ ᠳᠤ ᠠᠰᠢᠭᠲᠠᠶ

᠂ ︿ᠡᠷᠲᠡ ᠢᠯᠡᠷᠡᠭᠦᠯᠵᠦ᠂ ᠡᠷᠲᠡ ᠣᠨᠣᠰᠢᠯᠠᠵᠤ᠂ ᠡᠷᠲᠡ ᠡᠮᠨᠡᠬᠦ﹀ ᠵᠥᠪ ᠤᠢᠢᠯᠠᠭᠠᠭᠳᠠᠬᠤᠨ ᠢ ᠪᠤᠶ ᠪᠣᠯᠭᠠᠵᠤ᠂ ᠠᠮᠢ ᠨᠠᠰᠤ ᠪᠠᠨ ᠬᠠᠶᠢᠷᠠᠯᠠᠨ ᠬᠠᠯᠠᠮᠵᠢᠯᠠᠵᠤ᠂

ᠥᠮᠡᠨ ᠡᠪᠡᠳᠴᠢᠨ ᠢ ᠰᠢᠨᠵᠢᠯᠡᠬᠦ ᠤᠬᠠᠭᠠᠨᠴᠢ ᠪᠠᠷ ᠰᠡᠷᠭᠡᠶᠢᠯᠡᠬᠦ ᠬᠡᠷᠡᠭᠲᠡᠢ︾ ᠬᠡᠵᠦ ᠠᠷᠠᠳ ᠤᠯᠠᠨ ᠢ ᠰᠠᠨᠠᠭᠤᠯᠵᠤ ᠪᠠᠶᠢᠯ᠎ᠠ᠃

   

ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ