ᠳᠠᠯᠠᠳ ᠬᠤᠰᠢᠭᠤ ᠠᠩᠬᠠᠳᠤᠭᠠᠷ ᠪᠦᠯᠦᠭ ᠤᠨ ᠪᠦᠬᠦ ᠤᠯᠤᠰ ᠤᠨ ᠰᠢᠶᠠᠨ ᠤ ᠬᠡᠪᠴᠢᠶ᠎ᠠ ᠪᠦᠬᠦᠢ ᠬᠥᠯ ᠪᠥᠮᠪᠦᠭᠡ ᠶᠢᠨ ᠨᠡᠶᠢᠲᠡᠯᠢᠭ ᠵᠢᠱᠢᠶ᠎ᠡ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2021/7/7
    ᠦᠢᠷᠠᠳᠬᠠᠨ ᠤᠯᠤᠰ ᠤᠨ ᠪᠡᠶ᠎ᠠ ᠶᠢᠨ ᠲᠠᠮᠢᠷ ᠤᠨ ᠶᠡᠷᠦᠩᠬᠡᠢ ᠲᠤᠪᠴᠢᠶ᠎ᠠ ᠠᠴᠠ ︽ᠠᠩᠬᠠᠳᠤᠭᠠᠷ ᠪᠦᠯᠦᠭ ᠪᠦᠬᠦ ᠤᠯᠤᠰ ᠤᠨ ᠰᠢᠶᠠᠨ ᠤ ᠬᠡᠪᠴᠢᠶ᠎ᠠ ᠪᠦᠬᠦᠢ ᠬᠥᠯ ᠪᠥᠮᠪᠦᠭᠡ ᠶᠢᠨ ᠨᠡᠶᠢᠲᠡᠯᠢᠭ ᠵᠢᠱᠢᠶ᠎ᠡ︾ ᠶᠢᠨ 101 ᠨᠡᠷᠡᠰ ᠢ ᠨᠡᠶᠢᠳᠡᠯᠡᠵᠦ᠂ ᠥᠪᠥᠷ ᠮᠣᠩᠭᠤᠯ ᠠᠴᠠ ᠳᠠᠯᠠᠳ ᠬᠤᠰᠢᠭᠤ ᠶᠢ ᠪᠠᠭᠳᠠᠭᠠᠬᠰᠨᠨ ᠭᠤᠷᠪᠠᠨ ᠨᠡᠷᠡᠰ ᠲᠤᠳᠤᠷᠡᠵᠡᠢ᠃       ᠣᠢᠢᠷ᠎ᠠ ᠶᠢᠨ ᠵᠢᠯ ᠤᠳ ᠲᠤ᠂ ᠳᠠᠯᠠᠳ ᠬᠤᠰᠢᠭᠤ ᠶᠡᠷᠦᠩᠬᠡᠢ ᠱᠦᠵᠢ ᠰᠢ ᠶᠢᠨ ᠫᠢᠩ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯ ᠤᠨ ᠲᠤᠬᠠᠢ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ᠂ ︽ᠳᠤᠷ᠎ᠠ ᠰᠣᠨᠢᠷᠬᠠᠯ ᠢᠶᠠᠷ ᠬᠥᠲᠥᠯᠦᠨ ᠵᠢᠯᠣᠭᠤᠳᠴᠤ᠂ ᠤᠷᠤᠯᠳᠤᠭᠠᠨ ᠢᠶᠠᠷ ᠳᠡᠬᠡᠭᠰᠢᠯᠡᠭᠦᠯᠵᠦ᠂ ᠳᠦᠷᠢᠮ ᠲᠣᠭᠲᠠᠭᠠᠯ ᠢᠶᠠᠷ ᠪᠠᠲᠤᠯᠠᠵᠦ᠂ ᠬᠥᠮᠦᠨ ᠬᠥᠮᠦᠵᠢᠭᠦᠯᠬᠦ ᠪᠠᠷ ᠭᠤᠣᠯᠳᠠᠭᠤᠯᠵᠦ᠂ ᠲᠥᠷᠥᠯ ᠲᠡᠮᠳᠡᠭ ᠢ ᠡᠭᠦᠳᠬᠦ︾ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠥᠭᠵᠢᠯᠲᠡ ᠶᠢᠨ ᠣᠨᠣᠯᠵᠢᠭᠤᠨ ᠶᠣᠰᠣᠭᠠᠷ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯᠯᠠᠭ᠎ᠠ ᠶᠢ ᠭᠦᠨᠵᠡᠭᠡᠢ ᠥᠷᠨᠢᠭᠦᠯᠦᠬᠡᠳ᠂ ᠳᠠᠯᠠᠳ ᠬᠤᠰᠢᠭᠤ ᠪᠠᠨ ᠥᠪᠡᠷᠲᠡᠭᠡᠨ ᠵᠠᠰᠠᠬᠤ ᠣᠷᠣᠨ ᠤ ᠳᠡᠰ ᠤᠨ ᠬᠥᠯ ᠪᠥᠮᠪᠦᠭᠡ ᠶᠢᠨ ᠬᠦᠴᠦᠷᠬᠡᠭ ᠬᠤᠰᠢᠭᠤ ᠪᠣᠯᠭᠠᠬᠤ ᠪᠠᠷ ᠴᠢᠷᠮᠡᠶᠢᠬᠰᠠᠭᠠᠷ ᠢᠷᠡᠵᠡᠢ᠃      2.2 ᠳ᠋ᠦᠩᠰᠢᠭᠤᠷ ᠲᠥᠭᠦᠷᠢᠭ ᠤᠨ ᠪᠡᠯᠡ ᠮᠦᠡᠭᠬᠦ ᠪᠠᠷ ᠬᠥᠯ ᠪᠥᠮᠪᠦᠭᠡ ᠶᠢᠨ ᠲᠠᠯᠠᠪᠠᠢ ᠣᠷᠳᠣᠨ ᠤ ᠲᠦᠬᠦᠬᠡᠷᠦᠮᠵᠢ ᠶᠢ ᠲᠡᠭᠦᠯᠳᠡᠷᠵᠢᠭᠦᠯᠵᠦ᠂ ᠬᠢᠮᠡᠯ ᠵᠦᠯᠭᠡᠲᠦ ᠬᠥᠯ ᠪᠥᠮᠪᠦᠭᠡ ᠶᠢᠨ ᠲᠠᠯᠠᠪᠠᠢ 42 ᠬᠡᠰᠡᠭ᠂ ᠬᠤᠲᠠ ᠶᠢᠨ ᠳᠡᠰ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢ ᠶᠢᠨ ᠬᠥᠯ ᠪᠥᠮᠪᠦᠭᠡ ᠶᠢᠨ ᠪᠣᠯᠪᠠᠰᠤᠷᠠᠯ ᠤᠨ ᠰᠠᠭᠤᠷᠢᠨ ᠭᠠᠵᠠᠷ 2 ᠲᠡᠯᠡᠪᠡᠢ᠂ ᠲᠠᠪᠤᠨ ᠬᠥᠮᠦᠨ ᠤ ᠳᠦᠷᠢᠮᠲᠦ ᠬᠥᠯ ᠪᠥᠮᠪᠦᠭᠡ ᠶᠢᠨ ᠣᠷᠳᠣᠨ 8᠂ ᠨᠠᠢᠮᠠᠨ ᠬᠥᠮᠦᠨ ᠤ ᠳᠦᠷᠢᠮᠲᠦ ᠬᠥᠯ ᠪᠥᠮᠪᠦᠭᠡ ᠶᠢᠨ ᠣᠷᠳᠣᠨ 2 ᠢ ᠪᠠᠶᠢᠭᠤᠯᠵᠡᠢ᠃ ᠤᠯᠤᠰ ᠤᠨ ᠳᠡᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ 14᠂ ᠥᠪᠡᠷᠲᠡᠭᠡᠨ ᠵᠠᠰᠠᠬᠤ ᠣᠷᠣᠨ ᠤ ᠳᠡᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠣᠨᠴᠠᠯᠢᠭᠲᠤ ᠰᠤᠷᠭᠠᠭᠤᠯᠢ 9᠂ ᠥᠪᠡᠷᠲᠡᠭᠡᠨ ᠵᠠᠰᠠᠬᠤ ᠣᠷᠣᠨ ᠤ ᠳᠡᠰ ᠤᠨ ᠬᠥᠯ ᠪᠥᠮᠪᠦᠭᠡ ᠶᠢᠨ ᠣᠨᠴᠠᠯᠢᠭᠲᠤ ᠬᠡᠦᠬᠡᠳ ᠤᠨ ᠴᠡᠴᠡᠷᠯᠢᠭ 3᠂ ᠥᠪᠡᠷᠲᠡᠭᠡᠨ ᠵᠠᠰᠠᠬᠤ ᠣᠷᠣᠨ ᠤ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠺᠯᠦ᠋ᠪ 2᠂ ᠲᠤᠰᠬᠠᠢ ᠮᠡᠷᠭᠡᠵᠢᠯ ᠤᠨ 48 ᠪᠠᠭᠰᠢ ᠡᠯᠰᠡᠵᠦ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠥᠭᠵᠢᠯᠲᠡ ᠳᠤ ᠪᠠᠲᠤ ᠪᠠᠬᠢ ᠰᠠᠭᠤᠷᠢ ᠲᠠᠯᠪᠢᠵᠡᠢ᠃       ᠲᠠᠯᠠᠪᠤᠷ ᠤᠨ ᠲᠣᠨᠤᠭ ᠲᠥᠬᠦᠭᠡᠷᠦᠮᠵᠢ ᠶᠢ ᠲᠡᠭᠦᠯᠳᠡᠷᠵᠢᠭᠦᠯᠬᠦ ᠶᠢᠨ ᠵᠡᠷᠭᠡ ᠪᠠᠷ ᠳᠠᠯᠠᠳ ᠬᠤᠰᠢᠭᠤ ᠨᠢ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢ ᠴᠡᠴᠡᠷᠯᠢᠭ ᠠᠴᠠ ᠥᠨᠳᠥᠷ ᠳᠤᠮᠳᠠᠳᠤ ᠬᠦᠷᠲᠡᠯᠡᠬᠢ ᠪᠦᠬᠦ ᠶᠠᠪᠤᠴᠠ ᠳᠤ ᠬᠥᠮᠦᠵᠢᠭᠦᠯᠬᠦ ᠲᠣᠭᠲᠠᠯᠴᠠᠭ᠎ᠠ ᠶᠢ ᠪᠠᠶᠢᠭᠤᠯᠵᠦ᠂ ᠭᠤᠯᠳᠤ ᠪᠠᠷ ᠢᠶᠠᠨ ᠴᠡᠴᠡᠷᠯᠢᠭ᠂ ᠪᠠᠭ᠎ᠠ ᠰᠤᠷᠭᠠᠭᠤᠯᠢ᠂ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠬᠦᠷᠳᠡᠯ᠎ᠠ ᠵᠤᠯᠭᠠᠭᠤᠯᠵᠦ᠂ ᠬᠦᠨᠳᠡᠯᠡᠨ ᠢᠶᠠᠷ ᠢᠶᠠᠨ ᠰᠤᠷᠭᠠᠭᠤᠯᠢ ᠶᠢᠨ ᠵᠠᠬᠢᠷᠤᠯ ᠬᠤᠨᠳᠠᠭᠠᠲᠤ᠂ ᠬᠤᠰᠢᠭᠤᠨ ᠳᠠᠷᠤᠭ᠎ᠠ ᠬᠤᠨᠳᠠᠭᠠᠲᠤ᠂ ᠡᠪᠦᠯᠵᠢᠶᠠᠨ ᠵᠤᠰᠠᠯᠠᠩ᠂ ︽ᠲᠡᠭᠷᠢ ᠪᠦᠷᠬᠦᠮ᠎ᠠ ᠣᠳᠣᠨ︾ ᠮᠠᠩᠯᠠᠢ ᠰᠢᠯᠭᠠᠷᠠᠭᠤᠯᠬᠤ ᠤᠷᠤᠯᠳᠤᠭᠠᠨ ᠵᠡᠷᠬᠡ ︽ᠳᠥᠷᠪᠡᠨ‌ᠭᠤᠯᠳᠤ ᠲᠦᠷᠪᠡᠨ ᠬᠥᠨᠳᠡᠯᠡᠨ︾ ᠬᠡᠯᠪᠡᠷᠢ ᠶᠢᠨ ᠤᠷᠤᠯᠳᠤᠭᠠᠨ ᠤ ᠲᠤᠬᠳᠠᠯᠴᠠᠭ᠎ᠠ ᠶᠢ ᠪᠠᠶᠢᠭᠤᠯᠵᠤ᠂ ᠰᠤᠷᠭᠠᠭᠤᠯᠢ ᠶᠢᠨ ᠬᠦᠷᠢᠶᠡᠨ ᠤ ᠬᠦᠯ ᠪᠦᠮᠪᠦᠭᠡ ᠶᠢ 100% ᠪᠠᠷ ᠲᠦᠬᠡᠮᠡᠯᠵᠢᠬᠦᠯᠵᠡᠢ᠃ ᠬᠡᠳᠦᠨ ᠵᠢᠯ ᠤᠨ ᠬᠦᠴᠦᠯᠡᠨ ᠴᠢᠷᠮᠠᠶᠢᠯᠲᠠ ᠪᠠᠷ᠂ ᠳᠠᠯᠠᠳ ᠬᠤᠰᠢᠭᠤᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠠᠵᠢᠯ ᠨᠢᠭᠡᠨᠲᠡ ᠮᠡᠳᠡᠭᠳᠡᠮ᠎ᠠ ᠦᠷ᠎ᠡ ᠪᠦᠲᠦᠭᠡᠯ ᠭᠠᠷᠴᠤ ᠴᠢᠨᠠᠬᠰᠢᠯᠠᠨ ᠲᠡᠦᠬᠡᠲᠦ ᠴᠢᠨᠠᠷᠲᠠᠢ ᠬᠤᠪᠢᠷᠠᠯᠳᠠ ᠲᠠᠢ ᠪᠤᠯᠪᠠ᠃       2016 ᠣᠨ ᠳᠤ ᠳᠡᠯᠡᠳ ᠬᠤᠰᠢᠭᠤ ︽ᠦᠪᠦᠷ ᠮᠤᠩᠭᠤᠯ ᠤᠨ ᠥᠪᠡᠷᠲᠡᠭᠡᠨ ᠵᠠᠰᠠᠬᠤ ᠣᠷᠣᠨ ᠤ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠠᠮᠤᠭ ᠤᠨ ᠰᠢᠯᠢᠳᠡᠭ ᠬᠤᠰᠢᠭᠤ ᠰᠢᠶᠠᠨ︾ ᠢᠶᠠᠷ ᠦᠨᠡᠯᠡᠭᠳᠡᠪᠡ᠃       2017 ᠣᠨ ᠳᠤ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠲᠤᠷᠰᠢᠯᠲᠠ ᠶᠢᠨ ᠬᠤᠰᠢᠭᠤ ᠲᠣᠭᠤᠷᠢᠭ ᠢᠶᠠᠷ ᠦᠨᠡᠯᠡᠭᠳᠡᠪᠡ᠃       2018 ᠣᠨ ᠳᠤ ᠪᠦᠬᠦ ᠤᠯᠤᠰ ᠤᠨ ᠵᠠᠯᠠᠭᠤᠴᠤᠳ ᠪᠠᠭᠠᠴᠤᠳ ᠤᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ︽ᠲᠡᠭᠷᠢ ᠪᠦᠷᠬᠦᠮ᠎ᠠ ᠣᠳᠣᠨ︾ ᠪᠣᠯᠪᠠᠰᠤᠷᠠᠯ ᠤᠨ ᠴᠡᠭ ᠢᠶᠠᠷ ᠲᠣᠭᠲᠠᠭᠠᠭᠳᠠᠪᠠ᠃       ᠲᠡᠷᠡ ᠪᠠᠷ ᠣᠢᠢᠷ᠎ᠠ ᠶᠢᠨ ᠵᠢᠯ ᠳᠤ᠂ ᠡᠯ᠎ᠡ ᠱᠠᠲᠤᠨ ᠤ ᠬᠥᠯ ᠪᠥᠮᠪᠦᠭᠡ ᠶᠢᠨ ᠤᠷᠤᠯᠳᠤᠭᠠᠨ ᠳᠤ ᠣᠯᠠᠨ ᠲᠥᠷᠥᠯ ᠤᠨ ᠲᠣᠮᠣ ᠱᠠᠩᠨᠠᠯ ᠬᠦᠷᠲᠡᠵᠦ᠂ ᠤᠷᠢᠳ ᠬᠤᠵᠢᠳ ᠳᠤᠮᠳᠠᠳᠤ ᠤᠯᠤᠰ ᠤᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠡᠷᠡᠭᠲᠡᠢ ᠶᠢᠨ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠤ ︵ᠪᠠᠷᠠᠭᠤᠨ ᠬᠤᠶᠢᠲᠤ ᠲᠣᠭᠤᠷᠢᠭ ᠤᠨ︶ ᠬᠤᠶᠠᠳᠤᠭᠠᠷ ᠲᠡᠰ ᠢ 2 ᠤᠳᠠᠭ᠎ᠠ᠂ ᠲᠡᠷᠢᠭᠦᠯᠡᠭᠴᠢ ᠬᠤᠨᠳᠠᠭᠠᠲᠤ ᠬᠤᠯᠪᠤᠭᠠᠳᠤ ᠤᠷᠤᠯᠳᠤᠭᠠᠨ ᠤ ᠲᠦᠷᠦᠬᠦᠦ ᠭᠤᠷᠪᠠᠨ ᠨᠡᠷ᠎ᠠ ᠶᠢ 9 ᠤᠳᠠᠭ᠎ᠠ᠂ ᠣᠷᠳᠣᠰ ᠬᠤᠲᠠ ᠶᠢᠨ ᠬᠤᠳᠠ ᠶᠢᠨ ᠳᠠᠷᠤᠭ᠎ᠠ ᠬᠤᠨᠳᠠᠭᠠᠲᠤ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠳᠤᠭᠤᠢᠢᠯᠠᠩ ᠤᠨ ᠪᠣᠢ ᠪᠦᠬᠦᠢ ᠮᠠᠩᠯᠠᠢ ᠶᠢ ᠰᠢᠬᠦᠷᠴᠤ ᠪᠠᠶᠢᠬᠰᠠᠨ ᠠᠮᠵᠢᠯᠳᠠ ᠲᠠᠢ ᠪᠢᠯᠡ᠃ ︵ᠯᠢᠤ ᠵᠢᠶᠦ᠋ᠨ ᠫᠢᠡᠭ ᠰᠡᠭᠦᠳᠡᠷᠯᠡᠨ ᠮᠡᠳᠡᠭᠡᠯᠡᠪᠡ︶

    ᠪᠠᠭ᠎ᠠ ᠰᠤᠷᠭᠠᠭᠤᠯᠢ ᠶᠢᠨ ᠬᠦᠯ ᠪᠦᠮᠪᠤᠬᠡᠴᠢᠳ  

    ᠲᠤᠮᠳᠠᠳᠤ ᠰᠤᠷᠭᠠᠭᠤᠯᠢ ᠶᠢᠨ ᠬᠦᠯ ᠪᠦᠮᠪᠤᠬᠡᠴᠢᠳ  

 

ᠢᠷᠡᠯᠲᠡ᠄ ᠤᠷᠳᠤᠰ ᠤᠨ ᠮᠤᠩᠭᠤᠯ ᠬᠡᠯᠡᠨ ᠤ ᠰᠤᠨᠢᠨ ᠮᠡᠳᠡᠭᠡᠨ ᠤ ᠰᠦᠯᠵᠢᠶ᠎ᠠ