ᠤᠢᠢᠷ᠎ᠠ ᠶᠢᠨ ᠡᠳᠦᠷ᠂ ᠬᠤᠳᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠳᠠ ᠶᠢᠨ ᠤᠷᠤᠯᠠᠬᠴᠢ | ᠳᠠᠷᠤᠭ᠎ᠠ ᠳ᠋ᠦ᠋ ᠬᠤᠢ ᠯᠢᠶᠠᠩ ᠲᠠᠯᠠᠳ ᠬᠤᠰᠢᠭᠤᠨ ᠳᠤ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠪᠠ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠪᠠᠶᠢᠴᠠᠭᠠᠨ ᠰᠤᠳᠤᠯᠪᠠ᠃ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠵᠣᠣ ᠹᠸᠢ ᠯᠦ | ᠂ ᠬᠤᠲᠠ ᠶᠢᠨ ᠳᠡᠳ᠋ ᠳᠠᠷᠤᠭ᠎ᠠ ᠱᠢ ᠶᠠᠨ ᠵᠢᠶᠧ᠂ ᠬᠤᠲᠠ ᠶᠢᠨ ᠵᠠᠰᠠᠭ ᠤᠨ ᠣᠷᠳᠣᠨ ᠤ ᠨᠡᠷᠢᠠ ᠪᠢᠴᠢᠭ ᠤᠨ | ᠲᠡᠷᠤᠭ᠎ᠠ ᠵᠠᠩ ᠵᠥᠩ ᡁᠢ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃ | ᠳᠠᠯᠠᠳ ᠠᠵᠤ ᠠᠬᠤᠶ ᠶᠢᠨ ᠨᠡᠭᠡᠭᠡᠯᠳᠠ ᠶᠢᠨ ᠤᠷᠦᠠ ᠳᠤ᠂ ᠳ᠋ᠦ᠋ ᠬᠤᠢ ᠯᠢᠶᠠᠩ ᠤᠷᠢᠳ ᠬᠤᠵᠢᠳ ᠾᠧᠩ | ᠰᠢᠩ ᠬᠢᠮᠢ ᠶᠢᠨ ᠬᠢᠵᠠᠭᠠᠷᠲᠤ ᠺᠣᠮᠫᠠᠨᠢ᠂ ᠮᠦᠸᠧ ᠷᠦᠢ ᠳᠡᠭᠡᠳᠦ ᠲᠡᠰ ᠤᠨ ᠬᠢᠮᠢ ᠶᠢᠨ ᠪᠣᠳᠠᠰ ᠤᠨ ᠺᠣᠮᠫᠠᠨᠢ᠂ ᠱᠧᠩ | ᠬᠤᠩ ᠪᠦᠯᠦᠭᠯᠡᠯ᠂ ᠵᠢᠶᠠᠨ ᠨᠧᠩ ᠰᠢᠩ ᠬᠤᠢ ᠸᠠᠭᠠᠷ ᠱᠠᠭᠠᠵᠠᠩ᠂ ᠷᠦᠩ ᠰᠢᠨ ᠬᠢᠮᠢ ᠶᠢᠨ ᠠᠵᠤ ᠦᠢᠯᠡᠳᠪᠦᠷᠢ᠂ | ᠮᠧᠩ ᠲᠠᠢ ᠬᠦᠩᠭᠡᠨ ᠴᠠᠭᠠᠨ ᠤ ᠦᠢᠯᠡᠰ᠂ ᠳᠠᠯᠠᠳ ᠤᠨ ᠭᠡᠷᠡᠯ ᠴᠡᠨᠡᠭ ᠤᠨ ᠬᠡᠷᠡᠭᠯᠡᠭᠡᠨ ᠤ ᠳᠠᠭᠠᠭᠤᠯᠤᠭᠴᠢ ᠰᠠᠭᠤᠷᠢᠨ | ᠭᠠᠵᠠᠷ ᠵᠡᠷᠭᠡ ᠠᠵᠤ ᠠᠬᠤᠶᠢᠯᠠᠯ ᠳᠤ ᠬᠦᠷᠴᠦ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠭᠦᠨᠵᠡᠭᠡᠢ | ᠶᠠᠷᠢᠯᠴᠠᠵᠤ᠂ ᠠᠵᠤ ᠠᠬᠤᠶᠢᠯᠠᠯ ᠤᠨ ᠲᠦᠷᠦᠯ ᠵᠦᠢᠯ ᠤᠨ ᠲᠥᠯᠥᠪᠵᠢᠭᠦᠯᠭᠡ ᠲᠥᠯᠥᠪᠯᠡᠭᠡ᠂ ᠦᠢᠯᠡᠳᠪᠦᠷᠢᠯᠡᠯ | ᠡᠵᠡᠩᠨᠡᠯᠲᠡ᠂ ᠠᠶᠤᠯ ᠦᠭᠡᠢ ᠦᠢᠯᠡᠳᠪᠦᠷᠢᠯᠡᠯ ᠤᠨ ᠬᠠᠮᠢᠶᠠᠷᠤᠯᠲᠠ᠂ ᠡᠨᠧᠷᠭᠢ ᠶᠢᠨ ᠬᠤᠷᠣᠭᠳᠠᠯ ᠤᠨ ︽ᠬᠤᠣᠰ | ᠡᠵᠡᠮᠳᠡᠯ︾ ᠵᠡᠷᠭᠡ ᠬᠤᠯᠪᠣᠭᠳᠠᠯ ᠪᠦᠬᠦᠢ ᠪᠠᠶᠢᠳᠠᠯ ᠢ ᠨᠠᠷᠢᠨ ᠣᠶᠢᠯᠠᠭᠠᠪᠠ᠃ | ᠳ᠋ᠦ᠋ ᠬᠤᠢ ᠯᠢᠶᠠᠩ ᠲᠥᠪ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠦᠬᠦᠢ ᠰᠢᠢᠳᠪᠦᠷᠢᠲᠦ | ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠡᠷᠡᠰ ᠨᠠᠶᠢᠳᠠᠪᠤᠷᠢᠵᠢᠭᠤᠯᠵᠤ᠂ ᠦᠷᠭᠦᠯᠵᠢᠯᠡᠬᠦ᠋ᠢᠴᠡ ᠪᠠ ᠠᠯᠤᠰ | ᠢᠷᠡᠭᠡᠳᠦᠢ ᠳᠤ ᠠᠰᠢᠭᠲᠠᠢ ᠪᠠᠶᠢᠬᠤ ᠶᠢ ᠨᠡᠩ ᠴᠢᠬᠤᠯᠠᠴᠢᠯᠠᠨ᠂ ᠬᠥᠭᠵᠢᠯᠲᠡ ᠶᠢᠨ ︽ᠶᠡᠷᠦᠩᠬᠡᠶ ᠲᠠᠩᠰᠠ︾ ᠶᠢ | ᠰᠠᠶᠢᠲᠤᠷ ᠪᠤᠳᠤᠵᠤ᠂ ᠡᠨᠧᠷᠭᠢ ᠶᠢᠨ ᠬᠤᠷᠣᠭᠳᠠᠯ ᠤᠨ ︽ᠬᠤᠣᠰ ᠡᠵᠡᠮᠳᠡᠯ︾ ᠤᠨ ᠡᠯ᠎ᠡ ᠲᠦᠷᠦᠯ ᠤᠨ ᠠᠷᠭ᠎ᠠ | ᠬᠡᠮᠵᠢ᠊ ᠡᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠂ ᠠᠵᠤ ᠠᠬᠤᠢ ᠶᠢᠨ ᠦᠷ᠎ᠡ ᠠᠰᠢᠭ᠂ ᠠᠮᠢ | ᠠᠬᠤᠢ ᠶᠢᠨ ᠦᠷ᠎ᠡ ᠠᠰᠢᠭ᠂ ᠨᠡᠶᠢᠭᠡᠮ ᠤᠨ ᠦᠷ᠎ᠡ ᠠᠰᠢᠭ ᠢ ᠵᠡᠷᠭᠡ ᠪᠠᠷ ᠳᠡᠭᠡᠭᠰᠢᠯᠡᠭᠦᠯᠬᠦ ᠶᠢ ᠪᠡᠶᠡᠯᠡᠭᠦᠯᠵᠦ᠂ ᠠᠮᠢ | ᠠᠬᠤᠢ ᠶᠢ ᠤᠷᠢᠳ ᠢᠶᠠᠷ ᠪᠤᠳᠤᠯᠬᠢᠯᠠᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ | ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠦᠨᠡᠨ ᠬᠦ ᠰᠠᠶᠢᠲᠤᠷ ᠵᠠᠮᠨᠠᠬᠤ ᠬᠡᠷᠡᠭᠲᠡᠢ᠃ ᠮᠡᠷᠭᠡᠵᠢᠯ ᠤᠨ | ᠡᠭᠦᠳᠦᠯᠲᠡ ᠶᠢ ᠢᠮᠠᠭᠲᠠ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠰᠢᠨ᠎ᠡ ᠦᠢᠯᠡᠳᠬᠦᠨ᠂ ᠰᠢᠨ᠎ᠡ ᠮᠡᠷᠭᠡᠵᠢᠯ ᠢ | ᠰᠤᠳᠤᠯᠤᠨ ᠨᠡᠭᠡᠭᠡᠬᠦ ᠡᠷᠴᠢᠮ ᠢᠶᠠᠨ ᠴᠢᠩᠭᠠᠷᠠᠭᠤᠯᠤᠨ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠳᠠ ᠦᠭᠡᠢ | ᠤᠷᠲᠤᠳᠬᠠᠵᠤ᠂ ᠦᠢᠯᠡᠳᠬᠦᠨ ᠤ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠪᠠ ᠨᠡᠮᠡᠭᠳᠡᠯ ᠦᠷᠳᠡᠭ ᠢ | ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠵᠠᠬ᠎ᠠ ᠳᠡᠯᠭᠡᠭᠦᠷ ᠲᠠᠬᠢ ᠥᠷᠢᠰᠥᠯᠳᠦᠬᠦ ᠬᠦᠴᠦᠨ ᠢ ᠳᠡᠭᠡᠭᠰᠢᠯᠡᠭᠦᠯᠬᠦ | ᠬᠡᠷᠡᠭᠲᠡᠶ᠃ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠰᠠᠶᠢᠲᠤᠷ ᠠᠳᠬᠤᠬᠤ ᠬᠠᠷᠢᠭᠤᠴᠠᠯᠭᠠᠲᠤ ᠰᠡᠳᠬᠢᠯᠭᠡ | ᠂ ᠲᠤᠯᠭᠠᠮ ᠰᠡᠳᠬᠢᠯᠭᠡ ᠪᠠᠨ ᠦᠨᠡᠨ ᠬᠦ ᠴᠢᠩᠭᠠᠳᠬᠠᠵᠤ᠂ ᠣᠳᠣᠬᠠᠨ ᠤ ᠲᠦᠷᠦᠯ ᠵᠦᠢᠯ ᠤᠨ ᠪᠦᠳᠦᠭᠡᠨ | ᠪᠠᠶᠢᠭᠤᠯᠤᠯᠲᠠ ᠶᠢᠨ ᠰᠢᠵᠢᠷ ᠠᠯᠲᠠᠨ ᠴᠠᠭ ᠬᠤᠭᠤᠴᠠᠭ᠎ᠠ ᠶᠢ ᠡᠵᠡᠮᠳᠡᠨ᠂ ᠴᠢᠬᠤᠯᠠ ᠶᠡᠭᠡ ᠲᠦᠷᠦᠯ ᠵᠦᠢᠯ ᠤᠨ | ᠪᠦᠳᠦᠭᠡᠨ ᠪᠠᠶᠢᠭᠤᠯᠤᠯᠲᠠ ᠶᠢᠨ ᠪᠣᠳᠠᠲᠠᠢ ᠦᠷ᠎ᠡ ᠪᠦᠲᠦᠮᠵᠢ ᠤᠯᠬᠤ᠂ ᠴᠢᠨᠠᠷᠵᠢᠯ ᠢ ᠳᠡᠭᠡᠭᠰᠢᠯᠡᠭᠦᠯᠦᠨ ᠦᠷ᠎ᠡ | ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠳ᠋ᠦ᠋ ᠬᠤᠢ ᠯᠢᠶᠠᠩ ᠬᠥᠭᠵᠢᠯᠲᠡ ᠪᠣᠯᠤᠨ ᠠᠮᠤᠷ ᠲᠦᠪᠰᠢᠨ ᠢ ᠨᠢᠭᠡᠳᠦᠯᠲᠡᠢ ᠲᠥᠯᠥᠪᠵᠢᠭᠦᠯᠵᠦ᠂ ᠠᠵᠢᠯ ᠤᠨ | ᠬᠠᠷᠢᠭᠤᠴᠠᠯᠭ᠎ᠠ ᠪᠠᠨ ᠰᠠᠶᠢᠳᠤᠷ ᠭᠦᠢᠴᠡᠳᠬᠡᠨ᠂ ᠠᠶᠤᠯ ᠦᠭᠡᠢ ᠦᠢᠯᠡᠳᠪᠦᠷᠢᠯᠡᠯ ᠢ ᠢᠮᠠᠭᠲᠠ ᠴᠢᠩᠭ᠎ᠠ ᠠᠳᠬᠤᠵᠤ᠂ | ᠠᠮᠤᠷ ᠲᠦᠪᠰᠢᠨ ᠤ ᠰᠡᠷᠭᠡᠶᠢᠯᠡᠯᠲᠡ ᠶᠢ ᠴᠢᠩᠭᠠᠳᠬᠠᠨ᠂ ᠭᠡᠮ ᠰᠣᠭᠤᠭ ᠢ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠡᠯ᠎ᠡ ᠲᠦᠷᠦᠯ ᠤᠨ ᠠᠶᠤᠯ ᠲᠦᠭᠰᠢᠭᠦᠷᠢ ᠭᠡᠮ ᠰᠣᠭᠤᠭ ᠢ ᠴᠠᠭ ᠲᠤᠬᠠᠢ ᠳᠤᠨᠢ ᠪᠦᠲᠦᠮᠵᠢᠲᠡᠢ | ᠠᠷᠢᠯᠭᠠᠨ᠂ ᠡᠯ᠎ᠡ ᠲᠦᠷᠦᠯ ᠤᠨ ᠠᠶᠤᠯ ᠦᠭᠡᠢ ᠦᠢᠯᠡᠳᠪᠦᠷᠢᠯᠡᠯ ᠤᠨ ᠡ᠊ᠨᠳᠡᠯ ᠭᠠᠷᠬᠤ ᠶᠢ ᠴᠢᠩᠭ᠎ᠠ ᠰᠡᠷᠭᠡᠶᠢᠯᠡᠬᠦ | ᠬᠡᠷᠡᠭᠲᠡᠢ᠃ ᠠᠶᠤᠯ ᠦᠭᠡᠢ ᠦᠢᠯᠡᠳᠪᠦᠷᠢᠯᠡᠯ ᠤᠨ ᠠᠵᠢᠯ ᠢ ᠠᠵᠤ ᠠᠬᠤᠶᠢᠯᠠᠯ ᠤᠨ ᠦᠢᠯᠡᠳᠪᠦᠷᠢᠯᠡᠯ | ᠬᠠᠮᠢᠶᠠᠷᠤᠯᠲᠠ ᠶᠢᠨ ᠲᠤᠬᠳᠠᠯᠴᠠᠭ᠎ᠠ ᠳᠤ ᠣᠷᠣᠭᠤᠯᠵᠤ᠂ ᠠᠶᠤᠯ ᠦᠭᠡᠢ ᠦᠢᠯᠡᠳᠪᠦᠷᠢᠯᠡᠯ ᠪᠠ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠯᠡᠨ ᠲᠣᠭᠲᠠᠭᠠᠬᠤ᠂ ᠲᠤᠰᠢᠶᠠᠯ ᠳᠡᠪᠰᠢᠭᠦᠯᠬᠦ᠂ ᠱᠠᠩᠨᠠᠨ ᠬᠥᠬᠢᠭᠦᠯᠬᠦ | ᠰᠢᠢᠳᠬᠡᠬᠦ ᠵᠡᠷᠭᠡ ᠲᠦᠷᠢᠮ ᠢ ᠪᠠᠶᠢᠭᠤᠯᠤᠨ ᠪᠦᠷᠢᠨᠰᠢᠬᠦᠯᠵᠤ᠂ ᠡᠯ᠎ᠡ ᠱᠠᠲᠤᠨ ᠤ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠤᠨ᠂ ᠠᠶᠤᠯ ᠦᠭᠡᠢ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠡᠷᠡᠰ ᠪᠠᠲᠤ ᠰᠠᠬᠢᠵᠤ᠂ ᠪᠦᠬᠦ | ᠬᠤᠳᠠ ᠶᠢᠨ ᠠᠶᠤᠯ ᠦᠭᠡᠢ ᠦᠢᠯᠡᠳᠪᠦᠷᠢᠯᠡᠯ ᠤᠨ ᠪᠠᠶᠢᠳᠠᠯ ᠤᠨ ᠦᠷᠭᠦᠯᠵᠢᠯᠡᠨ ᠲᠣᠭᠲᠠᠭᠤᠨ ᠢᠶᠠᠷ ᠰᠠᠶᠢᠵᠢᠷᠠᠬᠤ ᠶᠢ | ᠪᠠᠲᠤᠯᠠᠨ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠳᠤ ᠠᠮᠤᠷ ᠲᠦᠪᠰᠢᠨ ᠲᠣᠭᠲᠠᠭᠤᠨ | ᠨᠡᠶᠢᠭᠡᠮ ᠤᠨ ᠣᠷᠴᠢᠨ ᠲᠣᠭᠤᠷᠢᠨ ᠢ ᠡᠬᠦᠳᠬᠦ ᠬᠡᠷᠡᠭᠲᠡᠢ ᠭᠡᠵᠦ ᠴᠢᠬᠤᠯᠠᠴᠢᠯᠠᠪᠠ᠃ | | |