ᠳ᠋ᠦ᠋ ᠬᠤᠢ ᠯᠢᠶᠠᠩ ᠪᠤᠯᠪᠠᠰᠤᠷᠠᠯ ᠤᠨ ᠠᠩᠭᠢ ᠡᠬᠢᠯᠡᠬᠦ ᠶᠣᠰᠣᠯᠠᠯ ᠳᠤ ᠣᠷᠣᠯᠴᠠᠭᠰᠠᠨ ᠤ ᠬᠠᠮᠳᠤ ᠶᠠᠷᠢᠶ᠎ᠠ | ᠲᠠᠯᠪᠢᠪᠠ | 7 ᠰᠠᠷ᠎ᠠ ᠶᠢᠨ 28 ᠤ ᠡᠳᠦᠷ᠂ ᠪᠦᠬᠦ ᠬᠤᠲᠠ ᠶᠢᠨ ᠳᠥᠷᠪᠡᠨ ᠱᠠᠲᠤᠨ ᠤ ᠭᠤᠣᠯ ᠮᠥᠷᠡᠨ ᠨᠠᠭᠤᠷ | ᠴᠥᠬᠦᠷᠥᠮ ᠤᠨ ᠳᠠᠷᠤᠭ᠎ᠠ ᠶᠢᠨ ᠪᠤᠯᠪᠡᠰᠦᠷᠡᠯ ᠤᠨ ᠠᠩᠬᠢ ᠵᠢᠴᠢ ᠭᠤᠤᠯ ᠮᠥᠷᠡᠨ ᠨᠠᠭᠤᠷ ᠴᠥᠭᠦᠷᠥᠮ ᠤᠨ | ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠤᠨ ᠲᠤᠰᠬᠠᠶ ᠰᠡᠳᠦᠪᠲᠦ ᠪᠤᠯᠪᠡᠰᠦᠷᠡᠯ ᠤᠨ ᠠᠩᠬᠢ ᠬᠤᠲᠠ ᠶᠢᠨ ᠨᠠᠮ ᠤᠨ | ᠬᠤᠷᠢᠶᠠᠨ ᠤ ᠨᠠᠮ ᠤᠨ ᠰᠤᠷᠭᠠᠭᠤᠯᠢ ᠳᠤ ᠡᠬᠢᠯᠡᠪᠡ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ | ᠬᠤᠲᠠ ᠶᠢᠨ ᠤᠷᠤᠯᠠᠭᠴᠢ ᠳᠠᠷᠤᠭ᠎ᠠ᠂ ᠬᠤᠲᠠ ᠶᠢᠨ ᠭᠤᠤᠯ ᠮᠥᠷᠡᠨ ᠨᠠᠭᠤᠷ ᠴᠥ᠋ᠬᠦᠷᠥᠮ ᠤᠨ ᠶᠡᠷᠦᠩᠬᠡᠶ ᠳᠠᠷᠤᠭ᠎ᠠ | ᠳ᠋ᠦ᠋ ᠬᠤᠢ ᠯᠢᠶᠠᠩ ᠠᠩᠭᠢ ᠡᠬᠢᠯᠡᠬᠦ ᠶᠣᠰᠣᠯᠠᠯ ᠳᠤ ᠣᠷᠣᠯᠴᠠᠭᠰᠠᠨ ᠤ ᠬᠠᠮᠳᠤ ᠶᠠᠷᠢᠶ᠎ᠠ ᠲᠠᠯᠪᠢᠪᠠ᠃ ᠬᠤᠲᠠ ᠶᠢᠨ | ᠤᠳᠤᠷᠢᠳᠤᠯᠭ᠎ᠠ ᠱᠢ ᠶᠠᠨ ᠵᠢᠶᠧ᠂ ᠺᠦᠩ ᠹᠠᠨ ᠹᠸᠢ᠂ ᠬᠤᠲᠠ ᠶᠢᠨ ᠵᠠᠰᠠᠭ ᠤᠨ ᠣᠷᠳᠣᠨ ᠤ ᠨᠡᠷᠢᠠ ᠪᠢᠴᠢᠭ ᠤᠨ | ᠲᠡᠷᠤᠭ᠎ᠠ ᠵᠠᠩ ᠵᠥᠩ ᡁᠢ ᠠᠩᠭᠢ ᠡᠬᠢᠯᠡᠬᠦ ᠶᠣᠰᠣᠯᠠᠯ ᠳᠤ ᠣᠷᠣᠯᠴᠠᠵᠠᠶ᠃ | ᠳ᠋ᠦ᠋ ᠬᠤᠢ ᠯᠢᠶᠠᠩ ᠶᠡᠷᠤᠩᠬᠡᠢ ᠱᠥᠵᠢ ᠰᠢ ᠶᠢᠨ ᠫᠢᠡᠭ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ | ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠴᠢᠬᠤᠯᠠ ᠶᠠᠷᠢᠶ᠎ᠠ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠭᠤᠣᠯ ᠮᠥᠷᠡᠨ ᠨᠠᠭᠤᠷ ᠴᠥᠭᠦᠷᠥᠮ ᠢ ᠵᠠᠰᠠᠬᠤ ᠠᠵᠢᠯ ᠤᠨ ᠲᠤᠬᠠᠢ | ᠴᠢᠬᠤᠯᠠ ᠥᠭᠦᠯᠡᠯᠲᠠ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠲᠥᠪ ᠪᠠ | ᠥᠪᠡᠷᠲᠡᠭᠡᠨ ᠵᠠᠰᠠᠬᠤ ᠣᠷᠣᠨ ᠤ ᠰᠢᠢᠳᠪᠤᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠥᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠨ᠂ ᠰᠡᠳᠬᠢᠯ ᠢᠶᠠᠨ ᠨᠢᠭᠡᠳᠬᠡᠨ | ᠬᠦᠴᠦᠨ ᠢᠶᠠᠨ ᠲᠥᠪᠯᠡᠷᠡᠭᠦᠯᠵᠦ᠂ ᠭᠤᠤᠯ ᠮᠥᠷᠡᠨ ᠨᠠᠭᠤᠷ ᠴᠥᠬᠦᠷᠥᠮ ᠤᠨ ᠳᠠᠷᠤᠭ᠎ᠠ ᠶᠢᠨ ᠲᠦᠷᠢᠮ ᠢ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠂ ᠭᠤᠥᠯ ᠮᠥᠷᠡᠨ ᠨᠠᠭᠤᠷ ᠴᠥᠬᠦᠷᠥᠮ ᠤᠨ ᠬᠠᠮᠢᠶᠠᠷᠤᠯᠲᠠ | ᠬᠠᠮᠠᠭᠠᠯᠠᠯᠲᠠ ᠶᠢᠨ ᠠᠵᠢᠯ ᠤᠨ ᠨᠠᠩ ᠶᠡᠭᠡ ᠪᠣᠳᠠᠲᠤ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠳᠡᠢ ᠬᠡᠵᠥ | ᠵᠢᠭᠠᠵᠥ ᠭᠠᠷᠭᠠᠪᠠ᠃ | ᠳ᠋ᠦ᠋ ᠬᠤᠢ ᠯᠢᠶᠠᠩ ᠤᠯᠤᠰ ᠲᠦᠷᠦ ᠶᠢ ᠡᠷᠬᠢᠮᠯᠡᠬᠦ ᠦᠨᠳᠦᠷᠴᠡ ᠠᠴᠠ ᠭᠤᠣᠯ ᠮᠥᠷᠡᠨ ᠨᠠᠭᠤᠷ | ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠢ ᠭᠦᠨᠵᠡᠭᠡᠶ | ᠲᠠᠨᠢᠵᠤ᠂ ᠶᠡᠷᠤᠩᠬᠡᠢ ᠱᠥᠵᠢ ᠰᠢ ᠶᠢᠨ ᠫᠢᠩ ᠤᠨ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠶ ᠶᠢᠨ | ᠬᠠᠮᠠᠭᠠᠯᠠᠯᠲᠠ ᠶᠢᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ᠂ ᠠᠮᠢ ᠠᠬᠤᠶ ᠶᠢ ᠰᠡᠷᠭᠦᠭᠡᠬᠦ | ᠪᠠ ᠰᠢᠰᠲ᠋ᠧᠮ ᠲᠠᠢ ᠵᠠᠰᠠᠬᠤ᠂ ᠬᠠᠲᠤᠨ ᠭᠤᠣᠯ ᠤᠨ ᠭᠤᠣᠯ ᠤᠨ ᠭᠤᠯᠳᠤᠷᠢᠯ ᠢ ᠵᠠᠰᠠᠬᠤ᠂ ᠪᠣᠬᠢᠷᠲᠤᠯ ᠢ ᠰᠡᠷᠭᠡᠶᠢᠯᠡᠨ | ᠵᠠᠰᠠᠬᠤ᠂ ᠤᠰᠤᠨ ᠤ ᠡᠬᠢ ᠪᠠᠶᠠᠯᠢᠭ ᠢ ᠠᠷᠪᠢᠯᠠᠵᠤ ᠡᠷᠴᠢᠮᠵᠢᠬᠦᠯᠦᠨ ᠠᠰᠢᠭᠯᠠᠬᠤ᠂ ᠦᠶᠡᠷ ᠢ ᠰᠡᠷᠭᠡᠶᠢᠯᠡᠬᠦ ᠠᠵᠢᠯ᠂ | ᠭᠤᠣᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠳᠦᠷᠢᠮ᠂ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ᠂ | ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠬᠤ᠂ ᠨᠠᠮ ᠢ ᠴᠢᠩᠭ᠎ᠠ ᠵᠠᠰᠠᠬᠤ ᠲᠤᠬᠠᠶ ᠴᠢᠬᠤᠯᠠ ᠶᠠᠷᠢᠶᠠᠨ ᠤ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠵᠤ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ | ᠣᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠬᠦᠢᠴᠡᠳᠭᠡᠬᠦ ᠴᠢᠳᠠᠪᠤᠷᠢ ᠪᠠᠨ ᠦᠨᠡᠨ ᠬᠦ ᠳᠡᠭᠡᠭᠰᠢᠯᠡᠭᠦᠯᠤᠨ᠂ | ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠶᠢᠨ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠲᠠᠢ ᠨᠢᠭᠡᠳᠬᠡᠵᠦ᠂ ᠲᠥᠪ ᠪᠠ ᠥᠪᠡᠷᠲᠡᠭᠡᠨ ᠵᠠᠰᠠᠬᠤ ᠣᠷᠣᠨ ᠤ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠲᠠᠢ ᠨᠢᠭᠡᠳᠬᠡᠨ᠂ ᠭᠤᠣᠯ ᠮᠥᠷᠡᠨ ᠨᠠᠭᠤᠷ ᠴᠥᠬᠦᠷᠥᠮ ᠤᠨ ᠳᠠᠷᠤᠭ᠎ᠠ ᠶᠢᠨ | ᠲᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠭᠤᠣᠯ ᠮᠥᠷᠡᠨ ᠨᠠᠭᠤᠷ ᠴᠥᠬᠦᠷᠥᠮ ᠤᠨ ᠬᠠᠮᠢᠶᠠᠷᠤᠯᠲᠠ ᠶᠢ | ᠪᠦᠬᠦ ᠲᠠᠯ᠎ᠠ ᠪᠠᠷ ᠴᠢᠩᠭᠠᠳᠬᠠᠵᠤ᠂ ᠬᠠᠲᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ | ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠬᠡᠵᠥ ᠴᠢᠬᠤᠯᠠᠴᠢᠯᠠᠵᠠᠢ᠃ | ᠳ᠋ᠦ᠋ ᠬᠤᠢ ᠯᠢᠶᠠᠩ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠭᠤᠣᠯ ᠮᠥᠷᠡᠨ ᠨᠠᠭᠤᠷ | ᠴᠥᠭᠦᠷᠥᠮ ᠤᠨᠬᠠᠮᠢᠶᠠᠷᠤᠯᠲᠠ ᠬᠠᠮᠠᠭᠠᠯᠠᠯᠲᠠ ᠶᠢᠨ ᠭᠤᠣᠯᠳᠠᠯᠭ᠎ᠠ ᠲᠠᠢ ᠠᠵᠢᠯ ᠢ ᠪᠦᠬᠦ ᠲᠠᠯ᠎ᠠ ᠪᠠᠷ ᠰᠠᠶᠢᠲᠤᠷ | ᠠᠳᠬᠤᠨ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠶᠢᠨ ᠲᠣᠭᠤᠷᠢᠨ ᠳᠤ᠂ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ | ᠵᠠᠩᠭᠢᠯᠠᠭ᠎ᠠ ᠶᠢᠨ ᠭᠤᠭᠴᠤᠭ᠎ᠠ ᠶᠢ ᠠᠳᠬᠤᠨ᠂ ᠪᠣᠭᠤᠮᠲᠠ ᠰᠢᠪᠲᠤᠯᠬᠤ ᠡᠷᠴᠢᠮ ᠢᠶᠠᠨ ᠴᠢᠩᠭᠠᠷᠠᠭᠤᠯᠵᠤ᠂ ᠥᠨᠳᠦᠷ | ᠡᠬᠢᠯᠡᠯᠲᠡ ᠶᠢᠨ ᠴᠡᠭ ᠠᠴᠠ ᠲᠥᠯᠥᠪᠵᠢᠭᠦᠯᠭᠡ ᠶᠢᠨ ᠲᠥᠰᠦᠯ ᠢᠶᠠᠨ ᠨᠠᠶᠢᠷᠠᠭᠤᠯᠤᠨ ᠵᠣᠬᠢᠶᠠᠵᠦ᠂ ᠭᠤᠣᠯ ᠮᠥᠷᠡᠨ | ᠨᠠᠭᠤᠷ ᠴᠥᠭᠦᠷᠥᠮ ᠤᠨ ᠠᠶᠦᠯ ᠦᠬᠡᠢ ᠪᠠᠶᠢᠬᠤ ᠶᠢ ᠥᠨᠳᠥᠷ ᠪᠠᠷᠢᠮᠵᠢᠶ᠎ᠠ ᠪᠠᠷ ᠪᠠᠲᠤᠯᠠᠨ᠂ ᠠᠮᠢ ᠠᠬᠤᠢ ᠶᠢᠨ | ᠵᠠᠰᠠᠯᠲᠠ ᠶᠢ ᠴᠢᠨᠠᠷ ᠰᠠᠶᠢᠲᠠᠢ ᠬᠡᠷᠡᠭᠵᠢᠭᠦᠯᠵᠤ᠂ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠥᠨᠳᠥᠷ ᠪᠦᠲᠦᠮᠵᠢᠲᠡᠢ | ᠥᠷᠨᠢᠭᠦᠯᠦᠨ᠂ ᠤᠰᠤ ᠬᠡᠷᠡᠭᠯᠡᠬᠦ ᠬᠠᠮᠢᠶᠠᠷᠤᠯᠲᠠ ᠶᠢ ᠥᠨᠳᠥᠷ ᠱᠠᠭᠠᠷᠳᠠᠯᠭ᠎ᠠ ᠪᠠᠷ ᠴᠢᠩᠭᠠᠳᠬᠠᠵᠤ᠂ ᠰᠠᠭᠤᠭᠠᠯᠢ | ᠠᠷᠠᠳ ᠢ ᠨᠡᠭᠦᠯᠭᠡᠨ ᠰᠢᠯᠵᠢᠬᠦᠯᠬᠦ ᠶᠢ ᠥᠨᠳᠥᠷ ᠦᠷ᠎ᠡ ᠪᠦᠲᠦᠮᠵᠢᠲᠡᠢ ᠪᠠᠷ ᠠᠬᠢᠭᠤᠯᠤᠨ᠂ ᠤᠶᠤᠨᠴᠢ ᠭᠤᠣᠯ ᠮᠥᠷᠡᠨ | ᠨᠠᠭᠤᠷ ᠴᠥᠭᠦᠷᠥᠮ ᠢ ᠥᠨᠳᠥᠷ ᠲᠦᠪᠰᠢᠨ ᠢᠶᠠᠷ ᠪᠦᠳᠦᠬᠡᠨ ᠪᠠᠶᠢᠭᠤᠯᠬᠤ ᠬᠡᠷᠡᠭᠳᠡᠢ᠃ ᠬᠠᠷᠢᠭᠤᠴᠠᠯᠭ᠎ᠠ ᠶᠢᠨ | ᠨᠠᠶᠢᠳᠠᠪᠤᠷᠢᠵᠢᠭᠤᠯᠤᠯᠳᠡ ᠶᠢ ᠴᠢᠩᠭᠠᠳᠬᠠᠵᠤ᠂ ᠨᠠᠩ ᠴᠢᠩᠭ᠎ᠠ ᠬᠠᠷᠢᠭᠤᠴᠠᠯᠭ᠎ᠠ᠂ ᠨᠠᠩ ᠪᠣᠳᠠᠲᠠᠶ ᠰᠤᠷᠲᠠᠯ᠂ ᠨᠠᠩ | ᠪᠦᠷᠢᠨ ᠲᠡᠭᠦᠯᠳᠡᠷ ᠲᠣᠭᠲᠠᠯᠴᠠᠭ᠎ᠠ ᠪᠠᠷ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠂ ᠭᠤᠤᠯ ᠮᠥᠷᠡᠨ ᠨᠠᠭᠤᠷ | ᠴᠥᠭᠦᠷᠥᠮ ᠤᠨ ᠬᠠᠮᠢᠶᠠᠷᠤᠯᠲᠠ ᠬᠠᠮᠠᠭᠠᠯᠠᠯᠲᠠ ᠶᠢ ᠰᠠᠶᠢᠲᠤᠷ ᠬᠢᠬᠦ ᠳᠤ ᠴᠢᠩᠭ᠎ᠠ ᠬᠦᠴᠦᠲᠠᠢ ᠪᠠᠲᠤᠯᠠᠭ᠎ᠠ ᠬᠠᠩᠭᠠᠵᠤ᠂ | ᠣᠷᠳᠣᠰ ᠤᠨ ᠠᠮᠢ ᠠᠬᠤᠶ ᠶᠢ ᠤᠷᠢᠳ ᠢᠶᠠᠷ ᠪᠤᠳᠤᠯᠬᠢᠯᠠᠨ᠂ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠰᠠᠶᠢᠲᠤᠷ ᠵᠠᠮᠨᠠᠬᠤ ᠳᠤ ᠬᠦᠴᠦᠨ ᠨᠡᠮᠡᠷᠢᠯᠡᠨ᠂ | ᠬᠠᠲᠤᠨ ᠭᠤᠤᠯ ᠤᠨ ᠠᠮᠤᠷ ᠲᠦᠪᠰᠢᠨ ᠢ ᠪᠠᠲᠤᠯᠠᠬᠤ ᠳᠤ ᠨᠠᠩ ᠶᠡᠭᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠥ | ᠱᠠᠭᠠᠷᠳᠠᠪᠠ᠃ | ᠬᠤᠷᠠᠯ ᠢ ᠸᠢᠳᠢᠣ᠋ ᠬᠤᠷᠠᠯ ᠤᠨ ᠬᠡᠯᠪᠡᠷᠢ ᠪᠠᠷ ᠡᠯ᠎ᠡ ᠬᠤᠰᠢᠭᠤ ᠲᠣᠭᠤᠷᠢᠭ᠂ ᠰᠤᠮᠤ ᠰᠢᠶᠠᠩ ᠪᠠᠯᠭᠠᠰᠦ ᠬᠦᠷᠳᠡᠯ᠎ᠡ | ᠬᠤᠷᠠᠯᠳᠤᠭᠤᠯᠪᠠ᠃ | | |