ᠲᠡᠯᠡᠳ ᠬᠤᠰᠢᠭᠤᠨ ᠤ ᠬᠠᠤᠯᠢ ᠴᠠᠭᠠᠵᠡ ᠶᠢᠨ ᠦᠢᠯᠡᠴᠢᠯᠡᠭᠡᠨ ᠤ ᠰᠠᠶᠢᠨ ᠲᠤᠷ᠎ᠡ ᠶᠢᠨ ᠠᠩᠭᠢ ᠠᠷᠠᠳ ᠲᠤ ᠲᠦᠭᠦᠮ ᠦᠵᠡᠭᠦᠯᠭᠦ ᠦᠢᠯᠡᠴᠢᠯᠡᠭᠡᠨ ᠤ ᠭᠦᠭᠦᠷᠭᠡ ᠬᠤᠯᠪᠤᠭᠠᠰᠤ ᠶᠢ ᠪᠠᠶᠢᠭᠤᠯᠤᠨ᠎ᠡ
ᠨᠡᠶᠢᠲᠡᠯᠡᠭᠰᠡᠨ ᠴᠠᠭ᠄
2021/6/15
    ᠤᠯᠤᠰ ᠲᠦᠷᠦ ᠬᠠᠤᠯᠢ ᠴᠠᠭᠠᠵᠡ ᠶᠢᠨ ᠡ᠊ᠡᠭᠨᠡᠭᠡᠨ ᠤ ᠭᠦᠮᠦᠵᠢᠯ ᠴᠡᠭᠴᠡᠯᠡᠯᠳᠡ ᠶᠢᠨ ᠠᠵᠢᠯᠯᠠᠭ᠎ᠠ ᠶᠢ ᠦᠷᠨᠢᠭᠦᠯᠦᠭᠰᠡᠨ ᠠᠴᠠ ᠨᠠᠭᠠᠰᠢ᠂ ᠲᠡᠯᠡᠳ ᠬᠤᠰᠢᠭᠤᠨ ᠤ ᠬᠠᠤᠯᠢ ᠴᠠᠭᠠᠵᠡ ᠶᠢᠨ ᠲᠤᠪᠴᠢᠶ᠎ᠡ ᠪᠤᠳᠠᠳᠤ ᠪᠠᠶᠢᠳᠡᠯ ᠲᠠᠢ ᠪᠠᠨ ᠤᠶᠠᠯᠳᠤᠭᠤᠯᠤᠨ᠂ ︽ᠪᠢ ᠲᠡᠨ ᠢ ᠬᠠᠪᠰᠤᠷᠤᠶ᠎ᠡ︾ ᠭᠡᠭᠦ ᠬᠠᠤᠯᠢ ᠴᠠᠭᠠᠵᠡ ᠶᠢᠨ ᠦᠢᠯᠡᠴᠢᠯᠡᠭᠡᠨ ᠤ ᠰᠠᠶᠢᠨ ᠲᠤᠷ᠎ᠡ ᠶᠢᠨ ᠠᠩᠭᠢ ᠶᠢ ᠪᠠᠶᠢᠭᠤᠯᠵᠤ᠂ ︽ᠪᠢ ᠤᠯᠡᠨ ᠲᠦᠮᠡᠨ ᠳᠤ ᠪᠤᠳᠠᠳᠤ ᠶᠠᠪᠤᠳᠡᠯ ᠭᠢᠵᠤ᠂ ᠬᠠᠤᠯᠢ ᠴᠠᠭᠠᠵᠡ ᠶᠢᠨ ᠦᠢᠯᠡᠴᠢᠯᠡᠭᠡᠨ ᠤ ᠰᠠᠶᠢᠨ ᠲᠤᠷ᠎ᠡ ᠶᠢᠨ ᠠᠩᠭᠢ ᠭᠠᠴᠠᠭ᠎ᠠ ᠲᠤᠰᠬᠤᠨ ᠨᠡᠶᠢᠭᠡᠮ ᠲᠤᠭᠤᠷᠢᠭ ᠲᠤ ᠭᠦᠨᠵᠡᠭᠡᠶᠢᠷᠡᠭᠦ︾ ᠭᠤᠤᠯ ᠰᠡᠳᠦᠪᠳᠤ ᠦᠢᠯᠡᠳᠦᠯᠭᠡ ᠶᠢᠨ ᠠᠵᠢᠯᠯᠠᠭ᠎ᠠ ᠪᠠᠷ ᠠᠴᠢᠶᠠᠯᠠᠬᠴᠢ ᠪᠤᠯᠭᠠᠨ᠂ ᠠᠵᠤ ᠠᠬᠤᠢᠢᠯᠡᠯ ᠦᠢᠯᠡᠳᠪᠤᠷᠢ ᠠᠭᠤᠷᠬᠠᠢ᠂ ᠭᠠᠴᠠᠭ᠎ᠠ ᠲᠤᠰᠬᠤᠨ ᠨᠡᠶᠢᠭᠡᠮ ᠲᠤᠭᠤᠷᠢᠭ᠂ ᠠᠯᠪᠡᠨ ᠪᠠᠶᠢᠭᠤᠯᠭ᠎ᠠ ᠰᠠᠯᠠᠭ᠎ᠠ ᠮᠦᠴᠢᠷ᠂ ᠰᠤᠷᠭᠠᠭᠤᠯᠢ ᠪᠠᠷ ᠭᠦᠨᠵᠡᠭᠡᠶᠢᠷᠡᠨ᠂ ᠤᠯᠡᠨ ᠲᠦᠮᠡᠨ ᠤ ᠡᠭᠡᠳᠡᠷᠡᠭᠡᠨ ᠲᠠᠢ ᠠᠰᠠᠭᠤᠳᠡᠯ ᠢ ᠲᠡᠶᠢᠯᠪᠤᠷᠢᠯᠡᠵᠤ᠂ ᠦᠢᠯᠡ ᠠᠵᠢᠯᠯᠠᠭ᠎ᠠ ᠪᠠᠷ ᠢᠶᠠᠨ ᠤᠯᠡᠨ ᠲᠦᠮᠡᠨ ᠤ ᠵᠤᠯ ᠵᠢᠷᠭᠠᠯᠳᠤ ᠲᠦᠷᠦᠭᠳᠡᠯ᠂ ᠠᠮᠦᠷ ᠲᠦᠪᠰᠢᠨ ᠤ ᠲᠦᠷᠦᠭᠳᠡᠯ᠂ ᠬᠠᠨᠤᠮᠵᠢ ᠶᠢᠨ ᠭᠡᠮᠵᠢᠶ᠎ᠡ ᠶᠢ ᠲᠡᠭᠡᠭᠰᠢᠯᠡᠭᠦᠯᠦᠭᠰᠡᠨ ᠪᠠᠶᠢᠨ᠎ᠡ᠃     ︽ᠭᠡᠷ ᠪᠦᠯᠢ ᠶᠢᠨ ᠭᠦᠴᠦᠷᠭᠡᠭᠯᠡᠯ ᠳᠤ ᠤᠴᠠᠷᠠᠪᠡᠯ ᠶᠠᠭᠠᠭᠢᠬᠤ ᠪᠤᠢ︖︾᠂ ︽ᠦᠪ ᠭᠦᠷᠦᠩᠭᠡ ᠵᠠᠯᠭᠠᠮᠵᠢᠯᠠᠬᠤ ᠵᠠᠭᠤᠷᠡᠯᠳᠤᠭᠠᠨ ᠢ ᠭᠡᠷᠭᠢᠨ ᠰᠢᠢᠳᠪᠤᠷᠢᠯᠡᠭᠦ ᠪᠤᠢ︾︖     ᠤᠢᠢᠷᠠᠳᠬᠠᠨ᠂ ︽ᠪᠢ ᠲᠡᠨ ᠢ ᠬᠠᠪᠰᠤᠷᠤᠶ᠎ᠡ︾ ᠬᠠᠤᠯᠢ ᠴᠠᠭᠠᠵᠡ ᠶᠢᠨ ᠦᠢᠯᠡᠴᠢᠯᠡᠭᠡᠨ ᠤ ᠰᠠᠶᠢᠨ ᠲᠤᠷ᠎ᠡ ᠶᠢᠨ ᠦᠢᠯᠡᠴᠢᠯᠡᠭᠡᠨ ᠤ ᠠᠩᠭᠢ ᠡ᠊ᠡᠭᠬᠡᠪᠡᠢ ᠪᠠᠯᠭᠠᠰᠤᠨ ᠤ ᠴᠠᠭᠠᠨ ᠭᠤᠤ ᠲᠤᠰᠬᠤᠨ ᠳᠤ ᠭᠦᠷᠴᠤ᠂ ᠮᠠᠯᠴᠢᠨ ᠲᠠᠷᠢᠶᠡᠴᠢᠳ ᠲᠤ ᠦᠨᠡᠨ ᠪᠤᠳᠠᠳᠡᠢ ︽ᠬᠠᠤᠯᠢ ᠴᠠᠭᠠᠵᠡ ᠶᠢᠨ ᠤᠶᠤᠨ ᠤ ᠭᠦᠨᠡᠰᠤ︾ ᠭᠦᠷᠭᠡᠭᠰᠡᠨ ᠪᠠᠶᠢᠯ᠎ᠡ᠃ ᠠᠵᠢᠯᠯᠠᠭᠠᠨ ᠤ ᠲᠤᠮᠳᠡ᠂ ᠬᠠᠤᠯᠢ ᠴᠠᠭᠠᠵᠡ ᠶᠢᠨ ᠦᠢᠯᠡᠴᠢᠯᠡᠭᠡᠨ ᠤ ᠰᠠᠶᠢᠨ ᠲᠤᠷᠠᠴᠤᠤᠯ ᠠᠴᠠ ︽ᠢᠷᠭᠡᠨ ᠤ ᠬᠠᠤᠯᠢ ᠶᠢᠨ ᠪᠢᠴᠢᠭ︾ ᠲᠠᠬᠢ ᠲᠠᠷᠢᠶᠡᠴᠢᠳ ᠤᠨ ᠠᠮᠢᠳᠤᠷᠡᠯ ᠲᠤᠮᠳᠡ ᠲᠤᠭᠢᠶᠡᠯᠳᠤᠬᠤ ᠦᠪ ᠭᠦᠷᠦᠩᠭᠡ ᠵᠠᠯᠭᠠᠮᠵᠢᠯᠠᠬᠤ ᠬᠠᠤᠯᠢ᠂ ᠤᠷᠤᠭ ᠬᠤᠷᠢᠮ ᠤᠨ ᠬᠠᠤᠯᠢ᠂ ᠭᠠᠵᠠᠷ ᠰᠢᠷᠤᠢ ᠶᠢᠨ ᠬᠠᠤᠯᠢ ᠵᠡᠷᠭᠡ ᠬᠤᠯᠪᠤᠬᠳᠡᠯ ᠪᠦᠭᠦᠢ ᠬᠠᠤᠯᠢ ᠴᠠᠭᠠᠵᠡ ᠶᠢᠨ ᠦᠨᠳᠦᠰᠦᠨ ᠮᠡᠳᠡᠯᠭᠡ ᠶᠢᠨ ᠲᠤᠬᠠᠢ ᠲᠡᠶᠢᠯᠪᠤᠷᠢᠯᠡᠯᠳᠡ ᠭᠢᠵᠡᠢ᠃ ᠬᠠᠤᠯᠢ ᠴᠠᠭᠠᠵᠡ ᠶᠢᠨ ᠦᠢᠯᠡᠴᠢᠯᠡᠭᠡᠨ ᠤ ᠰᠠᠶᠢᠨ ᠲᠤᠷᠠᠴᠤᠤᠯ ᠠᠴᠠ ᠮᠠᠯᠴᠢᠨ ᠲᠠᠷᠢᠶᠡᠴᠢᠳ ᠲᠤ ᠬᠠᠤᠯᠢ ᠴᠠᠭᠠᠵᠡ ᠶᠢᠨ ᠠᠷᠭ᠎ᠠ ᠪᠠᠷᠢᠯ ᠢᠶᠠᠷ ᠥᠪᠡᠷ ᠤᠨ ᠢᠶᠠᠨ ᠦᠨᠳᠦᠰᠦᠨ ᠠᠰᠢᠭ ᠲᠤᠰᠡ ᠶᠢ ᠬᠠᠮᠠᠭᠠᠯᠠᠬᠤ ᠲᠤᠬᠠᠢ ᠲᠠᠶᠢᠯᠪᠤᠷᠢᠯᠡᠵᠤ᠂ ︽ᠢᠷᠭᠡᠨ ᠤ ᠬᠠᠤᠯᠢ ᠶᠢᠨ ᠪᠢᠴᠢᠭ︾ ᠢ ᠰᠠᠶᠢᠳᠤᠷ ᠰᠤᠷᠤᠯᠴᠠᠬᠤ᠂ ᠰᠠᠶᠢᠳᠤᠷ ᠬᠠᠮᠠᠭᠠᠯᠠᠬᠤ᠂ ᠰᠠᠶᠢᠳᠤᠷ ᠠᠰᠢᠬᠯᠠᠬᠤ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠪᠤᠢ ᠪᠤᠯᠭᠠᠬᠰᠡᠨ ᠪᠠᠶᠢᠨ᠎ᠡ᠃      ᠤᠢᠢᠯᠠᠭᠠᠬᠰᠠᠡ ᠢᠶᠠᠷ᠂ ᠤᠳᠤᠬᠠᠨ ᠪᠤᠯᠳᠡᠯ᠎ᠡ᠂ ︽ᠪᠢ ᠲᠡᠨ ᠢ ᠬᠠᠪᠰᠤᠷᠤᠶ᠎ᠡ︾ ᠬᠠᠤᠯᠢ ᠴᠠᠭᠠᠵᠡ ᠶᠢᠨ ᠦᠢᠯᠡᠴᠢᠯᠡᠭᠡᠨ ᠤ ᠰᠠᠶᠢᠨ ᠲᠤᠷ᠎ᠡ ᠶᠢᠨ ᠠᠩᠭᠢ ᠶᠢᠨ ᠬᠢᠨ ᠰᠠᠶᠢᠨ ᠲᠤᠷ᠎ᠡ ᠶᠢᠨ ᠦᠢᠯᠡᠴᠢᠯᠡᠭᠡᠨ ᠤ ᠠᠵᠢᠯᠯᠠᠭ᠎ᠠ ᠶᠢ 20 ᠭᠠᠷᠤᠢ ᠲᠡᠯᠡᠪᠡᠢ ᠦᠷᠨᠢᠭᠦᠯᠵᠤ᠂ ᠬᠠᠤᠯᠢ ᠴᠠᠭᠠᠵᠡ ᠶᠢᠨ ᠤᠬᠠᠭᠤᠯᠭ᠎ᠠ ᠶᠢᠨ ᠬᠠᠭᠤᠳᠠᠰᠤ ᠶᠢ 5000 ᠭᠠᠷᠤᠢ ᠬᠤᠪᠢ ᠲᠠᠷᠬᠠᠭᠠᠵᠤ᠂ ᠬᠠᠤᠯᠢ ᠴᠠᠭᠠᠵᠡ ᠶᠢᠨ ᠠᠰᠠᠭᠤᠨ ᠯᠠᠪᠯᠠᠯᠭ᠎ᠠ ᠶᠢ 100 ᠭᠠᠷᠤᠢ ᠭᠦᠮᠦᠨ ᠤᠳᠠᠭ᠎ᠠ ᠦᠷᠨᠢᠭᠦᠯᠦᠨ᠂ ᠬᠠᠤᠯᠢ ᠴᠠᠭᠠᠵᠡ ᠶᠢᠨ ᠲᠤᠰᠠᠯᠠᠮᠵᠢ ᠶᠢ 22 ᠤᠳᠠᠭ᠎ᠠ ᠶᠠᠪᠤᠭᠳᠠᠭᠤᠯᠵᠤ᠂ ᠵᠦᠷᠢᠴᠨᠯ ᠵᠠᠭᠤᠷᠠᠯᠳᠤᠭᠠᠨ ᠢ 20 ᠭᠠᠷᠤᠢ ᠤᠳᠠᠭ᠎ᠠ ᠡᠶᠡᠳᠡᠭᠦᠯᠦᠨ ᠰᠢᠢᠳᠪᠤᠷᠢᠯᠡᠪᠡ᠃    
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ