ᠱᠠᠬᠵᠠᠮᠤᠨᠢ ᠶᠢᠨ ᠮᠡᠳᠡᠭᠡ ᠡᠨᠡ ᠵᠢᠯ ᠤᠨ ᠡᠬᠢᠨ ᠠᠴᠠ ᠨᠠᠭᠠᠰᠢ᠂ ᠲᠠᠯᠠᠳ ᠬᠤᠰᠢᠭᠤ ᠰᠢᠨ᠎ᠠ ᠳᠢᠳᠢᠮᠯᠢᠭ | ᠠᠭᠤᠰᠬᠢᠨ ᠦᠷᠪᠢᠰᠦᠯ ᠤᠨ ᠸᠠᠺᠼᠢᠨ ᠤ ᠳᠠᠷᠢᠯᠭ᠎ᠠ ᠬᠢᠬᠦ ᠠᠵᠢᠯ ᠢ ᠨᠠᠷᠢᠯᠢᠭ ᠵᠤᠬᠢᠶᠠᠨ ᠪᠠᠶᠢᠭᠤᠯᠤᠨ ᠡᠮᠬᠢ | ᠵᠢᠷᠤᠮ ᠲᠠᠢ ᠥᠷᠨᠢᠭᠦᠯᠦᠭᠰᠡᠨ ᠪᠠᠶᠢᠨ᠎ᠠ᠃ | ᠲᠤᠰ ᠬᠤᠰᠢᠭᠤ ᠰᠢᠨ᠎ᠠ ᠳᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠳᠠᠷᠢᠯᠭ᠎ᠠ ᠬᠢᠬᠦ ᠠᠵᠢᠯ ᠢ | ᠦᠷᠨᠢᠬᠦᠯᠬᠦ ᠶᠠᠪᠤᠴᠠ ᠳᠤ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠨ᠂ ᠠᠵᠢᠯ ᠤᠨ ᠲᠦᠰᠦᠯ | ᠭᠠᠷᠭᠠᠵᠤ᠂ ᠨᠠᠷᠢᠯᠢᠭ ᠵᠤᠬᠢᠶᠠᠨ ᠪᠠᠶᠢᠭᠤᠯᠤᠨ ᠪᠠᠶᠢᠷᠢᠯᠠᠭᠤᠯᠤᠯᠲᠠ ᠬᠢᠵᠦ᠂ ᠨᠡᠶᠢᠲᠡ 100 ᠭᠠᠷᠤᠶ ᠡᠮᠴᠢ | ᠰᠤᠪᠢᠯᠠᠭᠴᠢ ᠠᠵᠢᠯᠲᠠᠨ ᠢ ᠵᠤᠬᠢᠶᠠᠨ ᠪᠠᠶᠢᠭᠤᠯᠤᠨ᠂ 28 ᠲᠠᠷᠢᠯᠭ᠎ᠠ ᠶᠢᠨ ᠴᠡᠭ ᠲᠤᠬᠢᠷᠠᠭᠤᠯᠵᠤ᠂ ᠲᠠᠷᠢᠯᠭ᠎ᠠ ᠬᠢᠬᠦ | ᠠᠵᠢᠯ ᠤᠨ ᠴᠠᠭ ᠢ ᠨᠡᠮᠡᠨ᠂ ᠲᠠᠷᠢᠯᠭ᠎ᠠ ᠬᠢᠬᠦ ᠠᠵᠢᠯ ᠢ ᠡᠷᠴᠢᠮᠲᠠᠢ ᠠᠬᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠮᠤᠷ ᠲᠦᠪᠰᠢᠨ ᠤ ᠬᠠᠯᠬᠠᠪᠴᠢ ᠶᠢ ᠪᠥᠬᠦ ᠬᠦᠴᠦᠨ ᠢᠶᠠᠷ ᠢᠶᠠᠨ ᠴᠣᠭᠴᠠᠯᠠᠨ ᠪᠠᠶᠢᠭᠤᠯᠤᠬᠰᠠᠨ ᠪᠠᠶᠢᠨ᠎ᠠ᠃ | | ᠡᠨᠡ ᠵᠢᠯ ᠤᠨ 1 ᠰᠠᠷ᠎ᠠ ᠠᠴᠠ ᠡᠬᠢᠯᠡᠨ᠂ ᠳᠠᠯᠠᠳ ᠬᠤᠰᠢᠭᠤ ᠰᠣᠨᠢᠨ᠂ ᠲᠧᠯᠸᠢᠰ᠂ ᠷᠠᠳᠢᠣ᠋᠂ ᠰᠢᠨ᠎ᠡ | ᠵᠠᠭᠤᠴᠢᠯᠠᠭᠤᠷ ᠵᠡᠷᠭᠡ ᠲᠠᠪᠴᠠᠩ ᠢᠶᠠᠷ ᠳᠠᠮᠵᠢᠭᠤᠯᠤᠨ᠂ ᠰᠢᠨ᠎ᠠ ᠳᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠤ | ᠳᠠᠷᠢᠯᠭ᠎ᠠ ᠬᠢᠬᠦ ᠮᠡᠳᠡᠯᠭᠡ ᠶᠢ ᠥᠷᠭᠡᠨ ᠢᠶᠠᠷ ᠤᠬᠠᠭᠤᠯᠵᠤ᠂ ᠣᠯᠠᠨ ᠲᠦᠮᠡᠨ ᠤ ᠰᠠᠨᠠᠭᠠᠴᠢᠯᠠᠭ᠎ᠠ ᠠᠴᠠ ᠪᠠᠨ ᠰᠢᠨ᠎ᠠ | ᠳᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠳᠠᠷᠢᠯᠭ᠎ᠠ ᠬᠢᠬᠦ ᠶᠢ ᠢᠳᠡᠪᠬᠢᠲᠡᠶ ᠬᠥᠲᠥᠯᠦᠨ ᠵᠢᠯᠣᠭᠤᠳᠪᠠ᠃ | 4 ᠰᠠᠷ᠎ᠠ ᠠᠴᠠ ᠡᠭᠢᠯᠡᠨ᠂ ᠰᠢᠨ᠎ᠠ ᠳᠢᠳᠢᠮᠯᠢᠭ ᠠᠭᠤᠰᠬᠢᠨ ᠦᠷᠪᠢᠰᠦᠯ ᠤᠨ ᠸᠠᠺᠼᠢᠨ ᠤ ᠳᠠᠷᠢᠯᠭ᠎ᠠ ᠬᠢᠬᠦ ᠣᠯᠠᠨ | ᠲᠦᠮᠡᠨ ᠤ ᠲᠤᠭ᠎ᠠ ᠢᠯᠡᠳᠳᠡ ᠨᠡᠮᠡᠭᠳᠡᠵᠦ᠂ ᠰᠠᠶᠢᠨ ᠲᠤᠷ᠎ᠠ ᠠᠴᠠ ᠪᠠᠨ ᠲᠠᠷᠢᠯᠭ᠎ᠠ ᠶᠢᠨ ᠴᠡᠭ ᠲᠤ ᠢᠷᠡᠵᠦ ᠲᠠᠷᠢᠯᠭ᠎ᠠ | ᠬᠢᠯᠭᠡᠵᠡᠭᠡᠭᠰᠡᠨ ᠪᠠᠶᠢᠨ᠎ᠠ᠃ ᠤᠯᠠᠨ ᠲᠦᠮᠡᠨ ᠲᠠᠷᠢᠯᠭ᠎ᠠ ᠶᠢᠨ ᠴᠡᠭ ᠲᠤ ᠬᠦᠷᠦᠭᠰᠡᠨ ᠤ ᠲᠠᠷᠠᠭ᠎ᠠ ᠡᠮᠬᠢ ᠵᠢᠷᠤᠮ ᠲᠠᠢ | ᠵᠢᠬᠰᠠᠵᠤ᠂ ᠲᠠᠷᠢᠯᠭ᠎ᠠ ᠶᠢᠨ ᠴᠡᠭ ᠤᠨ ᠠᠬᠤᠢ ᠲᠠᠯᠠᠪᠠᠢ ᠮᠠᠰᠢ ᠡᠮᠬᠢ ᠳᠢᠭᠯᠢᠮ ᠲᠠᠢ ᠪᠠᠶᠢᠪᠠ᠃ ︽ᠨᠠᠮ ᠪᠠ | ᠤᠯᠤᠰ ᠠᠴᠠ ᠣᠯᠠᠨ ᠲᠦᠮᠡᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠢ ᠬᠠᠯᠠᠮᠵᠢᠯᠠᠵᠤ᠂ ᠣᠯᠠᠨ ᠲᠦᠮᠡᠨ ᠳᠤ | ᠦᠨ᠎ᠡ ᠲᠥᠯᠥᠪᠦᠷᠢ ᠦᠭᠡᠶ ᠪᠠᠷ ᠸᠠᠺᠼᠢᠨ ᠳᠠᠷᠢᠭᠤᠯᠵᠤ ᠪᠠᠶᠢᠭ᠎ᠠ ᠨᠢ ᠠᠷᠠᠳ ᠲᠤ ᠠᠰᠢᠭ ᠬᠦᠷᠲᠡᠭᠡᠭᠰᠡᠨ ᠶᠡᠭᠡ | ᠰᠠᠶᠢᠨ ᠶᠠᠪᠤᠳᠠᠯ ᠮᠥᠨ᠂ ᠪᠢ ᠬᠠᠷᠢᠭᠰᠠᠨ ᠤ ᠳᠠᠷᠠᠭ᠎ᠠ ᠪᠠᠰᠠ ᠳᠡᠷᠭᠡᠳᠡᠬᠢ ᠬᠥᠮᠦᠰ ᠢᠶᠠᠨ ᠳᠠᠶᠢᠴᠢᠯᠠᠨ ᠸᠠᠺᠼᠢᠨ | ᠳᠠᠷᠢᠭᠤᠯᠤᠨ᠎ᠠ︾ ᠭᠡᠵᠦ ᠰᠠᠶ᠋ᠢᠬᠠᠨ ᠲᠠᠷᠢᠯᠭ᠎ᠠ ᠬᠢᠵᠦ ᠲᠠᠭᠤᠰᠤᠬᠰᠠᠨ ᠲᠣᠰᠬᠤᠨ ᠤ ᠠᠷᠠᠳ ᠸᠧᠶ ᠰᠢᠶᠤᠤ ᠰᠢᠶᠠᠨ | ᠬᠡᠯᠡᠨ᠎ᠡ᠃ | ᠲᠤᠭᠳᠠᠮᠠᠯ ᠲᠠᠷᠢᠯᠭ᠎ᠠ ᠶᠢᠨ ᠴᠡᠭ ᠲᠤᠬᠢᠷᠠᠭᠤᠯᠤᠬᠰᠠᠨ ᠠᠴᠠ ᠭᠠᠳᠠᠨ᠎ᠠ᠂ ᠲᠤᠰ ᠬᠤᠰᠢᠭᠤ ᠪᠠᠰᠠ 5 ᠨᠡᠭᠦᠳᠡᠯ | ᠲᠠᠷᠢᠯᠭ᠎ᠠ ᠶᠢᠨ ᠲᠤᠭᠤᠢᠢᠯᠠᠩ ᠭᠠᠷᠭᠠᠵᠤ᠂ ᠲᠣᠮᠣ ᠬᠡᠯᠪᠡᠷᠢ ᠶᠢᠨ ᠨᠡᠭᠦᠷᠡᠰᠦᠨ ᠠᠭᠤᠷᠬᠠᠶ᠂ ᠬᠤᠳᠠᠯᠳᠤᠭᠠᠨ ᠤ | ᠳᠡᠯᠭᠡᠭᠦᠷ᠂ ᠪᠠᠭᠤᠳᠠᠯ ᠪᠣᠯᠤᠨ ᠲᠠᠷᠢᠶᠠᠯᠠᠩ ᠳᠤ ᠬᠤᠯᠪᠣᠭᠳᠠᠬᠤ ᠠᠵᠤ ᠠᠬᠤᠶᠢᠯᠠᠯ ᠤᠳ ᠢᠶᠠᠷ ᠬᠦᠨᠵᠡᠭᠡᠶᠢᠷᠡᠨ᠂ | ᠲᠠᠷᠢᠯᠭ᠎ᠠ ᠬᠢᠬᠦ ᠠᠵᠢᠯ ᠢ ᠥᠷᠨᠢᠭᠦᠯᠵᠦ᠂ ᠤᠷᠢᠳ ᠬᠤᠵᠢᠳ ᠨᠡᠶᠢᠲᠡ 2000 ᠭᠠᠷᠤᠶ ᠤᠯᠠᠨ ᠲᠦᠮᠡᠨ ᠳᠤ | ᠲᠠᠷᠢᠯᠭ᠎ᠠ ᠬᠢᠭᠰᠡᠨ ᠪᠠᠶᠢᠨ᠎ᠠ᠃ | |