ᠯᠢ ᠯᠢ ᠮᠠᠨ ᠤ ᠬᠤᠳᠠ ᠶᠢᠨ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠤᠯᠤᠨ ᠴᠢᠨᠠᠷ ᠰᠠᠶᠢᠳᠠᠢ ᠬᠦᠭᠵᠢᠯᠳᠡ ᠶᠢᠨ ᠠᠵᠢᠯ ᠳᠤ ᠪᠠᠶᠢᠴᠠᠭᠠᠨ ᠰᠤᠳᠤᠯᠤᠯᠳᠠ ᠬᠢᠪᠡ
ᠨᠡᠶᠢᠲᠡᠯᠡᠭᠰᠡᠨ ᠴᠠᠭ᠄
2021/7/7
    ᠤᠢᠢᠷ᠎ᠠ ᠶᠢᠨ ᠡᠳᠤᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠯᠢ ᠯᠢ ᠳᠠᠯᠠᠳ ᠬᠤᠰᠢᠭᠤ᠂ ᠵᠡᠬᠦᠠᠭᠠᠷ ᠬᠤᠰᠢᠭᠤᠨ ᠳᠤ ᠬᠦᠨᠵᠡᠭᠡᠶᠢᠷᠡᠨ ᠮᠠᠨ ᠤ ᠬᠤᠳᠠ ᠶᠢᠨ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠤᠯᠤᠨ ᠴᠢᠨᠠᠷ ᠰᠠᠶᠢᠳᠠᠢ ᠬᠦᠭᠵᠢᠯᠳᠡ ᠶᠢᠨ ᠠᠵᠢᠯ ᠳᠤ ᠪᠠᠶᠢᠴᠠᠭᠠᠨ ᠰᠤᠳᠤᠯᠤᠯᠳᠠ ᠬᠢᠵᠤ ᠱᠠᠯᠠᠪᠳᠠᠭᠤᠯᠤᠨ ᠵᠢᠯᠤᠭᠤᠳᠴᠤ᠂ ᠰᠢ ᠶᠢᠨ ᠫᠢᠩ ᠤᠨ ᠠᠮᠢ ᠠᠬᠤᠢ ᠶᠢᠨ ᠪᠤᠯᠪᠠᠰᠤᠨ ᠤ ᠦᠵᠡᠯ ᠰᠠᠨᠠᠭ᠎ᠠ ᠶᠢ ᠬᠦᠨᠵᠡᠭᠡᠢ ᠰᠤᠷᠤᠯᠴᠠᠨ ᠳᠤᠭᠤᠰᠢᠯᠠᠭᠤᠯᠵᠤ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠵᠢᠨ‌ᠤᠯᠤᠰ ᠳᠦᠷᠦ ᠶᠢᠨ ᠬᠠᠷᠢᠭᠤᠴᠠᠯᠭ᠎ᠠ ᠶᠢ ᠦᠨᠡᠨ ᠬᠦ ᠴᠢᠩᠭᠠᠳᠬᠠᠨ᠂ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢᠨ ᠳᠤᠪᠤᠶᠢᠮ᠎ᠠ ᠠᠰᠠᠭᠤᠳᠠᠯ ᠢ ᠴᠡᠭᠴᠡᠯᠡᠨ ᠵᠠᠰᠠᠬᠤ ᠶᠢ ᠡᠷᠡᠰ ᠭᠤᠶᠢᠪᠢᠰᠢ ᠦᠭᠡᠢ ᠰᠠᠶᠢᠳᠤᠷ ᠠᠳᠬᠤᠵᠤ᠂ ᠬᠠᠳᠤᠨ ᠭᠤᠤᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠳᠠ ᠪᠤᠯᠤᠨ ᠴᠢᠨᠠᠷ ᠰᠠᠶᠢᠳᠠᠢ ᠬᠦᠭᠵᠢᠯᠳᠡ ᠶᠢᠨ ᠰᠢᠨ᠎ᠠ ᠳᠦᠷᠰᠤ ᠪᠠᠶᠢᠳᠠᠯ ᠢ ᠴᠢᠷᠮᠠᠶᠢᠨ ᠪᠤᠢ ᠪᠤᠯᠭᠠᠬᠤ ᠭᠡᠷᠡᠭᠳᠡᠢ ᠭᠡᠵᠤ ᠴᠢᠬᠤᠯᠠᠴᠢᠯᠠᠪᠠ᠃ ᠬᠤᠳᠠ ᠶᠢᠨ ᠳᠡᠳ᠋ ᠳᠠᠷᠤᠭ᠎ᠠ ᠱᠢ ᠶᠠᠨ ᠵᠢᠶᠧ ᠪᠠᠶᠢᠴᠠᠭᠠᠨ ᠰᠤᠳᠤᠯᠤᠯᠳᠠ ᠳᠤ ᠤᠷᠤᠯᠴᠠᠪᠠ᠃         ᠳᠠᠯᠠᠳ ᠬᠤᠰᠢᠭᠤᠨ ᠤ ᠵᠡᠭᠡᠰᠤᠳᠡᠢ ᠪᠠᠯᠭᠠᠰᠤᠨ ᠤ ᠰᠢᠭᠡᠭ ᠤᠨ ᠳᠡᠷᠡᠰᠤ ᠳᠤᠰᠬᠤᠨ᠂ ᠵᠡᠬᠦᠠᠭᠠᠷ ᠬᠤᠰᠢᠭᠤᠨ ᠤ ᠳ᠋ᠠ ᠯᠥ ᠪᠠᠯᠭᠠᠰᠤᠨ ᠤ ᠰᠢᠶᠤᠤ ᠳᠠᠨ ᠽᠢ ᠳᠤᠰᠬᠤᠨ᠂ ᠰᠢᠤᠸᠠᠢ ᠵᠢᠶᠠ ᠸᠠᠨ ᠪᠠᠯᠭᠠᠰᠤᠨ ᠤ ᠬᠠᠳᠤᠨ ᠭᠤᠤᠯ ᠳᠠᠭᠠᠤ ᠬᠠᠶᠢᠷ ᠴᠢᠯᠠᠭᠤ ᠮᠠᠯᠳᠠᠬᠤ ᠳᠠᠯᠠᠪᠠᠢ ᠳᠤ᠂ ᠯᠢ ᠯᠢ ᠳᠦᠪ ᠤᠨ ᠠᠮᠢ ᠠᠬᠤᠢ ᠤᠷᠴᠢᠨ ᠳᠤᠭᠤᠷᠢᠨ ᠤ ᠬᠠᠮᠠᠭᠠᠯᠠᠯᠳᠠ ᠶᠢᠨ ᠳᠤᠭᠤᠢᠢᠯᠠᠩ ᠤᠨ ᠠᠬᠤᠢ ᠳᠠᠯᠠᠪᠠᠢ ᠳᠤ ᠱᠠᠯᠠᠪᠳᠠᠭᠤᠯᠤᠨ ᠪᠠᠶᠢᠴᠠᠭᠠᠬᠤ ᠳᠤᠭᠤᠢᠢᠯᠠᠩ ᠤᠨ ᠬᠠᠷᠢᠭᠤ ᠳᠤᠰᠬᠠᠬᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠪᠤᠳᠠᠳᠤ ᠭᠠᠵᠠᠷ ᠲᠤᠨᠢ ᠪᠠᠶᠢᠴᠠᠭᠠᠨ ᠦᠵᠡᠵᠤ᠂ ᠤᠯᠤᠰ ᠳᠦᠷᠦ ᠶᠢᠨ ᠵᠤᠬᠰᠤᠴᠠ ᠪᠠᠨ ᠦᠨᠡᠨ ᠬᠦ ᠪᠠᠳᠤᠳᠬᠠᠨ᠂ ᠬᠦᠬᠡᠮᠳᠦᠭ ᠨᠤᠭᠤᠭᠠᠨ ᠠᠭᠤᠯᠠ ᠤᠰᠤ ᠪᠤᠯ ᠠᠯᠳᠠ ᠮᠦᠡᠭᠬᠦᠨ ᠠᠭᠤᠯᠠ ᠮᠦᠨ ᠭᠡᠬᠦ ᠤᠢᠢᠯᠠᠭᠠᠬᠳᠠᠬᠤᠨ ᠢ ᠪᠠᠳᠤ ᠪᠠᠬᠢ ᠱᠤᠭᠤᠵᠤ᠂ ︽ᠭᠡᠨ ᠡᠪᠳᠡᠪᠡᠯ ᠭᠡᠨ ᠬᠠᠷᠢᠭᠤᠴᠠᠬᠤ︾ ᠵᠠᠷᠴᠢᠮ ᠢ ᠴᠢᠩᠭ᠎ᠠ ᠵᠢᠷᠤᠮᠯᠠᠨ᠂ ᠱᠠᠯᠠᠪᠳᠠᠭᠤᠯᠤᠨ ᠵᠢᠯᠤᠭᠤᠳᠴᠤ ᠬᠠᠷᠢᠭᠤᠴᠠᠯᠭ᠎ᠠ ᠨᠡᠭᠡᠮᠵᠢᠯᠡᠬᠦ ᠶᠢ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠤᠷᠤᠨᠵᠢᠭᠤᠯᠬᠤ ᠶᠢ ᠭᠡᠳᠡᠷᠬᠦ ᠰᠢᠬᠠᠬᠤ ᠭᠡᠷᠡᠭᠳᠡᠢ᠃ ᠨᠢᠭᠡ ᠠᠴᠠ ᠨᠦᠬᠦᠭᠡ ᠶᠢ ᠵᠦᠢᠴᠢᠯᠡᠨ ᠮᠡᠳᠡᠵᠤ᠂ ᠪᠦᠬᠦ ᠳᠠᠯ᠎ᠠ ᠪᠠᠷ ᠴᠡᠪᠡᠷᠯᠡᠨ ᠪᠠᠶᠢᠴᠠᠭᠠᠵᠤ᠂ ᠳᠤᠳᠠᠭᠤᠳᠠᠯ ᠢ ᠨᠠᠷᠢᠨ ᠬᠢᠨᠠᠮᠠᠭᠠᠢ ᠪᠠᠶᠢᠴᠠᠭᠠᠨ ᠨᠦᠬᠦᠪᠤᠷᠢᠯᠡᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠵᠤ ᠤᠷᠤᠨᠵᠢᠭᠤᠯᠬᠤ ᠶᠢ ᠪᠠᠳᠤᠯᠠᠬᠤ ᠭᠡᠷᠡᠭᠳᠡᠢ ᠭᠡᠵᠤ ᠴᠢᠬᠤᠯᠠᠴᠢᠯᠠᠪᠠ᠃       ᠳᠠᠯᠠᠳ ᠬᠤᠰᠢᠭᠤᠨ ᠤ ᠪᠠᠢ ᠨᠢ ᠵᠢᠩ ᠪᠠᠯᠭᠠᠰᠤᠨ ᠤ ᠪᠤᠬᠢᠷ ᠤᠰᠤ ᠶᠢ ᠠᠷᠢᠭᠤᠳᠬᠠᠬᠤ ᠤᠢᠢᠯᠡᠳᠪᠤᠷᠢ ᠳᠤ᠂ ᠯᠢ ᠯᠢ ᠬᠦᠳᠡᠭᠡ ᠳᠤᠰᠬᠤᠨ ᠤ ᠠᠮᠢᠳᠤᠷᠠᠯ ᠤᠨ ᠬᠤᠭ ᠨᠤᠪᠰᠢ ᠪᠤᠯᠤᠨ ᠪᠤᠬᠢᠷ ᠤᠰᠤ ᠶᠢ ᠠᠷᠢᠭᠤᠳᠬᠠᠵᠤ ᠪᠠᠶᠢᠭ᠎ᠠ ᠪᠠᠶᠢᠳᠠᠯ ᠢ ᠨᠠᠷᠢᠨ ᠤᠢᠢᠯᠠᠭᠠᠬᠰᠠᠨ ᠪᠠᠶᠢᠨ᠎ᠠ᠃ ᠳᠡᠷᠡ ᠬᠦᠳᠡᠭᠡ ᠳᠤᠰᠬᠤᠨ ᠤ ᠬᠦᠮᠤᠨ ᠠᠷᠠᠳ ᠤᠨ ᠤᠷᠤᠰᠢᠨ ᠠᠮᠢᠳᠤᠷᠠᠬᠤ ᠤᠷᠴᠢᠨ ᠳᠤᠭᠤᠷᠢᠨ ᠢ ᠴᠡᠭᠴᠡᠯᠡᠨ ᠵᠠᠰᠠᠬᠤ ᠠᠵᠢᠯ ᠳᠤᠮᠳᠠᠬᠢ ᠦᠨᠳᠤᠰᠤᠨ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠶᠢᠨ ᠳᠠᠶᠢᠴᠢᠨ ᠪᠠᠬᠢᠯᠡᠯᠳᠡ ᠶᠢᠨ ᠤᠢᠢᠯᠡᠳᠤᠯ ᠢ ᠬᠦᠢᠴᠡᠳ ᠪᠠᠳᠠᠷᠠᠭᠤᠯᠤᠨ᠂ ᠰᠠᠶᠢᠨ ᠳᠤᠷᠰᠢᠯᠭ᠎ᠠ᠂ ᠰᠠᠶᠢᠨ ᠠᠷᠭ ᠎ᠠ ᠪᠠᠷᠢᠯ ᠢ ᠴᠠᠭ ᠳᠠᠷᠤᠢ ᠳᠤᠨᠢ ᠳ᠋ᠦᠡᠭᠨᠡᠨ ᠬᠤᠷᠢᠶᠠᠩᠭᠤᠢᠢᠯᠠᠵᠤ᠂ ᠤᠬᠠᠭᠤᠯᠤᠨ ᠳᠡᠯᠭᠡᠷᠡᠬᠦᠯᠵᠤ ᠳᠤᠷᠰᠢᠯᠭ᠎ᠠ ᠪᠠᠨ ᠰᠤᠯᠢᠯᠴᠠᠬᠤ ᠶᠢ ᠴᠢᠩᠭᠠᠳᠬᠠᠨ᠂ ᠡᠯ᠎ᠠ ᠨᠠᠮ ᠤᠨ ᠡᠬᠦᠷ ᠬᠤᠭᠤᠷᠤᠨᠳᠤ ᠪᠠᠨ ᠠᠳᠠᠯᠢᠳᠬᠠᠨ ᠰᠤᠷᠤᠯᠴᠠᠵᠤ ᠬᠦᠭᠡᠭᠡᠵᠤ ᠬᠦᠢᠴᠡᠬᠦ ᠬᠦᠨ ᠵᠤᠵᠠᠭᠠᠨ ᠠᠭᠤᠷ ᠠᠮᠢᠰᠬᠤᠯ ᠢ ᠪᠤᠢ ᠪᠤᠯᠭᠠᠵᠤ᠂ ᠠᠮᠢ ᠠᠬᠤᠢ ᠤᠷᠴᠢᠨ ᠳᠤᠭᠤᠷᠢᠨ ᠢ ᠳᠠᠰᠤᠷᠠᠯᠳᠠ ᠦᠭᠡᠢ ᠰᠠᠶᠢᠵᠢᠷᠠᠭᠤᠯᠬᠤ ᠶᠢ ᠠᠬᠢᠭᠤᠯᠬᠤ ᠭᠡᠷᠡᠭᠳᠡᠢ᠃ ᠵᠠᠬ᠎ᠠ ᠳᠡᠯᠭᠡᠬᠦᠷᠴᠢᠯᠡᠭᠰᠡᠨ ᠠᠷᠭ᠎ᠠ ᠭᠡᠯᠪᠡᠷᠢ ᠪᠠᠷ ᠪᠤᠬᠢᠷ ᠤᠰᠤ ᠶᠢ ᠠᠷᠢᠭᠤᠳᠬᠠᠬᠤ ᠶᠢ ᠠᠬᠢᠭᠤᠯᠵᠤ᠂ ᠴᠢᠨᠠᠷ ᠴᠢᠨᠰᠠᠭ᠎ᠠ ᠪᠠ ᠠᠷᠢᠭᠤᠳᠬᠠᠬᠤ ᠪᠠᠷᠢᠮᠵᠢᠶ᠎ᠠ ᠶᠢ ᠪᠠᠳᠤ ᠰᠠᠬᠢᠵᠤ᠂ ᠪᠤᠬᠢᠷ ᠤᠰᠤ ᠶᠢ ᠰᠦᠯᠵᠢᠶᠠᠨ ᠳᠡᠭᠡᠷ᠎ᠠ ᠬᠢᠨᠠᠨ ᠭᠡᠮᠵᠢᠬᠦ ᠶᠢ ᠴᠢᠩᠭᠠᠳᠬᠠᠨ᠂ ᠪᠤᠬᠢᠷ ᠤᠰᠤ ᠶᠢ ᠠᠷᠢᠭᠤᠳᠬᠠᠬᠤ ᠶᠢ ᠦᠷᠬᠦᠯᠵᠢᠯᠡᠨ ᠳᠤᠬᠳᠠᠭᠤᠨ ᠢᠶᠠᠷ ᠶᠠᠪᠤᠬᠳᠠᠭᠤᠯᠬᠤ ᠶᠢ ᠪᠠᠳᠤᠯᠠᠬᠤ ᠭᠡᠷᠡᠭᠳᠡᠢ ᠭᠡᠵᠤ ᠴᠢᠬᠤᠯᠠᠴᠢᠯᠠᠪᠠ᠃          ᠵᠡᠬᠦᠠᠭᠠᠷ ᠬᠤᠰᠢᠭᠤᠨ ᠤ ᠱᠢ ᠡᠯ ᠯᠢᠶᠠᠨ ᠴᠧᠩ ᠰᠢᠶᠠᠩ ᠤᠨ ᠬᠠᠳᠤᠨ ᠭᠤᠤᠯ ᠳᠠᠭᠠᠤ ᠳᠠᠷᠢᠶᠠᠯᠠᠩ ᠤᠨ ᠪᠤᠬᠢᠷᠳᠤᠯ ᠦᠭᠡᠢ ᠴᠢᠨᠠᠷ ᠰᠠᠶᠢᠳᠠᠢ ᠦᠨᠳᠤᠷ ᠪᠦᠳᠤᠮᠵᠢᠳᠡᠢ ᠬᠦᠭᠵᠢᠯᠳᠡ ᠶᠢᠨ ᠳᠠᠭᠤᠷᠢᠶᠠᠯ ᠦᠵᠡᠬᠦᠯᠬᠦ ᠤᠷᠤᠨ ᠳᠤ ᠬᠦᠷᠴᠤ᠂ ᠯᠢ ᠯᠢ ᠡᠵᠡᠩᠨᠡᠯᠳᠡ ᠶᠢᠨ ᠬᠡᠪ ᠵᠠᠬᠪᠤᠷ᠂ ᠬᠢᠮᠢ ᠶᠢᠨ ᠪᠤᠷᠳᠤᠭᠤᠷ ᠳᠠᠷᠢᠶᠠᠨ ᠡᠮ ᠤᠨ ᠬᠡᠷᠡᠭᠯᠡᠯᠲᠡ ᠶᠢ ᠪᠠᠭᠠᠰᠬᠠᠬᠤ᠂ ᠮᠠᠯᠴᠢᠨ ᠳᠠᠷᠢᠶᠠᠴᠢᠳ ᠤᠨ ᠠᠰᠢᠭ ᠳᠤᠰᠠ ᠲᠠᠢ ᠬᠤᠯᠪᠤᠭᠠᠯᠠᠭᠤᠯᠤᠬᠰᠠᠨ ᠵᠡᠷᠭᠡ ᠪᠠᠶᠢᠳᠠᠯ ᠢ ᠨᠠᠷᠢᠨ ᠤᠢᠢᠯᠠᠭᠠᠵᠠᠢ᠃ ᠯᠢ ᠯᠢ ᠬᠠᠳᠤᠨ ᠭᠤᠤᠯ ᠳᠠᠭᠠᠤ ᠳᠠᠷᠢᠶᠠᠯᠠᠩ ᠤᠨ ᠪᠤᠬᠢᠷᠳᠤᠯ ᠦᠭᠡᠢ ᠴᠢᠨᠠᠷ ᠰᠠᠶᠢᠳᠠᠢ ᠦᠨᠳᠤᠷ ᠪᠦᠳᠤᠮᠵᠢᠳᠡᠢ ᠬᠦᠭᠵᠢᠯᠳᠡ ᠶᠢᠨ ᠳᠠᠭᠤᠷᠢᠶᠠᠯ ᠦᠵᠡᠬᠦᠯᠬᠦ ᠤᠷᠤᠨ ᠢ ᠪᠠᠶᠢᠭᠤᠯᠬᠤ ᠨᠢ ᠳᠠᠷᠢᠶᠠᠯᠠᠩ ᠤᠨ ᠨᠤᠨᠳᠠᠭ ᠪᠤᠳᠠᠰ ᠤᠨ ᠪᠤᠬᠢᠷᠳᠤᠯ ᠢ ᠰᠢᠢᠳᠪᠤᠷᠢᠯᠡᠨ᠂ ᠳᠠᠷᠢᠶᠠᠯᠠᠩ ᠤᠨ ᠭᠡᠪᠴᠢᠶᠡᠵᠢᠭᠰᠡᠨ ᠡᠵᠡᠩᠨᠡᠯᠳᠡ ᠶᠢ ᠠᠬᠢᠭᠤᠯᠬᠤ ᠳᠤ ᠴᠢᠬᠤᠯᠠ ᠠᠴᠢ ᠬᠤᠯᠪᠤᠬᠳᠠᠯ ᠲᠠᠢ ᠶᠤᠮ᠃ ᠳᠤᠯᠤᠭᠠᠢᠢᠯᠠᠬᠴᠢ ᠠᠵᠤ ᠠᠬᠤᠢᠢᠯᠠᠯ ᠢ ᠢᠳᠡᠪᠬᠢᠳᠡᠢ ᠪᠤᠶᠢᠵᠢᠭᠤᠯᠤᠨ᠂ ᠤᠨᠴᠠᠯᠢᠬᠳᠤ ᠳᠠᠷᠢᠶᠠᠯᠠᠩ ᠮᠠᠯ ᠠᠵᠤ ᠠᠬᠤᠢ ᠶᠢᠨ ᠳᠦᠷᠤᠯ ᠳᠡᠮᠳᠡᠭᠳᠦ ᠶᠢ ᠴᠢᠷᠮᠠᠶᠢᠨ ᠡᠬᠦᠳᠴᠤ᠂ ᠮᠠᠯᠴᠢᠨ ᠳᠠᠷᠢᠶᠠᠴᠢᠳ ᠢ ᠳᠠᠶᠢᠴᠢᠯᠠᠨ ᠤᠷᠤᠯᠭ᠎ᠠ ᠶᠢ ᠨᠢ ᠨᠡᠮᠡᠭᠳᠡᠬᠦᠯᠤᠨ ᠴᠢᠨᠡᠭᠡᠯᠢᠭᠵᠢᠬᠦᠯᠵᠤ᠂ ᠠᠮᠢ ᠠᠬᠤᠢ ᠭᠤᠶᠤ ᠰᠠᠶᠢᠬᠠᠨ᠂ ᠠᠵᠤ ᠤᠢᠢᠯᠡᠰ ᠬᠦᠭᠵᠢᠭᠰᠡᠨ᠂ ᠠᠷᠠᠳ ᠤᠯᠠᠨ ᠴᠢᠨᠡᠭᠡᠯᠢᠭᠵᠢᠭᠰᠡᠨ ᠨᠢᠭᠡᠨ ᠵᠤᠷᠪᠤᠰ ᠦᠷᠬᠦᠯᠵᠢᠯᠡᠭᠰᠡᠨ ᠬᠦᠭᠵᠢᠯᠳᠡ ᠶᠢᠨ ᠵᠠᠮ ᠢᠶᠠᠷ ᠵᠠᠮᠨᠠᠬᠤ ᠭᠡᠷᠡᠭᠳᠡᠢ ᠭᠡᠵᠤ ᠵᠢᠭᠠᠵᠤ ᠭᠠᠷᠭᠠᠪᠠ᠃         ᠯᠢ ᠯᠢ ᠪᠠᠰᠠ ᠦᠶᠡᠷ ᠤᠰᠤᠳᠤᠯ ᠢ ᠰᠡᠷᠭᠡᠶᠢᠯᠡᠨ ᠭᠠᠩ ᠬᠠᠭᠰᠠᠷᠠᠭᠠᠨ ᠲᠠᠢ ᠳᠡᠮᠡᠴᠡᠬᠦ ᠠᠵᠢᠯ ᠢ ᠦᠨᠡᠨ ᠬᠦ ᠰᠠᠶᠢᠳᠤᠷ ᠬᠢᠵᠤ᠂ ᠠᠷᠭ᠎ᠠ ᠪᠦᠬᠦᠨ ᠢ ᠰᠦᠪᠡᠭᠴᠢᠯᠡᠨ ᠠᠷᠠᠳ ᠤᠯᠠᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠳᠦᠪᠰᠢᠨ ᠢ ᠪᠠᠳᠤᠯᠠᠬᠤ ᠭᠡᠷᠡᠭᠳᠡᠢ ᠭᠡᠵᠤ ᠴᠢᠬᠤᠯᠠᠴᠢᠯᠠᠵᠠᠢ᠃        
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠬᠡᠨ ᠤ ᠰᠦᠯᠵᠢᠶ᠎ᠡ