ᠵᠤᠨ ᠤ ᠰᠠᠶᠢᠬᠠᠠ ᠣᠯᠠᠷᠢᠯ ᠳᠤ ᠬᠠᠳᠤᠨ ᠭᠤᠣᠯ ᠤᠨ ᠬᠥᠪᠡᠭᠡᠨ ᠳᠠᠬᠢ ᠵᠢᠵᠢᠭ ᠲᠣᠰᠬᠤᠨ — ᠲᠠᠯᠠᠳ ᠬᠤᠰᠢᠭᠤᠠ ᠤ ᠱᠠᠭᠵᠠᠮᠤᠨᠢ ᠪᠠᠯᠭᠠᠰᠤ ᠶᠢᠨ ᠯᠢᠨ | ᠶᠤᠸᠠᠨ ᠲᠣᠰᠬᠤᠨ ᠳᠤ ᠤᠳᠠ ᠤᠯᠢᠶᠠᠰᠤ ᠨᠤᠭᠤᠭᠠᠷᠠᠵᠤ᠂ ᠰᠢᠪᠠᠭᠤᠳ ᠵᠢᠷᠭᠢᠨ ᠴᠡᠴᠡᠭ ᠳᠡᠯᠭᠡᠷᠡᠵᠤ ᠦᠵᠡᠰᠭᠦᠯᠡᠩᠳᠦ ᠰᠠᠶᠢᠬᠠᠨ ᠬᠦᠳᠡᠭᠡ ᠨᠤᠳᠤᠭ ᠤᠨ ᠦᠵᠡᠮᠵᠢ | ᠲᠡᠯᠭᠡᠭᠳᠡᠨ᠎ᠡ᠃ | | | | 2019 ᠣᠨ ᠳᠤ ᠯᠢᠨ ᠶᠤᠸᠠᠨ ᠲᠣᠰᠬᠤᠨ ︽ᠳᠠᠯᠠᠳ ᠬᠤᠰᠢᠭᠤᠨ ᠤ ᠱᠠᠭᠵᠠᠮᠤᠨᠢ ᠪᠠᠯᠭᠠᠰᠤ ᠶᠢᠨ ᠯᠢᠨ ᠶᠤᠸᠠᠨ ᠲᠣᠰᠬᠤᠨ ᠤ ᠬᠥᠳᠡᠭᠡ ᠲᠣᠰᠬᠤᠨ ᠢ | ᠬᠥᠭᠵᠢᠭᠦᠯᠬᠦ ᠲᠥᠯᠥᠪᠵᠢᠭᠦᠯᠭᠡ ︵2019 — 2035︶︾ ᠶᠢ ᠲᠤᠬᠳᠠᠭᠠᠵᠤ᠂ ᠲᠣᠰᠬᠤᠨ ᠤ ᠲᠥᠷᠥᠯ ᠲᠡᠮᠳᠡᠭ ᠤᠨ ᠪᠠᠶᠢᠭᠤᠯᠤᠯᠲᠠ ᠶᠢᠨ ᠪᠠᠶᠢᠷᠢ | ᠲᠣᠭᠲᠠᠭᠠᠯᠲᠠ ᠪᠠᠨ ᠲᠤᠳᠤᠷᠬᠠᠶᠢᠯᠠᠵᠤ᠂ ︽ᠵᠤᠯ ᠵᠢᠷᠭᠠᠯᠳᠤ ᠬᠦᠳᠡᠭᠡ ᠲᠤᠰᠬᠤᠨ᠂ ᠡᠷᠡᠭᠦᠯ ᠮᠡᠨᠳᠦ ᠶᠢᠨ ᠰᠤᠪᠢᠯᠠᠯᠲᠠ ᠶᠢᠨ ᠭᠠᠵᠠᠷ᠂ ᠬᠠᠲᠤᠨ ᠭᠤᠤᠯ ᠤᠨ | ᠬᠥᠪᠡᠭᠡᠨ ᠳᠠᠬᠢ ᠨᠣᠭᠤᠭ᠎ᠠ ᠵᠢᠮᠢᠰ ᠤᠨ ᠨᠤᠳᠤᠭ — ᠬᠠᠳᠤᠨ ᠭᠤᠤᠯ ᠤᠨ ᠬᠦᠪᠡᠭᠡᠨ ᠳᠠᠬᠢ ᠠᠮᠢ ᠠᠬᠤᠢ ᠶᠢᠨ ᠯᠢᠨ ᠶᠤᠸᠠᠨ︾ ᠢ ᠪᠦᠳᠦᠭᠡᠨ ᠪᠠᠶᠢᠭᠤᠯᠬᠤ ᠪᠠᠷ | ᠲᠤᠬᠳᠠᠪᠠ᠃ | ︽ᠪᠢᠳᠡ ᠲᠣᠰᠬᠤᠨ ᠤ ᠦᠶᠡᠷ ᠢ ᠵᠠᠯᠠᠵᠤ ᠭᠠᠮᠰᠢᠭ ᠢ ᠪᠠᠭᠠᠰᠬᠠᠬᠤ ᠬᠡᠷᠡᠭᠴᠡᠭᠡ ᠱᠠᠭᠠᠷᠳᠠᠯᠭ᠎ᠠ ᠲᠠᠢ ᠤᠶᠠᠯᠳᠤᠭᠤᠯᠤᠨ᠂ ︿ᠬᠠᠶᠢᠮᠢᠶᠠᠨ ᠠᠶᠢᠯ ᠲᠣᠰᠬᠤᠨ﹀ ᠪᠠ | ᠲᠣᠰᠬᠤᠨ ᠤ ᠠᠮᠢ ᠠᠬᠤᠶ ᠶᠢᠨ ᠤᠰᠤᠨ ᠰᠤᠪᠠᠭ ᠤᠨ ᠪᠥᠲᠥᠭᠡᠨ ᠪᠠᠶᠢᠭᠤᠯᠤᠯᠲᠠ ᠶᠢᠨ ᠠᠵᠢᠯ ᠢ ᠰᠠᠶᠢᠳᠤᠷ ᠨᠠᠶᠢᠳᠠᠪᠤᠷᠢᠵᠢᠭᠤᠯᠵᠤ᠂ ᠲᠣᠰᠬᠤᠨ ᠤ | ᠭᠤᠶᠤᠵᠢᠭᠤᠯᠤᠯᠳᠠ ᠶᠢᠨ ᠡᠷᠴᠢᠮ ᠢᠶᠠᠨ ᠴᠢᠩᠭᠠᠷᠠᠭᠤᠯᠵᠤ᠂ ᠲᠠᠷᠢᠶᠠᠯᠠᠩ ᠢ ᠦᠵᠡᠮᠦᠷᠢ ᠲᠠᠢ ᠪᠤᠯᠭᠠᠵᠤ᠂ ᠦᠩᠭᠡ ᠦᠵᠡᠮᠵᠢ ᠲᠠᠢ ᠲᠠᠷᠢᠶᠠᠯᠠᠬᠤ ᠲᠣᠰᠬᠤᠨ ᠤ | ᠪᠥᠲᠥᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠠᠬᠢᠭᠤᠯᠪᠠ︾ ᠭᠡᠵᠦ ᠯᠢᠨ ᠶᠤᠸᠠᠨ ᠲᠣᠰᠬᠤᠨ ᠤ ᠨᠠᠮ ᠤᠨ ᠡᠭᠦᠷ ᠤᠨ ᠱᠦᠵᠢ ᠮᠠ ᠰᠠᠨ ᠵᠠᠨ ᠶᠠᠷᠢᠨ᠎ᠠ᠃ | | ᠯᠢᠨ ᠶᠤᠸᠠᠨ ᠲᠣᠰᠬᠤᠨ ᠤ ᠠᠮᠢ ᠠᠬᠤᠢ ᠶᠢᠨ ᠰᠠᠶᠢᠵᠢᠷᠠᠯᠳᠠ ᠨᠢ ᠳᠠᠯᠠᠳ ᠬᠤᠰᠢᠭᠤᠨ ᠤ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢ | ᠶᠠᠷᠦᠩᠭᠡᠶᠢᠯᠡᠨ ᠵᠠᠰᠠᠭᠰᠠᠠ ᠬᠤᠷᠢᠶᠠᠩᠭᠤᠢ ᠳᠦᠷᠰᠦ ᠪᠤᠯᠤᠨ᠎ᠠ᠃ ᠬᠠᠲᠤᠨ ᠭᠤᠣᠯ ᠤᠨ ︽ᠲᠤᠬᠤᠢ ᠭᠡᠰᠡᠭ︾ ᠤᠨ ᠦᠨᠴᠦᠭ ᠲᠡᠭᠡᠷ᠎ᠡ ᠪᠠᠶᠢᠷᠢᠯᠠᠵᠤ ᠪᠠᠶᠢᠭ᠎ᠠ ᠳᠠᠯᠠᠳ | ᠬᠤᠰᠢᠭᠤᠨ ᠤ ᠶᠡᠷᠦᠩᠬᠡᠶ ᠲᠠᠯᠠᠪᠠᠶ ᠨᠢ 8188 ᠲᠡᠭᠰᠢ ᠳᠥᠷᠪᠡᠯᠵᠢᠨ ᠺᠢᠯᠣᠮᠧᠲᠷ ᠪᠠᠶᠢᠵᠤ᠂ ᠭᠠᠵᠠᠷ ᠤᠨ ᠪᠠᠶᠢᠴᠠ ᠨᠢ ᠡᠮᠦᠨᠡᠭᠦᠷ ᠢᠶᠠᠨ ᠥᠨᠳᠥᠷ ᠰᠢᠭ | ᠬᠤᠶᠢᠭᠤᠷ ᠢᠶᠠᠨ ᠳᠣᠣᠷ᠎ᠠ ᠰᠢᠬ ᠪᠠᠶᠢᠵᠤ᠂ ᠱᠠᠳᠤ ᠬᠡᠯᠪᠡᠷᠢ ᠲᠠᠢ ᠪᠠᠶᠢᠷᠢᠰᠢᠵᠤ᠂ ᠶᠡᠷᠦ ᠳᠡᠭᠡᠨ ︽ᠲᠠᠪᠤᠨ ᠨᠢᠷᠤᠭᠤ᠂ ᠭᠤᠷᠪᠠᠨ ᠡᠯᠡᠰᠦ᠂ ᠬᠤᠶᠠᠷ ᠭᠤᠤᠯ ᠤᠨ ᠳᠠᠩ | ︾ ᠭᠡᠵᠦ ᠬᠤᠷᠢᠶᠠᠩᠭᠤᠢᠢᠯᠠᠨ ᠬᠡᠯᠡᠳᠡᠭ᠃ ᠡᠮᠦᠨ᠎ᠡ ᠬᠡᠰᠡᠭ ᠨᠢ ᠳᠣᠪᠣᠷᠬᠠᠭ ᠭᠤᠤᠯ ᠭᠠᠩᠭ᠎ᠠ ᠲᠠᠢ ᠪᠠᠶᠢᠵᠤ᠂ ᠬᠠᠲᠤᠨ ᠭᠤᠣᠯ ᠤᠨ ᠪᠦᠳᠦᠭᠦᠯᠢᠭ ᠡᠯᠡᠰᠦ ᠪᠠ | ᠪᠦᠳᠦᠭᠦᠯᠢᠭ ᠰᠢᠪᠠᠷ ᠡᠯᠡᠰᠦ ᠶᠢᠨ ᠲᠥᠪᠯᠡᠷᠡᠩᠬᠦᠢ ᠢᠷᠡᠯᠲᠡ ᠶᠢᠨ ᠣᠷᠣᠨ ᠤ ᠨᠢᠭᠡ ᠪᠤᠯᠬᠤ ᠪᠥᠭᠡᠳ ᠪᠠᠰᠠ ᠬᠠᠲᠤᠨ ᠭᠤᠣᠯ ᠤᠨ ᠰᠠᠪᠠ ᠭᠠᠵᠠᠷ ᠤᠨ ᠤᠰᠤ | ᠬᠦᠷᠦᠰᠤᠨ ᠤ ᠢᠳᠡᠭᠳᠡᠯ ᠢ ᠵᠠᠰᠠᠬᠤ ᠪᠠ ᠠᠮᠢ ᠠᠬᠤᠶ ᠶᠢ ᠬᠠᠮᠠᠭᠠᠯᠠᠬᠤ ᠭᠤᠣᠯᠳᠠᠯᠭ᠎ᠠ ᠲᠠᠢ ᠭᠠᠵᠠᠷ ᠣᠷᠣᠨ ᠪᠣᠯᠤᠨ᠎ᠠ︔ ᠳᠤᠮᠳᠠ ᠬᠡᠰᠡᠭ ᠨᠢ ᠬᠥᠪᠴᠢ ᠶᠢᠨ ᠡᠯᠡᠰᠤ | ᠪᠠᠶᠢᠵᠤ᠂ ᠪᠦᠬᠦ ᠲᠠᠯᠠᠪᠠᠶ ᠶᠢᠨ 35.4% ᠶᠢ ᠡᠵᠡᠯᠡᠨ᠎ᠡ︔ ᠤᠮᠠᠷᠠᠳᠤ ᠬᠡᠰᠡᠭ ᠨᠢ ᠬᠠᠲᠤᠨ ᠭᠤᠣᠯ ᠤᠨ ᠲᠤᠨᠤᠮᠠᠯ ᠲᠠᠯ᠎ᠠ ᠭᠠᠵᠠᠷ ᠪᠣᠯᠤᠨ᠎ᠠ᠃ | | | | ᠲᠣᠰ ᠲᠣᠰᠬᠤᠨ ᠤ ᠬᠢᠵᠠᠭᠠᠷ ᠲᠤ ᠤᠯᠠᠷᠢᠯ ᠤᠨ ᠴᠢᠨᠠᠷᠲᠠᠶ ᠠᠭᠤᠯᠠᠨ ᠦᠶᠡᠷ ᠠᠴᠠ ᠪᠤᠢ ᠪᠤᠯᠤᠬᠰᠡᠨ ᠭᠤᠤᠯ 10 ᠪᠠᠶᠢᠵᠤ᠂ ᠡ᠊ᠨᠳᠡᠬᠢ ᠶᠢᠨ ᠬᠦᠮᠦᠰ | ᠶᠡᠷᠦ ᠳᠡᠭᠡᠨ ︽ᠠᠷᠪᠠᠨ ᠶᠡᠭᠡ ᠬᠥᠨᠳᠡᠶ︾ ᠭᠡᠳᠡᠭ᠃ ᠡᠳᠡᠭᠡᠷ ᠨᠢ ᠴᠥᠮ ᠬᠠᠲᠤᠨ ᠭᠤᠤᠯ ᠤᠨ ᠨᠢᠭᠡᠳᠦᠭᠡᠷ ᠳᠡᠰ ᠤᠨ ᠰᠠᠯᠪᠤᠷᠢ ᠤᠷᠤᠰᠬᠠᠯ ᠪᠠᠶᠢᠵᠤ᠂ ᠶᠡᠷᠦᠩᠬᠡᠶ | ᠰᠠᠪᠠ ᠭᠠᠵᠠᠷ ᠤᠨ ᠲᠠᠯᠠᠪᠠᠶ ᠨᠢ 7385.5 ᠲᠡᠭᠰᠢ ᠳᠥᠷᠪᠡᠯᠵᠢᠨ ᠺᠢᠯᠣᠮᠧᠲᠷ ᠲᠤ ᠬᠦᠷᠴᠤ᠂ ᠡᠮᠦᠨ᠎ᠡ ᠠᠴᠠ ᠤᠮᠠᠷᠠᠰᠢ ᠬᠥᠪᠴᠢ ᠶᠢᠨ ᠡᠯᠡᠰᠦ ᠶᠢ ᠰᠤᠨᠳᠡᠯᠡᠨ | ᠬᠠᠲᠤᠨ ᠭᠤᠤᠯ ᠳᠤ ᠰᠢᠭᠤᠳ ᠨᠡᠪᠲᠡᠷᠡᠵᠦ᠂ ᠣᠯᠠᠨ ᠵᠢᠯ ᠤᠨ ᠲᠤᠷᠰᠢᠬᠢ ᠬᠠᠲᠤᠨ ᠭᠤᠤᠯ ᠳᠤ ᠡᠯᠡᠰᠦ ᠰᠢᠷᠤᠢ ᠳᠠᠮᠵᠢᠭᠤᠯᠤᠭᠰᠠᠨ ᠶᠡᠷᠦᠩᠬᠡᠶ ᠬᠡᠮᠵᠢᠶ᠎ᠡ ᠨᠢ 2711 | ᠲᠦᠮᠡᠨ ᠲᠣᠨ ᠳᠤ ᠬᠦᠷᠥᠭᠰᠡᠡ ᠪᠠᠶᠢᠨ᠎ᠠ᠃ ᠬᠦᠨᠳᠦ ᠨᠤᠴᠢᠳᠠᠢ ᠤᠰᠤ ᠬᠦᠷᠦᠰᠤᠨ ᠤ ᠢᠳᠡᠭᠳᠡᠯ ᠠᠴᠠ ᠪᠤᠯᠵᠤ ᠬᠠᠲᠤᠨ ᠭᠤᠣᠯ ᠤᠨ ᠭᠤᠣᠯ ᠤᠨ ᠤᠷᠤᠰᠬᠠᠯ ᠤᠨ | ᠵᠠᠮ ᠨᠢ ᠰᠢᠪᠠᠷ ᠬᠤᠷᠠᠵᠥ ᠡᠷᠭᠦᠭᠳᠡᠠ᠂ ᠬᠠᠲᠤᠨ ᠭᠤᠣᠯ ᠤᠨ ᠦᠶᠡᠷ ᠤᠨ ᠬᠤᠭᠤᠴᠠᠭ᠎ᠠ ᠶᠢ ᠠᠮᠤᠷ ᠲᠦᠪᠰᠢᠨ ᠢᠶᠠᠷ ᠦᠡᠭᠭᠡᠷᠡᠭᠦᠯᠭᠦ ᠳᠤ ᠰᠦᠷᠳᠡᠭᠦᠯᠤᠯ ᠪᠤᠯᠪᠠ᠃ | | ︽ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠤᠯᠤᠰ ᠤᠨ ᠪᠠᠶᠢᠯᠳᠤᠬᠤ ᠪᠣᠳᠣᠯᠭ᠎ᠠ | ᠪᠣᠯᠭᠠᠨ ᠳᠡᠭᠡᠭᠰᠢᠯᠡᠭᠦᠯᠬᠦ ᠪᠣᠯ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠵᠠᠰᠠᠯᠲᠠ ᠶᠢ ᠴᠢᠩᠭᠠᠳᠬᠠᠬᠤ᠂ ᠬᠠᠲᠤᠨ ᠭᠤᠤᠯ ᠲᠠᠭᠠᠤ | ᠶᠢᠨ ᠮᠤᠵᠢ ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ᠂ ᠠᠷᠠᠳ ᠣᠯᠠᠨ ᠤ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ᠂ ᠬᠠᠲᠤᠨ ᠭᠤᠤᠯ ᠤᠨ | ᠰᠣᠶᠣᠯ ᠢ ᠬᠠᠮᠠᠭᠠᠯᠠᠵᠤ ᠤᠯᠠᠮᠵᠢᠯᠠᠨ ᠪᠠᠳᠠᠷᠠᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠳᠠᠯᠠᠳ ᠬᠤᠰᠢᠭᠤ ᠨᠢ ᠬᠠᠲᠤᠨ ᠭᠤᠤᠯ ᠲᠠᠭᠠᠤ ᠪᠣᠬᠢᠷᠲᠤᠯ ᠥᠬᠡᠶ | ᠣᠷᠳᠣ ᠬᠤᠩᠭᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠨ ᠠᠬᠢᠭᠤᠯᠵᠤ᠂ ᠬᠠᠲᠤᠨ ᠭᠤᠤᠯ ᠤᠨ ᠳᠡᠭᠡᠳᠦ ᠤᠷᠤᠰᠬᠠᠯ ᠤᠨ ᠠᠮᠢ ᠠᠬᠤᠶ ᠶᠢᠨ ᠬᠠᠮᠠᠭᠠᠯᠠᠯᠲᠠ ᠪᠠ | ᠴᠢᠨᠠᠷ ᠰᠠᠶᠢᠲᠠᠶ ᠬᠥᠭᠵᠢᠯᠲᠡ ᠶᠢᠨ ᠲᠠᠭᠤᠷᠢᠶᠠᠯ ᠦᠵᠡᠭᠦᠯᠬᠦ ᠣᠷᠣᠨ ᠢ ᠴᠢᠷᠮᠠᠶᠢᠨ ᠴᠤᠬᠴᠠᠯᠠᠵᠤ ᠪᠠᠶᠢᠨ᠎ᠠ︾ ᠭᠡᠵᠦ ᠲᠠᠯᠠᠳ ᠬᠤᠰᠢᠭᠤᠨ ᠤ ᠤᠢ ᠰᠢᠭᠤᠢ ᠪᠠ | ᠨᠤᠲᠤᠭ ᠪᠡᠯᠴᠢᠭᠡᠷ ᠤᠨ ᠲᠣᠪᠴᠢᠶᠠᠨ ᠤ ᠳᠠᠷᠤᠭ᠎ᠠ ᠯᠢᠦ ᠶᠢᠨ ᠸᠠᠩ ᠬᠡᠯᠡᠵᠥ ᠪᠠᠶᠢᠯ᠎ᠠ᠃ | ᠲᠠᠯᠠᠳ ᠬᠤᠰᠢᠭᠤ ᠨᠢ ᠬᠠᠲᠤᠨ ᠭᠤᠤᠯ ᠤᠨ ᠰᠠᠪᠠ ᠭᠠᠵᠠᠷ ᠢ ᠵᠠᠰᠠᠬᠤ ᠪᠠ ᠬᠠᠮᠠᠭᠠᠯᠠᠬᠤ ᠶᠢ ᠢᠮᠠᠭᠲᠠ ᠴᠢᠬᠤᠯᠠ ᠤᠯᠤᠰ ᠲᠥᠷᠥ ᠶᠢᠨ ᠬᠠᠷᠢᠭᠤᠴᠠᠯᠭ᠎ᠠ ᠪᠠ | ᠡᠭᠦᠷᠭᠡᠯᠡᠯ ᠢᠶᠠᠨ ᠪᠤᠯᠭᠠᠵᠤ᠂ ᠠᠮᠢ ᠠᠬᠤᠶ ᠶᠢ ᠤᠷᠢᠳ ᠢᠶᠠᠷ ᠪᠤᠳᠤᠯᠬᠢᠯᠠᠬᠤ᠂ ᠪᠣᠬᠢᠷᠲᠤᠯ ᠥᠬᠡᠶ ᠪᠠᠷ ᠬᠥᠭᠵᠢᠭᠦᠯᠬᠦ ᠣᠶᠢᠯᠠᠭᠠᠭᠳᠠᠬᠤᠨ ᠢ ᠪᠠᠷᠢᠮᠳᠠᠯᠠᠵᠤ᠂ ᠠᠭᠤᠯᠠ | ᠤᠰᠤ ᠣᠶ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢᠨ ᠰᠢᠰᠲ᠋ᠧᠮ ᠲᠠᠢ ᠵᠠᠰᠠᠯᠳᠠ ᠶᠢ ᠨᠢᠭᠡᠳᠦᠯᠲᠡᠶ ᠲᠥᠯᠥᠪᠵᠢᠭᠦᠯᠵᠦ᠂ | ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠪᠣᠬᠢᠷᠲᠤᠯ ᠥᠬᠡᠶ ᠬᠥᠭᠵᠢᠯᠲᠡ ᠶᠢᠨ ᠲᠤᠷᠰᠢᠯᠲᠠ ᠶᠢᠨ ᠣᠷᠣᠨ ᠢ ᠬᠦᠴᠦᠯᠡᠨ | ᠪᠠᠶᠢᠭᠤᠯᠵᠤ᠂ ︽ᠵᠠᠰᠠᠭ ᠤᠨ ᠣᠷᠳᠣᠨ ᠢᠶᠠᠷ ᠵᠢᠯᠤᠭᠤᠳᠤᠭᠤᠯᠬᠤ᠂ ᠣᠯᠠᠨ ᠲᠦᠮᠡᠨ ᠢᠶᠠᠷ ᠭᠤᠤᠯ ᠴᠣᠭᠴᠠ ᠪᠤᠯᠭᠠᠬᠤ᠂ ᠲᠥᠷᠥᠯ ᠵᠦᠢᠯ ᠢᠶᠠᠷ ᠲᠠᠶᠢᠴᠢᠯᠠᠬᠤ᠂ | ᠨᠡᠶᠢᠭᠡᠮ ᠨᠡᠶᠢᠲᠡ ᠪᠠᠷ ᠵᠶ᠋ᠠᠨᠤᠷᠤᠯᠴᠠᠬᠤ︾ ᠵᠠᠷᠴᠢᠮ ᠶᠣᠰᠣᠭᠠᠷ ᠭᠠᠵᠠᠷ ᠣᠷᠣᠨ ᠤ ᠪᠠᠶᠢᠳᠠᠯ ᠳᠠᠭᠠᠨ ᠳᠣᠭᠢᠷᠠᠭᠤᠯᠤᠨ ᠶᠡᠷᠦᠩᠬᠡᠶᠢᠯᠡᠭᠰᠡᠡ ᠠᠷᠭ᠎ᠠ ᠪᠣᠳᠣᠯᠭ᠎ᠠ ᠶᠢ | ᠬᠡᠷᠡᠭᠵᠢᠭᠦᠯᠪᠡ᠃ 2000 ᠣᠨ ᠠᠴᠠ ᠨᠠᠭᠠᠰᠢ ᠨᠡᠶᠢᠲᠡ 19.4 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠵᠤ᠂ ᠬᠠᠲᠤᠨ ᠭᠤᠣᠯ ᠲᠠᠭᠠᠤ ᠣᠷᠣᠨ ᠳᠤ | ᠬᠤᠶᠠᠳᠤᠭᠠᠷ ᠬᠤᠭᠤᠴᠠᠭᠠᠨ ᠤ ᠬᠠᠲᠤᠨ ᠭᠤᠣᠯ ᠤᠨ ᠬᠠᠰᠢᠯᠭ᠎ᠠ ᠳᠠᠯᠠᠩ ᠤᠨ ᠢᠨᠵᠧᠨᠧᠷᠢᠩ᠂ ᠤᠰᠤᠨ ᠤ ᠡᠷᠬᠡ ᠶᠢ ᠰᠤᠯᠢᠬᠤ ᠵᠡᠷᠭᠡ ᠭᠤᠣᠯᠳᠠᠯᠭ᠎ᠠ ᠲᠠᠢ ᠤᠰᠤᠨ | ᠠᠰᠢᠬᠯᠠᠯᠲᠠ ᠶᠢᠨ ᠢᠨᠵᠧᠨᠧᠷᠢᠩ ᠢ ᠬᠡᠷᠡᠭᠵᠢᠭᠦᠯᠵᠦ᠂ ᠬᠤᠶᠠᠳᠤᠭᠠᠷ ᠳᠡᠰ ᠤᠨ ᠬᠠᠰᠢᠯᠭ᠎ᠠ ᠶᠢ 55 ᠺᠢᠯᠣᠮᠧᠲᠷ᠂ ᠭᠤᠷᠪᠠᠳᠤᠭᠠᠷ ᠳᠡᠰ ᠤᠨ ᠬᠠᠰᠢᠯᠭ᠎ᠠ ᠶᠢ 112 | ᠺᠢᠯᠣᠮᠧᠲᠷ ᠪᠠᠶᠢᠭᠤᠯᠵᠤ᠂ ᠤᠰᠤᠯᠠᠯᠲᠠ ᠶᠢᠨ ᠣᠷᠣᠨ ᠤ ᠢᠨᠵᠧᠨᠧᠷᠢᠩ ᠢ 47 ᠲᠦᠮᠡᠨ ᠮᠥ ᠬᠡᠷᠡᠭᠵᠢᠭᠦᠯᠵᠦ᠂ ᠮᠠᠯᠴᠢᠨ ᠲᠠᠷᠢᠶᠠᠴᠢᠨ ᠤ ᠠᠮᠢ ᠨᠠᠰᠤ ᠡᠳ᠋ | ᠬᠥᠷᠥᠩᠭᠡ ᠶᠢᠨ ᠠᠮᠤᠷ ᠲᠦᠪᠰᠢᠨ ᠢ ᠪᠠᠲᠤᠯᠠᠭᠰᠠᠨ ᠢᠶᠠᠷ ᠦᠯᠦ ᠪᠠᠷᠠᠮ ᠭᠤᠣᠯ ᠲᠠᠭᠠᠤ 40 ᠲᠦᠮᠡᠨ ᠮᠥ ᠬᠤᠵᠢᠷᠯᠢᠭ ᠭᠠᠵᠠᠷ ᠢ ᠴᠢᠨᠠᠷ ᠰᠠᠶᠢᠲᠠᠶ ᠲᠠᠷᠢᠶ᠎ᠠ ᠪᠣᠯᠭᠠᠨ | ᠬᠤᠪᠢᠷᠠᠭᠤᠯᠣᠭᠰᠠᠠ ᠪᠠᠶᠢᠨ᠎ᠠ᠃ | ᠬᠥᠪᠴᠢ ᠶᠢᠨ ᠡᠯᠡᠰᠦᠨ ᠳᠤ ︽ᠪᠢᠳᠡᠭᠦᠮᠵᠢᠯᠡᠨ ᠤᠶᠢᠵᠢᠭᠤᠯᠬᠤ᠂ ᠨᠢᠰᠭᠡᠯ ᠢᠶᠠᠷ ᠤᠶᠢᠵᠢᠭᠤᠯᠬᠤ᠂ ᠲᠤᠷᠤᠭ ᠪᠤᠳᠠ ᠡᠪᠡᠰᠤ ᠲᠠᠷᠢᠬᠤ︾ ᠶᠢ ᠬᠠᠷᠢᠯᠴᠠᠨ | ᠤᠶᠠᠯᠳᠤᠭᠤᠯᠤᠬᠰᠠᠨ ᠡᠯᠡᠰᠦᠷᠭᠡᠭᠵᠢᠯ ᠢ ᠵᠠᠰᠠᠬᠤ ᠠᠷᠭ᠎ᠠ ᠭᠡᠮᠵᠢᠶ᠎ᠡ ᠶᠢ ᠬᠡᠷᠡᠭᠵᠢᠭᠦᠯᠵᠤ᠂ ᠤᠷᠢᠳ ᠬᠤᠵᠢᠳ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ | ᠵᠠᠰᠠᠬᠤ᠂ ᠲᠠᠷᠢᠶᠠᠯᠠᠬᠤ ᠶᠢ ᠵᠤᠬᠰᠤᠭᠠᠵᠤ ᠤᠶᠢᠵᠢᠭᠤᠯᠬᠤ ᠵᠡᠷᠭᠡ ᠭᠤᠤᠯᠳᠠᠯᠭ᠎ᠠ ᠲᠠᠢ ᠤᠢ ᠰᠢᠭᠤᠢ ᠶᠢᠨ ᠠᠮᠢ ᠠᠬᠤᠢ ᠶᠢᠨ ᠰᠡᠷᠭᠦᠭᠡᠯᠳᠡ ᠶᠢᠨ ᠢᠨᠵᠧᠨᠧᠷᠢᠩ ᠢ | ᠬᠡᠷᠡᠭᠵᠢᠭᠦᠯᠵᠦ᠂ ᠪᠦᠬᠦ ᠬᠤᠰᠢᠭᠤᠨ ᠤ ᠡᠯᠡᠰᠦ ᠶᠢ ᠵᠠᠰᠠᠬᠰᠡᠨ ᠲᠠᠯᠠᠪᠠᠢ ᠨᠢ 108 ᠲᠦᠮᠡᠨ ᠮᠦ ᠳᠤ ᠬᠦᠷᠴᠦ᠂ ᠵᠠᠰᠠᠯᠲᠠ ᠶᠢᠨ ᠨᠤᠷᠮ᠎ᠠ ᠨᠢ 25% ᠳᠤ ᠬᠦᠷᠴᠦ᠂ | ᠪᠦᠬᠦ ᠬᠤᠰᠢᠭᠤᠨ ᠤ ᠤᠢ ᠰᠢᠭᠤᠢ ᠶᠢᠨ ᠲᠠᠯᠠᠪᠠᠢ ᠨᠢ 368 ᠲᠦᠮᠡᠨ ᠮᠦ ᠪᠤᠯᠵᠤ ᠨᠡᠮᠡᠭᠳᠡᠭᠰᠡᠡ ᠪᠠᠶᠢᠨ᠎ᠠ᠃ | ᠳᠣᠪᠣᠷᠬᠠᠭ ᠭᠤᠤ ᠭᠠᠩᠭ᠎ᠠ ᠲᠠᠢ ᠣᠷᠣᠨ ᠪᠠ ᠵᠢᠵᠢᠭ ᠰᠠᠪᠠ ᠭᠠᠵᠠᠷ ᠢᠶᠠᠷ ᠨᠢᠭᠡᠴᠢ ᠪᠣᠯᠭᠠᠨ᠂ ᠢᠨᠵᠧᠨᠧᠷᠢᠩ ᠤᠨ ᠠᠷᠭ᠎ᠠ ᠬᠡᠮᠵᠢᠶ᠎ᠡ ᠪᠠ ᠠᠮᠢᠳᠤ ᠪᠣᠳᠠᠰ ᠤᠨ | ᠠᠷᠭ᠎ᠠ ᠬᠡᠮᠵᠢᠶ᠎ᠡ ᠶᠢ ᠬᠠᠷᠢᠯᠴᠠᠨ ᠤᠶᠠᠯᠳᠤᠭᠤᠯᠬᠤ ᠠᠷᠭ᠎ᠠ ᠪᠠᠷ ᠬᠠᠰᠢᠯᠭ᠎ᠠ ᠶᠢᠨ ᠰᠢᠰᠲ᠋ᠧᠮ ᠤᠨ ᠢᠨᠵᠧᠨᠧᠷᠢᠩ᠂ ᠴᠢᠴᠠᠷᠭᠠᠨ᠎ᠠ ᠲᠠᠷᠢᠵᠤ ᠡᠯᠡᠰᠦ ᠮᠠᠩᠬ᠎ᠠ ᠶᠢ | ᠲᠤᠬᠳᠠᠪᠤᠷᠢᠵᠢᠭᠤᠯᠬᠤ ᠢᠨᠵᠧᠨᠧᠷᠢᠩ᠂ ᠵᠢᠵᠢᠭ ᠰᠠᠪᠠ ᠭᠠᠵᠠᠷ ᠤᠨ ᠵᠠᠰᠠᠯᠲᠠ ᠵᠡᠷᠭᠡ ᠤᠰᠤᠨ ᠤ ᠠᠮᠢ ᠠᠬᠤᠢ ᠶᠢᠨ ᠬᠠᠮᠠᠭᠠᠯᠠᠯᠲᠠ ᠶᠢᠨ ᠭᠤᠣᠯᠳᠠᠯᠭ᠎ᠠ ᠲᠠᠢ ᠲᠥᠷᠥᠯ | ᠵᠦᠢᠯ ᠢ ᠬᠡᠷᠡᠭᠵᠢᠭᠦᠯᠵᠦ᠂ ︽ᠠᠭᠤᠯᠠᠨ ᠣᠷᠣᠢ᠂ ᠠᠭᠤᠯᠠᠨ ᠪᠡᠯ᠂ ᠠᠭᠤᠯᠠᠨ ᠬᠦᠳᠦᠯ᠂ ᠭᠤᠤ ᠵᠢᠯᠠᠭ᠎ᠠ︾ ᠶᠢ ᠶᠡᠷᠦᠩᠬᠡᠶᠢᠯᠡᠨ ᠵᠠᠰᠠᠵᠤ᠂ 220 ᠰᠠᠭᠤᠷᠢ | ᠨᠦᠯᠦᠮᠡᠯ ᠭᠠᠵᠠᠷ ᠤᠨ ᠬᠠᠰᠢᠯᠭ᠎ᠠ ᠶᠢ ᠪᠥᠳᠥᠭᠡᠡ ᠪᠠᠶᠢᠭᠤᠯᠵᠤ᠂ ᠤᠰᠤ ᠬᠦᠷᠦᠰᠤᠨ ᠤ ᠢᠳᠡᠭᠳᠡᠯ ᠢ ᠶᠡᠷᠦᠩᠬᠡᠶᠢᠯᠡᠡ ᠵᠠᠰᠠᠬᠰᠡᠨ ᠲᠠᠯᠠᠪᠠᠢ ᠨᠢ 3206.5 ᠲᠡᠭᠰᠢ | ᠳᠥᠷᠪᠡᠯᠵᠢᠨ ᠺᠢᠯᠣᠮᠧᠲᠷ ᠲᠤ ᠬᠦᠷᠴᠦ᠂ ᠤᠰᠤ ᠬᠦᠷᠦᠰᠤᠨ ᠤ ᠢᠳᠡᠭᠳᠡᠯ ᠢ ᠵᠠᠰᠠᠭᠰᠠᠨ ᠬᠡᠮᠵᠢᠶ᠎ᠡ ᠨᠢ 51.1% ᠳᠤ ᠬᠦᠷᠴᠦ᠂ ᠬᠠᠲᠤᠨ ᠭᠤᠣᠯ ᠳᠤ ᠤᠷᠤᠰᠤᠨ | ᠤᠷᠤᠬᠤ ᠡᠯᠡᠰᠦ ᠰᠢᠪᠠᠷ ᠢ ᠪᠦᠲᠦᠮᠵᠢᠲᠡᠶ ᠪᠠᠭᠠᠰᠬᠠᠵᠤ᠂ ᠤᠷᠭᠤᠮᠠᠯ ᠤᠨ ᠪᠦᠷᠭᠦᠴᠠ ᠶᠢ ᠪᠦᠳᠦᠮᠵᠢᠳᠡᠢ ᠰᠠᠶᠢᠵᠢᠷᠠᠭᠤᠯᠤᠬᠰᠡᠨ ᠪᠠᠶᠢᠨ᠎ᠠ᠃ ︽ | ᠨᠣᠭᠤᠭᠠᠷᠠᠭᠤᠯᠤᠯᠲᠠ ᠶᠢ ᠰᠠᠶᠢᠨ ᠬᠢᠭᠰᠡᠨ ᠠᠴᠠ ᠣᠷᠴᠢᠨ ᠲᠣᠭᠤᠷᠢᠨ ᠭᠤᠶᠤᠵᠢᠯᠠ᠂ ᠡᠳᠡᠭᠡᠷ ᠵᠢᠯ ᠤᠳ ᠲᠤ ᠡᠯᠡᠰᠦᠨ ᠰᠢᠭᠤᠷᠭ᠎ᠠ ᠢᠯᠡᠳᠲᠡ ᠪᠠᠭᠠᠰᠤᠭᠰᠠᠨ ᠰᠢᠤ︾ | ᠭᠡᠵᠤ ᠲᠤᠬᠠᠶ ᠶᠢᠨ ᠭᠠᠵᠠᠷ ᠤᠨ ᠰᠠᠭᠤᠭᠠᠯᠢ ᠠᠷᠠᠳ ᠪᠠᠶᠠᠷᠳᠠᠶᠢᠬᠠᠨ ᠶᠠᠷᠢᠨ᠎ᠠ᠃ ᠰᠠᠶᠢᠨ ᠰᠠᠶᠢᠬᠠᠨ ᠠᠮᠢ ᠠᠬᠤᠶ ᠣᠷᠴᠢᠨ ᠲᠣᠭᠤᠷᠢᠨ ᠨᠢ ᠳᠠᠯᠠᠳ ᠬᠤᠰᠢᠭᠤᠨ ᠤ | ᠨᠡᠷ᠎ᠡ ᠶᠢᠨ ᠬᠠᠭᠤᠳᠠᠰᠤ ᠪᠣᠯᠵᠣ᠂ ᠨᠣᠮᠢᠨ ᠨᠣᠭᠤᠭᠠᠨ ᠥᠩᠭᠡ ᠨᠢ ᠬᠥᠮᠦᠰ ᠤᠨ ᠬᠠᠮᠳᠤ ᠶᠢᠨ ᠬᠥᠭᠡᠭᠡᠴᠡᠯᠳᠦᠯ ᠪᠣᠯᠵᠠᠶ᠃ 2021 ᠣᠨ ᠳᠤ ᠳᠠᠯᠠᠳ | ᠬᠤᠰᠢᠭᠤ ᠨᠢ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠶᠢ 9.88 ᠲᠦᠮᠡᠨ ᠮᠥ ᠪᠡᠶᠡᠯᠡᠭᠦᠯᠬᠦ ᠪᠠᠷ ᠲᠥᠯᠥᠪᠯᠡᠵᠦ ᠪᠤᠢ᠂ ᠡᠭᠦᠨ ᠳᠤ ᠬᠥᠮᠦᠨ ᠤ | ᠬᠦᠴᠦ ᠪᠠᠷ 1.88 ᠲᠦᠮᠡᠨ ᠮᠥ ᠤᠶᠢᠵᠢᠭᠤᠯᠬᠤ᠂ ᠥᠭᠡᠷᠡᠴᠢᠯᠡᠨ ᠳᠡᠰ ᠲᠠᠪᠰᠢᠭᠦᠯᠭᠦ ᠲᠦᠷᠦᠯ ᠤᠨ ᠢᠨᠵᠧᠨᠧᠷᠢᠩ ᠢ ᠭᠡᠷᠡᠭᠵᠢᠬᠦᠯᠦᠭᠰᠡᠨ ᠤᠢ ᠰᠢᠭᠤᠢ ᠶᠢᠨ | ᠲᠠᠯᠠᠪᠠᠢ ᠶᠢ 8 ᠲᠦᠮᠡᠨ ᠮᠥ ᠳᠤ ᠬᠦᠷᠭᠡᠭᠦ ᠪᠠᠷ ᠲᠤᠬᠳᠠᠭᠠᠬᠰᠠᠨ ᠪᠠᠶᠢᠨ᠎ᠠ᠃ | ᠣᠯᠠᠨ ᠵᠢᠯ ᠤᠨ ᠠᠮᠢ ᠠᠬᠤᠶ ᠶᠢᠨ ᠵᠠᠰᠠᠯᠲᠠ ᠪᠠᠷ ᠳᠡᠮᠵᠢᠨ ᠲᠠᠯᠠᠳ ᠬᠤᠰᠢᠭᠤᠨ ᠤ ᠡᠯᠡᠰᠦ ᠲᠣᠭᠤᠰᠣ ᠲᠠᠢ ᠡᠳᠦᠷ ᠤᠨ ᠲᠤᠭ᠎ᠠ 2000 ᠣᠨ ᠳᠤ 22 ᠡᠳᠦᠷ | ᠪᠠᠶᠢᠭᠰᠠᠨ ᠠᠴᠠ ᠪᠠᠨ 2018 ᠣᠨ ᠳᠤ 7 ᠡᠳᠦᠷ ᠪᠣᠯᠤᠨ ᠪᠠᠭᠤᠷᠠᠵᠤ᠂ ᠵᠢᠯ ᠤᠨ ᠡᠯᠡᠰᠦ ᠰᠢᠪᠠᠷ ᠤᠨ ᠬᠡᠮᠵᠢᠶ᠎ᠡ 990 ᠲᠦᠮᠡᠨ ᠲᠣᠨ ᠪᠠᠭᠠᠰᠴᠤ᠂ ᠪᠦᠬᠦᠯᠢ | ᠴᠤᠬᠴᠠ ᠶᠢᠨ ᠠᠮᠢ ᠠᠬᠤᠶ ᠣᠷᠴᠢᠨ ᠲᠣᠭᠤᠷᠢᠨ ᠢᠯᠡᠳᠲᠡ ᠰᠠᠶᠢᠵᠢᠷᠠᠵᠠᠢ᠃ ᠪᠥᠬᠦ ᠬᠤᠰᠢᠭᠤᠨ ᠤ ᠣᠶ ᠰᠢᠭᠤᠶ ᠶᠢᠨ ᠪᠦᠷᠬᠦᠴᠡ ᠶᠢᠨ ᠨᠣᠷᠮ᠎ᠠ ᠪᠣᠯᠣᠠ | ᠤᠷᠭᠤᠮᠠᠯ ᠤᠨ ᠪᠦᠷᠬᠦᠴᠡ ᠨᠢ 2000 ᠣᠨ ᠳᠤ ᠲᠣᠰ ᠲᠣᠰ 10. 2% ᠪᠠ 64.4% ᠪᠠᠶᠢᠭᠰᠠᠨ ᠠᠴᠠ ᠪᠠᠨ ᠣᠲᠣ 28.9% ᠪᠠ 78.8% ᠪᠣᠯᠤᠨ | ᠳᠡᠭᠡᠭᠰᠢᠯᠡᠵᠦ᠂ ᠴᠥᠮ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠥᠨᠳᠥᠷ ᠪᠣᠯᠪᠠ᠃ ᠲᠠᠷᠠᠭᠠᠴᠢ ᠪᠠᠷ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ | ᠡᠬᠢ ᠶᠢ ᠵᠠᠰᠠᠬᠤ ᠬᠤᠶᠠᠳᠤᠭᠠᠷ ᠬᠤᠭᠤᠴᠠᠭ᠎ᠠ ᠵᠡᠷᠭᠡ ᠲᠥᠷᠥᠯ ᠵᠦᠢᠯ ᠢ ᠬᠡᠷᠡᠭᠵᠢᠭᠦᠯᠬᠦ ᠪᠠᠷ ᠳᠠᠮᠵᠢᠨ᠂ ᠤᠰᠤ᠂ ᠴᠠᠬᠢᠯᠭᠠᠨ᠂ ᠵᠠᠮ ᠵᠡᠷᠭᠡ ᠲᠠᠷᠢᠶᠠᠯᠠᠩ ᠮᠠᠯ ᠠᠵᠤ | ᠠᠬᠤᠶ ᠶᠢᠨ ᠰᠠᠭᠤᠷᠢ ᠲᠦᠭᠦᠭᠡᠷᠦᠮᠵᠢ ᠶᠢ ᠨᠡᠩ ᠢᠯᠡᠭᠦᠦ ᠲᠥᠬᠦᠷᠵᠢᠭᠦᠯᠦᠨ ᠲᠡᠭᠦᠯᠳᠡᠷᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠮᠠᠰᠢᠨᠴᠢᠯᠠᠯᠲᠠ᠂ | ᠬᠡᠪᠴᠢᠶᠡᠵᠢᠭᠦᠯᠦᠯᠲᠡ᠂ ᠳᠣᠷᠪᠢᠵᠢᠭᠤᠯᠤᠯᠲᠠ ᠶᠢᠨ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠢᠯᠡᠳᠲᠡ | ᠨᠡᠮᠡᠭᠳᠡᠭᠦᠯᠦᠨ᠎ᠡ᠃ | | | |