ᠡᠩᠭᠡᠪᠡᠢ ᠪᠠᠯᠭᠠᠰᠤᠨ ᠤ ᠨᠠᠮ ᠤᠨ ᠭᠡᠰᠢᠭᠦᠨ ᠺᠠᠳ᠋ᠷᠴᠤᠳ ᠤᠯᠠᠨ ᠲᠦᠮᠠᠨ ᠳᠤ ᠰᠠᠶᠢᠳᠤᠷ ᠦᠢᠯᠡᠴᠢᠯᠡᠨ᠎ᠠ
ᠨᠡᠶᠢᠲᠡᠯᠡᠭᠰᠡᠨ ᠴᠠᠭ᠄
2021/7/7
    ᠱᠠᠬᠵᠠᠮᠤᠨᠢ ᠶᠢᠨ ᠮᠡᠳᠡᠭᠡ   ᠤᠢᠢᠷ᠎ᠠ ᠶᠢᠨ ᠵᠢᠯ ᠠᠴᠠ ᠨᠠᠭᠠᠰᠢ᠂ ᠲᠠᠯᠠᠳ ᠬᠤᠰᠢᠭᠤᠨ ᠤ ᠡᠩᠭᠡᠪᠡᠢ ᠪᠠᠯᠭᠠᠰᠤᠨ ᠤ ᠪᠦᠭᠦ ᠨᠠᠮ ᠤᠨ ᠭᠡᠰᠢᠭᠦᠨ ᠺᠠᠳ᠋ᠷ ᠴᠤ᠋ ᠰᠢᠨ᠎ᠠ ᠵᠤᠷᠢᠭ ᠰᠠᠨᠠᠭᠠᠨ ᠤ ᠲᠦᠷᠭᠦ ᠪᠠᠶᠢᠳᠠᠯ ᠢᠶᠠᠷ ᠠᠵᠢᠯ ᠳᠠᠭᠠᠨ ᠭᠠᠪᠰᠢᠭᠠᠢᠢᠯᠠᠵᠤ᠂ ︽ᠭᠤᠷᠪᠠᠨ ᠲᠦᠷᠢ︾ ᠶᠢ ᠲᠤᠬᠯᠠᠨ᠂ ᠤᠯᠠᠨ ᠲᠦᠮᠠᠨ ᠳᠤ ᠰᠠᠶᠢᠳᠤᠷ ᠦᠢᠯᠡᠴᠢᠯᠡᠵᠤ ᠪᠠᠶᠢᠨ᠎ᠠ᠃         ᠵᠢᠭᠠᠨ ᠵᠢᠯᠤᠭᠤᠳᠤᠬᠴᠢ ᠪᠤᠯᠪᠠ᠃ ᠨᠠᠮ ᠤᠨ ᠭᠡᠰᠢᠭᠦᠨ ᠺᠠᠳ᠋ᠷᠴᠤᠳ ᠨᠠᠮ ᠤᠨ ᠪᠠᠶᠢᠭᠤᠯᠤᠯᠳᠠ ᠶᠢᠨ ᠮᠡᠳᠡᠯᠭᠡ᠂ ᠨᠠᠮ ᠤᠨ ᠪᠠᠶᠢᠭᠤᠯᠤᠯᠳᠠ ᠶᠢᠨ ᠠᠵᠢᠯ ᠤᠨ ᠲᠤᠷᠰᠢᠯᠭ᠎ᠠ ᠪᠠᠨ ᠭᠦᠢᠴᠡᠳ ᠠᠰᠢᠬᠯᠠᠵᠤ᠂ ᠲᠤᠰ ᠲᠤᠰ ᠤᠨ ᠲᠠᠭᠠᠭᠠᠴᠢᠯᠠᠵᠤ ᠪᠠᠶᠢᠭ᠎ᠠ ᠭᠠᠴᠠᠭ᠎ᠠ ᠲᠤᠰᠬᠤᠨ ᠤ ᠨᠠᠮ ᠤᠨ ᠪᠠᠶᠢᠭᠤᠯᠤᠯᠳᠠ ᠶᠢᠨ ᠠᠵᠢᠯ ᠤᠨ ᠵᠢᠭᠠᠨ ᠵᠢᠯᠤᠭᠤᠳᠤᠬᠴᠢ ᠪᠤᠯᠵᠤ᠂ ᠭᠠᠴᠠᠭ᠎ᠠ ᠲᠤᠰᠬᠤᠨ ᠤ ᠨᠠᠮ ᠤᠨ ᠭᠡᠰᠢᠭᠦᠨ᠂ ᠤᠯᠠᠨ ᠲᠦᠮᠠᠨ ᠢ ᠵᠢᠯᠤᠭᠤᠳᠤᠨ ᠨᠠᠮ ᠤᠨ ᠤᠨᠤᠯ ᠴᠢᠭᠯᠡᠯᠳᠡ ᠲᠦᠷᠦ ᠶᠢᠨ ᠪᠤᠳᠤᠯᠭ᠎ᠠ ᠶᠢ ᠰᠤᠷᠤᠯᠴᠠᠭᠤᠯᠵᠤ᠂ ︽ᠬᠤᠶᠠᠷ ᠵᠦᠪᠯᠡᠯ︾ ᠤᠨ ᠤᠳᠤᠷᠢᠳᠬᠤ ᠪᠠᠭ ᠢ ᠬᠠᠪᠰᠤᠷᠤᠨ ᠭᠠᠴᠠᠭ᠎ᠠ ᠲᠤᠰᠬᠤᠨ ᠤ ᠭᠦᠭᠵᠢᠯᠳᠠ ᠶᠢᠨ ᠲᠦᠯᠦᠪᠵᠢᠭᠦᠯᠭᠡ ᠶᠢ ᠲᠤᠬᠳᠠᠭᠠᠵᠤ᠂ ᠨᠠᠮ ᠤᠨ ᠭᠡᠰᠢᠭᠦᠨ ᠺᠠᠳ᠋ᠷᠴᠤᠳ ᠤᠨ ᠡᠩᠨᠡᠭᠡᠨ ᠤ ᠪᠠᠶᠢᠭᠤᠯᠤᠯᠳᠠ᠂ ᠤᠶᠤᠨ ᠰᠠᠨᠠᠭᠠᠨ ᠤ ᠪᠤᠯᠪᠠᠰᠤᠨ ᠤ ᠪᠠᠶᠢᠭᠤᠯᠤᠯᠳᠠ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠳᠠ ᠵᠡᠷᠭᠡ ᠠᠵᠢᠯ ᠢ ᠵᠢᠭᠠᠨ ᠵᠢᠯᠤᠭᠤᠳᠬᠤ ᠭᠦᠴᠦᠯᠠᠴᠠ ᠪᠠᠨ ᠨᠡᠮᠡᠭᠳᠡᠭᠦᠯᠵᠤ᠂ ᠦᠨᠳᠦᠰᠦᠨ ᠱᠠᠳᠤᠨ ᠤ ᠨᠠᠮ ᠤᠨ ᠵᠤᠭᠢᠶᠠᠨ ᠪᠠᠶᠢᠭᠤᠯᠤᠯᠳᠠ ᠨᠢ ᠤᠤᠯ ᠤᠨ ᠰᠠᠭᠤᠷᠢᠨ ᠲᠡᠭᠡᠷ᠎ᠠ ᠪᠠᠨ ᠰᠢᠨ᠎ᠠ ᠲᠡᠭᠡᠭᠰᠢᠯᠡᠯᠳᠠ ᠲᠠᠢ ᠪᠤᠯᠬᠤ ᠶᠢ ᠴᠢᠷᠮᠠᠶᠢᠨ ᠠᠭᠢᠭᠤᠯᠤᠬᠰᠠᠨ ᠪᠠᠶᠢᠨ᠎ᠠ᠃        ᠮᠡᠷᠭᠡᠵᠢᠯᠳᠠᠨ ᠪᠤᠯᠪᠠ᠃ ᠦᠷᠭᠡᠨ ᠤᠯᠠᠨ ᠨᠠᠮ ᠤᠨ ᠭᠡᠰᠢᠭᠦᠨ ᠺᠠᠳ᠋ᠷ ᠮᠠᠯᠵᠢᠬᠤ ᠲᠠᠷᠢᠶᠠᠯᠠᠬᠤ ᠤᠷᠤᠨ ᠤ ᠪᠤᠳᠠᠳᠤ ᠭᠡᠷᠡᠭᠯᠡᠭᠡᠨ ᠤ ᠮᠡᠷᠭᠡᠵᠢᠯ ᠤᠨ ᠪᠤᠯᠪᠠᠰᠤᠷᠠᠯ ᠤᠨ ᠠᠵᠢᠯ ᠢ ᠨᠢᠭᠡᠨ ᠲᠦᠷᠦᠯ ᠤᠨ ᠭᠤᠤᠯᠳᠠᠯᠭ᠎ᠠ ᠲᠠᠢ ᠠᠵᠢᠯ ᠪᠤᠯᠭᠠᠨ ᠠᠳᠬᠤᠵᠤ᠂ ᠡᠯ ᠎ᠠ ᠭᠠᠴᠠᠭ᠎ᠠ ᠲᠤᠰᠬᠤᠨ ᠤ ᠲᠠᠷᠢᠮᠠᠯ ᠲᠡᠵᠢᠭᠡᠪᠤᠷᠢ ᠶᠢᠨ ᠦᠢᠯᠡᠰ ᠤᠨ ᠭᠦᠭᠵᠢᠯᠳᠠ ᠶᠢᠨ ᠪᠤᠳᠠᠳᠤ ᠪᠠᠶᠢᠳᠠᠯ ᠲᠠᠢ ᠤᠶᠠᠯᠳᠤᠭᠤᠯᠵᠤ ᠪᠠᠶᠢᠭᠠᠳ ᠪᠤᠳᠠᠳᠤ ᠭᠡᠷᠡᠭᠯᠡᠭᠡᠨ ᠤ ᠮᠡᠷᠭᠡᠵᠢᠯ ᠤᠨ ᠪᠤᠯᠪᠠᠰᠤᠷᠠᠯ ᠤᠨ ᠠᠵᠢᠯ ᠢ ᠦᠨᠠᠨ ᠭᠦ ᠰᠠᠶᠢᠳᠤᠷ ᠠᠳᠬᠤᠵᠤ᠂ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠤᠷᠢᠯᠠᠯ ᠲᠤᠮᠳᠡᠭᠢ ᠮᠡᠷᠭᠡᠵᠢᠯ ᠤᠨ ᠭᠦᠴᠢᠷ ᠰᠡᠳᠦᠪ ᠢ ᠪᠦᠭᠦ ᠭᠦᠴᠦᠨ ᠢᠶᠠᠷ ᠢᠶᠠᠨ ᠵᠢᠯᠤᠭᠤᠳᠤᠨ ᠰᠢᠢᠳᠪᠤᠷᠢᠯᠠᠵᠤ᠂ ᠭᠠᠴᠠᠭ᠎ᠠ ᠲᠤᠰᠬᠤᠨ ᠤ ᠠᠵᠤ ᠠᠬᠤᠢ ᠶᠢᠨ ᠭᠦᠭᠵᠢᠯᠳᠠ ᠳᠤ ᠨᠠᠩ ᠤᠯᠠᠨ ︽ᠨᠤᠳᠤᠭ ᠤᠨ ᠮᠡᠷᠭᠡᠵᠢᠯᠳᠠᠨ︾ ᠢ ᠭᠦᠮᠦᠵᠢᠭᠦᠯᠦᠭᠰᠡᠨ ᠪᠠᠶᠢᠨ᠎ᠠ᠃        ᠮᠡᠳᠡᠭᠡ ᠵᠠᠩᠭᠢ ᠶᠢᠨ ᠠᠵᠢᠯᠳᠠᠨ ᠪᠤᠯᠪᠠ᠃ ᠨᠠᠮ ᠤᠨ ᠭᠡᠰᠢᠭᠦᠨ ᠺᠠᠳ᠋ᠷᠴᠤᠳ ᠤᠯᠤᠰ ᠲᠦᠷᠦ ᠶᠢᠨ ᠵᠤᠬᠰᠤᠯᠳᠠ ᠪᠠᠨ ᠴᠢᠨᠠᠬᠰᠢᠳᠠ ᠲᠡᠭᠡᠭᠰᠢᠯᠡᠭᠦᠯᠵᠤ᠂ ︽ᠲᠦᠷᠪᠡᠨ ᠤᠬᠠᠮᠰᠠᠷ︾ ᠢᠶᠠᠨ ᠦᠨᠡᠨ ᠭᠦ ᠨᠡᠮᠡᠭᠳᠡᠭᠦᠯᠦᠨ᠂ ᠭᠠᠷᠳᠠᠴᠡ ᠶᠢᠨ ᠴᠡᠭ᠂ ᠰᠢᠪᠳᠤᠯᠤᠯᠳᠠ ᠶᠢᠨ ᠴᠡᠭ᠂ ᠭᠦᠴᠦᠯᠡᠴᠡ ᠶᠢᠨ ᠴᠡᠭ ᠢ ᠵᠦᠪ ᠡᠷᠢᠵᠤ᠂ ᠤᠬᠠᠭᠤᠯᠭ᠎ᠠ ᠭᠦᠮᠦᠵᠢᠯ ᠤᠨ ᠭᠦᠳᠦᠯᠦᠨ ᠲᠠᠭᠠᠭᠤᠯᠬᠤ ᠦᠢᠯᠡᠳᠦᠯ ᠢ ᠭᠦᠢᠴᠡᠳ ᠪᠠᠳᠠᠷᠠᠭᠤᠯᠵᠤ᠂ ᠤᠯᠠᠨ ᠲᠦᠮᠠᠨ ᠤ ᠰᠠᠨᠠᠯ ᠰᠠᠨᠠᠭᠤᠯᠭ᠎ᠠ ᠶᠢ ᠭᠦᠯᠢᠴᠡᠩᠭᠦᠢ ᠰᠤᠨᠤᠰᠴᠦ᠂ ︽ᠠᠷᠠᠳ ᠲᠦᠮᠠᠨ ᠢᠶᠠᠷ ᠭᠤᠤᠯ ᠪᠤᠯᠭᠠᠬᠤ︾ ᠭᠦᠭᠵᠢᠯᠳᠠ ᠶᠢᠨ ᠤᠢᠢᠯᠠᠭᠠᠬᠳᠠᠬᠤᠨ ᠢ ᠭᠦᠮᠦᠰ ᠤᠨ ᠰᠡᠳᠭᠢᠯ ᠳᠤ ᠭᠦᠨ ᠬᠠᠳᠠᠩᠰᠢᠭᠤᠯᠤᠬᠰᠠᠨ ᠪᠠᠶᠢᠨ᠎ᠠ᠃        
ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠡ