ᠲᠠᠯᠠᠳ ᠬᠤᠰᠢᠭᠤᠨ ᠤ ᠵᠠᠮ ᠤᠨ ᠳ᠋ᠧᠩ ︽ᠤᠶᠤᠨᠴᠢ︾ ᠮᠦᠷᠳᠡᠭᠡᠨ ︽ᠭᠠᠮᠲᠠᠶ︾ ᠪᠤᠯᠤᠭᠰᠠᠨ ᠪᠠᠶᠢᠨ᠎ᠠ
ᠨᠡᠶᠢᠲᠡᠯᠡᠭᠰᠡᠨ ᠴᠠᠭ᠄
2021/6/15
    ᠣᠶᠢᠷ᠎ᠠ ᠳᠤ᠂ ᠲᠠᠯᠠᠳ ᠬᠤᠰᠢᠭᠤ ᠵᠣᠯ ᠵᠢᠷᠭᠠᠯᠳᠤ ᠵᠠᠮ ᠪᠠ ᠬᠤᠰᠢᠭᠤᠨ ᠤ ᠲᠦᠪ ᠵᠡᠭᠡᠯᠢ ᠶᠢᠨ ᠡᠨᠧᠷᠭᠢ ᠠᠷᠪᠢᠯᠠᠬᠤ ᠵᠠᠮ ᠤᠨ ᠳ᠋ᠧᠩ ᠢ ᠤᠭᠰᠠᠷᠠᠬᠤ ᠠᠵᠢᠯ ᠢ ᠳᠠᠭᠤᠰᠬᠠᠪᠠ᠃ ᠣᠳᠣᠬᠠᠨ ᠳᠤ ᠳᠠᠯᠠᠳ ᠬᠤᠰᠢᠭᠤᠨ ᠤ ᠬᠤᠲᠠ ᠶᠢᠨ ᠲᠣᠭᠤᠷᠢᠭ ᠤᠨ ᠵᠤᠯ ᠵᠢᠷᠭᠠᠯᠳᠤ ᠵᠠᠮ᠂ ᠬᠤᠰᠢᠭᠤᠨ ᠤ ᠲᠦᠪ ᠵᠡᠭᠡᠯᠢ ᠵᠡᠷᠭᠡ ᠶᠢᠨ ᠭᠠᠵᠠᠷ ᠲᠤ ᠨᠢᠭᠡᠨᠳᠡ ᠡᠨᠧᠷᠭᠢ ᠠᠷᠪᠢᠯᠠᠬᠤ ᠵᠠᠮ ᠤᠨ ᠳ᠋ᠧᠩ ᠢ 12749 ᠤᠭᠰᠠᠷᠠᠭᠰᠠᠨ ᠪᠥᠭᠡᠳ ᠬᠤᠶᠢᠰᠢᠳᠠ ᠬᠤᠲᠠ ᠶᠢᠨ ᠲᠣᠭᠤᠷᠢᠭ ᠤᠨ ᠰᠢᠨ᠎ᠡ ᠪᠠᠷ ᠪᠠᠶᠢᠭᠤᠯᠬᠤ ᠵᠠᠮ ᠳᠤ ᠪᠦᠬᠦᠨ ᠢᠶᠠᠷ ᠢᠶᠠᠨ ᠡᠨᠧᠷᠭᠢ ᠠᠷᠪᠢᠯᠠᠵᠤ ᠣᠷᠴᠢᠨ ᠲᠣᠭᠤᠷᠢᠨ ᠢ ᠬᠠᠮᠠᠭᠠᠯᠠᠬᠤ LED ᠵᠠᠮ ᠤᠨ ᠳ᠋ᠧᠩ ᠢ ᠬᠡᠷᠡᠭᠯᠡᠬᠦ ᠶᠢᠨ ᠬᠠᠮᠲᠤ ᠣᠶᠤᠨᠴᠢ ᠡᠵᠡᠮᠳᠡᠯ ᠢ ᠪᠡᠶᠡᠯᠡᠭᠦᠯᠵᠦ ᠂ ᠬᠤᠲᠠ ᠶᠢᠨ ᠭᠡᠷᠡᠯᠲᠦᠭᠦᠯᠭᠡ ᠶᠢᠨ ᠡᠨᠧᠷᠭᠢ ᠶᠢᠨ ᠬᠤᠷᠣᠭᠳᠠᠯ ᠢ ᠦᠨᠡᠨ ᠬᠦ ᠪᠠᠭᠠᠰᠬᠠᠨ᠂ ᠬᠤᠲᠠ ᠶᠢᠨ ᠭᠡᠷᠡᠯᠲᠦᠭᠦᠯᠭᠡ ᠶᠢᠨ ᠨᠠᠷᠢᠯᠢᠭᠴᠢᠯᠠᠭᠰᠠᠨ᠂ ᠤᠶᠤᠨᠴᠢᠯᠠᠭᠰᠠᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠪᠣᠯᠤᠨ᠎ᠠ᠃    ᠬᠤᠲᠠ ᠶᠢᠨ ᠵᠠᠮ ᠤᠨ ᠭᠡᠷᠡᠯᠲᠦᠭᠦᠯᠭᠡ ᠶᠢᠨ ᠲᠠᠯ᠎ᠠ ᠪᠠᠷ ᠬᠢ ᠡᠨᠧᠷᠭᠢ ᠶᠢᠨ ᠬᠤᠷᠣᠭᠳᠠᠯ ᠤᠨ ᠬᠤᠤᠰ ᠡᠵᠡᠮᠳᠡᠯ ᠤᠨ ᠠᠵᠢᠯ ᠢ ᠰᠠᠶᠢᠳᠤᠷ ᠥᠷᠨᠢᠭᠦᠯᠬᠦ ᠶᠢᠨ ᠲᠥᠯᠥᠭᠡ᠂ ᠳᠠᠯᠠᠳ ᠬᠤᠰᠢᠭᠤ 2018 ᠣᠨ ᠠᠴᠠ ᠡᠬᠢᠯᠡᠨ ᠬᠤᠲᠠ ᠶᠢᠨ ᠲᠣᠭᠤᠷᠢᠭ ᠤᠨ ᠵᠠᠮ ᠤᠨ ᠳ᠋ᠧᠩ ᠳᠤ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠪᠠᠷᠢᠯᠭ᠎ᠠ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ EMC ᠬᠡᠪ ᠵᠠᠭᠪᠤᠷ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠠᠩᠬᠠᠳᠠᠭᠴᠢ ᠭᠠᠵᠠᠷ ᠣᠷᠣᠨ ᠪᠣᠯᠤᠭᠰᠠᠨ ᠪᠠᠶᠢᠨ᠎ᠠ᠃       ᠳᠠᠯᠠᠳ ᠬᠤᠰᠢᠭᠤᠨ ᠤ ᠵᠠᠮ ᠤᠨ ᠳ᠋ᠧᠩ ᠤᠨ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠪᠠᠷᠢᠯᠭ᠎ᠠ ᠨᠢ ᠭᠡᠷ᠎ᠠ ᠳᠤᠭᠳᠠᠬᠤ ᠬᠡᠯᠪᠡᠷᠢ ᠶᠢᠨ ᠡᠨᠧᠷᠭᠢ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠬᠡᠷᠡᠭᠯᠡᠨ᠂ ᠲᠠᠭᠠᠭᠠᠴᠢᠯᠠᠵᠦ ᠠᠪᠤᠭᠰᠠᠨ ᠠᠵᠤ ᠠᠬᠤᠶᠢᠯᠠᠯ ᠠᠴᠠ ᠬᠡᠷᠡᠯ ᠡᠭᠦᠰᠭᠡᠭᠴᠢ ᠪᠣᠯᠤᠨ ᠴᠠᠬᠢᠯᠭᠠᠨ ᠬᠡᠷᠡᠭᠰᠡᠯ ᠳᠤ ᠪᠠᠯᠠ ᠣᠷᠣᠭᠤᠯᠵᠤ᠂ ᠤᠤᠯ ᠤᠨ ᠡᠨᠧᠷᠭᠢ ᠶᠢᠨ ᠬᠤᠷᠤᠭᠳᠠᠯ ᠶᠡᠬᠡᠲᠡᠶ ᠥᠨᠳᠥᠷ ᠳᠠᠷᠤᠯᠲᠠᠲᠤ ᠨᠠᠲᠷᠢ ᠶᠢᠨ ᠳ᠋ᠧᠩ ᠢ ᠨᠢᠭᠡᠳᠦᠯᠲᠡᠶ LED ᠲᠣᠬᠢᠷᠠᠭᠤᠯᠵᠤ ᠪᠣᠯᠬᠤ ᠬᠡᠷᠡᠯ ᠤᠨ ᠳ᠋ᠧᠩ ᠪᠣᠯᠭᠠᠨ ᠰᠣᠯᠢᠬᠤ ᠶᠢᠨ ᠬᠠᠮᠲᠤ ᠵᠠᠮ ᠤᠨ ᠳ᠋ᠧᠩ ᠤᠨ ᠡᠵᠡᠮᠰᠢᠯ ᠤᠨ ᠰᠢᠰᠲ᠋ᠧᠮ ᠢ ᠥᠭᠡᠷᠡᠴᠢᠯᠡᠨ᠂ ᠲᠠᠩ ᠳ᠋ᠧᠩ ᠤᠨ ᠡᠵᠡᠮᠰᠢᠭᠦᠷ ᠲᠠᠭᠠᠷᠠᠭᠤᠯᠵᠤ᠂ ᠵᠠᠮ ᠤᠨ ᠳ᠋ᠧᠩ ᠪᠦᠷᠢ ᠶᠢᠨ ᠠᠦ᠋ᠲ᠋ᠣ᠋ ᠨᠡᠭᠡᠭᠡᠯᠭᠡ ᠵᠢᠴᠢ ᠭᠡᠷᠡᠯᠲᠦᠴᠡ ᠶᠢᠨ ᠣᠶᠤᠨᠴᠢ ᠲᠣᠬᠢᠷᠠᠭᠤᠯᠤᠯᠲᠠ ᠶᠢ ᠪᠡᠶᠡᠯᠡᠭᠦᠯᠬᠦ ᠪᠤᠯᠤᠨ᠎ᠠ᠃ ᠲᠣᠰ ᠲᠥᠷᠥᠯ ᠵᠦᠶ᠋ᠯ ᠢ ᠡᠨᠧᠷᠭᠢ ᠠᠷᠪᠢᠯᠠᠬᠤ ᠦᠷ᠎ᠡ ᠠᠰᠢᠭ ᠢᠶᠠᠷ ᠬᠤᠭᠤᠴᠠᠭ᠎ᠠ ᠬᠤᠪᠢᠶᠠᠨ ᠳᠥᠯᠥᠬᠦ ᠪᠠᠯᠠ ᠣᠷᠣᠭᠤᠯᠤᠯᠲᠠ ᠶᠢᠨ ᠠᠷᠭ᠎ᠠ ᠮᠠᠶ᠋ᠢᠭ ᠢᠶᠠᠷ ᠪᠥᠲᠥᠭᠡᠨ ᠪᠠᠶᠢᠭᠤᠯᠵᠤ᠂ ᠭᠡᠷ᠎ᠡ ᠶᠢᠨ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠡᠨᠧᠷᠭᠢ ᠠᠷᠪᠢᠯᠠᠬᠤ ᠲᠥᠬᠦᠭᠡᠷᠦᠮᠵᠢ ᠪᠠ ᠡᠨᠧᠷᠭᠢ ᠠᠷᠪᠢᠯᠠᠬᠤ ᠪᠥᠬᠦ ᠦᠷ᠎ᠡ ᠠᠰᠢᠭ ᠨᠢ ᠵᠠᠰᠠᠭ ᠤᠨ ᠣᠷᠳᠣᠨ ᠳᠤ ᠥᠮᠴᠢᠯᠡᠭᠳᠡᠵᠦ᠂ ᠬᠤᠲᠠ ᠶᠢᠨ ᠬᠥᠭᠵᠢᠯᠲᠡ ᠶᠢᠨ ᠡᠵᠡᠩᠨᠡᠯᠲᠡ ᠶᠢᠨ ᠥᠪᠡᠷ ᠤᠨ ᠥᠷᠲᠡᠭ ᠢ ᠪᠦᠲᠦᠮᠵᠢᠲᠡᠶ ᠪᠠᠭᠤᠷᠠᠭᠤᠯᠤᠭᠰᠠᠨ ᠪᠠᠶᠢᠨ᠎ᠠ᠃       ᠡᠭᠦᠨ ᠠᠴᠠ ᠭᠠᠳᠠᠨ᠎ᠠ᠂ ᠡᠨᠧᠷᠭᠢ ᠠᠷᠪᠢᠯᠠᠬᠤ ᠵᠠᠮ ᠤᠨ ᠳ᠋ᠧᠩ ᠢ ᠣᠶᠤᠨᠴᠢ ᠪᠠᠷ ᠡᠵᠡᠮᠳᠡᠨ ᠠᠰᠢᠭᠯᠠᠬᠤ ᠲᠤᠭ᠎ᠠ ᠪᠠᠷᠢᠮᠲᠠ ᠴᠤᠭᠯᠠᠭᠤᠯᠬᠤ᠂ ᠭᠠᠵᠠᠷ ᠵᠦᠶ ᠶᠢᠨ ᠮᠡᠳᠡᠭᠡ ᠵᠠᠩᠭᠢ ᠶᠢᠨ ᠰᠢᠰᠲ᠋ᠧᠮ ᠵᠡᠷᠭᠡ ᠮᠡᠷᠭᠡᠵᠢᠯ ᠨᠢ ᠬᠤᠲᠠ ᠶᠢᠨ ᠵᠠᠮ ᠤᠨ ᠳ᠋ᠧᠩ ᠤᠨ ᠭᠡᠷᠡᠯᠲᠦᠭᠦᠯᠭᠡ ᠵᠢᠨ‌ᠠᠵᠢᠯᠯᠠᠭᠠᠨ ᠤ ᠪᠠᠶᠢᠳᠠᠯ ᠢ ᠴᠠᠭ ᠲᠤᠬᠠᠶ ᠳᠤᠨᠢ᠂ ᠣᠨᠣᠪᠴᠢᠲᠠᠶ ᠡᠵᠡᠮᠰᠢᠬᠦ ᠪᠣᠯᠤᠨ᠎ᠠ᠃ ᠵᠠᠮ ᠤᠨ ᠳ᠋ᠧᠩ ᠤᠨ ᠭᠡᠷᠡᠯᠲᠦᠭᠦᠯᠭᠡ ᠳᠤ ᠦᠡᠴᠦᠭ ᠤᠨ ᠲᠤᠷᠡᠠ ᠨᠡᠮᠡᠵᠦ ᠤᠭᠰᠠᠷᠠᠬᠤ ᠪᠠᠷ ᠳᠡᠮᠵᠢᠭᠤᠯᠤᠨ ᠶᠠᠪᠤᠭᠤᠯ ᠤᠨ ᠬᠥᠮᠦᠨ ᠤ ᠤᠷᠤᠰᠬᠠᠯ ᠤᠨ ᠬᠡᠮᠵᠢᠶ᠎ᠡ᠂ ᠲᠡᠷᠭᠡᠨ ᠤ ᠤᠷᠤᠰᠬᠠᠯ ᠤᠨ ᠬᠡᠮᠵᠢᠶ᠎ᠡ ᠵᠡᠷᠭᠡ ᠪᠠᠶᠢᠳᠠᠯ ᠲᠠᠢ ᠤᠶᠠᠯᠳᠤᠭᠤᠯᠤᠨ ᠳ᠋ᠧᠩ ᠠᠰᠠᠭᠠᠵᠤ ᠳ᠋ᠧᠩ ᠤᠨᠲᠠᠷᠠᠭᠠᠬᠤ ᠴᠠᠭ ᠭᠢᠭᠡᠳ ᠭᠡᠷᠡᠯᠲᠦᠴᠡ ᠶᠢ ᠠᠮᠢᠳᠤᠯᠢᠭ ᠢᠶᠠᠷ ᠲᠣᠬᠢᠷᠠᠭᠤᠯᠵᠤ ᠴᠢᠳᠠᠬᠤ ᠪᠤᠯᠭᠠᠵᠠᠢ᠃          ᠥᠩᠭᠡᠷᠡᠭᠰᠡᠨ ᠳᠤ ᠵᠠᠮ ᠤᠨ ᠳ᠋ᠧᠩ ᠨᠣᠴᠣᠬᠤ ᠥᠬᠡᠶ ᠪᠤᠯᠬᠤ ᠦᠶᠡᠰ ᠰᠡᠯᠪᠢᠨ ᠵᠠᠰᠠᠬᠤ ᠠᠵᠢᠯᠲᠠᠨ ᠪᠣᠳᠠᠲᠠᠶ ᠭᠠᠵᠠᠷ ᠲᠤᠨᠢ ᠨᠢᠭᠡ ᠨᠢᠭᠡ ᠪᠠᠷ ᠵᠢᠭᠰᠠᠭᠠᠨ ᠪᠠᠶᠢᠴᠠᠭᠠᠵᠤ᠂ ᠴᠠᠭ ᠠᠷᠪᠢᠨ ᠵᠠᠷᠤᠴᠠᠭᠤᠯᠤᠨ᠂ ᠰᠡᠯᠪᠢᠨ ᠵᠠᠰᠠᠬᠤ ᠬᠤᠷᠳᠤᠴᠠ ᠨᠢ ᠤᠳᠠᠭᠠᠨ ᠪᠠᠶᠢᠪᠠ︔ ᠣᠳᠣᠬᠠᠨ ᠳᠤ ᠬᠡᠷᠪᠡ ᠠᠯᠢ ᠨᠢᠭᠡᠨ ᠵᠠᠮ ᠤᠨ ᠳ᠋ᠧᠩ ᠨᠢ ᠡᠪᠳᠡᠷᠡᠴᠢᠬᠡᠪᠡᠯ᠂ ᠰᠡᠯᠪᠢᠨ ᠵᠠᠰᠠᠬᠤ ᠠᠵᠢᠯᠲᠠᠨ ᠰᠢᠭᠤᠳ ᠤᠶᠤᠨᠴᠢ ᠵᠠᠮ ᠤᠨ ᠳ᠋ᠧᠩ ᠤᠨ ᠰᠢᠰᠲ᠋ᠧᠮ ᠳᠤ ᠣᠷᠣᠵᠤ ᠪᠠᠶᠢᠴᠠᠭᠠᠨ ᠯᠠᠪᠯᠠᠨ ᠦᠵᠡᠭᠦ ᠪᠠᠷ ᠲᠡᠮᠵᠢᠭᠤᠯᠤᠨ ᠡᠪᠳᠡᠷᠡᠭᠰᠡᠨ ᠣᠷᠣᠨ ᠪᠠᠶᠢᠷᠢ ᠪᠣᠯᠤᠨ ᠰᠢᠯᠲᠠᠭᠠᠨ ᠢ ᠨᠢ ᠲᠦᠢᠯ ᠤᠨ ᠣᠨᠣᠪᠴᠢᠲᠠᠶ ᠳᠣᠲᠣᠯᠠᠵᠤ᠂ ᠲᠡᠷᠡ ᠳᠠᠷᠤᠶ ᠳᠤᠨᠢ ᠰᠡᠯᠪᠢᠨ ᠵᠠᠰᠠᠵᠤ᠂ ᠠᠵᠢᠯᠴᠢᠨ ᠢ ᠲᠤᠳᠠᠭᠤ ᠬᠦᠶᠦᠯᠭᠡᠨ᠂ ᠬᠥᠮᠦᠨ ᠤ ᠬᠦᠴᠦᠨ ᠤ ᠡᠬᠢ ᠪᠠᠶᠠᠯᠢᠭ ᠢ ᠠᠷᠪᠢᠯᠠᠭᠰᠠᠨ ᠮᠥᠷᠲᠡᠭᠡᠨ ᠠᠵᠢᠯ ᠤᠨ ᠦᠷ᠎ᠡ ᠪᠦᠲᠦᠮᠵᠢ ᠶᠢ ᠴᠦ ᠳᠡᠭᠡᠭᠰᠢᠯᠡᠭᠦᠯᠦᠭᠰᠡᠨ ᠪᠠᠶᠢᠨ᠎ᠠ᠃         ᠠᠩᠬ᠎ᠠ ᠠᠯᠬᠤᠮ ᠤᠨ ᠲᠥᠰᠦᠭᠡᠯᠡᠨ ᠪᠤᠳᠤᠭᠰᠠᠨ ᠢᠶᠠᠷ᠂ ᠡᠨᠧᠷᠭᠢ ᠠᠷᠪᠢᠯᠠᠬᠤ ᠥᠭᠡᠷᠡᠴᠢᠯᠡᠯᠲᠡ ᠶᠢᠨ ᠲᠥᠷᠥᠯ ᠵᠦᠢᠯ ᠢ ᠪᠡᠶᠡᠯᠡᠭᠦᠯᠦᠭᠰᠡᠨ ᠤ ᠳᠠᠷᠠᠭ᠎ᠠ᠂ ᠳᠠᠯᠠᠳ ᠬᠤᠰᠢᠭᠤᠨ ᠤ ᠬᠤᠲᠠ ᠵᠢᠨ‌‍ᠲ᠋ᠣᠭᠤᠷᠢᠭ ᠤᠨ ᠵᠠᠮ ᠤᠨ ᠳ᠋ᠧᠩ ᠤᠨ ᠳᠤᠮᠳᠠᠴᠢ ᠴᠠᠬᠢᠯᠭᠠᠨ ᠬᠤᠷᠣᠭᠳᠠᠭᠤᠯᠬᠤ ᠬᠡᠮᠵᠢᠶ᠎ᠡ ᠨᠢ ᠥᠩᠭᠡᠷᠡᠭᠰᠡᠨ ᠤ ᠬᠢ ᠠᠴᠠ 72.39% ᠪᠠᠷ ᠠᠷᠪᠢᠯᠠᠭᠳᠠᠵᠤ᠂ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠵᠣᠷᠢᠯᠭ᠎ᠠ ᠶᠢ ᠦᠨᠡᠨ ᠬᠦ ᠪᠡᠶᠡᠯᠡᠭᠦᠯᠭᠦ ᠮᠦᠷᠳᠡᠭᠡᠨ ᠬᠤᠲᠠ ᠶᠢᠨ ᠠᠷᠠᠳ ᠲᠤ ᠨᠠᠩ ᠠᠮᠤᠷ ᠲᠦᠪᠰᠢᠨ ᠲᠠᠭᠠᠯᠠᠮᠵᠢᠲᠠᠶ ᠭᠡᠷᠡᠯᠲᠦᠭᠦᠯᠭᠡ ᠶᠢᠨ ᠣᠷᠴᠢᠨ ᠲᠣᠭᠤᠷᠢᠨ ᠢ ᠪᠤᠢ ᠪᠤᠯᠭᠠᠬᠤ ᠪᠤᠯᠤᠨ᠎ᠠ᠃
ᠢᠷᠡᠯᠲᠡ᠄ ᠳᠠᠯᠠᠳ ᠬᠤᠰᠢᠭᠤᠨ ᠤ ᠵᠠᠰᠠᠭ ᠤᠨ ᠶᠠᠪᠤᠳᠠᠯ ᠤᠨ ᠮᠤᠩᠭᠤᠯ ᠰᠦᠯᠵᠢᠶ᠎ᠡ