ᠤᠢᠢᠷ᠎ᠠ ᠶᠢᠨ ᠡᠳᠦᠷ᠂ ᠪᠥᠬᠦ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡ᠊ᠩᠨᠡᠭᠡᠨ ᠤ ᠬᠥᠮᠦᠵᠢᠯ | ᠴᠡᠭᠴᠡᠯᠡᠯᠲᠡ ᠶᠢᠨ ᠠᠵᠢᠯ ᠢ ᠠᠬᠢᠭᠤᠯᠬᠤ ᠬᠤᠷᠠᠯ ᠵᠢᠴᠢ ᠴᠡᠭᠴᠡᠯᠡᠨ ᠰᠠᠶᠢᠵᠢᠷᠠᠭᠤᠯᠬᠤ ᠳᠠᠶᠢᠴᠢᠯᠠᠯᠲᠠ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠪᠠ᠃ ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠤᠯᠤᠰ ᠲᠦᠷᠦ | ᠬᠠᠤᠯᠢ ᠴᠠᠭᠠᠵᠠ ᠶᠢᠨ ᠡ᠊ᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠵᠢᠯ ᠤᠨ ᠵᠢᠷᠭᠤᠳᠤᠭᠠᠷ ᠤᠳᠠᠭ᠎ᠠ ᠶᠢᠨ | ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠤᠨ | ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠪᠣᠯᠤᠨ ᠥᠪᠡᠷᠲᠡᠭᠡᠨ ᠵᠠᠰᠠᠬᠤ ᠣᠷᠣᠨ ᠤ ᠶᠢᠰᠦᠳᠦᠭᠡᠷ | ᠵᠢᠭᠠᠨ ᠵᠢᠯᠣᠭᠤᠳᠬᠤ ᠳᠤᠭᠤᠶᠢᠯᠠᠩ ᠤᠨ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠬᠤ ᠠᠵᠢᠯ ᠢ ᠲᠠᠶᠢᠴᠢᠯᠠᠨ ᠪᠠᠶᠢᠷᠢᠯᠠᠭᠤᠯᠵᠤ᠂ ᠬᠥᠮᠦᠵᠢᠯ ᠴᠡᠭᠴᠡᠯᠡᠯᠲᠡ ᠶᠢᠨ ᠲᠠᠬᠢᠨ ᠬᠢᠴᠢᠶᠡᠯ | ᠨᠥᠬᠦᠪᠥᠷᠢᠯᠡᠬᠦ᠂ ᠪᠠᠭᠤᠷᠠᠢ ᠭᠤᠭᠴᠤᠭ᠎ᠠ ᠶᠢ ᠲᠠᠬᠢᠨ ᠴᠢᠩᠭᠠᠷᠠᠭᠤᠯᠬᠤ᠂ ᠪᠠᠶᠢᠴᠠᠭᠠᠨ ᠰᠢᠢᠳᠪᠦᠷᠢᠯᠡᠵᠦ ᠴᠡᠭᠴᠡᠯᠡᠨ | ᠵᠠᠰᠠᠬᠤ ᠠᠵᠢᠯ ᠢ ᠲᠠᠬᠢᠨ ᠬᠦᠴᠦᠯᠡᠬᠦ᠂ ᠠᠵᠢᠯ ᠤᠨ ᠴᠢᠨᠠᠷᠵᠢᠯ ᠪᠠ ᠦᠷ᠎ᠡ ᠪᠦᠲᠦᠮᠵᠢ ᠶᠢ ᠲᠠᠬᠢᠨ ᠳᠡᠭᠡᠭᠰᠢᠯᠡᠭᠦᠯᠬᠦ ᠶᠢ | ᠠᠬᠢᠭᠤᠯᠪᠠ᠃ ᠬᠤᠲᠠ ᠶᠢᠨ ᠤᠯᠤᠰ ᠲᠦᠷᠦ ᠬᠠᠤᠯᠢ ᠴᠠᠭᠠᠵᠠ ᠶᠢᠨ ᠡ᠊ᠩᠨᠡᠭᠡᠨ ᠤ ᠬᠥᠮᠦᠵᠢᠯ ᠴᠡᠭᠴᠡᠯᠡᠯᠲᠡ ᠶᠢᠨ | ᠤᠳᠤᠷᠢᠳᠬᠤ ᠳᠤᠭᠤᠶᠢᠯᠠᠩ ᠤᠨ ᠳᠠᠷᠤᠭ᠎ᠠ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠬᠤᠷᠠᠯ ᠳᠤ | ᠤᠷᠤᠯᠴᠠᠭᠰᠠᠨ ᠤ ᠬᠠᠮᠳᠤ ᠶᠠᠷᠢᠶ᠎ᠠ ᠲᠠᠯᠪᠢᠪᠠ᠃ ᠬᠤᠲᠠ ᠶᠢᠨ ᠤᠯᠤᠰ ᠲᠥᠷᠥ ᠬᠠᠤᠯᠢ ᠴᠠᠭᠠᠵᠠ ᠶᠢᠨ ᠡ᠊ᠩᠨᠡᠭᠡᠨ ᠤ | ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ᠂ ᠬᠤᠲᠠ ᠶᠢᠨ | ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠰᠢᠩ ᠵᠧᠩ | ᠬᠤᠷᠠᠯ ᠢ ᠡᠷᠭᠢᠯᠡᠪᠡ᠃ | ᠯᠢ ᠯᠢ ᠲᠥᠪ ᠤᠨ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ᠂ ᠥᠪᠡᠷᠲᠡᠭᠡᠨ ᠵᠠᠰᠠᠬᠤ ᠣᠷᠣᠨ ᠤ ᠵᠢᠭᠠᠨ | ᠵᠢᠯᠣᠭᠤᠳᠬᠤ ᠳᠤᠭᠤᠶᠢᠯᠠᠩ ᠤᠨ ᠬᠠᠷᠢᠭᠤ ᠲᠤᠰᠬᠠᠬᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ | ᠨᠠᠶᠢᠳᠠᠪᠤᠷᠢᠵᠢᠭᠤᠯᠬᠤ ᠠᠵᠢᠯ ᠢ ᠰᠠᠶᠢᠲᠤᠷ ᠠᠳᠬᠤᠬᠤ ᠪᠣᠯ ᠪᠢᠳᠡᠨ ᠤ ︽ᠬᠤᠶᠠᠷ ᠢ ᠬᠠᠮᠠᠭᠠᠯᠠᠬᠤ︾ ᠶᠢ | ᠦᠢᠯᠡᠳᠦᠯᠭᠡᠵᠢᠭᠦᠯᠬᠦ ᠶᠢᠨ ᠴᠢᠬᠤᠯᠠ ᠤᠯᠤᠰ ᠲᠦᠷᠦ ᠶᠢᠨ ᠰᠢᠯᠭᠠᠨ ᠪᠠᠶᠢᠴᠠᠭᠠᠯᠲᠠ ᠪᠣᠯᠤᠨ᠎ᠠ᠃ ᠡᠯ᠎ᠡ ᠬᠤᠰᠢᠭᠤ | ᠲᠤᠭᠤᠷᠢᠭ᠂ ᠤᠯᠤᠰ ᠲᠥᠷᠥ ᠬᠠᠤᠯᠢ ᠴᠠᠭᠠᠵᠠ ᠶᠢᠨ ᠡᠯ᠎ᠡ ᠨᠢᠭᠡᠴᠢ ᠶᠢᠨ ᠬᠢᠨ ᠤᠯᠤᠰ ᠲᠥᠷᠥ ᠶᠢᠨ ᠤᠬᠠᠮᠰᠠᠷ ᠪᠠ | ᠤᠯᠤᠰ ᠲᠥᠷᠥ ᠶᠢᠨ ᠡᠭᠦᠷᠭᠡᠯᠡᠯ ᠢᠶᠠᠨ ᠴᠢᠩᠭᠠᠳᠬᠠᠵᠤ᠂ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ | ᠪᠣᠯᠤᠨ ᠶᠡᠷᠦᠩᠬᠡᠶ ᠱᠦᠵᠢ ᠰᠢ ᠶᠢᠨ ᠫᠢᠩ ᠤᠨ ᠤᠯᠤᠰ ᠲᠦᠷᠦ ᠬᠠᠤᠯᠢ ᠴᠠᠭᠠᠵᠠ ᠶᠢᠨ ᠡ᠊ᠩᠨᠡᠭᠡᠨ ᠤ | ᠪᠠᠶᠢᠭᠤᠯᠤᠯᠲᠠ ᠶᠢᠨ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠶᠡᠷᠦᠩᠬᠡᠢ | ᠱᠦᠵᠢ ᠰᠢ ᠶᠢᠨ ᠫᠢᠩ ᠤᠨ ︽7 · 1︾ ᠤ ᠴᠢᠬᠤᠯᠠ ᠶᠠᠷᠢᠶ᠎ᠠ ᠶᠢ ᠰᠤᠷᠤᠯᠴᠠᠬᠤ ᠶᠢ ᠨᠠᠮ ᠤᠨ ᠲᠡᠤᠬᠡ ᠶᠢᠨ | ᠰᠤᠷᠤᠯᠴᠠᠯᠭ᠎ᠠ ᠬᠥᠮᠦᠵᠢᠯ ᠤᠨ ᠭᠤᠤᠯᠯᠠᠬᠤ ᠠᠭᠤᠯᠭ᠎ᠠ ᠪᠣᠯᠭᠠᠵᠤ᠂ ᠬᠥᠮᠦᠵᠢᠯ ᠴᠡᠭᠴᠡᠯᠡᠯᠲᠡ ᠶᠢᠨ ᠴᠢᠬᠤᠯᠠ ᠤᠯᠤᠰ | ᠲᠥᠷᠥ ᠶᠢᠨ ᠡᠭᠦᠷᠭᠡ ᠪᠤᠯᠭᠠᠨ᠂ ᠦᠵᠡᠯ ᠰᠠᠨᠠᠭ᠎ᠠ ᠪᠠ ᠦᠢᠯᠨ ᠠᠵᠢᠯᠯᠠᠭ᠎ᠠ ᠪᠠᠨ ᠶᠡᠷᠦᠩᠬᠡᠶ ᠱᠦᠵᠢ ᠰᠢ ᠶᠢᠨ | ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠲᠥᠪ ᠬᠤᠷᠢᠶ᠎ᠠ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶᠠᠨ ᠤ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ | ᠨᠢᠭᠡᠳᠦᠭᠦᠯᠬᠦ ᠬᠡᠷᠡᠭᠲᠡᠶ᠃ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠰᠠᠶᠢᠵᠢᠷᠠᠭᠤᠯᠵᠦ ᠨᠠᠶᠢᠳᠠᠪᠤᠷᠢᠵᠢᠭᠤᠯᠬᠤ ᠶᠢᠨ | ᠴᠢᠬᠤᠯᠠ ᠴᠢᠨᠠᠷ᠂ ᠲᠥᠪ ᠴᠢᠩᠭ᠎ᠠ ᠴᠢᠨᠠᠷ ᠢ ᠭᠦᠨᠵᠡᠭᠡᠢ ᠲᠠᠨᠢᠵᠤ᠂ ᠤᠯᠤᠰ ᠲᠦᠷᠦ ᠶᠢᠨ ᠲᠠᠯ᠎ᠠ ᠠᠴᠠ ᠦᠵᠡᠬᠦ ᠶᠢ | ᠪᠠᠷᠢᠮᠲᠠᠯᠠᠨ᠂ ᠤᠯᠤᠰ ᠲᠦᠷᠦ ᠶᠢᠨ ᠲᠠᠯ᠎ᠠ ᠠᠴᠠ ᠡᠷᠡᠰ ᠰᠢᠢᠳᠪᠦᠷᠢᠯᠡᠵᠦ᠂ ᠴᠢᠩᠭ᠎ᠠ ᠤᠯᠤᠰ ᠲᠦᠷᠦ ᠶᠢᠨ | ᠬᠠᠷᠢᠭᠤᠴᠠᠯᠭᠠᠲᠤ ᠰᠡᠳᠬᠢᠯᠭᠡ ᠪᠠ ᠠᠵᠢᠯ ᠤᠨ ᠲᠤᠯᠭᠠᠮ ᠰᠡᠳᠬᠢᠯᠭᠡ ᠪᠠᠷ ᠤᠯᠤᠰ ᠲᠦᠷᠦ ᠬᠠᠤᠯᠢ ᠴᠠᠭᠠᠵᠠ ᠶᠢᠨ | ᠡ᠊ᠩᠨᠡᠭᠡᠨ ᠤ ᠬᠥᠮᠦᠵᠢᠯ ᠴᠡᠭᠴᠡᠯᠡᠯᠲᠡ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠦᠨ᠂ ᠨᠠᠮ ᠪᠠ ᠠᠷᠠᠳ ᠲᠦᠮᠡᠨ | ᠰᠡᠳᠬᠢᠯ ᠬᠠᠨᠤᠮᠵᠢᠲᠠᠢ ᠪᠠᠶᠢᠬᠤ ᠦᠷ᠎ᠡ ᠪᠦᠲᠦᠮᠵᠢ ᠶᠢ ᠤᠯᠬᠤ ᠬᠡᠷᠡᠭᠲᠡᠢ ᠭᠡᠵᠦ ᠵᠢᠭᠠᠵᠦ ᠭᠠᠷᠭᠠᠪᠠ᠃ | ᠯᠢ ᠯᠢ ᠴᠢᠨᠠᠷᠵᠢᠯ ᠢ ᠴᠢᠩᠭ᠎ᠠ ᠠᠳᠬᠤᠬᠤ ᠪᠠᠷ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠠᠳᠬᠤᠵᠤ᠂ | ᠲᠥᠪ ᠤᠨ ᠳᠥᠷᠪᠡᠳᠦᠭᠡᠷ ᠱᠠᠯᠠᠪᠳᠠᠭᠤᠯᠤᠨ ᠵᠢᠯᠣᠭᠤᠳᠬᠤ ᠳᠤᠭᠤᠶᠢᠯᠠᠩ ᠪᠣᠯᠤᠨ ᠥᠪᠡᠷᠲᠡᠭᠡᠨ ᠵᠠᠰᠠᠬᠤ ᠣᠷᠣᠨ ᠤ | ᠶᠢᠰᠦᠳᠦᠭᠡᠷ ᠵᠢᠭᠠᠨ ᠵᠢᠯᠣᠭᠤᠳᠬᠤ ᠳᠤᠭᠤᠶᠢᠯᠠᠩ ᠤᠨ ᠬᠠᠷᠢᠭᠤ ᠲᠤᠰᠬᠠᠬᠰᠠᠨ ᠴᠡᠭᠴᠡᠯᠡᠨ ᠰᠠᠶᠢᠵᠢᠷᠠᠭᠤᠯᠬᠤ | ᠲᠥᠰᠦᠯ ᠤᠨ ᠱᠠᠭᠠᠷᠳᠠᠯᠭ᠎ᠠ ᠲᠠᠢ ᠬᠠᠷᠢᠴᠠᠭᠤᠯᠵᠤ᠂ ᠨᠢᠭᠡ ᠠᠴᠠ ᠨᠦᠭᠦᠭᠡ ᠶᠢ ᠵᠦᠢᠴᠢᠯᠡᠨ᠂ ᠭᠦᠨᠵᠡᠭᠡᠢ ᠵᠢᠭᠰᠠᠭᠠᠨ | ᠪᠠᠶᠢᠴᠠᠭᠠᠵᠤ᠂ ᠰᠠᠨᠠᠭᠠᠴᠢᠯᠠᠭ᠎ᠠ ᠠᠴᠠ ᠪᠠᠨ ᠬᠦᠯᠢᠶᠡᠨ ᠠᠪᠴᠤ᠂ ᠪᠠᠷᠢᠮᠵᠢᠶ᠎ᠠ ᠶᠢ ᠴᠢᠩᠭ᠎ᠠ ᠴᠡᠭᠴᠡᠯᠡᠨ | ᠰᠠᠶᠢᠵᠢᠷᠠᠭᠤᠯᠵᠤ᠂ ᠰᠢᠯᠭᠠᠨ ᠠᠪᠬᠤ ᠪᠣᠭᠤᠮᠲᠠ ᠶᠢ ᠪᠠᠲᠤ ᠰᠠᠬᠢᠵᠤ᠂ ᠠᠷᠭᠠᠴᠠᠭᠠᠨ ᠦᠩᠭᠡᠷᠡᠭᠡᠭᠦ ᠦᠵᠡᠯ ᠰᠠᠨᠠᠭ᠎ᠠ ᠶᠢ | ᠬᠤᠷᠢᠭᠯᠠᠨ᠂ ᠬᠥᠮᠦᠵᠢᠯ ᠴᠡᠭᠴᠡᠯᠡᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠥᠮᠦᠵᠢᠯ | ᠴᠡᠭᠴᠡᠯᠡᠯᠲᠡ ᠶᠢᠨ ᠴᠢᠨᠠᠷ ᠴᠢᠨᠰᠠᠭ᠎ᠠ ᠶᠢ ᠪᠠᠲᠤᠯᠠᠬᠤ ᠬᠡᠷᠡᠭᠲᠡᠢ᠃ ᠥᠪᠡᠷ ᠢ ᠪᠠᠨ ᠪᠠᠶᠢᠴᠠᠭᠠᠵᠤ ᠥᠪᠡᠷ ᠢ ᠪᠠᠨ | ᠵᠠᠯᠠᠷᠠᠭᠤᠯᠬᠤ ᠪᠠᠷ ᠴᠡᠭᠴᠡᠯᠡᠨ ᠰᠠᠶᠢᠵᠢᠷᠠᠭᠤᠯᠬᠤ ᠶᠢ ᠠᠳᠬᠤᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ | ᠬᠠᠷᠠᠯᠲᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠭᠤᠣᠯᠳᠠᠯᠭ᠎ᠠ ᠲᠠᠢ ᠬᠡᠷᠡᠭ ᠤᠨ ᠪᠣᠭᠤᠮᠲᠠ ᠰᠢᠪᠲᠤᠯᠣᠯᠲᠠ | ᠂ ᠴᠢᠩᠭ᠎ᠠ ᠰᠤᠯᠠ ᠲᠦᠷᠦ ᠶᠢᠨ ᠪᠤᠳᠤᠯᠭ᠎ᠠ ᠶᠢᠨ ᠬᠡᠷᠡᠭᠯᠡᠯᠲᠡ᠂ ᠬᠡᠷᠡᠭ ᠢ ᠦᠨᠡᠯᠡᠨ ᠪᠠᠶᠢᠴᠠᠭᠠᠬᠤ᠂ ᠲᠦᠷᠢᠮ | ᠲᠤᠭᠳᠠᠴᠠ ᠶᠢ ᠲᠡᠭᠦᠯᠳᠡᠷᠵᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ | ᠥᠪᠡᠷ ᠢ ᠪᠠᠨ ᠭᠦᠨᠵᠡᠭᠡᠢ ᠪᠠᠶᠢᠴᠠᠭᠠᠵᠤ ᠥᠪᠡᠷ ᠢ ᠪᠠᠨ ᠵᠠᠯᠠᠷᠠᠭᠤᠯᠤᠨ᠂ ᠪᠦᠬᠦ ᠲᠠᠯ᠎ᠠ ᠪᠠᠷ ᠪᠠᠶᠢᠴᠠᠭᠠᠯᠲᠠ ᠬᠢᠵᠦ | ᠳᠤᠲᠠᠭᠤᠳᠠᠯ ᠢᠶᠠᠨ ᠨᠥᠬᠦᠪᠥᠷᠢᠯᠡᠨ᠂ ᠴᠡᠭᠴᠡᠯᠡᠨ ᠰᠠᠶᠢᠵᠢᠷᠠᠭᠤᠯᠬᠤ ᠳᠤ ᠠᠰᠠᠭᠤᠳᠠᠯ ᠦᠯᠡᠳᠡᠭᠡᠬᠦ ᠦᠭᠡᠢ᠂ ᠥᠨᠴᠥᠭ | ᠪᠤᠯᠤᠩ ᠦᠯᠡᠳᠡᠭᠡᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ ᠴᠡᠭᠴᠡᠯᠡᠨ | ᠰᠠᠶᠢᠵᠢᠷᠠᠭᠤᠯᠬᠤ ᠶᠢ ᠠᠳᠬᠤᠵᠤ᠂ ᠬᠤᠳᠠ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ | ᠲᠦᠷᠦᠭᠦᠯᠡᠨ ᠶᠡᠷᠦᠩᠬᠡᠢ ᠠᠵᠢᠯ ᠢ ᠠᠳᠬᠤᠬᠤ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ᠂ ᠡᠯ᠎ᠡ ᠱᠠᠲᠤᠨ ᠤ | ᠨᠠᠮ ᠤᠨ ᠬᠤᠷᠢᠶᠠᠨ ᠤ ︽ᠨᠢᠭᠡᠳᠦᠭᠡᠷ ᠭᠠᠷ︾ ᠨᠢᠭᠡᠳᠦᠭᠡᠷ ᠬᠠᠷᠢᠭᠤᠴᠠᠯᠭᠠᠲᠠᠨ ᠤ ᠬᠠᠷᠢᠭᠤᠴᠠᠯᠭ᠎ᠠ ᠪᠠᠨ ᠦᠨᠡᠨ ᠬᠦ | ᠡᠭᠦᠷᠭᠡᠯᠡᠨ᠂ ᠤᠯᠤᠰ ᠲᠦᠷᠦ ᠬᠠᠤᠯᠢ ᠴᠠᠭᠠᠵᠠ ᠶᠢᠨ ᠡᠯ᠎ᠡ ᠪᠠᠶᠢᠭᠤᠯᠭ᠎ᠠ ᠨᠢᠭᠡᠴᠢ ᠶᠢᠨ ᠬᠢᠨ ᠬᠥᠮᠦᠵᠢᠯ | ᠴᠡᠭᠴᠡᠯᠡᠯᠲᠡ ᠶᠢᠨ ᠰᠢᠭᠤᠳ ᠬᠠᠷᠢᠭᠤᠴᠠᠯᠭ᠎ᠠ ᠪᠠᠨ ᠰᠠᠶᠢᠲᠤᠷ ᠨᠠᠶᠢᠳᠠᠪᠤᠷᠢᠵᠢᠭᠤᠯᠵᠤ᠂ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠡ ᠬᠢᠨᠠᠨ ᠪᠠᠶᠢᠴᠠᠭᠠᠬᠤ ᠵᠥᠪᠯᠡᠯ᠂ ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠵᠢᠴᠢ ᠪᠤᠰᠤᠳ ᠪᠦᠷᠢᠯᠳᠦᠬᠦᠨ | ᠨᠢᠭᠡᠴᠢ ᠶᠢᠨ ᠬᠢᠨ ᠬᠠᠮᠵᠢᠯᠴᠠᠬᠤ ᠬᠠᠷᠢᠭᠤᠴᠠᠯᠭ᠎ᠠ ᠪᠠᠨ ᠰᠠᠶᠢᠲᠤᠷ ᠨᠠᠶᠢᠳᠠᠪᠤᠷᠢᠵᠢᠭᠤᠯᠵᠤ᠂ ᠬᠦᠴᠦᠷᠬᠡᠭ ᠶᠡᠭᠡ | ᠠᠵᠢᠯ ᠤᠨ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠬᠤᠲᠠ ᠶᠢᠨ ᠤᠯᠤᠰ ᠲᠦᠷᠦ ᠬᠠᠤᠯᠢ ᠴᠠᠭᠠᠵᠠ ᠶᠢᠨ ᠡ᠊ᠩᠨᠡᠭᠡᠨ ᠤ ᠬᠥᠮᠦᠵᠢᠯ ᠴᠡᠭᠴᠡᠯᠡᠯᠲᠡ ᠶᠢᠨ | ᠤᠳᠤᠷᠢᠳᠬᠤ ᠳᠤᠭᠤᠶᠢᠯᠠᠩ ᠤᠨ ᠳᠡᠳ᠋ ᠳᠠᠷᠤᠭ᠎ᠠ ᠱᠧ ᠰᠢ ᠸᠧᠨ᠂ ᠵᠧᠨ ᠬᠤᠸᠠ᠂ ᠭᠤᠤ ᠸᠧᠨ ᠾᠧ᠂ ᠶᠠᠩ ᠱᠢ | ᠯᠢᠨ ᠵᠢᠴᠢ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠬᠤᠲᠠ ᠶᠢᠨ ᠤᠯᠤᠰ ᠲᠦᠷᠦ ᠬᠠᠤᠯᠢ ᠴᠠᠭᠠᠵᠠ ᠶᠢᠨ | ᠡᠯ᠎ᠡ ᠪᠠᠶᠢᠭᠤᠯᠭ᠎ᠠ ᠨᠢᠭᠡᠴᠢ ᠶᠢᠨ ᠤᠳᠤᠷᠢᠳᠬᠤ ᠪᠠᠭ ᠤᠨ ᠪᠦᠷᠢᠯᠳᠦᠬᠦᠨ ᠬᠤᠷᠠᠯ ᠳᠤ ᠤᠷᠤᠯᠴᠠᠪᠠ᠃ | ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠡᠯ᠎ᠡ ᠬᠤᠰᠢᠭᠤ ᠲᠣᠭᠤᠷᠢᠭ ᠬᠦ᠋ᠷᠳᠡᠯ᠎ᠠ ᠶᠠᠪᠤᠭᠳᠠᠭᠤᠯᠪᠠ᠃ |