ᠤᠢᠢᠷ᠎ᠠ ᠶᠢᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠤᠷᠤᠯᠠᠬᠴᠢ | ᠳᠠᠷᠤᠭ᠎ᠠ ᠳ᠋ᠦ᠋ ᠬᠤᠢ ᠯᠢᠶᠠᠩ ᠬᠦᠳᠡᠭᠡ ᠲᠤᠰᠬᠤᠨ ᠢ ᠬᠦᠭᠵᠢᠬᠦᠯᠬᠦ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠤ | ᠬᠠᠮᠳᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃ ᠬᠤᠲᠠ ᠶᠢᠨ ᠳᠡᠳ᠋ ᠳᠠᠷᠤᠭ᠎ᠠ ᠱᠢ ᠶᠠᠨ ᠵᠢᠶᠧ᠂ | ᠬᠤᠲᠠ ᠶᠢᠨ ᠵᠠᠰᠠᠭ ᠤᠨ ᠣᠷᠳᠣᠨ ᠤ ᠨᠡᠷᠢᠠ ᠪᠢᠴᠢᠭ ᠤᠨ ᠲᠡᠷᠤᠭ᠎ᠠ ᠵᠠᠩ ᠵᠥᠩ ᡁᠢ ᠪᠠᠶᠢᠴᠠᠭᠠᠨ ᠰᠤᠳᠤᠯᠤᠯᠲᠠ ᠪᠠ | ᠶᠠᠷᠢᠯᠴᠠᠬᠤ ᠬᠤᠷᠠᠯ ᠳᠤ ᠣᠷᠣᠯᠴᠠᠪᠠ᠃ | ᠳ᠋ᠦ᠋ ᠬᠤᠢ ᠯᠢᠶᠠᠩ ᠤᠷᠢᠳ ᠬᠤᠵᠢᠳ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠶᠢᠯᠡᠭᠰᠡᠨ | ᠪᠠᠶᠢᠴᠠᠭᠠᠨ ᠭᠡᠮᠵᠢᠵᠦ ᠰᠢᠯᠭᠠᠨ ᠪᠠᠶᠢᠴᠠᠭᠠᠬᠤ ᠲᠥᠪ᠂ ᠬᠤᠳᠠ ᠶᠢᠨ ᠲᠠᠷᠢᠶᠠᠯᠠᠩ ᠮᠠᠯ ᠠᠵᠤ ᠠᠬᠤᠢ ᠶᠢᠨ ᠰᠢᠯᠢᠳᠡᠭ | ᠪᠦᠲᠦᠭᠡᠭᠳᠡᠬᠦᠨ ᠤ ᠬᠤᠰᠢᠭᠤᠴᠢ ᠳᠡᠯᠭᠡᠭᠦᠷ᠂ ᠬᠤᠳᠠ ᠶᠢᠨ ᠤᠢ ᠰᠢᠭᠤᠢ ᠪᠠ ᠨᠤᠳᠤᠭ ᠪᠡᠯᠴᠢᠭᠡᠷ ᠤᠨ ᠲᠣᠪᠴᠢ᠊ ᠡᠶ᠎ᠡ | ᠂ ᠦᠪᠦᠷ ᠮᠤᠩᠭᠤᠯ ᠤᠨ ᠯᠠᠨ ᠲᠢᠶᠠᠨ ᠪᠢ ᠱᠦᠢ ᠣᠷᠴᠢᠨ ᠲᠣᠭᠤᠷᠢᠨ ᠰᠢᠨᠵᠢᠯᠡᠬᠦ ᠤᠬᠠᠭᠠᠨ ᠮᠡᠷᠭᠡᠵᠢᠯ ᠤᠨ | ᠢᠨᠵᠧᠨᠧᠷᠢᠩ ᠤᠨ ᠬᠢᠵᠠᠭᠠᠷᠲᠤ ᠺᠣᠮᠫᠠᠨᠢ ᠳᠤ ᠬᠦᠷᠴᠦ᠂ ᠪᠦᠬᠦ ᠬᠤᠳᠠ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠴᠢᠨᠠᠷ ᠴᠢᠨᠰᠠᠭ᠋ ᠠ ᠶᠢᠨ ᠠᠮᠤᠷ ᠲᠦᠪᠰᠢᠨ ᠤ ᠪᠠᠶᠢᠴᠠᠭᠠᠯᠲᠠ ᠬᠡᠮᠵᠢᠯᠲᠡ᠂ ᠡᠯᠧᠺᠲᠷᠣᠨ | ᠬᠤᠳᠠᠯᠳᠤᠭ᠎ᠠ ᠪᠠᠷ ᠬᠦᠳᠡᠭᠡ ᠲᠤᠰᠬᠤᠨ ᠢ ᠬᠦᠭᠵᠢᠬᠦᠯᠬᠦ ᠳᠤ ᠬᠦᠴᠦ ᠨᠡᠮᠡᠷᠢᠯᠡᠬᠦ᠂ ᠤᠢ ᠰᠢᠭᠤᠢ ᠪᠠ ᠨᠤᠲᠤᠭ | ᠪᠡᠯᠴᠢᠭᠡᠷ ᠤᠨ ᠲᠦᠢᠮᠡᠷ ᠢ ᠰᠡᠷᠭᠡᠶᠢᠯᠡᠬᠦ᠂ ᠬᠡᠭᠡᠷ᠎ᠡ ᠶᠢᠨ ᠠᠮᠢᠳᠠᠨ ᠤ ᠬᠢᠵᠢᠭ ᠤᠨ ᠡᠭᠦᠰᠦᠯ ᠬᠢᠵᠢᠭ ᠡᠪᠡᠳᠴᠢᠨ ᠢ | ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠣᠬᠢᠷ ᠤᠰᠤ ᠶᠢ ᠰᠢᠢᠳᠪᠤᠷᠢᠯᠡᠬᠦ ᠵᠡᠷᠭᠡ ᠠᠵᠢᠯ ᠤᠳ ᠢ | ᠲᠤᠬᠠᠢ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ | ᠳᠠᠷᠠᠭ᠎ᠠ ᠪᠠᠷ ᠨᠢ ᠬᠤᠷᠠᠯᠳᠤᠭᠤᠯᠤᠭᠰᠠᠨ ᠶᠠᠷᠢᠯᠴᠠᠬᠤ ᠬᠤᠷᠠᠯ ᠳᠡᠭᠡᠷ᠎ᠡ᠂ ᠳ᠋ᠦ᠋ ᠬᠤᠢ ᠯᠢᠶᠠᠩ ᠡᠯ᠎ᠡ ᠱᠠᠲᠤᠨ ᠤ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠦᠨᠡᠨ ᠬᠦ | ᠳᠡᠭᠡᠭᠰᠢᠯᠡᠭᠦᠯᠦᠨ᠂ ᠬᠦᠳᠡᠭᠡ ᠲᠤᠰᠬᠤᠨ ᠢ ᠬᠦᠭᠵᠢᠬᠦᠯᠬᠦ ᠶᠢ ᠠᠬᠢᠭᠤᠯᠬᠤ ᠶᠢᠨ ᠴᠢᠬᠤᠯᠠ ᠴᠢᠨᠠᠷ ᠪᠣᠯᠤᠨ ᠲᠤᠯᠭᠠᠮ | ᠴᠢᠨᠠᠷ ᠢ ᠭᠦᠨᠵᠡᠭᠡᠢ ᠲᠠᠨᠢᠵᠤ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠥᠭᠦᠯᠡᠯᠲᠡ ᠶᠢᠨ ᠵᠣᠷᠢᠭ | ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠬᠦᠳᠡᠭᠡ ᠲᠤᠰᠬᠤᠨ ᠢ ᠬᠦᠭᠵᠢᠬᠦᠯᠬᠦ ᠲᠤᠬᠠᠢ ᠲᠥᠪ ᠪᠠ | ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠬᠠᠤᠯᠢ ᠲᠣᠭᠲᠠᠭᠠᠯ ᠲᠦᠷᠦ ᠶᠢᠨ ᠪᠤᠳᠤᠯᠭ᠎ᠠ ᠪᠣᠯᠤᠨ ᠴᠢᠬᠤᠯᠠ | ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠰᠢᠰᠲ᠋ᠧᠮ ᠲᠠᠢ ᠰᠤᠷᠤᠯᠴᠠᠨ᠂ ᠦᠨᠡᠨ ᠬᠦ ᠠᠳᠬᠤᠨ ᠪᠣᠳᠠᠲᠠᠢ | ᠠᠵᠢᠯᠯᠠᠵᠤ᠂ ᠪᠣᠭᠤᠮᠲᠠ ᠰᠢᠪᠲᠤᠯᠤᠨ ᠬᠦᠴᠢᠷ ᠢ ᠳᠠᠪᠠᠵᠤ᠂ ᠪᠦᠬᠦ ᠬᠤᠲᠠ ᠶᠢᠨ ᠬᠦᠳᠡᠭᠡ ᠲᠤᠰᠬᠤᠨ ᠢ ᠬᠦᠭᠵᠢᠬᠦᠯᠬᠦ | ᠠᠵᠢᠯ ᠤᠨ ᠲᠠᠰᠤᠷᠠᠯᠳᠡ ᠦᠭᠡᠢ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠠᠢ ᠭᠡᠵᠦ ᠵᠢᠭᠠᠵᠤ | ᠭᠠᠷᠭᠠᠪᠠ᠃ | ᠳ᠋ᠦ᠋ ᠬᠤᠢ ᠯᠢᠶᠠᠩ ᠲᠥᠯᠥᠪᠵᠢᠭᠦᠯᠭᠡ ᠪᠠᠷ ᠬᠥᠲᠥᠯᠥᠨ ᠳᠠᠭᠠᠭᠤᠯᠬᠤ ᠶᠢ ᠪᠠᠷᠢᠮᠲᠠᠯᠠᠨ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠬᠠᠷᠠᠯᠲᠠ | ᠡᠭᠦᠷᠭᠡ ᠶᠢ ᠲᠣᠳᠣᠷᠬᠠᠶᠢᠯᠠᠵᠤ᠂ ᠣᠨ ᠤ ᠡᠭᠦᠷᠭᠡ ᠶᠢ ᠨᠠᠷᠢᠯᠢᠬᠵᠢᠭᠤᠯᠤᠨ᠂ ᠡᠯ᠎ᠡ ᠲᠦᠷᠦᠯ ᠤᠨ ᠠᠵᠢᠯ ᠢ ᠰᠢᠨᠵᠢᠯᠡᠬᠦ | ᠤᠬᠠᠭᠠᠨᠴᠢ ᠪᠠᠷ ᠥᠷᠨᠢᠭᠦᠯᠬᠦ ᠳᠤ ᠦᠨᠳᠦᠰᠦᠨ ᠵᠢᠷᠤᠮᠯᠠᠯ ᠬᠠᠩᠭᠠᠬᠤ ᠬᠡᠷᠡᠭᠲᠡᠶ᠃ ᠬᠦᠳᠡᠭᠡ ᠲᠤᠰᠬᠤᠨ ᠤ ᠠᠵᠤ | ᠦᠢᠯᠡᠰ ᠢ ᠬᠦᠭᠵᠢᠬᠦᠯᠬᠦ ᠶᠢ ᠢᠳᠡᠪᠬᠢᠲᠡᠢ ᠠᠬᠢᠭᠤᠯᠵᠤ᠂ ᠲᠠᠷᠢᠶᠠᠯᠠᠩ ᠮᠠᠯ ᠠᠵᠤ ᠠᠬᠤᠢ ᠶᠢᠨ ᠴᠢᠨᠠᠷ ᠰᠠᠶᠢᠲᠠᠢ | ᠥᠨᠳᠥᠷ ᠪᠦᠲᠦᠮᠵᠢᠲᠡᠢ ᠬᠥᠭᠵᠢᠯᠲᠡ ᠶᠢ ᠠᠬᠢᠭᠤᠯᠬᠤ ᠳᠤ ᠦᠨᠡᠨ ᠬᠦ ᠬᠦᠴᠦ ᠣᠷᠣᠭᠤᠯᠤᠨ᠂ ᠤᠳᠤ ᠦᠶ᠎ᠡ ᠶᠢᠨ | ᠲᠠᠷᠢᠶᠠᠯᠠᠩ ᠤᠨ ᠠᠵᠤ ᠦᠢᠯᠡᠰ ᠤᠨ ᠲᠤᠬᠳᠠᠯᠴᠠᠭ᠎ᠠ᠂ ᠦᠢᠯᠡᠳᠪᠦᠷᠢᠯᠡᠯ ᠤᠨ ᠲᠤᠬᠳᠠᠯᠴᠠᠭ᠎ᠠ᠂ ᠡᠵᠡᠩᠨᠡᠯᠲᠡ ᠶᠢᠨ | ᠲᠤᠬᠳᠠᠯᠴᠠᠭ᠎ᠠ ᠶᠢ ᠲᠦᠷᠭᠡᠳᠬᠡᠨ ᠪᠠᠶᠢᠭᠤᠯᠬᠤ ᠬᠡᠷᠡᠭᠲᠡᠢ᠃ ᠬᠦᠳᠡᠭᠡ ᠲᠤᠰᠬᠤᠨ ᠤ ᠠᠮᠢ ᠠᠬᠤᠶ ᠶᠢ ᠬᠥᠭᠵᠢᠭᠦᠯᠬᠦ ᠶᠢ | ᠬᠦᠴᠦᠯᠡᠨ ᠠᠬᠢᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠲᠠᠷᠢᠶᠠᠯᠠᠩ ᠤᠨ ᠤᠯᠠᠨ ᠡᠬᠢᠳᠤ ᠪᠣᠬᠢᠷᠲᠤᠯ᠂ | ᠬᠥᠷᠥᠰᠥ ᠰᠢᠷᠣᠶ ᠶᠢᠨ ᠪᠣᠬᠢᠷᠲᠤᠯ᠂ ᠬᠥᠷᠥᠰᠥ ᠰᠢᠷᠣᠶ ᠶᠢᠨ ᠢᠳᠡᠭᠳᠡᠯ ᠵᠡᠷᠭᠡ ᠲᠤᠪᠤᠶᠢᠮ᠎ᠠ ᠠᠰᠠᠭᠤᠳᠠᠯ ᠤᠳ ᠢ | ᠴᠡᠭᠴᠡᠯᠡᠨ ᠵᠠᠰᠠᠵᠤ᠂ ᠮᠠᠯᠵᠢᠬᠤ ᠲᠠᠷᠢᠶᠠᠯᠠᠬᠤ ᠤᠷᠤᠨ ᠤ ᠠᠮᠢ ᠠᠬᠤᠶ ᠣᠷᠴᠢᠨ ᠲᠣᠭᠤᠷᠢᠨ ᠤ ᠴᠢᠨᠠᠷᠵᠢᠯ ᠢ | ᠲᠠᠰᠤᠷᠠᠯᠳᠠ ᠥᠭᠡᠢ ᠰᠠᠶᠢᠵᠢᠷᠠᠭᠤᠯᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ | ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠦᠳᠡᠭᠡ ᠲᠤᠰᠬᠤᠨ ᠢ ᠬᠦᠭᠵᠢᠬᠦᠯᠬᠦ ᠲᠠᠢ ᠪᠦᠲᠦᠮᠵᠢᠲᠡᠢ | ᠵᠣᠯᠭᠠᠭᠤᠯᠬᠤ ᠶᠢ ᠰᠠᠶᠢᠲᠤᠷ ᠬᠢᠵᠦ᠂ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠤᠷᠳᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠬᠡᠷᠡᠭᠲᠠᠢ ᠭᠡᠵᠤ ᠴᠢᠬᠤᠯᠠᠴᠢᠯᠠᠪᠠ᠃ | ᠳ᠋ᠦ᠋ ᠬᠤᠢ ᠯᠢᠶᠠᠩ ᠲᠦᠷᠢᠮ ᠤᠨ ᠪᠠᠶᠢᠭᠤᠯᠤᠯᠲᠠ ᠶᠢ ᠴᠢᠩᠭᠠᠳᠬᠠᠵᠤ᠂ ᠬᠠᠮᠲᠤᠷᠠᠭᠰᠠᠨ ᠬᠤᠷᠠᠯ ᠤᠨ | ᠲᠣᠭᠲᠠᠴᠠ ᠪᠣᠯᠤᠨ ᠭᠤᠣᠯᠳᠠᠯᠭ᠎ᠠ ᠲᠠᠢ ᠠᠵᠢᠯ ᠤᠨ ᠰᠤᠳᠤᠯᠭᠠᠨ ᠤ ᠪᠠᠶᠢᠭᠤᠯᠤᠮᠵᠢ ᠶᠢ ᠪᠠᠶᠢᠭᠤᠯᠵᠤ᠂ | ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠤᠨ᠂ | ᠱᠠᠯᠠᠪᠳᠠᠭᠤᠯᠤᠨ ᠪᠠᠶᠢᠴᠠᠭᠠᠵᠤ ᠬᠢᠨᠠᠨ ᠰᠢᠯᠭᠠᠬᠤ ᠶᠢ ᠴᠢᠩᠭᠠᠳᠬᠠᠵᠤ᠂ ᠬᠦᠳᠡᠭᠡ ᠲᠤᠰᠬᠤᠨ ᠢ ᠬᠦᠭᠵᠢᠬᠦᠯᠬᠦ ᠰᠢᠨ᠎ᠡ | ᠬᠠᠭᠤᠳᠠᠰᠤ ᠶᠢ ᠨᠡᠩ ᠶᠡᠭᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠴᠢᠩᠭ᠎ᠠ ᠡᠭᠦᠷᠭᠡᠯᠡᠯ᠂ ᠨᠡᠩ | ᠦᠨᠳᠦᠷ ᠪᠠᠷᠢᠮᠵᠢᠶ᠎ᠠ ᠪᠠᠷ ᠴᠢᠷᠮᠠᠶᠢᠨ ᠪᠢᠴᠢᠭᠯᠡᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠳᠡᠭᠡᠷ᠎ᠡ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠲᠣᠰ ᠪᠦᠷᠢ ᠬᠤᠯᠪᠣᠭᠳᠠᠯ ᠪᠥᠬᠦᠶ ᠪᠠᠶᠢᠳᠠᠯ ᠢ ᠬᠠᠷᠢᠭᠤ ᠮᠡᠳᠡᠭᠦᠯᠵᠦ᠂ ᠱᠢ ᠶᠠᠨ ᠵᠢᠶᠧ | ᠠᠵᠢᠯ ᠤᠨ ᠪᠠᠶᠢᠷᠢᠯᠠᠭᠤᠯᠤᠯᠲᠠ ᠬᠢᠪᠠ᠃ | | |